ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠤᠯ ᠳᠤᠭᠤᠶᠢᠯᠠᠩ 2024 ᠣᠨ ᠤ ᠳᠥᠷᠪᠡᠳᠦᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ︵ᠥᠷᠭᠡᠳᠬᠡᠭᠰᠡᠨ︶ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/6/11
  6 ᠳ᠋ᠤᠭᠠᠷ ᠰᠠᠷ᠎ᠠ ᠶᠢᠨ 7 ᠤ ᠡᠳᠦᠷ᠂ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠢ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠰᠤᠷᠤᠯᠴᠠᠬᠤ ᠭᠤᠣᠯ ᠳᠤᠭᠤᠶᠢᠯᠠᠩ 2024 ᠣᠨ ᠤ ᠳᠥᠷᠪᠡᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ︵ᠥᠷᠭᠡᠳᠬᠡᠭᠰᠡᠨ︶ ᠶᠢᠨ ᠬᠤᠷᠠᠯ ᠬᠤᠷᠠᠯᠳᠤᠭᠤᠯᠪᠠ᠃ ᠲᠥᠪ ᠤᠨ ᠤᠬᠠᠭᠤᠯᠬᠤ ᠬᠡᠯᠲᠡᠰ ᠤᠨ ᠳᠡᠳ᠋ ᠳᠠᠷᠤᠭ᠎ᠠ᠂ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠼᠤᠤ ᠱᠤ᠋ ᠮᠢᠨ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠳ᠋ᠦᠩ ᠰᠢᠨ᠂ ᠶᠠᠩ ᠭᠦᠸᠧ ᠷᠦᠢ ᠬᠤᠷᠠᠯ ᠳᠤ ᠣᠷᠣᠯᠴᠠᠪᠠ᠃ ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠪᠣᠯᠤᠨ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠭᠡᠯ ᠥᠭᠬᠦ ᠲᠦᠷᠢᠮ︾ ᠢ ᠲᠤᠰᠬᠠᠢ ᠰᠡᠳᠦᠪ ᠢᠶᠠᠷ ᠰᠤᠷᠤᠯᠴᠠᠪᠠ᠃ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠤᠯᠤᠰ ᠤᠨ ᠬᠢᠨᠠᠨ ᠪᠠᠶᠢᠴᠠᠭᠠᠬᠤ ᠵᠥᠪᠯᠡᠯ ᠤᠨ ᠨᠢᠭᠡᠳᠦᠭᠡᠷ ᠬᠢᠨᠠᠨ ᠪᠠᠶᠢᠴᠠᠭᠠᠬᠤ ᠲᠠᠰᠤᠭ ᠤᠨ ᠬᠠᠮᠢᠶ᠎ᠠ ᠪᠦᠬᠦᠢ ᠨᠥᠬᠦᠳ ᠰᠤᠷᠤᠯᠴᠠᠯᠭ᠎ᠠ ᠶᠢᠨ ᠭᠤᠣᠯ ᠰᠡᠳᠦᠪ ᠤᠨ ᠲᠣᠭᠤᠷᠢᠨ ᠳᠤ ᠲᠤᠰᠬᠠᠢ ᠲᠠᠶᠢᠯᠤᠮᠵᠢ ᠬᠢᠵᠡᠢ᠃  ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠪᠣᠯ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠪᠦᠲᠦᠭᠡᠨ ᠪᠠᠶᠢᠭᠤᠯᠤᠯᠲᠠ ᠶᠢᠨ ᠲᠤᠬᠠᠢ ᠴᠢᠬᠤᠯᠠ ᠦᠵᠡᠯ ᠰᠠᠨᠠᠭ᠎ᠠ ᠪᠣᠯᠤᠨ ᠨᠠᠮ ᠤᠨ ᠥᠪᠡᠷ ᠤᠨ ᠪᠡᠶ᠎ᠡ ᠳᠤ ᠪᠠᠨ ᠬᠤᠪᠢᠰᠬᠠᠯ ᠬᠢᠬᠦ ᠲᠤᠬᠠᠢ ᠴᠢᠬᠤᠯᠠ ᠦᠵᠡᠯ ᠰᠠᠨᠠᠭᠠᠨ ᠤ ᠴᠢᠬᠤᠯᠠ ᠠᠭᠤᠯᠭ᠎ᠠ ᠪᠣᠯᠤᠨ᠎ᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠭᠢᠯᠭ᠎ᠠ ᠪᠠᠲᠤ ᠶᠢᠨ ᠰᠢᠢᠳᠭᠡᠯ ᠦᠭᠭᠦ ᠳᠦᠷᠢᠮ ᠳᠤ ᠵᠠᠰᠠᠪᠤᠷᠢ ᠤᠷᠤᠭᠤᠯᠬᠤ ᠪᠤᠯ ᠮᠠᠨ ᠤ ᠨᠠᠮ ᠤᠨ ᠰᠠᠭᠢᠯᠭ᠎ᠠ ᠪᠠᠲᠤ ᠶᠢᠨ ᠪᠦᠲᠦᠭᠡᠨ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠬᠤ ᠶᠢᠨ ᠴᠢᠬᠤᠯᠠ ᠢᠯᠡᠷᠡᠯ ᠮᠦᠨ᠃ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠭᠦᠨᠵᠡᠭᠡᠶ ᠰᠤᠷᠤᠯᠴᠠᠨ ᠣᠶᠢᠯᠠᠭᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠨᠠᠷᠢᠨ ᠬᠢᠨᠠᠮᠠᠭᠠᠶ ᠰᠠᠶᠢᠲᠤᠷ ᠠᠳᠬᠤᠬᠤ ᠬᠡᠷᠡᠭᠲᠡᠶ ᠭᠡᠵᠦ ᠵᠢᠭᠠᠨ ᠭᠠᠷᠭᠠᠪᠠ᠃  ᠬᠤᠷᠠᠯ ᠠᠴᠠ ᠤᠯᠤᠰ ᠲᠦᠷᠦ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ᠦᠵᠡᠯ ᠰᠠᠨᠠᠭ᠎ᠠ ᠲᠠᠨᠢᠯᠲᠠ ᠪᠠᠨ ᠭᠦᠨᠵᠡᠭᠡᠶᠢᠷᠡᠭᠦᠯᠵᠦ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠥᠭᠦᠯᠡᠯᠲᠡ ᠶᠢ ᠰᠤᠷᠤᠯᠴᠠᠨ ᠣᠶᠢᠯᠠᠭᠠᠬᠤ ᠶᠢ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠴᠢᠬᠤᠯᠠ ᠡᠭᠦᠷᠭᠡ ᠪᠣᠯᠭᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠤᠬᠠᠮᠰᠠᠷᠲᠤ ᠴᠢᠨᠠᠷ᠂ ᠰᠠᠨᠠᠭᠠᠴᠢᠯᠠᠭᠠᠲᠤ ᠴᠢᠨᠠᠷ ᠢᠶᠠᠨ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠢ᠃ ᠰᠠᠶᠢᠨ ᠰᠠᠶᠢᠬᠠᠨ ᠰᠤᠷᠤᠯᠴᠠᠬᠤ ᠰᠤᠷᠲᠠᠯ ᠢᠶᠠᠷ ︽ᠲᠦᠷᠢᠮ︾ ᠤᠨ ᠰᠤᠷᠤᠯᠴᠠᠯᠭ᠎ᠠ ᠶᠢ ᠭᠦᠨᠵᠡᠭᠡᠶᠢᠷᠡᠭᠦᠯᠵᠦ᠂ ᠲᠡᠷᠡ ᠬᠡᠪ ᠢᠶᠠᠷ ᠨᠢ ᠰᠤᠷᠤᠯᠴᠠᠬᠤ ᠪᠠ ᠪᠣᠳᠠᠲᠠᠶ ᠲᠠᠢ ᠤᠶᠠᠯᠳᠤᠭᠤᠯᠤᠨ ᠰᠤᠷᠤᠯᠴᠠᠬᠤ ᠶᠢ ᠤᠶᠠᠯᠳᠤᠭᠤᠯᠬᠤ᠂ ᠪᠣᠯᠪᠠᠰᠤᠷᠠᠯ ᠢᠶᠠᠷ ᠰᠤᠷᠤᠯᠭ᠎ᠠ ᠶᠢ ᠲᠡᠳᠬᠦᠬᠦ ᠪᠠ ᠬᠡᠷᠡᠭ ᠢᠶᠠᠷ ᠰᠤᠷᠤᠯᠴᠠᠯᠭ᠎ᠠ ᠶᠢ ᠠᠬᠢᠭᠤᠯᠬᠤ ᠶᠢ ᠪᠠᠷᠢᠮᠲᠠᠯᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠲᠠᠰᠤᠷᠠᠯᠲᠠ ᠦᠭᠡᠢ ᠠᠬᠢᠭᠤᠯᠬᠤ ᠬᠡᠷᠡᠭᠲᠡᠶ᠃ ᠴᠢᠩᠭ᠎ᠠ ᠬᠦᠭ ᠠᠶᠠᠰ᠂ ᠴᠢᠩᠭ᠎ᠠ ᠠᠷᠭ᠎ᠠ ᠬᠡᠮᠵᠢᠶ᠎ᠡ᠂ ᠴᠢᠩᠭ᠎ᠠ ᠠᠭᠤᠷ ᠠᠮᠢᠰᠬᠤᠯ ᠢᠶᠠᠷ ᠦᠩᠭᠡᠨ ᠲᠠᠯ᠎ᠠ ᠪᠠ ᠦᠨᠳᠦᠰᠦ ᠠᠴᠠ ᠨᠢ ᠵᠠᠰᠠᠬᠤ ᠶᠢ ᠭᠦᠨᠵᠡᠭᠡᠶᠢᠷᠡᠭᠦᠯᠵᠦ᠂ ᠰᠠᠬᠢᠯᠭ᠎ᠠ ᠪᠠᠲᠤ ᠶᠣᠰᠣ ᠲᠦᠷᠢᠮ ᠢ ᠲᠠᠰᠤᠷᠠᠯᠳᠠ ᠦᠭᠡᠢ ᠲᠣᠭᠲᠠᠭᠠᠵᠤ᠂ ᠴᠢᠩᠳᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃  ᠬᠤᠷᠠᠯ ᠠᠴᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠰᠠᠨᠠᠭ᠎ᠠ ᠪᠠᠨ ᠨᠢᠭᠲᠠᠷᠠᠭᠤᠯᠵᠤ ᠰᠦᠭ ᠰᠦᠨᠡᠰᠦ ᠪᠠᠨ ᠱᠤᠭᠤᠬᠤ ᠶᠢ ᠴᠥᠬᠦᠷᠡᠰᠢ ᠦᠭᠡᠢ ᠪᠠᠷᠢᠮᠲᠠᠯᠠᠵᠤ᠂ ᠡᠨᠡ ᠬᠦ ᠦᠵᠡᠯ ᠰᠠᠨᠠᠭᠠᠨ ᠤ ᠶᠢᠷᠲᠢᠨᠴᠦ ᠶᠢᠨ ᠦᠵᠡᠯᠲᠡ ᠪᠠ ᠠᠷᠭ᠎ᠠ ᠶᠢᠨ ᠤᠨᠤᠯ ᠢ ᠰᠠᠶᠢᠲᠤᠷ ᠡᠵᠡᠮᠳᠡᠵᠦ᠂ ︽ᠬᠤᠶᠠᠷ᠂ ᠭᠤᠷᠪᠠ ᠳᠥᠷᠪᠡ︾ ᠷᠠᠳᠢᠣ᠋ ᠲᠧᠯᠸᠢᠰ ᠤᠨ ᠠᠵᠢᠯ ᠤᠨ ᠪᠠᠶᠢᠷᠢ ᠲᠣᠭᠲᠠᠭᠠᠯᠲᠠ ᠶᠢ ᠰᠠᠶᠢᠲᠤᠷ ᠪᠠᠷᠢᠮᠲᠠᠯᠠᠵᠤ᠂ ︽ᠤᠯᠠᠮᠵᠢᠯᠠᠯᠲᠤ ᠷᠠᠳᠢᠣ᠋ ᠲᠧᠯᠸᠢᠰ ᠤᠨ ᠠᠭᠤᠰᠤᠯᠴᠠᠯ ᠢ ᠪᠠᠬᠢᠵᠢᠭᠦᠯᠦᠨ ᠳᠡᠭᠡᠭᠰᠢᠯᠡᠭᠦᠯᠵᠦ᠂ ᠵᠠᠭᠤᠴᠢᠯᠠᠭᠤᠷ ᠤᠨ ᠠᠭᠤᠰᠤᠯᠴᠠᠯ ᠢ ᠠᠬᠢᠭᠤᠯᠵᠤ᠂ ᠬᠥᠭᠵᠢᠯᠲᠡ ᠶᠢᠨ ᠬᠠᠮᠲᠤᠷᠠᠯ ᠬᠦᠴᠦᠨ ᠢ ᠪᠦᠷᠢᠯᠳᠦᠭᠦᠯᠬᠦ︾ ᠭᠤᠷᠪᠠᠨ ᠶᠡᠭᠡ ᠠᠵᠢᠯ ᠤᠨ ᠴᠢᠭᠯᠡᠯ ᠢ ᠪᠠᠷᠢᠮᠲᠠᠯᠠᠵᠤ᠂ ᠨᠡᠩ ᠴᠤᠭ ᠪᠠᠳᠠᠷᠠᠩᠭᠤᠢ ᠲᠡᠮᠡᠴᠡᠯ ᠤᠨ ᠵᠣᠷᠢᠭ᠂ ᠨᠡᠩ ᠪᠣᠳᠠᠲᠠᠢ ᠶᠢ ᠡᠷᠬᠢᠮᠯᠡᠬᠦ ᠰᠤᠷᠲᠠᠯ᠂ ᠨᠡᠩ ᠪᠦᠲᠦᠮᠵᠢᠲᠡᠢ ᠠᠷᠭ᠎ᠠ ᠪᠠᠷ ᠡᠨᠡ ᠵᠢᠯ ᠤᠨ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠤᠬᠠᠮᠰᠠᠷ ᠠᠴᠠ ᠪᠠᠨ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠠᠵᠢᠯ ᠬᠢᠵᠦ ᠦᠢᠯᠡᠰ ᠪᠤᠰᠬᠠᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠷᠠᠳᠢᠣ᠋ ᠲᠧᠯᠸᠢᠰ ᠤᠨ ᠦᠵᠡᠵᠦ ᠰᠣᠨᠣᠰᠬᠤ ᠰᠣᠨᠣᠰᠬᠤ ᠪᠣᠳᠠᠲᠤ ᠠᠮᠵᠢᠯᠲᠠ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃  ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ ᠪᠠᠶᠢᠭᠤᠯᠭ᠎ᠠ ᠶᠢᠨ ᠡᠯ᠎ᠡ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠳ᠂ ᠰᠢᠭᠤᠳ ᠬᠠᠷᠢᠶ᠎ᠠ ᠡᠯ᠎ᠡ ᠨᠢᠭᠡᠴᠢ ᠶᠢᠨ ᠨᠠᠮ ᠵᠠᠰᠠᠭ ᠤᠨ ᠭᠤᠤᠯ ᠬᠠᠷᠢᠭᠤᠴᠠᠯᠭᠠᠲᠠᠳ ᠰᠤᠷᠤᠯᠴᠠᠯᠭ᠎ᠠ ᠶᠢᠨ ᠬᠤᠷᠠᠯ ᠳᠤ ᠰᠤᠯᠠ ᠣᠷᠣᠯᠴᠠᠪᠠ᠃ 
ᠢᠷᠡᠯᠲᠡ᠄ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠢ ᠲᠣᠪᠴᠢᠶ᠎ᠠ