ᠮᠠᠨ ᠤ ᠣᠷᠣᠨ ᠤ ᠨᠢᠭᠡᠨ ᠲᠧᠯᠸᠢᠰ ᠤᠨ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡ ᠰᠢᠨ᠎ᠡ ᠴᠠᠭ ᠦᠶ᠎ᠡ ᠶᠢᠨ ᠪᠣᠯᠪᠠᠰᠤᠨ ᠤ E ᠰᠦᠯᠵᠢᠶ᠎ᠡ ᠶᠢᠨ ᠡᠯᠰᠡᠨ ᠴᠤᠭᠯᠠᠭᠤᠯᠬᠤ ᠠᠵᠢᠯᠯᠠᠭ᠎ᠠ ᠶᠢᠨ ᠳᠡᠯᠭᠡᠨ ᠨᠡᠪᠲᠡᠷᠡᠭᠦᠯᠭᠡ ᠶᠢᠨ ᠨᠡᠷᠡᠰ ᠲᠤ ᠰᠣᠩᠭᠤᠭᠳᠠᠪᠠ
ᠨᠡᠶᠢᠲᠡᠯᠡᠭᠰᠡᠨ ᠴᠠᠭ᠄
2024/5/7
  ᠲᠦᠷᠦᠭᠦᠬᠡᠨ᠂ ︽ᠰᠢᠨ᠎ᠡ ᠴᠠᠭ ᠦᠶ᠎ᠡ ᠶᠢᠨ ᠪᠣᠯᠪᠠᠰᠤᠨ ᠤ E + ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡᠨ ᠤ ᠰᠦᠯᠵᠢᠶ᠎ᠡ ᠶᠢᠨ ᠡᠯᠰᠡᠨ ᠴᠤᠭᠯᠠᠭᠤᠯᠵᠤ ᠳᠡᠯᠭᠡᠨ ᠦᠵᠡᠭᠦᠯᠬᠦ ᠠᠵᠢᠯᠯᠠᠭ᠎ᠠ︾ ᠳᠤ ᠰᠣᠩᠭᠤᠭᠳᠠᠭᠰᠠᠨ ᠪᠦᠲᠦᠭᠡᠯ ᠢ ᠨᠡᠶᠢᠲᠡᠯᠡᠪᠡ᠃ ᠮᠠᠨ ᠤ ᠲᠣᠪᠴᠢᠶ᠎ᠠ ᠶᠢᠨ ᠭᠤᠶᠤᠴᠢᠯᠠᠨ ᠮᠡᠳᠡᠭᠦᠯᠵᠦ ᠲᠠᠨᠢᠯᠴᠠᠭᠤᠯᠬᠤ ᠪᠠᠷ ᠳᠡᠮᠵᠢᠨ᠂ ᠤᠯᠠᠭᠠᠨᠬᠠᠳᠠ ᠶᠢᠨ ᠯᠠᠨ ᠬᠠᠢ ᠶᠠᠩ ᠺᠢᠨᠣ᠋ ᠲᠧᠯᠸᠢᠰ ᠰᠣᠶᠣᠯ ᠵᠠᠭᠤᠴᠢᠯᠠᠭᠤᠷ ᠤᠨ ᠬᠢᠵᠠᠭᠠᠷᠲᠤ ᠺᠣᠮᠫᠠᠨᠢ ᠶᠢᠨ ᠦᠢᠯᠡᠳᠦᠭᠰᠡᠨ ᠲᠧᠯᠸᠢᠰ ᠤᠨ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡ ︽ᠢᠷᠡᠭᠡᠳᠦᠢ ᠶᠢᠨ ᠮᠠᠨᠳᠤᠯ ︾ ᠨᠢ ︽ᠰᠢᠨ᠎ᠡ ᠴᠠᠭ ᠦᠶ᠎ᠡ ᠶᠢᠨ ᠪᠣᠯᠪᠠᠰᠤᠨ ᠤ E + ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡᠨ ᠤ ᠰᠦᠯᠵᠢᠶ᠎ᠡ ᠶᠢᠨ ᠡᠯᠰᠡᠨ ᠴᠤᠭᠯᠠᠭᠤᠯᠬᠤ ᠠᠵᠢᠯᠯᠠᠭ᠎ᠠ︾ ᠶᠢᠨ ᠰᠢᠯᠢᠳᠡᠭ ᠪᠦᠲᠦᠭᠡᠯ ᠢᠶᠠᠷ ᠰᠣᠩᠭᠤᠭᠳᠠᠪᠠ᠃ ᠲᠤᠰ ᠤᠳᠠᠭᠠᠨ ᠤ ᠠᠵᠢᠯᠯᠠᠭ᠎ᠠ ᠳᠤ ᠪᠦᠬᠦ ᠤᠯᠤᠰ ᠲᠤ ᠨᠡᠶᠢᠲᠡ 16 ᠲᠧᠯᠸᠢᠰ ᠤᠨ ᠪᠦᠲᠦᠭᠡᠯ ᠰᠣᠩᠭᠤᠭᠳᠠᠪᠠ᠃  ᠲᠣᠰ ᠤᠳᠠᠭᠠᠨ ᠤ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡᠨ ᠤ ᠰᠦᠯᠵᠢᠶ᠎ᠡ ᠶᠢᠨ ᠡᠯᠰᠡᠨ ᠴᠤᠭᠯᠠᠭᠤᠯᠵᠤ ᠳᠡᠯᠭᠡᠨ ᠦᠵᠡᠭᠦᠯᠬᠦ ᠠᠵᠢᠯᠯᠠᠭ᠎ᠠ ᠶᠢ ᠲᠥᠪ ᠤᠨ ᠣᠶᠤᠨ ᠤ ᠪᠣᠯᠪᠠᠰᠤᠨ ᠤ ᠪᠦᠲᠦᠭᠡᠨ ᠪᠠᠶᠢᠭᠤᠯᠤᠯᠲᠠ ᠶᠢᠨ ᠠᠯᠪᠠᠨ ᠬᠡᠷ ᠠᠴᠠ ᠭᠤᠤᠯᠯᠠᠨ ᠡᠷᠭᠢᠯᠡᠵᠦ᠂ ᠲᠥᠪ ᠤᠨ ᠤᠬᠠᠭᠤᠯᠬᠤ ᠬᠡᠯᠲᠡᠰ ᠤᠨ ᠤᠬᠠᠭᠤᠯᠭ᠎ᠠ ᠶᠢᠨ ᠰᠤᠷᠭᠠᠨ ᠬᠥᠮᠦᠵᠢᠯ ᠤᠨ ᠲᠣᠪᠴᠢᠶ᠎ᠠ᠂ ᠲᠥᠪ ᠤᠨ ᠣᠶᠤᠨ ᠤ ᠪᠣᠯᠪᠠᠰᠤᠨ ᠤ ᠪᠦᠲᠦᠭᠡᠨ ᠪᠠᠶᠢᠭᠤᠯᠤᠯᠲᠠ ᠶᠢᠨ ᠠᠯᠪᠠᠨ ᠬᠡᠷ ᠤᠨ ᠨᠢᠭᠡᠳᠦᠭᠡᠷ ᠲᠣᠪᠴᠢᠶ᠎ᠠ᠂ ᠲᠥᠪ ᠤᠨ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ ᠤᠨ ᠲᠣᠤᠷ ᠰᠦᠯᠵᠢᠶ᠎ᠡ ᠶᠢᠨ ᠳᠠᠮᠵᠢᠭᠤᠯᠭ᠎ᠠ ᠶᠢᠨ ᠲᠣᠪᠴᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠤᠬᠠᠭᠤᠯᠭ᠎ᠠ ᠶᠢᠨ ᠠᠵᠢᠯ ᠤᠨ ᠲᠣᠪᠴᠢᠶ᠎ᠠ᠂ ᠤᠯᠤᠰ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠶᠢᠨ ᠵᠠᠷ ᠮᠡᠳᠡᠭᠡ ᠶᠢᠨ ᠬᠢᠨᠠᠯᠲᠠ ᠬᠠᠮᠢᠶᠠᠷᠤᠯᠲᠠ ᠶᠢᠨ ᠵᠤᠷᠭᠠᠨ᠂ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ ᠵᠠᠭᠤᠴᠢᠯᠠᠭᠤᠷ ᠤᠨ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠵᠤᠷᠭᠠᠨ ᠵᠡᠷᠭᠡ ᠶᠢᠨ ᠪᠣᠳᠠᠲᠠᠶ ᠵᠢᠯᠣᠭᠤᠳᠤᠯᠭ᠎ᠠ ᠳᠣᠤᠷ᠎ᠠ ᠶᠠᠪᠤᠭᠳᠠᠭᠤᠯᠵᠤ᠂ ᠬᠤᠯᠪᠤᠭᠳᠠᠯ ᠪᠦᠬᠦᠢ ᠪᠦᠲᠦᠭᠡᠯ ᠢ ᠨᠢᠭᠡᠨᠲᠡ ᠳᠤᠮᠳᠠᠳᠤ ᠤᠯᠤᠰ ᠤᠨ ᠣᠶᠤᠨ ᠤ ᠪᠣᠯᠪᠠᠰᠤᠨ ᠤ ᠰᠦᠯᠵᠢᠶ᠎ᠡ ᠶᠢᠨ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡ ᠶᠢᠨ ᠬᠥᠮᠥᠷᠭᠡ ᠳᠤ ᠣᠷᠣᠭᠤᠯᠵᠤ᠂ ᠦᠨᠳᠦᠰᠦᠨ ᠱᠠᠲᠤᠨ ᠤ ᠨᠢᠭᠡᠴᠢ᠂ ᠨᠡᠶᠢᠭᠡᠮ ᠨᠡᠶᠢᠲᠡ ᠶᠢᠨ ᠠᠰᠠᠷᠠᠮᠵᠢ ᠶᠢᠨ ᠳᠠᠮᠵᠢᠭᠤᠯᠭ᠎ᠠ ᠳᠤ ᠬᠡᠷᠡᠭᠯᠡᠭᠦᠯᠦᠨ᠎ᠡ᠃ 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠷᠠᠳᠢᠤ᠋ ᠲᠧᠯᠸᠢᠰ ᠤᠨ ᠲᠤᠪᠴᠢᠶ᠎ᠠ