ᠪᠤᠭᠤᠲᠤ ᠶᠢᠨ ᠷᠠᠳᠢᠣ᠋ ᠲᠧᠯᠸᠢᠰ ᠬᠤᠷᠢᠶ᠎ᠠ ᠶᠢᠨ ︽ᠮᠡᠳᠡᠭᠡ ᠵᠠᠩᠭᠢ ᠶᠢᠨ ᠰᠦᠯᠵᠢᠶ᠎ᠡ ᠪᠠᠷ ᠳᠠᠮᠵᠢᠭᠤᠯᠬᠤ ᠦᠵᠡᠵᠦ ᠰᠣᠨᠣᠰᠬᠤ ᠫᠷᠤᠭ᠍ᠷᠠᠮ ᠤᠨ ᠵᠥᠪᠰᠢᠶᠡᠷᠡᠯ ᠤᠨ ᠦᠨᠡᠮᠯᠡᠯ︾ ᠢ ᠬᠦᠴᠦᠨ ᠥᠬᠡᠶ ᠪᠣᠯᠭᠠᠬᠤ ᠶᠢ ᠵᠥᠪᠰᠢᠶᠡᠷᠡᠬᠦ ᠲᠤᠬᠠᠶ ᠴᠣᠬᠤᠯᠠᠪᠤᠷᠢ
ᠨᠡᠶᠢᠲᠡᠯᠡᠭᠰᠡᠨ ᠴᠠᠭ᠄
2024/5/30
ᠪᠤᠭᠤᠲᠤ ᠶᠢᠨ ᠷᠠᠳᠢᠣ᠋ ᠲᠧᠯᠸᠢᠰ ᠬᠤᠷᠢᠶ᠎ᠠ ᠳᠤ᠄  ᠲᠠᠨ ᠤ ᠬᠤᠷᠢᠶ᠎ᠠ ᠶᠢᠨ ︽ᠮᠡᠳᠡᠭᠡ ᠵᠠᠩᠭᠢ ᠶᠢᠨ ᠰᠦᠯᠵᠢᠶ᠎ᠡ ᠪᠠᠷ ᠳᠠᠮᠵᠢᠭᠤᠯᠬᠤ ᠦᠵᠡᠵᠦ ᠰᠣᠨᠣᠰᠬᠤ ᠫᠷᠦᠭᠷᠡᠮ ᠤᠨ ᠵᠥᠪᠰᠢᠶᠡᠷᠡᠯ ᠤᠨ ᠦᠨᠡᠮᠯᠡᠯ ᠢ ᠬᠦᠴᠦᠨ ᠦᠭᠡᠢ ᠪᠣᠯᠭᠠᠬᠤ ᠲᠤᠬᠠᠢ ᠵᠢᠭᠠᠪᠤᠷᠢ ᠠᠪᠬᠤ ᠮᠡᠳᠡᠭᠦᠯᠦᠯᠲᠡ︾ ᠶᠢ ᠲᠤᠰᠤᠯ᠎ᠠ᠃ ︽ ᠰᠦᠯᠵᠢᠶᠡᠨ ᠤ ᠦᠵᠡᠵᠦ ᠰᠣᠨᠣᠰᠬᠤ ᠫᠷᠤᠭ᠍ᠷᠠᠮ ᠤᠨ ᠦᠢᠯᠡᠴᠢᠯᠡᠭᠡᠨ ᠤ ᠬᠠᠮᠢᠶᠠᠷᠤᠯᠲᠠ ᠶᠢᠨ ᠲᠣᠭᠲᠠᠭᠠᠯ︾ ᠢ ᠦᠨᠳᠦᠰᠦᠯᠡᠨ᠂ ᠲᠠᠨ ᠤ ᠬᠤᠷᠢᠶ᠎ᠠ ᠶᠢᠨ ︽ ᠮᠡᠳᠡᠭᠡ ᠵᠠᠩᠭᠢ ᠶᠢᠨ ᠰᠦᠯᠵᠢᠶ᠎ᠡ ᠪᠠᠷ ᠳᠠᠮᠵᠢᠭᠤᠯᠬᠤ ᠦᠵᠡᠵᠦ ᠰᠣᠨᠣᠰᠬᠤ ᠫᠷᠦᠭᠷᠡᠮ ᠤᠨ ᠵᠥᠪᠰᠢᠶᠡᠷᠡᠯ ᠤᠨ ᠦᠨᠡᠮᠯᠡᠯ︾ ︵ᠵᠥᠪᠰᠢᠶᠡᠷᠡᠯ ᠤᠨ ᠨᠣᠮᠧᠷ᠄ 105320105 ︶ ᠢ ᠬᠦᠴᠦᠨ ᠥᠬᠡᠶ ᠪᠣᠯᠭᠠᠬᠤ ᠶᠢ ᠵᠥᠪᠰᠢᠶᠡᠷᠡᠨ᠎ᠡ᠃ ᠲᠣᠰ ᠡᠳᠦᠷ ᠠᠴᠠ ᠡᠬᠢᠯᠡᠨ᠂ ︽ᠪᠤᠭᠤᠲᠤ ᠶᠢᠨ ᠷᠠᠳᠢᠣ᠋ ᠲᠧᠯᠸᠢᠰ ᠤᠨ ᠰᠦᠯᠵᠢᠶ᠎ᠡ︾ ᠪᠠ ︽ᠠᠯᠲᠠᠨ ᠪᠤᠭᠤ ᠬᠠᠷᠠᠭᠠᠨ ᠴᠡᠭ︾ ᠤᠨ ᠬᠡᠷᠡᠭᠯᠡᠭᠴᠢ ᠶᠢᠨ ᠦᠵᠦᠭᠦᠷ ᠢᠶᠠᠷ ᠳᠠᠮᠵᠢᠭᠤᠯᠤᠨ ᠮᠡᠳᠡᠭᠡ ᠵᠠᠩᠭᠢ ᠶᠢᠨ ᠰᠦᠯᠵᠢᠶ᠎ᠡ ᠪᠠᠷ ᠳᠠᠮᠵᠢᠭᠤᠯᠬᠤ ᠦᠵᠡᠵᠦ ᠰᠣᠨᠣᠰᠬᠤ ᠫᠷᠤᠭ᠍ᠷᠠᠮ ᠤᠨ ᠦᠢᠯᠡᠴᠢᠯᠡᠭᠡᠨ ᠤ ᠲᠤᠬᠠᠶᠢᠯᠠᠭᠰᠠᠨ ᠠᠵᠢᠯ ᠢ ᠡᠷᠬᠢᠯᠡᠵᠦ ᠪᠣᠯᠬᠤ ᠥᠬᠡᠶ᠃  ᠴᠣᠬᠤᠯᠠᠪᠤᠷᠢᠯᠠᠪᠠ ᠃  ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠷᠠᠳᠢᠣ᠋ ᠲᠧᠯᠸᠢᠰ ᠤᠨ ᠲᠤᠪᠴᠢᠶ᠎ᠠ2024 ᠣᠨ ᠤ 5 ᠳ᠋ᠤᠭᠠᠷ ᠰᠠᠷ᠎ᠠ ᠶᠢᠨ 24 ᠤ ᠡᠳᠦᠷ 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠷᠠᠳᠢᠣ᠋ ᠲᠧᠯᠸᠢᠰ ᠤᠨ ᠲᠤᠪᠴᠢᠶ᠎ᠠ