ᠠᠷᠢᠭᠤᠨ ᠴᠢᠬᠡᠴᠢ ᠰᠣᠶᠣᠯ ᠤᠨ ᠣᠬᠤᠷ ᠸᠢᠳᠢᠣ᠋ ᠶᠢ ᠡᠯᠰᠡᠨ ᠴᠤᠭᠯᠠᠭᠤᠯᠵᠤ ᠰᠢᠯᠭᠠᠷᠠᠭᠤᠯᠬᠤ ᠠᠵᠢᠯᠯᠠᠭ᠎ᠠ ᠥᠷᠨᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ ᠶᠢᠨ ᠮᠡᠳᠡᠭᠳᠡᠯ
ᠨᠡᠶᠢᠲᠡᠯᠡᠭᠰᠡᠨ ᠴᠠᠭ᠄
2024/5/23
ᠪᠠᠶᠢᠭᠤᠯᠭ᠎ᠠ ᠶᠢᠨ ᠡᠯ᠎ᠡ ᠭᠠᠵᠠᠷ ᠠᠯᠪᠠᠨ ᠭᠡᠷ᠂ ᠲᠣᠪᠴᠢᠶ᠎ᠠ ᠶᠢᠨ ᠬᠠᠷᠢᠶ᠎ᠠ ᠡᠯ᠎ᠡ ᠨᠢᠭᠡᠴᠢ ᠳᠤ᠄  ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠵᠤ᠂ ᠰᠠᠬᠢᠯᠭ᠎ᠠ ᠪᠠᠲᠤ ᠶᠢ ᠰᠤᠷᠤᠯᠴᠠᠬᠤ᠂ ᠰᠠᠬᠢᠯᠭ᠎ᠠ ᠪᠠᠲᠤ ᠶᠢ ᠮᠡᠳᠡᠬᠦ᠂ ᠰᠠᠬᠢᠯᠭ᠎ᠠ ᠪᠠᠲᠤ ᠶᠢ ᠣᠶᠢᠯᠠᠭᠠᠬᠤ᠂ ᠰᠠᠬᠢᠯᠭ᠎ᠠ ᠪᠠᠲᠤ ᠶᠢ ᠰᠠᠬᠢᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠬᠤ ᠶᠢᠨ ᠲᠤᠰᠠᠳᠠ᠂ ᠮᠠᠨ ᠤ ᠲᠣᠪᠴᠢᠶ᠎ᠠ ᠶᠢᠨ ᠪᠣᠳᠠᠲᠠᠶ ᠲᠠᠢ ᠪᠠᠨ ᠤᠶᠠᠯᠳᠤᠭᠤᠯᠤᠨ᠂ ᠡᠳᠦᠭᠡ ᠠᠷᠢᠭᠤᠨ ᠴᠢᠬᠡᠴᠢ ᠰᠣᠶᠣᠯ ᠤᠨ ᠣᠬᠤᠷ ᠸᠢᠳᠢᠣ᠋ ᠶᠢ ᠡᠯᠰᠡᠨ ᠴᠤᠭᠯᠠᠭᠤᠯᠵᠤ ᠰᠢᠯᠭᠠᠷᠠᠭᠤᠯᠬᠤ ᠠᠵᠢᠯᠯᠠᠭ᠎ᠠ ᠥᠷᠨᠢᠭᠦᠯᠬᠦ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠮᠡᠳᠡᠭᠳᠡᠪᠡ᠃  ᠨᠢᠭᠡ᠂ ᠠᠵᠢᠯᠯᠠᠭᠠᠨ ᠤ ᠲᠣᠬᠢᠷᠠᠭᠤᠯᠤᠯᠲᠠ  ︵ᠨᠢᠭᠡ︶ ᠪᠦᠲᠦᠭᠡᠯ ᠡᠯᠰᠡᠬᠦ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠢ ᠯᠠᠪᠳᠠᠭᠤᠨ ᠪᠠᠲᠤᠲᠠᠶ ᠥᠷᠨᠢᠭᠦᠯᠬᠦ ᠪᠠᠷ ᠵᠢᠯᠣᠭᠤᠳᠤᠮᠵᠢ ᠪᠣᠯᠭᠠᠵᠤ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠭᠡᠯ ᠥᠭᠬᠦ ᠲᠦᠷᠢᠮ︾ ᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠶᠢᠨ ᠲᠣᠭᠤᠷᠢᠨ ᠳᠤ᠂ ᠨᠠᠮᠴᠢ ᠴᠢᠨᠠᠷ ᠤᠨ ᠪᠣᠯᠪᠠᠰᠤᠷᠠᠯ ᠢᠶᠠᠨ ᠲᠠᠰᠤᠷᠠᠯᠲᠠ ᠥᠬᠡᠶ ᠳᠠᠪᠲᠠᠨ ᠪᠣᠯᠪᠠᠰᠤᠷᠠᠭᠤᠯᠵᠤ᠂ ᠦᠵᠡᠯ ᠰᠠᠨᠠᠭᠠᠨ ᠤ ᠠᠬᠤᠶ ᠪᠠᠶᠢᠳᠠᠯ ᠢᠶᠠᠨ ᠳᠡᠭᠡᠭᠰᠢᠯᠡᠭᠦᠯᠦᠨ᠂ ᠤᠬᠠᠮᠰᠠᠷ ᠠᠴᠠ ᠪᠠᠨ ᠰᠠᠬᠢᠯᠭ᠎ᠠ ᠪᠠᠲᠤ ᠬᠠᠤᠯᠢ ᠴᠠᠭᠠᠵᠠ ᠶᠢ ᠵᠢᠷᠤᠮᠯᠠᠬᠤ᠂ ᠡᠪ ᠬᠠᠮᠲᠤ ᠨᠠᠮ ᠤᠨ ᠭᠡᠰᠢᠭᠦᠨ ᠲᠥᠪ ᠭᠤᠤᠯᠴᠢ ᠠᠷᠢᠭᠤᠨ ᠴᠢᠬᠡᠴᠢ ᠤᠯᠤᠰ ᠲᠥᠷᠥ ᠶᠢᠨ ᠮᠥᠨ ᠴᠢᠨᠠᠷ ᠢᠶᠠᠨ ᠡᠭᠦᠷᠢᠳᠡ ᠬᠠᠳᠠᠭᠠᠯᠠᠬᠤ ᠵᠡᠷᠭᠡ ᠪᠠᠷ ᠭᠤᠤᠯᠳᠠᠭᠤᠯᠵᠤ᠂ ᠠᠷᠢᠭᠤᠨ ᠴᠢᠬᠡᠴᠢ ᠰᠣᠶᠣᠯ ᠤᠨ ᠣᠬᠤᠷ ᠸᠢᠳᠢᠣ᠋ ᠶᠢ ᠢᠳᠡᠪᠬᠢᠲᠡᠶ ᠵᠣᠬᠢᠶᠠᠨ ᠪᠦᠲᠦᠭᠡᠵᠦ᠂ 6 ᠳ᠋ᠤᠭᠠᠷ ᠰᠠᠷ᠎ᠠ ᠶᠢᠨ 20 ᠤ ᠡᠳᠦᠷ ᠠᠴᠠ ᠡᠮᠦᠨ᠎ᠡ ︽ᠠᠷᠢᠭᠤᠨ ᠴᠢᠬᠡᠴᠢ ᠰᠣᠶᠣᠯ ᠤᠨ ᠣᠬᠤᠷ ᠸᠢᠳᠢᠣ᠋ ᠶᠢᠨ ᠪᠦᠲᠦᠭᠡᠯ ᠤᠨ ᠳᠠᠩᠰᠠᠯᠠᠬᠤ ᠬᠦᠰᠦᠨᠦᠭᠲᠦ︾ ᠪᠠ ᠸᠢᠳᠢᠣ᠋ ᠪᠦᠲᠦᠭᠡᠯ ᠢ ᠬᠠᠮᠲᠤ ᠪᠠᠷ ᠢᠮᠧᠯ ᠳᠤ ᠮᠡᠳᠡᠭᠦᠯᠦᠨ ᠬᠦᠷᠭᠡᠨ᠎ᠡ᠃  ︵ᠬᠤᠶᠠᠷ︶ ᠪᠦᠲᠦᠭᠡᠯ ᠢ ᠬᠢᠨᠠᠨ ᠲᠣᠭᠲᠠᠭᠠᠬᠤ᠃ 6 ᠳ᠋ᠤᠭᠠᠷ ᠰᠠᠷ᠎ᠠ ᠶᠢᠨ ᠬᠤᠷᠢᠳ ᠢᠶᠠᠷ ᠲᠤᠰᠬᠠᠶ ᠮᠡᠷᠭᠡᠵᠢᠯᠲᠡᠨ ᠢ ᠤᠷᠢᠵᠤ ᠡᠯᠰᠡᠨ ᠴᠤᠭᠯᠠᠭᠤᠯᠤᠭᠰᠠᠨ ᠪᠦᠲᠦᠭᠡᠯ ᠢ ᠰᠢᠯᠭᠠᠷᠠᠭᠤᠯᠵᠤ᠂ ᠨᠢᠭᠡᠳᠦᠭᠡᠷ ᠳᠡᠰ ᠤᠨ ᠱᠠᠩᠨᠠᠯ᠂ ᠬᠤᠶᠠᠳᠤᠭᠠᠷ ᠳᠡᠰ ᠤᠨ ᠱᠠᠩᠨᠠᠯ᠂ ᠭᠤᠷᠪᠠᠳᠤᠭᠠᠷ ᠳᠡᠰ ᠤᠨ ᠱᠠᠩᠨᠠᠯ᠂ ᠰᠢᠯᠢᠳᠡᠭ ᠱᠠᠩᠨᠠᠯ ᠵᠡᠷᠭᠡ ᠱᠠᠩᠨᠠᠯ ᠢ ᠶᠡᠷᠦᠩᠬᠡᠶᠢᠯᠡᠨ ᠰᠢᠯᠭᠠᠷᠠᠭᠤᠯᠤᠨ ᠭᠠᠷᠭᠠᠵᠤ᠂ ᠢᠷᠠᠭᠤ ᠠᠯᠳᠠᠷ ᠤᠨ ᠦᠨᠡᠮᠯᠡᠯ ᠣᠯᠭᠤᠨ᠎ᠠ᠃  ︵ᠭᠤᠷᠪᠠ︶ ᠪᠦᠲᠦᠭᠡᠯ ᠤᠨ ᠦᠵᠡᠭᠦᠯᠭᠡ᠃ ᠰᠢᠨ᠎ᠡ ᠵᠠᠭᠤᠴᠢᠯᠠᠭᠤᠷ ᠤᠨ ᠵᠢᠭᠰᠠᠭᠠᠯ᠂ ᠤᠬᠠᠭᠤᠯᠭ᠎ᠠ ᠶᠢᠨ ᠪᠤᠯᠤᠩ ᠵᠡᠷᠭᠡ ᠠᠴᠢᠶᠠᠯᠠᠪᠤᠷᠢ ᠶᠢ ᠠᠰᠢᠭᠯᠠᠨ᠂ ᠰᠢᠯᠢᠳᠡᠭ ᠪᠦᠲᠦᠭᠡᠯ ᠢ ᠳᠡᠯᠭᠡᠨ ᠨᠡᠪᠲᠡᠷᠡᠭᠦᠯᠵᠦ᠂ ᠰᠢᠯᠢᠳᠡᠭ ᠢ ᠨᠢ ᠰᠣᠩᠭᠤᠵᠤ ᠳᠡᠭᠡᠳᠦ ᠱᠠᠲᠤᠨ ᠤ ᠪᠠᠶᠢᠭᠤᠯᠤᠮᠵᠢ ᠳᠤ ᠲᠠᠨᠢᠯᠴᠠᠭᠤᠯᠤᠨ᠎ᠠ᠃  ᠬᠤᠶᠠᠷ᠂ ᠪᠦᠲᠦᠭᠡᠯ ᠤᠨ ᠱᠠᠭᠠᠷᠳᠠᠯᠭ᠎ᠠ  ︵ᠨᠢᠭᠡ︶ ᠭᠤᠣᠯ ᠰᠡᠳᠦᠪ ᠭᠤᠣᠯ ᠱᠤᠭᠤᠮ ᠢ ᠳᠣᠪᠤᠶᠢᠯᠭᠠᠨ᠎ᠠ᠃ ᠲᠤᠭ ᠲᠡᠮᠳᠡᠭ ᠲᠣᠳᠣᠷᠬᠠᠢ ᠪᠠᠷ ᠵᠥᠪ ᠤᠯᠤᠰ ᠲᠦᠷᠦ ᠶᠢᠨ ᠴᠢᠭᠯᠡᠯ᠂ ᠶᠠᠷᠢᠶ᠎ᠠ ᠬᠡᠯᠡᠯᠴᠡᠭᠡᠨ ᠤ ᠤᠳᠤᠷᠢᠳᠤᠮᠵᠢ᠂ ᠦᠷᠳᠡᠭ ᠤᠨ ᠬᠠᠨᠳᠤᠰᠢ ᠶᠢ ᠪᠠᠷᠢᠮᠲᠠᠯᠠᠵᠤ᠂ ᠵᠣᠬᠢᠶᠠᠯ ᠪᠦᠲᠦᠭᠡᠯ ᠢ ᠴᠤᠭᠯᠠᠭᠤᠯᠬᠤ ᠭᠤᠣᠯ ᠰᠡᠳᠦᠪ ᠲᠠᠢ ᠨᠢᠭᠲᠠ ᠤᠶᠠᠯᠳᠤᠭᠤᠯᠤᠨ ᠣᠬᠤᠷ ᠸᠢᠳᠢᠣ᠋ ᠶᠢ ᠰᠡᠭᠦᠳᠡᠷᠯᠡᠵᠦ᠂ ᠭᠤᠣᠯ ᠬᠦᠭ ᠠᠶᠠᠰ ᠢ ᠴᠤᠤᠷᠢᠶᠠᠲᠤᠭᠤᠯᠵᠤ᠂ ᠢᠳᠡᠪᠬᠢ ᠬᠦᠴᠦᠨ ᠢ ᠳᠠᠮᠵᠢᠭᠤᠯᠬᠤ ᠬᠡᠷᠡᠭᠲᠡᠢ᠃ ᠤᠯᠤᠰ ᠲᠦᠷᠦ ᠶᠢᠨ ᠪᠣᠭᠤᠮᠲᠠ ᠶᠢ ᠰᠠᠬᠢᠬᠤ ᠶᠢ ᠴᠢᠩᠭᠠᠳᠬᠠᠵᠤ᠂ ᠡᠯ᠎ᠡ ᠵᠦᠢᠯ ᠤᠨ ︽ᠮᠠᠭᠤ ᠪᠠᠷ ᠰᠠᠶᠢᠰᠢᠶᠠᠬᠤ︾᠂ ︽ᠰᠠᠶᠢᠨ ᠢᠶᠠᠷ ᠮᠠᠭᠤᠯᠠᠬᠤ︾ ᠶᠢ ᠴᠢᠩᠭ᠎ᠠ ᠰᠡᠷᠭᠡᠶᠢᠯᠡᠬᠦ ᠬᠡᠷᠡᠭᠲᠡᠢ᠃  ︵ᠬᠤᠶᠠᠷ︶ ᠢᠯᠡᠳᠬᠡᠬᠦ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠦᠨ᠎ᠡ᠃ ᠵᠣᠬᠢᠶᠠᠯ ᠪᠦᠲᠦᠭᠡᠯ ᠤᠨ ᠵᠣᠬᠢᠶᠠᠨ ᠪᠦᠲᠦᠭᠡᠯᠭᠡ ᠳᠤ ᠵᠦᠴᠦᠭᠡ ᠶᠢᠨ ᠦᠢᠯᠡ ᠶᠠᠪᠤᠳᠠᠯ ᠤᠨ ᠲᠥᠷᠥᠯ᠂ ᠲᠡᠮᠲᠡᠭᠯᠡᠯ ᠤᠨ ᠲᠥᠷᠥᠯ᠂ ᠪᠦᠲᠦᠭᠡᠯᠴᠢ ᠰᠡᠳᠬᠢᠮᠵᠢ ᠶᠢᠨ ᠲᠥᠷᠥᠯ᠂ ᠰᠣᠷᠪᠣᠯᠵᠢᠯᠠᠯ ᠤᠨ ᠲᠥᠷᠥᠯ᠂ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡᠨ ᠤ ᠲᠥᠷᠥᠯ ᠵᠡᠷᠭᠡ ᠶᠢ ᠬᠡᠷᠡᠭᠯᠡᠵᠦ ᠪᠣᠯᠤᠨ᠎ᠠ᠂ ᠬᠡᠯᠪᠡᠷᠢ ᠨᠢ ᠪᠠᠭᠲᠠᠬᠤ ᠪᠣᠯᠪᠠᠴᠤ Vlog᠂ ᠪᠢᠴᠢᠯ ᠺᠢᠨᠣ᠋᠂ ᠪᠢᠴᠢᠯ ᠪᠠᠷᠢᠮᠲᠠᠲᠤ ᠹᠢᠯᠢᠮ᠂ ᠺᠠᠷᠲ᠋ᠣᠨ ᠵᠢᠷᠤᠭ᠂ MV ᠵᠡᠷᠭᠡ ᠶᠢ ᠬᠢᠵᠠᠭᠠᠷᠯᠠᠬᠤ ᠦᠭᠡᠢ᠃  ︵ᠭᠤᠷᠪᠠ︶ ᠸᠢᠳᠢᠣ᠋ ᠶᠢᠨ ᠦᠢᠯᠡᠳᠬᠦ ᠱᠠᠭᠠᠷᠳᠠᠯᠭ᠎ᠠ᠃ ᠸᠢᠳᠢᠤ᠋ ᠶᠢᠨ ᠬᠡᠯᠪᠡᠷᠢ ᠨᠢ MP4᠂ MOV᠂ MPG ᠪᠠᠶᠢᠵᠤ᠂ ᠬᠦᠨᠳᠡᠯᠡᠨ ᠪᠣᠰᠤᠭ᠎ᠠ ᠳᠡᠯᠭᠡᠴᠡ ᠶᠢᠨ ᠬᠡᠯᠪᠡᠷᠢ ᠶᠢ ᠳᠡᠮᠵᠢᠵᠦ᠂ ᠢᠯᠭᠠᠯᠲᠠ ᠶᠢᠨ ᠨᠣᠷᠮ᠎ᠠ ᠶᠢ 1920*1080 ︵ᠬᠥᠨᠳᠡᠯᠡᠨ ᠳᠡᠯᠭᠡᠴᠡ︶᠂ 1080*1820 ︵ᠪᠣᠰᠤᠭ᠎ᠠ ᠳᠡᠯᠭᠡᠴᠡ︶ ᠠᠴᠠ ᠳᠣᠣᠷ᠎ᠠ ᠪᠠᠶᠢᠯᠭᠠᠵᠤ ᠪᠣᠯᠬᠤ ᠦᠭᠡᠢ᠂ ᠹᠷᠠᠮ ᠤᠨ ᠬᠤᠷᠳᠤᠴᠠ ᠶᠢ 25 ᠹᠷᠠᠮ / ᠰᠧᠺᠦ᠋ᠨ᠋ᠲ ᠠᠴᠠ ᠳᠣᠣᠷ᠎ᠠ ᠪᠠᠶᠢᠯᠭᠠᠵᠤ ᠪᠣᠯᠬᠤ ᠦᠭᠡᠢ᠃ ᠡᠬᠡ ᠪᠢᠴᠢᠭ ᠢᠶᠠᠷ ᠢᠯᠡᠭᠡᠬᠦ ᠸᠢᠳᠢᠣ᠋ ᠳᠤ ᠥᠨᠴᠥᠭ ᠤᠨ ᠲᠡᠮᠳᠡᠭ ᠪᠠ ᠤᠰᠤᠨ ᠲᠠᠮᠠᠭ᠎ᠠ ᠥᠬᠡᠶ ᠪᠠᠶᠢᠬᠤ ᠶᠢ ᠱᠠᠭᠠᠷᠳᠠᠵᠤ᠂ ᠵᠠᠷ ᠮᠡᠳᠡᠭᠡ ᠶᠢᠨ ᠰᠡᠵᠢᠭᠯᠡᠯ ᠥᠬᠡᠶ ᠪᠠᠶᠢᠵᠤ᠂ ᠥᠰᠥᠭ ᠤᠨ ᠳᠡᠯᠭᠡᠴᠡ ᠳᠤ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢ ᠵᠢᠷᠤᠮᠵᠢᠭᠤᠯᠤᠨ ᠬᠡᠷᠡᠭᠯᠡᠬᠦ ᠬᠡᠷᠡᠭᠲᠡᠶ ᠪᠥᠭᠡᠳ ᠬᠠᠷᠭᠤᠭᠤᠯᠭ᠎ᠠ ᠣᠨᠣᠪᠴᠢᠲᠠᠶ ᠠᠯᠳᠠᠭ᠎ᠠ ᠥᠬᠡᠶ ᠪᠠᠶᠢᠬᠤ ᠶᠢ ᠱᠠᠭᠠᠷᠳᠠᠨ᠎ᠠ᠂ ᠴᠠᠭ ᠤᠨ ᠬᠢᠵᠠᠭᠠᠷᠯᠠᠯ 5 ᠮᠢᠨᠦ᠋ᠲ ᠪᠠᠶᠢᠵᠤ᠂ ᠪᠢᠴᠢᠭ ᠮᠠᠲ᠋ᠧᠷᠢᠶᠠᠯ ᠢ ︽ᠨᠢᠭᠡᠴᠢ + ᠣᠪᠣᠭ ᠨᠡᠷ᠎ᠡ + ᠪᠦᠲᠦᠭᠡᠯ ᠤᠨ ᠨᠡᠷᠡᠶᠢᠳᠦᠯ︾ ᠢᠶᠠᠷ ᠨᠡᠷᠡᠶᠢᠳᠬᠦ ᠬᠡᠷᠡᠭᠲᠡᠢ᠃  ︵ᠳᠥᠷᠪᠡ︶ ᠰᠣᠩᠭᠤᠨ ᠬᠦᠷᠭᠡᠬᠦ ᠲᠤᠭ᠎ᠠ ᠬᠡᠮᠵᠢᠶᠡᠨ ᠤ ᠱᠠᠭᠠᠷᠳᠠᠯᠭ᠎ᠠ᠃ ᠲᠣᠪᠴᠢᠶ᠎ᠠ ᠶᠢᠨ ᠪᠠᠶᠢᠭᠤᠯᠭ᠎ᠠ ᠭᠠᠵᠠᠷ ᠲᠠᠰᠤᠭ ᠬᠠᠮᠲᠤᠷᠠᠨ ᠰᠣᠩᠭᠤᠨ ᠬᠦᠷᠭᠡᠬᠦ ᠪᠦᠲᠦᠭᠡᠯ ᠨᠢ 2 ᠬᠤᠪᠢ ᠠᠴᠠ ᠴᠥᠬᠡᠨ ᠪᠠᠶᠢᠵᠤ ᠪᠣᠯᠬᠤ ᠦᠭᠡᠢ᠂ ᠲᠣᠪᠴᠢᠶ᠎ᠠ ᠶᠢᠨ ᠬᠠᠷᠢᠶ᠎ᠠ ᠡᠯ᠎ᠡ ᠨᠢᠭᠡᠴᠢ ︵ᠡᠯ᠎ᠡ ᠰᠠᠯᠪᠤᠷᠢ ᠪᠠᠶᠢᠭᠤᠯᠤᠮᠵᠢ ᠶᠢ ᠪᠠᠭᠲᠠᠭᠠᠨ᠎ᠠ︶ ᠶᠢᠨ ᠰᠣᠩᠭᠤᠨ ᠬᠦᠷᠭᠡᠬᠦ ᠪᠦᠲᠦᠭᠡᠯ ᠨᠢ1 ᠬᠤᠪᠢ ᠠᠴᠠ ᠴᠥᠬᠡᠨ ᠪᠠᠶᠢᠵᠤ ᠪᠣᠯᠬᠤ ᠦᠭᠡᠢ ᠪᠠᠶᠢᠵᠤ᠂ ᠣᠯᠠᠨ ᠢ ᠬᠢᠵᠠᠭᠠᠷᠯᠠᠬᠤ ᠦᠭᠡᠢ᠃  ᠭᠤᠷᠪᠠ᠂ ᠠᠵᠢᠯ ᠤᠨ ᠱᠠᠭᠠᠷᠳᠠᠯᠭ᠎ᠠ  ︵ᠨᠢᠭᠡ︶ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠠᠷᠢᠨ ᠨᠢᠮᠪᠠᠢ ᠵᠣᠬᠢᠶᠠᠨ ᠪᠠᠶᠢᠭᠤᠯᠤᠨ᠎ᠠ᠃ ᠡᠯ᠎ᠡ ᠭᠠᠵᠠᠷ ᠭᠡᠷ᠂ ᠨᠢᠭᠡᠴᠢ ᠶᠢᠨ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠷᠢᠭᠤᠨ ᠴᠢᠬᠡᠴᠢ ᠰᠣᠶᠣᠯ ᠤᠨ ᠣᠬᠤᠷ ᠸᠢᠳᠢᠣ᠋ ᠶᠢᠨ ᠵᠣᠬᠢᠶᠠᠨ ᠪᠦᠲᠦᠭᠡᠯᠭᠡ ᠶᠢ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠠᠭᠤᠷ ᠠᠮᠢᠰᠬᠤᠯ ᠢ ᠪᠤᠢ ᠪᠣᠯᠭᠠᠬᠤ ᠶᠢᠨ ᠴᠢᠬᠤᠯᠠ ᠠᠭᠤᠯᠭ᠎ᠠ ᠪᠣᠯᠭᠠᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠦᠨᠡᠨ ᠬᠦ ᠴᠢᠩᠭᠠᠳᠬᠠᠵᠤ᠂ ᠰᠡᠳᠭᠢᠮᠵᠢ ᠠᠷᠭ᠎ᠠ ᠬᠡᠮᠵᠢᠶ᠎ᠡ ᠪᠠᠨ ᠰᠢᠨᠡᠴᠢᠯᠡᠵᠦ᠂ ᠨᠠᠷᠢᠨ ᠨᠢᠮᠪᠠᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ ᠪᠦᠲᠦᠮᠵᠢᠲᠡᠢ ᠠᠬᠢᠭᠤᠯᠬᠤ ᠶᠢ ᠪᠠᠲᠤᠯᠠᠬᠤ ᠬᠡᠷᠡᠭᠲᠡᠢ᠃  ︵ᠬᠤᠶᠠᠷ︶ ᠳᠠᠪᠠᠭᠤᠯᠢᠭ ᠢᠶᠠᠨ ᠪᠠᠳᠠᠷᠠᠭᠤᠯᠵᠤ᠂ ᠣᠨᠴᠠᠯᠢᠭ ᠢᠶᠠᠨ ᠲᠣᠪᠣᠶᠢᠯᠭᠠᠨ᠎ᠠ᠃ ᠰᠢᠨ᠎ᠡ ᠴᠠᠭ ᠦᠶ᠎ᠡ ᠶᠢᠨ ᠠᠷᠢᠭᠤᠨ ᠴᠢᠬᠡᠴᠢ ᠰᠣᠶᠣᠯ ᠤᠨ ᠪᠦᠲᠦᠭᠡᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠪᠣᠳᠠᠲᠤ ᠪᠠᠶᠢᠳᠠᠯ ᠲᠠᠢ ᠣᠶᠢᠷᠠᠳᠬᠤ᠂ ᠠᠮᠢᠳᠤᠷᠠᠯ ᠲᠠᠢ ᠣᠶᠢᠷᠠᠳᠬᠤ᠂ ᠣᠯᠠᠨ ᠲᠦᠮᠡᠨ ᠲᠠᠢ ᠣᠶᠢᠷᠠᠳᠬᠤ ᠶᠢ ᠪᠠᠷᠢᠮᠲᠠᠯᠠᠵᠤ᠂ ᠲᠣᠰ ᠪᠡᠶ᠎ᠡ ᠶᠢᠨ ᠳᠠᠪᠠᠭᠤᠯᠢᠭ ᠢᠶᠠᠨ ᠪᠠᠳᠠᠷᠠᠭᠤᠯᠵᠤ᠂ ᠠᠵᠢᠯ ᠲᠥᠷᠥᠯ ᠤᠨ ᠣᠨᠴᠠᠯᠢᠭ ᠢᠶᠠᠨ ᠳᠣᠪᠤᠶᠢᠯᠭᠠᠵᠤ᠂ ᠣᠯᠠᠨ ᠶᠠᠩᠵᠤ ᠶᠢᠨ ᠢᠯᠡᠷᠡᠭᠦᠯᠬᠦ ᠬᠡᠯᠪᠡᠷᠢ ᠪᠠᠷ ᠺᠠᠳ᠋ᠷ ᠠᠵᠢᠯᠲᠠᠨ ᠠᠵᠢᠯᠴᠢᠨ ᠤ ᠣᠷᠭᠢᠯᠤᠮ᠎ᠠ ᠬᠠᠯᠠᠭᠤᠨ ᠠᠵᠢᠯ ᠤᠨ ᠰᠡᠳᠬᠢᠯᠭᠡ᠂ ᠯᠠᠪᠳᠠᠭᠤᠨ ᠪᠠᠲᠤᠲᠠᠶ ᠠᠵᠢᠯ ᠤᠨ ᠠᠷᠭ᠎ᠠ ᠬᠡᠮᠵᠢᠶ᠎ᠡ ᠶᠢ ᠠᠳᠠᠯᠢ ᠪᠤᠰᠤ ᠲᠠᠯ᠎ᠠ ᠠᠴᠠ ᠢᠯᠡᠷᠡᠭᠦᠯᠬᠦ ᠬᠡᠷᠡᠭᠲᠡᠶ᠃  ︵ᠭᠤᠷᠪᠠ︶ ᠤᠬᠠᠭᠤᠯᠭ᠎ᠠ ᠪᠠᠨ ᠴᠢᠩᠭᠠᠷᠠᠭᠤᠯᠵᠤ᠂ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠨ᠎ᠠ᠃ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠭᠡᠯ ᠥᠭᠬᠦ ᠲᠦᠷᠢᠮ︾ ᠢ ᠤᠬᠠᠭᠤᠯᠤᠨ ᠲᠠᠶᠢᠯᠪᠤᠷᠢᠯᠠᠬᠤ ᠶᠢᠨ ᠬᠠᠮᠤᠷᠬᠤ ᠬᠡᠪᠴᠢᠶ᠎ᠡ ᠶᠢ ᠥᠷᠭᠡᠳᠬᠡᠵᠦ᠂ ᠠᠷᠢᠭᠤᠨ ᠴᠢᠬᠡᠴᠢ ᠰᠣᠶᠣᠯ ᠤᠨ ᠤᠬᠠᠭᠤᠯᠭ᠎ᠠ ᠶᠢᠨ ᠡᠷᠴᠢᠮ ᠢ ᠦᠷᠭᠦᠯᠵᠢᠯᠡᠨ ᠴᠢᠩᠭᠠᠷᠠᠭᠤᠯᠵᠤ᠂ ᠠᠷᠢᠭᠤᠨ ᠴᠢᠬᠡᠴᠢ ᠰᠣᠶᠣᠯ ᠤᠨ ᠬᠥᠮᠦᠵᠢᠯ᠂ ᠵᠢᠱᠢᠶ᠎ᠡ ᠦᠵᠡᠭᠦᠯᠬᠦ᠂ ᠬᠥᠲᠥᠯᠥᠨ ᠳᠠᠭᠠᠭᠤᠯᠬᠤ᠂ ᠤᠳᠤᠷᠢᠳᠤᠮᠵᠢ ᠶᠢᠨ ᠦᠢᠯᠡᠳᠦᠯ ᠢ ᠪᠠᠳᠠᠷᠠᠭᠤᠯᠤᠨ᠂ ᠶᠣᠰᠣ ᠲᠦᠷᠢᠮ ᠢ ᠡᠷᠬᠢᠮᠯᠡᠬᠦ᠂ ᠰᠠᠬᠢᠯᠭ᠎ᠠ ᠪᠠᠲᠤ ᠶᠢ ᠰᠠᠬᠢᠬᠤ ᠰᠠᠶᠢᠨ ᠰᠠᠶᠢᠬᠠᠨ ᠠᠵᠢᠯ ᠤᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠢ᠃    ᠳᠠᠭᠠᠯᠳᠤᠭᠤᠯᠤᠯ᠄ ᠠᠷᠢᠭᠤᠨ ᠴᠢᠬᠡᠴᠢ ᠰᠣᠶᠣᠯ ᠤᠨ ᠣᠬᠤᠷ ᠸᠢᠳᠢᠣ᠋ ᠶᠢᠨ ᠪᠦᠲᠦᠭᠡᠯ ᠤᠨ ᠳᠠᠩᠰᠠᠯᠠᠬᠤ ᠬᠦᠰᠦᠨᠦᠭᠲᠦ.doc  

 

ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠷᠠᠳᠢᠣ᠋ ᠲᠧᠯᠸᠢᠰ ᠤᠨ ᠲᠤᠪᠴᠢᠶ᠎ᠠ

2024 ᠣᠨ ᠤ 5 ᠳ᠋ᠤᠭᠠᠷ ᠰᠠᠷ᠎ᠠ ᠶᠢᠨ 23 ᠤ ᠡᠳᠦᠷ

 

  ᠬᠠᠷᠢᠯᠴᠠᠬᠤ ᠬᠥᠮᠦᠨ᠄ ᠶᠠᠩ ᠹᠠᠨ

  ᠬᠠᠷᠢᠯᠴᠠᠬᠤ ᠤᠲᠠᠰᠤ᠄ 4590063

  ᠢᠮᠧᠯ᠄ xwgd417@163.com

 

ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠷᠠᠳᠢᠤ᠋ ᠲᠧᠯᠸᠢᠰ ᠤᠨ ᠲᠤᠪᠴᠢᠶ᠎ᠠ