︽ᠷᠠᠳᠢᠣ᠋ ᠲᠧᠯᠸᠢᠰ ᠤᠨ ᠦᠵᠡᠵᠦ ᠰᠣᠨᠣᠰᠬᠤ ᠶᠢᠨ ᠢᠷᠡᠭᠡᠳᠦᠢ ᠨᠡᠩ ᠰᠠᠷᠠᠭᠤᠯᠵᠢᠨ᠎ᠠ︾ ᠦᠵᠡᠭᠦᠯᠭᠡ ᠶᠢᠨ ᠲᠠᠪᠴᠠᠩ 20 ᠳ᠋ᠤᠭᠠᠷ ᠬᠤᠭᠤᠴᠠᠭᠠᠨ ᠤ ᠱᠧᠨᠵᠧᠨ ᠤ ᠰᠣᠶᠣᠯ ᠤᠨ ᠦᠵᠡᠰᠭᠦᠯᠡᠩ ᠳᠤ ᠣᠷᠣᠯᠴᠠᠪᠠ
ᠨᠡᠶᠢᠲᠡᠯᠡᠭᠰᠡᠨ ᠴᠠᠭ᠄
2024/5/28
  5 ᠳ᠋ᠤᠭᠠᠷ ᠰᠠᠷ᠎ᠠ ᠶᠢᠨ 23 ᠤ ᠡᠳᠦᠷ ᠠᠴᠠ 27 ᠤ ᠡᠳᠦᠷ ᠪᠣᠯᠲᠠᠯ᠎ᠠ᠂ ᠬᠤᠷᠢᠳᠤᠭᠠᠷ ᠬᠤᠭᠤᠴᠠᠭᠠᠨ ᠤ ᠳᠤᠮᠳᠠᠳᠤ ᠤᠯᠤᠰ ︵ᠱᠧᠨᠵᠧᠨ︶ ᠤᠨ ᠣᠯᠠᠨ ᠤᠯᠤᠰ ᠤᠨ ᠰᠣᠶᠣᠯ ᠤᠨ ᠠᠵᠤ ᠦᠢᠯᠡᠰ ᠤᠨ ᠦᠵᠡᠰᠬᠦᠯᠡᠩ ᠤᠨ ᠠᠷᠠᠯᠵᠢᠶᠠᠨ ᠤ ᠴᠤᠭᠯᠠᠭᠠᠨ ᠢ ᠱᠧᠨᠵᠧᠨ ᠤ ᠣᠯᠠᠨ ᠤᠯᠤᠰ ᠤᠨ ᠬᠤᠷᠠᠯ ᠦᠵᠡᠰᠬᠦᠯᠡᠩ ᠤᠨ ᠲᠥᠪ ︵ᠪᠣᠤ ᠠᠨ ︶ ᠲᠤ ᠡᠷᠬᠢᠯᠡᠪᠡ᠃ ︽ ᠷᠠᠳᠢᠣ᠋ ᠲᠧᠯᠸᠢᠰ ᠤᠨ ᠦᠵᠡᠵᠦ ᠰᠣᠨᠣᠰᠬᠤ ᠶᠢᠨ ᠢᠷᠡᠭᠡᠳᠦᠢ ᠨᠡᠩ ᠰᠠᠷᠠᠭᠤᠯᠵᠢᠨ᠎ᠠ ︾ ᠦᠵᠡᠭᠦᠯᠭᠡ ᠶᠢᠨ ᠲᠠᠪᠴᠠᠩ ᠰᠣᠶᠣᠯ ᠤᠨ ᠦᠵᠡᠰᠬᠦᠯᠡᠩ ᠤᠨ ᠴᠤᠭᠯᠠᠭᠠᠨ ᠳᠤ ᠳᠡᠯᠭᠡᠨ ᠦᠵᠡᠭᠦᠯᠵᠦ᠂ ᠷᠠᠳᠢᠣ᠋ ᠲᠧᠯᠸᠢᠰ ᠤᠨ ᠠᠵᠢᠯ ᠲᠥᠷᠥᠯ ᠤᠨ ᠬᠠᠮᠢᠶᠠᠷᠤᠯᠲᠠ ᠶᠢ ᠵᠢᠷᠤᠮᠵᠢᠭᠤᠯᠬᠤ᠂ ᠣᠯᠠᠨ ᠨᠡᠶᠢᠲᠡ ᠶᠢᠨ ᠦᠢᠯᠡᠴᠢᠯᠡᠭᠡ᠂ ᠠᠵᠤ ᠦᠢᠯᠡᠰ ᠤᠨ ᠬᠥᠭᠵᠢᠯᠲᠡ ᠵᠡᠷᠭᠡ ᠬᠦᠷᠢᠶᠡᠨ ᠳᠠᠬᠢ ᠬᠠᠮᠤᠭ ᠤᠨ ᠰᠢᠨ᠎ᠡ ᠦᠢᠯᠡᠳᠬᠦᠨ ᠪᠠ ᠰᠢᠨ᠎ᠡ ᠶᠢ ᠡᠭᠦᠳᠬᠦ ᠬᠡᠷᠡᠭᠯᠡᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ᠷᠠᠳᠢᠣ᠋ ᠲᠧᠯᠸᠢᠰ ᠤᠨ ᠦᠵᠡᠵᠦ ᠰᠣᠨᠣᠰᠬᠤ ᠠᠵᠢᠯ ᠲᠥᠷᠥᠯ ᠤᠨ ᠬᠠᠮᠤᠭ ᠤᠨ ᠰᠢᠨ᠎ᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠥᠭᠵᠢᠯᠲᠡ ᠶᠢᠨ ᠬᠠᠨᠳᠤᠰᠢ ᠳᠤ ᠵᠣᠬᠢᠴᠠᠭᠤᠯᠤᠨ᠂ ᠲᠡᠷᠢᠭᠦᠨ ᠤ ᠮᠡᠷᠭᠡᠵᠢᠯ ᠤᠨ ᠰᠢᠨ᠎ᠡ ᠶᠢ ᠡᠭᠦᠳᠦᠨ ᠬᠡᠷᠡᠭᠯᠡᠵᠦ ᠪᠠᠶᠢᠭᠠᠳ ᠨᠠᠮ ᠤᠨ ᠲᠠᠭᠤᠨ ᠢ ᠰᠠᠶᠢᠲᠤᠷ ᠳᠠᠮᠵᠢᠭᠤᠯᠬᠤ᠂ ᠠᠷᠠᠳ ᠣᠯᠠᠨ ᠳᠤ ᠰᠠᠶᠢᠲᠤᠷ ᠦᠢᠯᠡᠴᠢᠯᠡᠬᠦ᠂ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠬᠦ ᠵᠡᠷᠭᠡ ᠲᠠᠯ᠎ᠠ ᠪᠠᠷ ᠬᠢ ᠰᠢᠨ᠎ᠡ ᠳᠦᠷᠰᠦ ᠪᠠᠶᠢᠳᠠᠯ᠂ ᠰᠢᠨ᠎ᠡ ᠦᠷ᠎ᠡ ᠪᠦᠲᠦᠭᠡᠯ ᠢ ᠲᠥᠪᠯᠡᠷᠡᠭᠦᠯᠦᠨ ᠳᠡᠯᠭᠡᠨ ᠦᠵᠡᠭᠦᠯᠪᠡ᠃  ᠲᠧᠯᠸᠢᠰ ᠤᠨ ᠳᠠᠪᠬᠤᠷᠳᠠᠭᠤᠯᠤᠨ ᠰᠦᠢᠳᠬᠡᠯ ᠬᠤᠷᠢᠶᠠᠬᠤ ᠪᠠ ᠠᠵᠢᠯᠯᠠᠭᠠᠨ ᠤ ᠪᠤᠳᠤᠯᠢᠶᠠᠨᠲᠠᠶ ᠬᠤᠶᠠᠳᠤᠭᠠᠷ ᠱᠠᠲᠤᠨ ᠤ ᠠᠵᠢᠯ ᠤᠨ ᠵᠠᠰᠠᠯᠲᠠ ᠶᠢᠨ ᠴᠢᠬᠤᠯᠠ ᠠᠭᠤᠯᠭ᠎ᠠ ᠪᠣᠯᠤᠭᠰᠠᠨ ᠤ ᠬᠤᠪᠢ ᠳᠤ᠂ ᠰᠢᠨ᠎ᠡ ᠪᠠᠷ ᠰᠤᠳᠤᠯᠤᠨ ᠦᠢᠯᠡᠳᠦᠭᠰᠡᠨ ᠬᠠᠪᠴᠢᠭᠤᠯᠬᠤ ᠬᠡᠯᠪᠡᠷᠢ ᠶᠢᠨ ᠪᠢᠴᠢᠯ ᠬᠡᠯᠪᠡᠷᠢ ᠶᠢᠨ ᠲᠧᠯᠸᠢᠰ ᠤᠨ ᠳᠠᠪᠲᠠᠮᠵᠢ ᠬᠦᠯᠢᠶᠡᠭᠦᠷ᠂ ᠭᠤᠷᠪᠠᠨ ᠵᠠᠭᠪᠤᠷ ᠤᠨ ᠠᠯᠤᠰ ᠡᠵᠡᠮᠰᠢᠭᠦᠷ ᠨᠢ ᠦᠵᠡᠭᠦᠯᠭᠡ ᠶᠢᠨ ᠲᠠᠪᠴᠠᠩ ᠳᠤ ᠭᠤᠤᠯᠳᠠᠯᠭ᠎ᠠ ᠲᠠᠢ ᠳᠡᠯᠭᠡᠨ ᠦᠵᠡᠭᠦᠯᠪᠡ᠃ ᠬᠠᠪᠴᠢᠭᠤᠯᠬᠤ ᠬᠡᠯᠪᠡᠷᠢ ᠶᠢᠨ ᠪᠢᠴᠢᠯ ᠭᠡᠯᠪᠡᠷᠢ ᠶᠢᠨ ᠲᠧᠯᠸᠢᠰ ᠤᠨ ᠳᠠᠪᠲᠠᠮᠵᠢ ᠬᠦᠯᠢᠶᠡᠭᠦᠷ ᠨᠢ ᠤᠯᠤᠰ ᠲᠤ ᠪᠠᠨ ᠦᠢᠯᠡᠳᠪᠦᠷᠢᠯᠡᠭᠰᠡᠨ ᠤᠶᠤᠨᠴᠢ ᠲᠧᠯᠸᠢᠰ ᠤᠨ ᠠᠵᠢᠯᠯᠠᠭᠠᠨ ᠤ ᠰᠢᠰᠲ᠋ᠧᠮ ︵TVOS︶᠂ ᠦᠵᠦᠭᠦᠷ ᠤᠨ IP ᠪᠣᠯᠭᠠᠭᠰᠠᠨ᠂ ᠬᠡᠳᠦ ᠥᠨᠳᠥᠷ ᠲᠤᠳᠤᠷᠠᠴᠠᠲᠤ ᠶᠢ ᠳᠡᠮᠵᠢᠭᠰᠡᠨ ᠂ ᠵᠢᠵᠢᠭ ᠦᠵᠡᠮᠦᠷᠢᠲᠡᠢ᠂ ᠬᠡᠷᠡᠭᠯᠡᠬᠦ ᠳᠤ ᠠᠪᠰᠠᠷ ᠵᠡᠷᠭᠡ ᠣᠨᠴᠠᠯᠢᠭ ᠲᠠᠢ ᠪᠠᠶᠢᠵᠤ ᠂ ᠲᠧᠯᠸᠢᠰ ᠤᠨ ᠳᠠᠪᠲᠠᠮᠵᠢ ᠬᠦᠯᠢᠶᠡᠭᠦᠷ  ᠢ ᠨᠢᠭᠡ ᠴᠤᠭᠴᠠᠵᠢᠭᠤᠯᠤᠭᠰᠠᠨ ᠱᠠᠳᠤᠴᠢ ᠴᠢᠨᠠᠷᠳᠠᠢ ᠦᠷ᠎ᠡ ᠪᠦᠳᠦᠭᠡᠯ ᠪᠤᠯᠭᠠᠵᠦ᠂ ᠲᠧᠯᠸᠢᠰ ᠤᠨ ᠳᠠᠪᠲᠠᠮᠵᠢ ᠬᠦᠯᠢᠶᠡᠭᠦᠷ  ᠨᠢ ᠰᠠᠯᠤᠩᠬᠢ ᠠᠴᠠ ᠪᠤᠯᠤᠭᠰᠠᠨ ᠵᠠᠯᠭᠠᠮᠠᠯ ᠤᠳᠠᠰᠤ ᠨᠢ ᠤᠯᠠᠨ᠂ ᠦᠵᠡᠮᠦᠷᠢ ᠦᠭᠡᠢ᠂ ᠠᠵᠢᠯᠯᠠᠭ᠎ᠠ ᠨᠢ ᠪᠤᠳᠤᠯᠢᠶᠠᠨᠳᠠᠢ ᠵᠡᠷᠭᠡ ᠠᠰᠠᠭᠤᠳᠠᠯ ᠢ ᠪᠦᠳᠦᠮᠵᠢᠳᠡᠢ ᠰᠢᠢᠳᠪᠦᠷᠢᠯᠡᠨ᠎ᠡ︔ ᠭᠤᠷᠪᠠᠨ ᠵᠠᠭᠪᠤᠷ ᠤᠨ ᠠᠯᠤᠰ ᠡᠵᠡᠮᠰᠢᠭᠦᠷ  ᠨᠢ ᠲᠧᠯᠸᠢᠰ ᠂  ᠲᠧᠯᠸᠢᠰ ᠤᠨ ᠳᠠᠪᠲᠠᠮᠵᠢ ᠬᠦᠯᠢᠶᠡᠭᠦᠷ ᠂ ᠠᠯᠤᠰ ᠡᠵᠡᠮᠰᠢᠭᠦᠷ ᠤᠨ ︽ᠬᠤᠶᠠᠷ ᠢ ᠨᠢᠭᠡᠳᠬᠡᠬᠦ︾ ᠶᠢ ᠪᠡᠶᠡᠯᠡᠬᠦᠯᠵᠦ᠂ ᠬᠡᠷ ᠤᠨ ᠬᠡᠷᠡᠭᠯᠡᠬᠡᠨ ᠤ ᠠᠯᠤᠰ ᠡᠵᠡᠮᠰᠢᠭᠦᠷ ᠤᠨ ᠬᠡᠮᠵᠢᠶ᠎ᠡ ᠴᠥᠬᠡᠳᠭᠡᠵᠦ᠂ ᠲᠧᠯᠸᠢᠰ ᠤᠨ ᠠᠵᠢᠯᠯᠠᠭᠠᠨ ᠤ ᠶᠠᠪᠤᠴᠠ ᠶᠢ ᠳᠦᠭᠦᠮᠴᠢᠯᠡᠨ᠂ ᠮᠡᠷᠭᠡᠵᠢᠯ ᠤᠨ ᠳᠠᠯ᠎ᠠ ᠠᠴᠠ ᠬᠡᠷᠡᠭᠯᠡᠭᠴᠢᠳ ᠢ ᠭᠠᠴᠢᠭᠳᠠᠭᠤᠯᠤᠭᠠᠳ ᠤᠳᠠᠭᠰᠠᠨ ︽ᠲᠧᠯᠸᠢᠰ ᠦᠵᠡᠬᠦ ᠳᠤ ᠬᠦᠴᠢᠷ᠂ ᠲᠧᠯᠸᠢᠰ ᠦᠵᠡᠬᠦ ᠳᠤ ᠳᠤᠷ᠎ᠠ ᠦᠭᠡᠶᠢᠴᠡᠭᠦᠯᠬᠦ︾ ᠠᠰᠠᠭᠤᠳᠠᠯ ᠢ ᠤᠯᠠᠮ ᠨᠢᠭᠡ ᠠᠯᠬᠤᠮ ᠰᠢᠢᠳᠪᠦᠷᠢᠯᠡᠵᠦ᠂ ᠲᠧᠯᠸᠢᠰ ᠤᠨ ᠬᠦᠯᠢᠶᠡᠨ ᠠᠪᠴᠦ ᠦᠵᠡᠬᠦ ᠪᠡᠶᠡᠴᠢᠯᠡᠨ ᠣᠶᠢᠯᠠᠭᠠᠯᠳᠠ ᠶᠢ ᠪᠦᠳᠦᠮᠵᠢᠳᠡᠢ ᠳᠡᠭᠡᠭᠰᠢᠯᠡᠭᠦᠯᠦᠨ᠎ᠡ ᠃  ᠬᠡᠳᠦ ᠥᠨᠳᠥᠷ ᠲᠤᠳᠤᠷᠠᠴᠠᠲᠤ ᠲᠧᠯᠸᠢᠰ ᠤᠨ ᠦᠵᠦᠭᠦᠷ ᠠᠴᠠ ᠦᠵᠦᠭᠦᠷ ᠤᠨ ᠪᠦᠬᠦ ᠬᠡᠯᠬᠢᠶ᠎ᠡ ᠶᠢᠨ ᠬᠥᠭᠵᠢᠯᠲᠡ ᠶᠢ ᠠᠬᠢᠭᠤᠯᠬᠤ ᠪᠣᠯ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ᠂ ᠠᠵᠢᠯ ᠲᠦᠷᠦᠯ ᠤᠨ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠢ ᠪᠤᠶᠢᠵᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ᠂ ᠠᠵᠢᠯ ᠲᠦᠷᠦᠯ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠬᠦ ᠪᠠ ᠴᠢᠨᠠᠷ ᠰᠠᠶᠢᠲᠠᠢ ᠬᠥᠭᠵᠢᠯᠲᠡ ᠶᠢ ᠬᠦᠴᠦᠲᠡᠢ ᠠᠬᠢᠭᠤᠯᠵᠤ᠂ ᠷᠠᠳᠢᠣ᠋ ᠲᠧᠯᠸᠢᠰ ᠤᠨ ᠦᠵᠡᠵᠦ ᠰᠣᠨᠣᠰᠬᠤ ᠬᠦᠷᠢᠶᠡᠨ ᠤ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠪᠤᠢ ᠪᠣᠯᠭᠠᠬᠤ ᠪᠣᠯᠤᠨ᠎ᠠ᠃ ᠲᠣᠰ ᠤᠳᠠᠭᠠᠨ ᠤ ᠦᠵᠡᠭᠦᠯᠭᠡ ᠶᠢᠨ ᠲᠠᠪᠴᠠᠩ ᠳᠤ ︽ᠠᠯᠳᠠᠢ ᠮᠢᠨᠢ︾᠂ ︽ᠳᠠᠭᠤᠲᠤ ᠴᠣᠣᠶᠠᠩ︾᠂ ︽ᠮᠠᠨ ᠤ ᠬᠢᠨ ᠤ ᠤᠯᠤᠰ ᠤᠨ ᠴᠡᠴᠡᠷᠯᠢᠭ︾ ᠵᠡᠷᠭᠡ ᠨᠢᠭᠡ ᠪᠦᠯᠦᠭ ᠷᠠᠳᠢᠣ᠋ ᠲᠧᠯᠸᠢᠰ ᠤᠨ 4K ᠬᠡᠲᠦ ᠥᠨᠳᠥᠷ ᠲᠤᠳᠤᠷᠠᠴᠠᠲᠤ ᠠᠭᠤᠯᠭ᠎ᠠ ᠶᠢᠨ ᠰᠣᠳᠣᠨ ᠪᠦᠲᠦᠭᠡᠯ ᠢ ᠳᠡᠯᠭᠡᠨ ᠨᠡᠪᠲᠡᠷᠡᠭᠦᠯᠵᠦ᠂ ᠣᠨᠴᠠ ᠥᠨᠳᠥᠷ ᠲᠤᠳᠤᠷᠠᠴᠠᠲᠤ  ᠪᠠᠷ ᠴᠤᠭᠯᠠᠭᠤᠯᠤᠨ ᠰᠡᠭᠦᠳᠡᠷᠯᠡᠬᠦ᠂ ᠦᠢᠯᠡᠳᠴᠦ ᠨᠡᠪᠲᠡᠷᠡᠭᠦᠯᠬᠦ᠂ ᠰᠦᠯᠵᠢᠶ᠎ᠡ ᠪᠠᠷ ᠳᠠᠮᠵᠢᠭᠤᠯᠬᠤ ᠠᠴᠠ ᠦᠵᠦᠭᠦᠷ ᠲᠤ ᠢᠯᠡᠷᠡᠭᠰᠡᠨ ᠪᠥᠬᠦ ᠬᠡᠯᠬᠢᠶ᠎ᠡ ᠠᠴᠠ ᠦᠵᠦᠭᠦᠷ ᠲᠤ ᠳᠡᠯᠭᠡᠨ ᠦᠵᠡᠭᠦᠯᠬᠦ ᠰᠢᠰᠲ᠋ᠧᠮ ᠢ ᠪᠠᠶᠢᠭᠤᠯᠵᠤ᠂ ᠵᠠᠩᠭᠢᠯᠠᠭ᠎ᠠ ᠶᠢᠨ ᠲᠥᠬᠦᠭᠡᠷᠦᠮᠵᠢ ᠶᠢ ᠪᠦᠬᠦᠨ ᠢ ᠤᠯᠤᠰ ᠤᠨ ᠦᠢᠯᠡᠳᠪᠦᠷᠢᠯᠡᠯ ᠤᠨ ᠲᠥᠬᠦᠭᠡᠷᠦᠮᠵᠢ ᠪᠠᠷ ᠪᠦᠷᠢᠯᠳᠦᠭᠦᠯᠵᠦ᠂ ᠮᠠᠨ ᠤ ᠤᠯᠤᠰ ᠤᠨ ᠬᠡᠲᠦ ᠥᠨᠳᠥᠷ ᠲᠤᠳᠤᠷᠠᠴᠠᠲᠤ ᠮᠡᠷᠭᠡᠵᠢᠯ ᠤᠨ ᠰᠤᠳᠤᠯᠤᠨ ᠨᠡᠭᠡᠭᠡᠯᠲᠡ ᠪᠠ ᠠᠭᠤᠯᠭ᠎ᠠ ᠶᠢᠨ ᠦᠢᠯᠡᠳᠪᠦᠷᠢᠯᠡᠯ ᠤᠨ ᠴᠢᠳᠠᠪᠤᠷᠢ ᠶᠢᠨ ᠲᠦᠷᠭᠡᠨ ᠳᠠᠪᠰᠢᠯᠲᠠ ᠶᠢ ᠭᠦᠢᠴᠡᠳ ᠲᠤᠰᠬᠠᠵᠤ᠂ ᠬᠡᠲᠦ ᠥᠨᠳᠥᠷ ᠲᠤᠳᠤᠷᠠᠴᠠᠲᠤ ᠲᠧᠯᠸᠢᠰ ᠤᠨ ᠪᠥᠬᠦ ᠬᠡᠯᠬᠢᠶ᠎ᠡ ᠶᠢᠨ ᠪᠥᠬᠦ ᠲᠠᠯ᠎ᠠ ᠶᠢᠨ ᠬᠥᠭᠵᠢᠯᠲᠡ ᠶᠢᠨ ᠨᠥᠬᠦᠴᠡᠯ ᠨᠢᠭᠡᠨᠲᠡ ᠦᠨᠳᠦᠰᠦᠨ ᠳᠤ ᠪᠠᠨ ᠪᠣᠯᠪᠠᠰᠤᠷᠠᠩᠭᠤᠶ ᠪᠣᠯᠤᠭᠰᠠᠨ ᠪᠠᠶᠢᠨ᠎ᠠ᠃ ᠡᠭᠦᠨ ᠠᠴᠠ ᠭᠠᠳᠠᠨ᠎ᠠ᠂ ᠦᠵᠡᠭᠦᠯᠭᠡ ᠶᠢᠨ ᠲᠠᠪᠴᠠᠩ ᠪᠠᠰᠠ ᠤᠯᠤᠰ ᠤᠨ ᠪᠠᠴᠢᠮ ᠪᠠᠶᠢᠳᠠᠯ ᠢ ᠠᠷᠭᠠᠴᠠᠭᠠᠬᠤ ᠷᠠᠳᠢᠣ᠋ ᠨᠡᠪᠲᠡᠷᠡᠭᠦᠯᠭᠡ ᠶᠢᠨ ᠰᠢᠰᠲ᠋ᠧᠮ ᠤᠨ ᠪᠦᠲᠦᠭᠡᠨ ᠪᠠᠶᠢᠭᠤᠯᠤᠯᠲᠠ᠂ ᠷᠠᠳᠢᠣ᠋ ᠲᠧᠯᠸᠢᠰ ᠤᠨ ᠦᠵᠡᠵᠦ ᠰᠣᠨᠣᠰᠬᠤ ᠡᠵᠡᠩᠨᠡᠯᠲᠡ ᠶᠢᠨ ᠪᠠᠶᠢᠳᠠᠯ ᠤᠨ ᠰᠢᠨ᠎ᠡ ᠶᠢ ᠡᠭᠦᠳᠬᠦ᠂ ᠡᠭᠦᠰᠦᠮᠡᠯ ᠬᠡᠯᠪᠡᠷᠢ ᠶᠢᠨ ᠵᠣᠬᠢᠶᠠᠮᠠᠯ ᠣᠶᠤᠨ ᠤ ᠬᠡᠷᠡᠭᠯᠡᠯᠲᠡ᠂ ᠤᠯᠤᠰ ᠤᠨ ᠰᠣᠶᠣᠯ ᠤᠨ ᠲᠤᠰᠬᠠᠶ ᠰᠦᠯᠵᠢᠶᠡᠨ ᠤ ᠪᠥᠲᠥᠭᠡᠨ ᠪᠠᠶᠢᠭᠤᠯᠤᠯᠲᠠ ᠵᠡᠷᠭᠡ ᠲᠠᠯ᠎ᠠ ᠶᠢᠨ ᠬᠠᠮᠤᠭ ᠤᠨ ᠰᠢᠨ᠎ᠡ ᠠᠬᠢᠴᠠ ᠶᠢ ᠭᠦᠢᠴᠡᠳ ᠢᠯᠡᠷᠡᠭᠦᠯᠪᠡ᠃  ᠷᠠᠳᠢᠣ᠋ ᠲᠧᠯᠸᠢᠰ ᠤᠨ ᠠᠵᠢᠯ ᠲᠥᠷᠥᠯ ᠤᠨ ᠬᠢᠨ ᠦᠵᠡᠯ ᠤᠬᠠᠮᠰᠠᠷ ᠤᠨ ᠬᠡᠯᠪᠡᠷᠢ ᠶᠢᠨ ᠵᠢᠭᠰᠠᠭᠠᠯ ᠤᠨ ᠭᠠᠵᠠᠷ ᠢ ᠪᠠᠬᠢᠵᠢᠭᠦᠯᠬᠦ᠂ ᠣᠯᠠᠨ ᠨᠡᠶᠢᠲᠡ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ᠂ ᠮᠡᠷᠭᠡᠵᠢᠯ ᠤᠨ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠵᠡᠷᠭᠡ ᠲᠠᠯ᠎ᠠ ᠪᠠᠷ ᠣᠯᠤᠭᠰᠠᠨ ᠠᠮᠵᠢᠯᠲᠠ ᠪᠦᠲᠦᠮᠵᠢ ᠶᠢ ᠷᠠᠳᠢᠣ᠋ ᠲᠧᠯᠸᠢᠰ ᠤᠨ ᠦᠵᠡᠵᠦ ᠰᠣᠨᠣᠰᠬᠤ ᠠᠵᠢᠯ ᠲᠥᠷᠥᠯ ᠤᠨ ᠬᠤᠯᠪᠣᠭᠳᠠᠯ ᠪᠥᠬᠦᠶ ᠴᠢᠬᠤᠯᠠ ᠠᠵᠢᠯ ᠤᠨ ᠠᠬᠢᠴᠠ ᠪᠠ ᠬᠥᠭᠵᠢᠯᠲᠡ ᠶᠢᠨ ᠬᠠᠨᠳᠤᠰᠢ᠂ ᠢᠯᠠᠩᠭᠤᠶ᠎ᠠ ᠬᠠᠪᠴᠢᠭᠤᠯᠬᠤ ᠬᠡᠯᠪᠡᠷᠢ ᠶᠢᠨ ᠪᠢᠴᠢᠯ ᠬᠡᠯᠪᠡᠷᠢ ᠶᠢᠨ ᠲᠧᠯᠸᠢᠰ ᠤᠨ ᠳᠠᠪᠲᠠᠮᠵᠢ ᠬᠦᠯᠢᠶᠡᠭᠦᠷ᠂ ᠨᠢᠭᠡᠳᠦᠯᠲᠡᠶ ᠠᠯᠤᠰ ᠡᠵᠡᠮᠰᠢᠭᠦᠷ ᠢ ᠰᠤᠳᠤᠯᠤᠨ ᠨᠡᠭᠡᠭᠡᠭᠰᠡᠨ ᠪᠠᠶᠢᠳᠠᠯ ᠤᠨ ᠲᠤᠬᠠᠶ ᠲᠥᠪ ᠤᠨ ᠤᠳᠤᠷᠢᠳᠤᠯᠭ᠎ᠠ ᠶᠢᠨ ᠭᠦᠢᠴᠡᠳ ᠨᠤᠲᠠᠯᠠᠯᠲᠠ ᠶᠢ ᠤᠯᠪᠠ᠃  ᠰᠣᠶᠣᠯ ᠤᠨ ᠦᠵᠡᠰᠬᠦᠯᠡᠩ ᠤᠨ ᠬᠤᠭᠤᠴᠠᠭᠠᠨ ᠳᠤ᠂ ︽ᠷᠠᠳᠢᠣ᠋ ᠲᠧᠯᠸᠢᠰ ᠤᠨ ᠦᠵᠡᠵᠦ ᠰᠣᠨᠣᠰᠬᠤ ᠶᠢᠨ ᠢᠷᠡᠭᠡᠳᠦᠢ ᠨᠡᠩ ᠰᠠᠷᠠᠭᠤᠯᠵᠢᠨ᠎ᠠ︾ ᠦᠵᠡᠭᠦᠯᠭᠡ ᠶᠢᠨ ᠲᠠᠪᠴᠠᠩ ᠨᠢ ᠥᠷᠭᠡᠨ ᠣᠯᠠᠨ ᠤ ᠠᠩᠬᠠᠷᠤᠯ ᠢ ᠲᠠᠲᠠᠵᠤ᠂ ᠲᠥᠪ ᠤᠨ ᠷᠠᠳᠢᠣ᠋ ᠲᠧᠯᠸᠢᠰ ᠤᠨ ᠶᠡᠷᠦᠩᠬᠡᠶ ᠬᠤᠷᠢᠶ᠎ᠠ᠂ ᠭᠤᠸᠠᠩᠳᠦ᠋ᠩ ᠤᠨ ᠷᠠᠳᠢᠣ᠋ ᠲᠧᠯᠸᠢᠰ ᠬᠤᠷᠢᠶ᠎ᠠ᠂ ᠱᠠᠩᠬᠠᠶ ᠶᠢᠨ ᠷᠠᠳᠢᠣ᠋ ᠲᠧᠯᠸᠢᠰ ᠬᠤᠷᠢᠶ᠎ᠠ᠂ 1 ᠳ᠋ᠦ᠋ᠭᠡᠷ ᠡᠳ᠋ ᠤᠨ ᠵᠠᠰᠠᠭ ᠠᠵᠤ ᠠᠬᠤᠶ᠂ ᠫᠧᠩ ᠫᠠᠢ ᠰᠣᠨᠢᠨ ᠮᠡᠳᠡᠭᠡ᠂ ᠵᠢᠶᠧ ᠮᠢᠶᠠᠨ ᠰᠣᠨᠢᠨ ᠮᠡᠳᠡᠭᠡ᠂ ᠰᠧᠴᠤᠸᠠᠨ ᠤ ᠠᠵᠢᠭᠯᠠᠯᠲᠠ ᠰᠣᠨᠢᠨ ᠮᠡᠳᠡᠭᠡ ᠵᠡᠷᠭᠡ ᠲᠥᠪ ᠤᠨ ᠵᠠᠭᠤᠴᠢᠯᠠᠭᠤᠷ ᠪᠠ ᠰᠢᠨ᠎ᠡ ᠵᠠᠭᠤᠴᠢᠯᠠᠭᠤᠷ ᠤᠨ ᠬᠢᠨ ᠦᠵᠡᠭᠦᠯᠭᠡ ᠶᠢᠨ ᠲᠠᠪᠴᠠᠩ ᠤᠨ ᠠᠭᠤᠯᠭ᠎ᠠ ᠶᠢ ᠰᠤᠷᠪᠤᠯᠵᠢᠯᠠᠨ ᠮᠡᠳᠡᠭᠡᠯᠡᠪᠡ᠃ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ᠂ ᠰᠣᠨᠢᠨ ᠮᠡᠳᠡᠭᠡ ᠬᠡᠪᠯᠡᠯ᠂ ᠰᠣᠶᠣᠯ ᠵᠢᠭᠤᠯᠴᠢᠯᠠᠯ ᠤᠨ ᠠᠵᠢᠯ ᠲᠥᠷᠥᠯ ᠤᠨ ᠲᠤᠰᠬᠠᠶ ᠮᠡᠷᠭᠡᠵᠢᠯ ᠤᠨ ᠦᠵᠡᠭᠴᠢᠳ ᠵᠢᠴᠢ ᠨᠡᠶᠢᠭᠡᠮ ᠤᠨ ᠦᠵᠡᠭᠴᠢᠳ ᠦᠵᠡᠭᠦᠯᠭᠡ ᠶᠢᠨ ᠲᠠᠪᠴᠠᠩ ᠢ ᠲᠣᠭᠤᠷᠢᠨ ᠦᠵᠡᠵᠦ᠂ ᠷᠠᠳᠢᠣ᠋ ᠲᠧᠯᠸᠢᠰ ᠤᠨ ᠬᠠᠮᠤᠭ ᠤᠨ ᠰᠢᠨ᠎ᠡ ᠬᠠᠮᠢᠶᠠᠷᠤᠯᠲᠠ ᠶᠢᠨ ᠱᠠᠭᠠᠷᠳᠠᠯᠭ᠎ᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠦᠭᠰᠡᠨ ᠬᠡᠷᠡᠭᠯᠡᠭᠡᠨ ᠤ ᠦᠷ᠎ᠡ ᠪᠦᠲᠦᠭᠡᠯ ᠢ ᠤᠬᠠᠭᠤᠯᠤᠨ ᠳᠡᠯᠭᠡᠷᠡᠭᠦᠯᠬᠦ ᠶᠢ ᠬᠦᠴᠦᠲᠡᠶ ᠠᠬᠢᠭᠤᠯᠪᠠ᠃ 
ᠢᠷᠡᠯᠲᠡ᠄ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠢ ᠲᠣᠪᠴᠢᠶ᠎ᠠ