ᠮᠠᠨ ᠤ ᠲᠣᠪᠴᠢᠶ᠎ᠠ ᠳᠠᠭᠠᠭᠠᠴᠢᠯᠠᠨ ᠬᠤᠯᠪᠤᠭᠠᠯᠠᠭᠰᠠᠨ ᠨᠡᠶᠢᠭᠡᠮ ᠲᠣᠭᠤᠷᠢᠭ ᠲᠤ ᠭᠦᠨᠵᠡᠭᠡᠶᠢᠷᠡᠨ ︽ᠡᠷᠡᠰ ᠭᠤᠶᠢᠪᠢᠰᠢ ᠥᠬᠡᠶ ᠪᠠᠷ ᠨᠠᠮ ᠢᠶᠠᠨ ᠳᠠᠭᠠᠵᠤ᠂ ᠭᠠᠷ ᠬᠤᠯᠪᠣᠨ ᠳᠤᠮᠳᠠᠳᠤ ᠶᠢᠨ ᠵᠡᠭᠦᠳᠦ ᠶᠢ ᠬᠠᠮᠲᠤ ᠪᠠᠷ ᠲᠡᠷᠭᠡᠯᠰᠢᠭᠦᠯᠬᠦ︾ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2024/5/28
  ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠨᠢᠭᠡ ᠠᠯᠬᠤᠮ ᠪᠠᠬᠢᠵᠢᠭᠦᠯᠵᠦ᠂ ︽ᠬᠤᠶᠠᠷ ᠢ ᠨᠡᠷ᠎ᠡ ᠮᠡᠳᠡᠭᠦᠯᠬᠦ᠂ ᠬᠤᠶᠠᠷ ᠢ ᠦᠢᠯᠡᠴᠢᠯᠡᠬᠦ᠂ ᠬᠤᠶᠠᠷ ᠢ ᠮᠡᠳᠡᠭᠦᠯᠬᠦ︾ ᠠᠵᠢᠯ ᠢ ᠯᠠᠪᠳᠠᠭᠤᠨ ᠪᠠᠲᠤᠲᠠᠶ ᠠᠬᠢᠭᠤᠯᠬᠤ ᠶᠢᠨ ᠲᠤᠰᠠᠳᠠ᠂ ︽ᠨᠠᠮ ᠤᠨ ᠠᠴᠢ ᠳᠤ ᠲᠠᠯᠠᠷᠬᠠᠬᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ 5 ᠳ᠋ᠤᠭᠠᠷ ᠰᠠᠷ᠎ᠠ ᠶᠢᠨ 24 ᠤ ᠡᠳᠦᠷ ᠤᠨ ᠦᠳᠡ ᠶᠢᠨ ᠬᠤᠶᠢᠨ᠎ᠠ᠂ ᠮᠠᠨ ᠤ ᠲᠣᠪᠴᠢᠶ᠎ᠠ ᠶᠢᠨ ᠨᠠᠮ ᠤᠨ ᠭᠡᠰᠢᠭᠦᠨ ᠬᠤᠯᠪᠤᠭᠠᠯᠠᠨ ᠳᠠᠭᠠᠭᠠᠴᠢᠯᠠᠭᠰᠠᠨ ᠨᠡᠶᠢᠭᠡᠮ ᠲᠣᠭᠤᠷᠢᠭ ᠢᠦᠢ ᠴᠢᠤᠸᠠᠨ ᠲᠤᠭᠤᠷᠢᠭ ᠤᠨ ᠰᠢᠩ ᠯᠦᠩ ᠵᠡᠭᠡᠯᠢ ᠭᠤᠳᠤᠮᠵᠢ ᠶᠢᠨ ᠯᠢ ᠴᠧᠩ ᠨᠡᠶᠢᠭᠡᠮ ᠲᠣᠭᠤᠷᠢᠭ ᠲᠤ ᠭᠦᠨᠵᠡᠭᠡᠶᠢᠷᠡᠨ ︽ᠡᠷᠡᠰ ᠭᠤᠶᠢᠪᠢᠰᠢ ᠥᠬᠡᠶ ᠪᠠᠷ ᠨᠠᠮ ᠢᠶᠠᠨ ᠳᠠᠭᠠᠵᠤ ᠭᠠᠷ ᠬᠤᠯᠪᠣᠨ᠂ ᠳᠤᠮᠳᠠᠳᠤ ᠶᠢᠨ ᠵᠡᠭᠦᠳᠦ ᠶᠢ ᠬᠠᠮᠲᠤ ᠪᠠᠷ ᠲᠡᠷᠭᠡᠯᠰᠢᠭᠦᠯᠬᠦ︾ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠥᠷᠨᠢᠭᠦᠯᠪᠡ᠃  ᠠᠵᠢᠯᠯᠠᠭ᠎ᠠ ᠳᠤ᠂ ᠨᠠᠮ ᠤᠨ ᠭᠡᠰᠢᠭᠦᠨ ᠬᠠᠮᠲᠤ ᠪᠠᠷ ᠨᠡᠶᠢᠭᠡᠮ ᠲᠣᠭᠤᠷᠢᠭ ᠤᠨ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠢ ᠲᠣᠭᠤᠷᠢᠨ ᠦᠵᠡᠵᠦ᠂ ᠨᠡᠶᠢᠭᠡᠮ ᠲᠣᠭᠤᠷᠢᠭ ᠤᠨ ᠨᠠᠮ ᠤᠨ ᠡᠭᠦᠷ ᠲᠠᠢ ᠬᠤᠯᠪᠣᠭ᠎ᠠ ᠪᠠᠶᠢᠭᠤᠯᠤᠨ ᠬᠠᠮᠲᠤ ᠪᠠᠷ ᠪᠠᠶᠢᠭᠤᠯᠬᠤ ᠤᠴᠢᠷ ᠶᠠᠪᠤᠳᠠᠯ ᠢᠶᠠᠨ ᠰᠣᠯᠢᠯᠴᠠᠵᠤ᠂ ᠨᠠᠮ ᠤᠨ ᠪᠠᠶᠢᠭᠤᠯᠤᠯᠲᠠ ᠶᠢ ᠬᠠᠮᠲᠤ ᠪᠠᠷ ᠪᠠᠶᠢᠭᠤᠯᠬᠤ᠂ ᠤᠨᠢᠨ ᠳᠡᠭᠡᠷ᠎ᠡ ᠨᠢ ᠵᠣᠯᠭᠠᠭᠤᠯᠬᠤ᠂ ᠬᠠᠮᠲᠤ ᠪᠠᠷ ᠠᠭᠤᠰᠤᠯᠴᠠᠭᠤᠯᠤᠨ ᠬᠠᠮᠲᠤ ᠪᠠᠷ ᠠᠬᠢᠭᠤᠯᠬᠤ ᠵᠡᠷᠭᠡ ᠠᠷᠭ᠎ᠠ ᠬᠡᠯᠪᠡᠷᠢ ᠪᠠᠷ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ ᠰᠠᠶᠢᠲᠤᠷ ᠦᠢᠯᠡᠴᠢᠯᠡᠨ᠎ᠡ ᠭᠡᠵᠦ ᠬᠠᠮᠲᠤ ᠪᠠᠷ ᠢᠯᠡᠷᠬᠡᠶᠢᠯᠡᠵᠡᠢ︔ ᠬᠦᠴᠢᠷᠳᠡᠯᠲᠡᠢ ᠤᠯᠠᠨ ᠲᠦᠮᠡᠨ ᠤ ᠭᠡᠷ ᠲᠤ ᠭᠦᠨᠵᠡᠭᠡᠶᠢᠷᠡᠵᠦ᠂ ᠲᠡᠳᠡᠨ ᠤ ᠠᠮᠢᠳᠤᠷᠠᠯ ᠤᠨ ᠪᠠᠶᠢᠳᠠᠯ ᠪᠣᠯᠤᠨ ᠷᠠᠳᠢᠣ᠋ ᠲᠧᠯᠸᠢᠰ ᠤᠨ ᠬᠡᠷᠡᠭᠯᠡᠯᠲᠡ ᠶᠢᠨ ᠪᠠᠶᠢᠳᠠᠯ ᠢ ᠨᠠᠷᠢᠨ ᠣᠶᠢᠯᠠᠭᠠᠵᠤ᠂ ᠷᠠᠳᠢᠣ᠋ ᠲᠧᠯᠸᠢᠰ ᠤᠨ ᠬᠦᠯᠢᠶᠡᠨ ᠠᠪᠴᠤ ᠦᠵᠡᠬᠦ ᠦᠢᠯᠡᠴᠢᠯᠡᠭᠡ ᠪᠣᠯᠤᠨ ᠡᠳᠦᠷ ᠳᠤᠳᠤᠮ ᠤᠨ ᠠᠮᠢᠳᠤᠷᠠᠯ ᠤᠨ ᠬᠡᠷᠡᠭᠰᠡᠯ ᠢ ᠬᠦᠷᠭᠡᠵᠦ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠯᠠᠮᠵᠢᠯᠠᠯ ᠪᠣᠯᠤᠨ ᠲᠣᠬᠤᠨᠢᠭᠤᠯᠤᠯ ᠢᠶᠠᠨ ᠢᠯᠡᠳᠬᠡᠪᠡ᠃
W020240528326534238456.png
  ᠷᠠᠳᠢᠣ᠋ ᠲᠧᠯᠸᠢᠰ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠰᠠᠶᠢᠨ ᠳᠤᠷᠠᠴᠤᠳ ᠨᠡᠶᠢᠭᠡᠮ ᠲᠣᠭᠤᠷᠢᠭ ᠲᠤ ᠭᠦᠨᠵᠡᠭᠡᠶᠢᠷᠡᠨ ᠦᠨᠳᠦᠰᠦᠲᠡᠨ ᠤ ᠲᠥᠷᠥ ᠶᠢᠨ ᠪᠣᠳᠣᠯᠭ᠎ᠠ᠂ ᠷᠠᠳᠢᠣ᠋ ᠲᠧᠯᠸᠢᠰ ᠤᠨ ᠬᠠᠤᠯᠢ ᠲᠣᠭᠲᠠᠭᠠᠯ ᠤᠨ ᠤᠬᠠᠭᠤᠯᠭ᠎ᠠ ᠶᠢ ᠥᠷᠨᠢᠭᠦᠯᠵᠦ᠂ ᠲᠧᠯᠸᠢᠰ ᠭᠥᠯᠢᠶᠡᠨ ᠠᠪᠴᠤ ᠦᠵᠡᠬᠦ ︽ᠮᠡᠳᠡᠭᠦᠯᠵᠦ ᠣᠶᠢᠯᠠᠭᠠᠭᠤᠯᠬᠤ ᠺᠠᠷᠲ︾ ᠢ ᠲᠠᠷᠬᠠᠭᠠᠵᠤ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ ᠲᠧᠯᠸᠢᠰ ᠤᠨ ᠪᠤᠳᠤᠯᠢᠶᠠᠨᠲᠠᠢ ᠠᠵᠢᠯᠯᠠᠭᠠᠨ ᠤ ᠵᠠᠰᠠᠯᠲᠠ ᠶᠢᠨ ᠠᠵᠢᠯ ᠤᠨ ᠬᠤᠯᠪᠤᠭᠳᠠᠯ ᠪᠥᠬᠦᠶ ᠲᠥᠷᠥ ᠶᠢᠨ ᠪᠣᠳᠣᠯᠭ᠎ᠠ ᠶᠢ ᠨᠠᠷᠢᠨ ᠲᠠᠶᠢᠯᠪᠤᠷᠢᠯᠠᠵᠤ᠂ ᠨᠡᠶᠢᠭᠡᠮ ᠲᠣᠭᠤᠷᠢᠭ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠠᠵᠢᠯᠯᠠᠭ᠎ᠠ ᠳᠤ ᠣᠷᠣᠯᠴᠠᠪᠠ᠃  ᠲᠣᠰ ᠤᠳᠠᠭᠠᠨ ᠤ ᠠᠵᠢᠯᠯᠠᠭ᠎ᠠ ᠳᠤ᠂ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠪᠠ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠠᠷᠠᠳ ᠣᠯᠠᠨ ᠤ ᠳᠡᠷᠭᠡᠳᠡ ᠬᠦᠷᠭᠡᠵᠦ᠂ ᠨᠡᠶᠢᠭᠡᠮ ᠲᠣᠭᠤᠷᠢᠭ ᠤᠨ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠪᠠ ᠠᠷᠠᠳ ᠣᠯᠠᠨ ᠢ ᠬᠥᠮᠦᠵᠢᠭᠦᠯᠦᠨ ᠵᠢᠯᠣᠭᠤᠳᠴᠤ ᠪᠠᠶᠢᠭᠠᠳ ︽ᠵᠢᠷᠭᠤᠭᠠᠨ ᠦᠭᠡ ᠶᠢᠨ ᠪᠣᠳᠠᠲᠤ ᠶᠠᠪᠤᠳᠠᠯ ᠪᠠ ᠶᠣᠰᠣ ᠤᠴᠢᠷ︾ ᠢ ᠪᠠᠲᠤ ᠴᠡᠭᠡᠵᠢᠯᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠦᠨᠡᠨ ᠬᠦ ᠪᠠᠲᠤ ᠪᠠᠬᠢ ᠪᠣᠶ ᠪᠣᠯᠭᠠᠪᠠ᠃ ᠲᠠᠷᠠᠭᠠᠴᠢ ᠶᠢᠨ ᠠᠯᠬᠤᠮ ᠳᠤ᠂ ᠮᠠᠨ ᠤ ᠲᠣᠪᠴᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠷᠠᠳᠢᠣ᠋ ᠲᠧᠯᠸᠢᠰ ᠤᠨ ᠲᠣᠪᠴᠢᠶ᠎ᠠ ᠪᠣᠯᠤᠨ ᠰᠦᠯᠵᠢᠶᠡᠨ ᠤ ᠦᠵᠡᠵᠦ ᠰᠣᠨᠣᠰᠬᠤ ᠪᠣᠳᠠᠲᠠᠶ ᠳᠤ ᠰᠠᠭᠤᠷᠢᠯᠠᠵᠤ᠂ ᠠᠷᠠᠳ ᠲᠦᠮᠡᠨ ᠳᠤ ᠦᠢᠯᠡᠴᠢᠯᠡᠬᠦ ᠴᠢᠳᠠᠪᠤᠷᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃
W020240528326534305134.png
  ᠲᠣᠪᠴᠢᠶ᠎ᠠ ᠶᠢᠨ ᠪᠠᠶᠢᠭᠤᠯᠭ᠎ᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠭᠠᠵᠠᠷ ᠤᠨ ᠨᠠᠮ ᠤᠨ ᠡᠭᠦᠷ᠂ ᠳᠠᠮᠵᠢᠭᠤᠯᠬᠤ ᠵᠠᠭᠤᠴᠢ ᠶᠢᠨ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠭᠠᠵᠠᠷ ︵ᠵᠠᠭᠤᠴᠢᠯᠠᠭᠤᠷ ᠤᠨ ᠨᠡᠶᠢᠯᠡᠨ ᠬᠥᠭᠵᠢᠭᠦᠯᠦᠯᠲᠡ ᠶᠢᠨ ᠭᠠᠵᠠᠷ︶ ᠤᠨ ᠨᠠᠮ ᠤᠨ ᠡᠭᠦᠷ᠂ ᠠᠶᠤᠯᠭᠦᠢ ᠳᠠᠮᠵᠢᠯᠭᠠᠨ ᠤ ᠪᠠᠲᠤᠯᠠᠭ᠎ᠠ ᠶᠢᠨ ᠭᠠᠵᠠᠷ ᠤᠨ ᠨᠠᠮ ᠤᠨ ᠡᠭᠦᠷ᠂ ᠣᠯᠠᠨ ᠨᠡᠶᠢᠲᠡ ᠶᠢᠨ ᠦᠢᠯᠡᠴᠢᠯᠡᠭᠡᠨ ᠤ ᠭᠠᠵᠠᠷ ᠤᠨ ᠨᠠᠮ ᠤᠨ ᠡᠭᠦᠷ᠂ ᠪᠠᠶᠢᠭᠤᠯᠭ᠎ᠠ ᠶᠢᠨ ᠨᠠᠮ ᠤᠨ ᠬᠤᠷᠢᠶ᠎ᠠ ᠶᠢᠨ ᠨᠠᠮ ᠤᠨ ᠡᠭᠦᠷ᠂ ᠲᠣᠪᠴᠢᠶ᠎ᠠ ᠶᠢᠨ ᠳᠠᠮᠵᠢᠭᠤᠯᠤᠨ ᠰᠠᠴᠤᠷᠠᠭᠤᠯᠬᠤ ᠲᠥᠪ ᠤᠨ 841 ᠬᠤᠷᠢᠶ᠎ᠠ ᠶᠢᠨ ᠨᠠᠮ ᠤᠨ ᠡᠭᠦᠷ ᠠᠵᠢᠯᠯᠠᠭ᠎ᠠ ᠳᠤ ᠣᠷᠣᠯᠴᠠᠪᠠ᠃︵ᠪᠠᠶᠢᠭᠤᠯᠭ᠎ᠠ ᠶᠢᠨ ᠨᠠᠮ ᠤᠨ ᠬᠤᠷᠢᠶ᠎ᠠ︶ 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠷᠠᠳᠢᠤ᠋ ᠲᠧᠯᠸᠢᠰ ᠤᠨ ᠲᠤᠪᠴᠢᠶ᠎ᠠ