ᠳᠤᠮᠳᠠᠳᠤ ᠤᠯᠤᠰ ᠤᠨ ᠷᠠᠳᠢᠣ᠋ ᠲᠧᠯᠸᠢᠰ ᠰᠦᠯᠵᠢᠶᠡᠨ ᠤ ᠦᠵᠡᠵᠦ ᠰᠣᠨᠣᠰᠬᠤ ᠲᠠᠪᠴᠠᠩ ᠲᠠᠢ ᠬᠠᠮᠲᠤᠷᠠᠨ ︽ᠰᠣᠩᠭᠤᠳᠠᠭ ᠪᠦᠲᠦᠭᠡᠯ ᠢ ᠳᠠᠬᠢᠨ ᠡᠷᠭᠢᠴᠡᠭᠦᠯᠬᠦ ︾ ᠬᠠᠯᠠᠭᠤᠨ ᠥᠷᠨᠢᠯᠲᠡ ᠶᠢ ᠭᠠᠷᠭᠠᠪᠠ
ᠨᠡᠶᠢᠲᠡᠯᠡᠭᠰᠡᠨ ᠴᠠᠭ᠄
2024/5/24
  5 ᠳ᠋ᠤᠭᠠᠷ ᠰᠠᠷ᠎ᠠ ᠶᠢᠨ 20 ᠤ ᠡᠳᠦᠷ᠂ ᠲᠥᠪ ᠤᠨ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ ᠤᠨ ᠰᠦᠯᠵᠢᠶᠡᠨ ᠤ ᠳᠠᠮᠵᠢᠭᠤᠯᠭ᠎ᠠ ᠶᠢᠨ ᠲᠣᠪᠴᠢᠶ᠎ᠠ᠂ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠠᠴᠠ ᠰᠦᠯᠵᠢᠶᠡᠨ ᠤ ᠦᠵᠡᠵᠦ ᠰᠣᠨᠣᠰᠬᠤ ᠫᠷᠤᠭ᠍ᠷᠠᠮ ᠤᠨ ᠬᠠᠮᠢᠶᠠᠷᠤᠯᠲᠠ ᠶᠢᠨ ᠵᠤᠷᠭᠠᠨ ᠳᠤ ᠵᠢᠯᠣᠭᠤᠳᠣᠯᠭ᠎ᠠ ᠬᠢᠵᠦ᠂ ᠳᠤᠮᠳᠠᠳᠤ ᠤᠯᠤᠰ ᠤᠨ ᠢᠨᠲ᠋ᠧᠷ ᠰᠦᠯᠵᠢᠶᠡᠨ ᠤ ᠬᠥᠭᠵᠢᠯᠲᠡ ᠶᠢᠨ ᠰᠠᠭᠤᠷᠢ ᠮᠥᠩᠭᠦᠨ ᠤ ᠨᠡᠶᠢᠭᠡᠮᠯᠢᠭ᠂ ᠳᠤᠮᠳᠠᠳᠤ ᠤᠯᠤᠰ ᠤᠨ ᠰᠦᠯᠵᠢᠶᠡᠨ ᠤ ᠦᠵᠡᠵᠦ ᠰᠣᠨᠣᠰᠬᠤ ᠫᠷᠤᠭ᠍ᠷᠠᠮ ᠤᠨ ᠦᠢᠯᠡᠴᠢᠯᠡᠭᠡᠨ ᠤ ᠨᠡᠶᠢᠭᠡᠮᠯᠢᠭ ᠠᠴᠠ ᠳᠡᠮᠵᠢᠵᠦ᠂ ᠳᠤᠮᠳᠠᠳᠤ ᠤᠯᠤᠰ ᠤᠨ ᠷᠠᠳᠢᠣ᠋ ᠲᠧᠯᠸᠢᠰ ᠤᠨ ᠰᠦᠯᠵᠢᠶᠡᠨ ᠤ ᠪᠦᠯᠦᠭᠯᠡᠯ ᠤᠨ ᠬᠢᠵᠠᠭᠠᠷᠲᠤ ᠺᠣᠮᠫᠠᠨᠢ ︵︽ᠳᠤᠮᠳᠠᠳᠤ ᠤᠯᠤᠰ ᠤᠨ ᠷᠠᠳᠢᠣ᠋ ᠲᠧᠯᠸᠢᠰ︾ ᠭᠡᠵᠦ ᠲᠣᠪᠴᠢᠯᠠᠨ᠎ᠠ︶ ᠶᠢᠨ ᠵᠣᠬᠢᠶᠠᠨ ᠪᠠᠶᠢᠭᠤᠯᠵᠤ ᠡᠬᠢᠯᠡᠭᠰᠡᠨ ︽ᠰᠣᠩᠭᠤᠳᠠᠭ ᠪᠦᠲᠦᠭᠡᠯ ᠢ ᠳᠠᠬᠢᠨ ᠡᠷᠭᠢᠴᠡᠬᠦᠯᠬᠦ • ᠠᠯᠳᠠᠷᠲᠤ ᠪᠦᠲᠦᠭᠡᠯ ᠤᠨ ᠷᠢᠳᠢ ᠰᠢᠳᠢ ᠶᠢ ᠣᠶᠢᠯᠠᠭᠠᠬᠤ︾ ᠲᠤᠰᠬᠠᠶ ᠰᠡᠳᠦᠪᠲᠦ ᠳᠡᠯᠭᠡᠨ ᠦᠵᠡᠭᠦᠯᠬᠦ ᠪᠠ ᠰᠦᠯᠵᠢᠶᠡᠨ ᠤ ᠳᠠᠮᠵᠢᠭᠤᠯᠭ᠎ᠠ ᠶᠢᠨ ᠠᠵᠢᠯᠯᠠᠭ᠎ᠠ ᠵᠢᠩᠬᠢᠨᠢ ᠪᠠᠷ ᠡᠬᠢᠯᠡᠪᠡ᠃ ᠲᠣᠰ ᠤᠳᠠᠭᠠᠨ ᠤ ᠠᠵᠢᠯᠯᠠᠭ᠎ᠠ ᠶᠢᠨ ᠲᠤᠰᠬᠠᠶ ᠰᠡᠳᠦᠪ ᠨᠢ ᠪᠥᠬᠦ ᠤᠯᠤᠰ ᠤᠨ ᠤᠲᠠᠰᠤᠲᠤ ᠲᠧᠯᠸᠢᠰ ᠤᠨ ᠦᠵᠦᠭᠦᠷ ᠲᠤ ᠨᠢᠭᠡᠳᠦᠯᠲᠡᠶ ᠢᠯᠡᠷᠡᠵᠦ ᠪᠠᠶᠢᠬᠤ ᠪᠠᠷ ᠪᠠᠷᠠᠬᠤ ᠥᠬᠡᠶ᠂ ᠰᠦᠯᠵᠢᠶᠡᠨ ᠤ ᠦᠵᠡᠵᠦ ᠰᠣᠨᠣᠰᠬᠤ ᠲᠠᠪᠴᠠᠩ ᠤᠨ ᠮᠠᠩᠭᠦ᠋ᠸᠧ TV᠂ ᠠᠶ ᠴᠢ ᠢ᠂ ᠶᠢᠦ ᠺᠦ᠋᠂ ᠲᠧᠩ ᠰᠢᠶᠦ᠋ᠨ ᠸᠢᠳᠢᠣ᠋᠂ ᠲᠢᠺ ᠲᠣᠺ ︵ᠰᠢ ᠭᠤᠸᠠ ᠸᠢᠳᠢᠣ᠋ ᠶᠢ ᠪᠠᠭᠲᠠᠭᠠᠨ᠎ᠠ︶ ᠴᠦ ᠲᠣᠰ ᠲᠣᠰ ᠲᠡᠭᠦᠨ ᠤ ᠰᠢᠯᠵᠢᠮᠡᠯ ᠦᠵᠦᠭᠦᠷ᠂ PC ᠦᠵᠦᠭᠦᠷ ᠲᠤ ᠰᠦᠯᠵᠢᠶᠡᠨ ᠳᠤ ᠭᠠᠷᠭᠠᠵᠤ ᠳᠡᠯᠭᠡᠷᠡᠭᠦᠯᠪᠡ᠃  ᠳᠤᠮᠳᠠᠳᠤ ᠤᠯᠤᠰ ᠤᠨ ᠷᠠᠳᠢᠣ᠋ ᠲᠧᠯᠸᠢᠰ ᠤᠨ ︽ᠰᠣᠩᠭᠤᠳᠠᠭ ᠪᠦᠲᠦᠭᠡᠯ ᠢ ᠳᠠᠬᠢᠨ ᠡᠷᠭᠢᠴᠡᠬᠦᠯᠬᠦ • ᠠᠯᠳᠠᠷᠲᠤ ᠪᠦᠲᠦᠭᠡᠯ ᠤᠨ ᠷᠢᠳᠢ ᠰᠢᠳᠢ ᠶᠢ ᠣᠶᠢᠯᠠᠭᠠᠬᠤ︾ ᠲᠤᠰᠬᠠᠢ ᠰᠡᠳᠦᠪᠲᠦ ᠠᠭᠤᠯᠭ᠎ᠠ ᠳᠤ ︽ᠭᠤᠷᠪᠠᠨ ᠤᠯᠤᠰ ᠤᠨ ᠦᠯᠢᠭᠡᠷ 94 ᠣᠨ ᠤ ᠬᠡᠪᠯᠡᠯ︾᠂ ︽ᠤᠯᠠᠭᠠᠨ ᠠᠰᠠᠷ ᠤᠨ ᠵᠡᠭᠦᠳᠦᠨ 87 ᠣᠨ ᠤ ᠬᠡᠪᠯᠡᠯ︾᠂ ︽ᠪᠠᠷᠠᠭᠤᠨᠰᠢ ᠵᠣᠷᠴᠢᠭᠰᠠᠨ ᠲᠡᠮᠲᠡᠭᠯᠡᠯ 86 ᠣᠨ ᠤ ᠬᠡᠪᠯᠡᠯ︾᠂ ︽ᠱᠦᠢ ᠬᠤ᠋ ᠶᠢᠨ ᠦᠯᠢᠭᠡᠷ 98 ᠣᠨ ᠤ ᠬᠡᠪᠯᠡᠯ︾᠂ ︽ᠲᠢᠶᠠᠨ ᠯᠦᠩ  ᠪᠠ ᠪᠦ᠋ 97 ᠣᠨ ᠤ ᠬᠡᠪᠯᠡᠯ︾᠂ ︽ᠱᠧᠨ ᠳ᠋ᠢᠶᠤᠤ ᠰᠢᠶᠠ ᠯᠢᠦᠢ 95 ᠣᠨ ᠤ ᠬᠡᠪᠯᠡᠯ︾ ︽ᠪᠢ ᠭᠡᠷ ᠪᠦᠯᠢ ᠳᠤ ᠪᠠᠨ ᠬᠠᠶᠢᠷᠠᠲᠠᠢ︾᠂ ︽ᠮᠢᠩ ᠤᠨ ᠣᠷᠳᠣᠨ ᠤ ᠦᠭᠡ︾ ᠵᠡᠷᠭᠡ ᠲᠧᠯᠸᠢᠰ ᠵᠦᠴᠦᠭᠡ᠂ ︽ᠠᠳᠤᠭᠤᠴᠢᠨ ᠯᠢᠮᠪᠦᠴᠢ︾᠂ ︽ᠰᠢᠨᠠᠭᠠᠨ ᠬᠤᠷᠣᠬᠠᠢ ᠡᠵᠢ ᠪᠠᠨ ᠡᠷᠢᠭᠰᠡᠨ︾ ᠵᠡᠷᠭᠡ ᠤᠯᠠᠮᠵᠢᠯᠠᠯᠲᠤ ᠤᠰᠤᠨ ᠪᠡᠭᠡ ᠶᠢᠨ ᠺᠠᠷᠲ᠋ᠣᠨ ᠺᠢᠨᠣ᠋᠂ ︽ᠫᠠᠷᠢᠰ ᠤᠨ ᠳ᠋ᠠᠷ᠎ᠠ ᠡᠬᠡ ᠶᠢᠨ ᠬᠦᠷᠢᠶᠡᠯᠡᠩ︾᠂ ︽ᠰᠠᠮᠠᠭᠤᠨ ᠶᠢᠷᠳᠢᠨᠴᠦ ᠶᠢᠨ ᠭᠤᠸᠠᠯᠢᠭ ᠬᠦᠮᠦᠨ︾ ᠵᠡᠷᠭᠡ ᠭᠠᠳᠠᠭᠠᠳᠤ ᠶᠢᠨ ᠨᠡᠷᠡᠲᠦ ᠺᠢᠨᠣ᠋ ᠵᠡᠷᠭᠡ ᠶᠢ ᠪᠠᠭᠲᠠᠭᠠᠵᠤ᠂ ᠲᠤᠰ ᠤᠳᠠᠭᠠᠨ ᠤ ᠲᠤᠰᠬᠠᠢ ᠰᠡᠳᠦᠪᠲᠦ ᠳᠡᠯᠭᠡᠨ ᠨᠡᠪᠲᠡᠷᠡᠭᠦᠯᠬᠦ ᠠᠵᠢᠯᠯᠠᠭ᠎ᠠ ᠳᠤ᠂ ᠡᠯ᠎ᠡ ᠲᠠᠪᠴᠠᠩ ᠨᠢ ᠲᠣᠰ ᠲᠣᠰ ᠤᠨ ᠠᠭᠤᠯᠭ᠎ᠠ ᠶᠢᠨ ᠳᠠᠪᠠᠭᠤᠯᠢᠭ ᠢᠶᠠᠨ ᠪᠠᠳᠠᠷᠠᠭᠤᠯᠵᠤ᠂ ᠲᠣᠰ ᠲᠣᠰ ᠴᠢᠨᠠᠷ ᠰᠠᠶᠢᠲᠠᠶ᠂ ᠵᠦᠷᠢᠶᠡᠴᠢᠯᠡᠭᠰᠡᠨ ᠺᠢᠨᠣ᠋ ᠲᠧᠯᠸᠢᠰ ᠤᠨ ᠫᠷᠤᠭ᠍ᠷᠠᠮ ᠤᠨ ᠠᠭᠤᠯᠭ᠎ᠠ ᠶᠢ ᠨᠠᠷᠢᠯᠢᠭ ᠰᠣᠩᠭᠤᠵᠤ᠂ ᠪᠥᠬᠦ ᠤᠯᠤᠰ ᠤᠨ ᠦᠵᠡᠭᠴᠢᠳ ᠨᠢᠭᠡ ᠤᠳᠠᠭᠠᠨ ᠤ ᠲᠠᠪᠴᠠᠩ ᠠᠯᠤᠰᠯᠠᠭᠰᠠᠨ᠂ ᠴᠠᠭ ᠬᠤᠭᠤᠴᠠᠭ᠎ᠠ ᠠᠯᠤᠰᠯᠠᠭᠰᠠᠨ᠂ ᠰᠣᠶᠣᠯ ᠠᠯᠤᠰᠯᠠᠭᠰᠠᠨ ᠣᠶᠣᠨ ᠰᠠᠨᠠᠭᠠᠨ ᠤ ᠦᠪᠡᠳᠡᠭᠰᠢ ᠨᠠᠶᠢᠷ ᠢ ᠬᠠᠮᠲᠤ ᠪᠠᠷ ᠬᠦᠷᠲᠡᠵᠦ᠂ ᠨᠠᠷᠠᠲᠤ ᠪᠦᠲᠦᠭᠡᠯ ᠲᠠᠢ ᠶᠠᠷᠢᠯᠴᠠᠬᠤ᠂ ᠲᠡᠤᠬᠡ ᠲᠠᠢ ᠬᠠᠮᠲᠤ ᠪᠠᠷ ᠶᠠᠷᠢᠯᠴᠠᠬᠤ ᠶᠠᠪᠤᠴᠠ ᠳᠤ᠂ ᠭᠦᠨ ᠵᠤᠵᠠᠭᠠᠨ ᠪᠥᠭᠡᠳ ᠤᠳᠠᠭᠠᠨ ᠳᠠᠭᠠᠭᠠᠮᠠᠭᠠᠶ ᠰᠣᠩᠭᠤᠳᠠᠭ ᠪᠦᠲᠦᠭᠡᠯ ᠤᠨ ᠷᠢᠳᠢ ᠰᠢᠳᠢ ᠶᠢ ᠮᠡᠳᠡᠷᠡᠬᠦ ᠪᠣᠯᠤᠨ᠎ᠠ᠃  ᠪᠦᠬᠦ ᠨᠡᠶᠢᠭᠡᠮ ᠳᠤ ︽ᠰᠣᠩᠭᠤᠳᠠᠭ ᠪᠦᠲᠦᠭᠡᠯ ᠢ ᠤᠩᠰᠢᠬᠤ᠂ ᠰᠣᠩᠭᠤᠳᠠᠭ ᠪᠦᠲᠦᠭᠡᠯ ᠢ ᠦᠵᠡᠬᠦ᠂ ᠰᠣᠩᠭᠤᠳᠠᠭ ᠪᠦᠲᠦᠭᠡᠯ ᠢ ᠰᠣᠨᠣᠰᠬᠤ︾ ᠭᠦᠨ ᠵᠤᠵᠠᠭᠠᠨ ᠰᠣᠶᠣᠯ ᠤᠨ ᠠᠭᠤᠷ ᠠᠮᠢᠰᠬᠤᠯ ᠢ ᠪᠤᠢ ᠪᠣᠯᠭᠠᠬᠤ ᠶᠢᠨ ᠲᠤᠰᠠᠳᠠ᠂ ᠳᠤᠮᠳᠠᠳᠤ ᠤᠯᠤᠰ ᠤᠨ ᠷᠠᠳᠢᠣ᠋ ᠲᠧᠯᠸᠢᠰ ᠪᠦᠬᠦ ᠤᠯᠤᠰ ᠤᠨ ᠤᠲᠠᠰᠤᠲᠤ ᠲᠧᠯᠸᠢᠰ ᠤᠨ ᠰᠦᠯᠵᠢᠶᠡᠨ ᠤ ᠺᠣᠮᠫᠠᠨᠢ ᠶᠢ ᠵᠣᠬᠢᠶᠠᠨ ᠪᠠᠶᠢᠭᠤᠯᠤᠨ ᠳᠡᠯᠭᠡᠨ ᠨᠡᠪᠲᠡᠷᠡᠭᠦᠯᠬᠦ ᠠᠵᠢᠯᠯᠠᠭ᠎ᠠ ᠶᠢᠨ ᠲᠣᠭᠤᠷᠢᠨ ᠳᠤ ᠰᠦᠯᠵᠢᠶᠡᠨ ᠳᠡᠭᠡᠷ᠎ᠡ ᠬᠠᠮ ᠵᠠᠭᠤᠴᠢᠯᠠᠭᠤᠷ᠂ ᠰᠦᠯᠵᠢᠶᠡᠨ ᠭᠠᠳᠠᠨ᠎ᠠ ᠨᠢᠭᠤᠷᠳᠠᠨ ᠳᠠᠮᠵᠢᠭᠤᠯᠵᠤ᠂ ᠰᠣᠩᠭᠤᠳᠠᠭ ᠪᠦᠲᠦᠭᠡᠯ ᠢ ᠠᠩᠬᠠᠷᠬᠤ᠂ ᠰᠣᠩᠭᠤᠳᠠᠭ ᠪᠦᠲᠦᠭᠡᠯ ᠢ ᠰᠣᠨᠢᠷᠬᠠᠬᠤ᠂ ᠰᠣᠩᠭᠤᠳᠠᠭ ᠪᠦᠲᠦᠭᠡᠯ ᠢ ᠡᠷᠬᠢᠮᠯᠡᠬᠦ ᠬᠠᠯᠠᠭᠤᠨ ᠥᠷᠨᠢᠯᠲᠡ ᠶᠢ ᠪᠤᠢ ᠪᠣᠯᠭᠠᠨ᠎ᠠ᠃ ᠰᠦᠯᠵᠢᠶᠡᠨ ᠤ ᠦᠵᠡᠵᠦ ᠰᠣᠨᠣᠰᠬᠤ ᠲᠠᠪᠴᠠᠩ ᠤᠨ ᠮᠠᠩᠭᠦ᠋ᠸᠧTV᠂ ᠠᠢ ᠴᠢ ᠢ᠂ ᠶᠧᠦ ᠺᠦ᠋᠂ ᠲᠧᠩ ᠰᠢᠶᠦ᠋ᠨ ᠸᠢᠳᠢᠣ᠋᠂ ᠲᠢᠺ ᠲᠣᠺ ︵ᠰᠢ ᠭᠤᠸᠠ ᠸᠢᠳᠢᠣ᠋ ᠶᠢ ᠪᠠᠭᠲᠠᠭᠠᠨ᠎ᠠ︶ ᠨᠢ ᠴᠦ ᠲᠤᠰ ᠲᠤᠰ ᠤᠨ ᠲᠦᠷᠦᠭᠦᠦ ᠨᠢᠭᠤᠷ ᠤᠨ ᠳᠡᠯᠭᠡᠴᠡᠨ  ᠳᠤ ᠭᠤᠣᠯᠳᠠᠯᠭ᠎ᠠ ᠲᠠᠢ ᠳᠡᠯᠭᠡᠨ ᠦᠵᠡᠭᠦᠯᠬᠦ ᠶᠢᠨ ᠬᠠᠮᠲᠤ ᠲᠣᠣᠷ ᠠᠯᠤᠰᠯᠠᠨ᠂ ᠦᠵᠦᠭᠦᠷ ᠠᠯᠤᠰᠯᠠᠨ᠂ ᠳᠡᠯᠭᠡᠴᠡ ᠠᠯᠤᠰᠯᠠᠨ ᠠᠭᠤᠰᠬᠠᠨ ᠳᠠᠮᠵᠢᠭᠤᠯᠵᠤ᠂ ᠬᠠᠮᠲᠤ ᠪᠠᠷ ᠰᠣᠩᠭᠤᠳᠠᠭ ᠪᠦᠲᠦᠭᠡᠯ ᠢ ᠬᠥᠮᠦᠰ ᠤᠨ ᠰᠡᠳᠭᠢᠯ ᠳᠤ ᠨᠡᠩ ᠭᠦᠨ ᠰᠠᠭᠤᠭᠳᠠᠬᠤ ᠶᠢ ᠠᠬᠢᠭᠤᠯᠤᠨ᠎ᠠ ᠃  ︽ᠰᠣᠩᠭᠤᠳᠠᠭ ᠪᠦᠲᠦᠭᠡᠯ ᠢ ᠳᠠᠬᠢᠨ ᠡᠷᠭᠢᠴᠡᠬᠦᠯᠬᠦ • ᠠᠯᠳᠠᠷᠲᠤ ᠪᠦᠲᠦᠭᠡᠯ ᠤᠨ ᠷᠢᠳᠢ ᠰᠢᠳᠢ ᠶᠢ ᠣᠶᠢᠯᠠᠭᠠᠬᠤ ︾ ᠠᠵᠢᠯᠯᠠᠭ᠎ᠠ ᠶᠢᠨ ᠥᠷᠨᠢᠭᠦᠯᠦᠭᠰᠡᠨ ᠬᠠᠯᠠᠭᠤᠨ ᠥᠷᠨᠢᠯᠲᠡ ᠨᠢ ᠰᠣᠩᠭᠤᠳᠠᠭ ᠺᠢᠨᠣ᠋ ᠲᠧᠯᠸᠢᠰ ᠤᠨ ᠪᠦᠲᠦᠭᠡᠯ ᠤᠨ ᠤᠯᠠᠮᠵᠢᠯᠠᠯ ᠬᠢᠭᠡᠳ ᠬᠥᠭᠵᠢᠯᠲᠡ ᠶᠢ ᠬᠦᠴᠦᠲᠡᠶ ᠠᠬᠢᠭᠤᠯᠵᠤ᠂ ᠲᠡᠭᠦᠨ ᠢ ᠰᠢᠨ᠎ᠡ ᠴᠠᠭ ᠦᠶ᠎ᠡ ᠶᠢᠨ ᠰᠣᠶᠣᠯ ᠤᠨ ᠢᠲᠡᠭᠡᠯ ᠤᠨ ᠴᠢᠬᠤᠯᠠ ᠲᠤᠯᠭᠠᠭᠤᠷᠢᠯᠠᠯ ᠪᠣᠯᠭᠠᠬᠤ ᠪᠣᠯᠤᠨ᠎ᠠ᠃ ᠳᠤᠮᠳᠠᠳᠤ ᠤᠯᠤᠰ ᠤᠨ ᠷᠠᠳᠢᠣ᠋ ᠲᠧᠯᠸᠢᠰ ᠨᠢ ᠷᠠᠳᠢᠣ᠋ ᠲᠧᠯᠸᠢᠰ ᠪᠣᠯᠣᠨ ᠰᠦᠯᠵᠢᠶᠡᠨ ᠤ ᠦᠵᠡᠵᠦ ᠰᠣᠨᠣᠰᠬᠤ ᠠᠵᠢᠯ ᠲᠥᠷᠥᠯ ᠳᠤ ᠦᠵᠡᠭᠦᠯᠬᠦ ᠴᠢᠬᠤᠯᠠ ᠦᠢᠯᠡᠳᠦᠯ ᠢ ᠦᠷᠭᠦᠯᠵᠢᠯᠡᠨ ᠣᠨᠣᠪᠴᠢᠲᠠᠶ ᠡᠵᠡᠮᠳᠡᠵᠦ᠂ ︽ᠰᠣᠩᠭᠤᠳᠠᠭ ᠪᠦᠲᠦᠭᠡᠯ︾ ᠤᠨ ᠠᠭᠤᠯᠤᠭᠳᠠᠬᠤᠨ ᠪᠠ ᠬᠦᠷᠢᠶ᠎ᠡ ᠬᠡᠪᠴᠢᠶ᠎ᠡ᠂ ᠪᠠᠷᠢᠮᠵᠢᠶ᠎ᠠ ᠪᠠ ᠱᠠᠭᠠᠷᠳᠠᠯᠭ᠎ᠠ ᠶᠢ ᠦᠷᠭᠦᠯᠵᠢᠯᠡᠨ ᠣᠨᠣᠪᠴᠢᠲᠠᠶ ᠡᠵᠡᠮᠰᠢᠵᠦ᠂ ᠰᠣᠩᠭᠤᠳᠠᠭ ᠡᠷᠳᠡᠨᠢᠰ ᠤᠨ ᠬᠥᠮᠥᠷᠭᠡ ᠶᠢ ᠲᠠᠰᠤᠷᠠᠯᠲᠠ ᠥᠬᠡᠶ ᠪᠠᠶᠠᠯᠢᠭᠵᠢᠭᠤᠯᠵᠤ᠂ ︽ᠰᠣᠩᠭᠤᠳᠠᠭ ᠪᠦᠲᠦᠭᠡᠯ ᠢ ᠳᠠᠬᠢᠨ ᠡᠷᠭᠢᠴᠡᠭᠦᠯᠬᠦ︾ ᠰᠦᠯᠵᠢᠶᠡᠨ ᠤ ᠳᠠᠮᠵᠢᠭᠤᠯᠭ᠎ᠠ ᠶᠢᠨ ᠰᠢᠷᠢᠰ ᠠᠵᠢᠯᠯᠠᠭ᠎ᠠ ᠶᠢ ᠥᠷᠨᠢᠭᠦᠯᠵᠦ᠂ ᠵᠢᠯ ᠪᠦᠷᠢ ︽ᠵᠠᠭᠤᠨ ᠰᠣᠩᠭᠤᠳᠠᠭ ᠪᠦᠲᠦᠭᠡᠯ︾ ᠢ ᠳᠡᠯᠭᠡᠨ ᠦᠵᠡᠭᠦᠯᠬᠦ ᠠᠵᠢᠯᠯᠠᠭ᠎ᠠ ᠶᠢ ᠥᠷᠨᠢᠭᠦᠯᠵᠦ᠂ ᠳᠤᠮᠳᠠᠳᠤ ᠶᠢᠨ ᠰᠣᠶᠣᠯ ᠤᠨ ᠴᠡᠴᠡᠭᠯᠡᠨ ᠬᠥᠭᠵᠢᠬᠦ ᠶᠢ ᠠᠬᠢᠭᠤᠯᠤᠨ᠎ᠠ᠃  ᠣᠶᠢᠯᠠᠭᠠᠭᠰᠠᠨ ᠢᠶᠠᠷ᠂ 2023 ᠣᠨ ᠳᠤ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠠᠴᠠ ᠲᠧᠯᠸᠢᠰ ᠤᠨ ᠠᠭᠤᠯᠭ᠎ᠠ ᠶᠢᠨ ᠦᠢᠯᠡᠴᠢᠯᠡᠭᠡ ᠶᠢ ᠰᠠᠶᠢᠵᠢᠷᠠᠭᠤᠯᠵᠤ᠂ ᠴᠢᠨᠠᠷ ᠰᠠᠶᠢᠲᠠᠶ ᠦᠨ᠎ᠡ ᠲᠥᠯᠥᠪᠦᠷᠢ ᠥᠬᠡᠶ ᠠᠭᠤᠯᠭ᠎ᠠ ᠶᠢᠨ ᠬᠠᠩᠭᠠᠯᠭ᠎ᠠ ᠶᠢ ᠴᠢᠩᠭᠠᠳᠬᠠᠬᠤ ᠶᠢ ᠳᠤᠷᠠᠳᠪᠠ᠃ ᠳᠤᠮᠳᠠᠳᠤ ᠤᠯᠤᠰ ᠤᠨ ᠷᠠᠳᠢᠣ᠋ ᠲᠧᠯᠸᠢᠰ ᠤᠨ ︽ᠰᠣᠩᠭᠤᠳᠠᠭ ᠪᠦᠲᠦᠭᠡᠯ ᠢ ᠳᠠᠬᠢᠨ ᠡᠷᠭᠢᠴᠡᠭᠦᠯᠬᠦ︾ ᠰᠦᠢᠳᠭᠡᠯ ᠦᠯᠦ ᠬᠤᠷᠢᠶᠠᠬᠤ ᠲᠤᠰᠬᠠᠢ ᠨᠡᠪᠲᠡᠷᠡᠭᠦᠯᠭᠡ ᠶᠢᠨ ᠲᠤᠰᠬᠠᠢ ᠣᠷᠣᠨ ᠨᠢᠭᠡᠨᠲᠡ 34 ᠮᠣᠵᠢ ᠣᠷᠣᠨ ᠬᠤᠲᠠ ᠶᠢᠨ ᠤᠲᠠᠰᠤᠲᠤ ᠲᠧᠯᠸᠢᠰ ᠤᠨ ᠰᠦᠯᠵᠢᠶᠡᠨ ᠤ ᠺᠣᠮᠫᠠᠨᠢ ᠶᠢᠨ ᠤᠲᠠᠰᠤᠲᠤ ᠲᠣᠭᠠᠴᠢᠯᠠᠭᠰᠠᠨ ᠲᠧᠯᠸᠢᠰ ᠤᠨ ᠲᠠᠪᠴᠠᠩ ᠤᠨ ᠨᠢᠭᠡᠳᠦᠭᠡᠷ ᠳᠡᠰ ᠤᠨ ᠠᠶᠠᠯᠠᠯ ᠵᠠᠯᠠᠬᠤ ᠪᠤᠯᠤᠩ ᠪᠤᠶᠤ ᠲᠡᠷᠢᠭᠦᠨ ᠨᠢᠭᠤᠷ ᠵᠡᠷᠭᠡ ᠭᠤᠣᠯᠳᠠᠯᠭ᠎ᠠ ᠲᠠᠢ ᠪᠠᠶᠢᠷᠢᠨ ᠳᠤ ᠨᠡᠪᠲᠡᠷᠡᠭᠳᠡᠪᠡ᠃ 2024 ᠣᠨ ᠤ 2 ᠳ᠋ᠤᠭᠠᠷ ᠰᠠᠷ᠎ᠠ ᠶᠢᠨ 1 ᠤ ᠡᠳᠦᠷ᠂ ᠳᠤᠮᠳᠠᠳᠤ ᠤᠯᠤᠰ ᠤᠨ ᠷᠠᠳᠢᠣ᠋ ᠲᠧᠯᠸᠢᠰ ᠠᠴᠠ ᠭᠤᠣᠯᠯᠠᠨ ᠡᠷᠬᠢᠯᠡᠭᠰᠡᠨ᠂ ᠪᠡᠭᠡᠵᠢᠩ ᠤᠨ ᠭᠧ ᠬᠤᠸᠠ ᠤᠲᠠᠰᠤᠲᠤ ᠲᠧᠯᠸᠢᠰ ᠠᠴᠠ ᠳᠠᠭᠠᠭᠠᠴᠢᠯᠠᠨ ᠡᠷᠭᠢᠯᠡᠭᠰᠡᠨ ︽ᠰᠣᠩᠭᠤᠳᠠᠭ ᠪᠦᠲᠦᠭᠡᠯ ᠢ ᠳᠠᠬᠢᠨ ᠡᠷᠭᠢᠴᠡᠭᠦᠯᠬᠦ︾ ᠰᠤᠪᠠᠭ ᠢ ᠪᠥᠬᠦ ᠤᠯᠤᠰ ᠤᠨ ᠤᠲᠠᠰᠤᠲᠤ ᠲᠧᠯᠸᠢᠰ ᠪᠠ ᠰᠢᠭᠤᠳ ᠨᠡᠪᠲᠡᠷᠡᠭᠦᠯᠭᠡ ᠶᠢᠨ ᠳᠠᠭᠠᠭᠤᠯᠢ ᠣᠳᠣᠨ ᠤ ᠲᠧᠯᠸᠢᠰ ᠬᠡᠷᠡᠭᠯᠡᠭᠴᠢ ᠳᠤ ᠵᠢᠩᠬᠢᠨᠢ ᠪᠠᠷ ᠨᠡᠪᠲᠡᠷᠡᠭᠦᠯᠵᠦ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠲᠧᠯᠸᠢᠰ ᠤᠨ ᠰᠢᠭᠤᠳ ᠨᠡᠪᠲᠡᠷᠡᠭᠦᠯᠭᠡ ᠶᠢᠨ ᠰᠤᠪᠠᠭ ᠪᠣᠯᠤᠭᠰᠠᠨ ᠤ ᠬᠤᠪᠢ ᠳᠤ᠂ ᠬᠦᠯᠢᠶᠡᠨ ᠠᠪᠬᠤ ᠨᠣᠷᠮ᠎ᠠ ᠲᠠᠰᠤᠷᠠᠯᠲᠠ ᠥᠬᠡᠶ ᠳᠡᠭᠡᠭᠰᠢᠯᠡᠵᠦ᠂ ᠥᠷᠭᠡᠨ ᠣᠯᠠᠨ ᠲᠧᠯᠸᠢᠰ ᠤᠨ ᠦᠵᠡᠭᠴᠢᠳ ᠤᠨ ᠬᠦᠷᠢᠶᠡᠯᠡᠯ ᠢ ᠤᠯᠪᠠ᠃ 
ᠢᠷᠡᠯᠲᠡ᠄ ᠷᠠᠳᠢᠣ᠋ ᠲᠧᠯᠸᠢᠰ ᠤᠨ ᠯᠢᠶᠧ ᠺᠦ᠋