ᠣᠯᠠᠨ ᠭᠠᠵᠠᠷ ᠤᠨ ᠬᠢᠨ ᠤᠲᠠᠰᠤᠲᠤ ᠲᠧᠯᠸᠢᠰ ᠢ ᠣᠯᠠᠨ ᠨᠡᠶᠢᠲᠡ ᠶᠢᠨ ᠦᠢᠯᠡᠴᠢᠯᠡᠭᠡᠨ ᠳᠤ ᠣᠷᠤᠭᠤᠯᠵᠤ ᠬᠡᠷᠡᠭᠯᠡᠭᠴᠢ ᠠᠴᠠ ᠰᠦᠢᠳᠭᠡᠯ ᠬᠤᠷᠢᠶᠠᠬᠤ ᠦᠭᠡᠢ ᠪᠣᠯᠭᠠᠬᠤ ᠶᠢ ᠢᠳᠡᠪᠬᠢᠲᠡᠢ ᠰᠦᠪᠡᠭᠴᠢᠯᠡᠪᠡ
ᠨᠡᠶᠢᠲᠡᠯᠡᠭᠰᠡᠨ ᠴᠠᠭ᠄
2024/6/13
  2020 ᠣᠨ ᠳᠤ᠂ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ︽ᠷᠠᠳᠢᠣ᠋ ᠲᠧᠯᠸᠢᠰ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠣᠭᠲᠠᠯᠴᠠᠭ᠎ᠠ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠵᠢᠯᠣᠭᠤᠳᠬᠤ ᠰᠠᠨᠠᠯ︾ ᠢ ᠳᠠᠷᠤᠮᠠᠯᠯᠠᠨ ᠲᠠᠷᠬᠠᠭᠠᠵᠤ᠂ ︽ᠤᠲᠠᠰᠤᠲᠤ ᠲᠧᠯᠸᠢᠰ ᠤᠨ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠲᠥᠷᠥ ᠶᠢᠨ ᠪᠣᠳᠣᠯᠭ᠎ᠠ︾ ᠶᠢ ᠭᠤᠤᠯᠳᠠᠯᠭ᠎ᠠ ᠲᠠᠢ ᠰᠤᠳᠤᠯᠭᠠᠨ ᠤ ᠵᠠᠩᠭᠢᠯᠠᠭ᠎ᠠ ᠶᠢᠨ ᠠᠰᠠᠭᠤᠳᠠᠯ ᠪᠣᠯᠭᠠᠪᠠ᠃ 2022 ᠣᠨ ᠳᠤ᠂ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ︽ᠤᠶᠤᠨᠲᠤ ᠷᠠᠳᠢᠣ᠋ ᠲᠧᠯᠸᠢᠰ ᠤᠨ ᠬᠥᠳᠡᠭᠡ ᠲᠣᠰᠬᠤᠨ ᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠲᠤᠬᠠᠶ ᠵᠢᠯᠣᠭᠤᠳᠬᠤ ᠰᠠᠨᠠᠯ︾ ᠢ ᠳᠠᠷᠤᠮᠠᠯᠯᠠᠨ ᠲᠠᠷᠬᠠᠭᠠᠵᠤ᠂ ︽ᠨᠥᠬᠦᠴᠡᠯ ᠲᠠᠢ ᠭᠠᠵᠠᠷ ᠣᠷᠣᠨ ᠤ ᠤᠲᠠᠰᠤᠲᠤ ᠲᠧᠯᠸᠢᠰ᠂ 5G ᠷᠠᠳᠢᠣ᠋ ᠲᠧᠯᠸᠢᠰ᠂ ᠣᠨᠴᠠ ᠲᠣᠭᠲᠠᠭᠰᠠᠨ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠫᠷᠤᠭ᠍ᠷᠠᠮ ᠢ ᠣᠯᠠᠨ ᠨᠡᠶᠢᠲᠡ ᠶᠢᠨ ᠦᠢᠯᠡᠴᠢᠯᠡᠭᠡ ᠪᠤᠶᠤ ᠰᠣᠶᠣᠯ ᠤᠨ ᠮᠡᠳᠡᠭᠡ ᠵᠠᠩᠭᠢ ᠶᠢᠨ ᠬᠡᠷᠡᠭᠯᠡᠭᠡ ᠶᠢᠨ ᠨᠥᠬᠦᠪᠥᠷᠢ ᠶᠢᠨ ᠬᠡᠪᠴᠢᠶᠡᠨ ᠳᠤ ᠣᠷᠣᠭᠤᠯᠬᠤ ᠶᠢ ᠵᠣᠷᠢᠭᠵᠢᠭᠤᠯᠤᠨ᠎ᠠ ︾᠃ ᠣᠶᠢᠷ᠎ᠠ ᠶᠢᠨ ᠵᠢᠯ ᠤᠳ ᠲᠤ᠂ ᠵᠠᠷᠢᠮ ᠭᠠᠵᠠᠷ ᠣᠷᠣᠨ ᠤ ᠤᠲᠠᠰᠤᠲᠤ ᠰᠦᠯᠵᠢᠶ᠎ᠡ ᠨᠢ ᠵᠠᠰᠠᠭ ᠤᠨ ᠣᠷᠳᠣᠨ ᠤ ᠳᠡᠮᠵᠢᠯᠭᠡ ᠶᠢ ᠣᠯᠵᠤ᠂ ᠤᠲᠠᠰᠤᠲᠤ ᠲᠧᠯᠸᠢᠰ ᠢ ᠣᠯᠠᠨ ᠨᠡᠶᠢᠲᠡ ᠶᠢᠨ ᠦᠢᠯᠡᠴᠢᠯᠡᠭᠡ ᠳᠤ ᠣᠷᠣᠭᠤᠯᠤᠨ ᠬᠡᠷᠡᠭᠯᠡᠭᠴᠢᠳ ᠠᠴᠠ ᠰᠦᠢᠳᠬᠡᠯ ᠬᠤᠷᠢᠶᠠᠬᠤ ᠦᠭᠡᠢ ᠪᠣᠯᠭᠠᠵᠤ ᠂ ᠤᠲᠠᠰᠤᠲᠤ ᠲᠧᠯᠸᠢᠰ ᠢ ᠨᠡᠩ ᠶᠡᠭᠡ ᠬᠡᠪᠴᠢᠶ᠎ᠡ ᠪᠠᠷ ᠪᠦᠷᠬᠦᠭᠦᠯᠬᠦ ᠶᠢ ᠪᠡᠶᠡᠯᠡᠭᠦᠯᠵᠦ᠂ ᠬᠡᠳᠦ ᠥᠨᠳᠥᠷ ᠲᠤᠳᠤᠷᠠᠴᠠᠲᠤ ᠶᠢᠨ ᠠᠵᠤ ᠦᠢᠯᠡᠰ ᠤᠨ ᠬᠥᠭᠵᠢᠯᠲᠡ ᠶᠢ ᠲᠦᠷᠭᠡᠳᠬᠡᠵᠦ᠂ ᠦᠵᠡᠯ ᠤᠬᠠᠮᠰᠠᠷ ᠤᠨ ᠬᠡᠯᠪᠡᠷᠢ ᠶᠢᠨ ᠵᠢᠭᠰᠠᠭᠠᠯ ᠤᠨ ᠭᠠᠵᠠᠷ ᠢ ᠤᠯᠠᠮ ᠨᠢᠭᠡ ᠠᠯᠬᠤᠮ ᠪᠠᠬᠢᠵᠢᠭᠦᠯᠪᠡ᠃ᠰᠧᠴᠤᠸᠠᠨ ᠮᠤᠵᠢ ᠶᠢᠨ ᠣᠯᠠᠨ ᠭᠠᠵᠠᠷ ᠤᠨ ᠬᠢᠨ ᠤᠲᠠᠰᠤᠲᠤ ᠲᠧᠯᠸᠢᠰ ᠤᠨ ᠦᠢᠯᠡᠴᠢᠯᠡᠭᠡ ᠬᠤᠳᠠᠯᠳᠤᠨ ᠠᠪᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ ᠣᠨᠴᠠᠭᠠᠶ ᠬᠥᠮᠦᠰ ᠤᠨ ᠭᠥᠯᠢᠶᠡᠨ ᠠᠪᠴᠤ ᠦᠵᠡᠬᠦ ᠡᠷᠬᠡ ᠠᠰᠢᠭ ᠢ ᠪᠠᠲᠤᠯᠠᠪᠠ  ᠢ ᠪᠢᠨ ᠬᠤᠲᠠ ᠬᠤᠲᠠ ᠰᠢᠶᠠᠨ ᠤ ᠫᠷᠤᠭ᠍ᠷᠠᠮ ᠤᠨ ᠪᠦᠷᠬᠦᠴᠡ ᠶᠢᠨ ᠲᠣᠭᠤᠷᠢᠨ ᠳᠤ ᠨᠥᠬᠦᠪᠥᠷᠢ ᠣᠯᠭᠤᠬᠤ ᠲᠥᠷᠥ ᠶᠢᠨ ᠪᠣᠳᠣᠯᠭ᠎ᠠ ᠶᠢ ᠴᠢᠷᠮᠠᠶᠢᠨ ᠬᠡᠷᠡᠭᠵᠢᠭᠦᠯᠵᠦ᠂ ︽ᠬᠤᠲᠠ ᠪᠠᠯᠭᠠᠰᠤᠨ ᠤ ᠬᠦᠴᠢᠷᠳᠡᠯᠲᠡᠢ ᠣᠯᠠᠨ ᠲᠦᠮᠡᠨ ᠠᠴᠠ ᠰᠦᠢᠳᠭᠡᠯ ᠬᠤᠷᠢᠶᠠᠬᠤ ᠥᠬᠡᠢ ᠪᠠᠷ ᠷᠠᠳᠢᠣ᠋ ᠲᠧᠯᠸᠢᠰ ᠤᠨ ᠣᠨᠴᠠ ᠲᠤᠳᠤᠷᠠᠴᠠᠲᠤ ᠲᠣᠭᠠᠴᠢᠯᠠᠭᠰᠠᠨ ᠲᠧᠯᠸᠢᠰ ᠤᠨ ᠬᠦᠯᠢᠶᠡᠨ ᠠᠪᠬᠤ ᠦᠢᠯᠡᠴᠢᠯᠡᠭᠡ ᠶᠢ ᠬᠡᠷᠡᠭᠵᠢᠭᠦᠯᠬᠦ ᠲᠥᠰᠦᠯ︾ ᠢ ᠲᠣᠭᠲᠠᠭᠠᠨ ᠬᠡᠷᠡᠭᠵᠢᠭᠦᠯᠵᠦ᠂ 2023 ᠣᠨ ᠳᠤ 800 ᠭᠠᠷᠤᠢ ᠲᠦᠮᠡᠨ ᠲᠥᠭᠦᠷᠢᠭ ᠤᠨ ᠪᠡᠯᠡ ᠮᠥᠩᠭᠦ ᠶᠢ ᠨᠠᠶᠢᠳᠠᠪᠤᠷᠢᠵᠢᠭᠤᠯᠪᠠ᠃ ᠳ᠋ᠧ ᠶᠠᠩ ᠬᠤᠲᠠ 2021 ᠣᠨ ᠳᠤ ︽ᠬᠤᠲᠠ ᠬᠥᠳᠡᠭᠡ ᠶᠢᠨ ᠬᠦᠴᠢᠷᠳᠡᠯᠲᠡᠶ ᠬᠥᠮᠦᠰ ᠪᠠ ᠤᠤᠯ ᠤᠨ ᠳᠡᠩᠰᠡᠯᠡᠨ ᠺᠠᠷᠲᠯᠠᠭᠰᠠᠨ ᠶᠠᠳᠠᠭᠤ ᠬᠦᠴᠢᠷᠳᠡᠯᠲᠡᠶ ᠬᠥᠮᠦᠨ ᠠᠮᠠ ᠷᠠᠳᠢᠣ᠋ ᠲᠧᠯᠸᠢᠰ ᠤᠨ ᠣᠨᠴᠠ ᠲᠤᠳᠤᠷᠠᠴᠠᠲᠤ ᠲᠣᠭᠠᠴᠢᠯᠠᠭᠰᠠᠨ ᠲᠧᠯᠸᠢᠰ ᠢ ᠭᠥᠯᠢᠶᠡᠨ ᠠᠪᠴᠤ ᠦᠵᠡᠬᠦ ᠵᠠᠯᠭᠠᠮᠵᠢ ᠦᠢᠯᠡᠴᠢᠯᠡᠭᠡᠨ ᠤ ᠬᠡᠷᠡᠭᠵᠢᠭᠦᠯᠬᠦ ᠲᠥᠰᠦᠯ︾ ᠢ ᠨᠡᠶᠢᠲᠡᠯᠡᠵᠦ᠂ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠨᠥᠬᠦᠪᠥᠷᠢ ᠶᠢ ᠦᠷᠭᠦᠯᠵᠢᠯᠡᠨ ᠲᠡᠮᠡᠴᠡᠨ ᠣᠯᠵᠤ᠂ 2023 ᠣᠨ ᠳᠤ 360 ᠭᠠᠷᠤᠶ ᠲᠦᠮᠡᠨ ᠲᠥᠭᠦᠷᠢᠭ ᠤᠨ ᠪᠠᠯᠠ ᠮᠥᠩᠭᠦ ᠶᠢ ᠨᠠᠶᠢᠳᠠᠪᠤᠷᠢᠵᠢᠭᠤᠯᠪᠠ᠃ ᠰᠦᠢ ᠨᠢᠩ ᠬᠤᠲᠠ ᠶᠢᠨ ᠰᠣᠶᠣᠯ ᠷᠠᠳᠢᠣ᠋ ᠲᠧᠯᠸᠢᠰ ᠪᠠ ᠵᠢᠭᠤᠯᠴᠢᠯᠠᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ ᠬᠠᠮᠲᠤᠷᠠᠨ ︽ᠪᠥᠬᠦ ᠬᠤᠲᠠ ᠶᠢᠨ ᠬᠤᠲᠠ ᠬᠥᠳᠡᠭᠡ ᠶᠢᠨ ᠬᠦᠴᠢᠷᠳᠡᠯᠲᠡᠶ ᠬᠥᠮᠦᠰ ᠤᠨ ᠤᠲᠠᠰᠤᠲᠤ ᠲᠧᠯᠸᠢᠰ ᠤᠨ ᠦᠨᠳᠦᠰᠦᠨ ᠭᠥᠯᠢᠶᠡᠨ ᠠᠪᠴᠤ ᠵᠠᠰᠠᠵᠤ ᠬᠠᠮᠠᠭᠠᠯᠠᠬᠤ ᠵᠠᠷᠤᠳᠠᠯ ᠢ ᠬᠠᠰᠤᠵᠤ ᠬᠡᠯᠲᠦᠷᠢᠭᠦᠯᠬᠦ ᠶᠢ ᠨᠠᠶᠢᠳᠠᠪᠤᠷᠢᠵᠢᠭᠤᠯᠬᠤ ᠲᠤᠬᠠᠶ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠬᠤᠲᠠ ᠰᠢᠶᠠᠨ ᠬᠤᠶᠠᠷ ᠱᠠᠲᠤᠨ ᠤ ᠬᠢᠨ ᠨᠥᠬᠦᠪᠥᠷᠢ ᠵᠠᠷᠤᠳᠠᠯ ᠢ ᠠᠳᠠᠯᠢ ᠪᠤᠰᠤ ᠬᠠᠷᠢᠴᠠᠯ ᠢᠶᠠᠷ ᠱᠠᠲᠤ ᠬᠤᠪᠢᠶᠠᠨ ᠡᠭᠦᠷᠭᠡᠯᠡᠬᠦ ᠶᠢ ᠲᠣᠳᠣᠷᠬᠠᠶᠢᠯᠠᠵᠤ᠂ 2023 ᠣᠨ ᠳᠤ 2400 ᠲᠦᠮᠡᠨ ᠲᠥᠭᠦᠷᠢᠭ ᠤᠨ ᠪᠠᠯᠠ ᠮᠥᠩᠭᠦ ᠶᠢ ᠨᠠᠶᠢᠳᠠᠪᠤᠷᠢᠵᠢᠭᠤᠯᠪᠠ᠃ ᠳ᠋ᠠ ᠵᠧᠦ ᠬᠤᠳᠠ ᠶᠢᠨ ᠷᠠᠳᠢᠣ᠋ ᠲᠧᠯᠸᠢᠰ ᠤᠨ ᠲᠤᠪᠴᠢᠶ᠎ᠠ ᠵᠡᠷᠭᠡ 6 ᠰᠠᠯᠠᠭ᠎ᠠ ᠮᠥᠴᠢᠷ ︽ᠬᠤᠳᠠ ᠬᠥᠳᠡᠭᠡ ᠶᠢᠨ ᠣᠨᠴᠠᠭᠠᠢ ᠪᠦᠯᠬᠦᠮ ᠠᠴᠠ ᠰᠦᠢᠳᠬᠡᠯ ᠬᠤᠷᠢᠶᠠᠬᠤ ᠦᠭᠡᠢ ᠪᠠᠷ ᠷᠠᠳᠢᠣ᠋ ᠲᠧᠯᠸᠢᠰ ᠤᠨ ᠥᠨᠳᠥᠷ ᠲᠤᠳᠤᠷᠠᠴᠠᠲᠤ ᠲᠣᠭᠠᠴᠢᠯᠠᠭᠰᠠᠨ ᠲᠧᠯᠸᠢᠰ ᠤᠨ ᠬᠦᠯᠢᠶᠡᠨ ᠠᠪᠬᠤ ᠦᠢᠯᠡᠴᠢᠯᠡᠭᠡ ᠶᠢ ᠬᠡᠷᠡᠭᠵᠢᠭᠦᠯᠬᠦ ᠲᠥᠰᠦᠯ︾ ᠢ ᠨᠡᠶᠢᠲᠡᠯᠡᠵᠦ᠂ ᠰᠢᠶᠠᠨ ᠲᠣᠭᠤᠷᠢᠭ ᠤᠨ ᠵᠠᠰᠠᠭ ᠤᠨ ᠣᠷᠳᠣᠨ ᠪᠣᠯᠤᠨ ᠷᠠᠳᠢᠣ᠋ ᠲᠧᠯᠸᠢᠰ ᠤᠨ ᠰᠦᠯᠵᠢᠶᠡᠨ ᠤ ᠺᠣᠮᠫᠠᠨᠢ ᠲᠤᠰ ᠲᠤᠰ 50% ᠶᠢ ᠡᠭᠦᠷᠭᠡᠯᠡᠬᠦ ᠶᠢ ᠲᠤᠳᠤᠷᠬᠠᠶᠢᠯᠠᠵᠤ᠂ 2023 ᠣᠨ ᠳᠤ 470 ᠭᠠᠷᠤᠢ ᠲᠦᠮᠡᠨ ᠲᠥᠭᠦᠷᠢᠭ ᠤᠨ ᠪᠡᠯᠡ ᠮᠥᠩᠭᠦ ᠶᠢ ᠨᠠᠶᠢᠳᠠᠪᠤᠷᠢᠵᠢᠭᠤᠯᠪᠠ᠃ ᠮᠢᠶᠠᠨ ᠶᠠᠩ ᠬᠤᠲᠠ ᠶᠢᠨ ᠬᠠᠷᠢᠶ᠎ᠠ ᠵᠢᠶᠠᠩ ᠶᠢᠦ᠂ ᠰᠠᠨ ᠲᠠᠢ᠂ ᠶᠠᠨ ᠲᠢᠩ᠂ ᠪᠸᠢ ᠴᠤᠸᠠᠨ ᠵᠡᠷᠭᠡ ᠰᠢᠶᠠᠨ ᠲᠣᠰ ᠭᠠᠵᠠᠷ ᠤᠨ ᠢᠶᠠᠨ ᠪᠣᠳᠠᠲᠠᠶ ᠲᠠᠢ ᠤᠶᠠᠯᠳᠤᠭᠤᠯᠤᠨ᠂ ᠰᠢᠶᠠᠨ ᠤ ᠱᠠᠲᠤᠨ ᠤ ᠡᠳ᠋ ᠤᠨ ᠵᠠᠰᠠᠭ ᠤᠨ ᠨᠥᠬᠦᠪᠥᠷᠢ ᠶᠢ ᠲᠡᠮᠡᠴᠡᠨ ᠣᠯᠵᠤ᠂ 2023 ᠣᠨ ᠳᠤ 1500 ᠭᠠᠷᠤᠶ ᠲᠦᠮᠡᠨ ᠲᠥᠭᠦᠷᠢᠭ ᠤᠨ ᠪᠠᠯᠠ ᠮᠥᠩᠭᠦ ᠶᠢ ᠨᠠᠶᠢᠳᠠᠪᠤᠷᠢᠵᠢᠭᠤᠯᠪᠠ᠃ ᠭᠤᠸᠠᠩ ᠠᠨ ᠬᠤᠲᠠ ᠬᠤᠲᠠ ᠬᠥᠳᠡᠭᠡ ᠶᠢᠨ ᠣᠨᠴᠠᠭᠠᠢ ᠪᠦᠯᠬᠦᠮ ᠠᠴᠠ ᠰᠦᠢᠳᠭᠡᠯ ᠬᠤᠷᠢᠶᠠᠬᠤ ᠶᠢ ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠬᠡᠪᠴᠢᠶᠡᠨ ᠳᠤ ᠣᠷᠣᠭᠤᠯᠵᠤ᠂ 2023 ᠣᠨ ᠳᠤ 570 ᠭᠠᠷᠤᠢ ᠲᠦᠮᠡᠨ ᠲᠥᠭᠦᠷᠢᠭ ᠤᠨ ᠪᠡᠯᠡ ᠮᠥᠩᠭᠦ ᠶᠢ ᠨᠠᠶᠢᠳᠠᠪᠤᠷᠢᠵᠢᠭᠤᠯᠪᠠ᠃ ᠳᠡᠭᠡᠷ᠎ᠡ ᠳᠤᠷᠠᠳᠤᠭᠰᠠᠨ ᠬᠤᠲᠠ᠂ ᠰᠢᠶᠠᠨ 2024 ᠣᠨ ᠳᠤ ᠵᠠᠰᠠᠭ ᠤᠨ ᠣᠷᠳᠣᠨ ᠤ ᠣᠨᠴᠠᠭᠠᠢ ᠪᠦᠯᠬᠦᠮ ᠤᠨ ᠤᠲᠠᠰᠤᠲᠤ ᠲᠧᠯᠸᠢᠰ ᠤᠨ ᠭᠥᠯᠢᠶᠡᠨ ᠠᠪᠬᠤ ᠦᠢᠯᠡᠴᠢᠯᠡᠭᠡᠨ ᠤ ᠲᠥᠷᠥ ᠶᠢᠨ ᠪᠣᠳᠣᠯᠭ᠎ᠠ᠂ ᠪᠠᠯᠠ ᠮᠥᠩᠭᠦ ᠶᠢ ᠨᠠᠶᠢᠳᠠᠪᠤᠷᠢᠵᠢᠭᠤᠯᠬᠤ ᠶᠢ ᠦᠷᠭᠦᠯᠵᠢᠯᠡᠨ ᠠᠬᠢᠭᠤᠯᠤᠨ᠎ᠠ᠃ᠥᠪᠥᠷ ᠮᠣᠩᠭᠤᠯ ᠤᠨ ᠬᠤᠶᠠᠷ ᠬᠤᠰᠢᠭᠤᠨ ᠤ ᠬᠢᠨ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ ᠠᠷᠭ᠎ᠠ ᠬᠡᠯᠪᠡᠷᠢ ᠪᠠᠷ ᠳᠠᠮᠵᠢᠭᠤᠯᠤᠨ ᠤᠲᠠᠰᠤᠲᠤ ᠲᠧᠯᠸᠢᠰ ᠢ ᠮᠠᠯᠵᠢᠬᠤ ᠲᠠᠷᠢᠶᠠᠯᠠᠬᠤ ᠣᠷᠣᠨ ᠳᠤ ᠰᠦᠢᠳᠭᠡᠯ ᠬᠤᠷᠢᠶᠠᠬᠤ ᠥᠬᠡᠶ ᠪᠠᠷ ᠡᠷᠦᠬᠡ ᠳᠤ ᠣᠷᠣᠭᠤᠯᠬᠤ ᠶᠢ ᠠᠬᠢᠭᠤᠯᠪᠠ  ᠷᠠᠳᠢᠣ᠋ ᠲᠧᠯᠸᠢᠰ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠵᠦ᠂ ᠠᠷᠠᠳ ᠣᠯᠠᠨ ᠤ ᠣᠯᠠᠨ ᠨᠡᠶᠢᠲᠡ ᠶᠢᠨ ᠰᠣᠶᠣᠯ ᠤᠨ ᠡᠷᠬᠡ ᠠᠰᠢᠭ ᠢ ᠪᠠᠲᠤᠯᠠᠬᠤ ᠶᠢᠨ ᠲᠥᠯᠥᠭᠡ᠂ ᠥᠪᠥᠷ ᠮᠣᠩᠭᠤᠯ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ ᠠᠷᠭ᠎ᠠ ᠬᠡᠯᠪᠡᠷᠢ ᠪᠠᠷ ᠤᠲᠠᠰᠤᠲᠤ ᠲᠧᠯᠸᠢᠰ ᠢ ᠮᠠᠯᠵᠢᠬᠤ ᠲᠠᠷᠢᠶᠠᠯᠠᠬᠤ ᠣᠷᠣᠨ ᠳᠤ ᠰᠦᠢᠳᠬᠡᠯ ᠬᠤᠷᠢᠶᠠᠬᠤ ᠥᠬᠡᠶ ᠪᠠᠷ ᠡᠷᠦᠬᠡ ᠳᠤ ᠣᠷᠣᠭᠤᠯᠬᠤ ᠶᠢ ᠪᠡᠶᠡᠯᠡᠭᠦᠯᠬᠦ ᠶᠢᠨ ᠬᠠᠮᠲᠤ ᠣᠷᠳᠣᠰ ᠬᠤᠲᠠ ᠶᠢᠨ ᠵᠡᠭᠦᠨᠭᠠᠷ ᠬᠤᠰᠢᠭᠤ᠂ ᠡᠵᠡᠨ ᠬᠤᠷᠤᠭ᠎ᠠ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠳᠤ ᠤᠷᠢᠳ ᠢᠶᠠᠷ ᠬᠡᠷᠡᠭᠵᠢᠭᠦᠯᠵᠦ ᠤᠷᠢᠳ ᠢᠶᠠᠷ ᠲᠤᠷᠰᠢᠪᠠ᠃ ᠵᠡᠭᠦᠨᠭᠠᠷ ᠬᠤᠰᠢᠭᠤ ᠪᠣᠯ ᠪᠥᠬᠦ ᠤᠯᠤᠰ ᠤᠨ ᠬᠤᠶᠠᠳᠤᠭᠠᠷ ᠪᠦᠯᠦᠭ ᠷᠠᠳᠢᠣ᠋ ᠲᠧᠯᠸᠢᠰ ᠤᠨ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡᠨ ᠤ ᠰᠢᠶᠠᠨ ᠤ ᠱᠠᠲᠤᠨ ᠤ ᠪᠠᠷᠢᠮᠵᠢᠶᠠᠵᠢᠭᠤᠯᠬᠤ ᠲᠤᠷᠰᠢᠯᠲᠠ ᠶᠢᠨ ᠴᠡᠭ ᠤᠨ ᠭᠠᠵᠠᠷ ᠣᠷᠣᠨ ᠪᠠᠶᠢᠵᠤ᠂ ᠨᠡᠯᠢᠶᠡᠳ ᠪᠦᠷᠢᠨ ᠲᠡᠭᠦᠯᠳᠡᠷ ᠤᠲᠠᠰᠤᠲᠤ ᠲᠧᠯᠸᠢᠰ ᠤᠨ ᠰᠠᠭᠤᠷᠢ ᠲᠥᠬᠦᠭᠡᠷᠦᠮᠵᠢ ᠶᠢ ᠪᠠᠶᠢᠭᠤᠯᠪᠠ᠃ 2022 ᠣᠨ ᠠᠴᠠ ᠡᠬᠢᠯᠡᠨ᠂ ᠵᠡᠭᠦᠨᠭᠠᠷ ᠬᠤᠰᠢᠭᠤᠨ ᠤ ᠵᠠᠰᠠᠭ ᠵᠠᠬᠢᠷᠭᠠᠨ ᠤ ᠲᠣᠰᠬᠤᠨ᠂ ᠠᠶᠢᠯ ᠲᠣᠰᠬᠤᠨ ᠵᠢᠴᠢ ᠪᠠᠯᠭᠠᠰᠤ ᠲᠣᠭᠤᠷᠢᠭ ᠤᠨ ᠳᠣᠲᠣᠷᠠᠬᠢ ᠨᠡᠭᠦᠳᠡᠯ ᠠᠷᠠᠳ ᠪᠠ ᠡᠭᠡᠭᠦᠯᠦᠨ ᠨᠡᠭᠦᠯᠭᠡᠬᠦ ᠡᠷᠦᠬᠡ ᠪᠠᠷ ᠭᠤᠤᠯ ᠬᠠᠮᠤᠷᠤᠯᠲᠠ ᠶᠢᠨ ᠬᠡᠪᠴᠢᠶ᠎ᠡ ᠪᠣᠯᠭᠠᠵᠤ᠂ ᠬᠡᠷᠡᠭᠯᠡᠭᠴᠢᠳ ᠲᠤ ᠦᠨ᠎ᠡ ᠲᠥᠯᠥᠪᠦᠷᠢ ᠥᠬᠡᠶ ᠪᠠᠷ ᠤᠲᠠᠰᠤᠲᠤ ᠲᠧᠯᠸᠢᠰ ᠤᠨ ᠦᠢᠯᠡᠴᠢᠯᠡᠭᠡ ᠬᠠᠩᠭᠠᠬᠤ ᠶᠢᠨ ᠬᠠᠮᠲᠤ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠠᠭᠤᠯᠭ᠎ᠠ ᠶᠢ ᠳᠠᠮᠵᠢᠭᠤᠯᠤᠨ ᠬᠦᠷᠭᠡᠪᠡ᠃ ᠬᠤᠰᠢᠭᠤᠨ ᠤ ᠵᠠᠰᠠᠭ ᠤᠨ ᠣᠷᠳᠣᠨ ᠬᠡᠷᠡᠭᠯᠡᠭᠴᠢ ᠶᠢᠨ ᠰᠦᠯᠵᠢᠶᠡᠨ ᠳᠤ ᠣᠷᠣᠬᠤ ᠠᠴᠠ ᠡᠮᠦᠨ᠎ᠡ ᠭᠤᠷᠪᠠᠨ ᠵᠢᠯ ᠳᠤ ᠡᠷᠦᠬᠡ ᠪᠦᠷᠢ ᠳᠤ 300 ᠲᠥᠭᠦᠷᠢᠭ᠂ ᠭᠤᠷᠪᠠᠨ ᠵᠢᠯ ᠤᠨ ᠳᠠᠷᠠᠭ᠎ᠠ ᠵᠢᠯ ᠳᠤ ᠡᠷᠦᠬᠡ ᠪᠦᠷᠢ ᠳᠤ 200 ᠲᠥᠭᠦᠷᠢᠭ ᠤᠨ ᠪᠠᠷᠢᠮᠵᠢᠶ᠎ᠠ ᠪᠠᠷ ᠨᠥᠬᠦᠪᠥᠷᠢ ᠣᠯᠭᠤᠨ᠎ᠠ᠃ ᠣᠳᠣᠬᠠᠨ ᠳᠤ ᠪᠣᠯᠲᠠᠯ᠎ᠠ᠂ ᠨᠡᠶᠢᠲᠡ 2100 ᠲᠦᠮᠡᠨ ᠲᠥᠭᠦᠷᠢᠭ ᠤᠨ ᠪᠠᠯᠠ ᠣᠷᠣᠭᠤᠯᠵᠤ᠂ ᠠᠰᠢᠭ ᠭᠥᠷᠳᠡᠭᠰᠡᠨ ᠲᠠᠷᠢᠶᠠᠴᠢᠨ ᠡᠷᠦᠬᠡ 3 ᠲᠦᠮᠡ ᠳᠤ ᠬᠦᠷᠴᠡᠶ᠃ ᠡᠵᠡᠨ ᠬᠤᠷᠤᠭ᠎ᠠ ᠬᠤᠰᠢᠭᠤ 2022 ᠣᠨ ᠠᠴᠠ ᠡᠬᠢᠯᠡᠨ ︽ᠤᠶᠤᠨᠲᠤ ᠷᠠᠳᠢᠣ᠋ ᠲᠧᠯᠸᠢᠰ︾ ᠢ ᠡᠷᠦᠬᠡ ᠳᠤ ᠣᠷᠣᠭᠤᠯᠬᠤ ᠢᠨᠵᠧᠨᠧᠷᠢᠩ ᠢ ᠬᠡᠷᠡᠭᠵᠢᠭᠦᠯᠵᠦ᠂ ᠳᠤᠮᠳᠠᠳᠤ ᠤᠯᠤᠰ ᠤᠨ ᠷᠠᠳᠢᠣ᠋ ᠲᠧᠯᠸᠢᠰ ᠤᠨ ᠥᠪᠥᠷ ᠮᠣᠩᠭᠤᠯ ᠤᠨ ᠰᠦᠯᠵᠢᠶᠡᠨ ᠤ ᠬᠢᠵᠠᠭᠠᠷᠲᠤ ᠺᠣᠮᠫᠠᠨᠢ ᠠᠴᠠ 6969.49 ᠲᠦᠮᠡᠨ ᠲᠥᠭᠦᠷᠢᠭ ᠤᠨ ᠪᠠᠯᠠ ᠣᠷᠣᠭᠤᠯᠵᠤ ᠰᠠᠭᠤᠷᠢ ᠲᠥᠬᠦᠭᠡᠷᠦᠮᠵᠢ ᠶᠢ ᠪᠥᠲᠥᠭᠡᠨ ᠪᠠᠶᠢᠭᠤᠯᠵᠤ᠂ ᠬᠤᠰᠢᠭᠤᠨ ᠤ 7 ᠪᠠᠯᠭᠠᠰᠤ ᠲᠣᠭᠤᠷᠢᠭ᠂ 138 ᠭᠠᠴᠠᠭ᠎ᠠ ᠲᠣᠰᠬᠤᠨ ︵22 ᠨᠡᠭᠦᠳᠡᠯ ᠠᠷᠠᠳ ᠤᠨ ᠲᠣᠰᠬᠤᠨ ᠢ ᠪᠠᠭᠲᠠᠭᠠᠨ᠎ᠠ︶ ᠢ ᠬᠠᠮᠤᠷᠪᠠ᠃ 2024 ᠣᠨ ᠤ ᠡᠴᠦᠰ ᠲᠤ ᠪᠦᠬᠦᠨ ᠢ ᠪᠠᠶᠢᠭᠤᠯᠵᠤ ᠳᠠᠭᠤᠰᠬᠠᠭᠰᠠᠨ ᠤ ᠳᠠᠷᠠᠭ᠎ᠠ᠂ ᠬᠡᠷᠡᠭᠯᠡᠭᠴᠢᠳ ᠲᠤ ᠬᠤᠤᠰ ᠱᠤᠭᠤᠮ ᠤᠨ ᠬᠡᠷᠡᠯ ᠰᠢᠷᠬᠡᠭ ᠢ ᠡᠷᠦᠬᠡ ᠳᠤ ᠣᠷᠣᠭᠤᠯᠬᠤ ᠦᠢᠯᠡᠴᠢᠯᠡᠭᠡ ᠬᠠᠩᠭᠠᠵᠤ᠂ ᠡᠭᠦᠨ ᠳᠤ ᠣᠨᠴᠠ ᠲᠤᠳᠤᠷᠠᠴᠠᠲᠤ ᠤᠲᠠᠰᠤᠲᠤ ᠲᠧᠯᠸᠢᠰ ᠤᠨ ᠳᠣᠬᠢᠶ᠎ᠠ ᠪᠠ 100 ᠮᠧᠭ᠎ᠠ ᠠᠴᠠ ᠳᠡᠭᠡᠭᠰᠢᠬᠢ ᠢᠨᠲ᠋ᠧᠷ ᠰᠦᠯᠵᠢᠶᠡᠨ ᠤ ᠪᠦᠰᠡ ᠶᠢ ᠪᠠᠭᠲᠠᠭᠠᠵᠤ᠂ ᠲᠦᠢᠯ ᠤᠨ ᠣᠨᠴᠠ ᠵᠠᠷᠢᠮ ᠪᠤᠶᠢᠳᠠ ᠪᠥᠭᠯᠡᠭᠦᠤ ᠭᠠᠵᠠᠷ ᠣᠷᠣᠨ ᠳᠤ 20 ᠮᠧᠭ᠎ᠠ ᠶᠢᠨ ᠤᠲᠠᠰᠤ ᠥᠬᠡᠶ ᠬᠤᠤᠰ ᠰᠠᠭᠤᠷᠢ ᠥᠷᠲᠡᠭᠡ ᠶᠢ ᠬᠠᠮᠤᠷᠬᠤ ᠶᠢ ᠪᠠᠭᠲᠠᠭᠠᠨ᠎ᠠ᠃ ᠬᠤᠰᠢᠭᠤᠨ ᠤ ᠵᠠᠰᠠᠭ ᠤᠨ ᠣᠷᠳᠣᠨ ᠪᠣᠯᠤᠨ ᠳᠤᠮᠳᠠᠳᠤ ᠤᠯᠤᠰ ᠤᠨ ᠷᠠᠳᠢᠣ᠋ ᠲᠧᠯᠸᠢᠰ ᠤᠨ ᠥᠪᠥᠷ ᠮᠣᠩᠭᠤᠯ ᠤᠨ ᠰᠦᠯᠵᠢᠶᠡᠨ ᠤ ᠬᠢᠵᠠᠭᠠᠷᠲᠤ ᠺᠣᠮᠫᠠᠨᠢ ᠶᠢᠨ ᠡᠵᠡᠨ ᠬᠤᠷᠤᠭ᠎ᠠ ᠬᠤᠰᠢᠭᠤᠨ ᠤ ᠬᠤᠪᠢᠶᠠᠷᠢ ᠺᠣᠮᠫᠠᠨᠢ 10 ᠵᠢᠯ ᠤᠨ ᠬᠤᠭᠤᠴᠠᠭ᠎ᠠ ᠲᠠᠢ ᠭᠡᠷ᠎ᠡ ᠲᠣᠭᠲᠠᠵᠤ᠂ 2024 ᠣᠨ ᠠᠴᠠ ᠡᠬᠢᠯᠡᠨ᠂ ᠵᠠᠰᠠᠭ ᠤᠨ ᠣᠷᠳᠣᠨ ᠵᠢᠯ ᠪᠦᠷᠢ 700 ᠲᠦᠮᠡᠨ ᠲᠥᠭᠦᠷᠢᠭ ᠤᠨ ᠪᠠᠯᠠ ᠮᠥᠩᠭᠦ ᠭᠠᠷᠭᠠᠵᠤ ᠂ ᠡᠷᠦᠬᠡ ᠪᠦᠷᠢ ᠳᠤ 300 ᠲᠥᠭᠦᠷᠢᠭ ᠤᠨ ᠪᠠᠷᠢᠮᠵᠢᠶ᠎ᠠ ᠪᠠᠷ ᠪᠥᠬᠦ ᠲᠣᠭᠠᠨ ᠤ ᠨᠥᠬᠦᠪᠥᠷᠢ ᠥᠭᠴᠦ᠂ 3 ᠵᠢᠯ ᠤᠨ ᠳᠠᠷᠠᠭ᠎ᠠ ᠰᠦᠯᠵᠢᠶᠡᠨ ᠤ ᠬᠡᠷᠡᠭᠯᠡᠭᠴᠢᠳ ᠵᠢᠯ ᠪᠦᠷᠢ 100 ᠲᠥᠭᠦᠷᠢᠭ ᠤᠨ ᠤᠲᠠᠰᠤᠲᠤ ᠲᠧᠯᠸᠢᠰ ᠤᠨ ᠰᠦᠢᠳᠭᠡᠯ ᠲᠤᠰᠢᠶᠠᠵᠤ᠂ ᠪᠤᠰᠤᠳ ᠵᠠᠷᠤᠳᠠᠯ ᠢ ᠵᠠᠰᠠᠭ ᠤᠨ ᠣᠷᠳᠣᠨ ᠵᠢᠯ ᠪᠦᠷᠢ 482 ᠲᠦᠮᠡᠨ ᠲᠥᠭᠦᠷᠢᠭ ᠠᠴᠠ ᠥᠨᠳᠥᠷ ᠪᠠᠶᠢᠯᠭᠠᠬᠤ ᠥᠬᠡᠶ ᠪᠠᠷ ᠨᠥᠬᠦᠪᠥᠷᠢ ᠥᠭᠭᠦᠨ᠎ᠡ᠃ ᠣᠳᠣᠬᠠᠨ ᠳᠤ᠂ 7912 ᠡᠷᠦᠬᠡ ᠮᠠᠯᠴᠢᠨ ᠲᠠᠷᠢᠶᠠᠴᠢᠨ ᠵᠠᠰᠠᠭ ᠤᠨ ᠣᠷᠳᠣᠨ ᠤ ᠬᠤᠳᠠᠯᠳᠤᠨ ᠠᠪᠤᠭᠰᠠᠨ ᠤᠲᠠᠰᠤᠲᠤ ᠲᠧᠯᠸᠢᠰ ᠤᠨ ᠦᠢᠯᠡᠴᠢᠯᠡᠭᠡ ᠶᠢ ᠬᠦᠷᠲᠡᠵᠦ᠂ 2025 ᠣᠨ ᠪᠣᠯᠬᠤ ᠳᠤ ᠠᠰᠢᠭ ᠬᠥᠷᠳᠡᠬᠦ ᠬᠦᠮᠦᠨ ᠤ ᠲᠤᠭ᠎ᠠ ᠶᠢ 2.4 ᠲᠦᠮᠡᠨ ᠡᠷᠦᠬᠡ ᠳᠤ ᠬᠦᠷᠭᠡᠨ᠎ᠡ᠃ᠱᠠᠨ ᠰᠢ ᠮᠤᠵᠢ ᠶᠢᠨ ᠯᠢᠦᠶ ᠯᠢᠶᠠᠩ ᠬᠤᠲᠠ ᠤᠲᠠᠰᠤᠲᠤ ᠲᠧᠯᠸᠢᠰ ᠤᠨ ᠫᠷᠤᠭ᠍ᠷᠠᠮ ᠢ ᠰᠠᠭᠤᠭᠠᠯᠢ ᠠᠷᠠᠳ ᠲᠤ ᠰᠦᠢᠳᠭᠡᠯ ᠬᠤᠷᠢᠶᠠᠬᠤ ᠦᠭᠡᠢ ᠪᠠᠷ ᠦᠵᠡᠭᠦᠯᠬᠦ ᠠᠷᠠᠳ ᠲᠤ ᠠᠰᠢᠭ ᠬᠦᠷᠲᠡᠭᠡᠬᠦ ᠲᠦᠰᠦᠯ ᠢ ᠬᠡᠷᠡᠭᠵᠢᠭᠦᠯᠪᠡ  ᠱᠠᠨ ᠰᠢ ᠮᠤᠵᠢ ᠶᠢᠨ ᠯᠢᠦᠶ ᠯᠢᠶᠠᠩ ᠬᠤᠲᠠ ᠶᠢᠨ ᠰᠣᠶᠣᠯ ᠵᠢᠭᠤᠯᠴᠢᠯᠠᠯ ᠤᠨ ᠲᠣᠪᠴᠢᠶ᠎ᠠ ᠪᠣᠯᠤᠨ ᠳᠤᠮᠳᠠᠳᠤ ᠤᠯᠤᠰ ᠤᠨ ᠷᠠᠳᠢᠣ᠋ ᠲᠧᠯᠸᠢᠰ ᠤᠨ ᠱᠠᠨ ᠰᠢ ᠺᠣᠮᠫᠠᠨᠢ ᠶᠢᠨ ᠯᠢᠦᠶ ᠯᠢᠶᠠᠩ ᠬᠤᠪᠢᠶᠠᠷᠢ ᠺᠣᠮᠫᠠᠨᠢ ᠵᠣᠬᠢᠴᠠᠯᠳᠤᠨ ᠬᠥᠳᠡᠯᠦᠯᠴᠡᠵᠦ᠂ ᠢᠳᠡᠪᠬᠢᠲᠡᠶ ᠪᠠᠷ ᠲᠡᠮᠡᠴᠡᠨ ᠣᠯᠵᠤ᠂ 2024 ᠣᠨ ᠤ 3 ᠳ᠋ᠤᠭᠠᠷ ᠰᠠᠷ᠎ᠠ ᠳᠤ᠂ ᠯᠢᠦᠶ ᠯᠢᠶᠠᠩ ᠬᠤᠲᠠ ᠵᠠᠰᠠᠭ ᠤᠨ ᠣᠷᠳᠣᠨ ᠤ ᠦᠢᠯᠡᠴᠢᠯᠡᠭᠡ ᠬᠤᠳᠠᠯᠳᠤᠨ ᠠᠪᠬᠤ ᠪᠠᠷ ᠳᠠᠮᠵᠢᠭᠤᠯᠤᠨ ᠬᠤᠲᠠ ᠲᠣᠭᠤᠷᠢᠭ ᠤᠨ ᠰᠠᠭᠤᠭᠠᠯᠢ ᠠᠷᠠᠳ ᠲᠤ ᠦᠨ᠎ᠡ ᠲᠥᠯᠥᠪᠦᠷᠢ ᠥᠬᠡᠶ ᠪᠠᠷ ᠤᠲᠠᠰᠤᠲᠤ ᠲᠧᠯᠸᠢᠰ ᠤᠨ ᠭᠥᠯᠢᠶᠡᠨ ᠠᠪᠬᠤ ᠦᠢᠯᠡᠴᠢᠯᠡᠭᠡ ᠬᠠᠩᠭᠠᠬᠤ ᠪᠠᠷ ᠵᠠᠷᠯᠠᠭᠰᠠᠨ ᠪᠥᠭᠡᠳ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠣᠷᠣᠭᠤᠯᠵᠤ᠂ 300 ᠲᠦᠮᠡᠨ ᠲᠥᠭᠦᠷᠢᠭ ᠤᠨ ᠨᠥᠬᠦᠪᠥᠷᠢ ᠮᠥᠩᠭᠦ ᠣᠯᠭᠤᠨ᠎ᠠ ᠭᠡᠵᠦ ᠨᠡᠶᠢᠲᠡᠯᠡᠪᠡ᠃ ᠡᠭᠦᠨ ᠠᠴᠠ ᠡᠮᠦᠨ᠎ᠡ᠂ ᠬᠤᠲᠠ ᠲᠣᠭᠤᠷᠢᠭ ᠤᠨ ᠬᠢᠨ 2023 ᠣᠨ ᠳᠤ 130 ᠲᠦᠮᠡᠨ ᠲᠥᠭᠦᠷᠢᠭ ᠤᠨ ᠡᠳ᠋ ᠤᠨ ᠵᠠᠰᠠᠭ ᠤᠨ ᠪᠡᠯᠡ ᠮᠥᠩᠭᠦ ᠶᠢ ᠲᠡᠮᠡᠴᠡᠨ ᠣᠯᠵᠤ᠂ ᠨᠠᠭᠠᠳᠤ ᠵᠠᠬ᠎ᠠ ᠶᠢᠨ ᠪᠠᠲᠤᠯᠠᠭ᠎ᠠ ᠶᠢᠨ 4000 ᠡᠷᠦᠬᠡ᠂ ᠬᠤᠳᠠ ᠶᠢᠨ ᠰᠢᠭᠤᠳ ᠬᠠᠷᠢᠶᠠᠲᠤ ᠪᠠᠭᠰᠢ ᠳᠤ ᠰᠦᠢᠳᠬᠡᠯ ᠬᠤᠷᠢᠶᠠᠬᠤ ᠦᠭᠡᠢ ᠪᠠᠷ ᠤᠭᠰᠠᠷᠠᠨ ᠥᠭᠴᠦ᠂ ᠤᠲᠠᠰᠤᠲᠤ ᠲᠧᠯᠸᠢᠰ ᠢ ᠨᠡᠪᠲᠡᠷᠡᠭᠦᠯᠵᠡᠢ᠃ ᠡᠭᠦᠨ ᠠᠴᠠ ᠭᠠᠳᠠᠨ᠎ᠠ᠂ 2023 ᠣᠨ ᠤ ᠡᠴᠦᠰ ᠪᠣᠯᠲᠠᠯ᠎ᠠ᠂ ᠯᠢᠦᠶ ᠯᠢᠶᠠᠩ ᠬᠤᠲᠠ ᠶᠢᠨ ᠬᠠᠷᠢᠶ᠎ᠠ ᠰᠢᠶᠠᠨ ︵ᠬᠤᠲᠠ︶ ᠤ 8 ᠰᠢᠶᠠᠨ ︵ᠬᠤᠲᠠ︶ ᠨᠢ ᠠᠳᠠᠯᠢ ᠪᠤᠰᠤ ᠠᠷᠭ᠎ᠠ ᠬᠡᠯᠪᠡᠷᠢ ᠪᠠᠷ ᠳᠠᠮᠵᠢᠭᠤᠯᠤᠨ ᠬᠤᠲᠠ ᠲᠣᠭᠤᠷᠢᠭ᠂ ᠬᠥᠳᠡᠭᠡ ᠲᠣᠰᠬᠤᠨ ᠪᠤᠶᠤ ᠬᠤᠲᠠ ᠬᠥᠳᠡᠭᠡ ᠶᠢᠨ ᠰᠠᠭᠤᠭᠠᠯᠢ ᠠᠷᠠᠳ ᠲᠤ ᠤᠲᠠᠰᠤᠲᠤ ᠲᠧᠯᠸᠢᠰ ᠢ ᠰᠦᠢᠳᠬᠡᠯ ᠬᠤᠷᠢᠶᠠᠬᠤ ᠥᠬᠡᠶ ᠪᠠᠷ ᠭᠥᠯᠢᠶᠡᠨ ᠠᠪᠴᠤ ᠦᠵᠡᠭᠦᠯᠬᠦ ᠶᠢ ᠬᠡᠷᠡᠭᠵᠢᠭᠦᠯᠵᠦ᠂ ᠵᠠᠰᠠᠭ ᠤᠨ ᠣᠷᠳᠣᠨ ᠨᠡᠶᠢᠲᠡ 2600 ᠭᠠᠷᠤᠶ ᠲᠦᠮᠡᠨ ᠲᠥᠭᠦᠷᠢᠭ ᠤᠨ ᠪᠠᠯᠠ ᠣᠷᠣᠭᠤᠯᠪᠠ᠃ ᠲᠣᠰ ᠠᠷᠠᠳ ᠲᠤ ᠠᠰᠢᠭ ᠬᠦᠷᠲᠡᠭᠡᠬᠦ ᠲᠦᠰᠦᠯ ᠢ ᠬᠡᠷᠡᠭᠵᠢᠭᠦᠯᠦᠭᠰᠡᠨ ᠨᠢ ᠲᠤᠬᠠᠶ ᠶᠢᠨ ᠭᠠᠵᠠᠷ ᠤᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠠᠵᠢᠯ ᠤᠨ ᠤᠬᠠᠭᠤᠯᠭ᠎ᠠ ᠶᠢᠨ ᠬᠠᠮᠤᠷᠬᠤ ᠬᠡᠪᠴᠢᠶ᠎ᠡ ᠶᠢ ᠥᠷᠭᠡᠳᠬᠡᠵᠦ᠂ ᠯᠢᠦᠶ ᠯᠢᠶᠠᠩ ᠤᠨ ᠲᠣᠰ ᠭᠠᠵᠠᠷ ᠤᠨ ᠷᠠᠳᠢᠣ᠋ ᠲᠧᠯᠸᠢᠰ ᠤᠨ ᠫᠷᠤᠭ᠍ᠷᠠᠮ ᠤᠨ ᠳᠠᠮᠵᠢᠭᠤᠯᠭ᠎ᠠ ᠶᠢᠨ ᠪᠦᠷᠬᠦᠴᠡ ᠶᠢᠨ ᠬᠡᠮᠵᠢᠶ᠎ᠡ ᠬᠦᠷᠦᠯᠴᠡᠬᠦ ᠥᠬᠡᠶ ᠪᠠᠶᠢᠬᠤ ᠠᠰᠠᠭᠤᠳᠠᠯ ᠢ ᠰᠠᠶᠢᠵᠢᠷᠠᠭᠤᠯᠬᠤ ᠶᠢᠨ ᠬᠠᠮᠲᠤ ᠤᠲᠠᠰᠤᠲᠤ ᠲᠧᠯᠸᠢᠰ ᠤᠨ ᠬᠡᠷᠡᠭᠯᠡᠭᠴᠢᠳ ᠤᠨ ᠪᠤᠴᠠᠯᠲᠠ ᠶᠢ ᠠᠬᠢᠭᠤᠯᠵᠤ᠂ ᠣᠯᠠᠨ ᠲᠦᠮᠡᠨ ᠤ ᠪᠣᠳᠠᠲᠤ ᠠᠰᠢᠭ ᠭᠥᠷᠳᠡᠭᠰᠡᠨ᠂ ᠵᠠᠰᠠᠭ ᠤᠨ ᠣᠷᠳᠣᠨ ᠠᠷᠠᠳ ᠤᠨ ᠰᠡᠳᠬᠢᠯ ᠢ ᠣᠯᠤᠭᠰᠠᠨ᠂ ᠠᠵᠤ ᠠᠬᠤᠶᠢᠯᠠᠯ ᠳᠡᠮᠵᠢᠯᠭᠡ ᠣᠯᠤᠭᠰᠠᠨ ᠢᠯᠡᠳᠲᠡ ᠦᠷ᠎ᠡ ᠪᠦᠲᠦᠮᠵᠢ ᠶᠢ ᠣᠯᠤᠭᠰᠠᠨ ᠪᠠᠶᠢᠨ᠎ᠠ᠃ᠾᠧᠨᠠᠨ ᠤ ᠰᠢᠨ ᠶᠧ᠂ ᠱᠠᠨ ᠰᠢ ᠶᠢᠨ ᠵᠦᠩ ᠶᠠᠩ᠂ ᠹᠠᠩ ᠱᠠᠨ ᠵᠡᠷᠭᠡ ᠭᠠᠵᠠᠷ ᠤᠨ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ ᠳᠤ ᠤᠲᠠᠰᠤᠲᠤ ᠲᠧᠯᠸᠢᠰ ᠢ ᠦᠨ᠎ᠡ ᠲᠥᠯᠥᠪᠦᠷᠢ ᠦᠭᠡᠢ ᠪᠠᠷ ᠦᠵᠡᠬᠦ ᠶᠢ ᠪᠡᠶᠡᠯᠡᠭᠦᠯᠪᠡ  2022 ᠣᠨ ᠳᠤ᠂ ᠡᡁᠧᠨᠠᠨ ᠤ ᠰᠢᠨ ᠶᠧ᠂ ᠱᠠᠨ ᠰᠢ ᠶᠢᠨ ᠵᠥᠩ ᠶᠠᠩ᠂ ᠹᠠᠩ ᠱᠠᠨ ᠵᠡᠷᠭᠡ ᠭᠠᠵᠠᠷ ᠤᠨ ᠬᠢᠨ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ ᠪᠠᠷ ᠳᠠᠮᠵᠢᠭᠤᠯᠤᠨ ᠪᠦᠬᠦ ᠰᠢᠶᠠᠨ ᠤ ᠠᠷᠠᠳ ᠲᠦᠮᠡᠨ ᠳᠤ ᠰᠦᠢᠳᠬᠡᠯ ᠬᠤᠷᠢᠶᠠᠬᠤ ᠦᠭᠡᠢ ᠪᠠᠷ ᠤᠲᠠᠰᠤᠲᠤ ᠲᠧᠯᠸᠢᠰ ᠢ ᠦᠵᠡᠭᠦᠯᠬᠦ ᠶᠢ ᠪᠡᠶᠡᠯᠡᠭᠦᠯᠪᠡ᠃ 2022 ᠣᠨ ᠠᠴᠠ ᠡᠬᠢᠯᠡᠨ᠂ ᠾᠧᠨᠠᠨ ᠤ ᠰᠢᠨ ᠶᠧ ᠶᠢᠨ ᠵᠠᠰᠠᠭ ᠤᠨ ᠣᠷᠳᠣᠨ ᠤᠲᠠᠰᠤᠲᠤ ᠲᠧᠯᠸᠢᠰ ᠤᠨ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ ᠬᠤᠳᠠᠯᠳᠤᠨ ᠠᠪᠴᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠲᠤ ᠰᠦᠢᠳᠬᠡᠯ ᠬᠤᠷᠢᠶᠠᠬᠤ ᠥᠬᠡᠶ ᠪᠠᠷ ᠤᠲᠠᠰᠤᠲᠤ ᠲᠧᠯᠸᠢᠰ ᠤᠨ 150 ᠢᠵᠢ ᠫᠷᠤᠭ᠍ᠷᠠᠮ ᠢ ᠨᠡᠪᠲᠡᠷᠡᠭᠦᠯᠪᠡ᠃ 2023 ᠣᠨ ᠤ ᠡᠴᠦᠰ ᠪᠣᠯᠬᠤ ᠳᠤ᠂ ᠪᠥᠬᠦ ᠰᠢᠶᠠᠨ ᠤ ᠤᠲᠠᠰᠤᠲᠤ ᠲᠧᠯᠸᠢᠰ ᠤᠨ ᠲᠣᠤᠷ ᠲᠤ ᠤᠷᠤᠭᠰᠠᠨ ᠨᠣᠷᠮ᠎ᠠ ᠶᠢ 80% ᠠᠴᠠ ᠳᠡᠭᠡᠭᠰᠢ ᠳᠤ ᠬᠦᠷᠭᠡᠵᠦ᠂ ᠪᠥᠬᠦ ᠰᠢᠶᠠᠨ ᠤ ᠬᠡᠪᠴᠢᠶᠡᠨ ᠳᠤ ᠬᠡᠷᠡᠯ ᠴᠡᠨᠡᠭ ᠤᠨ ᠥᠨᠳᠥᠷ ᠲᠤᠳᠤᠷᠠᠴᠠᠲᠤ ᠤᠲᠠᠰᠤᠲᠤ ᠲᠧᠯᠸᠢᠰ ᠢᠶᠠᠷ ᠪᠦᠷᠢᠨ ᠪᠦᠷᠬᠦᠭᠦᠯᠵᠦ᠂ ᠰᠣᠶᠣᠯ ᠤᠨ ᠠᠰᠢᠭᠲᠠᠢ ᠪᠠᠶᠢᠷᠢ ᠶᠢ ᠵᠠᠪᠳᠤᠨ ᠡᠵᠡᠯᠡᠬᠦ ᠵᠣᠷᠢᠯᠭ᠎ᠠ ᠳᠤ ᠬᠦᠷᠭᠡᠪᠡ᠃ ᠱᠠᠨ ᠰᠢ ᠶᠢᠨ ᠵᠥᠩ ᠶᠠᠩ ᠷᠠᠳᠢᠣ᠋ ᠲᠧᠯᠸᠢᠰ ᠤᠨ ᠰᠦᠯᠵᠢᠶ᠎ᠡ ᠵᠠᠰᠠᠭ ᠤᠨ ᠣᠷᠳᠣᠨ ᠤ ᠪᠠᠯᠠ ᠮᠥᠩᠭᠦ ᠶᠢ ᠣᠯᠤᠭᠰᠠᠨ ᠤ ᠳᠠᠷᠠᠭ᠎ᠠ᠂ ᠺᠣᠮᠫᠠᠨᠢ ᠶᠢᠨ ᠠᠵᠢᠯᠲᠠᠳ ᠢᠳᠡᠪᠬᠢᠲᠡᠶ ᠪᠠᠷ ᠣᠯᠠᠨ ᠲᠦᠮᠡᠨ ᠳᠤ ᠵᠠᠰᠠᠭ ᠤᠨ ᠣᠷᠳᠣᠨ ᠤ ᠲᠥᠷᠥ ᠶᠢᠨ ᠪᠣᠳᠣᠯᠭ᠎ᠠ ᠶᠢ ᠤᠬᠠᠭᠤᠯᠵᠤ᠂ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠤᠲᠠᠰᠤᠲᠤ ᠲᠧᠯᠸᠢᠰ ᠤᠨ ᠡᠷᠦᠬᠡ ᠳᠤ ᠣᠷᠣᠬᠤ ᠨᠣᠷᠮ᠎ᠠ ᠶᠢ ᠳᠡᠭᠡᠭᠰᠢᠯᠡᠭᠦᠯᠵᠦ᠂ ᠨᠢᠭᠡ ᠵᠢᠯ ᠤᠨ ᠴᠢᠷᠮᠠᠶᠢᠯᠭ᠎ᠠ ᠪᠠᠷ ᠳᠡᠮᠵᠢᠨ᠂ ᠵᠥᠩ ᠶᠠᠩ ᠤᠲᠠᠰᠤᠲᠤ ᠲᠧᠯᠸᠢᠰ ᠤᠨ ᠬᠡᠷᠡᠭᠯᠡᠭᠴᠢ 9000 ᠪᠠᠶᠢᠭᠰᠠᠨ ᠠᠴᠠ ᠪᠠᠨ 14000 ᠭᠠᠷᠤᠶ ᠡᠷᠦᠬᠡ ︵ᠪᠥᠬᠦ ᠰᠢᠶᠠᠨ ᠤ ᠪᠠᠶᠢᠩᠭᠤ ᠰᠠᠭᠤᠭ᠎ᠠ ᠬᠥᠮᠦᠨ ᠠᠮᠠ 13.85 ᠲᠦᠮᠡ ᠪᠠᠶᠢᠪᠠ︶ ᠪᠣᠯᠵᠣ᠂ ᠪᠦᠷᠬᠦᠴᠡ ᠶᠢᠨ ᠨᠡᠮᠡᠭᠳᠡᠯ ᠤᠨ ᠬᠡᠮᠵᠢᠶ᠎ᠡ 45 % ᠳᠤ ᠬᠦᠷᠴᠦ᠂ ᠢᠯᠡᠳᠲᠡ ᠦᠷ᠎ᠡ ᠪᠦᠲᠦᠮᠵᠢ ᠤᠯᠪᠠ᠃ 
ᠢᠷᠡᠯᠲᠡ᠄ ᠤᠯᠤᠰ ᠤᠨ ᠷᠠᠳᠢᠣ᠋ ᠲᠧᠯᠸᠢᠰ ᠤᠨ ᠤᠶᠤᠨ ᠤ ᠬᠦᠮᠦᠷᠭᠡ