| | | | | | ᠡᠷᠢᠶᠡᠨ ᠬᠤᠲᠠ ᠶᠢᠨ ᠬᠠᠮ ᠵᠠᠭᠤᠴᠢᠯᠠᠭᠤᠷ ᠤᠨ ᠲᠥᠪ ᠲᠤ᠄ | ᠲᠠᠨ ᠤ ᠲᠥᠪ ᠤᠨ ︽︿ᠮᠡᠳᠡᠭᠡ ᠵᠠᠩᠭᠢ ᠰᠦᠯᠵᠢᠶᠡᠨ ᠤ ᠳᠠᠮᠵᠢᠭᠤᠯᠭ᠎ᠠ ᠶᠢᠨ ᠦᠵᠡᠵᠦ ᠰᠣᠨᠣᠰᠬᠤ ᠫᠷᠤᠭ᠍ᠷᠠᠮ ᠤᠨ ᠵᠥᠪᠰᠢᠶᠡᠷᠡᠯ ᠤᠨ ᠦᠨᠡᠮᠯᠡᠯ﹀ ᠢ ᠭᠤᠶᠤᠴᠢᠯᠠᠬᠤ ᠲᠤᠬᠠᠢ | ᠵᠢᠭᠠᠪᠤᠷᠢ ᠠᠪᠬᠤ ᠮᠡᠳᠡᠭᠦᠯᠦᠯᠲᠡ︾ ᠶᠢ ᠲᠤᠰᠤᠯ᠎ᠠ᠃ ︽ᠢᠨᠲ᠋ᠧᠷ ᠰᠦᠯᠵᠢᠶᠡᠨ ᠤ ᠦᠵᠡᠵᠦ ᠰᠣᠨᠣᠰᠬᠤ ᠫᠷᠤᠭ᠍ᠷᠠᠮ ᠤᠨ ᠦᠢᠯᠡᠴᠢᠯᠡᠭᠡᠨ ᠤ ᠬᠠᠮᠢᠶᠠᠷᠤᠯᠲᠠ ᠶᠢᠨ ᠲᠣᠭᠲᠠᠭᠠᠯ︾ | ᠪᠣᠯᠤᠨ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ ︽ᠲᠤᠭᠤᠷᠢᠭ ᠪᠠᠶᠢᠭᠤᠯᠤᠭᠰᠠᠨ ᠬᠤᠲᠠ᠂ ᠰᠢᠶᠠᠨ ᠤ ᠱᠠᠲᠤᠨ ᠤ ᠣᠷᠣᠨ ᠨᠤᠲᠤᠭ ᠤᠨ ᠰᠣᠨᠢᠨ | ᠮᠡᠳᠡᠭᠡᠨ ᠤ ᠨᠢᠭᠡᠴᠢ ᠳᠤ ︿ᠮᠡᠳᠡᠭᠡ ᠵᠠᠩᠭᠢ ᠰᠦᠯᠵᠢᠶᠡᠨ ᠤ ᠳᠠᠮᠵᠢᠭᠤᠯᠭ᠎ᠠ ᠶᠢᠨ ᠦᠵᠡᠵᠦ ᠰᠣᠨᠣᠰᠬᠤ ᠫᠷᠤᠭ᠍ᠷᠠᠮ ᠤᠨ ᠵᠥᠪᠰᠢᠶᠡᠷᠡᠯ ᠤᠨ ᠦᠨᠡᠮᠯᠡᠯ﹀ ᠤᠨ ᠬᠠᠮᠢᠶ᠎ᠠ ᠪᠦᠬᠦᠢ | ᠤᠴᠢᠷ ᠶᠠᠪᠤᠳᠠᠯ ᠢ ᠬᠢᠨᠠᠨ ᠲᠠᠷᠬᠠᠭᠠᠬᠤ ᠲᠤᠬᠠᠶ ᠮᠡᠳᠡᠭᠳᠡᠯ︾ ᠤᠨ ᠱᠠᠭᠠᠷᠳᠠᠯᠭ᠎ᠠ ᠶᠢ ᠦᠨᠳᠦᠰᠦᠯᠡᠨ᠂ ᠬᠢᠨᠠᠨ ᠬᠠᠷᠭᠤᠭᠤᠯᠤᠭᠰᠠᠨ ᠢᠶᠠᠷ᠂ ᠲᠠᠨ ᠤ ᠲᠥᠪ ᠨᠢ ᠮᠡᠳᠡᠭᠡ ᠵᠠᠩᠭᠢ | ᠰᠦᠯᠵᠢᠶᠡᠨ ᠤ ᠳᠠᠮᠵᠢᠭᠤᠯᠭ᠎ᠠ ᠶᠢᠨ ᠦᠵᠡᠵᠦ ᠰᠣᠨᠣᠰᠬᠤ ᠫᠷᠤᠭ᠍ᠷᠠᠮ ᠤᠨ ᠦᠢᠯᠡᠴᠢᠯᠡᠭᠡᠨ ᠤ ᠲᠤᠬᠠᠶᠢᠯᠠᠭᠰᠠᠨ ᠠᠵᠢᠯ ᠢ ᠨᠡᠭᠡᠭᠡᠨ ᠡᠷᠭᠢᠯᠡᠬᠦ ᠨᠥᠬᠦᠴᠡᠯ ᠳᠤ ᠨᠡᠶᠢᠴᠡᠵᠦ᠂ | ᠰᠢᠯᠵᠢᠮᠡᠯ ᠢᠨᠲ᠋ᠧᠷ ᠰᠦᠯᠵᠢᠶᠡᠨ ᠤ ᠦᠵᠡᠵᠦ ᠰᠣᠨᠣᠰᠬᠤ ᠫᠷᠤᠭ᠍ᠷᠠᠮ ᠤᠨ ᠦᠢᠯᠡᠴᠢᠯᠡᠭᠡ ᠬᠢᠬᠦ ᠶᠢ ᠵᠥᠪᠰᠢᠶᠡᠷᠡᠬᠦ ᠶᠢᠨ ᠬᠠᠮᠲᠤ ︽ᠮᠡᠳᠡᠭᠡ ᠵᠠᠩᠭᠢ ᠰᠦᠯᠵᠢᠶᠡᠨ ᠤ | ᠳᠠᠮᠵᠢᠭᠤᠯᠭ᠎ᠠ ᠶᠢᠨ ᠦᠵᠡᠵᠦ ᠰᠣᠨᠣᠰᠬᠤ ᠫᠷᠤᠭ᠍ᠷᠠᠮ ᠤᠨ ᠵᠥᠪᠰᠢᠶᠡᠷᠡᠯ ᠤᠨ ᠦᠨᠡᠮᠯᠡᠯ︾ ᠢ ᠣᠯᠭᠤᠵᠤ᠂ ᠵᠥᠪᠰᠢᠶᠡᠷᠡᠯ ᠤᠨ ᠦᠨᠡᠮᠯᠡᠯ ᠤᠨ ᠨᠣᠮᠧᠷ᠄ 105320114᠂ | ᠬᠦᠴᠦᠨ ᠪᠦᠬᠦᠢ ᠬᠤᠭᠤᠴᠠᠭ᠎ᠠ᠄ 2024 ᠣᠨ ᠤ 5 ᠳ᠋ᠤᠭᠠᠷ ᠰᠠᠷ᠎ᠠ ᠶᠢᠨ 24 ᠤ ᠡᠳᠦᠷ ᠠᠴᠠ 2027 ᠣᠨ ᠤ 5 ᠳ᠋ᠤᠭᠠᠷ ᠰᠠᠷ᠎ᠠ ᠶᠢᠨ 23 ᠤ ᠡᠳᠦᠷ ᠪᠣᠯᠲᠠᠯ᠎ᠠ᠃ | ᠪᠣᠳᠠᠲᠠᠶ ᠨᠡᠭᠡᠭᠡᠨ ᠡᠷᠬᠢᠯᠡᠬᠦ ᠱᠠᠭᠠᠷᠳᠠᠯᠭ᠎ᠠ ᠨᠢ ᠳᠣᠤᠷᠠᠬᠢ ᠮᠡᠲᠦ᠃ | ᠨᠢᠭᠡ᠂ ᠦᠢᠯᠡᠴᠢᠯᠡᠭᠡᠨ ᠤ ᠲᠤᠬᠠᠶᠢᠯᠠᠭᠰᠠᠨ ᠠᠵᠢᠯ ᠤᠨ ᠬᠡᠪᠴᠢᠶ᠎ᠡ | ᠲᠤᠬᠠᠶᠢᠯᠠᠭᠰᠠᠨ ᠠᠵᠢᠯ ᠤᠨ ᠨᠡᠷᠡᠶᠢᠳᠦᠯ᠄ ᠰᠢᠯᠵᠢᠮᠡᠯ ᠢᠨᠲ᠋ᠧᠷ ᠰᠦᠯᠵᠢᠶᠡᠨ ᠤ ᠦᠵᠡᠵᠦ ᠰᠣᠨᠣᠰᠬᠤ ᠫᠷᠤᠭ᠍ᠷᠠᠮ ᠤᠨ ᠦᠢᠯᠡᠴᠢᠯᠡᠭᠡᠨ ᠤ ᠲᠤᠬᠠᠶᠢᠯᠠᠭᠰᠠᠨ ᠠᠵᠢᠯ | ᠲᠤᠬᠠᠶᠢᠯᠠᠭᠰᠠᠨ ᠠᠵᠢᠯ ᠤᠨ ᠲᠥᠷᠥᠯ ᠢᠯᠭᠠᠯ᠄ 1. ᠴᠠᠭ ᠦᠶ᠎ᠡ ᠶᠢᠨ ᠤᠯᠤᠰ ᠲᠥᠷᠥ ᠶᠢᠨ ᠲᠥᠷᠥᠯ ᠤᠨ ᠦᠵᠡᠵᠦ ᠰᠣᠨᠣᠰᠬᠤ ᠰᠣᠨᠢᠨ ᠮᠡᠳᠡᠭᠡᠨ ᠤ ᠫᠷᠤᠭ᠍ᠷᠠᠮ ᠤᠨ ᠠᠩᠬ᠎ᠠ | ᠲᠠᠷᠬᠠᠭᠠᠬᠤ ᠦᠢᠯᠡᠴᠢᠯᠡᠭᠡ︔ 2. ᠴᠠᠭ ᠤᠨ ᠤᠯᠤᠰ ᠲᠥᠷᠥ ᠶᠢᠨ ᠲᠥᠷᠥᠯ ᠤᠨ ᠦᠵᠡᠵᠦ ᠰᠣᠨᠣᠰᠬᠤ ᠰᠣᠨᠢᠨ ᠮᠡᠳᠡᠭᠡᠨ ᠤ ᠫᠷᠤᠭ᠍ᠷᠠᠮ ᠢ ᠰᠢᠯᠵᠢᠭᠦᠯᠦᠨ ᠨᠡᠶᠢᠲᠡᠯᠡᠬᠦ | ᠦᠢᠯᠡᠴᠢᠯᠡᠭᠡ︔ 3. ᠡᠩ ᠤᠨ ᠨᠡᠶᠢᠭᠡᠮ ᠤᠨ ᠪᠦᠯᠬᠦᠮ ᠤᠨ ᠰᠣᠶᠣᠯ ᠤᠨ ᠠᠵᠢᠯᠯᠠᠭ᠎ᠠ᠂ ᠪᠡᠶ᠎ᠡ ᠶᠢᠨ ᠲᠠᠮᠢᠷ ᠤᠨ ᠤᠷᠤᠯᠳᠤᠭᠠᠨ ᠵᠡᠷᠭᠡ ᠵᠣᠬᠢᠶᠠᠨ ᠪᠠᠶᠢᠭᠤᠯᠬᠤ | ᠠᠵᠢᠯᠯᠠᠭ᠎ᠠ ᠶᠢᠨ ᠪᠣᠳᠠᠲᠤ ᠪᠠᠶᠢᠳᠠᠯ ᠤᠨ ᠸᠢᠳᠢᠣ᠋ ᠰᠢᠭᠤᠳ ᠨᠡᠪᠲᠡᠷᠡᠭᠦᠯᠭᠡ ᠶᠢᠨ ᠦᠢᠯᠡᠴᠢᠯᠡᠭᠡ︔ 4. ᠷᠠᠳᠢᠣ᠋ ᠲᠧᠯᠸᠢᠰ ᠤᠨ ᠫᠷᠤᠭ᠍ᠷᠠᠮ ᠤᠨ ᠰᠤᠪᠠᠭ ᠤᠨ ᠦᠢᠯᠡᠴᠢᠯᠡᠭᠡ ᠶᠢ | ᠳᠠᠮᠵᠢᠭᠤᠯᠤᠨ ᠨᠡᠪᠲᠡᠷᠡᠭᠦᠯᠬᠦ ᠦᠢᠯᠡᠴᠢᠯᠡᠭᠡ᠃ ︵ᠳᠡᠭᠡᠷᠡᠬᠢ 1᠂ 3᠂ 4 ᠳ᠋ᠦ᠋ᠭᠡᠷ ᠵᠤᠷᠪᠤᠰ ᠨᠢ ᠦᠨᠡᠮᠯᠡᠯ ᠠᠪᠤᠭᠰᠠᠨ ᠪᠠᠶᠢᠭᠤᠯᠤᠮᠵᠢ ᠶᠢᠨ ᠬᠠᠷᠠᠭᠠᠯᠵᠠᠭᠰᠠᠨ ᠵᠠᠰᠠᠭ | ᠵᠠᠬᠢᠷᠭᠠᠨ ᠤ ᠣᠷᠣᠨ ᠤ ᠬᠤᠯᠪᠣᠭᠳᠠᠯ ᠪᠦᠬᠦᠢ ᠠᠭᠤᠯᠭ᠎ᠠ ᠲᠠᠢ ᠵᠣᠬᠢᠴᠠᠯᠳᠤᠨᠠ︶ | ᠲᠤᠬᠠᠶᠢᠯᠠᠭᠰᠠᠨ ᠠᠵᠢᠯ ᠤᠨ ᠠᠷᠭ᠎ᠠ ᠬᠡᠯᠪᠡᠷᠢ᠄ ᠵᠣᠴᠢᠨ ᠤ ᠦᠵᠦᠭᠦᠷ ᠤᠨ ᠰᠣᠹᠲ ᠢ ᠪᠠᠭᠤᠯᠭᠠᠬᠤ | ᠵᠣᠴᠢᠨ ᠤ ᠦᠵᠦᠭᠦᠷ ᠤᠨ ᠨᠡᠷᠡᠶᠢᠳᠦᠯ᠄ ᠠᠯᠠᠭᠠᠨ ᠳᠡᠭᠡᠷᠡᠬᠢ ᠡᠷᠢᠶᠡᠨ | ᠨᠡᠪᠲᠡᠷᠡᠭᠦᠯᠬᠦ ᠨᠡᠷᠡᠶᠢᠳᠦᠯ᠄ ᠠᠯᠠᠭᠠᠨ ᠳᠡᠭᠡᠷᠡᠬᠢ ᠡᠷᠢᠶᠡᠨ | ᠬᠦᠯᠢᠶᠡᠨ ᠠᠪᠬᠤ ᠦᠵᠦᠭᠦᠷ᠄ ᠭᠠᠷ ᠤᠲᠠᠰᠤ ᠵᠡᠷᠭᠡ ᠭᠠᠷ ᠤᠨ ᠦᠵᠦᠭᠦᠷ ᠤᠨ ᠲᠥᠬᠦᠭᠡᠷᠦᠮᠵᠢ | ᠳᠠᠮᠵᠢᠭᠤᠯᠬᠤ ᠰᠦᠯᠵᠢᠶ᠎ᠡ᠄ ᠰᠢᠯᠵᠢᠮᠡᠯ ᠢᠨᠲ᠋ᠧᠷ ᠰᠦᠯᠵᠢᠶ᠎ᠡ | ᠳᠠᠮᠵᠢᠭᠤᠯᠬᠤ ᠬᠡᠪᠴᠢᠶ᠎ᠡ᠄ ᠪᠦᠬᠦ ᠤᠯᠤᠰ | ᠬᠤᠶᠠᠷ᠂ ᠬᠤᠯᠪᠣᠭᠳᠠᠯ ᠪᠦᠬᠦᠢ ᠬᠠᠮᠢᠶᠠᠷᠤᠯᠲᠠ ᠶᠢᠨ ᠱᠠᠭᠠᠷᠳᠠᠯᠭ᠎ᠠ | 1. ᠫᠷᠤᠭ᠍ᠷᠠᠮ ᠢ ᠬᠢᠨᠠᠨ ᠪᠠᠶᠢᠴᠠᠭᠠᠬᠤ᠂ ᠠᠮᠤᠷ ᠲᠦᠪᠰᠢᠨ ᠢᠶᠠᠷ ᠨᠡᠪᠲᠡᠷᠡᠭᠦᠯᠬᠦ ᠬᠠᠮᠢᠶᠠᠷᠤᠯᠲᠠ ᠶᠢᠨ ᠳᠦᠷᠢᠮ᠂ ᠫᠷᠤᠭ᠍ᠷᠠᠮ ᠤᠨ ᠬᠡᠪᠯᠡᠯ ᠤᠨ ᠡᠷᠬᠡ ᠶᠢ ᠬᠠᠮᠠᠭᠠᠯᠠᠬᠤ ᠳᠦᠷᠢᠮ ᠢ | ᠲᠡᠭᠦᠯᠳᠡᠷᠵᠢᠭᠦᠯᠦᠨ᠎ᠡ᠃ ᠲᠤᠬᠠᠶᠢᠯᠠᠭᠰᠠᠨ ᠠᠵᠢᠯ ᠤᠨ ᠠᠭᠤᠯᠭ᠎ᠠ ᠲᠠᠢ ᠲᠣᠬᠢᠷᠠᠯᠴᠠᠭᠰᠠᠨ ᠦᠵᠡᠵᠦ ᠰᠣᠨᠣᠰᠬᠤ ᠫᠷᠤᠭ᠍ᠷᠠᠮ ᠤᠨ ᠬᠢᠨᠠᠨ ᠬᠠᠷᠭᠤᠭᠤᠯᠤᠭᠴᠢ ᠶᠢ ᠳᠣᠭᠢᠷᠠᠭᠤᠯᠵᠤ᠂ | ᠠᠭᠤᠯᠭ᠎ᠠ ᠶᠢ ᠬᠢᠨᠠᠨ ᠬᠠᠷᠭᠤᠭᠤᠯᠬᠤ ᠪᠣᠭᠤᠮᠲᠠ ᠶᠢ ᠰᠠᠶᠢᠲᠤᠷ ᠠᠳᠬᠤᠵᠤ᠂ ᠦᠵᠡᠵᠦ ᠰᠣᠨᠣᠰᠬᠤ ᠫᠷᠤᠭ᠍ᠷᠠᠮ ᠤᠨ ᠠᠭᠤᠯᠭ᠎ᠠ ᠶᠢᠨ ᠤᠳᠤᠷᠢᠳᠤᠮᠵᠢ ᠨᠢ ᠵᠥᠪ ᠣᠨᠣᠪᠴᠢᠲᠠᠶ᠂ | ᠡᠷᠡᠭᠦᠯ ᠥᠭᠡᠳᠡᠷᠬᠡᠭ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠫᠷᠤᠭ᠍ᠷᠠᠮ ᠤᠨ ᠶᠡᠷᠦᠩᠬᠡᠶ ᠨᠠᠶᠢᠷᠠᠭᠤᠯᠤᠭᠴᠢ ᠶᠢᠨ ᠬᠠᠷᠢᠭᠤᠴᠠᠬᠤ ᠳᠦᠷᠢᠮ ᠢ ᠭᠦᠢᠴᠡᠳᠬᠡᠵᠦ᠂ ᠬᠠᠭᠠᠰ | ᠵᠢᠯ ᠪᠦᠷᠢ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ ᠳᠤ ᠨᠢᠭᠡ ᠤᠳᠠᠭ᠎ᠠ ᠶᠡᠷᠦᠩᠬᠡᠶ ᠨᠠᠶᠢᠷᠠᠭᠤᠯᠤᠭᠴᠢ ᠶᠢᠨ ᠲᠤᠰᠢᠶᠠᠯ ᠢᠶᠠᠨ ᠭᠦᠢᠴᠡᠳᠬᠡᠭᠰᠡᠨ | ᠪᠠᠶᠢᠳᠠᠯ ᠢᠶᠠᠨ ᠮᠡᠳᠡᠭᠦᠯᠦᠨ ᠬᠦᠷᠭᠡᠬᠦ ᠬᠡᠷᠡᠭᠲᠡᠶ᠃ | 2. ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠵᠣᠬᠢᠴᠠᠮᠵᠢ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃ ᠫᠷᠤᠭ᠍ᠷᠠᠮ ᠤᠨ ᠬᠡᠪ ᠤᠨ ᠶᠤᠰᠤᠭᠠᠷ ᠨᠡᠪᠲᠡᠷᠡᠭᠦᠯᠬᠦ ᠶᠢ | ᠨᠦᠯᠦᠬᠡᠯᠡᠬᠦ ᠬᠡᠨᠡᠳᠳᠡ ᠶᠢᠨ ᠬᠡᠷᠡᠭ᠂ ᠮᠡᠷᠬᠡᠵᠢᠯ ᠤᠨ ᠬᠡᠮ ᠰᠤᠭᠤᠭ ᠵᠡᠷᠬᠡ ᠪᠠᠶᠢᠳᠠᠯ ᠢ ᠠᠷᠭᠠᠴᠠᠭᠠᠬᠤ ᠲᠦᠰᠦᠪ ᠢ ᠲᠡᠭᠦᠯᠳᠡᠷᠵᠢᠬᠦᠯᠬᠦ ᠬᠡᠷᠡᠭᠳᠡᠢ᠃ | 3. ᠦᠢᠯᠡᠴᠢᠯᠡᠭᠡ ᠪᠠᠨ ᠵᠣᠭᠰᠣᠭᠠᠬᠤ ᠪᠠᠷ ᠭᠤᠶᠤᠴᠢᠯᠠᠬᠤ ᠳᠤ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ ᠳᠤ 60 ᠡᠳᠦᠷ ᠤᠨ ᠡᠮᠦᠨ᠎ᠡ ᠮᠡᠳᠡᠭᠦᠯᠬᠦ | ᠬᠡᠷᠡᠭᠲᠡᠶ᠃ ᠲᠤᠬᠠᠶᠢᠯᠠᠭᠰᠠᠨ ᠠᠵᠢᠯ ᠢᠶᠠᠨ ᠵᠣᠭᠰᠤᠭᠠᠭᠠᠳ 60 ᠡᠳᠦᠷ ᠠᠴᠠ ᠬᠡᠲᠦᠷᠡᠭᠰᠡᠨ ᠪᠣᠯ ᠲᠤᠬᠠᠶᠢᠯᠠᠭᠰᠠᠨ ᠠᠵᠢᠯ ᠢᠶᠠᠨ ᠵᠣᠭᠰᠤᠭᠠᠭᠰᠠᠨ ᠶᠣᠰᠣᠭᠠᠷ | ᠰᠢᠢᠳᠪᠦᠷᠢᠯᠡᠬᠦ ᠶᠢᠨ ᠬᠠᠮᠲᠤ ︽ᠵᠥᠪᠰᠢᠶᠡᠷᠡᠯ ᠤᠨ ᠦᠨᠡᠮᠯᠡᠯ︾ ᠢ ᠨᠢ ᠬᠦᠴᠦᠨ ᠦᠭᠡᠶ ᠪᠣᠯᠭᠠᠬᠤ ᠬᠡᠷᠡᠭᠲᠡᠶ᠃ ᠨᠡᠭᠡᠭᠡᠨ ᠡᠷᠭᠢᠯᠡᠬᠦ ᠬᠤᠭᠤᠴᠠᠭᠠᠨ ᠳᠤ᠂ ᠤᠴᠢᠷ | ᠰᠢᠯᠲᠠᠭᠠᠨ ᠠᠴᠠ ᠪᠣᠯᠵᠣ ᠲᠦᠷ ᠴᠠᠭ ᠬᠠᠭᠠᠵᠤ ᠵᠣᠭᠰᠤᠭᠠᠬᠤ ᠴᠢᠬᠤᠯᠠᠲᠠᠶ ᠪᠠᠶᠢᠪᠠᠯ᠂ ᠰᠠᠭᠤᠭ᠎ᠠ ᠭᠠᠵᠠᠷ ᠤᠨ ᠢᠶᠠᠨ ᠠᠶᠢᠮᠠᠭ ᠬᠤᠲᠠ ᠶᠢᠨ ᠷᠠᠳᠢᠣ᠋ ᠲᠧᠯᠸᠢᠰ ᠤᠨ ᠵᠠᠰᠠᠭ | ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠳᠠᠷᠤᠶᠢᠬᠠᠨ ᠮᠡᠳᠡᠭᠦᠯᠵᠦ ᠳᠠᠩᠰᠠᠯᠠᠭᠤᠯᠬᠤ ᠬᠡᠷᠡᠭᠲᠡᠶ᠃ | 4. ᠵᠥᠪᠰᠢᠶᠡᠷᠡᠯ ᠤᠨ ᠦᠨᠡᠮᠯᠡᠯ ᠳᠤ ᠲᠣᠳᠣᠷᠬᠠᠶ ᠲᠡᠮᠳᠡᠭᠯᠡᠭᠰᠡᠨ ᠵᠦᠢᠯᠡᠰ ᠢ ᠴᠢᠩᠭ᠎ᠠ ᠵᠢᠷᠤᠮᠯᠠᠨ ᠰᠢᠯᠵᠢᠮᠡᠯ ᠢᠨᠲ᠋ᠧᠷ ᠰᠦᠯᠵᠢᠶᠡᠨ ᠤ ᠦᠵᠡᠵᠦ ᠰᠣᠨᠣᠰᠬᠤ ᠫᠷᠤᠭ᠍ᠷᠠᠮ ᠤᠨ | ᠦᠢᠯᠡᠴᠢᠯᠡᠭᠡᠨ ᠤ ᠲᠤᠬᠠᠶᠢᠯᠠᠭᠰᠠᠨ ᠠᠵᠢᠯ ᠢ ᠥᠷᠨᠢᠭᠦᠯᠵᠦ᠂ ᠫᠷᠤᠭ᠍ᠷᠠᠮ ᠤᠨ ᠠᠭᠤᠯᠭ᠎ᠠ ᠪᠠ ᠢᠷᠡᠯᠲᠡ ᠨᠢ ︽ᠢᠨᠲ᠋ᠧᠷ ᠰᠦᠯᠵᠢᠶᠡᠨ ᠤ ᠦᠵᠡᠵᠦ ᠰᠣᠨᠣᠰᠬᠤ ᠫᠷᠤᠭ᠍ᠷᠠᠮ ᠤᠨ | ᠦᠢᠯᠡᠴᠢᠯᠡᠭᠡᠨ ᠤ ᠬᠠᠮᠢᠶᠠᠷᠤᠯᠲᠠ ᠶᠢᠨ ᠲᠣᠭᠲᠠᠭᠠᠯ︾ ᠳᠤ ᠨᠡᠶᠢᠴᠡᠵᠦ᠂ ᠳᠠᠮᠵᠢᠭᠤᠯᠤᠨ ᠨᠡᠪᠲᠡᠷᠡᠭᠦᠯᠬᠦ᠂ ᠬᠤᠯᠪᠣᠭᠠᠰᠤ᠂ ᠴᠤᠭᠯᠠᠷᠠᠭᠤᠯᠬᠤ᠂ ᠬᠠᠤᠯᠢ ᠪᠤᠰᠤ ᠷᠠᠳᠢᠣ᠋ | ᠲᠧᠯᠸᠢᠰ ᠤᠨ ᠰᠤᠪᠠᠭ᠂ ᠦᠵᠡᠵᠦ ᠰᠣᠨᠣᠰᠬᠤ ᠫᠷᠤᠭ᠍ᠷᠠᠮ ᠤᠨ ᠥᠷᠲᠡᠭᠡ ᠶᠢ ᠰᠢᠯᠵᠢᠭᠦᠯᠦᠨ ᠨᠡᠪᠲᠡᠷᠡᠭᠦᠯᠵᠦ ᠪᠣᠯᠬᠤ ᠥᠬᠡᠶ᠃ ᠨᠢᠭᠡᠨᠲᠡ ᠨᠡᠪᠲᠡᠷᠡᠭᠦᠯᠦᠭᠰᠡᠨ ᠦᠵᠡᠵᠦ | ᠰᠣᠨᠣᠰᠬᠤ ᠫᠷᠤᠭ᠍ᠷᠠᠮ ᠢ ᠠᠳᠠᠭ ᠲᠤ ᠪᠠᠨ ᠪᠦᠷᠢᠨ ᠪᠦᠲᠦᠨ 60 ᠡᠳᠦᠷ ᠬᠠᠳᠠᠭᠠᠯᠠᠬᠤ ᠬᠡᠷᠡᠭᠲᠡᠶ᠃ | 5. ᠵᠥᠪᠰᠢᠶᠡᠷᠡᠯ ᠤᠨ ᠦᠨᠡᠮᠯᠡᠯ ᠤᠨ ᠬᠦᠴᠦᠨ ᠪᠦᠬᠦᠢ ᠬᠤᠭᠤᠴᠠᠭ᠎ᠠ ᠨᠢ 3 ᠵᠢᠯ ᠪᠠᠶᠢᠵᠤ᠂ ᠬᠤᠭᠤᠴᠠᠭ᠎ᠠ ᠨᠢ ᠲᠤᠯᠤᠭᠠᠳ ᠦᠷᠭᠦᠯᠵᠢᠯᠡᠨ ᠰᠢᠯᠵᠢᠮᠡᠯ ᠢᠨᠲ᠋ᠧᠷ | ᠰᠦᠯᠵᠢᠶᠡᠨ ᠤ ᠦᠵᠡᠵᠦ ᠰᠣᠨᠣᠰᠬᠤ ᠫᠷᠤᠭ᠍ᠷᠠᠮ ᠤᠨ ᠦᠢᠯᠡᠴᠢᠯᠡᠭᠡ ᠬᠢᠬᠦ ᠴᠢᠬᠤᠯᠠᠲᠠᠢ ᠪᠠᠶᠢᠪᠠᠯ᠂ ᠬᠦᠴᠦᠨ ᠪᠦᠬᠦᠢ ᠬᠤᠭᠤᠴᠠᠭ᠎ᠠ ᠲᠠᠢ 30 ᠡᠳᠦᠷ ᠤᠨ ᠳᠣᠲᠣᠷ᠎ᠠ᠂ | ᠲᠣᠭᠲᠠᠭᠠᠭᠰᠠᠨ ᠨᠥᠬᠦᠴᠡᠯ ᠳᠤ ᠨᠡᠶᠢᠴᠡᠬᠦ ᠮᠠᠲ᠋ᠧᠷᠢᠶᠠᠯ ᠢᠶᠠᠨ ᠠᠪᠴᠤ ᠤᠤᠯ ᠤᠨ ᠦᠨᠡᠮᠯᠡᠯ ᠣᠯᠭᠤᠭᠰᠠᠨ ᠪᠠᠶᠢᠭᠤᠯᠭ᠎ᠠ ᠳᠤ ᠬᠦᠷᠴᠦ ᠦᠷᠭᠦᠯᠵᠢᠯᠡᠨ ᠭᠦᠢᠴᠡᠳᠬᠡᠬᠦ | ᠭᠠᠷᠳᠠᠮ ᠢᠶᠠᠨ ᠭᠦᠢᠴᠡᠳᠬᠡᠬᠦ ᠬᠡᠷᠡᠭᠲᠡᠢ᠃ | 6. ᠠᠵᠢᠯᠯᠠᠬᠤ ᠲᠠᠯᠠᠪᠤᠷ᠂ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠵᠢᠴᠢ ᠣᠷᠣᠨ ᠪᠦᠰᠡ ᠶᠢᠨ ᠨᠡᠷ᠎ᠡ᠂ ᠬᠡᠷᠡᠭᠯᠡᠭᠴᠢ ᠶᠢᠨ ᠦᠵᠦᠭᠦᠷ ᠤᠨ ᠨᠡᠷᠡᠶᠢᠳᠦᠯ᠂ ᠨᠡᠪᠲᠡᠷᠡᠭᠦᠯᠬᠦ | ᠨᠡᠷᠡᠶᠢᠳᠦᠯ ᠢ ᠬᠤᠪᠢᠷᠠᠭᠤᠯᠬᠤ ᠳᠤ᠂ ᠬᠤᠪᠢᠷᠠᠭᠤᠯᠤᠭᠰᠠᠨ ᠤ ᠳᠠᠷᠠᠭᠠᠬᠢ 15 ᠡᠳᠦᠷ ᠤᠨ ᠳᠣᠲᠣᠷ᠎ᠠ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ ᠳᠤ | ᠭᠤᠶᠤᠴᠢᠯᠠᠯ ᠤᠨ ᠮᠠᠲ᠋ᠧᠷᠢᠶᠠᠯ ᠢᠶᠠᠨ ᠲᠤᠰᠢᠶᠠᠵᠤ᠂ ︽ᠮᠡᠳᠡᠭᠡ ᠵᠠᠩᠭᠢ ᠰᠦᠯᠵᠢᠶᠡᠨ ᠤ ᠳᠠᠮᠵᠢᠭᠤᠯᠭ᠎ᠠ ᠶᠢᠨ ᠦᠵᠡᠵᠦ ᠰᠣᠨᠣᠰᠬᠤ ᠫᠷᠤᠭ᠍ᠷᠠᠮ ᠤᠨ ᠵᠥᠪᠰᠢᠶᠡᠷᠡᠯ ᠤᠨ ᠦᠨᠡᠮᠯᠡᠯ︾ | ᠤᠨ ᠬᠤᠯᠪᠣᠭᠳᠠᠯ ᠪᠦᠬᠦᠢ ᠳᠠᠩᠰᠠᠯᠠᠨ ᠲᠡᠮᠳᠡᠭᠯᠡᠭᠰᠡᠨ ᠮᠡᠳᠡᠭᠡ ᠵᠠᠩᠭᠢ ᠶᠢ ᠬᠠᠤᠯᠢ ᠶᠣᠰᠣᠭᠠᠷ ᠬᠤᠪᠢᠷᠠᠭᠤᠯᠬᠤ ᠬᠡᠷᠡᠭᠲᠡᠶ᠃ | 7. ᠰᠢᠯᠵᠢᠮᠡᠯ ᠬᠡᠷᠡᠭᠯᠡᠭᠴᠢ ᠶᠢᠨ ᠦᠵᠦᠭᠦᠷ ᠤᠨ ᠲᠡᠷᠢᠭᠦᠨ ᠨᠢᠭᠤᠷ ᠤᠨ ᠢᠯᠡᠷᠬᠡᠶ ᠣᠷᠣᠨ ᠪᠠᠶᠢᠷᠢ ᠳᠤ ᠲᠤᠳᠤᠷᠬᠠᠶᠢᠯᠠᠬᠤ ᠵᠥᠪᠰᠢᠶᠡᠷᠡᠯ ᠤᠨ ᠦᠨᠡᠮᠯᠡᠯ ᠤᠨ ᠨᠣᠮᠧᠷ᠂ | ᠲᠣᠳᠣᠷᠬᠠᠶᠢᠯᠠᠬᠤ ᠠᠷᠭ᠎ᠠ ᠬᠡᠯᠪᠡᠷᠢ᠄ ᠮᠡᠳᠡᠭᠡ ᠵᠠᠩᠭᠢ ᠰᠦᠯᠵᠢᠶᠡᠨ ᠤ ᠳᠠᠮᠵᠢᠭᠤᠯᠭ᠎ᠠ ᠶᠢᠨ ᠦᠵᠡᠵᠦ ᠰᠣᠨᠣᠰᠬᠤ ᠫᠷᠤᠭ᠍ᠷᠠᠮ ᠤᠨ ᠵᠥᠪᠰᠢᠶᠡᠷᠡᠯ ᠤᠨ ᠦᠨᠡᠮᠯᠡᠯ ᠤᠨ | ᠨᠣᠮᠧᠷ105320114᠃ | 8. ᠨᠡᠭᠡᠭᠡᠨ ᠡᠷᠬᠢᠯᠡᠭᠰᠡᠨ ᠰᠢᠯᠵᠢᠮᠡᠯ ᠢᠨᠲ᠋ᠧᠷ ᠰᠦᠯᠵᠢᠶᠡᠨ ᠤ ᠦᠵᠡᠵᠦ ᠰᠣᠨᠣᠰᠬᠤ ᠫᠷᠤᠭ᠍ᠷᠠᠮ ᠤᠨ ᠦᠢᠯᠡᠴᠢᠯᠡᠭᠡ ᠨᠢ ᠡᠯ᠎ᠡ ᠱᠠᠲᠤᠨ ᠤ ᠷᠠᠳᠢᠣ᠋ ᠲᠧᠯᠸᠢᠰ ᠤᠨ ᠵᠠᠰᠠᠭ | ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠡᠳᠦᠷ ᠲᠤᠲᠤᠮ ᠤᠨ ᠬᠢᠨᠠᠯᠲᠠ ᠲᠠᠯᠪᠢᠯᠲᠠ ᠪᠠ ᠤᠬᠠᠭᠤᠯᠭ᠎ᠠ ᠶᠢᠨ ᠬᠠᠮᠢᠶᠠᠷᠤᠯᠲᠠ ᠶᠢ ᠳᠠᠭᠠᠬᠤ ᠬᠡᠷᠡᠭᠲᠡᠶ᠃ | ᠴᠤᠬᠤᠯᠠᠪᠤᠷᠢᠯᠠᠪᠠ | | ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠷᠠᠳᠢᠣ᠋ ᠲᠧᠯᠸᠢᠰ ᠤᠨ ᠲᠤᠪᠴᠢᠶ᠎ᠠ | 2024 ᠣᠨ ᠤ 5 ᠳ᠋ᠤᠭᠠᠷ ᠰᠠᠷ᠎ᠠ ᠶᠢᠨ 24 ᠤ ᠡᠳᠦᠷ | |