ᠰᠧᠴᠤᠸᠠᠨ ᠤ ᠽᠢ ᠶᠠᠩ᠄ ᠳᠥᠷᠪᠡᠨ ᠶᠡᠭᠡ ᠠᠷᠭ᠎ᠠ ᠬᠡᠮᠵᠢᠶ᠎ᠡ ᠠᠪᠴᠤ ᠬᠤᠲᠠ ᠶᠢᠨ ᠲᠠᠰ ᠤᠨ ᠵᠠᠭᠤᠴᠢᠯᠠᠭᠤᠷ ᠤᠨ ᠭᠦᠨᠵᠡᠭᠡᠶ ᠠᠭᠤᠰᠤᠯᠴᠠᠨ ᠬᠥᠭᠵᠢᠬᠦ ᠶᠢ ᠠᠬᠢᠭᠤᠯᠪᠠ
ᠨᠡᠶᠢᠲᠡᠯᠡᠭᠰᠡᠨ ᠴᠠᠭ᠄
2024/5/8
  ᠽᠢ ᠶᠠᠩ ᠪᠣᠯ ᠴᠧᠩ ᠢᠦᠢ ᠶᠢᠨ ᠲᠥᠪ᠂ ᠲᠡᠭᠦᠨ ᠤ ᠭᠤᠣᠯ ᠲᠡᠩᠭᠡᠯᠢᠭ ᠤᠨ ᠵᠠᠩᠭᠢᠯᠠᠭ᠎ᠠ ᠶᠢᠨ ᠬᠤᠳᠠ᠂ ᠴᠧᠩᠳᠦ᠋ ᠶᠢᠨ ᠬᠤᠳᠠ ᠶᠢᠨ ᠲᠣᠭᠤᠷᠢᠭ ᠤᠨ ᠪᠦᠷᠢᠯᠳᠦᠬᠦᠨ ᠬᠡᠰᠡᠭ ᠪᠣᠯᠤᠨ᠎ᠠ᠂ 2022 ᠣᠨ ᠤ 4 ᠳ᠋ᠦ᠋ᠭᠡᠷ ᠰᠠᠷ᠎ᠠ ᠳᠤ ᠪᠦᠬᠦ ᠤᠯᠤᠰ ᠤᠨ ᠲᠦᠷᠦᠭᠦᠦ ᠪᠦᠯᠦᠭ ᠲᠤᠰᠬᠠᠢ ᠣᠷᠣᠨ ᠬᠤᠳᠠ ᠶᠢᠨ ᠲᠡᠰ ᠤᠨ ᠬᠠᠮ ᠵᠠᠭᠤᠴᠢᠯᠠᠭᠤᠷ ᠤᠨ ᠲᠥᠪ ᠤᠨ ᠪᠦᠳᠦᠭᠡᠨ ᠪᠠᠶᠢᠭᠤᠯᠤᠯᠲᠠ ᠶᠢᠨ ᠲᠤᠷᠰᠢᠯᠲᠠ ᠶᠢᠨ ᠬᠤᠳᠠ ᠪᠠᠷ ᠲᠣᠭᠲᠠᠭᠠᠭᠳᠠᠪᠠ᠃ ᠽᠢ ᠶᠠᠩ ᠨᠢ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ᠤᠨ ᠵᠠᠭᠤᠴᠢᠯᠠᠭᠤᠷ ᠤᠨ ᠠᠭᠤᠰᠤᠯᠴᠠᠯ ᠤᠨ ᠲᠤᠬᠠᠶ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠥᠪ ᠤᠨ ᠤᠬᠠᠭᠤᠯᠬᠤ ᠬᠡᠯᠲᠡᠰ ᠵᠡᠷᠭᠡ ᠠᠴᠠ ᠳᠠᠷᠤᠮᠠᠯᠯᠠᠨ ᠲᠠᠷᠬᠠᠭᠠᠭᠰᠠᠨ ︽ᠲᠤᠰᠬᠠᠶ ᠣᠷᠣᠨ ᠬᠤᠲᠠ ᠶᠢᠨ ᠱᠠᠲᠤᠨ ᠤ ᠵᠠᠭᠤᠴᠢᠯᠠᠭᠤᠷ ᠤᠨ ᠭᠦᠨᠵᠡᠭᠡᠶ ᠠᠭᠤᠰᠤᠯᠴᠠᠨ ᠬᠥᠭᠵᠢᠬᠦ ᠶᠢ ᠲᠦᠷᠭᠡᠳᠬᠡᠨ ᠠᠬᠢᠭᠤᠯᠬᠤ ᠬᠡᠷᠡᠭᠵᠢᠭᠦᠯᠬᠦ ᠲᠥᠰᠦᠯ︾ ᠤᠨ ᠱᠠᠭᠠᠷᠳᠠᠯᠭ᠎ᠠ ᠶᠣᠰᠣᠭᠠᠷ᠂ ᠳᠥᠷᠪᠡᠨ ᠲᠠᠯ᠎ᠠ ᠠᠴᠠ ᠭᠠᠷᠳᠠᠵᠤ᠂ ᠪᠥᠬᠦ ᠮᠤᠵᠢ ᠶᠢᠨ ᠲᠡᠷᠢᠭᠦᠨ ᠤ᠂ ᠪᠥᠬᠦ ᠤᠯᠤᠰ ᠤᠨ ᠲᠡᠷᠢᠭᠦᠨ ᠤ ᠲᠤᠰᠬᠠᠶ ᠣᠷᠣᠨ ᠬᠤᠲᠠ ᠶᠢᠨ ᠱᠠᠲᠤᠨ ᠤ ᠭᠤᠤᠯ ᠵᠠᠭᠤᠴᠢᠯᠠᠭᠤᠷ ᠢ ᠴᠢᠷᠮᠠᠶᠢᠨ ᠪᠠᠶᠢᠭᠤᠯᠤᠨ᠎ᠠ᠃  ᠨᠢᠭᠡ᠂ ᠥᠨᠳᠥᠷ ᠪᠠᠶᠢᠷᠢᠨ ᠠᠴᠠ ᠠᠷᠭ᠎ᠠ ᠰᠦᠪᠡᠭᠴᠢᠯᠡᠨ ᠠᠬᠢᠭᠤᠯᠬᠤ ᠶᠢ ᠪᠠᠷᠢᠮᠲᠠᠯᠠᠵᠤ᠂ ︽ᠥᠭᠡᠷᠡᠴᠢᠯᠡᠬᠦ ᠰᠠᠨᠠᠭ᠎ᠠ ᠥᠬᠡᠶ᠂ ᠠᠭᠤᠰᠤᠯᠴᠠᠬᠤ ᠵᠣᠷᠢᠭ ᠥᠬᠡᠶ︾ ᠬᠦᠴᠢᠷ ᠠᠰᠠᠭᠤᠳᠠᠯ ᠢ ᠰᠢᠢᠳᠪᠦᠷᠢᠯᠡᠪᠡ  ᠵᠠᠭᠤᠴᠢᠯᠠᠭᠤᠷ ᠤᠨ ᠬᠥᠭᠵᠢᠯᠲᠡ᠂ ᠠᠵᠢᠯᠲᠠᠨ ᠠᠵᠢᠯᠴᠢᠨ ᠤ ᠠᠰᠢᠭ ᠲᠤᠰᠠ ᠵᠡᠷᠭᠡ ᠭᠤᠣᠯ ᠠᠰᠠᠭᠤᠳᠠᠯ ᠢ ᠭᠤᠣᠯᠳᠠᠯᠭ᠎ᠠ ᠲᠠᠢ ᠰᠢᠢᠳᠪᠦᠷᠢᠯᠡᠵᠦ᠂ ᠥᠭᠡᠷᠡᠴᠢᠯᠡᠯᠲᠡ ᠶᠢᠨ ᠰᠠᠨᠠᠭᠠᠴᠢᠯᠠᠭᠠᠲᠤ ᠡᠷᠬᠡ᠂ ᠭᠤᠣᠯᠯᠠᠬᠤ ᠡᠷᠬᠡ ᠶᠢ ᠪᠠᠲᠤ ᠡᠵᠡᠮᠰᠢᠨ᠂ ᠵᠠᠭᠤᠴᠢᠯᠠᠭᠤᠷ ᠤᠨ ᠠᠭᠤᠰᠤᠯᠴᠠᠨ ᠬᠥᠭᠵᠢᠬᠦ ᠴᠢᠭᠯᠡᠯ ᠨᠢ ᠵᠥᠪ ᠣᠨᠣᠪᠴᠢᠲᠠᠶ᠂ ᠪᠦᠲᠦᠮᠵᠢᠲᠡᠶ ᠠᠬᠢᠬᠤ ᠶᠢ ᠦᠨᠡᠨ ᠬᠦ ᠪᠠᠲᠤᠯᠠᠪᠠ᠃ ᠨᠢᠭᠡ ᠳᠤ᠂ ᠨᠠᠮ ᠠᠴᠠ ᠵᠠᠭᠤᠴᠢᠯᠠᠭᠤᠷ ᠢ ᠬᠠᠮᠢᠶᠠᠷᠬᠤ ᠵᠠᠷᠴᠢᠮ ᠢ ᠪᠠᠷᠢᠮᠲᠠᠯᠠᠪᠠ᠃ ᠬᠤᠲᠠ ᠶᠢᠨ ᠨᠠᠮ ᠤᠨ ᠬᠤᠷᠢᠶ᠎ᠠ ᠵᠠᠭᠤᠴᠢᠯᠠᠭᠤᠷ ᠢ ᠠᠭᠤᠰᠤᠯᠴᠠᠭᠤᠯᠬᠤ ᠥᠭᠡᠷᠡᠴᠢᠯᠡᠯᠲᠡ ᠶᠢ ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ ᠪᠣᠯᠭᠠᠵᠤ᠂ ᠬᠤᠲᠠ ᠶᠢᠨ ᠨᠠᠮ ᠤᠨ ᠬᠤᠷᠢᠶᠠᠨ ᠤ ᠪᠥᠬᠦᠳᠡ ᠬᠤᠷᠠᠯ ᠤᠨ ᠮᠡᠳᠡᠭᠦᠯᠦᠯᠲᠡ ᠳᠤ ᠪᠢᠴᠢᠨ ᠣᠷᠣᠭᠤᠯᠵᠤ᠂ ᠪᠥᠬᠦ ᠬᠤᠲᠠ ᠶᠢᠨ ᠶᠡᠷᠦᠩᠬᠡᠶ ᠠᠵᠢᠯ ᠤᠨ ᠲᠣᠬᠢᠷᠠᠭᠤᠯᠤᠯᠲᠠ ᠪᠠ ᠥᠭᠡᠷᠡᠴᠢᠯᠡᠯᠲᠡ ᠶᠢᠨ ᠴᠢᠬᠤᠯᠠ ᠵᠦᠢᠯᠡᠰ ᠲᠤ ᠤᠷᠤᠭᠤᠯᠪᠠ᠃ ᠬᠤᠲᠠ ᠶᠢᠨ ᠨᠠᠮ ᠤᠨ ᠬᠤᠷᠢᠶᠠᠨ ᠤ ᠭᠤᠤᠯ ᠬᠠᠷᠢᠭᠤᠴᠠᠯᠭᠠᠲᠠᠳ ᠪᠡᠶ᠎ᠡ ᠪᠠᠷ ᠢᠶᠠᠨ ᠠᠷᠭ᠎ᠠ ᠰᠦᠪᠡᠭᠴᠢᠯᠡᠨ ᠠᠬᠢᠭᠤᠯᠵᠤ᠂ ︽ᠰᠢᠯᠵᠢᠯᠲᠡ᠂ ᠸᠢᠳᠢᠣ᠋ᠵᠢᠯᠲᠡ᠂ ᠨᠡᠶᠢᠭᠡᠮ ᠤᠨ ᠬᠠᠷᠢᠯᠴᠠᠭ᠎ᠠ︾ ᠶᠢᠨ ᠶᠡᠷᠦᠩᠬᠡᠶ ᠱᠠᠭᠠᠷᠳᠠᠯᠭ᠎ᠠ ᠶᠢ ᠳᠤᠷᠠᠳᠴᠤ᠂ 4 ᠤᠳᠠᠭ᠎ᠠ ᠲᠤᠬᠠᠶ ᠶᠢᠨ ᠭᠠᠵᠠᠷ ᠲᠤ ᠨᠢ ᠪᠠᠶᠢᠴᠠᠭᠠᠨ ᠰᠤᠳᠤᠯᠤᠯᠲᠠ ᠬᠢᠵᠦ᠂ 7 ᠤᠳᠠᠭ᠎ᠠ ᠲᠤᠰᠬᠠᠶ ᠰᠡᠳᠦᠪ ᠢᠶᠠᠷ ᠰᠤᠳᠤᠯᠵᠤ᠂ ᠪᠠᠯᠠ ᠮᠥᠩᠭᠦ ᠶᠢᠨ ᠪᠠᠲᠤᠯᠠᠭ᠎ᠠ᠂ ᠵᠢᠭᠰᠠᠭᠠᠯ ᠤᠨ ᠭᠠᠵᠠᠷ ᠢ ᠨᠡᠭᠦᠯᠭᠡᠬᠦ᠂ ᠪᠠᠶᠢᠭᠤᠯᠤᠯ ᠤᠨ ᠥᠭᠡᠷᠡᠴᠢᠯᠡᠯᠲᠡ ᠵᠡᠷᠭᠡ ᠪᠣᠳᠠᠲᠠᠶ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠪᠡ᠃ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠲᠦᠷᠦᠭᠦᠯᠡᠨ ᠶᠡᠷᠦᠩᠬᠡᠶᠢᠯᠡᠨ ᠠᠳᠬᠤᠵᠤ᠂ ᠥᠭᠡᠷᠡᠴᠢᠯᠡᠯᠲᠡ ᠶᠢᠨ ᠠᠵᠢᠯ ᠤᠨ ᠲᠤᠰᠬᠠᠶ ᠠᠩᠭᠢ ᠶᠢ ᠵᠣᠬᠢᠶᠠᠨ ᠪᠠᠶᠢᠭᠤᠯᠵᠤ᠂ 6 ᠠᠵᠢᠯᠯᠠᠬᠤ ᠳᠤᠭᠤᠶᠢᠯᠠᠩ ᠪᠠᠶᠢᠭᠤᠯᠵᠤ᠂ ᠭᠠᠷᠠᠭ ᠪᠦᠷᠢ ᠵᠢᠯᠣᠭᠤᠳᠤᠨ ᠲᠣᠬᠢᠷᠠᠭᠤᠯᠵᠤ᠂ ᠥᠭᠡᠷᠡᠴᠢᠯᠡᠯᠲᠡ ᠶᠢᠨ ᠡᠭᠦᠷᠭᠡ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠥᠨᠳᠥᠷ ᠪᠦᠲᠦᠮᠵᠢᠲᠡᠶ ᠠᠬᠢᠭᠤᠯᠪᠠ᠃ ᠬᠤᠶᠠᠷ ᠲᠤ᠂ ᠪᠡᠯᠡ ᠣᠷᠣᠭᠤᠯᠤᠯᠲᠠ ᠶᠢ ᠪᠠᠲᠤᠯᠠᠬᠤ ᠡᠷᠴᠢᠮ ᠢ ᠴᠢᠩᠭᠠᠷᠠᠭᠤᠯᠪᠠ᠃ ᠤᠤᠯ ᠤᠨ ᠷᠠᠳᠢᠣ᠋ ᠲᠧᠯᠸᠢᠰ ᠬᠤᠷᠢᠶᠠᠨ ᠤ ᠲᠡᠤᠬᠡ ᠶᠢᠨ ᠥᠷᠢ ᠥᠭᠴᠡᠭᠡ ᠶᠢ ᠠᠷᠢᠯᠭᠠᠵᠤ᠂ ᠬᠤᠲᠠ ᠶᠢᠨ ᠡᠳ᠋ ᠤᠨ ᠵᠠᠰᠠᠭ ᠤᠨ ᠵᠢᠯ ᠪᠦᠷᠢ ᠶᠢᠨ ᠲᠥᠰᠦᠪ ᠤᠨ ᠲᠤᠰᠬᠠᠶ ᠵᠠᠷᠤᠳᠠᠯ ᠤᠨ ᠪᠠᠲᠤᠯᠠᠭ᠎ᠠ ᠶᠢᠨ ᠠᠵᠢᠯ ᠤᠨ ᠠᠵᠢᠯᠯᠠᠭᠠᠨ ᠢ ᠥᠷᠭᠡᠳᠭᠡᠪᠡ︔ ᠬᠤᠲᠠ ᠶᠢᠨ ᠲᠣᠭᠤᠷᠢᠭ ᠤᠨ ᠭᠤᠤᠯ ᠬᠡᠰᠡᠭ ᠤᠨ 1.2 ᠲᠦᠮᠡᠨ ᠲᠡᠭᠰᠢ ᠳᠥᠷᠪᠡᠯᠵᠢᠨ ᠮᠧᠲᠷ ᠤᠨ ᠠᠯᠪᠠᠨ ᠭᠡᠷ᠂ ᠢᠵᠢ ᠪᠦᠷᠢᠳᠦᠭᠦᠯᠬᠦ ᠲᠤᠰᠬᠠᠶ ᠪᠡᠯᠡ ᠮᠥᠩᠭᠦ ᠶᠢ ᠲᠣᠬᠢᠷᠠᠭᠤᠯᠵᠤ᠂ ᠪᠦᠬᠦ ᠮᠤᠵᠢ ᠶᠢᠨ ᠲᠡᠷᠢᠭᠦᠨ ᠤ ᠬᠠᠮ ᠵᠠᠭᠤᠴᠢᠯᠠᠭᠤᠷ ᠤᠨ ᠲᠣᠭᠯᠠᠯᠲᠠ ᠶᠢᠨ ᠲᠠᠰᠤᠭ ᠢ ᠪᠠᠶᠢᠭᠤᠯᠪᠠ︔ ᠬᠠᠷᠢᠶ᠎ᠠ ᠵᠠᠭᠤᠴᠢᠯᠠᠭᠤᠷ ᠤᠨ ᠪᠦᠯᠦᠭᠯᠡᠯ ᠳᠤ ᠪᠣᠳᠠᠲᠤ ᠶᠠᠭᠤᠮ᠎ᠠ ᠪᠠᠷ ᠪᠡᠯᠡ ᠣᠷᠣᠭᠤᠯᠵᠤ᠂ ᠪᠡᠯᠡ ᠣᠷᠣᠭᠤᠯᠵᠤ ᠪᠡᠯᠡ ᠲᠣᠬᠢᠷᠠᠭᠤᠯᠬᠤ ᠴᠢᠳᠠᠪᠤᠷᠢ ᠶᠢ ᠨᠡᠮᠡᠭᠳᠡᠭᠦᠯᠪᠡ︔ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠮᠣ ᠲᠤᠭ᠎ᠠ ᠪᠠᠷᠢᠮᠲᠠ ᠶᠢ ᠡᠷᠬᠡ ᠣᠯᠭᠤᠨ ᠬᠡᠷᠡᠭᠯᠡᠵᠦ ᠨᠡᠭᠡᠭᠡᠨ ᠬᠥᠭᠵᠢᠭᠦᠯᠵᠦ᠂ ᠣᠯᠠᠨ ᠲᠦᠮᠡᠨ ᠳᠤ ᠦᠢᠯᠡᠴᠢᠯᠡᠬᠦ ᠴᠢᠳᠠᠮᠵᠢ ᠶᠢ ᠥᠷᠭᠡᠳᠭᠡᠪᠡ᠃ ᠭᠤᠷᠪᠠ ᠳᠤ᠂ ᠠᠵᠢᠯᠲᠠᠨ ᠤ ᠶᠠᠪᠤᠳᠠᠯ ᠤᠨ ᠴᠠᠯᠢᠩ ᠬᠥᠯᠥᠰᠥ ᠶᠢᠨ ᠥᠭᠡᠷᠡᠴᠢᠯᠡᠯᠲᠡ ᠶᠢ ᠠᠬᠢᠭᠤᠯᠪᠠ᠃ ︽ᠠᠵᠢᠯ ᠦᠢᠯᠡᠰ ᠤᠨ ᠨᠢᠭᠡᠴᠢ ᠶᠢ ᠠᠵᠤ ᠠᠬᠤᠶᠢᠵᠢᠭᠤᠯᠬᠤ︾ ᠬᠠᠮᠢᠶᠠᠷᠤᠯᠲᠠ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠪᠥᠬᠦ ᠠᠵᠢᠯᠲᠠᠨ ᠤ ᠠᠵᠢᠯ ᠤᠨ ᠪᠠᠶᠢᠷᠢ ᠶᠢᠨ ᠬᠠᠮᠢᠶᠠᠷᠤᠯᠲᠠ᠂ ᠥᠷᠢᠰᠥᠯᠳᠦᠭᠦᠯᠦᠨ ᠠᠵᠢᠯ ᠤᠨ ᠪᠠᠶᠢᠷᠢ ᠳᠤ ᠭᠠᠷᠭᠠᠬᠤ ᠶᠢ ᠬᠡᠷᠡᠭᠵᠢᠭᠦᠯᠦᠨ᠂ ᠲᠣᠰ ᠲᠣᠰ ᠤᠨ ᠣᠨᠴᠠᠯᠢᠭ ᠲᠤ ᠨᠡᠶᠢᠴᠡᠭᠰᠡᠨ ᠲᠤᠰᠢᠶᠠᠯ ᠤᠨ ᠲᠠᠰ ᠤᠨ ᠲᠣᠭᠲᠠᠯᠴᠠᠭ᠎ᠠ᠂ ᠰᠢᠯᠭᠠᠨ ᠬᠢᠨᠠᠬᠤ ᠳᠡᠰ ᠳᠡᠪᠰᠢᠭᠦᠯᠬᠦ ᠵᠠᠮ ᠢ ᠲᠣᠰ ᠲᠣᠰ ᠲᠣᠭᠲᠠᠭᠠᠪᠠ︔ ︽ᠳᠣᠣᠷ᠎ᠠ ᠪᠠᠲᠤᠯᠠᠭ᠎ᠠ᠂ ᠥᠨᠳᠥᠷ ᠠᠵᠢᠯ ᠤᠨ ᠪᠦᠲᠦᠮᠵᠢ︾ ᠶᠢᠨ ᠴᠠᠯᠢᠩ ᠬᠥᠯᠥᠰᠥ ᠶᠢᠨ ᠲᠣᠭᠲᠠᠯᠴᠠᠭ᠎ᠠ ᠶᠢ ᠪᠠᠶᠢᠭᠤᠯᠵᠤ᠂ ᠠᠵᠢᠯ ᠤᠨ ᠪᠠᠶᠢᠷᠢ ᠶᠢᠨ ᠶᠣᠰᠣᠭᠠᠷ ᠬᠡᠮᠵᠢᠶᠡᠵᠢᠭᠦᠯᠦᠨ ᠰᠢᠯᠭᠠᠨ ᠬᠢᠨᠠᠬᠤ ᠭᠦᠢᠴᠡᠳᠬᠡᠯ ᠲᠤᠭ᠎ᠠ ᠶᠢ ᠲᠣᠭᠲᠠᠭᠠᠵᠤ᠂ ᠠᠵᠢᠯ ᠤᠨ ᠪᠦᠲᠦᠮᠵᠢ ᠨᠢ ᠠᠵᠢᠯᠲᠠᠨ ᠤ ᠪᠦᠬᠦᠯᠢ ᠴᠣᠭᠴᠠ ᠶᠢᠨ ᠴᠠᠯᠢᠩ ᠬᠥᠯᠥᠰᠥ ᠶᠢᠨ ᠳᠣᠲᠣᠷ᠎ᠠ 60% ᠠᠴᠠ ᠳᠡᠭᠡᠭᠰᠢᠬᠢ ᠶᠢ ᠡᠵᠡᠯᠡᠪᠡ᠃ ᠲᠤᠰᠬᠠᠶ ᠵᠦᠢᠯ ᠢᠶᠠᠷ ᠤᠷᠮᠠᠰᠢᠭᠤᠯᠬᠤ ᠵᠣᠬᠢᠴᠠᠮᠵᠢ ᠶᠢ ᠲᠡᠭᠦᠯᠳᠡᠷᠵᠢᠭᠦᠯᠵᠦ᠂ ᠲᠠᠩ ᠵᠦᠢᠯ ᠤᠨ ᠱᠠᠩᠨᠠᠨ ᠬᠥᠬᠢᠭᠦᠯᠬᠦ ᠲᠦᠷᠢᠮ ᠢ ᠪᠠᠶᠢᠭᠤᠯᠤᠨ᠂ ᠲᠦᠷᠦᠭᠦᠴᠢ ᠲᠦᠷᠢᠮ᠂ ᠲᠦᠷᠦᠭᠦᠯᠡᠭᠦ ᠲᠦᠷᠢᠮ ᠵᠡᠷᠭᠡ ᠠᠵᠢᠯ ᠤᠨ ᠪᠠᠶᠢᠷᠢ ᠳᠤ ᠤᠷᠢᠨ ᠬᠡᠷᠡᠭᠯᠡᠬᠦ ᠲᠦᠷᠢᠮ ᠢ ᠪᠠᠶᠢᠭᠤᠯᠵᠤ᠂ ᠠᠭᠤᠯᠭ᠎ᠠ ᠶᠢᠨ ᠶᠠᠰᠤ ᠴᠢᠨᠠᠷ ᠪᠠ ᠡᠩᠨᠡᠭᠡ ᠶᠢᠨ ᠠᠮᠢᠵᠢᠷᠠᠯ ᠤᠨ ᠬᠦᠴᠦᠨ ᠤ ︽ᠬᠤᠶᠠᠷ ᠢ ᠳᠡᠭᠡᠭᠰᠢᠯᠡᠭᠦᠯᠬᠦ︾ ᠶᠢ ᠠᠬᠢᠭᠤᠯᠪᠠ᠃  ᠬᠤᠶᠠᠷ᠂ ᠵᠠᠭᠤᠴᠢᠯᠠᠭᠤᠷ ᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠪᠤᠶᠢᠵᠢᠭᠤᠯᠵᠤ᠂ ᠭᠤᠤᠯ ᠤᠷᠤᠰᠬᠠᠯ ᠤᠨ ᠶᠠᠷᠢᠶ᠎ᠠ ᠬᠡᠯᠡᠯᠴᠡᠭᠡᠨ ᠤ ᠳᠠᠮᠵᠢᠭᠤᠯᠭ᠎ᠠ ᠶᠢᠨ ᠰᠢᠨ᠎ᠡ ᠪᠠᠶᠢᠷᠢᠰᠢᠯ ᠢ ᠳᠠᠬᠢᠨ ᠪᠣᠶ ᠪᠣᠯᠭᠠᠪᠠ  ᠢᠨᠲ᠋ᠧᠷ ᠰᠦᠯᠵᠢᠶᠡᠨ ᠤ ᠰᠡᠳᠬᠢᠬᠦᠶ ᠪᠠᠷ ᠳᠠᠮᠵᠢᠭᠤᠯᠬᠤ ᠠᠷᠭ᠎ᠠ ᠪᠠᠷᠢᠯ ᠢᠶᠠᠨ ᠰᠢᠨᠡᠴᠢᠯᠡᠵᠦ᠂ ᠬᠠᠨᠳᠤᠯᠭᠠᠲᠤ ᠰᠡᠳᠬᠢᠬᠦᠶ ᠪᠠᠷ ᠦᠢᠯᠡᠴᠢᠯᠡᠭᠡᠨ ᠤ ᠴᠢᠳᠠᠪᠤᠷᠢ ᠪᠠᠨ ᠴᠢᠩᠭᠠᠳᠬᠠᠵᠤ᠂ ᠬᠡᠷᠡᠭᠯᠡᠭᠴᠢ ᠶᠢᠨ ᠦᠵᠦᠭᠦᠷ ᠤᠨ ᠳᠠᠩᠰᠠᠯᠠᠭᠤᠯᠤᠭᠰᠠᠨ ᠬᠡᠷᠡᠭᠯᠡᠭᠴᠢ ᠶᠢᠨ ᠲᠤᠭ᠎ᠠ 31 ᠲᠦᠮᠡ ᠪᠠᠶᠢᠭᠰᠠᠨ ᠠᠴᠠ ᠪᠠᠨ 139 ᠲᠦᠮᠡ ᠪᠣᠯᠤᠨ ᠳᠡᠭᠡᠭᠰᠢᠯᠡᠵᠦ᠂ ᠬᠤᠲᠠ ᠶᠢᠨ ᠬᠡᠪᠴᠢᠶᠡᠨ ᠳᠤ ᠪᠠᠶᠢᠩᠭᠤ ᠰᠠᠭᠤᠭ᠎ᠠ ᠬᠥᠮᠦᠨ ᠠᠮᠠ ᠶᠢᠨ 61.2% ᠢ ᠬᠠᠮᠤᠷᠴᠤ᠂ ᠡᠳᠦᠷ ᠤᠨ ᠢᠳᠡᠪᠬᠢᠲᠦ ᠬᠡᠷᠡᠭᠯᠡᠭᠴᠢ 3 ᠮᠢᠩᠭ᠎ᠠ ᠬᠦᠷᠬᠦ ᠥᠬᠡᠶ ᠪᠠᠶᠢᠭᠰᠠᠨ ᠠᠴᠠ ᠪᠠᠨ 4.3 ᠲᠦᠮᠡ ᠪᠣᠯᠵᠣ ᠨᠡᠮᠡᠭᠳᠡᠪᠡ᠃ ᠨᠢᠭᠡ ᠳᠤ᠂ ᠨᠠᠷᠢᠯᠢᠭ ᠣᠨᠣᠪᠴᠢᠲᠠᠢ ᠪᠠᠷ ᠳᠠᠮᠵᠢᠭᠤᠯᠬᠤ ︽ᠭᠤᠤᠯ ᠬᠥᠳᠡᠯᠭᠡᠭᠦᠷ︾ ᠢ ᠪᠣᠶ ᠪᠣᠯᠭᠠᠪᠠ᠃ ᠪᠥᠬᠦ ᠤᠯᠤᠰ ᠤᠨ ᠠᠩᠬᠠᠳᠠᠭᠴᠢ ︽ᠰᠣᠨᠢᠨ ᠮᠡᠳᠡᠭᠡᠨ ᠤ ᠤᠬᠠᠭᠤᠯᠭ᠎ᠠ + ᠵᠠᠰᠠᠭ ᠤᠨ ᠶᠠᠪᠤᠳᠠᠯ ᠤᠨ ᠲᠣᠮᠣ ᠲᠤᠭ᠎ᠠ ᠪᠠᠷᠢᠮᠲᠠ + ᠲᠡᠷᠢᠭᠦᠨ ᠤ ᠪᠤᠳᠤᠬᠤ ᠠᠷᠭ᠎ᠠ︾ ᠶᠢᠨ ᠣᠶᠤᠨᠴᠢ ᠵᠠᠭᠤᠴᠢᠯᠠᠭᠤᠷ ᠤᠨ ᠰᠠᠭᠤᠷᠢ ᠶᠢ ᠪᠣᠶ ᠪᠣᠯᠭᠠᠵᠤ᠂ ᠲᠠᠨᠢᠯᠴᠠᠭᠤᠯᠭ᠎ᠠ ᠶᠢᠨ ᠪᠤᠳᠤᠬᠤ ᠠᠷᠭ᠎ᠠ ᠶᠢᠨ ᠵᠠᠭᠪᠤᠷ ᠢ ᠰᠢᠯᠢᠳᠡᠭᠵᠢᠭᠦᠯᠦᠨ᠂ ᠣᠯᠠᠨ ᠲᠦᠮᠡᠨ ᠤ ᠦᠵᠡᠵᠦ ᠰᠣᠨᠣᠰᠬᠤ ᠠᠭᠤᠯᠭ᠎ᠠ ᠶᠢ ᠨᠠᠷᠢᠯᠢᠭ ᠣᠨᠣᠪᠴᠢᠲᠠᠢ ᠪᠠᠷ ᠬᠡᠷᠡᠭᠯᠡᠭᠴᠢ ᠶᠢᠨ ᠡᠮᠦᠨ᠎ᠡ ᠬᠦᠷᠭᠡᠵᠦ᠂ ᠬᠡᠷᠡᠭᠯᠡᠭᠴᠢᠳ ᠤᠨ ᠪᠡᠶᠡᠴᠢᠯᠡᠨ ᠣᠶᠢᠯᠠᠭᠠᠯᠲᠠ ᠪᠠ ᠨᠠᠭᠠᠯᠳᠤᠮᠠᠬᠠᠢ ᠴᠢᠨᠠᠷ ᠢ ᠴᠢᠩᠭᠠᠷᠠᠭᠤᠯᠪᠠ᠃ ᠵᠢᠱᠢᠯᠲᠡ ᠪᠠᠷ ᠵᠢᠯ ᠤᠨ ᠡᠴᠦᠰ ᠪᠣᠯᠬᠤ ᠳᠤ᠂ ︽ᠽᠢ ᠶᠠᠩ ᠤᠨ ᠠᠵᠢᠭᠯᠠᠯᠲᠠ︾ ᠶᠢᠨ ᠬᠡᠷᠡᠭᠯᠡᠭᠴᠢ ᠶᠢᠨ ᠦᠵᠦᠭᠦᠷ ᠤᠨ ᠬᠡᠷᠡᠭᠯᠡᠭᠴᠢ ᠶᠢᠨ ᠲᠤᠭ᠎ᠠ ᠬᠤᠲᠠ ᠶᠢᠨ ᠬᠡᠪᠴᠢᠶᠡᠨ ᠳᠠᠬᠢ ᠪᠠᠶᠢᠩᠭᠤ ᠰᠠᠭᠤᠭ᠎ᠠ ᠬᠥᠮᠦᠨ ᠠᠮᠠ ᠶᠢᠨ 80% ᠠᠴᠠ ᠳᠡᠭᠡᠭᠰᠢᠬᠢ ᠶᠢ ᠳᠠᠪᠠᠵᠤ᠂ ᠡᠳᠦᠷ ᠤᠨ ᠢᠳᠡᠪᠬᠢᠲᠦ ᠬᠡᠷᠡᠭᠯᠡᠭᠴᠢ 10 ᠲᠦᠮᠡ ᠠᠴᠠ ᠳᠡᠭᠡᠭᠰᠢ ᠨᠡᠮᠡᠭᠳᠡᠬᠦ ᠪᠣᠯᠣᠨ᠎ᠠ᠃ ᠬᠤᠶᠠᠷ ᠲᠤ᠂ ᠭᠤᠯᠳᠤ ᠴᠢᠭᠯᠡᠯ ᠢᠶᠠᠷ ᠨᠡᠪᠲᠡᠷᠡᠭᠰᠡᠨ ︽ᠵᠠᠩᠭᠢᠯᠠᠭ᠎ᠠ ᠶᠢᠨ ᠬᠦᠢᠰᠦ︾ ᠶᠢ ᠪᠠᠶᠢᠭᠤᠯᠪᠠ᠃ ︽ᠲᠢᠶᠠᠨ ᠹᠦ᠋ ᠬᠠᠮ ᠵᠠᠭᠤᠴᠢᠯᠠᠭᠤᠷ ᠤᠨ ᠬᠤᠯᠪᠣᠭᠠᠲᠤ ᠴᠣᠭᠴᠠ︾ ᠳᠤ ᠵᠠᠯᠭᠠᠨ ᠣᠷᠣᠭᠤᠯᠵᠤ᠂ ᠲᠥᠪ᠂ ᠮᠤᠵᠢ᠂ ᠬᠤᠲᠠ ᠶᠢᠨ ᠵᠠᠭᠤᠴᠢᠯᠠᠭᠤᠷ ᠤᠨ ᠵᠣᠯᠭᠠᠭᠤᠯᠬᠤ ᠠᠷᠭ᠎ᠠ ᠵᠠᠮ ᠢ ᠪᠦᠲᠦᠮᠵᠢᠲᠡᠶ ᠨᠡᠪᠲᠡᠷᠡᠭᠦᠯᠵᠦ᠂ ᠽᠢ ᠶᠠᠩ ᠤᠨ ᠣᠨᠴᠠᠯᠢᠭ ᠲᠠᠢ ᠬᠢᠯᠠᠰ ᠴᠡᠭ ᠤᠨ ᠮᠡᠳᠡᠭᠡ ᠵᠠᠩᠭᠢ ᠶᠢ ᠲᠡᠷᠡ ᠳᠠᠷᠤᠶ ᠳᠤ ᠨᠢ ᠳᠡᠭᠡᠳᠦ ᠱᠠᠲᠤᠨ ᠤ ᠵᠠᠭᠤᠴᠢᠯᠠᠭᠤᠷ ᠤᠨ ᠲᠠᠪᠴᠠᠩ ᠳᠤ ᠢᠯᠡᠷᠡᠭᠦᠯᠬᠦ ᠶᠢ ᠠᠬᠢᠭᠤᠯᠪᠠ᠃ ᠬᠤᠲᠠ ᠰᠢᠶᠠᠨ ᠢ ᠨᠢᠭᠡ ᠴᠣᠭᠴᠠᠵᠢᠭᠤᠯᠤᠨ ᠲᠥᠯᠥᠪᠵᠢᠭᠦᠯᠵᠦ ᠪᠦᠲᠦᠭᠡᠨ ᠪᠠᠶᠢᠭᠤᠯᠵᠤ᠂ ᠬᠡᠷᠡᠭᠯᠡᠭᠴᠢᠳ ᠬᠠᠮᠲᠤ ᠪᠠᠷ ᠬᠡᠷᠡᠭᠯᠡᠬᠦ᠂ ᠠᠭᠤᠯᠭ᠎ᠠ ᠶᠢ ᠬᠠᠮᠲᠤ ᠪᠠᠷ ᠡᠳ᠋ᠯᠡᠬᠦ᠂ ᠮᠡᠳᠡᠭᠡ ᠵᠠᠩᠭᠢ ᠶᠢ ᠬᠠᠷᠢᠯᠴᠠᠨ ᠠᠬᠢᠭᠤᠯᠬᠤ ᠶᠢ ᠪᠡᠶᠡᠯᠡᠭᠦᠯᠵᠦ᠂ ᠴᠢᠬᠤᠯᠠ ᠮᠡᠳᠡᠭᠡ ᠵᠠᠩᠭᠢ ᠶᠢ ᠨᠢᠭᠡ ᠳᠠᠷᠤᠪᠴᠢ ᠪᠠᠷ ᠬᠤᠲᠠ ᠰᠢᠶᠠᠨ ᠤ ᠬᠠᠮ ᠵᠠᠭᠤᠴᠢᠯᠠᠭᠤᠷ ᠤᠨ ᠬᠡᠷᠡᠭᠯᠡᠭᠴᠢ ᠶᠢᠨ ᠦᠵᠦᠭᠦᠷ ᠲᠤ ᠵᠡᠷᠭᠡ ᠪᠠᠷ ᠬᠦᠷᠭᠡᠵᠦ᠂ ᠭᠤᠤᠯ ᠤᠷᠤᠰᠬᠠᠯ ᠤᠨ ᠶᠠᠷᠢᠶ᠎ᠠ ᠬᠡᠯᠡᠯᠴᠡᠭᠡᠨ ᠤ ᠢᠵᠢᠯ ᠳᠠᠪᠲᠠᠮᠵᠢᠲᠤ ᠴᠤᠤᠷᠢᠶ᠎ᠠ ᠶᠢ ᠪᠡᠶᠡᠯᠡᠭᠦᠯᠪᠡ᠃ ᠭᠤᠷᠪᠠ ᠳᠤ᠂ ᠤᠯᠠᠨ ᠲᠦᠮᠡᠨ ᠤ ᠠᠮᠢᠳᠤᠷᠠᠯ ᠤᠨ ︽ᠨᠢᠭᠡᠳᠦᠭᠡᠷ ᠣᠷᠣᠴᠠ︾ ᠶᠢ ᠪᠠᠶᠢᠭᠤᠯᠪᠠ᠃ ᠤᠤᠯ ᠤᠨ ︽ᠲᠢᠶᠠᠨ ᠹᠦ᠋ ᠬᠤᠲᠠ ᠶᠢᠨ ᠠᠷᠠᠳ ᠤᠨ ᠡᠭᠦᠯᠡ︾ ᠶᠢᠨ ᠬᠡᠷᠡᠭᠯᠡᠭᠴᠢ ᠶᠢᠨ ᠦᠵᠦᠭᠦᠷ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ  ᠤ ᠴᠢᠳᠠᠮᠵᠢ ᠶᠢ ᠠᠯᠬᠤᠮ ᠠᠯᠬᠤᠮ ᠢᠶᠠᠷ ︽ ᠽᠢ ᠶᠠᠩ  ᠤᠨ ᠠᠵᠢᠭᠯᠠᠯᠲᠠ︾ ᠶᠢᠨ ᠬᠡᠷᠡᠭᠯᠡᠭᠴᠢ ᠶᠢᠨ ᠦᠵᠦᠭᠦᠷ ᠲᠤ ᠬᠦᠷᠲᠡᠯ᠎ᠡ ᠲᠥᠪᠯᠡᠷᠡᠭᠦᠯᠵᠦ᠂ ᠨᠢᠭᠡᠨᠲᠡ 110 ᠭᠠᠷᠤᠶ ᠵᠦᠢᠯ ᠤᠨ ᠥᠨᠳᠥᠷ ᠳᠠᠪᠲᠠᠮᠵᠢᠲᠤ ᠰᠦᠯᠵᠢᠶᠡᠨ ᠳᠡᠭᠡᠷᠡᠬᠢ ᠦᠢᠯᠡᠴᠢᠯᠡᠭᠡ ᠶᠢ ᠪᠥᠭᠡᠮᠨᠡᠷᠡᠭᠦᠯᠵᠦ᠂ ᠣᠲᠣ ᠶᠠᠭ ᠬᠡᠷ ᠬᠥᠷᠥᠩᠭᠡ᠂ ᠡᠮᠴᠢᠯᠡᠭᠡ ᠵᠡᠷᠭᠡ ᠲᠣᠰ ᠭᠠᠵᠠᠷ ᠤᠨ ᠬᠠᠯᠠᠮᠰᠢᠯ ᠠᠮᠢᠳᠤᠷᠠᠯ ᠤᠨ ᠬᠡᠷᠡᠭᠯᠡᠭᠡᠨ ᠤ ᠲᠠᠯᠠᠪᠤᠷ ᠢ ᠪᠠᠶᠢᠷᠢᠰᠢᠭᠤᠯᠵᠤ᠂ ︽ᠽᠢ ᠶᠠᠩ ᠤᠨ ᠠᠵᠢᠭᠯᠠᠯᠲᠠ︾ ᠶᠢᠨ ᠬᠡᠷᠡᠭᠯᠡᠭᠴᠢ ᠶᠢᠨ ᠦᠵᠦᠭᠦᠷ ᠢ ︽ᠰᠣᠨᠢᠨ ᠮᠡᠳᠡᠭᠡ + ᠢᠨᠲ᠋ᠧᠷ ᠰᠦᠯᠵᠢᠶ᠎ᠡ︾ ᠶᠢᠨ ᠵᠠᠭᠤᠴᠢᠯᠠᠭᠤᠷ ᠤᠨ ᠵᠠᠭᠪᠤᠷ ᠠᠴᠠ ︽ᠬᠡᠷᠡᠭᠯᠡᠭᠴᠢ + ᠲᠣᠮᠣ ᠲᠤᠭ᠎ᠠ ᠪᠠᠷᠢᠮᠲᠠ︾ ᠬᠦᠷᠲᠡᠯᠡᠬᠢ ᠦᠢᠯᠡᠳᠬᠦᠨ ᠤ ᠵᠠᠭᠪᠤᠷ ᠤᠨ ᠬᠡᠯᠪᠡᠷᠢ ᠶᠢ ᠬᠤᠪᠢᠷᠠᠭᠤᠯᠬᠤ ᠶᠢ ᠳᠥᠯᠭᠢᠨ ᠠᠬᠢᠭᠤᠯᠪᠠ᠃ ᠲᠦᠷᠪᠡ ᠳᠤ᠂ ᠠᠰᠠᠭᠤᠳᠠᠯ ᠢ ᠰᠢᠢᠳᠪᠦᠷᠢᠯᠡᠬᠦ ︽ᠲᠡᠷᠢᠭᠦᠨ ᠰᠣᠩᠭᠤᠯᠲᠠ ᠶᠢᠨ ᠲᠠᠪᠴᠠᠩ︾ ᠢ ᠪᠠᠶᠢᠭᠤᠯᠪᠠ᠃ ︽ᠠᠷᠠᠳ ᠤᠨ ᠪᠠᠶᠢᠳᠠᠯ ᠢ ᠨᠡᠪᠲᠡᠷᠡᠭᠦᠯᠬᠦ︾ ᠪᠤᠯᠤᠩ ᠭᠠᠷᠭᠠᠵᠤ᠂ ︽12345︾ ᠳᠤ ᠤᠲᠠᠰᠤᠳᠠᠬᠤ ᠬᠢᠭᠡᠳ ᠰᠦᠯᠵᠢᠶ᠎ᠡ ᠪᠠᠷ ᠵᠠᠰᠠᠭ ᠢ ᠡᠷᠭᠢᠯᠡᠬᠦ ᠠᠷᠭ᠎ᠠ ᠵᠠᠮ ᠢ ᠨᠡᠪᠲᠡᠷᠡᠭᠦᠯᠪᠡ︔ ᠠᠷᠠᠳ ᠤᠨ ᠠᠮᠢᠳᠤᠷᠠᠯ ᠤᠨ ᠲᠦᠷᠦᠯ ᠤᠨ ᠲᠦᠷᠦᠯ ᠲᠡᠮᠲᠡᠭᠲᠦ ᠶᠢᠨ ᠪᠤᠯᠤᠩ ︽ᠽᠢ ᠶᠠᠩ ᠤᠨ ᠬᠢᠨᠠᠯᠲᠠ ᠲᠠᠯᠪᠢᠯᠲᠠ︾᠂ ︽ᠽᠢ ᠶᠠᠩ ᠤᠨ ᠬᠠᠪᠰᠤᠷᠤᠯᠭ᠎ᠠ︾ ᠶᠢ ᠭᠠᠷᠭᠠᠵᠤ᠂ ᠤᠯᠠᠨ ᠲᠦᠮᠡᠨ ᠤ 300 ᠭᠠᠷᠤᠢ ᠬᠦᠴᠢᠷ ᠵᠣᠪᠠᠭᠤᠷᠢ ᠶᠢ ᠨᠢ ᠰᠢᠢᠳᠪᠦᠷᠢᠯᠡᠬᠦ ᠶᠢ ᠠᠬᠢᠭᠤᠯᠵᠤ᠂ ᠬᠤᠳᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠤᠯᠠᠨ ᠲᠦᠮᠡᠨ ᠢ ᠣᠶᠢᠯᠠᠭᠠᠬᠤ᠂ ᠤᠯᠠᠨ ᠲᠦᠮᠡᠨ ᠲᠠᠢ ᠣᠶᠢᠷᠠᠳᠬᠤ᠂ ᠤᠯᠠᠨ ᠲᠦᠮᠡᠨ ᠤ ᠬᠦᠴᠢᠷ ᠵᠣᠪᠠᠭᠤᠷᠢ ᠶᠢ ᠰᠢᠢᠳᠪᠦᠷᠢᠯᠡᠬᠦ ᠰᠢᠨ᠎ᠡ ᠠᠷᠭ᠎ᠠ ᠵᠠᠮ ᠢ ᠪᠣᠢ ᠪᠣᠯᠭᠠᠪᠠ᠃  ᠭᠤᠷᠪᠠ᠂ ᠴᠢᠨᠠᠷ ᠰᠠᠶᠢᠲᠠᠶ ᠠᠭᠤᠯᠭ᠎ᠠ ᠶᠢᠨ ᠦᠢᠯᠡᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ︽ᠣᠯᠠᠨ ᠲᠦᠮᠡᠨ ᠤ ᠦᠵᠡᠬᠦ ᠶᠢ ᠬᠦᠰᠡᠬᠦ︾ ᠶᠢ ︽ᠣᠯᠠᠨ ᠲᠦᠮᠡᠨ ᠦᠵᠡᠬᠦ ᠰᠠᠨᠠᠭ᠎ᠠ ᠲᠠᠢ︾ ᠪᠣᠯᠭᠠᠨ ᠬᠤᠪᠢᠷᠠᠭᠤᠯᠪᠠ  ᠢᠨᠲ᠋ᠧᠷ ᠰᠦᠯᠵᠢᠶᠡᠨ ᠤ ᠳᠠᠮᠵᠢᠭᠤᠯᠭ᠎ᠠ ᠶᠢᠨ ᠵᠢᠮ᠎ᠡ ᠶᠣᠰᠣ ᠶᠢ ᠵᠢᠷᠤᠮᠯᠠᠨ᠂ ᠰᠢᠨ᠎ᠡ ᠬᠡᠯᠪᠡᠷᠢ ᠶᠢᠨ ᠰᠤᠷᠪᠤᠯᠵᠢᠯᠠᠨ ᠨᠠᠶᠢᠷᠠᠭᠤᠯᠬᠤ ᠶᠠᠪᠤᠴᠠ ᠶᠢ ᠪᠠᠶᠢᠭᠤᠯᠵᠤ᠂ ᠠᠭᠤᠯᠭ᠎ᠠ ᠶᠢᠨ ᠢᠯᠡᠷᠡᠬᠦ ᠬᠡᠯᠪᠡᠷᠢ ᠶᠢᠨ ᠰᠢᠨ᠎ᠡ ᠶᠢ ᠡᠭᠦᠳᠴᠦ᠂ ᠬᠠᠮ ᠵᠠᠭᠤᠴᠢᠯᠠᠭᠤᠷ ᠤᠨ ᠠᠵᠢᠯ ᠤᠨ ᠵᠣᠬᠢᠴᠠᠮᠵᠢ ᠶᠢ ᠪᠦᠷᠢᠨᠰᠢᠭᠦᠯᠦᠨ᠂ ᠵᠥᠪ ᠲᠠᠯ᠎ᠠ ᠶᠢᠨ ᠤᠬᠠᠭᠤᠯᠭ᠎ᠠ ᠶᠢᠨ ᠨᠥᠯᠥᠭᠡᠯᠡᠬᠦ ᠬᠦᠴᠦᠨ᠂ ᠬᠥᠲᠥᠯᠥᠨ ᠵᠢᠯᠣᠭᠤᠳᠬᠤ ᠬᠦᠴᠦᠨ ᠢ ᠳᠡᠭᠡᠭᠰᠢᠯᠡᠭᠦᠯᠪᠡ᠃ ᠨᠢᠭᠡ ᠳᠤ᠂ ᠦᠢᠯᠡᠳᠪᠦᠷᠢᠯᠡᠯ ᠤᠨ ᠵᠣᠬᠢᠶᠠᠨ ᠪᠠᠶᠢᠭᠤᠯᠤᠯᠲᠠ ᠶᠢᠨ ᠪᠦᠲᠦᠴᠡ ᠶᠢ ᠰᠢᠯᠢᠳᠡᠭᠵᠢᠭᠦᠯᠪᠡ᠃ ᠢᠨᠲ᠋ᠧᠷ ᠰᠦᠯᠵᠢᠶ᠎ᠡ ᠪᠠᠷ ᠭᠤᠤᠯ ᠪᠣᠯᠭᠠᠵᠤ᠂ ᠵᠠᠭᠤᠴᠢᠯᠠᠭᠤᠷ ᠤᠨ ᠰᠤᠷᠪᠤᠯᠵᠢᠯᠠᠨ ᠨᠠᠶᠢᠷᠠᠭᠤᠯᠬᠤ ᠶᠠᠪᠤᠴᠠ ᠶᠢ ᠡᠷᠴᠢᠮᠵᠢᠭᠦᠯᠬᠦ᠂ ᠲᠣᠭᠠᠵᠢᠭᠤᠯᠬᠤ ᠥᠭᠡᠷᠡᠴᠢᠯᠡᠯᠲᠡ ᠶᠢ ᠠᠬᠢᠭᠤᠯᠤᠨ᠂ 40% ᠶᠢᠨ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠢ ᠪᠠᠭᠠᠰᠬᠠᠵᠤ᠂ ᠤᠯᠠᠮᠵᠢᠯᠠᠯᠲᠤ ᠰᠤᠷᠪᠤᠯᠵᠢᠯᠠᠭᠴᠢ ᠶᠢ ᠬᠠᠮ ᠵᠠᠭᠤᠴᠢᠯᠠᠭᠤᠷ ᠤᠨ ᠰᠤᠷᠪᠤᠯᠵᠢᠯᠠᠭᠴᠢ ᠳᠤ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠤᠨ᠂ ᠳᠠᠩ ᠵᠣᠷᠪᠤᠰ ᠤᠨ ᠰᠣᠨᠢᠨ ᠮᠡᠳᠡᠭᠡᠨ ᠤ ᠦᠢᠯᠡᠳᠪᠦᠷᠢᠯᠡᠯ ᠢ ᠲᠤᠷᠰᠢᠯᠲᠠ ᠶᠢᠨ ᠴᠡᠭ ᠠᠴᠠ ᠡᠮᠦᠨ᠎ᠡ ᠰᠤᠷᠪᠤᠯᠵᠢᠯᠠᠨ ᠨᠠᠶᠢᠷᠠᠭᠤᠯᠬᠤ ᠠᠵᠢᠯᠲᠠᠨ ᠤ 60% ᠠᠴᠠ ᠳᠡᠭᠡᠭᠰᠢᠬᠢ ᠶᠢ ᠪᠠᠭᠠᠰᠬᠠᠵᠤ᠂ ᠤᠤᠯ ᠤᠨ ᠵᠣᠬᠢᠶᠠᠨ ᠪᠦᠲᠦᠭᠡᠭᠰᠡᠨ ᠰᠣᠨᠢᠨ ᠮᠡᠳᠡᠭᠡᠨ ᠤ ᠨᠠᠶᠢᠷᠠᠭᠤᠯᠤᠨ ᠲᠠᠷᠬᠠᠭᠠᠬᠤ ᠬᠡᠮᠵᠢᠶ᠎ᠡ ᠶᠢ 2 ᠳᠠᠬᠢᠨ ᠠᠴᠠ ᠳᠡᠭᠡᠭᠰᠢ ᠳᠡᠭᠡᠭᠰᠢᠯᠡᠭᠦᠯᠪᠡ᠃ ᠬᠤᠶᠠᠷ ᠲᠤ᠂ ᠠᠭᠤᠯᠭ᠎ᠠ ᠶᠢᠨ ᠬᠠᠩᠭᠠᠯᠭ᠎ᠠ ᠶᠢᠨ ᠥᠭᠡᠷᠡᠴᠢᠯᠡᠯᠲᠡ ᠶᠢ ᠴᠢᠩᠭᠠᠷᠠᠭᠤᠯᠪᠠ᠃ ︽ᠰᠢᠯᠵᠢᠯᠲᠡ᠂ ᠸᠢᠳᠢᠣ᠋ᠵᠢᠯᠲᠡ᠂ ᠨᠡᠶᠢᠭᠡᠮ ᠤᠨ ᠬᠠᠷᠢᠯᠴᠠᠭ᠎ᠠ︾ ᠶᠢ ᠪᠠᠷᠢᠮᠲᠠᠯᠠᠵᠤ᠂ ᠰᠢᠨ᠎ᠡ ᠵᠠᠭᠤᠴᠢᠯᠠᠭᠤᠷ ᠤᠨ ᠠᠷᠭ᠎ᠠ ᠬᠡᠯᠪᠡᠷᠢ᠂ ᠤᠯᠠᠨ ᠲᠦᠮᠡᠨᠴᠢᠯᠡᠭᠰᠡᠨ ᠦᠭᠡ ᠬᠡᠯᠡ᠂ ᠤᠷᠠᠯᠢᠭᠵᠢᠯᠲᠠ ᠶᠢᠨ ᠬᠡᠯᠪᠡᠷᠢ ᠪᠠᠷ ᠰᠣᠨᠢᠨ ᠮᠡᠳᠡᠭᠡᠨ ᠤ ᠪᠦᠲᠦᠭᠡᠭᠳᠡᠬᠦᠨ ᠢ ᠦᠢᠯᠡᠳᠴᠦ᠂ ᠦᠢᠯᠡᠳᠪᠦᠷᠢᠯᠡᠯ ᠤᠨ ᠴᠢᠳᠠᠪᠤᠷᠢ ᠠᠴᠠ ᠦᠵᠡᠪᠡᠯ᠂ ᠡᠳᠦᠷ ᠪᠦᠷᠢ ᠳᠤᠮᠳᠠᠴᠢ ᠪᠠᠷ ᠰᠢᠨ᠎ᠡ ᠰᠣᠨᠢᠨ ᠮᠡᠳᠡᠭᠡᠨ ᠤ ᠡᠬᠡ ᠪᠢᠴᠢᠭ ᠢ ᠦᠢᠯᠡᠳᠪᠤᠷᠢᠯᠡᠬᠦ ᠬᠡᠮᠵᠢᠶ᠎ᠡ 2 ᠳᠠᠬᠢᠨ ᠳᠡᠭᠡᠭᠰᠢᠯᠡᠪᠡ︔ ᠦᠢᠯᠡᠳᠬᠦᠨ ᠤ ᠪᠦᠲᠦᠴᠡ ᠠᠴᠠ ᠠᠪᠴᠤ ᠦᠵᠡᠪᠡᠯ᠂ ᠰᠢᠨ᠎ᠡ ᠵᠠᠭᠤᠴᠢᠯᠠᠭᠤᠷ ᠤᠨ ᠦᠢᠯᠡᠳᠬᠦᠨ ᠤ ᠡᠵᠡᠯᠡᠬᠦ ᠬᠠᠷᠢᠴᠠᠯ 32% ᠪᠠᠶᠢᠭᠰᠠᠨ ᠠᠴᠠ ᠪᠠᠨ 55% ᠳᠤ ᠬᠦᠷᠪᠡ︔ ᠦᠢᠯᠡᠳᠬᠦᠨ ᠤ ᠶᠠᠰᠤ ᠴᠢᠨᠠᠷ ᠠᠴᠠ ᠦᠵᠡᠪᠡᠯ᠂ ᠪᠦᠬᠦ ᠰᠦᠯᠵᠢᠶᠡᠨ ᠤ ᠤᠩᠰᠢᠯᠭ᠎ᠠ ᠶᠢᠨ ᠬᠡᠮᠵᠢᠶ᠎ᠡ 100 ᠲᠦᠮᠡ ᠠᠴᠠ ᠳᠡᠭᠡᠭᠰᠢᠬᠢ 102 ᠬᠤᠪᠢ᠂ 1000 ᠲᠦᠮᠡ ᠠᠴᠠ ᠳᠡᠭᠡᠭᠰᠢᠬᠢ 37 ᠬᠤᠪᠢ ᠪᠠᠶᠢᠵᠤ᠂ 47 ᠪᠦᠲᠦᠭᠡᠯ ᠨᠢ ᠰᠧᠴᠤᠸᠠᠨ ᠤ ᠰᠣᠨᠢᠨ ᠮᠡᠳᠡᠭᠡᠨ ᠤ ᠱᠠᠩᠨᠠᠯ ᠵᠡᠷᠭᠡ ᠱᠠᠩᠨᠠᠯ ᠢ ᠬᠦᠷᠲᠡᠵᠦ᠂ ᠥᠩᠭᠡᠷᠡᠭᠰᠡᠨ ᠵᠢᠯ ᠤᠳ ᠤᠨ ᠬᠠᠮᠤᠭ ᠤᠨ ᠰᠠᠶᠢᠨ ᠬᠢᠷᠢ ᠪᠦᠲᠦᠮᠵᠢ ᠶᠢ ᠡᠭᠦᠳᠪᠡ᠃ ᠭᠤᠷᠪᠠ ᠳᠤ᠂ ᠰᠢᠨ᠎ᠡ ᠵᠠᠭᠤᠴᠢᠯᠠᠭᠤᠷ ᠤᠨ ᠡᠵᠡᠩᠨᠡᠯᠲᠡ ᠶᠢᠨ ᠬᠢᠨᠠᠨ ᠰᠢᠯᠭᠠᠯᠲᠠ ᠶᠢ ᠲᠤᠪᠤᠶᠢᠯᠭᠠᠪᠠ᠃ ᠭᠡᠷᠡᠭᠯᠡᠭᠴᠢ ᠪᠠᠷ ᠭᠤᠤᠯ ᠪᠤᠯᠭᠠᠠᠠᠰᠠᠨ ︽ᠪᠤᠳᠣᠯᠭ᠎ᠠ᠂ ᠰᠣᠷᠪᠤᠯᠵᠢᠯᠠᠬᠤ᠂ ᠨᠡᠶᠢᠷᠡᠭᠤᠯᠬᠤ᠂ ᠲᠠᠷᠬᠠᠭᠠᠬᠤ᠂ ᠡᠵᠡᠩᠨᠡᠬᠦ᠂ ᠦᠨᠡᠯᠡᠬᠦ︾ ᠠᠵᠢᠯ ᠤᠨ ᠶᠠᠪᠤᠴᠠ ᠶᠢ ᠪᠤᠢ ᠪᠤᠯᠭᠠᠵᠦ᠂ ᠠᠭᠤᠯᠭ᠎ᠠ ᠶᠢᠨ ᠡᠵᠡᠩᠨᠡᠯᠳᠡ ᠶᠢ ᠳᠡᠯᠭᠡᠷᠡᠬᠦᠯᠥᠨ᠂ ᠰᠡᠳᠣᠪ ᠤᠨ ᠡᠵᠡᠩᠨᠡᠨ ᠪᠤᠷᠣᠯᠠᠭᠤᠯᠬᠤ᠂ ᠣᠬᠠᠭᠤᠯᠥᠨ ᠳᠡᠯᠭᠡᠷᠡᠬᠦᠯᠬᠦ᠂ ᠭᠡᠷᠡᠭᠯᠡᠭᠴᠢᠳ ᠤᠨ ᠬᠠᠷᠢᠯᠴᠠᠨ ᠬᠦᠳᠡᠯᠥᠯᠴᠡᠬᠦ ᠵᠡᠷᠭᠡ ᠭᠤᠬᠴᠤᠭ᠎ᠠ ᠶᠢ ᠨᠡᠮᠡᠭᠳᠡᠭᠦᠯᠪᠡ᠃ ᠰᠢᠯᠭᠠᠨ ᠦᠨᠡᠯᠡᠬᠦ ᠲᠣᠭᠲᠠᠯᠴᠠᠭ᠎ᠠ ᠶᠢ ᠰᠢᠯᠢᠳᠡᠭᠵᠢᠭᠦᠯᠵᠦ᠂ ᠡᠬᠡ ᠪᠢᠴᠢᠭ ᠶᠠᠪᠤᠭᠤᠯᠤᠭᠰᠠᠨ ᠬᠡᠮᠵᠢᠶ᠎ᠡ᠂ ᠤᠩᠰᠢᠯᠭ᠎ᠠ ᠶᠢᠨ ᠬᠡᠮᠵᠢᠶ᠎ᠡ᠂ ᠰᠢᠯᠵᠢᠭᠦᠯᠦᠨ ᠠᠴᠢᠶᠠᠯᠠᠬᠤ ᠬᠡᠮᠵᠢᠶ᠎ᠡ᠂ ᠮᠠᠭᠳᠠᠯᠲᠠ ᠶᠢᠨ ᠬᠡᠮᠵᠢᠶ᠎ᠡ ᠵᠡᠷᠭᠡ ᠢᠨᠲ᠋ᠧᠷ ᠰᠦᠯᠵᠢᠶᠡᠨ ᠤ ᠳᠠᠮᠵᠢᠭᠤᠯᠭ᠎ᠠ ᠶᠢᠨ ᠪᠣᠳᠠᠲᠤ ᠦᠷ᠎ᠡ ᠪᠦᠲᠦᠮᠵᠢ ᠶᠢ ᠭᠤᠤᠯᠳᠠᠯᠭ᠎ᠠ ᠲᠠᠢ ᠰᠢᠯᠭᠠᠨ ᠦᠨᠡᠯᠡᠵᠦ᠂ ᠰᠤᠷᠪᠤᠯᠵᠢᠯᠠᠭᠴᠢ ᠶᠢ ᠬᠥᠲᠥᠯᠥᠨ ᠵᠢᠯᠣᠭᠤᠳᠴᠤ ᠪᠠᠶᠢᠭᠠᠳ ᠰᠢᠯᠵᠢᠮᠡᠯ ᠳᠠᠮᠵᠢᠭᠤᠯᠭ᠎ᠠ᠂ ᠨᠡᠶᠢᠭᠡᠮ ᠤᠨ ᠬᠠᠷᠢᠯᠴᠠᠭᠠᠨ ᠤ ᠳᠠᠮᠵᠢᠭᠤᠯᠭ᠎ᠠ ᠳᠤ ᠳᠣᠭᠢᠷᠠᠬᠤ ᠰᠣᠨᠢᠨ ᠮᠡᠳᠡᠭᠡᠨ ᠤ ᠦᠢᠯᠡᠳᠬᠦᠨ ᠢ ᠣᠯᠠᠨ ᠦᠢᠯᠡᠳᠪᠦᠷᠢᠯᠡᠪᠡ᠃  ᠲᠦᠷᠪᠡ᠂ ᠨᠠᠶᠢᠵᠠ ᠶᠢᠨ ᠴᠤᠭᠯᠠᠷᠠᠯ ᠠᠮᠢ ᠠᠬᠤᠢ ᠶᠢᠨ ᠬᠦᠷᠢᠶ᠎ᠠ ᠶᠢ ᠪᠤᠢ ᠪᠤᠯᠭᠠᠵᠤ᠂ ︽ᠡᠳ᠋ ᠤᠨ ᠵᠠᠰᠠᠭ ᠤᠨ ᠬᠤᠭᠤᠯᠠ ᠶᠢ ᠢᠳᠡᠬᠦ︾ ᠠᠴᠠ ︽ᠵᠠᠬ᠎ᠠ ᠳᠡᠯᠭᠡᠭᠦᠷ ᠤᠨ ᠵᠤᠭᠤᠰ ᠢ ᠤᠯᠬᠤ︾ ᠬᠦᠷᠳᠡᠯ᠎ᠡ  ᠮᠤᠵᠢ ᠶᠢᠨ ᠱᠠᠲᠤᠨ ᠤ ᠵᠠᠭᠤᠴᠢᠯᠠᠭᠤᠷ᠂ ᠤᠯᠤᠰ ᠤᠨ ᠥᠮᠴᠢᠯᠡᠯᠲᠦ ᠲᠠᠪᠴᠠᠩ ᠤᠨ ᠺᠣᠮᠫᠠᠨᠢ᠂ ᠢᠨᠲ᠋ᠧᠷ ᠰᠦᠯᠵᠢᠶᠡᠨ ᠤ ᠲᠣᠯᠣᠭᠠᠶᠢᠯᠠᠭᠴᠢ ᠠᠵᠤ ᠠᠬᠤᠶᠢᠯᠠᠯ ︵ᠲᠢᠺ ᠲᠣᠺ ᠵᠡᠷᠭᠡ︶ ᠲᠠᠢ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠠᠷᠢᠴᠠᠭ᠎ᠠ ᠪᠠᠶᠢᠭᠤᠯᠬᠤ ᠪᠠᠷ ᠳᠠᠮᠵᠢᠭᠤᠯᠤᠨ᠂ ᠣᠯᠠᠨ ᠡᠰᠢᠲᠦ ᠬᠥᠭᠵᠢᠯᠲᠡ ᠶᠢᠨ ᠡᠵᠡᠩᠨᠡᠯᠲᠡ ᠶᠢᠨ ᠴᠢᠳᠠᠪᠤᠷᠢ ᠶᠢ ᠳᠠᠶᠢᠴᠢᠯᠠᠨ ᠳᠡᠭᠡᠭᠰᠢᠯᠡᠭᠦᠯᠵᠦ᠂ 2023 ᠣᠨ ᠳᠤ ᠡᠵᠡᠩᠨᠡᠯᠲᠡ ᠶᠢᠨ ᠣᠷᠣᠯᠭ᠎ᠠ 5600 ᠲᠦᠮᠡ ᠶᠢ ᠳᠠᠪᠠᠵᠤ᠂ ᠠᠳᠠᠯᠢ ᠬᠤᠭᠤᠴᠠᠭᠠᠨ ᠤ ᠬᠢ ᠠᠴᠠ 273% ᠪᠠᠷ ᠨᠡᠮᠡᠭᠳᠡᠪᠡ᠃ ᠨᠢᠭᠡ ᠳᠤ᠂ ᠤᠯᠠᠮᠵᠢᠯᠠᠯᠲᠤ ᠡᠵᠡᠩᠨᠡᠯᠲᠡ ᠶᠢᠨ ᠲᠤᠬᠠᠶᠢᠯᠠᠭᠰᠠᠨ ᠠᠵᠢᠯ ᠤᠨ ᠵᠠᠬ᠎ᠠ ᠳᠡᠯᠭᠡᠭᠦᠷ ᠢ ᠪᠤᠵᠠᠭᠠᠶᠢᠷᠠᠭᠤᠯᠪᠠ᠃ ᠬᠤᠲᠠ ᠶᠢᠨ ᠱᠠᠲᠤᠨ ᠤ ᠡᠯ᠎ᠡ ᠰᠠᠯᠠᠭ᠎ᠠ ᠮᠥᠴᠢᠷ᠂ ᠤᠯᠤᠰ ᠤᠨ ᠥᠮᠴᠢᠯᠡᠯᠲᠦ ᠠᠵᠤ ᠠᠬᠤᠶᠢᠯᠠᠯ ︵ᠠᠵᠢᠯ ᠦᠢᠯᠡᠰ︶ ᠤᠨ ᠨᠢᠭᠡᠴᠢ ᠶᠢᠨ ᠲᠤᠬᠠᠶᠢᠯᠠᠭᠰᠠᠨ ᠠᠵᠢᠯ ᠢ ᠪᠦᠬᠦᠨ ᠢ ᠬᠠᠮᠤᠷᠬᠤ ᠶᠢ ᠦᠨᠳᠦᠰᠦᠨ ᠳᠤ ᠪᠠᠨ ᠪᠡᠶᠡᠯᠡᠭᠦᠯᠪᠡ᠃ ᠰᠧᠴᠤᠸᠠᠨ ᠤ ᠷᠠᠳᠢᠣ᠋ ᠲᠧᠯᠸᠢᠰ ᠬᠤᠷᠢᠶ᠎ᠠ ᠶᠢᠨ ᠵᠣᠬᠢᠶᠠᠨ ᠪᠠᠶᠢᠭᠤᠯᠤᠭᠰᠠᠨ ᠪᠠᠯᠠ ᠨᠡᠶᠢᠯᠡᠬᠦᠯᠬᠦ ᠺᠣᠮᠫᠠᠨᠢ ᠳᠤ ᠲᠦᠰᠢᠭᠯᠡᠨ᠂ ᠰᠠᠨᠠᠭᠠᠴᠢᠯᠠᠭ᠎ᠠ ᠠᠴᠠ ᠪᠠᠨ ᠲᠤᠬᠠᠶᠢᠯᠠᠭᠰᠠᠨ ᠠᠵᠢᠯ ᠢ ᠳᠠᠭᠠᠭᠠᠨ ᠬᠦᠢᠴᠡᠳᠬᠡᠬᠦ ᠶᠢᠨ ᠬᠠᠮᠲᠤ ᠬᠤᠲᠠ ᠶᠢᠨ ᠭᠠᠳᠠᠨ᠎ᠠ ᠵᠠᠬ᠎ᠠ ᠳᠡᠯᠭᠡᠭᠦᠷ ᠤᠨ ᠬᠦᠷᠢᠶ᠎ᠡ ᠴᠠᠷᠠᠭ᠎ᠠ ᠪᠠᠨ ᠥᠷᠭᠡᠳᠬᠡᠵᠦ᠂ 2023 ᠣᠨ ᠤ ᠷᠤᠷᠭᠠᠢ ᠤᠯᠤᠰ ᠤᠨ ᠴᠡᠴᠡᠷᠯᠢᠭ ᠤᠨ ᠰᠣᠶᠣᠯ ᠵᠢᠭᠤᠯᠴᠢᠯᠠᠯ ᠤᠨ ᠨᠠᠶᠢᠷ ᠵᠡᠷᠭᠡ ᠤᠬᠠᠭᠤᠯᠭ᠎ᠠ ᠶᠢᠨ ᠦᠢᠯᠡᠳᠭᠦᠨ ᠢ ᠰᠡᠭᠦᠳᠡᠷᠯᠡᠨ ᠦᠢᠯᠡᠳᠬᠦ ᠲᠤᠬᠠᠶᠢᠯᠠᠭᠰᠠᠨ ᠠᠵᠢᠯ ᠢ ᠥᠨᠳᠥᠷ ᠪᠠᠷᠢᠮᠵᠢᠶ᠎ᠠ ᠪᠠᠷ ᠬᠡᠷᠡᠭᠵᠢᠭᠦᠯᠵᠦ᠂ ᠤᠯᠠᠮᠵᠢᠯᠠᠯᠲᠤ ᠡᠵᠡᠩᠨᠡᠯᠲᠡ ᠶᠢᠨ ᠲᠤᠬᠠᠶᠢᠯᠠᠭᠰᠠᠨ ᠠᠵᠢᠯ ᠢ ᠲᠣᠭᠲᠠᠭᠤᠨ ᠤ ᠳᠤᠮᠳᠠ ᠠᠬᠢᠭᠤᠯᠵᠤ᠂ ᠲᠣᠭᠲᠠᠭᠤᠨ ᠤ ᠳᠤᠮᠳᠠ ᠶᠠᠰᠤ ᠴᠢᠨᠠᠷ ᠢ ᠳᠡᠭᠡᠭᠰᠢᠯᠡᠭᠦᠯᠬᠦ ᠶᠢ ᠪᠡᠶᠡᠯᠡᠭᠦᠯᠪᠡ᠃ ᠬᠤᠶᠠᠷ ᠲᠤ᠂ ᠡᠯ᠎ᠡ ᠲᠥᠷᠥᠯ ᠤᠨ ᠬᠤᠷᠠᠯ ᠦᠵᠡᠰᠬᠦᠯᠡᠩ ᠤᠨ ᠠᠵᠢᠯᠯᠠᠭ᠎ᠠ ᠶᠢᠨ ᠲᠤᠬᠠᠶᠢᠯᠠᠭᠰᠠᠨ ᠠᠵᠢᠯ ᠢ ᠥᠷᠭᠡᠳᠬᠡᠪᠡ᠃ ᠰᠣᠶᠣᠯ ᠵᠢᠭᠤᠯᠴᠢᠯᠠᠯ᠂ ᠰᠣᠶᠣᠯ ᠤᠨ ᠦᠵᠡᠰᠬᠦᠯᠡᠩ᠂ ᠰᠣᠶᠣᠯ ᠤᠨ ᠡᠭᠦᠳᠦᠯᠲᠡ ᠵᠡᠷᠭᠡ ᠭᠤᠤᠯᠳᠠᠯᠭ᠎ᠠ ᠲᠠᠢ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠪᠡᠶ᠎ᠡ ᠶᠢᠨ ᠲᠠᠮᠢᠷ ᠤᠨ ᠤᠷᠤᠯᠳᠤᠭᠠᠨ᠂ ᠪᠠᠶᠠᠷ ᠤᠨ ᠡᠳᠦᠷ ᠤᠨ ᠴᠤᠭᠯᠠᠭᠠᠨ ᠤ ᠡᠵᠡᠩᠨᠡᠨ ᠪᠣᠷᠣᠯᠠᠭᠤᠯᠤᠯᠲᠠ᠂ ᠲᠣᠮᠣ ᠬᠡᠯᠪᠡᠷᠢ ᠶᠢᠨ ᠦᠵᠡᠰᠬᠦᠯᠡᠩ ᠪᠠ ᠬᠤᠲᠠ ᠶᠢᠨ ᠰᠣᠶᠣᠯ ᠤᠨ ᠲᠠᠨᠢᠯᠴᠠᠭᠤᠯᠭ᠎ᠠ ᠵᠡᠷᠭᠡ ᠡᠵᠡᠩᠨᠡᠯᠲᠡ ᠶᠢᠨ ᠲᠤᠬᠠᠶᠢᠯᠠᠭᠰᠠᠨ ᠠᠵᠢᠯ ᠢ ᠲᠥᠰᠦᠪᠯᠡᠨ ᠬᠡᠷᠡᠭᠵᠢᠭᠦᠯᠪᠡ᠃ ᠪᠡᠯᠡ ᠨᠡᠶᠢᠯᠡᠭᠦᠯᠦᠭᠰᠡᠨ ᠺᠣᠮᠫᠠᠨᠢ ᠶᠢᠨ ᠬᠦᠯᠢᠶᠡᠨ ᠠᠪᠤᠭᠰᠠᠨ ᠳᠤᠮᠳᠠᠳᠤ ᠤᠯᠤᠰ ᠤᠨ ᠪᠠᠷᠠᠭᠤᠨ ᠣᠷᠣᠨ ᠤ ᠣᠯᠠᠨ ᠤᠯᠤᠰ ᠤᠨ ᠦᠵᠡᠰᠭᠦᠯᠡᠩ ᠤᠨ ᠽᠢ ᠶᠠᠩ ᠤᠨ ᠭᠤᠤᠯ ᠰᠡᠳᠦᠪᠲᠦ ᠣᠷᠳᠣᠨ ᠤ ᠲᠣᠮᠣ ᠬᠡᠯᠪᠡᠷᠢ ᠶᠢᠨ ᠳᠡᠯᠭᠡᠨ ᠦᠵᠡᠭᠦᠯᠬᠦ ᠲᠤᠬᠠᠶᠢᠯᠠᠭᠰᠠᠨ ᠠᠵᠢᠯ ᠨᠢ ᠮᠠᠨ ᠤ ᠬᠤᠲᠠ ᠶᠢᠨ ᠳᠡᠯᠭᠡᠨ ᠦᠵᠡᠭᠦᠯᠬᠦ ᠬᠡᠪᠴᠢᠶ᠎ᠡ ᠪᠠᠷ ᠬᠠᠮᠤᠭ ᠤᠨ ᠶᠡᠭᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠭᠤᠯᠤᠭᠳᠠᠴᠠ ᠪᠠᠷ ᠬᠠᠮᠤᠭ ᠤᠨ ᠥᠨᠳᠥᠷ᠂ ᠨᠡᠶᠢᠭᠡᠮ ᠤᠨ ᠲᠤᠰᠬᠠᠯ ᠬᠠᠮᠤᠭ ᠤᠨ ᠰᠠᠶᠢᠨ ᠬᠢᠷᠢ ᠪᠦᠲᠦᠮᠵᠢ ᠶᠢ ᠡᠭᠦᠳᠦᠭᠰᠡᠨ ᠪᠠᠶᠢᠨ᠎ᠠ᠃ ᠣᠳᠣᠬᠠᠨ ᠳᠤ᠂ ᠨᠠᠩ ᠣᠯᠠᠨ ᠰᠠᠯᠠᠭ᠎ᠠ ᠮᠥᠴᠢᠷ ︵ᠠᠵᠤ ᠠᠬᠤᠶᠢᠯᠠᠯ︶ ᠰᠠᠨᠠᠭᠠᠴᠢᠯᠠᠭ᠎ᠠ ᠠᠴᠠ ᠪᠠᠨ ᠡᠷᠢᠨ ᠢᠷᠡᠵᠦ᠂ ᠬᠠᠮ ᠵᠠᠭᠤᠴᠢᠯᠠᠭᠤᠷ ᠤᠨ ᠲᠥᠪ ᠤᠨ ᠬᠢᠨ ᠤ ᠲᠥᠷᠥᠯ ᠵᠦᠢᠯ ᠤᠨ ᠠᠵᠢᠯ ᠡᠬᠢᠯᠡᠭᠦᠯᠬᠦ ᠶᠣᠰᠣᠯᠠᠯ᠂ ᠠᠮᠲᠠᠲᠤ ᠢᠳᠡᠭᠡᠨ ᠤ ᠰᠣᠶᠣᠯ ᠤᠨ ᠨᠠᠶᠢᠷ᠂ ᠠᠵᠢᠯ ᠲᠥᠷᠥᠯ ᠤᠨ ᠶᠠᠷᠢᠶᠠᠨ ᠤ ᠲᠠᠪᠴᠠᠩ ᠵᠡᠷᠭᠡ ᠠᠵᠢᠯᠯᠠᠭ᠎ᠠ ᠶᠢ ᠳᠠᠭᠠᠭᠠᠴᠢᠯᠠᠨ ᠡᠷᠭᠢᠯᠡᠬᠦ ᠶᠢ ᠱᠠᠭᠠᠷᠳᠠᠵᠤ᠂ ᠬᠠᠮ ᠵᠠᠭᠤᠴᠢᠯᠠᠭᠤᠷ ᠤᠨ ᠲᠥᠪ ᠤᠨ ᠡᠵᠡᠩᠨᠡᠯᠲᠡ ᠶᠢᠨ ᠲᠤᠬᠠᠶᠢᠯᠠᠭᠰᠠᠨ ᠠᠵᠢᠯ ᠤᠨ ᠰᠢᠨ᠎ᠡ ᠰᠢᠪᠲᠤᠯᠤᠯᠲᠠ ᠶᠢ ᠪᠡᠶᠡᠯᠡᠭᠦᠯᠪᠡ᠃ ᠭᠤᠷᠪᠠ ᠳᠤ᠂ ᠲᠣᠭᠠᠴᠢᠯᠠᠭᠰᠠᠨ ᠠᠵᠤ ᠠᠬᠤᠢ ᠶᠢᠨ ᠰᠢᠨ᠎ᠡ ᠤᠷᠤᠯᠳᠤᠭᠠᠨ ᠤ ᠵᠠᠮ ᠢ ᠨᠡᠬᠡᠭᠡᠪᠡ᠃ ᠣᠶᠤᠨᠴᠢ ᠵᠠᠭᠤᠴᠢᠯᠠᠭᠤᠷ ᠤᠨ ᠰᠠᠭᠤᠷᠢ ᠳᠤ ᠲᠦᠰᠢᠭᠯᠡᠨ ᠲᠣᠭᠠᠴᠢᠯᠠᠭᠰᠠᠨ ᠰᠤᠷᠭᠠᠨ ᠬᠥᠮᠦᠵᠢᠯ᠂ ᠲᠣᠭᠠᠴᠢᠯᠠᠭᠰᠠᠨ ᠭᠡᠷ ᠬᠥᠷᠥᠩᠭᠡ᠂ ᠲᠣᠭᠠᠴᠢᠯᠠᠭᠰᠠᠨ ᠦᠢᠯᠡᠴᠢᠯᠡᠭᠡᠨ ᠤ ᠦᠢᠯᠡᠰ᠂ ᠲᠣᠭᠠᠴᠢᠯᠠᠭᠰᠠᠨ ᠬᠠᠩᠭᠠᠯᠭ᠎ᠠ ᠶᠢᠨ ᠬᠡᠯᠬᠢᠶ᠎ᠡ ᠶᠢᠨ ᠬᠦᠷᠢᠶᠡᠨ ᠤ ᠲᠤᠬᠠᠶᠢᠯᠠᠭᠰᠠᠨ ᠠᠵᠢᠯ ᠢ ᠥᠷᠨᠢᠭᠦᠯᠵᠦ᠂ ᠠᠵᠠ ᠲᠣᠬᠢᠶᠠᠯ ᠢ ᠠᠮᠵᠢᠨ ᠲᠣᠭᠠᠴᠢᠯᠠᠭᠰᠠᠨ ᠠᠵᠤ ᠠᠬᠤᠶ ᠶᠢᠨ ᠤᠷᠤᠯᠳᠤᠭᠠᠨ ᠤ ᠵᠠᠮ ᠳᠤ ︽ᠪᠠᠶᠢᠷᠢ︾ ᠶᠢ ᠵᠠᠪᠳᠤᠨ ᠡᠵᠡᠯᠡᠪᠡ᠃ ᠲᠣᠭᠠᠴᠢᠯᠠᠭᠰᠠᠨ ᠠᠵᠤ ᠠᠬᠤᠶ ᠵᠢᠴᠢ ᠡᠯᠧᠺᠲᠷᠣᠨ ᠬᠤᠳᠠᠯᠳᠤᠭᠠᠨ ᠤ ᠰᠢᠭᠤᠳ ᠨᠡᠪᠲᠡᠷᠡᠭᠦᠯᠭᠡ ᠶᠢᠨ ᠰᠠᠭᠤᠷᠢᠨ ᠭᠠᠵᠠᠷ ᠢ ᠡᠵᠡᠩᠨᠡᠵᠦ᠂ ᠽᠢ ᠶᠠᠩ ᠪᠠ ᠴᠧᠩᠳᠦ᠋ ᠳᠤ ᠴᠤᠸᠠᠨ ᠢᠦᠶ ᠭᠠᠵᠠᠷ ᠣᠷᠣᠨ ᠤ ᠬᠠᠮᠤᠭ ᠤᠨ ᠲᠣᠮᠣ ︽ᠬᠤᠤᠰ ᠰᠠᠭᠤᠷᠢᠨ ᠭᠠᠵᠠᠷ︾ ᠤᠨ ᠰᠢᠨ᠎ᠡ ᠵᠢᠵᠢᠭᠯᠡᠨ ᠬᠤᠳᠠᠯᠳᠤᠬᠤ ᠲᠥᠪ ᠢ ᠪᠠᠶᠢᠭᠤᠯᠵᠤ᠂ ᠴᠢᠳᠠᠪᠤᠷᠢᠲᠠᠨ ᠤ ᠪᠣᠯᠪᠠᠰᠤᠷᠠᠯ᠂ ᠲᠣᠭᠠᠴᠢᠯᠠᠭᠰᠠᠨ ᠡᠵᠡᠩᠨᠡᠯᠲᠡ ᠪᠣᠷᠣᠯᠠᠭᠤᠯᠤᠯᠲᠠ᠂ ᠠᠵᠤ ᠦᠢᠯᠡᠰ ᠤᠨ ᠲᠠᠰ ᠳᠡᠪᠰᠢᠬᠦ ᠵᠡᠷᠭᠡ ᠲᠤᠬᠠᠶᠢᠯᠠᠭᠰᠠᠨ ᠠᠵᠢᠯ ᠢ ᠥᠷᠨᠢᠭᠦᠯᠵᠦ᠂ 2024 ᠣᠨ ᠳᠤ 2000 ᠲᠦᠮᠡᠨ ᠲᠥᠭᠦᠷᠢᠭ ᠤᠨ ᠡᠵᠡᠩᠨᠡᠯᠲᠡ ᠶᠢᠨ ᠣᠷᠣᠯᠭ᠎ᠠ ᠶᠢ ᠪᠡᠶᠡᠯᠡᠭᠦᠯᠬᠦ ᠪᠠᠷ ᠵᠢᠱᠢᠵᠦ ᠪᠣᠶ᠃ 
ᠢᠷᠡᠯᠲᠡ᠄ ᠤᠯᠤᠰ ᠤᠨ ᠷᠠᠳᠢᠣ᠋ ᠲᠧᠯᠸᠢᠰ ᠤᠨ ᠤᠶᠤᠨ ᠤ ᠬᠦᠮᠦᠷᠭᠡ