ᠪᠦᠬᠦ ᠣᠷᠣᠨ ᠤ ᠵᠢᠷᠭᠤᠳᠤᠭᠠᠷ ᠬᠤᠭᠤᠴᠠᠭᠠᠨ ᠤ ᠷᠠᠳᠢᠣ᠋ ᠲᠧᠯᠸᠢᠰ ᠤᠨ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡᠨ ᠤ ᠤᠷᠤᠯᠳᠤᠭᠠᠨ ᠢ ᠡᠷᠬᠢᠯᠡᠬᠦ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2024/5/8
 ᠡᠯ᠎ᠡ ᠠᠶᠢᠮᠠᠭ ᠬᠤᠲᠠ ᠪᠣᠯᠤᠨ ᠮᠠᠨᠵᠤᠤᠷ ᠬᠤᠲᠠ᠂ ᠡᠷᠢᠶᠡᠨ ᠬᠤᠲᠠ ᠶᠢᠨ ᠷᠠᠳᠢᠣ᠋ ᠲᠧᠯᠸᠢᠰ ᠤᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠡᠯ᠎ᠡ ᠵᠠᠭᠤᠴᠢᠯᠠᠭᠤᠷ ᠤᠨ ᠪᠠᠶᠢᠭᠤᠯᠤᠮᠵᠢ᠂ ᠷᠠᠳᠢᠣ᠋ ᠲᠧᠯᠸᠢᠰ ᠤᠨ ᠫᠷᠤᠭ᠍ᠷᠠᠮ ᠦᠢᠯᠡᠳᠴᠦ ᠡᠵᠡᠩᠨᠡᠬᠦ ᠪᠠᠶᠢᠭᠤᠯᠤᠮᠵᠢ ᠳᠤ᠄  ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠷᠠᠳᠢᠣ᠋ ᠲᠧᠯᠸᠢᠰ ᠤᠨ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡ ᠶᠢ ᠵᠣᠬᠢᠶᠠᠨ ᠪᠦᠲᠦᠭᠡᠬᠦ ᠪᠠ ᠳᠠᠮᠵᠢᠭᠤᠯᠬᠤ ᠳᠤ ᠣᠷᠣᠯᠴᠠᠬᠤ ᠶᠢ ᠤᠯᠠᠮ ᠨᠢᠭᠡ ᠠᠯᠬᠤᠮ ᠬᠥᠲᠥᠯᠥᠨ ᠵᠢᠯᠤᠭᠤᠳᠬᠤ ᠪᠠ ᠵᠣᠷᠢᠭᠵᠢᠭᠤᠯᠵᠤ᠂ ᠨᠡᠩ ᠣᠯᠠᠨ ᠰᠢᠯᠢᠳᠡᠭ ᠪᠦᠲᠦᠭᠡᠯ ᠢ ᠵᠣᠬᠢᠶᠠᠨ ᠪᠦᠲᠦᠭᠡᠵᠦ ᠦᠢᠯᠡᠳᠪᠦᠷᠢᠯᠡᠬᠦ ᠶᠢ ᠠᠬᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠮᠲᠤᠷᠠᠨ ᠪᠦᠬᠦ ᠣᠷᠣᠨ ᠤ ᠵᠢᠷᠭᠤᠳᠤᠭᠠᠷ ᠬᠤᠭᠤᠴᠠᠭᠠᠨ ᠤ ᠷᠠᠳᠢᠣ᠋ ᠲᠧᠯᠸᠢᠰ ᠤᠨ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡ ᠶᠢᠨ ᠤᠷᠤᠯᠳᠤᠭᠠᠨ ᠢ ᠡᠷᠬᠢᠯᠡᠪᠡ᠂ ᠡᠳᠦᠭᠡ ᠬᠠᠮᠢᠶ᠎ᠠ ᠪᠦᠬᠦᠢ ᠵᠦᠢᠯᠡᠰ ᠢ ᠳᠣᠣᠷᠠᠬᠢ ᠮᠡᠲᠦ ᠮᠡᠳᠡᠭᠳᠡᠶ᠎ᠡ᠃  ᠨᠢᠭᠡ᠂ ᠡᠯᠰᠡᠬᠦ ᠭᠤᠤᠯ ᠰᠡᠳᠦᠪ  ︵ᠨᠢᠭᠡ︶ ᠮᠢᠨᠦ ᠬᠠᠷᠠᠭᠠᠨ ᠳᠠᠬᠢ ᠥᠪᠥᠷ ᠮᠣᠩᠭᠤᠯ ᠳᠤ ᠠᠩᠬᠠᠷᠤᠯ ᠢᠶᠠᠨ ᠲᠥᠪᠯᠡᠷᠡᠭᠦᠯᠵᠦ᠂ ᠥᠪᠥᠷ ᠮᠣᠩᠭᠤᠯ ᠤᠨ ᠰᠢᠨ᠎ᠡ ᠬᠤᠪᠢᠷᠠᠯᠲᠠ᠂ ᠠᠷᠠᠳ ᠲᠦᠮᠡᠨ ᠤ ᠰᠢᠨ᠎ᠡ ᠳᠦᠷᠰᠦ ᠪᠠᠶᠢᠳᠠᠯ᠂ ᠨᠡᠶᠢᠭᠡᠮ ᠤᠨ ᠰᠢᠨ᠎ᠡ ᠳᠦᠷᠰᠦ ᠪᠠᠶᠢᠳᠠᠯ ᠤᠨ ᠠᠭᠤᠯᠬᠤᠨ ᠲᠠᠢ᠂ ᠬᠠᠶᠢᠷ᠎ᠠ ᠰᠡᠳᠬᠢᠯᠭᠡ ᠲᠠᠢ᠂ ᠲᠤᠳᠤᠨᠤᠰᠤᠭ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡ ᠶᠢ ᠵᠣᠬᠢᠶᠠᠨ ᠪᠦᠲᠦᠭᠡᠨ᠎ᠡ᠃ ᠵᠠᠯᠠᠭᠤᠴᠤᠳ ᠤᠨ ᠬᠠᠷᠠᠭᠠᠰᠤ ᠪᠠᠷ ᠳᠠᠮᠵᠢᠭᠤᠯᠤᠨ᠂ ᠵᠠᠯᠠᠭᠤᠴᠤᠳ ᠤᠨ ᠨᠢᠳᠦᠨ ᠳᠠᠬᠢ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢ ᠢᠯᠡᠭᠦᠬᠡᠨ ᠲᠡᠮᠳᠡᠭᠯᠡᠵᠦ᠂ ᠨᠠᠩ ᠣᠯᠠᠨ ᠵᠠᠯᠠᠭᠤᠴᠤᠳ ᠤᠨ ᠥᠪᠥᠷ ᠮᠣᠩᠭᠤᠯ ᠳᠤ ᠢᠷᠡᠵᠦ᠂ ᠥᠪᠥᠷ ᠮᠣᠩᠭᠤᠯ ᠢ ᠣᠶᠢᠯᠠᠭᠠᠵᠤ᠂ ᠥᠪᠥᠷ ᠮᠣᠩᠭᠤᠯ ᠢ ᠤᠬᠠᠭᠤᠯᠵᠤ᠂ ᠰᠡᠳᠬᠢᠯ ᠲᠠᠯᠪᠢᠨ ᠬᠠᠶᠢᠷ᠎ᠠ ᠰᠡᠳᠬᠢᠯᠭᠡ ᠲᠠᠢ ᠪᠠᠷ ᠳᠤᠮᠳᠠᠳᠤ ᠤᠯᠤᠰ ᠤᠨ ᠥᠯᠢᠭᠡᠷ ᠢ ᠰᠠᠶᠢᠲᠤᠷ ᠶᠠᠷᠢᠵᠤ᠂ ᠥᠪᠥᠷ ᠮᠣᠩᠭᠤᠯ ᠤᠨ ᠲᠠᠭᠤᠨ ᠢ ᠳᠠᠮᠵᠢᠭᠤᠯᠤᠨ᠎ᠠ᠃  ︵ᠬᠤᠶᠠᠷ︶ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠶᠢᠨ ᠲᠣᠭᠤᠷᠢᠨ ᠳᠤ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠢᠯᠡ ᠠᠵᠢᠯᠯᠠᠭ᠎ᠠ ᠶᠢᠨ ᠰᠠᠶᠢᠬᠠᠨ ᠦᠯᠢᠭᠡᠷ ᠢ ᠭᠦᠨᠵᠡᠭᠡᠢ ᠠᠭᠤᠳᠠᠯᠵᠤ᠂ ᠨᠠᠮ ᠠᠴᠠ ᠦᠨᠳᠦᠰᠦᠲᠡᠨ ᠨᠦᠭᠦᠳ ᠤᠨ ᠠᠷᠠᠳ ᠲᠦᠮᠡᠨ ᠢ ᠤᠳᠤᠷᠢᠳᠤᠨ ᠪᠦᠯᠬᠦᠮᠳᠡᠨ ᠲᠡᠮᠡᠴᠡᠬᠦ ᠪᠠ ᠦᠨᠳᠦᠰᠦᠲᠡᠨ ᠨᠦᠭᠦᠳ ᠤᠨ ᠥᠷᠭᠡᠨ ᠳᠡᠯᠭᠡᠷ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠪᠦᠬᠦ ᠲᠠᠯ᠎ᠠ ᠪᠠᠷ ᠢᠯᠡᠷᠡᠭᠦᠯᠦᠨ᠎ᠡ᠃ ᠨᠠᠮ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠪᠥᠬᠦ ᠲᠠᠯ᠎ᠠ ᠪᠠᠷ ᠳᠡᠯᠭᠡᠷᠡᠭᠦᠯᠦᠨ ᠲᠦᠭᠡᠮᠡᠯᠵᠢᠭᠦᠯᠬᠦ᠂ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠪᠥᠬᠦ ᠲᠠᠯ᠎ᠠ ᠪᠠᠷ ᠳᠡᠯᠭᠡᠷᠡᠭᠦᠯᠦᠨ ᠬᠡᠷᠡᠭᠯᠡᠬᠦ ᠵᠡᠷᠭᠡ ᠶᠢᠨ ᠲᠣᠭᠤᠷᠢᠨ ᠳᠤ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡᠨ ᠤ ᠤᠬᠠᠭᠤᠯᠭ᠎ᠠ ᠶᠢ ᠥᠷᠨᠢᠭᠦᠯᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠳᠤᠮᠳᠠᠳᠤ ᠶᠢᠨ ᠰᠣᠶᠣᠯ ᠤᠨ ᠮᠡᠳᠡᠷᠡᠮᠵᠢ ᠶᠢ ᠲᠠᠰᠤᠷᠠᠯᠲᠠ ᠥᠬᠡᠶ ᠨᠡᠮᠡᠭᠳᠡᠭᠦᠯᠦᠨ᠎ᠡ᠃  ︵ᠭᠤᠷᠪᠠ︶ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠣᠢ ᠶᠢ ᠪᠡᠯᠭᠡᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠲᠤᠷᠰᠢᠬᠢ ᠮᠠᠨ ᠤ ᠤᠯᠤᠰ ᠤᠨ ᠤᠯᠤᠰ ᠲᠥᠷᠥ᠂ ᠠᠵᠤ ᠠᠬᠤᠶ᠂ ᠰᠣᠶᠣᠯ ᠪᠠ ᠨᠡᠶᠢᠭᠡᠮ ᠤᠨ ᠡᠯ᠎ᠡ ᠲᠠᠯ᠎ᠠ ᠶᠢᠨ ᠬᠥᠭᠵᠢᠯᠲᠡ ᠬᠤᠪᠢᠷᠠᠯᠲᠠ᠂ ᠢᠯᠠᠩᠭᠤᠶ᠎ᠠ ᠥᠪᠥᠷ ᠮᠣᠩᠭᠤᠯ ᠤᠨ ᠥᠭᠡᠷᠡᠴᠢᠯᠡᠯᠲᠡ ᠬᠥᠭᠵᠢᠯᠲᠡ ᠶᠢᠨ ᠭᠡᠷᠡᠯ ᠰᠠᠴᠤᠷᠠᠩᠭᠤᠶ ᠠᠮᠵᠢᠯᠲᠠ ᠶᠢ ᠳᠡᠯᠭᠡᠨ ᠦᠵᠡᠭᠦᠯᠵᠦ᠂ ᠥᠪᠥᠷ ᠮᠣᠩᠭᠤᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠦᠯᠢᠭᠡᠷ ᠢ ᠣᠯᠠᠨ ᠬᠠᠷᠠᠭᠠᠰᠤ ᠠᠴᠠ ᠰᠠᠶᠢᠲᠤᠷ ᠶᠠᠷᠢᠵᠤ᠂ ᠥᠪᠥᠷ ᠮᠣᠩᠭᠤᠯ ᠤᠨ 75 ᠵᠢᠯ ᠤᠨ ᠲᠤᠷᠰᠢᠬᠢ ᠬᠥᠭᠵᠢᠯᠲᠡ ᠬᠤᠪᠢᠷᠠᠯᠲᠠ ᠶᠢ ᠢᠯᠡᠷᠡᠭᠦᠯᠵᠦ᠂ ᠥᠪᠥᠷ ᠮᠣᠩᠭᠤᠯ ᠤᠨ ᠵᠥᠪ ᠲᠠᠯ᠎ᠠ ᠶᠢᠨ ᠲᠦᠷᠢ ᠲᠥᠷᠬᠦ ᠶᠢ ᠤᠯᠠᠮ ᠨᠢᠭᠡ ᠠᠯᠬᠤᠮ ᠪᠤᠢ ᠪᠣᠯᠭᠠᠨ᠎ᠠ᠃  ︵ᠲᠦᠷᠪᠡ︶ ᠤᠮᠠᠷᠠᠲᠤ ᠬᠢᠯᠢ ᠶᠢᠨ ᠰᠣᠶᠣᠯ ᠤᠨ ᠲᠥᠷᠥᠯ ᠲᠡᠮᠳᠡᠭᠲᠦ ᠶᠢ ᠡᠭᠦᠳᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠮᠠᠨ ᠤ ᠣᠷᠣᠨ ᠤ ᠲᠡᠦᠬᠡ ᠰᠣᠶᠣᠯ ᠤᠨ ᠡᠬᠢ ᠪᠠᠶᠠᠯᠢᠭ ᠢ ᠭᠦᠨᠵᠡᠭᠡᠶ ᠠᠭᠤᠳᠠᠯᠵᠤ᠂ ᠤᠮᠠᠷᠠᠲᠤ ᠬᠢᠯᠢ ᠶᠢᠨ ᠰᠣᠶᠣᠯ ᠤᠨ ᠭᠦᠨ ᠵᠤᠵᠠᠭᠠᠨ ᠲᠡᠦᠬᠡ ᠶᠢᠨ ᠠᠭᠤᠯᠬᠤᠨ ᠪᠠ ᠪᠣᠳᠠᠲᠤ ᠠᠬᠤᠢ ᠶᠢᠨ ᠰᠠᠭᠤᠷᠢ ᠶᠢ ᠪᠦᠬᠦ ᠲᠠᠯ᠎ᠠ ᠪᠠᠷ ᠢᠯᠡᠷᠡᠭᠦᠯᠵᠦ᠂ ᠮᠣᠩᠭᠤᠯ ᠮᠣᠷᠢᠨ ᠤ ᠵᠣᠷᠢᠭ ᠰᠠᠨᠠᠭ᠎ᠠ ᠪᠠ ︽ᠤᠮᠠᠷᠠᠲᠤ ᠶᠢᠨ ᠭᠤᠷᠪᠠᠨ ᠣᠷᠣᠨ ᠤ ᠵᠣᠷᠢᠭ ᠰᠠᠨᠠᠭ᠎ᠠ︾ ᠶᠢ ᠭᠦᠨᠵᠡᠭᠡᠶ ᠲᠣᠳᠣᠷᠬᠠᠶᠢᠯᠠᠨ ᠦᠭᠦᠯᠡᠨ᠎ᠡ᠃ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠬᠥᠭᠵᠢᠭᠦᠯᠬᠦ᠂ ᠦᠨᠳᠦᠰᠦᠲᠡᠨ ᠨᠦᠭᠦᠳ ᠤᠨ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ 24 ᠴᠠᠭ ᠤᠯᠠᠷᠢᠯ᠂ ᠤᠯᠠᠮᠵᠢᠯᠠᠯᠲᠤ ᠪᠠᠶᠠᠷ ᠤᠨ ᠡᠳᠦᠷ ᠵᠡᠷᠭᠡ ᠶᠢᠨ ᠲᠣᠭᠤᠷᠢᠨ ᠳᠤ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡᠨ ᠤ ᠪᠦᠲᠦᠭᠡᠯ ᠢ ᠵᠣᠬᠢᠶᠠᠨ ᠪᠦᠲᠦᠭᠡᠨ᠎ᠡ᠃  ︵ᠲᠠᠪᠤ︶ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠪᠠᠳᠠᠷᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠪᠣᠯᠪᠠᠰᠤᠨ ᠰᠢᠨ᠎ᠡ ᠰᠤᠷᠲᠠᠯ ᠢ ᠪᠤᠢ ᠪᠣᠯᠭᠠᠵᠤ᠂ ᠦᠨᠡᠨᠴᠢ ᠢᠲᠡᠭᠡᠮᠵᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠦ᠂ ᠬᠥᠮᠦᠯᠢᠭ ᠶᠣᠰᠣ᠂ ᠲᠦᠭᠡᠮᠡᠯ ᠬᠠᠶᠢᠷ᠎ᠠ᠂ ᠬᠠᠷᠠᠮ ᠦᠭᠡᠢ ᠵᠣᠷᠢᠭᠤᠯᠬᠤ ᠤᠯᠠᠭᠠᠨ ᠵᠠᠭᠠᠯᠮᠠᠶᠢᠳᠠᠨ ᠤ ᠵᠣᠷᠢᠭ ᠰᠠᠨᠠᠭ᠎ᠠ ᠶᠢ ᠢᠯᠡᠷᠡᠭᠦᠯᠵᠦ᠂ ᠠᠮᠤᠷ ᠲᠦᠪᠰᠢᠨ ᠤ ᠮᠡᠳᠡᠯᠭᠡ ᠶᠢ ᠲᠦᠭᠡᠮᠡᠯᠵᠢᠭᠦᠯᠵᠦ᠂ ᠡᠮᠡᠭᠲᠡᠶᠢᠴᠦᠳ᠂ ᠬᠡᠦᠬᠡᠳ᠂ ᠨᠠᠰᠤᠲᠠᠶᠢᠴᠤᠳ᠂ ᠵᠡᠮᠳᠡᠭᠴᠦᠳ ᠢ ᠬᠠᠯᠠᠮᠵᠢᠯᠠᠨ ᠬᠠᠶᠢᠷᠠᠯᠠᠨ᠎ᠠ᠃  ᠬᠤᠶᠠᠷ᠂ ᠤᠷᠤᠯᠳᠤᠭᠠᠨ ᠳᠤ ᠣᠷᠣᠯᠴᠠᠬᠤ ᠬᠡᠪᠴᠢᠶ᠎ᠡ  ᠤᠷᠤᠯᠳᠤᠭᠠᠨ ᠨᠢ ᠣᠷᠣᠨ ᠤ ᠳᠣᠲᠣᠷ᠎ᠠ ᠭᠠᠳᠠᠨ᠎ᠠ ᠠᠴᠠ ᠤᠷᠤᠯᠳᠤᠭᠠᠨ ᠳᠤ ᠣᠷᠣᠯᠴᠠᠬᠤ ᠪᠦᠲᠦᠭᠡᠯ ᠡᠯᠰᠡᠵᠦ᠂ ᠡᠯ᠎ᠡ ᠨᠠᠮ ᠵᠠᠰᠠᠭ ᠤᠨ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠨᠡᠶᠢᠭᠡᠮ ᠤᠨ ᠪᠦᠯᠬᠦᠮ ᠵᠢᠴᠢ ᠶᠡᠭᠡ ᠳᠡᠭᠡᠳᠦ ᠰᠤᠷᠭᠠᠭᠤᠯᠢ᠂ ᠰᠣᠨᠢᠨ ᠮᠡᠳᠡᠭᠡᠨ ᠤ ᠵᠠᠭᠤᠴᠢᠯᠠᠭᠤᠷ᠂ ᠵᠠᠷ ᠮᠡᠳᠡᠭᠡᠨ ᠤ ᠺᠣᠮᠫᠠᠨᠢ᠂ ᠷᠠᠳᠢᠣ᠋ ᠲᠧᠯᠸᠢᠰ ᠤᠨ ᠫᠷᠤᠭ᠍ᠷᠠᠮ ᠦᠢᠯᠡᠳᠴᠦ ᠡᠵᠡᠩᠨᠡᠬᠦ ᠪᠠᠶᠢᠭᠤᠯᠤᠮᠵᠢ᠂ ᠨᠡᠪᠲᠡᠷᠡᠭᠦᠯᠬᠦ ᠪᠠᠶᠢᠭᠤᠯᠤᠮᠵᠢ᠂ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡᠨ ᠤ ᠵᠣᠬᠢᠶᠠᠨ ᠪᠦᠲᠦᠭᠡᠯᠭᠡ ᠶᠢ ᠬᠠᠶᠢᠷᠠᠯᠠᠬᠤ᠂ ᠨᠡᠶᠢᠲᠡ ᠶᠢᠨ ᠠᠰᠠᠷᠠᠮᠵᠢ ᠶᠢᠨ ᠠᠭᠤᠯᠭ᠎ᠠ ᠶᠢ ᠬᠠᠶᠢᠷᠠᠯᠠᠬᠤ ᠵᠣᠬᠢᠶᠠᠨ ᠪᠠᠶᠢᠭᠤᠯᠤᠯᠲᠠ ᠵᠢᠴᠢ ᠬᠤᠪᠢ ᠬᠥᠮᠦᠨ ᠴᠥᠮ ᠣᠷᠣᠯᠴᠠᠵᠤ ᠪᠣᠯᠤᠨ᠎ᠠ᠃  ᠭᠤᠷᠪᠠ᠂ ᠴᠠᠭ ᠤᠨ ᠲᠣᠬᠢᠷᠠᠭᠤᠯᠤᠯᠲᠠ  ᠤᠷᠤᠯᠳᠤᠭᠠᠨ ᠢ ᠡᠬᠢᠯᠡᠯᠲᠡ ᠶᠢᠨ ᠤᠬᠠᠭᠤᠯᠭ᠎ᠠ᠂ ᠪᠦᠲᠦᠭᠡᠯ ᠡᠯᠰᠡᠨ ᠴᠤᠭᠯᠠᠭᠤᠯᠬᠤ᠂ ᠪᠦᠲᠦᠭᠡᠯ ᠢ ᠬᠢᠨᠠᠨ ᠲᠣᠭᠲᠠᠭᠠᠬᠤ ᠪᠠ ᠲᠥᠪᠯᠡᠷᠡᠭᠦᠯᠦᠨ ᠨᠡᠪᠲᠡᠷᠡᠭᠦᠯᠬᠦ ᠳᠥᠷᠪᠡᠨ ᠱᠠᠲᠤ ᠬᠤᠪᠢᠶᠠᠵᠤ᠂ 2024 ᠣᠨ ᠤ 5 ᠳ᠋ᠤᠭᠠᠷ ᠰᠠᠷ᠎ᠠ ᠶᠢᠨ ᠡᠬᠢᠨ ᠠᠴᠠ 12 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ ᠶᠠᠪᠤᠭᠳᠠᠨ᠎ᠠ᠃  ︵ᠨᠢᠭᠡ︶ ᠡᠬᠢᠯᠡᠯᠲᠡ ᠶᠢᠨ ᠱᠠᠲᠤ ᠦᠶ᠎ᠡ ︵5 ᠳ᠋ᠤᠭᠠᠷ ᠰᠠᠷ᠎ᠠ ᠶᠢᠨ ᠡᠬᠢ ᠠᠴᠠ 6 ᠳ᠋ᠤᠭᠠᠷ ᠰᠠᠷ᠎ᠠ ᠶᠢᠨ 10 ᠤ ᠡᠳᠦᠷ ᠪᠣᠯᠲᠠᠯ᠎ᠠ︶  ᠤᠷᠤᠯᠳᠤᠭᠠᠨ ᠤ ᠡᠬᠢᠯᠡᠯᠲᠡ ᠶᠢᠨ ᠶᠣᠰᠣᠯᠠᠯ ᠢ ᠡᠷᠭᠢᠯᠡᠵᠦ᠂ ᠲᠣᠰ ᠤᠳᠠᠭᠠᠨ ᠤ ᠤᠷᠤᠯᠳᠤᠭᠠᠨ ᠤ ᠭᠤᠤᠯ ᠰᠡᠳᠦᠪ ᠪᠠ ᠠᠭᠤᠯᠭ᠎ᠠ ᠶᠢ ᠨᠡᠶᠢᠲᠡᠯᠡᠵᠦ᠂ ᠡᠯ᠎ᠡ ᠭᠤᠤᠯᠯᠠᠨ ᠡᠷᠭᠢᠯᠡᠭᠰᠡᠨ ᠨᠢᠭᠡᠴᠢ᠂ ᠪᠥᠬᠦ ᠣᠷᠣᠨ ᠤ ᠡᠯ᠎ᠡ ᠱᠠᠲᠤᠨ ᠤ ᠷᠠᠳᠢᠣ᠋ ᠲᠧᠯᠸᠢᠰ ᠵᠢᠴᠢ ᠬᠤᠯᠪᠤᠭᠳᠠᠯ ᠪᠥᠬᠦᠶ ᠰᠢᠨ᠎ᠡ ᠵᠠᠭᠤᠴᠢᠯᠠᠭᠤᠷ ᠤᠨ ᠲᠠᠪᠴᠠᠩ ᠤᠨ ᠲᠠᠩᠰᠠᠨ ᠨᠣᠮᠧᠷ ᠵᠡᠷᠭᠡ ᠪᠠᠷ ᠳᠠᠮᠵᠢᠭᠤᠯᠤᠨ ᠤᠷᠤᠯᠳᠤᠭᠠᠨ ᠤ ᠪᠦᠲᠦᠭᠡᠯ ᠤᠨ ᠮᠡᠳᠡᠭᠡ ᠵᠠᠩᠭᠢ ᠶᠢ ᠨᠡᠶᠢᠲᠡᠯᠡᠵᠦ᠂ ᠤᠷᠤᠯᠳᠤᠭᠠᠨ ᠳᠤ ᠤᠬᠠᠭᠤᠯᠭ᠎ᠠ ᠬᠢᠨ᠎ᠡ᠃  ︵ᠬᠤᠶᠠᠷ︶ ᠡᠯᠰᠡᠨ ᠴᠤᠭᠯᠠᠭᠤᠯᠬᠤ ᠱᠠᠲᠤ ︵5 ᠳ᠋ᠤᠭᠠᠷ ᠰᠠᠷ᠎ᠠ ᠶᠢᠨ ᠡᠬᠢ ᠠᠴᠠ 6 ᠳ᠋ᠤᠭᠠᠷ ᠰᠠᠷ᠎ᠠ ᠶᠢᠨ 10 ᠤ ᠡᠳᠦᠷ ᠪᠣᠯᠲᠠᠯ᠎ᠠ︶  ᠪᠢᠴᠢᠭ ᠮᠠᠲ᠋ᠧᠷᠢᠶᠠᠯ ᠢ ᠪᠠᠭᠤᠯᠭᠠᠭᠰᠠᠨ ᠡᠳᠦᠷ ᠠᠴᠠ ᠡᠬᠢᠯᠡᠨ 2024 ᠣᠨ ᠤ 6 ᠳ᠋ᠤᠭᠠᠷ ᠰᠠᠷ᠎ᠠ ᠶᠢᠨ 10 ᠤ ᠡᠳᠦᠷ ᠤᠨ 24 ᠴᠠᠭ ᠪᠣᠯᠲᠠᠯ᠎ᠠ᠂ ᠬᠤᠭᠤᠴᠠᠭ᠎ᠠ ᠬᠡᠲᠦᠷᠡᠪᠡᠯ ᠮᠡᠳᠡᠭᠦᠯᠦᠨ ᠬᠦᠷᠭᠡᠯᠲᠡ ᠬᠦᠴᠦᠨ ᠥᠬᠡᠶ ᠪᠣᠯᠣᠨ᠎ᠠ᠃  ︵ᠭᠤᠷᠪᠠ︶ ᠬᠢᠨᠠᠨ ᠲᠣᠭᠲᠠᠭᠠᠵᠤ ᠨᠡᠶᠢᠲᠡᠯᠡᠬᠦ ᠱᠠᠲᠤ ᠦᠶ᠎ᠡ ︵6 ᠳ᠋ᠤᠭᠠᠷ ᠰᠠᠷ᠎ᠠ ᠶᠢᠨ 20 ᠤ ᠡᠳᠦᠷ ᠠᠴᠠ 7 ᠳ᠋ᠤᠭᠠᠷ ᠰᠠᠷ᠎ᠠ ᠶᠢᠨ 30 ᠤ ᠡᠳᠦᠷ ᠪᠣᠯᠲᠠᠯ᠎ᠠ︶  ᠲᠤᠰᠬᠠᠶ ᠮᠡᠷᠭᠡᠵᠢᠯᠲᠡᠨ ᠢ ᠵᠣᠬᠢᠶᠠᠨ ᠪᠠᠶᠢᠭᠤᠯᠵᠤ ᠴᠤᠭᠯᠠᠭᠤᠯᠤᠭᠰᠠᠨ ᠪᠦᠲᠦᠭᠡᠯ ᠢ ᠲᠥᠪᠯᠡᠷᠡᠭᠦᠯᠦᠨ ᠬᠢᠨᠠᠨ ᠲᠣᠭᠲᠠᠭᠠᠵᠤ᠂ ᠳᠡᠮᠵᠢᠬᠦ ᠪᠠᠷ ᠪᠠᠶᠢᠭ᠎ᠠ ᠪᠦᠲᠦᠭᠡᠯ ᠤᠨ ᠨᠡᠷᠡᠰ ᠢ ᠲᠣᠭᠲᠠᠭᠠᠨ᠎ᠠ᠃ ᠡᠭᠦᠨ ᠳᠤ᠂ ᠪᠦᠲᠦᠭᠡᠯᠴᠢ ᠪᠢᠴᠢᠭ ᠤᠨ ᠲᠦᠰᠦᠯ ᠢ ᠬᠢᠨᠠᠨ ᠲᠣᠭᠲᠠᠭᠠᠬᠤ ᠳᠤ ᠲᠥᠷᠥᠯ ᠵᠦᠢᠯ ᠭᠤᠶᠤᠴᠢᠯᠠᠨ ᠮᠡᠳᠡᠭᠦᠯᠦᠭᠴᠢ ᠠᠴᠠ ᠲᠣᠳᠣᠷᠬᠠᠶᠢᠯᠠᠨ ᠥᠭᠦᠯᠡᠬᠦ ᠬᠡᠯᠪᠡᠷᠢ ᠶᠢ ᠠᠪᠴᠤ᠂ ᠪᠦᠲᠦᠭᠡᠯ ᠢ ᠬᠤᠪᠢᠷᠠᠭᠤᠯᠬᠤ ᠶᠢ ᠳᠡᠮᠵᠢᠬᠦ ᠶᠢ ᠲᠣᠭᠲᠠᠭᠠᠨ᠎ᠠ᠃ 7 ᠳ᠋ᠤᠭᠠᠷ ᠰᠠᠷ᠎ᠠ ᠶᠢᠨ 30 ᠤ ᠡᠳᠦᠷ ᠠᠴᠠ ᠡᠮᠦᠨ᠎ᠡ ᠲᠡᠳᠬᠦᠬᠦ ᠪᠠᠷ ᠪᠠᠶᠢᠭ᠎ᠠ ᠪᠦᠲᠦᠭᠡᠯ ᠪᠠ ᠪᠢᠴᠢᠭ ᠮᠠᠲ᠋ᠧᠷᠢᠶᠠᠯ ᠤᠨ ᠨᠡᠷᠡᠰ ᠢ ᠭᠠᠳᠠᠭᠰᠢ ᠨᠡᠶᠢᠲᠡᠯᠡᠨ᠎ᠡ᠃ ᠨᠡᠶᠢᠲᠡᠯᠡᠯ ᠢᠶᠠᠷ ᠳᠠᠮᠵᠢᠭᠠᠳ ᠦᠷ᠎ᠡ ᠳ᠋ᠦᠩ ᠳᠤ ᠣᠨᠳᠣᠤ ᠰᠠᠨᠠᠯ ᠦᠭᠡᠶ ᠪᠣᠯ ᠰᠢᠯᠭᠠᠷᠠᠭᠤᠯᠤᠭᠰᠠᠨ ᠦᠷ᠎ᠡ ᠳ᠋ᠦᠩ ᠢᠶᠠᠨ ᠨᠡᠶᠢᠭᠡᠮ ᠳᠤ ᠨᠡᠶᠢᠲᠡᠯᠡᠨ᠎ᠡ᠃  ︵ᠲᠦᠷᠪᠡ︶ ᠲᠥᠪᠯᠡᠷᠡᠭᠦᠯᠦᠨ ᠨᠡᠪᠲᠡᠷᠡᠭᠦᠯᠬᠦ ᠱᠠᠲᠤ ᠦᠶ᠎ᠡ ︵8 ᠳ᠋ᠤᠭᠠᠷ ᠰᠠᠷ᠎ᠠ ᠶᠢᠨ ᠳᠤᠮᠳᠠᠴᠢ ᠠᠴᠠ 12 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ︶  ᠤᠷᠤᠯᠳᠤᠭᠠᠨ ᠤ ᠭᠤᠷᠪᠠᠳᠤᠭᠠᠷ ᠲᠥᠷᠥᠯ ᠵᠢᠴᠢ ᠲᠡᠭᠦᠨ ᠠᠴᠠ ᠳᠡᠭᠡᠭᠰᠢᠬᠢ ᠪᠦᠲᠦᠭᠡᠯ ᠪᠠ ᠪᠦᠲᠦᠭᠡᠯᠴᠢ ᠰᠡᠳᠬᠢᠮᠵᠢ ᠪᠠᠷ ᠰᠤᠩᠭᠤᠭᠳᠠᠭᠰᠠᠨ ᠹᠢᠯᠢᠮ ᠢ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠷᠠᠳᠢᠣ᠋ ᠲᠧᠯᠸᠢᠰ ᠤᠨ ᠨᠡᠪᠲᠡᠷᠡᠭᠦᠯᠬᠦ ᠪᠠᠶᠢᠭᠤᠯᠤᠮᠵᠢ ᠵᠢᠴᠢ ᠲᠡᠭᠦᠨ ᠤ ᠰᠢᠨ᠎ᠡ ᠵᠠᠭᠤᠴᠢᠯᠠᠭᠤᠷ᠂ ᠬᠡᠷ ᠤᠨ ᠭᠠᠳᠠᠨᠠᠬᠢ ᠲᠣᠮᠣ ᠳᠡᠯᠭᠡᠴᠡ᠂ ᠲᠡᠮᠦᠷ ᠵᠠᠮ᠂ ᠨᠡᠶᠢᠲᠡ ᠶᠢᠨ ᠮᠠᠰᠢᠨ ᠲᠡᠷᠭᠡ ᠮᠧᠲᠷᠣ᠋ ᠶᠢᠨ ᠲᠧᠯᠸᠢᠰ ᠵᠢᠴᠢ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ ᠶᠢᠨ ᠰᠢᠨ᠎ᠡ ᠵᠠᠭᠤᠴᠢᠯᠠᠭᠤᠷ ᠤᠨ ᠲᠠᠩᠰᠠᠨ ᠨᠣᠮᠧᠷ ᠤᠨ ᠲᠠᠪᠴᠠᠩ ᠳᠤ ᠨᠡᠪᠲᠡᠷᠡᠭᠦᠯᠬᠦ ᠶᠢ ᠵᠣᠬᠢᠶᠠᠨ ᠪᠠᠶᠢᠭᠤᠯᠤᠨ᠎ᠠ᠃  ᠳᠥᠷᠪᠡ᠂ ᠰᠢᠯᠢᠳᠡᠭ ᠢ ᠰᠢᠯᠭᠠᠷᠠᠭᠤᠯᠵᠤ ᠳᠡᠮᠵᠢᠬᠦ  ᠲᠤᠰ ᠬᠤᠭᠤᠴᠠᠭᠠᠨ ᠤ ᠤᠷᠤᠯᠳᠤᠭᠠᠨ ᠳᠤ ᠷᠠᠳᠢᠣ᠋ ᠨᠡᠪᠲᠡᠷᠡᠭᠦᠯᠭᠡ ᠶᠢᠨ ᠲᠦᠷᠦᠯ ᠤᠨ ᠰᠢᠯᠢᠳᠡᠭ ᠪᠦᠲᠦᠭᠡᠯ᠂ ᠲᠧᠯᠸᠢᠰ ᠤᠨ ᠲᠦᠷᠦᠯ ᠤᠨ ᠰᠢᠯᠢᠳᠡᠭ ᠪᠦᠲᠦᠭᠡᠯ᠂ ᠷᠠᠳᠢᠣ᠋ ᠨᠡᠪᠲᠡᠷᠡᠭᠦᠯᠭᠡ ᠶᠢᠨ ᠲᠦᠷᠦᠯ ᠤᠨ ᠰᠢᠯᠢᠳᠡᠭ ᠪᠦᠲᠦᠭᠡᠯᠴᠢ ᠪᠢᠴᠢᠭ ᠤᠨ ᠲᠦᠰᠦᠯ᠂ ᠲᠧᠯᠸᠢᠰ ᠤᠨ ᠲᠦᠷᠦᠯ ᠤᠨ ᠰᠢᠯᠢᠳᠡᠭ ᠪᠦᠲᠦᠭᠡᠯᠴᠢ ᠪᠢᠴᠢᠭ ᠤᠨ ᠲᠦᠰᠦᠯ᠂ ᠰᠢᠯᠢᠳᠡᠭ ᠳᠠᠮᠵᠢᠭᠤᠯᠭ᠎ᠠ ᠶᠢᠨ ᠪᠠᠶᠢᠭᠤᠯᠤᠮᠵᠢ᠂ ᠰᠢᠯᠢᠳᠡᠭ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠵᠡᠷᠭᠡ 6 ᠡᠯᠰᠡᠬᠦ ᠨᠢᠭᠡᠴᠢ ᠶᠢ ᠲᠤᠬᠢᠷᠠᠭᠤᠯᠵᠤ᠂ ᠰᠢᠯᠢᠳᠡᠭ ᠪᠦᠲᠦᠭᠡᠯᠴᠢ ᠦᠰᠦᠭ ᠪᠢᠴᠢᠭ ᠢ ᠲᠤᠰᠬᠠᠢ ᠮᠡᠷᠭᠡᠵᠢᠯ ᠤᠨ ᠺᠣᠮᠫᠠᠨᠢ ᠳᠤ ᠨᠠᠶᠢᠳᠠᠵᠤ ᠳᠠᠭᠤ ᠳᠦᠷᠰᠦ ᠰᠢᠩᠭᠡᠭᠡᠯᠲᠡ ᠶᠢ ᠬᠤᠪᠢᠷᠠᠭᠤᠯᠤᠨ᠎ᠠ᠃  ︵ᠨᠢᠭᠡ︶ ᠷᠠᠳᠢᠣ᠋ ᠨᠡᠪᠲᠡᠷᠡᠭᠦᠯᠭᠡ ᠶᠢᠨ ᠲᠥᠷᠥᠯ ᠤᠨ ᠰᠢᠯᠢᠳᠡᠭ ᠪᠦᠲᠦᠭᠡᠯ᠂ ᠲᠧᠯᠸᠢᠰ ᠤᠨ ᠲᠥᠷᠥᠯ ᠤᠨ ᠰᠢᠯᠢᠳᠡᠭ ᠪᠦᠲᠦᠭᠡᠯ᠂ ᠷᠠᠳᠢᠣ᠋ ᠨᠡᠪᠲᠡᠷᠡᠭᠦᠯᠭᠡ ᠶᠢᠨ ᠲᠥᠷᠥᠯ ᠤᠨ ᠰᠢᠯᠢᠳᠡᠭ ᠪᠦᠲᠦᠭᠡᠯᠴᠢ ᠪᠢᠴᠢᠭ ᠤᠨ ᠲᠥᠰᠦᠯ᠂ ᠲᠧᠯᠸᠢᠰ ᠤᠨ ᠲᠥᠷᠥᠯ ᠤᠨ ᠰᠢᠯᠢᠳᠡᠭ ᠪᠦᠲᠦᠭᠡᠯᠴᠢ ᠪᠢᠴᠢᠭ ᠤᠨ ᠲᠦᠰᠦᠯ ᠢ ᠨᠢᠭᠡᠳᠦᠭᠡᠷ ᠲᠥᠷᠥᠯ᠂ ᠬᠤᠶᠠᠳᠤᠭᠠᠷ ᠲᠥᠷᠥᠯ᠂ ᠭᠤᠷᠪᠠᠳᠤᠭᠠᠷ ᠲᠥᠷᠥᠯ ᠵᠢᠴᠢ ᠰᠢᠯᠢᠳᠡᠭ ᠪᠦᠲᠦᠭᠡᠯ ᠵᠡᠷᠭᠡ ᠳᠥᠷᠪᠡᠨ ᠳᠡᠰ ᠢᠶᠠᠷ ᠬᠤᠪᠢᠶᠠᠵᠤ᠂ ᠳᠡᠮᠵᠢᠵᠦ ᠬᠥᠬᠢᠭᠦᠯᠦᠨ ᠰᠠᠶᠢᠰᠢᠶᠠᠨ᠎ᠠ᠃ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠲᠥᠷᠥᠯ ᠳᠤ ᠰᠣᠩᠭᠤᠭᠳᠠᠭᠰᠠᠨ ᠪᠦᠲᠦᠭᠡᠯ ᠵᠢᠴᠢ ᠪᠦᠲᠦᠭᠡᠯᠴᠢ ᠪᠢᠴᠢᠭ ᠤᠨ ᠲᠦᠰᠦᠯ ᠳᠤ ᠲᠡᠳᠬᠦᠮᠵᠢ ᠶᠢᠨ ᠪᠡᠯᠡ ᠮᠥᠩᠭᠦ ᠣᠯᠭᠤᠵᠤ᠂ ᠰᠣᠩᠭᠤᠭᠳᠠᠭᠰᠠᠨ ᠲᠥᠷᠥᠯ ᠵᠦᠢᠯ ᠳᠤ ᠴᠥᠮ ᠦᠨᠡᠮᠯᠡᠯ ᠣᠯᠭᠤᠨ᠎ᠠ᠃  ᠳᠡᠮᠵᠢᠬᠦ ᠪᠠᠷᠢᠮᠵᠢᠶ᠎ᠠ ᠨᠢ ᠷᠠᠳᠢᠣ᠋ ᠨᠡᠪᠲᠡᠷᠡᠭᠦᠯᠭᠡ ᠶᠢᠨ ᠲᠥᠷᠥᠯ ᠤᠨ ᠪᠦᠲᠦᠭᠡᠯ ᠤᠨ ᠨᠢᠭᠡᠳᠦᠭᠡᠷ ᠲᠥᠷᠥᠯ ᠤᠨ ᠪᠦᠲᠦᠭᠡᠯ ᠳᠤ ᠰᠣᠩᠭᠤᠭᠳᠠᠭᠰᠠᠨ ᠪᠣᠯ 5000 ᠲᠥᠭᠦᠷᠢᠭ / ᠪᠦᠯᠦᠭ ᠢᠶᠠᠷ ᠳᠡᠮᠵᠢᠨ᠎ᠡ︔ ᠬᠤᠶᠠᠳᠤᠭᠠᠷ ᠲᠥᠷᠥᠯ ᠤᠨ ᠪᠦᠲᠦᠭᠡᠯ ᠢ 3000 ᠲᠥᠭᠦᠷᠢᠭ / ᠪᠦᠯᠦᠭ ᠢᠶᠠᠷ ᠳᠡᠮᠵᠢᠨ᠎ᠡ︔ ᠭᠤᠷᠪᠠᠳᠤᠭᠠᠷ ᠲᠥᠷᠥᠯ ᠤᠨ ᠪᠦᠲᠦᠭᠡᠯ ᠢ 2000 ᠲᠥᠭᠦᠷᠢᠭ / ᠪᠦᠯᠦᠭ ᠢᠶᠠᠷ ᠳᠡᠮᠵᠢᠨ᠎ᠡ᠃ ᠲᠧᠯᠸᠢᠰ ᠤᠨ ᠲᠥᠷᠥᠯ ᠤᠨ ᠪᠦᠲᠦᠭᠡᠯ ᠤᠨ ᠨᠢᠭᠡᠳᠦᠭᠡᠷ ᠲᠥᠷᠥᠯ ᠤᠨ ᠪᠦᠲᠦᠭᠡᠯ ᠢ 10000 ᠲᠥᠭᠦᠷᠢᠭ / ᠪᠦᠯᠦᠭ ᠢᠶᠠᠷ ᠳᠡᠮᠵᠢᠨ᠎ᠡ︔ ᠬᠤᠶᠠᠳᠤᠭᠠᠷ ᠲᠥᠷᠥᠯ ᠤᠨ ᠪᠦᠲᠦᠭᠡᠯ ᠢ 8000 ᠲᠥᠭᠦᠷᠢᠭ / ᠪᠦᠯᠦᠭ ᠢᠶᠠᠷ ᠳᠡᠮᠵᠢᠨ᠎ᠡ︔ ᠭᠤᠷᠪᠠᠳᠤᠭᠠᠷ ᠲᠥᠷᠥᠯ ᠤᠨ ᠪᠦᠲᠦᠭᠡᠯ ᠢ 5000 ᠲᠥᠭᠦᠷᠢᠭ / ᠪᠦᠯᠦᠭ ᠢᠶᠠᠷ ᠳᠡᠮᠵᠢᠨ᠎ᠡ᠃ ᠷᠠᠳᠢᠣ᠋ ᠨᠡᠪᠲᠡᠷᠡᠭᠦᠯᠭᠡ ᠶᠢᠨ ᠲᠥᠷᠥᠯ ᠤᠨ ᠪᠦᠲᠦᠭᠡᠯᠴᠢ ᠪᠢᠴᠢᠭ ᠤᠨ ᠲᠦᠰᠦᠯ ᠤᠨ ᠨᠢᠭᠡᠳᠦᠭᠡᠷ ᠲᠥᠷᠥᠯ ᠤᠨ ᠪᠦᠲᠦᠭᠡᠯ ᠢ 3000 ᠲᠥᠭᠦᠷᠢᠭ / ᠪᠦᠯᠦᠭ ᠢᠶᠠᠷ ᠳᠡᠮᠵᠢᠨ᠎ᠡ︔ ᠬᠤᠶᠠᠳᠤᠭᠠᠷ ᠲᠥᠷᠥᠯ ᠤᠨ ᠪᠦᠲᠦᠭᠡᠯ ᠢ 2000 ᠲᠥᠭᠦᠷᠢᠭ / ᠪᠦᠯᠦᠭ ᠢᠶᠠᠷ ᠳᠡᠮᠵᠢᠨ᠎ᠡ︔ ᠭᠤᠷᠪᠠᠳᠤᠭᠠᠷ ᠲᠥᠷᠥᠯ ᠤᠨ ᠪᠦᠲᠦᠭᠡᠯ ᠢ 1000 ᠲᠥᠭᠦᠷᠢᠭ / ᠪᠦᠯᠦᠭ ᠢᠶᠠᠷ ᠳᠡᠮᠵᠢᠨ᠎ᠡ᠃ ᠲᠧᠯᠸᠢᠰ ᠤᠨ ᠲᠥᠷᠥᠯ ᠤᠨ ᠪᠦᠲᠦᠭᠡᠯᠴᠢ ᠪᠢᠴᠢᠭ ᠤᠨ ᠲᠦᠰᠦᠯ ᠤᠨ ᠨᠢᠭᠡᠳᠦᠭᠡᠷ ᠲᠥᠷᠥᠯ ᠤᠨ ᠪᠦᠲᠦᠭᠡᠯ ᠢ 5000 ᠲᠥᠭᠦᠷᠢᠭ / ᠪᠦᠯᠦᠭ ᠢᠶᠠᠷ ᠳᠡᠮᠵᠢᠨ᠎ᠡ︔ ᠬᠤᠶᠠᠳᠤᠭᠠᠷ ᠲᠥᠷᠥᠯ ᠤᠨ ᠪᠦᠲᠦᠭᠡᠯ ᠢ 3000 ᠲᠥᠭᠦᠷᠢᠭ / ᠪᠦᠯᠦᠭ ᠢᠶᠠᠷ ᠳᠡᠮᠵᠢᠨ᠎ᠡ︔ ᠭᠤᠷᠪᠠᠳᠤᠭᠠᠷ ᠲᠥᠷᠥᠯ ᠤᠨ ᠪᠦᠲᠦᠭᠡᠯ ᠢ 2000 ᠲᠥᠭᠦᠷᠢᠭ / ᠪᠦᠯᠦᠭ ᠢᠶᠠᠷ ᠳᠡᠮᠵᠢᠨ᠎ᠡ᠃  ︵ᠬᠤᠶᠠᠷ︶ ᠰᠢᠯᠢᠳᠡᠭ ᠳᠠᠮᠵᠢᠭᠤᠯᠭ᠎ᠠ ᠶᠢᠨ ᠪᠠᠶᠢᠭᠤᠯᠤᠮᠵᠢ᠂ ᠰᠢᠯᠢᠳᠡᠭ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢ ᠬᠡᠳᠦᠨ ᠨᠡᠷ᠎ᠡ ᠰᠤᠩᠭᠤᠬᠤ  ᠳᠠᠮᠵᠢᠭᠤᠯᠭ᠎ᠠ ᠶᠢᠨ ᠪᠠᠶᠢᠭᠤᠯᠤᠮᠵᠢ ᠨᠢ ᠭᠤᠤᠯᠳᠠᠭᠤ ᠡᠯ᠎ᠡ ᠱᠠᠲᠤᠨ ᠤ ᠷᠠᠳᠢᠣ᠋ ᠲᠧᠯᠸᠢᠰ ᠤᠨ ᠨᠡᠪᠲᠡᠷᠡᠭᠦᠯᠬᠦ ᠪᠠᠶᠢᠭᠤᠯᠤᠮᠵᠢ ᠵᠢᠴᠢ ᠷᠠᠳᠢᠣ᠋ ᠲᠧᠯᠸᠢᠰ ᠤᠨ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡ ᠳᠠᠮᠵᠢᠭᠤᠯᠬᠤ ᠳᠤ ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠪᠤᠰᠤᠳ ᠣᠷᠣᠨ ᠤ ᠳᠣᠲᠣᠷᠠᠬᠢ ᠪᠠᠶᠢᠭᠤᠯᠤᠮᠵᠢ ᠠᠴᠠ ᠪᠤᠶ ᠪᠣᠯᠤᠨ᠎ᠠ᠃ ᠣᠷᠣᠨ ᠤ ᠳᠣᠲᠣᠷᠠᠬᠢ ᠪᠠᠶᠢᠭᠤᠯᠤᠮᠵᠢ ᠶᠢᠨ ᠬᠤᠪᠢ ᠶᠢᠨ ᠵᠠᠭᠤᠴᠢᠯᠠᠭᠤᠷ ᠤᠨ ᠲᠠᠪᠴᠠᠩ ᠳᠤ ᠪᠠᠶᠢᠭᠤᠯᠤᠭᠰᠠᠨ ᠣᠯᠠᠨ ᠨᠡᠶᠢᠲᠡ ᠶᠢᠨ ᠸᠢᠴᠠᠲ ᠲᠠᠪᠴᠠᠩ᠂ ᠸᠢᠳᠢᠣ᠋ ᠳ᠋ᠤᠭᠠᠷ᠂ ᠲᠢᠺ ᠲᠣᠺ᠂ ᠪᠤᠰᠢᠭᠤ ᠭᠠᠷ ᠵᠡᠷᠭᠡ ᠨᠡᠶᠢᠲᠡ ᠶᠢᠨ ᠠᠰᠠᠷᠠᠮᠵᠢ ᠶᠢᠨ ᠠᠭᠤᠯᠭ᠎ᠠ ᠶᠢᠨ ᠡᠯ᠎ᠡ ᠲᠥᠷᠥᠯ ᠤᠨ ᠰᠢᠨ᠎ᠡ ᠵᠠᠭᠤᠴᠢᠯᠠᠭᠤᠷ ᠤᠨ ᠲᠠᠩᠰᠠᠨ ᠨᠣᠮᠧᠷ ᠵᠢᠴᠢ ᠬᠡᠷ ᠤᠨ ᠭᠠᠳᠠᠨᠠᠬᠢ ᠦᠵᠡᠵᠦ ᠰᠣᠨᠣᠰᠬᠤ ᠲᠠᠪᠴᠠᠩ ᠵᠡᠷᠭᠡ ᠶᠢ ᠪᠠᠭᠲᠠᠭᠠᠨ᠎ᠠ᠃  ᠰᠢᠯᠢᠳᠡᠭ ᠪᠠᠶᠢᠭᠤᠯᠤᠮᠵᠢ ᠳᠤ ᠦᠨᠡᠮᠯᠡᠯ ᠣᠯᠭᠤᠬᠤ ᠶᠢᠨ ᠬᠠᠮᠲᠤ ᠰᠢᠯᠢᠳᠡᠭ ᠳᠠᠮᠵᠢᠭᠤᠯᠭ᠎ᠠ ᠶᠢᠨ ᠪᠠᠶᠢᠭᠤᠯᠤᠮᠵᠢ ᠳᠤ 10000 ᠲᠥᠭᠦᠷᠢᠭ / ᠨᠢᠭᠡᠴᠢ ᠤᠨ ᠳᠡᠮᠵᠢᠯᠭᠡ ᠶᠢᠨ ᠪᠡᠯᠡ ᠮᠥᠩᠭᠦ ᠣᠯᠭᠤᠨ᠎ᠠ᠃  ᠲᠠᠪᠤ᠂ ᠪᠦᠲᠦᠭᠡᠯ ᠤᠨ ᠱᠠᠭᠠᠷᠳᠠᠯᠭ᠎ᠠ  ︵ᠨᠢᠭᠡ︶ ᠷᠠᠳᠢᠣ᠋ ᠲᠧᠯᠸᠢᠰ ᠤᠨ ᠲᠥᠷᠥᠯ ᠤᠨ ᠪᠦᠲᠦᠭᠡᠯ᠃ ᠪᠦᠲᠦᠭᠡᠯ ᠤᠨ ᠴᠠᠭ ᠨᠢ 30 ᠰᠧᠺᠦ᠋ᠨ᠋ᠲ᠂ 60 ᠰᠧᠺᠦ᠋ᠨ᠋ᠲ ᠪᠠᠶᠢᠵᠤ᠂ ᠡᠩ ᠤᠨ ᠪᠠᠶᠢᠳᠠᠯ ᠳᠤ 90 ᠰᠧᠺᠦ᠋ᠨ᠋ᠲ ᠠᠴᠠ ᠬᠡᠲᠦᠷᠡᠵᠦ ᠪᠣᠯᠬᠤ ᠦᠭᠡᠢ᠃ ᠪᠦᠲᠦᠭᠡᠯ ᠳᠤ ᠶᠠᠮᠠᠷᠪᠠ ᠤᠷᠤᠯᠳᠤᠭᠠᠨ ᠳᠤ ᠣᠷᠣᠯᠴᠠᠬᠤ ᠨᠢᠭᠡᠴᠢ ᠪᠠ ᠬᠤᠪᠢ ᠬᠥᠮᠦᠨ ᠤ ᠬᠤᠯᠪᠤᠭᠳᠠᠯ ᠪᠦᠬᠦᠢ ᠮᠡᠳᠡᠭᠡ ᠵᠠᠩᠭᠢ ᠭᠠᠷᠴᠤ ᠪᠣᠯᠬᠤ ᠦᠭᠡᠶ᠃ ᠷᠠᠳᠢᠣ᠋ ᠨᠡᠪᠲᠡᠷᠡᠭᠦᠯᠭᠡ ᠶᠢᠨ ᠲᠥᠷᠥᠯ ᠤᠨ ᠪᠦᠲᠦᠭᠡᠯ ᠤᠨ ᠬᠡᠯᠪᠡᠷᠢ ᠶᠢ MP3 ᠪᠤᠶᠤ WMA ᠪᠠᠶᠢᠯᠭᠠᠵᠤ᠂ ᠦᠯᠢᠭᠡᠷ ᠠᠪᠬᠤ ᠭᠦᠨᠴᠡ ᠶᠢ 16 ᠠᠴᠠ ᠳᠣᠣᠷ᠎ᠠ ᠪᠠᠶᠢᠯᠭᠠᠬᠤ ᠦᠭᠡᠢ ᠪᠠᠶᠢᠵᠤ᠂ ᠪᠢᠲ ᠤᠨ ᠨᠣᠷᠮ᠎ᠠ ᠶᠢ128kbps ᠠᠴᠠ ᠳᠣᠣᠷ᠎ᠠ ᠪᠠᠶᠢᠯᠭᠠᠵᠤ ᠪᠣᠯᠬᠤ ᠦᠭᠡᠢ᠂ ᠦᠯᠢᠭᠡᠷ ᠠᠪᠬᠤ ᠳᠠᠪᠲᠠᠮᠵᠢ ᠶᠢ 44100 hz ᠠᠴᠠ ᠳᠣᠣᠷ᠎ᠠ ᠪᠠᠶᠢᠯᠭᠠᠵᠤ ᠪᠣᠯᠬᠤ ᠦᠭᠡᠢ᠃ ᠲᠧᠯᠸᠢᠰ ᠤᠨ ᠲᠥᠷᠥᠯ ᠤᠨ ᠪᠦᠲᠦᠭᠡᠯ ᠤᠨ ᠬᠡᠯᠪᠡᠷᠢ ᠶᠢ MP4 ᠪᠠᠶᠢᠯᠭᠠᠵᠤ᠂ ᠢᠯᠭᠠᠮᠵᠢ ᠶᠢᠨ ᠨᠣᠷᠮ᠎ᠠ ᠶᠢ 1280 × 720 ︵16᠄ 9︶ ᠠᠴᠠ ᠳᠣᠣᠷ᠎ᠠ ᠪᠠᠶᠢᠯᠭᠠᠵᠤ ᠪᠣᠯᠬᠤ ᠦᠭᠡᠢ᠂ ᠺᠣᠳ᠋ ᠤᠨ ᠨᠣᠷᠮ᠎ᠠ ᠶᠢ 8M / ᠰᠧᠺᠦ᠋ᠨ᠋ᠳ᠋ ᠠᠴᠠ ᠳᠣᠣᠷ᠎ᠠ ᠪᠠᠶᠢᠯᠭᠠᠬᠤ ᠦᠭᠡᠢ ᠪᠠᠶᠢᠵᠤ᠂ 4K ᠬᠡᠲᠦ ᠥᠨᠳᠥᠷ ᠲᠤᠳᠤᠷᠠᠴᠠᠲᠤ ᠬᠡᠯᠪᠡᠷᠢ ᠪᠦᠬᠦᠢ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡᠨ ᠤ ᠪᠦᠲᠦᠭᠡᠯ ᠢ ᠮᠡᠳᠡᠭᠦᠯᠦᠨ ᠬᠦᠷᠭᠡᠬᠦ ᠶᠢ ᠵᠣᠷᠢᠭᠵᠢᠭᠤᠯᠤᠨ᠎ᠠ᠃  ︵ᠬᠤᠶᠠᠷ︶ ᠷᠠᠳᠢᠤ᠋ ᠲᠧᠯᠸᠢᠰ ᠤᠨ ᠲᠦᠷᠦᠯ ᠤᠨ ᠪᠦᠳᠦᠭᠡᠯᠴᠢ ᠪᠢᠴᠢᠭ ᠤᠨ ᠲᠦᠰᠦᠯ᠃ ᠪᠦᠲᠦᠭᠡᠯᠴᠢ ᠪᠢᠴᠢᠭ ᠤᠨ ᠲᠦᠰᠦᠯ ᠨᠢ ᠤᠯᠤᠰ ᠤᠨ ᠳᠣᠲᠣᠭᠠᠳᠤ ᠶᠢᠨ ᠠᠳᠠᠯᠢ ᠲᠥᠷᠥᠯ ᠤᠨ ᠤᠷᠤᠯᠳᠤᠭᠠᠨ ᠤ ᠱᠠᠩᠨᠠᠯ ᠪᠤᠶᠤ ᠳᠡᠮᠵᠢᠯᠭᠡ ᠶᠢ ᠣᠯᠤᠭᠰᠠᠨ ᠦᠭᠡᠢ᠂ ᠳᠠᠭᠤᠰᠬᠠᠭᠰᠠᠨ ᠹᠢᠯᠢᠮ ᠪᠣᠯᠭᠠᠨ ᠬᠤᠪᠢᠷᠠᠭᠤᠯᠤᠭᠰᠠᠨ ᠦᠭᠡᠢ ᠮᠥᠷᠲᠡᠭᠡᠨ ᠬᠡᠷᠡᠭᠵᠢᠭᠦᠯᠵᠦ ᠪᠣᠯᠬᠤᠶᠢᠴᠠ ᠴᠢᠨᠠᠷ ᠲᠠᠢ ᠪᠠᠶᠢᠬᠤ ᠬᠡᠷᠡᠭᠲᠡᠢ᠃ ᠪᠦᠲᠦᠭᠡᠯᠴᠢ ᠪᠢᠴᠢᠭ ᠤᠨ ᠲᠦᠰᠦᠯ ᠢ ᠠᠵᠢᠯ ᠲᠦᠷᠦᠯ ᠤᠨ ᠳᠤᠲᠤᠷᠠᠬᠢ ᠳᠦᠷᠢᠮᠵᠢᠯ ᠶᠤᠰᠤᠭᠠᠷ ᠪᠢᠴᠢᠵᠦ᠂ ᠦᠵᠡᠭᠳᠡᠯ ᠬᠤᠪᠢᠶᠠᠭᠰᠠᠨ ᠦᠯᠢᠭᠡᠷ ᠲᠡᠪᠲᠡᠷ ︵ᠵᠢᠷᠤᠭ ᠪᠢᠴᠢᠭ ᠤᠨ ᠦᠵᠡᠭᠦᠯᠭᠡ︶ ᠢ ᠪᠦᠷᠢᠯᠳᠦᠭᠦᠯᠵᠦ᠂ ᠬᠤᠶᠠᠷ ᠪᠢᠴᠢᠭᠯᠡᠯ ᠠᠴᠠ ᠳᠡᠭᠡᠭᠰᠢᠬᠢ ᠶᠢ ᠰᠢᠷᠢᠰ ︵ᠬᠤᠶᠠᠷ ᠢ ᠪᠠᠭᠲᠠᠭᠠᠨ᠎ᠠ︶ ᠢᠶᠠᠷ ᠦᠵᠡᠵᠦ᠂ ᠰᠢᠷᠢᠰ ᠪᠦᠲᠦᠭᠡᠯ ᠢ ᠳᠠᠷᠠᠭᠠᠯᠠᠯ ᠳ᠋ᠤᠭᠠᠷ ᠢᠶᠠᠷ ᠨᠢ ᠳ᠋ᠤᠭᠠᠷᠯᠠᠨ᠎ᠠ᠃  ︵ᠭᠤᠷᠪᠠ︶ ᠪᠦᠲᠦᠭᠡᠯ ᠤᠨ ᠵᠤᠬᠢᠶᠠᠨ ᠪᠦᠲᠦᠭᠡᠬᠦ ᠴᠠᠭ᠃ ᠲᠣᠰ ᠤᠳᠠᠭᠠᠨ ᠤ ᠡᠯᠰᠡᠨ ᠴᠤᠭᠯᠠᠭᠤᠯᠬᠤ ᠪᠦᠲᠦᠭᠡᠯ ᠵᠢᠴᠢ ᠪᠦᠲᠦᠭᠡᠯᠴᠢ ᠪᠢᠴᠢᠭ ᠤᠨ ᠲᠦᠰᠦᠯ ᠨᠢ 2023 ᠣᠨ ᠤ 6 ᠳ᠋ᠤᠭᠠᠷ ᠰᠠᠷ᠎ᠠ ᠶᠢᠨ 1 ᠤ ᠡᠳᠦᠷ ᠠᠴᠠ 2024 ᠣᠨ ᠤ 6 ᠳ᠋ᠤᠭᠠᠷ ᠰᠠᠷ᠎ᠠ ᠶᠢᠨ 20 ᠤ ᠡᠳᠦᠷ ᠪᠣᠯᠲᠠᠯᠠᠬᠢ ᠵᠣᠬᠢᠶᠠᠨ ᠪᠦᠲᠦᠭᠡᠵᠦ ᠨᠡᠪᠲᠡᠷᠡᠭᠦᠯᠦᠭᠰᠡᠨ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡᠨ ᠤ ᠪᠦᠲᠦᠭᠡᠯ ᠪᠠᠶᠢᠬᠤ ᠬᠡᠷᠡᠭᠲᠡᠢ᠃ ᠪᠥᠬᠦ ᠣᠷᠣᠨ ᠤ ᠲᠠᠪᠤᠳᠤᠭᠠᠷ ᠬᠤᠭᠤᠴᠠᠭᠠᠨ ᠤ ᠷᠠᠳᠢᠣ᠋ ᠲᠧᠯᠸᠢᠰ ᠤᠨ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡᠨ ᠤ ᠤᠷᠤᠯᠳᠤᠭᠠᠨ ᠤ ᠳᠡᠮᠵᠢᠯᠭᠡ ᠭᠥᠷᠳᠡᠭᠰᠡᠨ ᠪᠦᠲᠦᠭᠡᠯ ᠢ ᠳᠠᠪᠬᠤᠷᠳᠠᠭᠤᠯᠤᠨ ᠣᠷᠤᠯᠴᠠᠭᠤᠯᠵᠤ ᠪᠣᠯᠬᠤ ᠥᠬᠡᠶ᠃  ᠵᠢᠷᠭᠤᠭ᠎ᠠ᠂ ᠮᠡᠳᠡᠭᠦᠯᠬᠦ ᠳᠡᠰ ᠳᠠᠷᠠᠭᠠᠯᠠᠯ  ᠲᠣᠰ ᠬᠤᠭᠤᠴᠠᠭᠠᠨ ᠤ ᠤᠷᠤᠯᠳᠤᠭᠠᠨ ᠨᠢ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠬᠡᠯᠪᠡᠷᠢ ᠶᠢ ᠬᠡᠷᠡᠭᠯᠡᠵᠡᠢ᠃ ᠡᠯ᠎ᠡ ᠰᠢᠯᠭᠠᠷᠠᠭᠤᠯᠤᠯᠲᠠ ᠳᠤ ᠣᠷᠣᠯᠴᠠᠬᠤ ᠪᠠᠶᠢᠭᠤᠯᠤᠮᠵᠢ ᠵᠢᠴᠢ ᠬᠤᠪᠢ ᠬᠥᠮᠦᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ ᠶᠢᠨ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡᠨ ᠤ ᠤᠷᠤᠯᠳᠤᠭᠠᠨ ᠤ ᠨᠡᠷ᠎ᠡ ᠮᠡᠳᠡᠭᠦᠯᠬᠦ ᠲᠠᠪᠴᠠᠩ ︵ᠰᠦᠯᠵᠢᠶᠡᠨ ᠬᠠᠶ᠋ᠢᠭ᠄ http://gy.txnmg.com ︶ ᠳᠤ ᠳᠠᠩᠰᠠᠯᠠᠭᠤᠯᠵᠤ ᠂ ᠨᠡᠷ᠎ᠡ ᠮᠡᠳᠡᠭᠦᠯᠬᠦ ᠮᠡᠳᠡᠭᠡ ᠵᠠᠩᠭᠢ ᠪᠠᠨ ᠲᠠᠭᠯᠠᠬᠤ ᠶᠢᠨ ᠬᠠᠮᠲᠤ ᠬᠡᠪ ᠤᠨ ᠪᠠᠶᠢᠳᠠᠯ ᠢᠶᠠᠷ ᠨᠡᠪᠲᠡᠷᠡᠭᠦᠯᠬᠦ ᠪᠠ ᠭᠦᠶᠦᠯᠭᠡᠨ ᠦᠵᠡᠭᠦᠯᠵᠦ ᠳᠡᠶᠢᠯᠬᠦ ᠪᠦᠲᠦᠭᠡᠯ ᠵᠢᠴᠢ ᠪᠦᠲᠦᠭᠡᠯᠴᠢ ᠪᠢᠴᠢᠭ ᠤᠨ ᠲᠦᠰᠦᠯ ᠤᠨ ᠡᠬᠡ ᠪᠢᠴᠢᠭ ᠢ ᠳᠡᠭᠡᠭᠰᠢ ᠳᠠᠮᠵᠢᠭᠤᠯᠤᠭᠰᠠᠨ ᠤ ᠳᠠᠷᠠᠭ᠎ᠠ᠂ ᠵᠣᠬᠢᠴᠠᠩᠭᠤᠶ ᠬᠠᠷᠢᠶ᠎ᠠ ᠭᠠᠵᠠᠷ ᠤᠨ ᠠᠶᠢᠮᠠᠭ ᠬᠤᠲᠠ ᠶᠢᠨ ᠢᠶᠠᠨ ᠷᠠᠳᠢᠣ᠋ ᠲᠧᠯᠸᠢᠰ ᠤᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠲᠤᠰᠢᠶᠠᠵᠤ ᠠᠩᠬ᠎ᠠ ᠬᠢᠨᠠᠭᠤᠯᠤᠨ᠎ᠠ᠃ ᠣᠷᠣᠨ ᠤ ᠰᠢᠭᠤᠳ ᠬᠠᠷᠢᠶ᠎ᠠ ᠨᠢᠭᠡᠴᠢ ᠵᠢᠴᠢ ᠥᠪᠡᠷᠲᠡᠭᠡᠨ ᠵᠠᠰᠠᠬᠤ ᠣᠷᠣᠨ ᠠᠴᠠ ᠭᠠᠳᠠᠨᠠᠬᠢ ᠨᠢᠭᠡᠴᠢ ᠤᠷᠤᠯᠳᠤᠭᠠᠨ ᠳᠤ ᠣᠷᠣᠯᠴᠠᠪᠠᠯ᠂ ᠤᠷᠤᠯᠳᠤᠭᠠᠨ ᠤ ᠵᠣᠬᠢᠶᠠᠨ ᠪᠠᠶᠢᠭᠤᠯᠬᠤ ᠺᠣᠮᠢᠰ ᠲᠤ ᠰᠢᠭᠤᠳ ᠬᠦᠷᠭᠡᠵᠦ ᠠᠩᠬᠠᠨ ᠤ ᠬᠢᠨᠠᠯᠲᠠ ᠬᠢᠯᠭᠡᠬᠦ ᠬᠡᠷᠡᠭᠲᠡᠶ᠃  ᠰᠦᠯᠵᠢᠶᠡᠨ ᠳᠡᠭᠡᠷ᠎ᠡ ᠪᠣᠳᠠᠲᠠᠶ ᠠᠵᠢᠯᠯᠠᠭᠤᠯᠬᠤ ᠶᠠᠪᠤᠴᠠ᠄ ᠰᠦᠯᠵᠢᠶᠡᠨ ᠬᠠᠶ᠋ᠢᠭ ᠢ ᠨᠡᠭᠡᠭᠡᠬᠦ — ᠤᠷᠤᠯᠳᠤᠭᠠᠨ ᠳᠤ ᠣᠷᠣᠯᠴᠠᠵᠤ ᠨᠡᠷ᠎ᠡ ᠮᠡᠳᠡᠭᠦᠯᠬᠦ ᠶᠢ ᠰᠣᠩᠭᠤᠬᠤ — ᠳᠠᠩᠰᠠᠯᠠᠭᠤᠯᠬᠤ — ᠨᠡᠷ᠎ᠡ ᠮᠡᠳᠡᠭᠦᠯᠬᠦ ᠮᠡᠳᠡᠭᠡ ᠵᠠᠩᠭᠢ ᠶᠢ ᠲᠠᠭᠯᠠᠨ — ᠨᠡᠷ᠎ᠡ ᠮᠡᠳᠡᠭᠦᠯᠬᠦ ᠲᠠᠨᠢᠯᠴᠠᠭᠤᠯᠬᠤ ᠬᠦᠰᠦᠨᠦᠭᠲᠦ ᠪᠣᠶ ᠪᠣᠯᠬᠤ — PDF ᠪᠢᠴᠢᠭᠯᠡᠯ ᠢ ᠪᠠᠭᠤᠯᠭᠠᠬᠤ — ᠳᠠᠷᠤᠮᠠᠯᠯᠠᠭᠰᠠᠨ ᠤ ᠳᠠᠷᠠᠭ᠎ᠠ ᠭᠠᠷ ᠤᠨ ᠥᠰᠥᠭ ᠵᠢᠷᠤᠵᠤ ᠲᠠᠮᠠᠭ᠎ᠠ ᠳᠠᠷᠤᠬᠤ — ᠨᠡᠷ᠎ᠡ ᠮᠡᠳᠡᠭᠦᠯᠬᠦ ᠲᠠᠨᠢᠯᠴᠠᠭᠤᠯᠬᠤ ᠬᠦᠰᠦᠨᠦᠭᠲᠦ ᠵᠢᠴᠢ ᠳᠠᠭᠤ ᠸᠢᠳᠢᠣ᠋ ᠪᠤᠶᠤ ᠡᠬᠡ ᠪᠢᠴᠢᠭ ᠢ ᠬᠠᠷᠢᠭᠤ ᠳᠠᠮᠵᠢᠭᠤᠯᠬᠤ — ᠨᠡᠷ᠎ᠡ ᠮᠡᠳᠡᠭᠦᠯᠦᠭᠰᠡᠨ ᠢᠶᠠᠨ ᠲᠤᠰᠢᠶᠠᠨ᠎ᠠ᠃  ᠳᠣᠯᠤᠭ᠎ᠠ᠂ ᠤᠷᠤᠯᠳᠤᠭᠠᠨ ᠳᠤ ᠣᠷᠣᠯᠴᠠᠬᠤ ᠳᠤ ᠡᠷᠬᠡᠪᠰᠢ ᠮᠡᠳᠡᠬᠦ ᠵᠦᠢᠯ  ︵ᠨᠢᠭᠡ︶ ᠤᠷᠤᠯᠳᠤᠭᠠᠨ ᠳᠤ ᠣᠷᠣᠯᠴᠠᠬᠤ ᠪᠦᠲᠦᠭᠡᠯ ᠨᠢ ᠥᠪᠡᠷ ᠤᠨ ᠪᠤᠶᠤ ᠪᠠᠶᠢᠭᠤᠯᠤᠮᠵᠢ ᠶᠢᠨ ᠤᠤᠭᠠᠯ ᠡᠭᠦᠳᠦᠯᠲᠡ ᠪᠠᠶᠢᠵᠤ᠂ ᠪᠤᠰᠤᠳ ᠤᠨ ᠪᠦᠲᠦᠭᠡᠯ ᠢ ᠬᠤᠯᠠᠭᠠᠶᠢᠯᠠᠵᠤ ᠪᠣᠯᠬᠤ ᠦᠭᠡᠢ᠂ ᠬᠥᠷᠥᠭ ᠵᠢᠷᠤᠭ᠂ ᠵᠣᠬᠢᠶᠠᠯ ᠪᠦᠲᠦᠭᠡᠯ᠂ ᠲᠠᠸᠠᠷ ᠤᠨ ᠲᠡᠮᠳᠡᠭ᠂ ᠨᠡᠷᠡᠶᠢᠳᠦᠯ ᠵᠡᠷᠭᠡ ᠮᠡᠳᠡᠯᠭᠡ ᠶᠢᠨ ᠥᠮᠴᠢᠯᠡᠯ ᠤᠨ ᠡᠷᠬᠡ ᠪᠠ ᠬᠠᠤᠯᠢ ᠴᠠᠭᠠᠵᠠ ᠶᠢᠨ ᠠᠰᠠᠭᠤᠳᠠᠯ ᠳᠤ ᠬᠤᠯᠪᠣᠭᠳᠠᠭᠰᠠᠨ ᠪᠠᠶᠢᠪᠠᠯ᠂ ᠤᠷᠤᠯᠳᠤᠭᠠᠨ ᠳᠤ ᠣᠷᠤᠯᠴᠠᠬᠤ ᠨᠢᠭᠡᠴᠢ ︵ᠬᠤᠪᠢ ᠬᠥᠮᠦᠨ︶ ᠠᠴᠠ ᠬᠠᠷᠢᠭᠤᠴᠠᠨ ᠰᠢᠢᠳᠪᠦᠷᠢᠯᠡᠵᠦ᠂ ᠡᠭᠦᠨ ᠠᠴᠠ ᠡᠭᠦᠰᠦᠭᠰᠡᠨ ᠶᠠᠮᠠᠷᠪᠠ ᠬᠠᠤᠯᠢ ᠴᠠᠭᠠᠵᠠ ᠶᠢᠨ ᠵᠢᠭᠤᠷᠠᠯᠳᠤᠭᠠᠨ ᠢ ᠤᠷᠤᠯᠳᠤᠭᠠᠨ ᠳᠤ  ᠣᠷᠤᠯᠴᠠᠬᠤ ᠨᠢᠭᠡᠴᠢ ︵ᠬᠤᠪᠢ ᠬᠥᠮᠦᠨ︶ ᠡᠭᠦᠷᠭᠡᠯᠡᠵᠦ᠂ ᠤᠷᠤᠯᠳᠤᠭᠠᠨ ᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠲᠠᠢ ᠬᠠᠮᠢᠶ᠎ᠠ ᠦᠭᠡᠢ᠃  ︵ᠬᠤᠶᠠᠷ︶ ᠤᠷᠤᠯᠳᠤᠭᠠᠨ ᠳᠤ ᠣᠷᠣᠯᠴᠠᠬᠤ ᠪᠦᠲᠦᠭᠡᠯ ᠢᠶᠠᠨ ᠳᠡᠪᠰᠢᠭᠦᠯᠦᠭᠰᠡᠨ ᠡᠳᠦᠷ ᠠᠴᠠ ᠡᠬᠢᠯᠡᠨ᠂ ᠠᠵᠢᠯᠯᠠᠭ᠎ᠠ ᠶᠢᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠨᠢ ᠪᠦᠲᠦᠭᠡᠯ ᠢ ᠬᠡᠷᠡᠭᠯᠡᠬᠦ ᠵᠢᠴᠢ ᠳᠡᠯᠭᠡᠷᠡᠭᠦᠯᠬᠦ ᠶᠢ ᠵᠥᠪᠰᠢᠶᠡᠷᠡᠬᠦ ᠡᠷᠬᠡ ᠲᠠᠢ ᠪᠠᠷ ᠦᠵᠡᠵᠦ᠂ ᠠᠵᠢᠯᠯᠠᠭ᠎ᠠ ᠶᠢᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠨᠢ ᠤᠷᠤᠯᠳᠤᠭᠠᠨ ᠳᠤ ᠣᠷᠣᠯᠴᠠᠬᠤ ᠪᠦᠲᠦᠭᠡᠯ ᠢ ᠠᠵᠢᠯᠯᠠᠭ᠎ᠠ ᠶᠢᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢᠨ ᠡᠵᠡᠩᠨᠡᠵᠦ ᠪᠠᠶᠢᠭ᠎ᠠ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡᠨ ᠤ ᠲᠤᠭ᠎ᠠ ᠪᠠᠷᠢᠮᠲᠠ ᠶᠢᠨ ᠬᠥᠮᠥᠷᠭᠡ ᠳᠤ ᠣᠷᠣᠭᠤᠯᠵᠤ᠂ ᠨᠡᠩ ᠥᠨᠳᠥᠷ ᠲᠠᠰ ᠤᠨ ᠠᠳᠠᠯᠢ ᠲᠥᠷᠥᠯ ᠤᠨ ᠤᠷᠤᠯᠳᠤᠭᠠᠨ ᠳᠤ ᠲᠠᠨᠢᠯᠴᠠᠭᠤᠯᠵᠤ ᠤᠷᠤᠯᠳᠤᠭᠠᠨ ᠳᠤ ᠣᠷᠤᠯᠴᠠᠭᠤᠯᠬᠤ ᠡᠷᠬᠡ ᠲᠠᠢ᠂ ᠤᠷᠤᠯᠳᠤᠭᠠᠨ ᠳᠤ ᠣᠷᠤᠯᠴᠠᠬᠤ ᠪᠦᠲᠦᠭᠡᠯ ᠢ ᠬᠤᠯᠪᠤᠭᠳᠠᠯ ᠪᠥᠬᠦᠶ ᠵᠠᠭᠤᠴᠢᠯᠠᠭᠤᠷ ᠳᠡᠭᠡᠷ᠎ᠡ ᠳᠡᠯᠭᠡᠨ ᠨᠡᠪᠲᠡᠷᠡᠭᠦᠯᠬᠦ ᠪᠤᠶᠤ ᠲᠠᠨᠢᠯᠴᠠᠭᠤᠯᠬᠤ᠂ ᠲᠣᠭᠤᠷᠢᠨ ᠦᠵᠡᠬᠦ᠂ ᠰᠤᠷᠤᠯᠴᠠᠬᠤ ᠵᠡᠷᠭᠡ ᠬᠤᠳᠠᠯᠳᠤᠭᠠᠨ ᠤ ᠵᠣᠷᠢᠯᠭ᠎ᠠ ᠶᠢᠨ ᠪᠤᠰᠤ ᠠᠵᠢᠯᠯᠠᠭ᠎ᠠ ᠳᠤ ᠬᠠᠭᠤᠯᠪᠤᠷᠢᠯᠠᠬᠤ᠂ ᠨᠡᠪᠲᠡᠷᠡᠭᠦᠯᠬᠦ᠂ ᠨᠡᠪᠲᠡᠷᠡᠭᠦᠯᠬᠦ ᠵᠡᠷᠭᠡ ᠡᠷᠬᠡ ᠲᠠᠢ᠃  ︵ᠭᠤᠷᠪᠠ︶ ᠤᠷᠤᠯᠳᠤᠭᠠᠨ ᠳᠤ ᠣᠷᠣᠯᠴᠠᠭᠰᠠᠳ ᠶᠠᠮᠠᠷ ᠴᠤ ᠨᠡᠷ᠎ᠡ ᠮᠡᠳᠡᠭᠦᠯᠬᠦ ᠰᠦᠢᠳᠭᠡᠯ ᠲᠤᠰᠢᠶᠠᠬᠤ ᠴᠢᠬᠤᠯᠠ ᠦᠭᠡᠢ᠂ ᠤᠷᠤᠯᠳᠤᠭᠠᠨ ᠳᠤ ᠣᠷᠣᠯᠴᠠᠭᠰᠠᠳ ᠨᠢᠭᠡᠪᠦᠷᠢ ᠶᠢᠨ ᠪᠦᠲᠦᠭᠡᠯ ᠤᠨ ᠲᠤᠭ᠎ᠠ ᠬᠡᠮᠵᠢᠶ᠎ᠡ ᠶᠢ ᠬᠢᠵᠠᠭᠠᠷᠯᠠᠬᠤ ᠦᠭᠡᠢ᠂ ᠤᠷᠤᠯᠳᠤᠭᠠᠨ ᠳᠤ ᠣᠷᠣᠯᠴᠠᠬᠤ ᠪᠦᠲᠦᠭᠡᠯ ᠪᠦᠬᠦᠨ ᠨᠢ ᠰᠢᠯᠭᠠᠷᠠᠭᠳᠠᠭᠰᠠᠨ ᠡᠰᠡᠬᠦ ᠴᠤ ᠮᠡᠳᠡᠭᠦᠯᠦᠨ ᠬᠦᠷᠭᠡᠭᠰᠡᠨ ᠪᠢᠴᠢᠭ ᠮᠠᠲ᠋ᠧᠷᠢᠶᠠᠯ ᠢ ᠴᠥᠮ ᠪᠤᠴᠠᠭᠠᠬᠤ ᠦᠭᠡᠢ᠂ ᠤᠷᠤᠯᠳᠤᠭᠠᠨ ᠳᠤ ᠣᠷᠣᠯᠴᠠᠭᠰᠠᠳ ᠥᠪᠡᠷᠲᠡᠭᠡᠨ ᠡᠬᠡ ᠨᠤᠤᠷᠠᠭ ᠢᠶᠠᠨ ᠦᠯᠡᠳᠡᠭᠡᠭᠡᠷᠡᠢ᠃  ︵ᠲᠦᠷᠪᠡ︶ ᠡᠬᠡ ᠪᠢᠴᠢᠭ ᠶᠠᠪᠤᠭᠤᠯᠤᠭᠰᠠᠨ ᠬᠥᠮᠦᠨ ᠪᠦᠬᠦᠨ ᠴᠥᠮ ᠲᠤᠰ ᠤᠳᠠᠭᠠᠨ ᠤ ᠤᠷᠤᠯᠳᠤᠭᠠᠨ ᠤ ᠡᠯ᠎ᠡ ᠵᠦᠢᠯ ᠤᠨ ᠲᠣᠭᠲᠠᠭᠠᠯ ᠢ ᠨᠤᠲᠠᠯᠠᠬᠤ ᠶᠢᠨ ᠬᠠᠮᠲᠤ ᠵᠢᠷᠤᠮᠯᠠᠬᠤ ᠬᠡᠷᠡᠭᠲᠡᠶ᠃ ᠲᠣᠰ ᠤᠳᠠᠭᠠᠨ ᠤ ᠠᠵᠢᠯᠯᠠᠭ᠎ᠠ ᠶᠢᠨ ᠡᠴᠦᠰ ᠤᠨ ᠲᠠᠶᠢᠯᠪᠤᠷᠢᠯᠠᠬᠤ ᠡᠷᠬᠡ ᠨᠢ ᠭᠤᠤᠯᠯᠠᠨ ᠡᠷᠬᠢᠯᠡᠬᠦ ᠨᠢᠭᠡᠴᠢ ᠳᠤ ᠥᠮᠴᠢᠯᠡᠭᠳᠡᠨ᠎ᠡ᠃  ᠨᠠᠢᠮᠠ᠂ ᠠᠵᠢᠯ ᠤᠨ ᠱᠠᠭᠠᠷᠳᠠᠯᠭ᠎ᠠ  ᠡᠯ᠎ᠡ ᠭᠠᠵᠠᠷ᠂ ᠡᠯ᠎ᠡ ᠨᠢᠭᠡᠴᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠤᠷᠤᠯᠳᠤᠭᠠᠨ ᠢ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡᠨ ᠤ ᠰᠢᠨ᠎ᠡ ᠶᠢ ᠡᠭᠦᠳᠴᠦ ᠰᠢᠯᠢᠳᠡᠭ ᠢ ᠡᠭᠦᠳᠬᠦ ᠪᠠ ᠨᠡᠶᠢᠲᠡ ᠶᠢᠨ ᠠᠰᠠᠷᠠᠮᠵᠢ ᠶᠢᠨ ᠤᠬᠠᠭᠤᠯᠭ᠎ᠠ ᠶᠢ ᠲᠥᠯᠥᠪᠵᠢᠭᠦᠯᠦᠨ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠠ ᠭᠠᠷᠳᠠᠴᠠ ᠪᠣᠯᠭᠠᠵᠤ᠂ ᠨᠠᠷᠢᠨ ᠬᠢᠨᠠᠮᠠᠭᠠᠢ ᠵᠣᠬᠢᠶᠠᠨ ᠪᠠᠶᠢᠭᠤᠯᠵᠤ᠂ ᠬᠠᠷᠢᠯᠴᠠᠭ᠎ᠠ ᠨᠡᠪᠲᠡᠷᠡᠯᠴᠡᠭᠡ ᠪᠠᠨ ᠴᠢᠩᠭᠠᠳᠬᠠᠵᠤ᠂ ᠱᠠᠯᠠᠪᠳᠠᠭᠤᠯᠤᠨ ᠵᠢᠯᠣᠭᠤᠳᠴᠤ᠂ ᠠᠵᠢᠯ ᠤᠨ ᠬᠠᠮᠲᠤᠷᠠᠯ ᠬᠦᠴᠦᠨ ᠢ ᠪᠦᠷᠢᠯᠳᠦᠭᠦᠯᠬᠦ ᠬᠡᠷᠡᠭᠲᠡᠢ᠃ ᠡᠯ᠎ᠡ ᠲᠥᠷᠥᠯ ᠤᠨ ᠵᠠᠭᠤᠴᠢᠯᠠᠭᠤᠷ᠂ ᠤᠬᠠᠭᠤᠯᠭ᠎ᠠ ᠶᠢᠨ ᠠᠴᠢᠶᠠᠯᠠᠪᠤᠷᠢ᠂ ᠲᠠᠪᠴᠠᠩ ᠤᠨ ᠲᠠᠩᠰᠠᠨ ᠨᠣᠮᠧᠷ᠂ ᠡᠬᠢ ᠪᠠᠶᠠᠯᠢᠭ ᠤᠨ ᠠᠷᠭ᠎ᠠ ᠵᠠᠮ ᠢ ᠭᠦᠢᠴᠡᠳ ᠠᠰᠢᠭᠯᠠᠨ ᠡᠯ᠎ᠡ ᠰᠢᠰᠲ᠋ᠧᠮ ᠤᠨ ᠬᠤᠯᠪᠤᠭᠳᠠᠯ ᠪᠥᠬᠦᠶ ᠠᠵᠢᠯ ᠲᠥᠷᠥᠯ ᠤᠨ ᠪᠠᠶᠢᠭᠤᠯᠤᠮᠵᠢ᠂ ᠦᠢᠯᠡᠳᠬᠦ ᠨᠢᠭᠡᠴᠢ ᠪᠠ ᠬᠤᠪᠢ ᠬᠥᠮᠦᠨ ᠢ ᠥᠷᠭᠡᠨ ᠢᠶᠠᠷ ᠳᠠᠶᠢᠴᠢᠯᠠᠨ ᠣᠷᠣᠯᠴᠠᠭᠤᠯᠬᠤ ᠬᠡᠷᠡᠭᠲᠡᠢ᠃  ᠡᠯ᠎ᠡ ᠠᠶᠢᠮᠠᠭ ᠬᠤᠲᠠ ᠶᠢᠨ ᠷᠠᠳᠢᠣ᠋ ᠲᠧᠯᠸᠢᠰ ᠤᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠬᠠᠷᠢᠶ᠎ᠠ ᠣᠷᠣᠨ ᠤ ᠪᠠᠨ ᠳᠣᠲᠣᠷᠠᠬᠢ ᠪᠦᠲᠦᠭᠡᠯ ᠤᠨ ᠠᠩᠬᠠᠨ ᠤ ᠬᠢᠨᠠᠯᠲᠠ ᠶᠢᠨ ᠠᠵᠢᠯ ᠢ ᠲᠦᠷᠦᠭᠦᠯᠡᠨ ᠬᠠᠷᠢᠭᠤᠴᠠᠵᠤ᠂ ᠪᠦᠲᠦᠭᠡᠯ ᠤᠨ ᠮᠡᠳᠡᠭᠦᠯᠦᠨ ᠬᠦᠷᠭᠡᠭᠰᠡᠨ ᠮᠡᠳᠡᠭᠡ ᠵᠠᠩᠭᠢ ᠵᠢᠴᠢ ᠭᠤᠶᠤᠴᠢᠯᠠᠨ ᠮᠡᠳᠡᠭᠦᠯᠬᠦ ᠴᠢᠬᠤᠯᠠ ᠮᠠᠲ᠋ᠧᠷᠢᠶᠠᠯ ᠢ ᠭᠤᠤᠯᠳᠠᠯᠭ᠎ᠠ ᠲᠠᠢ ᠬᠢᠨᠠᠨ ᠬᠠᠷᠭᠤᠭᠤᠯᠵᠤ᠂ ᠵᠣᠬᠢᠶᠠᠯ ᠪᠦᠲᠦᠭᠡᠯ ᠪᠠ ᠪᠦᠲᠦᠭᠡᠯᠴᠢ ᠪᠢᠴᠢᠭ ᠤᠨ ᠲᠦᠰᠦᠯ ᠢ ᠮᠡᠳᠡᠭᠦᠯᠦᠨ ᠬᠦᠷᠭᠡᠬᠦ ᠴᠠᠭ ᠠᠴᠠ ᠡᠮᠦᠨ᠎ᠡ ᠪᠦᠲᠦᠭᠡᠯ ᠡᠯᠰᠡᠬᠦ ᠲᠠᠪᠴᠠᠩ ᠳᠤ ᠠᠩᠬᠠᠨ ᠤ ᠬᠢᠨᠠᠯᠲᠠ ᠶᠢ ᠳᠠᠭᠤᠰᠬᠠᠬᠤ ᠬᠡᠷᠡᠭᠲᠡᠶ᠃ ᠡᠯ᠎ᠡ ᠠᠶᠢᠮᠠᠭ ᠬᠤᠲᠠ ᠶᠢᠨ ᠷᠠᠳᠢᠣ᠋ ᠲᠧᠯᠸᠢᠰ ᠤᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠠᠩᠬ᠎ᠠ ᠬᠢᠨᠠᠯᠲᠠ ᠶᠢᠨ ᠳᠠᠩᠰᠠᠨ ᠨᠣᠮᠧᠷ ᠢ ᠠᠰᠲᠠᠭᠠᠨ ᠮᠡᠳᠡᠭᠳᠡᠨ᠎ᠡ᠃  ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠷᠠᠳᠢᠣ᠋ ᠲᠧᠯᠸᠢᠰ ᠤᠨ ᠲᠤᠪᠴᠢᠶ᠎ᠠᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ2024 ᠣᠨ ᠤ 5 ᠳ᠋ᠤᠭᠠᠷ ᠰᠠᠷ᠎ᠠ ᠶᠢᠨ 8 ᠤ ᠡᠳᠦᠷ   ᠬᠠᠷᠢᠯᠴᠠᠬᠤ ᠬᠥᠮᠦᠨ᠄ ᠰᠠᠴᠤᠷᠠ᠂ ᠬᠠᠷᠢᠯᠴᠠᠬᠤ ᠤᠲᠠᠰᠤ᠄ 0471-4590095  ᠬᠠᠷᠢᠯᠴᠠᠬᠤ ᠬᠥᠮᠦᠨ᠄ ᠶᠠᠩ ᠴᠦᠨ ᠰᠢᠶᠠᠩ᠂ ᠬᠠᠷᠢᠯᠴᠠᠬᠤ ᠤᠲᠠᠰᠤ᠄ 0471 - 4590092 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠷᠠᠳᠢᠤ᠋ ᠲᠧᠯᠸᠢᠰ ᠤᠨ ᠲᠤᠪᠴᠢᠶ᠎ᠠ