ᠤᠯᠠᠭᠠᠨᠬᠦᠦ ᠶᠢᠨ ᠰᠠᠭᠤᠷᠢ ᠮᠥᠩᠭᠦᠨ ᠤ ᠨᠡᠶᠢᠭᠡᠮᠯᠢᠭ ᠤᠨ ᠠᠯᠪᠠᠨ ᠬᠡᠷ ᠤᠨ ᠨᠠᠮ ᠤᠨ ᠡᠭᠦᠷ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ︾ ᠭᠤᠤᠯ ᠰᠡᠳᠦᠪᠲᠦ ᠨᠠᠮ ᠤᠨ ᠡᠳᠦᠷᠯᠢᠭ ᠢ ᠥᠷᠨᠢᠭᠦᠯᠪᠡ
ᠨᠡᠶᠢᠲᠡᠯᠡᠭᠰᠡᠨ ᠴᠠᠭ᠄
2024/5/24
W020240527327940353428.png 
  5 ᠳ᠋ᠤᠭᠠᠷ ᠰᠠᠷ᠎ᠠ ᠶᠢᠨ 21 ᠤ ᠡᠳᠦᠷ ᠤᠨ ᠦᠳᠡ ᠶᠢᠨ ᠬᠤᠶᠢᠨ᠎ᠠ᠂ ᠤᠯᠠᠭᠠᠨᠬᠦᠦ ᠶᠢᠨ ᠰᠠᠭᠤᠷᠢ ᠮᠥᠩᠭᠦᠨ ᠤ ᠨᠡᠶᠢᠭᠡᠮᠯᠢᠭ ᠤᠨ ᠠᠯᠪᠠᠨ ᠬᠡᠷ ᠤᠨ ᠨᠠᠮ ᠤᠨ ᠡᠭᠦᠷ ᠥᠪᠥᠷ ᠮᠣᠩᠭᠤᠯ ᠤᠨ ᠤᠷᠠᠨ ᠵᠢᠷᠤᠭ ᠤᠨ ᠣᠷᠳᠣᠨ ᠳᠤ ᠬᠦᠷᠴᠦ ᠤᠯᠤᠰ ᠲᠥᠷᠥ ᠶᠢᠨ ᠵᠥᠪᠯᠡᠯᠭᠡᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠠᠴᠠ ᠭᠤᠤᠯᠯᠠᠨ ᠡᠷᠭᠢᠯᠡᠭᠰᠡᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠤᠯ ᠰᠡᠳᠦᠪᠲᠦ ᠤᠷᠠᠨ ᠪᠢᠴᠢᠯᠭᠡ ᠤᠷᠠᠨ ᠵᠢᠷᠤᠭ ᠤᠨ ᠪᠦᠲᠦᠭᠡᠯ ᠤᠨ ᠦᠵᠡᠰᠬᠦᠯᠡᠩ ᠢ ᠰᠣᠨᠢᠷᠬᠠᠪᠠ᠃ ᠲᠤᠰ ᠤᠳᠠᠭᠠᠨ ᠤ ᠦᠵᠡᠰᠬᠦᠯᠡᠩ ᠤᠨ ᠪᠦᠲᠦᠭᠡᠯ ᠨᠢ ᠤᠷᠠᠨ ᠪᠢᠴᠢᠯᠭᠡ᠂ ᠭᠤᠷ ᠰᠡᠶᠢᠯᠦᠮᠡᠯ᠂ ᠬᠢᠲᠠᠳ ᠵᠢᠷᠤᠭ᠂ ᠲᠣᠰᠣᠨ ᠵᠢᠷᠤᠭ᠂ ᠱᠤᠭᠤᠮᠠᠯ ᠵᠡᠷᠭᠡ ᠶᠢ ᠬᠠᠮᠤᠷᠴᠤ᠂ ᠥᠪᠥᠷ ᠮᠣᠩᠭᠤᠯ ᠤᠨ ᠡᠯ᠎ᠡ ᠦᠨᠳᠦᠰᠦᠲᠡᠨ ᠡᠯ᠎ᠡ ᠡᠲᠡᠭᠡᠳ ᠤᠨ ᠬᠥᠮᠦᠰ ᠶᠡᠷᠦᠩᠬᠡᠢ ᠱᠦᠵᠢ ᠰᠢ ᠶᠢᠨ ᠫᠢᠩ ᠤᠨ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ︽ᠭᠤᠷᠪᠠᠨ ᠰᠠᠯᠵᠤ ᠪᠣᠯᠣᠰᠢ ᠦᠭᠡᠢ︾ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ︽ᠲᠠᠪᠤᠨ ᠬᠠᠮᠲᠤ ᠶᠢᠨ ᠲᠠᠨᠢᠯᠲᠠ︾ ᠶᠢᠨ ᠤᠬᠠᠮᠰᠠᠷ ᠢ ᠴᠢᠩᠭᠠᠳᠬᠠᠵᠤ᠂ ᠲᠠᠪᠤᠨ ᠶᠡᠭᠡ ᠡᠭᠦᠷᠭᠡ ᠪᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠴᠢᠷᠮᠠᠶᠢᠨ ᠪᠡᠶᠡᠯᠡᠭᠦᠯᠵᠦ᠂ ᠰᠢᠨ᠎ᠡ ᠵᠠᠮ ᠢ ᠨᠡᠭᠡᠭᠡᠬᠦ᠂ ᠳᠤᠮᠳᠠ ᠪᠠᠶᠢᠷᠢᠨ ᠳᠤ ᠣᠷᠣᠬᠤ ᠬᠠᠷᠠᠯᠲᠠ ᠶᠢᠨ ᠠᠮᠢᠳᠤᠯᠢᠭ ᠦᠢᠯᠡᠳᠦᠯᠭᠡ ᠶᠢ ᠴᠢᠷᠮᠠᠶᠢᠨ ᠪᠡᠶᠡᠯᠡᠭᠦᠯᠬᠦ ᠶᠢᠨ ᠲᠥᠯᠥᠭᠡ ᠶᠤᠮ᠃ ᠪᠦᠬᠦ ᠨᠠᠮ ᠤᠨ ᠭᠡᠰᠢᠭᠦᠨ ᠺᠠᠳ᠋ᠷᠴᠤᠳ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠲᠤᠬᠠᠢ ᠨᠡᠩ ᠭᠦᠨᠵᠡᠭᠡᠢ ᠣᠶᠢᠯᠠᠭᠠᠯᠲᠠ ᠲᠠᠢ ᠪᠣᠯᠪᠠ᠃︵ᠤᠯᠠᠭᠠᠨᠬᠦᠦ ᠶᠢᠨ ᠰᠠᠭᠤᠷᠢ ᠮᠥᠩᠭᠦᠨ ᠤ ᠨᠡᠶᠢᠭᠡᠮᠯᠢᠭ ᠤᠨ ᠠᠯᠪᠠᠨ ᠭᠡᠷ︶ 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠷᠠᠳᠢᠤ᠋ ᠲᠧᠯᠸᠢᠰ ᠤᠨ ᠲᠤᠪᠴᠢᠶ᠎ᠠ