| | | | | | ᠥᠪᠥᠷ ᠷᠠᠳᠢᠣ᠋ ᠲᠧᠯᠸᠢᠰ ᠲᠠᠷᠬᠠᠭᠠᠭᠰᠠᠨ ﹇ 2021﹈ 105 ᠳ᠋ᠤᠭᠠᠷ ᠲᠣᠭᠠᠲᠤ | | ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠫᠷᠤᠭ᠍ᠷᠠᠮ ᠤᠨ ᠪᠣᠯᠣᠩ ᠤᠨ ᠰᠢᠨ᠎ᠡ ᠶᠢ ᠡᠭᠦᠳᠦᠨ ᠰᠢᠯᠢᠳᠡᠭ ᠢ ᠡᠭᠦᠳᠬᠦ ᠭᠤᠷᠪᠠᠨ ᠵᠢᠯ ᠤᠨ ᠠᠵᠢᠯᠯᠠᠭᠠᠨ ᠤ | ᠲᠥᠯᠥᠪᠯᠡᠭᠡ ᠳᠤ ᠵᠠᠰᠠᠪᠤᠷᠢ ᠣᠷᠣᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ ᠶᠢᠨ ᠮᠡᠳᠡᠭᠳᠡᠯ | | ᠡᠯ᠎ᠡ ᠠᠶᠢᠮᠠᠭ ᠬᠤᠲᠠ ︵ᠮᠠᠨᠵᠤᠤᠷ ᠬᠤᠲᠠ᠂ ᠡᠷᠢᠶᠡᠨ ᠬᠤᠲᠠ ᠶᠢ ᠪᠠᠭᠲᠠᠭᠠᠨ᠎ᠠ︶ ᠶᠢᠨ ᠷᠠᠳᠢᠣ᠋ ᠲᠧᠯᠸᠢᠰ ᠤᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ᠂ | ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶ᠎ᠠ᠂ ᠥᠪᠥᠷ ᠮᠣᠩᠭᠤᠯ ᠤᠨ ᠺᠢᠨᠣ᠋ ᠶᠢᠨ ᠪᠦᠯᠦᠭᠯᠡᠯ ᠳᠤ᠄ | 2020 ᠣᠨ ᠤ 4 ᠳ᠋ᠦ᠋ᠭᠡᠷ ᠰᠠᠷ᠎ᠠ ᠶᠢᠨ 13 ᠤ ᠡᠳᠦᠷ᠂ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠫᠷᠤᠭ᠍ᠷᠠᠮ ᠤᠨ ᠪᠣᠯᠣᠩ ᠤᠨ ᠰᠢᠨ᠎ᠡ ᠶᠢ ᠡᠭᠦᠳᠦᠨ ᠰᠢᠯᠢᠳᠡᠭ ᠢ ᠡᠭᠦᠳᠬᠦ ᠭᠤᠷᠪᠠᠨ ᠵᠢᠯ ᠤᠨ | ᠠᠵᠢᠯᠯᠠᠭᠠᠨ ᠤ ᠲᠥᠯᠥᠪᠯᠡᠭᠡ︾ ᠶᠢ ᠳᠠᠷᠤᠮᠠᠯᠯᠠᠨ ᠲᠠᠷᠬᠠᠭᠠᠵᠤ᠂ ᠪᠥᠬᠦ ᠣᠷᠣᠨ ᠤ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠫᠷᠤᠭ᠍ᠷᠠᠮ ᠤᠨ ᠠᠭᠤᠯᠭ᠎ᠠ ᠶᠢ | ᠵᠣᠬᠢᠶᠠᠨ ᠪᠦᠲᠦᠭᠡᠵᠦ ᠦᠢᠯᠡᠳᠪᠦᠷᠢᠯᠡᠬᠦ ᠶᠢ ᠳᠠᠬᠢᠨ ᠰᠢᠨ᠎ᠡ ᠳᠡᠭᠲᠡᠷ ᠲᠤ ᠭᠠᠷᠭᠠᠵᠤ᠂ ᠳᠠᠬᠢᠨ ᠰᠢᠨ᠎ᠡ ᠲᠦᠪᠰᠢᠨ ᠳᠤ ᠬᠥᠷᠭᠡᠵᠦ᠂ ᠥᠷᠭᠡᠨ ᠣᠯᠠᠨ ᠠᠷᠠᠳ ᠲᠦᠮᠡᠨ ᠤ | ᠣᠶᠤᠨ ᠰᠣᠶᠣᠯ ᠤᠨ ᠠᠮᠢᠳᠤᠷᠠᠯ ᠤᠨ ᠲᠤᠬᠠᠶ ᠰᠢᠨ᠎ᠡ ᠱᠠᠭᠠᠷᠳᠠᠯᠭ᠎ᠠ ᠰᠢᠨ᠎ᠡ ᠬᠦᠰᠡᠯ ᠡᠷᠡᠮᠡᠯᠵᠡᠯ ᠢ ᠲᠠᠰᠤᠷᠠᠯᠲᠠ ᠥᠬᠡᠶ ᠬᠠᠩᠭᠠᠵᠤ᠂ ᠪᠥᠬᠦ ᠣᠷᠣᠨ ᠤ ᠷᠠᠳᠢᠣ᠋ ᠲᠧᠯᠸᠢᠰ ᠢ | ᠬᠦᠴᠦᠷᠬᠡᠭ ᠶᠡᠭᠡ ᠨᠢᠭᠲᠠᠷᠠᠯ ᠤᠨ ᠬᠦᠴᠦᠨ ᠪᠠ ᠬᠥᠲᠥᠯᠦᠨ ᠳᠠᠭᠠᠭᠤᠯᠬᠤ ᠬᠦᠴᠦᠨ ᠲᠠᠢ ᠨᠡᠶᠢᠭᠡᠮ ᠵᠢᠷᠤᠮ ᠤᠨ ᠦᠵᠡᠯ ᠤᠬᠠᠮᠰᠠᠷ ᠤᠨ ᠬᠡᠯᠪᠡᠷᠢ ᠶᠢᠨ ᠵᠢᠭᠰᠠᠭᠠᠯ ᠤᠨ ᠭᠠᠵᠠᠷ | ᠪᠣᠯᠭᠠᠨ ᠪᠥᠲᠥᠭᠡᠨ ᠪᠠᠶᠢᠭᠤᠯᠬᠤ ᠳᠤ ᠢᠳᠡᠪᠬᠢᠲᠡᠶ ᠬᠤᠪᠢ ᠨᠡᠮᠡᠷᠢ ᠦᠵᠡᠭᠦᠯᠪᠡ᠃ | ᠲᠤᠷᠰᠢᠯᠭ᠎ᠠ ᠪᠠᠨ ᠤᠯᠠᠮ ᠨᠢᠭᠡ ᠠᠯᠬᠤᠮ ᠳ᠋ᠦᠩᠨᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠡᠯ᠎ᠡ ᠱᠠᠲᠤᠨ ᠤ | ᠡᠯ᠎ᠡ ᠲᠥᠷᠥᠯ ᠤᠨ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠫᠷᠤᠭ᠍ᠷᠠᠮ ᠤᠨ ᠪᠤᠯᠤᠩ ᠤᠨ ᠵᠣᠬᠢᠶᠠᠨ ᠪᠦᠲᠦᠭᠡᠵᠦ ᠨᠡᠪᠲᠡᠷᠡᠭᠦᠯᠬᠦ ᠪᠥᠬᠦ ᠶᠠᠪᠤᠴᠠ ᠳᠤ ᠤᠯᠠᠮ | ᠨᠢᠭᠡ ᠠᠯᠬᠤᠮ ᠲᠤᠭᠤᠰᠢᠯᠠᠭᠤᠯᠬᠤ ᠶᠢᠨ ᠲᠥᠯᠥᠭᠡ᠂ ᠪᠥᠬᠦ ᠣᠷᠣᠨ ᠤ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠤᠳᠤᠷᠢᠳᠤᠮᠵᠢ ᠶᠢ ᠢᠮᠠᠭᠲᠠ | ᠪᠠᠷᠢᠮᠲᠠᠯᠠᠵᠤ᠂ ᠴᠢᠨᠠᠷ ᠰᠠᠶᠢᠲᠠᠶ ᠬᠥᠭᠵᠢᠯᠲᠡ ᠶᠢ ᠦᠷᠭᠦᠯᠵᠢᠯᠡᠨ ᠠᠬᠢᠭᠤᠯᠵᠤ᠂ ᠰᠤᠳᠤᠯᠤᠨ ᠬᠢᠨᠠᠨ ᠵᠥᠪᠯᠡᠬᠦ ᠪᠠᠷ ᠳᠡᠮᠵᠢᠨ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠫᠷᠤᠭ᠍ᠷᠠᠮ ᠤᠨ ᠪᠣᠯᠣᠩ ᠤᠨ ᠰᠢᠨ᠎ᠡ ᠶᠢ ᠡᠭᠦᠳᠦᠨ ᠰᠢᠯᠢᠳᠡᠭ ᠢ ᠡᠭᠦᠳᠬᠦ ᠭᠤᠷᠪᠠᠨ ᠵᠢᠯ ᠤᠨ | ᠠᠵᠢᠯᠯᠠᠭᠠᠨ ᠤ ᠲᠥᠯᠥᠪᠯᠡᠭᠡ︾ ᠳᠤ ᠤᠯᠠᠮ ᠨᠢᠭᠡ ᠠᠯᠬᠤᠮ ᠵᠠᠰᠠᠪᠤᠷᠢ ᠣᠷᠣᠭᠤᠯᠵᠣ᠂ ᠡᠳᠦᠭᠡ ᠳᠠᠬᠢᠨ ᠳᠠᠷᠤᠮᠠᠯᠯᠠᠨ ᠲᠠᠷᠬᠠᠭᠠᠪᠠ᠂ ᠡᠯ᠎ᠡ ᠭᠠᠵᠠᠷ ᠣᠷᠣᠨ᠂ ᠡᠯ᠎ᠡ | ᠨᠢᠭᠡᠴᠢ ᠶᠢᠨ ᠬᠢᠨ ᠵᠣᠬᠢᠴᠠᠩᠭᠤᠶ ᠢᠵᠢ ᠪᠥᠷᠢᠳᠦᠭᠰᠡᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠳᠤ ᠵᠠᠰᠠᠪᠤᠷᠢ ᠣᠷᠣᠭᠤᠯᠤᠨ ᠨᠠᠶᠢᠳᠠᠪᠤᠷᠢᠵᠢᠭᠤᠯᠬᠤ ᠠᠵᠢᠯ ᠢ | ᠰᠠᠶᠢᠲᠤᠷ ᠠᠳᠬᠤᠵᠤ᠂ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠫᠷᠤᠭ᠍ᠷᠠᠮ ᠤᠨ ᠪᠣᠯᠣᠩ ᠤᠨ ᠰᠢᠨ᠎ᠡ ᠶᠢ ᠡᠭᠦᠳᠦᠨ ᠰᠢᠯᠢᠳᠡᠭ ᠢ ᠡᠭᠦᠳᠬᠦ ᠠᠵᠢᠯ ᠢ | ᠦᠷᠭᠦᠯᠵᠢᠯᠡᠨ ᠰᠠᠶᠢᠲᠤᠷ ᠠᠳᠬᠤᠬᠤ ᠶᠢ ᠬᠦᠰᠡᠵᠦ ᠪᠠᠶᠢᠨ᠎ᠠ᠃ | | ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠷᠠᠳᠢᠣ᠋ ᠲᠧᠯᠸᠢᠰ ᠤᠨ ᠲᠤᠪᠴᠢᠶ᠎ᠠ | 2021 ᠣᠨ ᠤ 4 ᠳ᠋ᠦ᠋ᠭᠡᠷ ᠰᠠᠷ᠎ᠠ ᠶᠢᠨ 14 ᠤ ᠡᠳᠦᠷ | | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠫᠷᠤᠭ᠍ᠷᠠᠮ ᠤᠨ ᠪᠣᠯᠣᠩ ᠤᠨ ᠰᠢᠨ᠎ᠡ ᠶᠢ ᠡᠭᠦᠳᠦᠨ | ᠰᠢᠯᠢᠳᠡᠭ ᠢ ᠡᠭᠦᠳᠬᠦ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠬᠠᠭᠤᠯᠬᠤ ᠬᠡᠯᠲᠡᠰ᠂ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ ︽ᠺᠢᠨᠣ᠋ | ᠲᠧᠯᠸᠢᠰ ᠤᠨ ᠦᠢᠯᠡᠰ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠮᠠᠨ ᠤ ᠤᠯᠤᠰ ᠤᠨ ᠺᠢᠨᠣ᠋ ᠲᠧᠯᠸᠢᠰ ᠤᠨ ᠦᠢᠯᠡᠰ ᠤᠨ ᠡᠷᠡᠭᠦᠯ ᠬᠥᠭᠵᠢᠯᠲᠡ ᠶᠢ | ᠠᠬᠢᠭᠤᠯᠬᠤ ᠲᠤᠬᠠᠶ ᠰᠠᠨᠠᠯ︾᠂ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ ︽ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠠᠵᠤ | ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠤᠬᠠᠶ ᠰᠠᠨᠠᠯ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ | ᠲᠦᠷᠭᠡᠳᠬᠡᠨ ᠠᠬᠢᠭᠤᠯᠬᠤ ᠲᠤᠬᠠᠶ ᠡᠯ᠎ᠡ ᠵᠦᠢᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠪᠠᠷᠢᠮᠲᠠᠯᠠᠨ᠂ ᠪᠥᠬᠦ ᠣᠷᠣᠨ ᠤ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠠᠵᠢᠯ ᠲᠥᠷᠥᠯ ᠤᠨ | ᠪᠣᠳᠠᠲᠠᠶ ᠲᠠᠢ ᠪᠠᠨ ᠤᠶᠠᠯᠳᠤᠭᠤᠯᠵᠤ᠂ ᠲᠣᠰ ᠲᠥᠯᠥᠪᠯᠡᠭᠡ ᠶᠢ ᠲᠣᠭᠲᠠᠭᠠᠪᠠ᠃ | ᠨᠢᠭᠡ᠂ ᠵᠢᠯᠣᠭᠤᠳᠬᠤ ᠦᠵᠡᠯ ᠰᠠᠨᠠᠭ᠎ᠠ | ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠦᠨᠳᠦᠷ ᠮᠠᠨᠳᠤᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ᠂ ᠢᠯᠠᠩᠭᠤᠶ᠎ᠠ ᠶᠡᠷᠦᠩᠬᠡᠶ ᠱᠦᠵᠢ ᠰᠢ ᠶᠢᠨ ᠫᠢᠩ ᠤᠨ ᠰᠤᠷᠲᠠᠯ ᠤᠬᠠᠭᠤᠯᠭ᠎ᠠ ᠦᠵᠡᠯ ᠰᠠᠨᠠᠭ᠎ᠠ | ᠰᠣᠶᠣᠯ ᠤᠨ ᠠᠵᠢᠯ ᠤᠨ ᠲᠤᠬᠠᠶ ᠴᠢᠬᠤᠯᠠ ᠥᠭᠦᠯᠡᠯᠲᠡ ᠪᠠ ᠥᠪᠥᠷ ᠮᠣᠩᠭᠤᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ᠂ | ︽ᠬᠤᠣᠰ ᠵᠠᠭᠤᠨ ᠵᠢᠯ︾ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠪᠠ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ | ᠵᠡᠭᠦᠳᠦ ᠶᠢ ᠲᠡᠷᠭᠡᠯᠰᠢᠭᠦᠯᠬᠦ ᠶᠢᠨ ᠲᠣᠭᠤᠷᠢᠨ ᠳᠤ᠂ ᠴᠢᠬᠤᠯᠠ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠪᠠ ᠴᠢᠬᠤᠯᠠ ᠶᠡᠭᠡ ᠭᠤᠣᠯ ᠰᠡᠳᠦᠪ ᠲᠤ ᠠᠩᠬᠠᠷᠤᠯ ᠢᠶᠠᠨ | ᠲᠥᠪᠯᠡᠷᠡᠭᠦᠯᠵᠦ᠂ ᠴᠢᠬᠤᠯᠠ ᠶᠡᠭᠡ ᠪᠣᠳᠠᠲᠤ ᠠᠬᠤᠢ᠂ ᠬᠤᠪᠢᠰᠬᠠᠯ᠂ ᠲᠡᠦᠬᠡ ᠶᠢᠨ ᠰᠡᠳᠦᠪ ᠲᠤ ᠠᠩᠬᠠᠷᠤᠯ ᠢᠶᠠᠨ ᠲᠥᠪᠯᠡᠷᠡᠭᠦᠯᠵᠦ᠂ ᠲᠥᠪ ᠶᠣᠰᠣ ᠶᠢ ᠪᠠᠷᠢᠮᠲᠠᠯᠠᠨ | ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠶᠢ ᠴᠢᠩᠭᠠᠷᠠᠭᠤᠯᠵᠤ᠂ ᠲᠡᠳᠬᠦᠨ ᠬᠥᠲᠥᠯᠦᠨ ᠵᠢᠯᠣᠭᠤᠳᠬᠤ ᠶᠢ ᠴᠢᠩᠭᠠᠳᠬᠠᠵᠤ᠂ ᠨᠡᠶᠢᠭᠡᠮ | ᠵᠢᠷᠤᠮ ᠤᠨ ᠭᠤᠤᠯᠯᠠᠬᠤ ᠥᠷᠲᠡᠭ ᠤᠨ ᠦᠵᠡᠯᠲᠡ ᠪᠠᠷ ᠤᠳᠤᠷᠢᠳᠤᠮᠵᠢ ᠪᠣᠯᠭᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠬᠥᠳᠡᠯᠭᠡᠬᠦ ᠬᠦᠴᠦᠨ ᠪᠣᠯᠭᠠᠵᠤ᠂ | ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠴᠢᠨᠠᠷ ᠰᠠᠶᠢᠲᠠᠶ ᠰᠢᠨ᠎ᠡ ᠶᠢ ᠡᠭᠦᠳᠬᠦ ᠴᠢᠨᠠᠷᠲᠠᠶ ᠬᠥᠭᠵᠢᠯᠲᠡ᠂ ᠥᠪᠥᠷ ᠮᠣᠩᠭᠤᠯ ᠤᠨ ᠲᠥᠷᠥᠯ ᠲᠡᠮᠳᠡᠭᠲᠦ ᠶᠢᠨ | ᠳᠦᠷᠢ ᠲᠥᠷᠬᠦ ᠶᠢ ᠳᠡᠯᠭᠡᠨ ᠦᠵᠡᠭᠦᠯᠬᠦ ᠪᠠᠷ ᠬᠠᠷᠠᠯᠲᠠ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ | ᠡᠬᠢᠨ ᠠᠴᠠ ᠨᠢ ᠲᠡᠭᠦᠰᠲᠡᠯ᠎ᠡ ᠲᠤᠭᠤᠰᠢᠯᠠᠭᠤᠯᠵᠤ᠂ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠴᠢᠨᠠᠷ ᠰᠠᠶᠢᠲᠠᠶ ᠰᠢᠨ᠎ᠡ ᠶᠢ ᠡᠭᠦᠳᠬᠦ ᠴᠢᠨᠠᠷᠲᠠᠶ ᠬᠥᠭᠵᠢᠯᠲᠡ | ᠂ ᠥᠪᠥᠷ ᠮᠣᠩᠭᠤᠯ ᠤᠨ ᠲᠥᠷᠥᠯ ᠲᠡᠮᠳᠡᠭᠲᠦ ᠶᠢᠨ ᠳᠦᠷᠢ ᠲᠥᠷᠬᠦ ᠶᠢ ᠳᠡᠯᠭᠡᠨ ᠦᠵᠡᠭᠦᠯᠬᠦ ᠪᠠᠷ ᠬᠠᠷᠠᠯᠲᠠ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠡᠬᠢᠨ ᠠᠴᠠ ᠨᠢ ᠳᠠᠭᠤᠰᠲᠠᠯ᠎ᠠ ᠲᠤᠭᠤᠰᠢᠯᠠᠭᠤᠯᠵᠤ᠂ ᠨᠢᠭᠡ ᠪᠦᠯᠦᠭ ᠦᠵᠡᠯ ᠰᠠᠨᠠᠭ᠎ᠠ ᠭᠦᠨᠵᠡᠭᠡᠶ᠂ ᠤᠷᠠᠯᠢᠭ ᠨᠠᠷᠢᠯᠢᠭ᠂ | ᠨᠠᠷᠢᠯᠢᠭ ᠰᠠᠶᠢᠬᠠᠨ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠰᠣᠳᠣᠨ ᠪᠦᠲᠦᠭᠡᠯ ᠢ ᠵᠣᠬᠢᠶᠠᠨ ᠪᠦᠲᠦᠭᠡᠵᠦ᠂ ᠨᠢᠭᠡ ᠪᠦᠯᠦᠭ ᠨᠡᠷ᠎ᠡ ᠠᠯᠳᠠᠷᠰᠢᠭᠰᠠᠨ᠂ | ᠰᠠᠶᠢᠨ ᠬᠤᠳᠠᠯᠳᠤᠵᠤ ᠴᠢᠳᠠᠬᠤ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠲᠥᠷᠥᠯ ᠲᠡᠮᠳᠡᠭᠲᠦ ᠶᠢᠨ ᠪᠤᠯᠤᠩ ᠢ ᠡᠭᠦᠳᠴᠦ᠂ ᠪᠥᠬᠦ ᠣᠷᠣᠨ ᠤ ᠷᠠᠳᠢᠣ᠋ | ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠲᠥᠷᠥᠯ ᠲᠡᠮᠳᠡᠭᠲᠦ ᠶᠢᠨ ᠴᠡᠴᠡᠭᠯᠡᠯ ᠬᠥᠭᠵᠢᠯᠲᠡ ᠶᠢ ᠠᠬᠢᠭᠤᠯᠵᠤ᠂ ᠠᠷᠠᠳ ᠣᠯᠠᠨ ᠤ ᠴᠢᠨᠠᠷ ᠰᠠᠶᠢᠲᠠᠶ ᠷᠠᠳᠢᠣ᠋ ᠲᠧᠯᠸᠢᠰ | ᠪᠠ ᠰᠦᠯᠵᠢᠶᠡᠨ ᠤ ᠦᠵᠡᠵᠦ ᠰᠣᠨᠣᠰᠬᠤ ᠫᠷᠤᠭ᠍ᠷᠠᠮ ᠤᠨ ᠬᠡᠷᠡᠭᠯᠡᠭᠡ ᠶᠢᠨ ᠲᠤᠬᠠᠶ ᠰᠢᠨ᠎ᠡ ᠱᠠᠭᠠᠷᠳᠠᠯᠭ᠎ᠠ ᠰᠢᠨ᠎ᠡ ᠬᠦᠰᠡᠯ ᠡᠷᠡᠮᠡᠯᠵᠡᠯ ᠢ ᠲᠠᠰᠤᠷᠠᠯᠲᠠ ᠥᠬᠡᠶ ᠬᠠᠩᠭᠠᠵᠤ᠂ ᠪᠥᠬᠦ | ᠣᠷᠣᠨ ᠤ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠴᠢᠳᠠᠪᠤᠷᠢ ᠶᠢ ᠬᠦᠴᠦᠷᠬᠡᠭ ᠶᠡᠭᠡ ᠨᠢᠭᠲᠠᠷᠠᠯ ᠤᠨ ᠬᠦᠴᠦᠨ ᠪᠠ ᠬᠥᠲᠥᠯᠦᠨ ᠳᠠᠭᠠᠭᠤᠯᠬᠤ | ᠬᠦᠴᠦᠨ ᠲᠠᠢ ᠨᠡᠶᠢᠭᠡᠮ ᠵᠢᠷᠤᠮ ᠤᠨ ᠦᠵᠡᠯ ᠤᠬᠠᠮᠰᠠᠷ ᠤᠨ ᠬᠡᠯᠪᠡᠷᠢ ᠶᠢᠨ ᠵᠢᠭᠰᠠᠭᠠᠯ ᠤᠨ ᠭᠠᠵᠠᠷ ᠪᠣᠯᠭᠠᠨ ᠪᠥᠲᠥᠭᠡᠨ ᠪᠠᠶᠢᠭᠤᠯᠬᠤ ᠪᠠᠷ ᠴᠢᠷᠮᠠᠶᠢᠵᠤ᠂ ᠦᠵᠡᠰᠬᠦᠯᠡᠩᠲᠦ | ᠰᠠᠶᠢᠬᠠᠨ ᠥᠪᠥᠷ ᠮᠣᠩᠭᠤᠯ ᠢᠶᠠᠨ ᠪᠦᠲᠦᠭᠡᠨ ᠪᠠᠶᠢᠭᠤᠯᠵᠤ᠂ ᠠᠭᠤᠤ ᠶᠡᠭᠡ ᠳᠤᠮᠳᠠᠳᠤ ᠶᠢᠨ ᠵᠡᠭᠦᠳᠦ ᠪᠠᠨ ᠬᠠᠮᠲᠤ ᠪᠠᠷ ᠲᠡᠷᠭᠡᠯᠰᠢᠭᠦᠯᠦᠨ᠎ᠡ᠃ | ᠬᠤᠶᠠᠷ᠂ ᠦᠨᠳᠦᠰᠦᠨ ᠵᠠᠷᠴᠢᠮ | ︵ᠨᠢᠭᠡ︶ ᠵᠥᠪ ᠤᠳᠤᠷᠢᠳᠤᠮᠵᠢ ᠶᠢ ᠪᠠᠷᠢᠮᠲᠠᠯᠠᠨ᠎ᠠ᠃ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ | ᠬᠠᠮᠠᠭᠠᠯᠠᠬᠤ︾ ᠶᠢ ᠪᠡᠶᠡᠯᠡᠭᠦᠯᠵᠦ᠂ ︽ᠬᠤᠶᠠᠷ ᠲᠤ ᠦᠢᠯᠡᠴᠢᠯᠡᠬᠦ ᠴᠢᠭᠯᠡᠯ︾ ᠪᠠ ︽ᠬᠤᠶᠠᠷ ᠪᠦᠬᠦᠨ ᠤ ᠴᠢᠭᠯᠡᠯᠲᠡ︾ ᠶᠢ ᠪᠠᠷᠢᠮᠲᠠᠯᠠᠵᠤ᠂ ᠵᠥᠪ ᠤᠯᠤᠰ ᠲᠥᠷᠥ ᠶᠢᠨ | ᠴᠢᠭᠯᠡᠯ᠂ ᠶᠠᠷᠢᠶ᠎ᠠ ᠬᠡᠯᠡᠯᠴᠡᠭᠡᠨ ᠤ ᠤᠳᠤᠷᠢᠳᠤᠮᠵᠢ᠂ ᠥᠷᠲᠡᠭ ᠤᠨ ᠬᠠᠨᠳᠤᠰᠢ ᠶᠢ ᠪᠠᠲᠤ ᠡᠵᠡᠮᠳᠡᠵᠦ᠂ ᠭᠤᠤᠯ ᠤᠷᠤᠰᠬᠠᠯ ᠤᠨ ᠰᠣᠶᠣᠯ ᠤᠨ ᠬᠠᠷᠢᠭᠤᠴᠠᠯᠭ᠎ᠠ ᠡᠭᠦᠷᠭᠡᠯᠡᠯ ᠢ | ᠪᠠᠲᠤ ᠰᠠᠬᠢᠵᠤ᠂ ᠨᠡᠶᠢᠭᠡᠮ ᠵᠢᠷᠤᠮ ᠤᠨ ᠭᠤᠤᠯᠯᠠᠭᠴᠢ ᠥᠷᠲᠡᠭ ᠤᠨ ᠦᠵᠡᠯᠲᠡ ᠪᠠ ᠳᠤᠮᠳᠠᠳᠤ ᠶᠢᠨ ᠵᠡᠭᠦᠳᠦ ᠶᠢ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ | ᠫᠷᠤᠭ᠍ᠷᠠᠮ ᠤᠨ ᠪᠤᠯᠤᠩ ᠤᠨ ᠰᠢᠨ᠎ᠡ ᠶᠢ ᠡᠭᠦᠳᠦᠨ ᠰᠢᠯᠢᠳᠡᠭ ᠢ ᠡᠭᠦᠳᠬᠦ ᠪᠥᠬᠦ ᠶᠠᠪᠤᠴᠠ ᠳᠤ ᠲᠤᠭᠤᠰᠢᠯᠠᠭᠤᠯᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠭᠤᠤᠯ ᠦᠵᠡᠯ ᠤᠬᠠᠮᠰᠠᠷ ᠤᠨ ᠬᠡᠯᠪᠡᠷᠢ ᠶᠢ ᠪᠠᠬᠢᠵᠢᠭᠦᠯᠦᠨ᠎ᠡ᠃ | ︵ᠬᠤᠶᠠᠷ︶ ᠭᠤᠤᠯ ᠰᠡᠳᠦᠪ ᠤᠨ ᠲᠤᠭᠤᠷᠢᠨ ᠳᠤ ᠵᠤᠬᠢᠶᠠᠨ ᠪᠦᠲᠦᠭᠡᠨ᠎ᠡ᠃ ᠴᠢᠬᠤᠯᠠ ᠶᠡᠭᠡ ᠪᠣᠳᠠᠲᠤ ᠠᠬᠤᠢ᠂ ᠬᠤᠪᠢᠰᠬᠠᠯ᠂ ᠲᠡᠦᠬᠡ ᠶᠢᠨ ᠰᠡᠳᠦᠪ ᠲᠤ ᠠᠩᠬᠠᠷᠤᠯ ᠢᠶᠠᠨ | ᠬᠠᠨᠳᠤᠭᠤᠯᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ᠂ ᠨᠠᠮ ᠪᠠᠶᠢᠭᠤᠯᠤᠭᠳᠠᠭᠰᠠᠨ 100 | ᠵᠢᠯ ᠤᠨ ᠤᠢ᠂ ᠬᠤᠷᠢᠳᠤᠭᠠᠷ ᠶᠡᠭᠡ ᠬᠤᠷᠠᠯ ᠤᠨ ᠬᠤᠷᠠᠯᠳᠤᠭᠠᠨ ᠵᠢᠴᠢ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ᠂ ᠤᠯᠠᠭᠠᠨᠮᠥ᠋ᠴᠢᠷ ᠤᠨ ᠵᠣᠷᠢᠭ ᠰᠠᠨᠠᠭ᠎ᠠ ᠶᠢ | ᠪᠠᠳᠠᠷᠠᠭᠤᠯᠬᠤ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠬᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠲᠠᠢ ᠲᠡᠮᠡᠴᠡᠬᠦ ᠵᠡᠷᠭᠡ ᠴᠢᠬᠤᠯᠠ ᠶᠡᠭᠡ | ᠭᠤᠣᠯ ᠰᠡᠳᠦᠪ ᠤᠨ ᠲᠣᠭᠤᠷᠢᠨ ᠳᠤ᠂ ᠨᠢᠭᠡ ᠪᠦᠯᠦᠭ ᠷᠠᠳᠢᠣ᠋ ᠲᠧᠯᠸᠢᠰ ᠤᠨ ᠫᠷᠤᠭ᠍ᠷᠠᠮ᠂ ᠪᠠᠷᠢᠮᠲᠠᠲᠤ ᠹᠢᠯᠢᠮ᠂ ᠺᠠᠷᠲ᠋ᠣᠨ ᠺᠢᠨᠣ᠋᠂ ᠲᠧᠯᠸᠢᠰ ᠵᠦᠴᠦᠭᠡ᠂ ᠨᠡᠶᠢᠲᠡ ᠶᠢᠨ | ᠠᠰᠠᠷᠠᠮᠵᠢ ᠶᠢᠨ ᠵᠠᠷ ᠮᠡᠳᠡᠭᠡ ᠪᠣᠯᠤᠨ ᠰᠦᠯᠵᠢᠶᠡᠨ ᠤ ᠦᠵᠡᠵᠦ ᠰᠣᠨᠣᠰᠬᠤ ᠫᠷᠤᠭ᠍ᠷᠠᠮ ᠵᠡᠷᠭᠡ ᠰᠢᠯᠢᠳᠡᠭ ᠪᠦᠲᠦᠭᠡᠯ ᠢ ᠨᠠᠷᠢᠨ ᠨᠢᠮᠪᠠᠢ ᠲᠥᠰᠦᠪᠯᠡᠨ ᠭᠠᠷᠭᠠᠵᠤ᠂ ᠳᠤᠮᠳᠠᠳᠤ | ᠤᠯᠤᠰ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠴᠠᠭ ᠦᠶ᠎ᠡ ᠶᠢᠨ ᠳᠦᠷᠰᠦ ᠪᠠᠶᠢᠳᠠᠯ ᠢ ᠲᠤᠰᠬᠠᠵᠤ᠂ ᠠᠷᠠᠳ ᠤᠯᠠᠨ ᠤ ᠬᠠᠶᠢᠷ᠎ᠠ ᠰᠡᠳᠬᠢᠯᠭᠡ ᠶᠢ ᠠᠴᠢᠶᠠᠯᠠᠵᠤ᠂ ᠴᠡᠭᠡᠨ | ᠬᠥᠰᠢᠭᠡ ᠶᠢᠨ ᠳᠠᠭᠤᠨ ᠳᠠᠪᠲᠠᠮᠵᠢᠲᠤ ᠲᠣᠣᠷ ᠤᠨ ᠳᠡᠯᠭᠡᠴᠡ ᠶᠢᠨ ᠥᠭᠡᠳᠡᠯᠡᠨ ᠲᠠᠪᠰᠢᠬᠤ᠂ ᠰᠢᠨ᠎ᠡ ᠰᠤᠷᠲᠠᠯ ᠢ ᠠᠬᠢᠭᠤᠯᠬᠤ ᠶᠢ ᠠᠬᠢᠭᠤᠯᠤᠨ᠎ᠠ᠃ | ︵ᠭᠤᠷᠪᠠ︶ ᠣᠷᠣᠨ ᠨᠤᠲᠤᠭ ᠤᠨ ᠰᠢᠮᠡᠯᠢᠭ ᠬᠥᠷᠥᠰᠥ ᠰᠢᠷᠣᠢ ᠳᠤ ᠦᠨᠳᠦᠰᠦᠯᠡᠨ᠎ᠡ᠃ ᠥᠪᠥᠷ ᠮᠣᠩᠭᠤᠯ ᠤᠨ ᠡᠯ᠎ᠡ ᠭᠠᠵᠠᠷ ᠣᠷᠣᠨ ᠤ ᠠᠵᠤ ᠠᠬᠤᠶ ᠨᠡᠶᠢᠭᠡᠮ | ᠰᠣᠶᠣᠯ ᠤᠨ ᠠᠮᠵᠢᠯᠲᠠ ᠪᠦᠲᠦᠮᠵᠢ ᠶᠢᠨ ᠣᠨᠴᠠᠯᠢᠭ ᠲᠤ ᠰᠠᠭᠤᠷᠢᠯᠠᠵᠤ᠂ ︽ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠪᠤᠭᠤᠲᠤ ᠶᠢᠨ ᠪᠤᠯᠤᠳ ᠲᠡᠮᠤᠷ ᠤᠨ | ᠺᠣᠮᠫᠠᠨᠢ ᠶᠢ ᠪᠠᠶᠢᠭᠤᠯᠬᠤ︾᠂ ︽ᠭᠤᠷᠪᠠᠨ ᠮᠢᠩᠭᠠᠨ ᠥᠨᠥᠴᠢᠨ ᠬᠡᠦᠬᠡᠳ ᠢ ᠥᠪᠥᠷ ᠮᠣᠩᠭᠤᠯ ᠳᠤ ᠣᠷᠣᠭᠤᠯᠬᠤ︾ ᠵᠡᠷᠭᠡ ᠬᠤᠪᠢᠰᠬᠠᠯ ᠤᠨ ᠡᠬᠢ ᠪᠠᠶᠠᠯᠢᠭ ᠢ ᠭᠦᠨᠵᠡᠭᠡᠶ | ᠠᠭᠤᠳᠠᠯᠵᠤ᠂ ᠨᠠᠮ ᠤᠨ ᠤᠳᠤᠷᠢᠳᠤᠯᠭ᠎ᠠ ᠳᠣᠣᠷ᠎ᠠ᠂ ᠪᠦᠬᠦ ᠣᠷᠣᠨ ᠤ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠤ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ | ᠣᠶᠢᠯᠠᠭᠠᠭᠳᠠᠬᠤᠨ ᠢ ᠦᠢᠯᠡᠳᠦᠯᠭᠡᠵᠢᠭᠦᠯᠵᠦ᠂ ᠡᠬᠡ ᠤᠯᠤᠰ ᠤᠨ ᠬᠢᠯᠢ ᠬᠢᠵᠠᠭᠠᠷ ᠢ ᠬᠠᠮᠲᠤ ᠪᠠᠷ ᠰᠠᠬᠢᠨ ᠬᠠᠮᠠᠭᠠᠯᠠᠵᠤ᠂ ᠰᠠᠶᠢᠨ ᠰᠠᠶᠢᠬᠠᠨ ᠠᠮᠢᠳᠤᠷᠠᠯ ᠢ ᠬᠠᠮᠲᠤ ᠪᠠᠷ | ᠴᠣᠭᠴᠠᠯᠠᠬᠤ ᠲᠡᠮᠡᠴᠡᠯ ᠤᠨ ᠵᠡᠭᠦᠳᠦ ᠶᠢ ᠬᠠᠮᠲᠤ ᠪᠠᠷ ᠲᠡᠷᠭᠡᠯᠰᠢᠭᠦᠯᠵᠦ᠂ ᠥᠪᠥᠷ ᠮᠣᠩᠭᠤᠯ ᠳᠤ ᠭᠠᠷᠤᠭᠰᠠᠨ ᠲᠡᠦᠬᠡᠲᠦ ᠴᠢᠨᠠᠷᠲᠠᠢ ᠯᠤᠲᠤ ᠶᠡᠭᠡ ᠬᠤᠪᠢᠷᠠᠯᠲᠠ ᠪᠣᠯᠤᠨ | ᠣᠯᠤᠭᠰᠠᠨ ᠴᠢᠬᠤᠯᠠ ᠶᠡᠭᠡ ᠥᠭᠡᠷᠡᠴᠢᠯᠡᠯᠲᠡ ᠬᠥᠭᠵᠢᠯᠲᠡ ᠶᠢᠨ ᠠᠮᠵᠢᠯᠲᠠ ᠪᠦᠲᠦᠮᠵᠢ ᠶᠢ ᠢᠯᠡᠷᠡᠭᠦᠯᠵᠦ᠂ ᠤᠳᠤ ᠦᠶ᠎ᠡ ᠶᠢᠨ ᠳᠤᠮᠳᠠᠳᠤ ᠤᠯᠤᠰ ᠤᠨ ᠬᠥᠭᠵᠢᠯᠲᠡ | ᠳᠠᠪᠰᠢᠯᠲᠠ ᠪᠣᠯᠤᠨ ᠠᠷᠠᠳ ᠤᠯᠠᠨ ᠤ ᠭᠤᠶᠢᠳᠠ ᠰᠠᠶᠢᠬᠠᠨ ᠠᠮᠢᠳᠤᠷᠠᠯ ᠢ ᠢᠯᠡᠷᠡᠭᠦᠯᠵᠦ᠂ ᠥᠪᠥᠷ ᠮᠣᠩᠭᠤᠯ ᠤᠨ ᠲᠦᠷᠦᠯ ᠲᠡᠮᠲᠡᠭᠲᠦ ᠶᠢᠨ ᠲᠦᠷᠢ ᠲᠥᠷᠬᠦ ᠶᠢ ᠢᠯᠡᠷᠡᠭᠦᠯᠵᠦ | ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠪᠠᠳᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠲᠠᠰᠤᠷᠠᠯᠲᠠ ᠦᠭᠡᠢ ᠪᠠᠲᠤ ᠴᠣᠭᠴᠠᠯᠠᠨ᠎ᠠ᠃ | ︵ᠲᠦᠷᠪᠡ︶ ᠶᠠᠰᠤ ᠴᠢᠨᠠᠷ ᠢ ᠬᠦᠴᠦᠯᠡᠨ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠦᠨ᠎ᠡ᠃ ᠨᠡᠶᠢᠭᠡᠮ ᠤᠨ ᠦᠷ᠎ᠡ ᠠᠰᠢᠭ ᠢ ᠲᠡᠷᠢᠭᠦᠨ ᠪᠠᠶᠢᠷᠢᠨ ᠳᠤ ᠲᠠᠯᠪᠢᠬᠤ᠂ ᠠᠵᠤ | ᠠᠬᠤᠶ ᠶᠢᠨ ᠦᠷ᠎ᠡ ᠠᠰᠢᠭ ᠪᠠ ᠨᠡᠶᠢᠭᠡᠮ ᠤᠨ ᠦᠷ᠎ᠡ ᠠᠰᠢᠭ ᠢ ᠨᠢᠭᠡᠳᠬᠡᠬᠦ ᠶᠢ ᠪᠠᠷᠢᠮᠲᠠᠯᠠᠵᠤ᠂ ︽ᠨᠡᠶᠢᠲᠡ ᠶᠢᠨ ᠠᠰᠠᠷᠠᠮᠵᠢ᠂ ᠰᠣᠶᠣᠯ᠂ ᠤᠤᠭᠠᠯ ᠡᠭᠦᠳᠦᠯᠲᠡ︾ ᠪᠠ ︽ | ᠳᠣᠣᠷ᠎ᠠ ᠥᠪᠡᠷ ᠤᠨ ᠥᠷᠲᠡᠭ᠂ ᠶᠡᠭᠡ ᠬᠠᠶᠢᠷ᠎ᠠ ᠰᠡᠳᠬᠢᠯᠭᠡ᠂ ᠢᠳᠡᠪᠬᠢ ᠬᠦᠴᠦᠨ︾ ᠤ ᠵᠣᠬᠢᠶᠠᠨ ᠪᠦᠲᠦᠭᠡᠬᠦ ᠰᠡᠳᠭᠢᠮᠵᠢ ᠪᠠ ᠵᠣᠬᠢᠶᠠᠨ ᠪᠦᠲᠦᠭᠡᠬᠦ ᠴᠢᠭᠯᠡᠯ ᠢ ᠪᠠᠲᠤ | ᠰᠠᠬᠢᠵᠤ᠂ ᠬᠥᠲᠥᠯᠥᠨ ᠳᠠᠭᠠᠭᠤᠯᠬᠤ᠂ ᠳᠡᠮᠵᠢᠬᠦ ᠶᠢ ᠴᠢᠬᠤᠯᠠᠴᠢᠯᠠᠬᠤ᠂ ᠵᠣᠬᠢᠶᠠᠨ ᠪᠦᠲᠦᠭᠡᠬᠦ ᠶᠢ ᠴᠢᠩᠭᠠᠳᠬᠠᠵᠤ᠂ ᠪᠥᠬᠦ ᠣᠷᠣᠨ ᠤ ᠡᠯ᠎ᠡ ᠱᠠᠲᠤᠨ ᠤ ᠡᠯ᠎ᠡ ᠲᠥᠷᠥᠯ ᠤᠨ | ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠪᠠ ᠡᠷᠡᠰ ᠰᠢᠭᠤᠷᠬᠠᠶ ᠪᠠᠷ ᠤᠷᠤᠭᠰᠢᠯᠠᠨ ᠳᠠᠪᠰᠢᠬᠤ᠂ ᠵᠣᠷᠢᠭᠲᠠᠶ ᠪᠠᠷ ᠨᠣᠶᠠᠨ ᠤᠷᠬᠢᠯ ᠳᠤ ᠭᠠᠷᠬᠤ ᠶᠢ | ᠠᠬᠢᠭᠤᠯᠵᠤ᠂ ᠨᠢᠭᠡ ᠪᠦᠯᠦᠭ ᠦᠵᠡᠯ ᠰᠠᠨᠠᠭ᠎ᠠ ᠨᠢ ᠭᠦᠨᠵᠡᠭᠡᠶ᠂ ᠤᠷᠠᠯᠢᠭ ᠨᠢ ᠨᠠᠷᠢᠯᠢᠭ᠂ ᠦᠢᠯᠡᠳᠦᠭᠰᠡᠨ ᠨᠢ ᠨᠠᠷᠢᠯᠢᠭ ᠰᠢᠯᠢᠳᠡᠭ ᠰᠢᠯᠢᠳᠡᠭ ᠫᠷᠤᠭ᠍ᠷᠠᠮ ᠤᠨ ᠪᠦᠲᠦᠭᠡᠯ ᠪᠠ | ᠨᠠᠷᠠᠲᠤ ᠲᠥᠷᠥᠯ ᠲᠡᠮᠳᠡᠭᠲᠦ ᠶᠢᠨ ᠪᠤᠯᠤᠩ ᠢ ᠭᠠᠷᠭᠠᠵᠤ᠂ ᠰᠢᠨ᠎ᠡ ᠴᠠᠭ ᠦᠶ᠎ᠡ ᠶᠢᠨ ᠠᠷᠠᠳ ᠣᠯᠠᠨ ᠤ ᠣᠶᠤᠨ ᠰᠠᠨᠠᠭ᠎ᠠ ᠰᠣᠶᠣᠯ ᠤᠨ ᠠᠮᠢᠳᠤᠷᠠᠯ ᠤᠨ ᠰᠢᠨ᠎ᠡ | ᠱᠠᠭᠠᠷᠳᠠᠯᠭ᠎ᠠ ᠶᠢ ᠲᠠᠰᠤᠷᠠᠯᠲᠠ ᠥᠬᠡᠶ ᠬᠠᠩᠭᠠᠨ᠎ᠠ᠃ | ᠭᠤᠷᠪᠠ᠂ ᠠᠵᠢᠯ ᠤᠨ ᠬᠠᠷᠠᠯᠲᠠ | ᠠᠵᠢᠯᠯᠠᠭᠠᠨ ᠤ ᠲᠥᠯᠥᠪᠯᠡᠭᠡ ᠶᠢ ᠪᠦᠲᠦᠮᠵᠢᠲᠡᠶ ᠬᠡᠷᠡᠭᠵᠢᠭᠦᠯᠬᠦ ᠪᠠᠷ ᠳᠠᠮᠵᠢᠭᠤᠯᠤᠨ᠂ ᠪᠥᠬᠦ ᠣᠷᠣᠨ ᠤ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ | ᠫᠷᠤᠭ᠍ᠷᠠᠮ ᠤᠨ ᠠᠭᠤᠯᠭ᠎ᠠ ᠶᠢ ᠵᠣᠬᠢᠶᠠᠨ ᠪᠦᠲᠦᠭᠡᠵᠦ ᠦᠢᠯᠡᠳᠪᠦᠷᠢᠯᠡᠬᠦ ᠶᠢ ᠨᠠᠩ ᠴᠡᠴᠡᠭᠯᠡᠭᠦᠯᠵᠦ᠂ ᠶᠠᠰᠤ ᠴᠢᠨᠠᠷ ᠢ ᠨᠠᠩ ᠰᠢᠯᠢᠳᠡᠭᠵᠢᠭᠦᠯᠵᠦ᠂ ᠰᠢᠨ᠎ᠡ ᠴᠠᠭ ᠦᠶ᠎ᠡ ᠶᠢᠨ | ᠱᠠᠭᠠᠷᠳᠠᠯᠭ᠎ᠠ ᠳᠤ ᠨᠡᠶᠢᠴᠡᠭᠦᠯᠬᠦ ᠪᠠᠷ ᠪᠠᠷᠠᠬᠤ ᠥᠬᠡᠶ᠂ ᠪᠠᠰᠠ ᠵᠠᠬ᠎ᠠ ᠳᠡᠯᠭᠡᠭᠦᠷ ᠳᠡᠭᠡᠷ᠎ᠡ ᠬᠦᠷᠢᠶᠡᠯᠡᠯ ᠢ ᠣᠯᠬᠤ ᠰᠣᠳᠣᠨ ᠪᠦᠲᠦᠭᠡᠯ ᠢ ᠵᠣᠬᠢᠶᠠᠨ ᠪᠦᠲᠦᠭᠡᠵᠦ᠂ ᠷᠠᠳᠢᠣ᠋ | ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠫᠷᠤᠭ᠍ᠷᠠᠮ ᠤᠨ ᠪᠦᠲᠦᠭᠡᠯ ᠢ ᠵᠣᠬᠢᠶᠠᠨ ᠪᠦᠲᠦᠭᠡᠵᠦ ᠦᠢᠯᠡᠳᠪᠦᠷᠢᠯᠡᠬᠦ ᠭᠦᠨ ᠵᠤᠵᠠᠭᠠᠨ ᠠᠭᠤᠷ ᠠᠮᠢᠰᠬᠤᠯ ᠢ ᠪᠣᠶ | ᠪᠣᠯᠭᠠᠵᠤ᠂ ᠨᠢᠭᠡ ᠪᠦᠯᠦᠭ ᠨᠡᠷ᠎ᠡ ᠴᠤᠤᠲᠠᠶ᠂ ᠵᠠᠬ᠎ᠠ ᠳᠡᠯᠭᠡᠭᠦᠷ ᠲᠠᠢ ᠨᠠᠷᠠᠲᠤ ᠲᠡᠮᠳᠡᠭᠲᠦ ᠶᠢᠨ ᠪᠤᠯᠤᠩ ᠢ ᠭᠠᠷᠭᠠᠵᠤ᠂ ᠨᠢᠭᠡ ᠪᠦᠯᠦᠭ ᠪᠣᠳᠠᠲᠤ ᠬᠦᠴᠦᠨ ᠲᠠᠢ᠂ ᠪᠦᠲᠦᠭᠡᠯᠴᠢ | ᠰᠡᠳᠬᠢᠮᠵᠢ ᠲᠠᠢ᠂ ᠠᠮᠢᠵᠢᠷᠠᠯ ᠤᠨ ᠬᠦᠴᠦᠨ ᠲᠠᠢ ᠵᠣᠬᠢᠶᠠᠨ ᠪᠦᠲᠦᠭᠡᠬᠦ ᠪᠠᠶᠢᠭᠤᠯᠤᠮᠵᠢ ᠪᠠ ᠵᠣᠬᠢᠶᠠᠨ ᠪᠦᠲᠦᠭᠡᠬᠦ ᠪᠦᠯᠬᠦᠮ ᠨᠡᠶᠢᠲᠡ ᠶᠢ ᠪᠣᠶ ᠪᠣᠯᠭᠠᠵᠤ᠂ ᠷᠠᠳᠢᠣ᠋ ᠲᠧᠯᠸᠢᠰ ᠪᠠ | ᠰᠦᠯᠵᠢᠶᠡᠨ ᠤ ᠦᠵᠡᠵᠦ ᠰᠣᠨᠣᠰᠬᠤ ᠫᠷᠤᠭ᠍ᠷᠠᠮ ᠤᠨ ᠴᠢᠨᠠᠷ ᠰᠠᠶᠢᠲᠠᠶ ᠦᠢᠯᠡᠳᠪᠦᠷᠢᠯᠡᠯ᠂ ᠴᠢᠨᠠᠷ ᠰᠠᠶᠢᠲᠠᠶ ᠬᠡᠷᠡᠭᠯᠡᠭᠡ ᠶᠢᠨ ᠰᠠᠶᠢᠨ ᠠᠮᠢ ᠠᠬᠤᠶ ᠶᠢ ᠲᠠᠰᠤᠷᠠᠯᠲᠠ ᠥᠬᠡᠶ | ᠳᠡᠭᠡᠭᠰᠢᠯᠡᠭᠦᠯᠦᠨ᠂ ᠪᠥᠬᠦ ᠣᠷᠣᠨ ᠤ ᠡᠯ᠎ᠡ ᠱᠠᠲᠤᠨ ᠤ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠦᠢᠯᠡᠰ ᠤᠨ ᠠᠵᠤ ᠦᠢᠯᠡᠰ ᠤᠨ ᠴᠡᠴᠡᠭᠯᠡᠨ | ᠬᠥᠭᠵᠢᠬᠦ ᠶᠢ ᠠᠬᠢᠭᠤᠯᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠪᠠᠳᠠᠷᠠᠭᠤᠯᠵᠤ᠂ ᠪᠥᠬᠦ ᠣᠷᠣᠨ ᠤ ᠦᠨᠳᠦᠰᠦᠲᠡᠨ ᠨᠦᠭᠦᠳ ᠤᠨ ᠠᠷᠠᠳ | ᠲᠦᠮᠡᠨ ᠤ ᠣᠶᠤᠨ ᠰᠣᠶᠣᠯ ᠤᠨ ᠠᠮᠢᠳᠤᠷᠠᠯ ᠤᠨ ᠬᠡᠷᠡᠭᠯᠡᠭᠡ ᠶᠢᠨ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠢ ᠳᠡᠭᠡᠭᠰᠢᠯᠡᠭᠦᠯᠦᠨ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠲᠠᠰᠤᠷᠠᠯᠲᠠ ᠥᠬᠡᠶ ᠪᠠᠬᠢᠵᠢᠭᠦᠯᠵᠦ᠂ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠤᠬᠠᠭᠤᠯᠭ᠎ᠠ | ᠶᠠᠷᠢᠶ᠎ᠠ ᠬᠡᠯᠡᠯᠴᠡᠭᠡᠨ ᠤ ᠬᠥᠲᠥᠯᠦᠨ ᠵᠢᠯᠣᠭᠤᠳᠬᠤ ᠴᠢᠳᠠᠪᠤᠷᠢ ᠶᠢ ᠢᠯᠡᠳᠲᠡ ᠳᠡᠭᠡᠭᠰᠢᠯᠡᠭᠦᠯᠦᠨ᠎ᠡ᠃ | ᠳᠥᠷᠪᠡ᠂ ᠠᠵᠢᠯ ᠤᠨ ᠡᠭᠦᠷᠭᠡ | ︵ᠨᠢᠭᠡ︶ ᠦᠵᠡᠯ ᠤᠬᠠᠮᠰᠠᠷ ᠤᠨ ᠬᠡᠯᠪᠡᠷᠢ ᠶᠢᠨ ᠴᠢᠳᠠᠪᠤᠷᠢ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ | ᠷᠠᠳᠢᠣ᠋ ᠲᠧᠯᠸᠢᠰ ᠪᠣᠯ ᠨᠠᠮ ᠤᠨ ᠤᠳᠤᠷᠢᠳᠤᠯᠭ᠎ᠠ ᠳᠣᠤᠷᠠᠬᠢ ᠠᠷᠠᠳ ᠤᠨ ᠷᠠᠳᠢᠣ᠋ ᠲᠧᠯᠸᠢᠰ ᠮᠥᠨ ᠭᠡᠬᠦ ᠦᠵᠡᠯ ᠰᠠᠨᠠᠭ᠎ᠠ ᠣᠶᠢᠯᠠᠭᠠᠭᠳᠠᠬᠤᠨ ᠢ ᠪᠠᠲᠤ ᠪᠠᠬᠢ ᠪᠣᠶ ᠪᠣᠯᠭᠠᠵᠤ᠂ | ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠳᠠᠬᠢ ᠨᠠᠮ ᠤᠨ ᠤᠳᠤᠷᠢᠳᠬᠤ ᠡᠷᠬᠡ ᠶᠢ ᠪᠠᠷᠢᠮᠲᠠᠯᠠᠬᠤ ᠦᠨᠳᠦᠰᠦᠨ ᠱᠠᠭᠠᠷᠳᠠᠯᠭ᠎ᠠ ᠶᠢ ᠡᠷᠡᠰ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠦᠵᠡᠯ ᠤᠬᠠᠮᠰᠠᠷ ᠤᠨ ᠬᠡᠯᠪᠡᠷᠢ ᠶᠢᠨ ᠴᠢᠳᠠᠪᠤᠷᠢ ᠶᠢᠨ ᠪᠦᠲᠦᠭᠡᠨ ᠪᠠᠶᠢᠭᠤᠯᠤᠯᠲᠠ ᠶᠢ | ᠯᠠᠪᠳᠠᠭᠤᠨ ᠪᠠᠲᠤᠲᠠᠶ ᠠᠬᠢᠭᠤᠯᠵᠤ᠂ ᠢᠮᠠᠭᠲᠠ ᠤᠯᠤᠰ ᠲᠥᠷᠥ ᠶᠢᠨ ᠵᠣᠭᠰᠣᠯᠲᠠ ᠪᠠᠨ ᠪᠠᠲᠤᠳᠬᠠᠵᠤ᠂ ᠢᠮᠠᠭᠲᠠ ᠨᠠᠮ᠂ ᠤᠯᠤᠰ ᠣᠷᠣᠨ ᠪᠠ ᠠᠷᠠᠳ ᠲᠦᠮᠡᠨ ᠳᠤ | ᠦᠢᠯᠡᠴᠢᠯᠡᠨ᠎ᠡ᠃ | 1. ᠵᠥᠪ ᠤᠯᠤᠰ ᠲᠥᠷᠥ ᠶᠢᠨ ᠤᠳᠤᠷᠢᠳᠤᠮᠵᠢ ᠶᠢ ᠪᠠᠷᠢᠮᠲᠠᠯᠠᠨ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠫᠷᠤᠭ᠍ᠷᠠᠮ ᠤᠨ ᠰᠢᠨ᠎ᠡ ᠶᠢ ᠡᠭᠦᠳᠦᠨ ᠰᠢᠯᠢᠳᠡᠭ ᠢ ᠡᠭᠦᠳᠬᠦ ᠶᠢ ᠠᠬᠢᠭᠤᠯᠵᠤ᠂ | ᠢᠮᠠᠭᠲᠠ ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠵᠦ᠂ ᠰᠡᠳᠦᠪᠲᠦ ᠲᠥᠯᠥᠪᠵᠢᠭᠦᠯᠭᠡ᠂ ᠵᠣᠬᠢᠶᠠᠨ ᠪᠦᠲᠦᠭᠡᠯᠭᠡ ᠦᠢᠯᠡᠳᠪᠦᠷᠢᠯᠡᠯ᠂ | ᠬᠡᠷᠡᠭᠵᠢᠭᠦᠯᠦᠯᠲᠡ ᠶᠢᠨ ᠦᠷ᠎ᠡ ᠪᠦᠲᠦᠮᠵᠢ ᠢᠮᠠᠭᠲᠠ ︽ᠲᠦᠷᠪᠡᠨ ᠤᠬᠠᠮᠰᠠᠷ︾ ᠢ ᠴᠢᠩᠭᠠᠳᠬᠠᠬᠤ᠂ ︽ᠲᠦᠷᠪᠡᠨ ᠢᠲᠡᠭᠡᠯ︾ ᠢ ᠪᠠᠲᠤᠳᠬᠠᠬᠤ᠂ ︽ᠬᠤᠶᠠᠷ ᠢ ᠬᠠᠮᠠᠭᠠᠯᠠᠬᠤ | ︾ ᠶᠢ ᠪᠡᠶᠡᠯᠡᠭᠦᠯᠵᠦ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠪᠠᠳᠠᠷᠠᠭᠤᠯᠵᠤ᠂ ᠲᠡᠷᠢᠭᠦᠨ ᠤ ᠰᠣᠶᠣᠯ ᠤᠨ ᠡᠭᠦᠷᠭᠡ ᠬᠠᠷᠢᠭᠤᠴᠠᠯᠭ᠎ᠠ ᠶᠢ | ᠢᠯᠡᠷᠡᠭᠦᠯᠦᠨ᠎ᠡ᠃ | 2. ᠵᠣᠬᠢᠶᠠᠨ ᠪᠦᠲᠦᠭᠡᠯᠭᠡ ᠶᠢᠨ ᠵᠥᠪ ᠴᠢᠭᠯᠡᠯ ᠢ ᠡᠵᠡᠮᠳᠡᠨ᠎ᠡ᠃ ᠠᠷᠠᠳ ᠲᠦᠮᠡᠨ ᠢᠶᠠᠷ ᠭᠤᠣᠯ ᠪᠣᠯᠭᠠᠭᠰᠠᠨ ᠵᠣᠬᠢᠶᠠᠨ ᠪᠦᠲᠦᠭᠡᠯᠭᠡ ᠶᠢᠨ ᠤᠳᠤᠷᠢᠳᠤᠮᠵᠢ ᠶᠢ ᠷᠠᠳᠢᠣ᠋ ᠲᠧᠯᠸᠢᠰ | ᠪᠠ ᠰᠦᠯᠵᠢᠶᠡᠨ ᠤ ᠦᠵᠡᠵᠦ ᠰᠣᠨᠣᠰᠬᠤ ᠫᠷᠤᠭ᠍ᠷᠠᠮ ᠤᠨ ᠰᠢᠨ᠎ᠡ ᠶᠢ ᠡᠭᠦᠳᠦᠨ ᠰᠢᠯᠢᠳᠡᠭ ᠢ ᠡᠭᠦᠳᠬᠦ ᠶᠢ ᠢᠮᠠᠭᠲᠠ ᠪᠠᠷᠢᠮᠲᠠᠯᠠᠵᠦ᠂ ︽ᠬᠤᠶᠠᠷ ᠲᠤ ᠦᠢᠯᠡᠴᠢᠯᠡᠬᠦ︾ ᠴᠢᠭᠯᠡᠯ | ᠪᠠ ︽ᠬᠤᠤᠰ ᠪᠦᠬᠦᠨ︾ ᠤ ᠴᠢᠭᠯᠡᠯᠲᠡ ᠶᠢ ᠪᠠᠷᠢᠮᠲᠠᠯᠠᠨ᠂ ᠨᠡᠶᠢᠭᠡᠮ ᠤᠨ ᠦᠷ᠎ᠡ ᠠᠰᠢᠭ ᠢ ᠲᠡᠷᠢᠭᠦᠨ ᠪᠠᠶᠢᠷᠢᠨ ᠳᠤ ᠲᠠᠯᠪᠢᠵᠤ᠂ ᠠᠵᠤ ᠠᠬᠤᠶ ᠶᠢᠨ ᠦᠷ᠎ᠡ ᠠᠰᠢᠭ ᠢ | ᠨᠡᠶᠢᠭᠡᠮ ᠤᠨ ᠦᠷ᠎ᠡ ᠠᠰᠢᠭ ᠲᠠᠢ ᠨᠢᠭᠡᠳᠦᠯᠲᠡᠶ ᠪᠠᠶᠢᠯᠭᠠᠬᠤ ᠶᠢ ᠪᠡᠶᠡᠯᠡᠭᠦᠯᠦᠨ᠂ ᠦᠶ᠎ᠡ ᠤᠯᠠᠮᠵᠢᠯᠠᠭᠰᠠᠨ ᠰᠢᠯᠢᠳᠡᠭ ᠪᠦᠲᠦᠭᠡᠯ ᠢ ᠡᠭᠦᠳᠴᠦ᠂ ᠰᠢᠯᠢᠳᠡᠭ ᠷᠠᠳᠢᠣ᠋ ᠲᠧᠯᠸᠢᠰ ᠪᠠ | ᠰᠦᠯᠵᠢᠶᠡᠨ ᠤ ᠦᠵᠡᠵᠦ ᠰᠣᠨᠣᠰᠬᠤ ᠫᠷᠤᠭ᠍ᠷᠠᠮ ᠤᠨ ᠪᠦᠲᠦᠭᠡᠯ ᠢ ᠲᠠᠰᠤᠷᠠᠯᠲᠠ ᠥᠬᠡᠶ ᠵᠣᠬᠢᠶᠠᠨ ᠪᠦᠲᠦᠭᠡᠵᠦ᠂ ᠠᠷᠠᠳ ᠣᠯᠠᠨ ᠤ ᠴᠢᠨᠠᠷ ᠰᠠᠶᠢᠲᠠᠶ ᠷᠠᠳᠢᠣ᠋ ᠲᠧᠯᠸᠢᠰ ᠪᠠ | ᠰᠦᠯᠵᠢᠶᠡᠨ ᠤ ᠦᠵᠡᠵᠦ ᠰᠣᠨᠣᠰᠬᠤ ᠫᠷᠤᠭ᠍ᠷᠠᠮ ᠤᠨ ᠪᠦᠲᠦᠭᠡᠯ ᠤᠨ ᠬᠡᠷᠡᠭᠯᠡᠭᠡᠨ ᠤ ᠰᠢᠨ᠎ᠡ ᠱᠠᠭᠠᠷᠳᠠᠯᠭ᠎ᠠ ᠰᠢᠨ᠎ᠡ ᠬᠦᠰᠡᠯ ᠡᠷᠡᠮᠡᠯᠵᠡᠯ ᠢ ᠬᠠᠩᠭᠠᠨ᠎ᠠ᠃ | 3. ᠴᠠᠭ ᠦᠶ᠎ᠡ ᠶᠢᠨ ᠭᠤᠤᠯ ᠬᠥᠭ ᠠᠶᠠᠰ ᠢ ᠴᠤᠤᠷᠢᠶᠠᠲᠤᠭᠤᠯᠤᠨ᠎ᠠ᠃ ᠪᠦᠬᠦ ᠣᠷᠣᠨ ᠤ ᠡᠯ᠎ᠡ ᠱᠠᠲᠤᠨ ᠤ ᠡᠯ᠎ᠡ ᠲᠦᠷᠦᠯ ᠤᠨ ᠷᠠᠳᠢᠣ᠋ ᠲᠧᠯᠸᠢᠰ ᠦᠢᠯᠡᠳᠦᠨ ᠨᠡᠪᠲᠡᠷᠡᠭᠦᠯᠬᠦ | ᠪᠠᠶᠢᠭᠤᠯᠤᠮᠵᠢ ᠪᠣᠯᠤᠨ ᠰᠦᠯᠵᠢᠶᠡᠨ ᠤ ᠦᠵᠡᠵᠦ ᠰᠣᠨᠣᠰᠬᠤ ᠫᠷᠤᠭ᠍ᠷᠠᠮ ᠤᠨ ᠦᠢᠯᠡᠴᠢᠯᠡᠭᠡᠨ ᠤ ᠪᠠᠶᠢᠭᠤᠯᠤᠮᠵᠢ ᠨᠢ ᠠᠷᠠᠳ ᠤᠨ ᠠᠮᠢᠳᠤᠷᠠᠯ ᠳᠤ ᠭᠦᠨ ᠦᠨᠳᠦᠰᠦᠯᠡᠵᠦ᠂ | ᠠᠷᠠᠳ ᠲᠦᠮᠡᠨ ᠤ ᠦᠢᠯᠡᠳᠦᠯᠭᠡ ᠳᠤ ᠭᠦᠨ ᠦᠨᠳᠦᠰᠦᠯᠡᠵᠦ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠳᠤ ᠭᠦᠨ ᠦᠨᠳᠦᠰᠦᠯᠡᠵᠦ᠂ ᠠᠷᠠᠳ ᠲᠦᠮᠡᠨ ᠤ | ᠠᠮᠢᠳᠤᠷᠠᠯ ᠢ ᠬᠠᠷᠠᠭᠠᠯᠵᠠᠨ᠂ ᠠᠷᠠᠳ ᠲᠦᠮᠡᠨ ᠤ ᠠᠭᠤᠤ ᠶᠡᠭᠡ ᠦᠢᠯᠡᠳᠦᠯᠭᠡ᠂ ᠴᠠᠭ ᠦᠶ᠎ᠡ ᠶᠢᠨ ᠲᠠᠪᠰᠢᠯᠳᠠ ᠶᠢᠨ ᠱᠠᠭᠠᠷᠳᠠᠯᠭ᠎ᠠ ᠶᠢ ᠪᠢᠴᠢᠭᠯᠡᠬᠦ ᠪᠠ ᠲᠡᠮᠳᠡᠭᠯᠡᠵᠦ᠂ ᠪᠦᠬᠦ | ᠣᠷᠣᠨ ᠤ ᠠᠷᠠᠳ ᠲᠦᠮᠡᠨ ᠤ ᠨᠠᠮ ᠤᠨ ᠤᠳᠤᠷᠢᠳᠤᠯᠭ᠎ᠠ ᠳᠣᠣᠷ᠎ᠠ ᠣᠯᠤᠭᠰᠠᠨ ᠨᠡᠶᠢᠭᠡᠮ ᠵᠢᠷᠤᠮ ᠤᠨ ᠥᠭᠡᠷᠡᠴᠢᠯᠡᠯᠲᠡ ᠪᠦᠳᠦᠭᠡᠨ ᠪᠠᠶᠢᠭᠤᠯᠤᠯᠲᠠ ᠶᠢᠨ ᠠᠮᠵᠢᠯᠲᠠ ᠶᠢ | ᠲᠤᠰᠬᠠᠵᠤ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠪᠠᠳᠠᠷᠠᠭᠤᠯᠵᠤ᠂ ᠭᠤᠣᠯ ᠬᠦᠭ ᠠᠶᠠᠰ ᠢ ᠴᠤᠤᠷᠢᠶᠠᠲᠤᠭᠤᠯᠵᠤ᠂ ᠢᠳᠡᠪᠬᠢ ᠬᠦᠴᠦᠨ ᠢ | ᠳᠠᠮᠵᠢᠭᠤᠯᠵᠤ᠂ ᠳᠤᠮᠳᠠᠳᠤ ᠤᠯᠤᠰ ᠤᠨ ᠲᠦᠷᠢ ᠲᠥᠷᠬᠦ᠂ ᠥᠪᠥᠷ ᠮᠣᠩᠭᠤᠯ ᠤᠨ ᠲᠦᠷᠢ ᠲᠥᠷᠬᠦ ᠶᠢ ᠱᠤᠭᠤᠵᠤ᠂ ᠠᠷᠠᠳ ᠲᠦᠮᠡᠨ ᠤ ᠵᠣᠷᠢᠭ ᠰᠠᠨᠠᠭ᠎ᠠ ᠶᠢ ᠬᠥᠭᠵᠢᠭᠡᠨ᠎ᠡ᠃ | 4. ᠡᠭᠦᠷᠭᠡ ᠬᠠᠷᠢᠭᠤᠴᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠤᠨ᠎ᠠ᠃ ᠪᠥᠬᠦ ᠣᠷᠣᠨ ᠤ ᠡᠯ᠎ᠡ ᠱᠠᠲᠤᠨ ᠤ ᠡᠯ᠎ᠡ ᠲᠥᠷᠥᠯ ᠤᠨ ᠷᠠᠳᠢᠣ᠋ ᠲᠧᠯᠸᠢᠰ ᠤᠨ ᠦᠢᠯᠡᠳᠴᠦ | ᠨᠡᠪᠲᠡᠷᠡᠭᠦᠯᠬᠦ ᠪᠠᠶᠢᠭᠤᠯᠤᠮᠵᠢ ᠪᠠ ᠰᠦᠯᠵᠢᠶᠡᠨ ᠤ ᠦᠵᠡᠵᠦ ᠰᠣᠨᠣᠰᠬᠤ ᠫᠷᠤᠭ᠍ᠷᠠᠮ ᠤᠨ ᠦᠢᠯᠡᠴᠢᠯᠡᠭᠡᠨ ᠤ ᠪᠠᠶᠢᠭᠤᠯᠤᠮᠵᠢ ︽ᠲᠤᠭ ᠢ ᠡᠷᠭᠦᠬᠦ᠂ ᠠᠷᠠᠳ ᠤᠨ ᠰᠡᠳᠬᠢᠯ ᠢ | ᠨᠢᠭᠲᠠᠷᠠᠭᠤᠯᠬᠤ᠂ ᠰᠢᠨ᠎ᠡ ᠬᠥᠮᠦᠨ ᠢ ᠬᠥᠮᠦᠵᠢᠭᠦᠯᠬᠦ᠂ ᠰᠣᠶᠣᠯ ᠢ ᠮᠠᠨᠳᠤᠭᠤᠯᠬᠤ᠂ ᠳᠦᠷᠢ ᠲᠥᠷᠬᠦ ᠶᠢ ᠢᠯᠡᠷᠡᠭᠦᠯᠬᠦ︾ ᠡᠭᠦᠷᠭᠡ ᠬᠠᠷᠢᠭᠤᠴᠠᠯᠭ᠎ᠠ ᠪᠠᠨ ᠦᠨᠡᠨ ᠬᠦ | ᠭᠦᠢᠴᠡᠳᠭᠡᠬᠦ ᠶᠢ ᠠᠬᠢᠭᠤᠯᠵᠤ᠂ ᠢᠮᠠᠭᠲᠠ ᠨᠠᠮ ᠪᠠ ᠤᠯᠤᠰ ᠤᠨ ᠠᠵᠢᠯ ᠤᠨ ᠶᠡᠭᠡ ᠲᠠᠯ᠎ᠠ ᠳᠤ ᠦᠢᠯᠡᠴᠢᠯᠡᠵᠦ᠂ ᠥᠷᠭᠡᠨ ᠣᠯᠠᠨ ᠠᠷᠠᠳ ᠲᠦᠮᠡᠨ ᠤ ᠰᠠᠶᠢᠨ ᠰᠠᠶᠢᠬᠠᠨ | ᠣᠶᠤᠨ ᠰᠠᠨᠠᠭ᠎ᠠ ᠰᠣᠶᠣᠯ ᠤᠨ ᠠᠮᠢᠳᠤᠷᠠᠯ ᠤᠨ ᠲᠤᠬᠠᠶ ᠰᠢᠨ᠎ᠡ ᠱᠠᠭᠠᠷᠳᠠᠯᠭ᠎ᠠ ᠰᠢᠨ᠎ᠡ ᠬᠦᠰᠡᠯ ᠡᠷᠡᠮᠡᠯᠵᠡᠯ ᠳᠤ ᠦᠢᠯᠡᠴᠢᠯᠡᠵᠦ᠂ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠠᠭᠤᠤ ᠶᠡᠭᠡ ᠦᠢᠯᠡᠰ ᠢ ᠪᠥᠲᠥᠭᠡᠨ ᠪᠠᠶᠢᠭᠤᠯᠬᠤ ᠪᠠ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ | ᠵᠡᠭᠦᠳᠦ ᠶᠢ ᠲᠡᠷᠭᠡᠯᠰᠢᠭᠦᠯᠬᠦ ᠪᠣᠳᠠᠲᠠᠶ ᠦᠢᠯᠡᠳᠦᠯᠭᠡ ᠳᠤ ᠦᠢᠯᠡᠴᠢᠯᠡᠵᠦ᠂ ᠦᠵᠡᠯ ᠰᠠᠨᠠᠭ᠎ᠠ ᠪᠠᠨ ᠨᠢᠭᠡᠳᠬᠡᠨ᠂ ᠬᠦᠴᠦᠨ ᠴᠢᠳᠠᠯ ᠢᠶᠠᠨ ᠨᠢᠭᠲᠠᠷᠠᠭᠤᠯᠤᠨ᠎ᠠ᠃ | ︵ᠬᠤᠶᠠᠷ︶ ᠵᠣᠬᠢᠶᠠᠨ ᠪᠦᠲᠦᠭᠡᠯᠭᠡ ᠶᠢᠨ ᠦᠢᠯᠡᠳᠪᠦᠷᠢᠯᠡᠬᠦ ᠴᠢᠳᠠᠪᠤᠷᠢ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ | ᠪᠦᠲᠦᠭᠡᠯ ᠪᠣᠯ ᠣᠷᠣᠰᠢᠨ ᠲᠣᠭᠲᠠᠨᠢᠬᠤ ᠶᠢᠨ ᠦᠨᠳᠦᠰᠦ ᠪᠣᠯᠬᠤ ᠦᠵᠡᠯ ᠰᠠᠨᠠᠭ᠎ᠠ ᠣᠨᠣᠯᠵᠢᠬᠤᠨ ᠢ ᠪᠠᠲᠤ ᠪᠠᠬᠢ ᠪᠣᠢ ᠪᠣᠯᠭᠠᠵᠤ᠂ ᠠᠷᠠᠳ ᠲᠦᠮᠡᠨ ᠢᠶᠠᠷ ᠭᠤᠣᠯ ᠪᠣᠯᠭᠠᠬᠤ | ᠵᠣᠬᠢᠶᠠᠨ ᠪᠦᠲᠦᠭᠡᠬᠦ ᠱᠠᠭᠠᠷᠳᠠᠯᠭ᠎ᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠰᠲ᠋ᠧᠮ ᠲᠠᠢ ᠪᠠᠷ ᠵᠣᠬᠢᠶᠠᠨ ᠪᠦᠲᠦᠭᠡᠬᠦ᠂ ᠰᠢᠨ᠎ᠡ ᠶᠢ ᠡᠭᠦᠳᠬᠦ᠂ ᠰᠢᠯᠢᠳᠡᠭ ᠢ | ᠡᠭᠦᠳᠬᠦ ᠢᠨᠵᠧᠨᠧᠷᠢᠩ ᠢᠶᠠᠷ ᠬᠦᠴᠦᠯᠡᠬᠦ ᠴᠡᠭ ᠪᠣᠯᠭᠠᠵᠤ᠂ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠫᠷᠤᠭ᠍ᠷᠠᠮ ᠤᠨ ᠴᠢᠬᠤᠯᠠ ᠶᠡᠭᠡ ᠵᠣᠬᠢᠶᠠᠨ | ᠪᠦᠲᠦᠭᠡᠯᠭᠡ ᠶᠢᠨ ᠦᠢᠯᠡᠳᠪᠦᠷᠢᠯᠡᠬᠦ ᠴᠢᠳᠠᠪᠤᠷᠢ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠴᠢᠳᠠᠪᠤᠷᠢᠲᠠᠨ ᠢ ᠴᠤᠭᠯᠠᠷᠠᠭᠤᠯᠬᠤ᠂ ᠡᠬᠢ ᠪᠠᠶᠠᠯᠢᠭ ᠢ | ᠲᠥᠪᠯᠡᠷᠡᠭᠦᠯᠬᠦ᠂ ᠠᠵᠤ ᠦᠢᠯᠡᠰ ᠤᠨ ᠬᠥᠭᠵᠢᠯᠲᠡ ᠶᠢ ᠲᠦᠯᠬᠢᠨ ᠠᠬᠢᠭᠤᠯᠵᠤ᠂ ᠨᠡᠷᠡᠲᠦ ᠲᠥᠷᠥᠯ ᠲᠡᠮᠳᠡᠭᠲᠦ ᠶᠢᠨ ᠪᠣᠯᠣᠩ ᠤᠨ ᠫᠷᠤᠭ᠍ᠷᠠᠮ ᠪᠠ ᠰᠢᠯᠢᠳᠡᠭ ᠪᠦᠲᠦᠭᠡᠯ | ᠲᠠᠰᠤᠷᠠᠯᠲᠠ ᠦᠭᠡᠢ ᠢᠯᠡᠷᠡᠨ ᠭᠠᠷᠬᠤ ᠶᠢ ᠲᠦᠯᠬᠢᠨ ᠠᠬᠢᠭᠤᠯᠤᠨ᠎ᠠ᠃ | 5. ᠷᠠᠳᠢᠣ᠋ ᠲᠧᠯᠸᠢᠰ ᠤᠨ ᠰᠢᠯᠢᠳᠡᠭ ᠪᠤᠯᠤᠩ ᠤᠨ ᠫᠷᠤᠭ᠍ᠷᠠᠮ ᠤᠨ ᠵᠣᠬᠢᠶᠠᠨ ᠪᠦᠲᠦᠭᠡᠬᠦ ᠢᠨᠵᠧᠨᠧᠷᠢᠩ᠃ ᠲᠥᠷᠥ ᠶᠢᠨ ᠪᠣᠳᠣᠯᠭ᠎ᠠ ᠪᠠᠷ ᠬᠥᠲᠥᠯᠥᠨ ᠳᠠᠭᠠᠭᠤᠯᠬᠤ᠂ ᠪᠠᠯᠠ | ᠮᠥᠩᠭᠦ ᠪᠠᠷ ᠳᠡᠮᠵᠢᠬᠦ ᠪᠠᠷ ᠳᠠᠮᠵᠢᠭᠤᠯᠤᠨ᠂ ᠵᠢᠯ ᠪᠦᠷᠢ ᠪᠥᠬᠦ ᠣᠷᠣᠨ ᠤ ᠡᠯ᠎ᠡ ᠱᠠᠲᠤᠨ ᠤ ᠷᠠᠳᠢᠣ᠋ ᠲᠧᠯᠸᠢᠰ ᠤᠨ ᠨᠡᠪᠲᠡᠷᠡᠭᠦᠯᠬᠦ ᠪᠠᠶᠢᠭᠤᠯᠤᠮᠵᠢ ᠶᠢ ᠵᠣᠬᠢᠶᠠᠨ ᠪᠠᠶᠢᠭᠤᠯᠤᠨ | ᠨᠢᠭᠡ ᠪᠦᠯᠦᠭ ᠰᠣᠳᠣᠨ ᠪᠤᠯᠤᠩ ᠤᠨ ᠫᠷᠤᠭ᠍ᠷᠠᠮ ᠢ ᠲᠡᠮᠵᠢᠨ ᠵᠣᠬᠢᠶᠠᠨ ᠪᠦᠲᠦᠭᠡᠬᠦ ᠶᠢ ᠲᠥᠰᠦᠪᠯᠡᠵᠦ᠂ ᠨᠢᠭᠡ ᠪᠦᠯᠦᠭ ᠰᠣᠨᠢᠨ ᠮᠡᠳᠡᠭᠡ᠂ ᠨᠡᠶᠢᠲᠡ ᠶᠢᠨ ᠠᠰᠠᠷᠠᠮᠵᠢ᠂ ᠰᠣᠶᠣᠯ | ᠂ ᠶᠡᠷᠦᠩᠬᠡᠶᠢᠯᠡᠭᠰᠡᠨ ᠤᠷᠠᠯᠢᠭ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ᠂ ᠠᠵᠤ ᠠᠬᠤᠶ᠂ ᠶᠣᠰᠣ ᠮᠣᠷᠠᠯ ᠤᠨ ᠪᠦᠲᠦᠭᠡᠨ ᠪᠠᠶᠢᠭᠤᠯᠤᠯᠲᠠ ᠵᠡᠷᠭᠡ ᠷᠠᠳᠢᠣ᠋ ᠲᠧᠯᠸᠢᠰ ᠤᠨ | ᠰᠢᠯᠢᠳᠡᠭ ᠰᠣᠳᠣᠨ ᠪᠦᠲᠦᠭᠡᠯ ᠤᠨ ᠪᠤᠯᠤᠩ ᠢ ᠪᠣᠶ ᠪᠣᠯᠭᠠᠵᠤ᠂ ᠰᠣᠳᠣᠨ ᠪᠦᠲᠦᠭᠡᠯ ᠤᠨ ᠠᠭᠤᠯᠭ᠎ᠠ ᠶᠢ ᠳᠠᠮᠵᠢᠭᠤᠯᠵᠤ᠂ ᠴᠡᠭᠡᠨ ᠳᠡᠯᠭᠡᠴᠡ ᠶᠢᠨ ᠳᠠᠭᠤᠨ ᠳᠠᠪᠲᠠᠮᠵᠢ ᠶᠢᠨ | ᠠᠭᠤᠯᠭ᠎ᠠ ᠶᠢ ᠪᠠᠶᠠᠯᠢᠭᠵᠢᠭᠤᠯᠵᠤ᠂ ᠪᠥᠬᠦ ᠣᠷᠣᠨ ᠤ ᠷᠠᠳᠢᠣ᠋ ᠲᠧᠯᠸᠢᠰ ᠤᠨ ᠬᠥᠲᠥᠯᠦᠨ ᠳᠠᠭᠠᠭᠤᠯᠬᠤ ᠬᠦᠴᠦᠨ᠂ ᠳᠠᠮᠵᠢᠭᠤᠯᠬᠤ ᠬᠦᠴᠦᠨ᠂ ᠨᠥᠯᠥᠭᠡᠯᠡᠬᠦ ᠬᠦᠴᠦᠨ ᠢ | ᠬᠦᠴᠦᠯᠡᠨ ᠳᠡᠭᠡᠭᠰᠢᠯᠡᠭᠦᠯᠵᠦ᠂ ᠪᠥᠬᠦ ᠣᠷᠣᠨ ᠤ ᠷᠠᠳᠢᠣ᠋ ᠲᠧᠯᠸᠢᠰ ᠤᠨ ᠤᠬᠠᠭᠤᠯᠭ᠎ᠠ ᠶᠠᠷᠢᠶ᠎ᠠ ᠬᠡᠯᠡᠯᠴᠡᠭᠡᠨ ᠤ ᠭᠤᠤᠯ ᠵᠢᠭᠰᠠᠭᠠᠯ ᠤᠨ ᠭᠠᠵᠠᠷ ᠤᠨ ᠪᠥᠲᠥᠭᠡᠨ | ᠪᠠᠶᠢᠭᠤᠯᠤᠯᠲᠠ ᠶᠢ ᠠᠬᠢᠭᠤᠯᠤᠨ᠎ᠠ᠃ | 6. ᠷᠠᠳᠢᠣ᠋ ᠲᠧᠯᠸᠢᠰ ᠪᠣᠯᠤᠨ ᠰᠦᠯᠵᠢᠶᠡᠨ ᠤ ᠦᠵᠡᠵᠦ ᠰᠣᠨᠣᠰᠬᠤ ᠰᠢᠯᠢᠳᠡᠭ ᠪᠦᠲᠦᠭᠡᠯ ᠤᠨ ᠵᠣᠬᠢᠶᠠᠨ ᠪᠦᠲᠦᠭᠡᠬᠦ ᠢᠨᠵᠧᠨᠧᠷᠢᠩ᠃ ᠲᠥᠷᠥ ᠶᠢᠨ ᠪᠣᠳᠣᠯᠭ᠎ᠠ ᠪᠠᠷ | ᠬᠥᠲᠥᠯᠥᠨ ᠳᠠᠭᠠᠭᠤᠯᠬᠤ᠂ ᠪᠠᠯᠠ ᠮᠥᠩᠭᠦ ᠪᠠᠷ ᠳᠡᠮᠵᠢᠬᠦ ᠪᠠᠷ ᠳᠠᠮᠵᠢᠭᠤᠯᠤᠨ᠂ ᠵᠣᠬᠢᠶᠠᠨ ᠪᠦᠲᠦᠭᠡᠬᠦ ᠠᠮᠢᠵᠢᠷᠠᠯ ᠤᠨ ᠬᠦᠴᠦᠨ ᠢ ᠬᠥᠭᠵᠢᠭᠡᠵᠦ᠂ ᠵᠣᠬᠢᠶᠠᠨ ᠪᠦᠲᠦᠭᠡᠬᠦ ᠠᠭᠤᠷ | ᠠᠮᠢᠰᠬᠤᠯ ᠢ ᠪᠣᠶ ᠪᠣᠯᠭᠠᠵᠤ᠂ ᠡᠯ᠎ᠡ ᠱᠠᠲᠤᠨ ᠤ ᠡᠯ᠎ᠡ ᠲᠥᠷᠥᠯ ᠤᠨ ᠷᠠᠳᠢᠣ᠋ ᠲᠧᠯᠸᠢᠰ ᠤᠨ ᠨᠡᠪᠲᠡᠷᠡᠭᠦᠯᠬᠦ ᠪᠠᠶᠢᠭᠤᠯᠤᠮᠵᠢ ᠪᠠ ᠰᠦᠯᠵᠢᠶᠡᠨ ᠤ ᠦᠵᠡᠵᠦ ᠰᠣᠨᠣᠰᠬᠤ | ᠫᠷᠤᠭ᠍ᠷᠠᠮ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠡᠬᠢ ᠪᠠᠶᠠᠯᠢᠭ ᠢ ᠲᠥᠪᠯᠡᠷᠡᠭᠦᠯᠬᠦ᠂ ᠴᠢᠳᠠᠪᠤᠷᠢᠲᠠᠨ ᠢ ᠲᠥᠪᠯᠡᠷᠡᠭᠦᠯᠬᠦ᠂ ᠬᠠᠮᠲᠤᠷᠠᠯᠴᠠᠭ᠎ᠠ ᠪᠠᠨ ᠴᠢᠩᠭᠠᠷᠠᠭᠤᠯᠬᠤ ᠶᠢ | ᠳᠡᠮᠵᠢᠵᠦ᠂ ᠨᠢᠭᠡ ᠪᠦᠯᠦᠭ ᠰᠢᠯᠢᠳᠡᠭ ᠲᠤᠰᠬᠠᠶ ᠰᠡᠳᠦᠪᠲᠦ ᠹᠢᠯᠢᠮ᠂ ᠪᠠᠷᠢᠮᠲᠠᠲᠤ ᠹᠢᠯᠢᠮ᠂ ᠺᠠᠷᠲ᠋ᠣᠨ ᠺᠢᠨᠣ᠋᠂ ᠴᠢᠬᠤᠯᠠ ᠶᠡᠭᠡ ᠣᠨᠣᠯ ᠤᠨ ᠰᠤᠷᠪᠤᠯᠵᠢ ᠪᠢᠴᠢᠭ ᠤᠨ ᠹᠢᠯᠢᠮ | ᠪᠠ ᠰᠦᠯᠵᠢᠶᠡᠨ ᠤ ᠦᠵᠡᠵᠦ ᠰᠣᠨᠣᠰᠬᠤ ᠫᠷᠤᠭ᠍ᠷᠠᠮ ᠵᠡᠷᠭᠡ ᠣᠯᠠᠨ ᠵᠠᠭᠤᠴᠢᠯᠠᠭᠤᠷ ᠢᠶᠠᠷ ᠢᠯᠡᠷᠡᠭᠦᠯᠬᠦ ᠰᠢᠷᠢᠰ ᠠᠭᠤᠯᠭ᠎ᠠ ᠶᠢᠨ ᠰᠣᠳᠣᠨ ᠪᠦᠲᠦᠭᠡᠯ ᠢ ᠨᠠᠷᠢᠨ ᠨᠢᠮᠪᠠᠶ | ᠤᠬᠠᠭᠠᠯᠠᠨ ᠲᠥᠯᠥᠪᠯᠡᠵᠦ᠂ ᠰᠢᠨ᠎ᠡ ᠴᠠᠭ ᠦᠶ᠎ᠡ ᠶᠢ ᠲᠡᠮᠳᠡᠭᠯᠡᠵᠦ᠂ ᠰᠢᠨ᠎ᠡ ᠴᠠᠭ ᠦᠶ᠎ᠡ ᠶᠢ ᠮᠠᠭᠲᠠᠨ ᠳᠠᠭᠤᠯᠠᠵᠤ᠂ ᠥᠪᠥᠷ ᠮᠣᠩᠭᠤᠯ ᠤᠨ ᠨᠠᠷᠠᠲᠤ ᠲᠥᠷᠥᠯ ᠲᠡᠮᠳᠡᠭᠲᠦ ᠶᠢᠨ | ᠳᠦᠷᠢ ᠲᠥᠷᠬᠦ ᠶᠢ ᠢᠯᠡᠷᠡᠭᠦᠯᠵᠦ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠤᠨ᠎ᠠ᠃ | 7. ᠰᠢᠯᠢᠳᠡᠭ ᠭᠤᠣᠯ ᠰᠡᠳᠦᠪᠲᠦ ᠷᠠᠳᠢᠣ᠋ ᠲᠧᠯᠸᠢᠰ ᠪᠣᠯᠤᠨ ᠰᠦᠯᠵᠢᠶᠡᠨ ᠤ ᠦᠵᠡᠵᠦ ᠰᠣᠨᠣᠰᠬᠤ ᠪᠦᠲᠦᠭᠡᠯ ᠤᠨ ᠦᠵᠡᠰᠬᠦᠯᠡᠩ ᠤᠨ ᠢᠨᠵᠧᠨᠧᠷᠢᠩ᠃ ᠲᠥᠷᠥ ᠶᠢᠨ | ᠪᠣᠳᠣᠯᠭ᠎ᠠ ᠪᠠᠷ ᠬᠥᠲᠥᠯᠥᠨ ᠳᠠᠭᠠᠭᠤᠯᠬᠤ᠂ ᠪᠠᠯᠠ ᠮᠥᠩᠭᠦ ᠪᠠᠷ ᠳᠡᠮᠵᠢᠬᠦ ᠪᠠᠷ ᠳᠠᠮᠵᠢᠭᠤᠯᠤᠨ᠂ ᠵᠢᠯ ᠪᠦᠷᠢ ᠪᠥᠬᠦ ᠣᠷᠣᠨ ᠤ ᠡᠯ᠎ᠡ ᠱᠠᠲᠤᠨ ᠤ ᠡᠯ᠎ᠡ ᠲᠥᠷᠥᠯ ᠤᠨ ᠷᠠᠳᠢᠣ᠋ | ᠲᠧᠯᠸᠢᠰ ᠤᠨ ᠦᠢᠯᠡᠳᠴᠦ ᠨᠡᠪᠲᠡᠷᠡᠭᠦᠯᠬᠦ ᠪᠠᠶᠢᠭᠤᠯᠤᠮᠵᠢ ᠪᠠ ᠰᠦᠯᠵᠢᠶᠡᠨ ᠤ ᠦᠵᠡᠵᠦ ᠰᠣᠨᠣᠰᠬᠤ ᠫᠷᠤᠭ᠍ᠷᠠᠮ ᠤᠨ ᠦᠢᠯᠡᠴᠢᠯᠡᠭᠡᠨ ᠤ ᠪᠠᠶᠢᠭᠤᠯᠤᠮᠵᠢ ᠶᠢ ᠵᠣᠬᠢᠶᠠᠨ | ᠪᠠᠶᠢᠭᠤᠯᠵᠤ ᠴᠢᠬᠤᠯᠠ ᠶᠡᠭᠡ ᠭᠤᠤᠯ ᠰᠡᠳᠦᠪ᠂ ᠴᠢᠬᠤᠯᠠ ᠶᠡᠭᠡ ᠴᠠᠭ ᠤᠨ ᠵᠠᠩᠭᠢᠶᠠᠰᠤ ᠶᠢᠨ ᠲᠣᠭᠤᠷᠢᠨ ᠳᠤ ᠰᠢᠯᠢᠳᠡᠭ ᠭᠤᠤᠯ ᠰᠡᠳᠦᠪᠲᠦ ᠷᠠᠳᠢᠣ᠋ ᠲᠧᠯᠸᠢᠰ ᠪᠠ | ᠰᠦᠯᠵᠢᠶᠡᠨ ᠤ ᠦᠵᠡᠵᠦ ᠰᠣᠨᠣᠰᠬᠤ ᠫᠷᠤᠭ᠍ᠷᠠᠮ᠂ ᠲᠤᠰᠬᠠᠶ ᠰᠡᠳᠦᠪᠲᠦ ᠹᠢᠯᠢᠮ᠂ ᠪᠠᠷᠢᠮᠲᠠᠲᠤ ᠹᠢᠯᠢᠮ᠂ ᠺᠠᠷᠲ᠋ᠣᠨ ᠺᠢᠨᠣ᠋᠂ ᠰᠣᠷᠪᠣᠯᠵᠢ ᠪᠢᠴᠢᠭ ᠤᠨ ᠹᠢᠯᠢᠮ ᠢ ᠰᠣᠩᠭᠤᠨ | ᠳᠡᠯᠭᠡᠷᠡᠭᠦᠯᠵᠦ᠂ ᠥᠪᠥᠷ ᠮᠣᠩᠭᠤᠯ ᠤᠨ ᠲᠡᠤᠬᠡ ᠰᠣᠶᠣᠯ᠂ ᠪᠠᠶᠢᠭᠠᠯᠢ ᠶᠢᠨ ᠥᠩᠭᠡ ᠦᠵᠡᠮᠵᠢ᠂ ᠰᠣᠶᠣᠯ ᠵᠢᠭᠤᠯᠴᠢᠯᠠᠯ᠂ ᠬᠤᠪᠢᠰᠬᠠᠯ ᠤᠨ ᠰᠣᠶᠣᠯ᠂ ᠴᠠᠭ ᠦᠶ᠎ᠡ ᠶᠢᠨ | ᠴᠤᠭ ᠵᠢᠪᠬᠤᠭ᠎ᠠ ᠵᠡᠷᠭᠡ ᠭᠤᠤᠯ ᠰᠡᠳᠦᠪ ᠤᠨ ᠲᠣᠭᠤᠷᠢᠨ ᠳᠤ ᠭᠤᠤᠯ ᠰᠡᠳᠦᠪᠲᠦ ᠠᠵᠢᠯᠯᠠᠭ᠎ᠠ ᠶᠢᠨ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠬᠤ ᠮᠥᠷᠲᠡᠭᠡᠨ ᠪᠠᠰᠠ | ᠰᠢᠯᠢᠳᠡᠭ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠫᠷᠤᠭ᠍ᠷᠠᠮ ᠢ ᠤᠬᠠᠭᠤᠯᠤᠨ ᠳᠡᠯᠭᠡᠷᠡᠭᠦᠯᠵᠦ ᠰᠣᠯᠢᠯᠴᠠᠬᠤ ᠶᠢ ᠠᠬᠢᠭᠤᠯᠵᠤ᠂ ᠷᠠᠳᠢᠣ᠋ ᠲᠧᠯᠸᠢᠰ ᠪᠠ | ᠰᠦᠯᠵᠢᠶᠡᠨ ᠤ ᠦᠵᠡᠵᠦ ᠰᠣᠨᠣᠰᠬᠤ ᠫᠷᠤᠭ᠍ᠷᠠᠮ ᠤᠨ ᠤᠬᠠᠭᠤᠯᠭ᠎ᠠ ᠳᠡᠯᠭᠡᠷᠡᠭᠦᠯᠦᠯᠲᠡ ᠶᠢ ᠠᠬᠢᠭᠤᠯᠤᠨ᠎ᠠ᠃ | 8. ᠰᠢᠯᠢᠳᠡᠭ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠪᠦᠲᠦᠭᠡᠯ ᠤᠨ ᠰᠢᠯᠢᠳᠡᠭ ᠢ ᠨᠢ ᠲᠠᠨᠢᠯᠴᠠᠭᠤᠯᠵᠤ ᠰᠢᠯᠢᠳᠡᠭ ᠢ ᠨᠢ ᠰᠢᠯᠭᠠᠷᠠᠭᠤᠯᠬᠤ ᠢᠨᠵᠧᠨᠧᠷᠢᠩ᠃ | ᠥᠪᠥᠷ ᠮᠣᠩᠭᠤᠯ ᠤᠨ ᠷᠠᠳᠢᠣ᠋ ᠲᠧᠯᠸᠢᠰ ᠤᠨ ᠱᠠᠩᠨᠠᠯ ᠰᠢᠯᠭᠠᠷᠠᠭᠤᠯᠤᠯᠲᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠳᠤᠮᠳᠠᠳᠤ ᠤᠯᠤᠰ ᠤᠨ ᠷᠠᠳᠢᠣ᠋ | ᠲᠧᠯᠸᠢᠰ ᠤᠨ ᠲᠣᠮᠣ ᠱᠠᠩᠨᠠᠯ ᠢ ᠰᠢᠯᠭᠠᠷᠠᠭᠤᠯᠬᠤ ᠠᠵᠢᠯᠯᠠᠭ᠎ᠠ ᠳᠤ ᠣᠷᠣᠯᠴᠠᠭᠤᠯᠤᠨ᠂ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ ᠰᠢᠯᠢᠳᠡᠭ ᠰᠣᠨᠢᠨ | ᠮᠡᠳᠡᠭᠡᠨ ᠤ ᠫᠷᠤᠭ᠍ᠷᠠᠮ᠂ ᠺᠠᠷᠲ᠋ᠣᠨ ᠺᠢᠨᠤ᠋᠂ ᠪᠠᠷᠢᠮᠲᠠᠲᠤ ᠹᠢᠯᠢᠮ᠂ ᠪᠤᠰᠤᠳ ᠷᠠᠳᠢᠣ᠋ ᠲᠧᠯᠸᠢᠰ ᠤᠨ ᠫᠷᠤᠭ᠍ᠷᠠᠮ ᠪᠠ ᠰᠦᠯᠵᠢᠶᠡᠨ ᠤ ᠦᠵᠡᠵᠦ ᠰᠣᠨᠣᠰᠬᠤ ᠫᠷᠤᠭ᠍ᠷᠠᠮ ᠤᠨ | ᠤᠯᠠᠷᠢᠯ ᠤᠨ ᠰᠢᠯᠢᠳᠡᠭ ᠢ ᠨᠢ ᠲᠠᠨᠢᠯᠴᠠᠭᠤᠯᠬᠤ᠂ ᠣᠨ ᠤ ᠰᠢᠯᠢᠳᠡᠭ ᠢ ᠨᠢ ᠲᠠᠨᠢᠯᠴᠠᠭᠤᠯᠬᠤ ᠵᠡᠷᠭᠡ ᠡᠯ᠎ᠡ ᠵᠦᠢᠯ ᠤᠨ ᠰᠢᠯᠢᠳᠡᠭ ᠰᠠᠶᠢᠨ ᠢ ᠨᠢ ᠦᠨᠡᠯᠡᠬᠦ ᠠᠵᠢᠯᠯᠠᠭ᠎ᠠ ᠳᠤ | ᠣᠷᠣᠯᠴᠠᠬᠤ ᠶᠢ ᠵᠣᠬᠢᠶᠠᠨ ᠪᠠᠶᠢᠭᠤᠯᠵᠤ᠂ ᠤᠯᠤᠰ᠂ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠭᠤᠣᠯ ᠰᠡᠳᠦᠪ᠂ ᠴᠢᠬᠤᠯᠠ ᠴᠠᠭ ᠤᠨ ᠵᠠᠩᠭᠢᠶᠠᠰᠤ ᠶᠢᠨ | ᠲᠣᠭᠤᠷᠢᠨ ᠳᠤ ᠥᠷᠨᠢᠭᠦᠯᠦᠭᠰᠡᠨ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠫᠷᠤᠭ᠍ᠷᠠᠮ ᠤᠨ ᠣᠨ ᠤ ᠡᠯᠰᠡᠵᠦ ᠴᠤᠭᠯᠠᠭᠤᠯᠬᠤ ᠠᠵᠢᠯᠯᠠᠭ᠎ᠠ ᠶᠢ ᠵᠣᠬᠢᠶᠠᠨ | ᠪᠠᠶᠢᠭᠤᠯᠤᠨ ᠣᠷᠣᠯᠴᠠᠵᠤ᠂ ︽ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢ ᠪᠠᠳᠠᠷᠠᠭᠤᠯᠵᠤ ᠳᠤᠮᠳᠠᠳᠤ ᠶᠢᠨ ᠵᠡᠭᠦᠳᠦ ᠶᠢ ᠬᠠᠮᠲᠤ ᠪᠠᠷ ᠲᠡᠷᠭᠡᠯᠰᠢᠭᠦᠯᠬᠦ︾ | ᠭᠤᠤᠯ ᠰᠡᠳᠦᠪᠲᠦ ᠰᠦᠯᠵᠢᠶᠡᠨ ᠤ ᠦᠵᠡᠵᠦ ᠰᠣᠨᠣᠰᠬᠤ ᠣᠣᠭᠠᠯ ᠫᠷᠤᠭ᠍ᠷᠠᠮ ᠤᠨ ᠣᠨ ᠤ ᠴᠤᠭᠯᠠᠭᠤᠯᠬᠤ ᠠᠵᠢᠯᠯᠠᠭ᠎ᠠ ᠪᠠ ︽ᠰᠦᠯᠵᠢᠶᠡᠨ ᠤ ᠦᠵᠡᠵᠦ ᠰᠣᠨᠣᠰᠬᠤ | ᠫᠷᠤᠭ᠍ᠷᠠᠮ ᠤᠨ ᠰᠣᠳᠣᠨ ᠪᠦᠲᠦᠭᠡᠯ ᠢ ᠵᠣᠬᠢᠶᠠᠨ ᠪᠦᠲᠦᠭᠡᠵᠦ ᠳᠠᠮᠵᠢᠭᠤᠯᠬᠤ ᠢᠨᠵᠧᠨᠧᠷᠢᠩ︾ ᠢ ᠴᠤᠭᠯᠠᠭᠤᠯᠬᠤ ᠣᠨ ᠤ ᠰᠣᠩᠭᠤᠨ ᠲᠠᠨᠢᠯᠴᠠᠭᠤᠯᠬᠤ ᠠᠵᠢᠯᠯᠠᠭ᠎ᠠ ᠳᠤ | ᠵᠣᠬᠢᠶᠠᠨ ᠪᠠᠶᠢᠭᠤᠯᠵᠤ᠂ ᠪᠥᠬᠦ ᠣᠷᠣᠨ ᠤ ᠡᠯ᠎ᠡ ᠱᠠᠲᠤᠨ ᠤ ᠡᠯ᠎ᠡ ᠲᠥᠷᠥᠯ ᠤᠨ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠫᠷᠤᠭ᠍ᠷᠠᠮ ᠢ ᠬᠥᠲᠥᠯᠥᠨ | ᠵᠢᠯᠣᠭᠤᠳᠴᠤ ᠪᠠᠶᠢᠭᠠᠳ ᠵᠣᠬᠢᠶᠠᠨ ᠪᠦᠲᠦᠭᠡᠬᠦ ᠴᠢᠭᠯᠡᠯ ᠢ ᠢᠮᠠᠭᠲᠠ ᠪᠠᠲᠤ ᠡᠵᠡᠮᠳᠡᠵᠦ᠂ ᠴᠠᠭ ᠦᠶ᠎ᠡ ᠶᠢᠨ ᠠᠯᠬᠤᠭ᠎ᠠ ᠶᠢ ᠰᠠᠯᠤᠯ ᠥᠬᠡᠶ ᠳᠠᠭᠠᠵᠤ᠂ ᠵᠣᠬᠢᠶᠠᠨ ᠪᠦᠲᠦᠭᠡᠬᠦ | ᠶᠠᠰᠤ ᠴᠢᠨᠠᠷ ᠢ ᠳᠡᠭᠡᠭᠰᠢᠯᠡᠭᠦᠯᠦᠨ᠎ᠡ᠃ | 9. ᠷᠠᠳᠢᠣ᠋ ᠲᠧᠯᠸᠢᠰ ᠤᠨ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡ ᠶᠢᠨ ᠦᠢᠯᠡᠳᠴᠦ ᠨᠡᠪᠲᠡᠷᠡᠭᠦᠯᠬᠦ ᠴᠢᠳᠠᠪᠤᠷᠢ ᠶᠢ ᠳᠡᠭᠡᠭᠰᠢᠯᠡᠭᠦᠯᠬᠦ ᠢᠨᠵᠧᠨᠧᠷᠢᠩ᠃ ᠥᠪᠥᠷ | ᠮᠣᠩᠭᠤᠯ ᠤᠨ ᠷᠠᠳᠢᠣ᠋ ᠲᠧᠯᠸᠢᠰ ᠤᠨ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡ ᠶᠢᠨ ᠤᠷᠤᠯᠳᠤᠭᠠᠨ ᠢ ᠡᠷᠬᠢᠯᠡᠵᠦ᠂ ᠷᠠᠳᠢᠣ᠋ ᠲᠧᠯᠸᠢᠰ ᠤᠨ ᠨᠡᠶᠢᠲᠡ ᠶᠢᠨ ᠠᠰᠠᠷᠠᠮᠵᠢ ᠶᠢᠨ ᠵᠠᠷ | ᠮᠡᠳᠡᠭᠡ ᠶᠢ ᠵᠣᠬᠢᠶᠠᠨ ᠪᠦᠲᠦᠭᠡᠬᠦ ᠪᠣᠯᠪᠠᠰᠤᠷᠠᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠢ ᠲᠣᠪᠴᠢᠶ᠎ᠠ ᠶᠢᠨ ᠨᠡᠶᠢᠲᠡ ᠶᠢᠨ | ᠠᠰᠠᠷᠠᠮᠵᠢ ᠶᠢᠨ ᠵᠠᠷ ᠮᠡᠳᠡᠭᠡ ᠶᠢ ᠳᠡᠮᠵᠢᠬᠦ ᠲᠥᠷᠥᠯ ᠵᠦᠢᠯ ᠵᠡᠷᠭᠡ ᠡᠯ᠎ᠡ ᠲᠥᠷᠥᠯ ᠤᠨ ᠰᠢᠯᠢᠳᠡᠭ ᠢ ᠨᠢ ᠲᠠᠨᠢᠯᠴᠠᠭᠤᠯᠵᠤ ᠰᠢᠯᠢᠳᠡᠭ ᠢ ᠨᠢ ᠰᠢᠯᠭᠠᠷᠠᠭᠤᠯᠬᠤ ᠠᠵᠢᠯᠯᠠᠭ᠎ᠠ ᠳᠤ | ᠣᠷᠤᠯᠴᠠᠬᠤ ᠶᠢ ᠢᠳᠡᠪᠬᠢᠲᠡᠢ ᠪᠠᠷ ᠵᠣᠬᠢᠶᠠᠨ ᠪᠠᠶᠢᠭᠤᠯᠵᠤ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠷᠠᠳᠢᠣ᠋ ᠲᠧᠯᠸᠢᠰ ᠤᠨ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡ ᠶᠢ | ᠵᠣᠬᠢᠶᠠᠨ ᠪᠦᠲᠦᠭᠡᠬᠦ ᠪᠠ ᠳᠠᠮᠵᠢᠭᠤᠯᠬᠤ ᠢᠳᠡᠪᠬᠢᠵᠢᠯ ᠢ ᠨᠢ ᠬᠥᠲᠥᠯᠥᠨ ᠵᠢᠯᠤᠭᠤᠳᠬᠤ ᠪᠠ ᠵᠣᠷᠢᠭᠵᠢᠭᠤᠯᠵᠤ᠂ ᠰᠢᠯᠢᠳᠡᠭ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡ ᠶᠢᠨ | ᠵᠣᠬᠢᠶᠠᠯ ᠪᠦᠲᠦᠭᠡᠯ ᠢ ᠵᠣᠬᠢᠶᠠᠨ ᠪᠦᠲᠦᠭᠡᠵᠦ ᠦᠢᠯᠡᠳᠪᠦᠷᠢᠯᠡᠬᠦ ᠶᠢ ᠠᠬᠢᠭᠤᠯᠤᠨ᠂ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡ ᠶᠢᠨ ᠡᠷᠡᠭᠦᠯ ᠬᠥᠭᠵᠢᠯᠲᠡ ᠶᠢ ᠬᠥᠲᠥᠯᠥᠨ | ᠳᠠᠭᠠᠭᠤᠯᠵᠤ᠂ ᠮᠠᠨ ᠤ ᠣᠷᠣᠨ ᠤ ᠷᠠᠳᠢᠣ᠋ ᠲᠧᠯᠸᠢᠰ ᠤᠨ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡ ᠶᠢ ᠵᠣᠬᠢᠶᠠᠨ ᠪᠦᠲᠦᠭᠡᠬᠦ ᠲᠦᠪᠰᠢᠨ ᠢ ᠲᠠᠰᠤᠷᠠᠯᠲᠠ ᠦᠭᠡᠢ | ᠳᠡᠭᠡᠭᠰᠢᠯᠡᠭᠦᠯᠦᠨ᠎ᠡ᠃ | 10. ᠷᠠᠳᠢᠣ᠋ ᠲᠧᠯᠸᠢᠰ ᠤᠨ ᠰᠢᠯᠢᠳᠡᠭ ᠲᠢᠶᠠᠲᠷ ᠤᠨ ᠪᠤᠯᠤᠩ ᠤᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ᠃ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ | ᠲᠣᠪᠴᠢᠶ᠎ᠠ ᠲᠠᠢ ᠢᠳᠡᠪᠬᠢᠲᠡᠶ ᠵᠣᠯᠭᠠᠭᠤᠯᠵᠤ᠂ ᠬᠠᠮᠢᠶ᠎ᠠ ᠪᠥᠬᠦᠶ ᠷᠠᠳᠢᠣ᠋ ᠲᠧᠯᠸᠢᠰ ᠤᠨ ᠪᠦᠲᠦᠭᠡᠯ ᠤᠨ ᠬᠡᠪᠯᠡᠯ ᠤᠨ ᠡᠷᠬᠡ ᠶᠢᠨ ᠨᠢᠭᠡᠴᠢ ᠶᠢ ᠵᠣᠬᠢᠴᠠᠭᠤᠯᠵᠤ᠂ ᠪᠥᠬᠦ ᠣᠷᠣᠨ ᠤ | ᠷᠠᠳᠢᠣ᠋ ᠲᠧᠯᠸᠢᠰ ᠺᠢᠨᠣ᠋ ᠲᠧᠯᠸᠢᠰ ᠤᠨ ᠲᠢᠶᠠᠲᠷ ᠤᠨ ᠪᠤᠯᠤᠩ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠪᠡᠯᠡᠭᠯᠡᠨ ᠨᠡᠪᠲᠡᠷᠡᠭᠦᠯᠬᠦ᠂ ᠬᠠᠮᠲᠤ ᠶᠢᠨ ᠬᠡᠪᠯᠡᠯ ᠤᠨ ᠡᠷᠬᠡ ᠶᠢ | ᠬᠤᠳᠠᠯᠳᠤᠨ ᠠᠪᠬᠤ᠂ ᠨᠡᠶᠢᠲᠡ ᠶᠢᠨ ᠠᠰᠠᠷᠠᠮᠵᠢ ᠶᠢᠨ ᠦᠵᠡᠰᠭᠦᠯᠡᠩ ᠤᠨ ᠨᠡᠪᠲᠡᠷᠡᠭᠦᠯᠭᠡ ᠵᠡᠷᠭᠡ ᠠᠷᠭ᠎ᠠ ᠬᠡᠯᠪᠡᠷᠢ ᠪᠠ ᠠᠷᠭ᠎ᠠ ᠵᠠᠮ ᠢᠶᠠᠷ ᠪᠥᠬᠦ ᠣᠷᠣᠨ ᠤ ᠷᠠᠳᠢᠣ᠋ | ᠲᠧᠯᠸᠢᠰ ᠤᠨ ᠬᠡᠪᠯᠡᠯ ᠤᠨ ᠡᠷᠬᠡ ᠶᠢᠨ ᠪᠦᠲᠦᠭᠡᠯ ᠤᠨ ᠡᠬᠢ ᠪᠠᠶᠠᠯᠢᠭ ᠤᠨ ᠬᠥᠮᠥᠷᠭᠡ ᠵᠢᠴᠢ ᠵᠣᠬᠢᠴᠠᠩᠭᠤᠶ ᠠᠵᠢᠯ ᠤᠨ ᠵᠣᠬᠢᠴᠠᠭᠤᠯᠬᠤ ᠵᠣᠬᠢᠴᠠᠮᠵᠢ ᠶᠢ ᠪᠠᠶᠢᠭᠤᠯᠤᠨ | ᠲᠡᠭᠦᠯᠳᠡᠷᠵᠢᠭᠦᠯᠵᠦ᠂ ᠪᠥᠬᠦ ᠣᠷᠣᠨ ᠤ ᠷᠠᠳᠢᠣ᠋ ᠲᠧᠯᠸᠢᠰ ᠺᠢᠨᠣ᠋ ᠲᠧᠯᠸᠢᠰ ᠤᠨ ᠲᠢᠶᠠᠲᠷ ᠤᠨ ᠪᠤᠯᠤᠩ ᠤᠨ ᠴᠢᠨᠠᠷ ᠰᠠᠶᠢᠲᠠᠶ ᠰᠢᠯᠢᠳᠡᠭ ᠬᠥᠭᠵᠢᠯᠲᠡ ᠶᠢ ᠠᠬᠢᠭᠤᠯᠤᠨ᠎ᠠ᠃ | 11. ᠴᠢᠬᠤᠯᠠ ᠶᠡᠭᠡ ᠭᠠᠳᠠᠭᠠᠳᠤ ᠤᠬᠠᠭᠤᠯᠭ᠎ᠠ ᠶᠢᠨ ᠭᠠᠳᠠᠭᠰᠢ ᠭᠠᠷᠬᠤ ᠢᠨᠵᠧᠨᠧᠷᠢᠩ᠃ ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶ᠎ᠠ ᠶᠢᠨ ᠲᠠᠯ᠎ᠠ ᠶᠢᠨ ᠳᠠᠭᠤ | ᠬᠤᠭᠤᠯᠠᠢ ᠷᠠᠳᠢᠣ᠋ ᠨᠡᠪᠲᠡᠷᠡᠭᠦᠯᠭᠡ᠂ ᠮᠣᠩᠭᠤᠯ ᠬᠡᠯᠡᠨ ᠤ ᠣᠳᠣᠨ ᠲᠧᠯᠸᠢᠰ ᠵᠡᠷᠭᠡ ᠭᠠᠳᠠᠭᠠᠳᠤ ᠤᠬᠠᠭᠤᠯᠭ᠎ᠠ ᠶᠢᠨ ᠳᠠᠪᠲᠠᠮᠵᠢ ᠶᠢᠨ ᠰᠤᠪᠠᠭ ᠤᠨ ᠡᠬᠢ ᠪᠠᠶᠠᠯᠢᠭ ᠪᠠ | ᠬᠢᠯᠢ ᠶᠢᠨ ᠠᠶᠢᠮᠠᠭ ᠬᠤᠲᠠ ᠶᠢᠨ ᠷᠠᠳᠢᠣ᠋ ᠲᠧᠯᠸᠢᠰ ᠤᠨ ᠪᠠᠶᠢᠭᠤᠯᠤᠮᠵᠢ ᠶᠢᠨ ᠣᠷᠣᠨ ᠪᠠᠶᠢᠷᠢ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠣᠷᠣᠰ᠂ ᠮᠣᠩᠭᠤᠯ ᠤᠯᠤᠰ | ᠵᠡᠷᠭᠡ ᠤᠯᠤᠰ ᠲᠠᠢ ᠷᠠᠳᠢᠣ᠋ ᠲᠧᠯᠸᠢᠰ ᠤᠨ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠨ᠂ ︽ᠲᠣᠷᠭᠠᠨ ᠵᠠᠮ ᠤᠨ ᠺᠢᠨᠣ᠋ ᠲᠧᠯᠸᠢᠰ ᠤᠨ ᠬᠥᠭᠦᠷᠭᠡ︾ ᠢᠨᠵᠧᠨᠧᠷᠢᠩ᠂ ︽ | ᠬᠠᠯᠬ᠎ᠠ ᠮᠣᠩᠭᠤᠯ ᠬᠡᠯᠡᠨ ᠤ ᠺᠢᠨᠣ᠋ ᠲᠧᠯᠸᠢᠰ ᠵᠦᠴᠦᠭᠡ ᠣᠷᠴᠢᠭᠤᠯᠤᠨ ᠲᠠᠭᠠᠷᠠᠭᠤᠯᠬᠤ︾ ᠲᠥᠷᠥᠯ ᠵᠦᠢᠯ ᠢ ᠴᠢᠷᠮᠠᠶᠢᠨ ᠣᠯᠵᠤ᠂ ᠦᠷᠭᠦᠯᠵᠢᠯᠡᠨ ᠬᠡᠷᠡᠭᠵᠢᠭᠦᠯᠵᠦ᠂ | ᠵᠣᠬᠢᠴᠠᠭᠤᠯᠭ᠎ᠠ ᠪᠠᠨ ᠴᠢᠩᠭᠠᠳᠬᠠᠨ᠂ ᠠᠽᠢᠶ᠎ᠠ ᠲᠢᠪ ᠤᠨ ᠲᠧᠯᠸᠢᠰ ᠵᠦᠴᠦᠭᠡ ︵ᠺᠠᠷᠲ᠋ᠣᠨ ᠺᠢᠨᠣ᠋︶ ᠶᠢ ᠬᠠᠮᠲᠤᠷᠠᠨ ᠰᠡᠭᠦᠳᠡᠷᠯᠡᠬᠦ᠂ ᠭᠠᠳᠠᠭᠠᠳᠤ ᠳᠤ ᠣᠷᠴᠢᠭᠤᠯᠵᠤ | ᠨᠡᠪᠲᠡᠷᠡᠭᠦᠯᠬᠦ ᠵᠡᠷᠭᠡ ᠲᠥᠷᠥᠯ ᠵᠦᠢᠯ ᠢ ᠢᠳᠡᠪᠬᠢᠲᠡᠶ ᠪᠠᠷ ᠭᠤᠶᠤᠴᠢᠯᠠᠨ ᠮᠡᠳᠡᠭᠦᠯᠵᠦ᠂ ᠳᠤᠮᠳᠠᠳᠤ ᠶᠢᠨ ᠰᠣᠶᠣᠯ ᠤᠨ ᠭᠠᠳᠠᠭᠠᠳᠤ ᠳᠠᠬᠢ ᠨᠥᠯᠥᠭᠡᠯᠡᠬᠦ ᠬᠦᠴᠦᠨ ᠢ | ᠦᠷᠭᠦᠯᠵᠢᠯᠡᠨ ᠳᠡᠭᠡᠭᠰᠢᠯᠡᠭᠦᠯᠵᠦ᠂ ᠰᠣᠶᠣᠯ ᠤᠨ ᠮᠡᠳᠡᠷᠡᠮᠵᠢ ᠶᠢ ᠨᠡᠮᠡᠭᠳᠡᠭᠦᠯᠦᠨ᠂ ᠣᠯᠠᠨ ᠤᠯᠤᠰ ᠤᠨ ᠬᠥᠭᠵᠢᠯᠲᠡ ᠶᠢᠨ ᠰᠠᠶᠢᠨ ᠰᠠᠶᠢᠬᠠᠨ ᠣᠷᠴᠢᠨ ᠲᠣᠭᠤᠷᠢᠨ ᠢ ᠪᠣᠶ | ᠪᠣᠯᠭᠠᠨ᠎ᠠ᠃ | ︵ᠭᠤᠷᠪᠠ︶ ᠲᠥᠯᠥᠪᠵᠢᠭᠦᠯᠭᠡ ᠶᠢᠨ ᠬᠦᠲᠦᠯᠦᠨ ᠳᠠᠭᠠᠭᠤᠯᠬᠤ ᠴᠢᠳᠠᠪᠤᠷᠢ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ | ᠤᠬᠠᠭᠤᠯᠭ᠎ᠠ ᠶᠠᠷᠢᠶ᠎ᠠ ᠬᠡᠯᠡᠯᠴᠡᠭᠡ ᠪᠠ ᠦᠵᠡᠯ ᠰᠠᠨᠠᠭ᠎ᠠ ᠰᠣᠶᠣᠯ ᠤᠨ ᠵᠢᠭᠰᠠᠭᠠᠯ ᠤᠨ ᠭᠠᠵᠠᠷ ᠤᠨ ᠪᠦᠬᠦᠨ ᠢᠶᠠᠷ ᠢᠶᠠᠨ ᠵᠣᠬᠢᠴᠠᠯᠳᠤᠨ ᠦᠢᠯᠡᠴᠢᠯᠡᠬᠦ ᠦᠵᠡᠯ ᠰᠠᠨᠠᠭ᠎ᠠ ᠶᠢ ᠪᠠᠲᠤ | ᠪᠠᠬᠢ ᠪᠤᠢ ᠪᠣᠯᠭᠠᠵᠤ᠂ ᠬᠦᠴᠦᠷᠬᠡᠭ ᠶᠡᠭᠡ ᠨᠢᠭᠲᠠᠷᠠᠯ ᠤᠨ ᠬᠦᠴᠦᠨ ᠪᠠ ᠬᠥᠲᠥᠯᠥᠨ ᠳᠠᠭᠠᠭᠤᠯᠬᠤ ᠬᠦᠴᠦᠨ ᠪᠦᠬᠦᠢ ᠨᠡᠶᠢᠭᠡᠮ ᠵᠢᠷᠤᠮ ᠤᠨ ᠦᠵᠡᠯ ᠤᠬᠠᠮᠰᠠᠷ ᠤᠨ | ᠬᠡᠯᠪᠡᠷᠢ ᠶᠢ ᠪᠦᠲᠦᠭᠡᠨ ᠪᠠᠶᠢᠭᠤᠯᠬᠤ ᠪᠠᠶᠢᠯᠳᠤᠬᠤ ᠪᠣᠳᠣᠯᠭ᠎ᠠ ᠶᠢᠨ ᠡᠭᠦᠷᠭᠡ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠵᠣᠬᠢᠴᠠᠮᠵᠢ ᠶᠢ ᠪᠦᠷᠢᠨ ᠪᠣᠯᠭᠠᠬᠤ ᠪᠠᠷ | ᠪᠠᠲᠤᠯᠠᠭ᠎ᠠ ᠪᠣᠯᠭᠠᠵᠤ᠂ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠲᠥᠯᠥᠪᠵᠢᠭᠦᠯᠭᠡ ᠶᠢᠨ ᠬᠥᠲᠥᠯᠥᠨ ᠳᠠᠭᠠᠭᠤᠯᠬᠤ ᠴᠢᠳᠠᠪᠤᠷᠢ ᠶᠢ ᠲᠠᠰᠤᠷᠠᠯᠲᠠ ᠦᠭᠡᠢ | ᠳᠡᠭᠡᠭᠰᠢᠯᠡᠭᠦᠯᠵᠦ᠂ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠡᠷᠡᠭᠦᠯ ᠪᠥᠭᠡᠳ ᠡᠮᠬᠢ ᠵᠢᠷᠤᠮ ᠲᠠᠢ ᠬᠥᠭᠵᠢᠯᠲᠡ ᠶᠢ ᠦᠷᠭᠦᠯᠵᠢᠯᠡᠨ ᠬᠥᠲᠥᠯᠥᠨ | ᠵᠢᠯᠣᠭᠤᠳᠴᠤ ᠠᠬᠢᠭᠤᠯᠤᠨ᠎ᠠ᠃ | 12. ᠬᠥᠲᠥᠯᠥᠨ ᠵᠢᠯᠤᠭᠤᠳᠤᠯᠭ᠎ᠠ ᠶᠢ ᠲᠦᠯᠦᠪᠵᠢᠭᠦᠯᠬᠦ ᠵᠣᠬᠢᠴᠠᠮᠵᠢ᠃ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠫᠷᠤᠭ᠍ᠷᠠᠮ ᠤᠨ ᠵᠣᠬᠢᠶᠠᠨ ᠪᠦᠲᠦᠭᠡᠬᠦ | ᠰᠡᠳᠦᠪ ᠤᠨ ᠲᠥᠯᠥᠪᠵᠢᠭᠦᠯᠭᠡ ᠶᠢᠨ ᠠᠵᠢᠯ ᠤᠨ ᠵᠣᠬᠢᠴᠠᠮᠵᠢ ᠶᠢ ᠪᠠᠶᠢᠭᠤᠯᠤᠨ ᠪᠦᠷᠢᠨᠰᠢᠭᠦᠯᠵᠦ᠂ ᠴᠢᠬᠤᠯᠠ ᠶᠡᠭᠡ ᠵᠣᠬᠢᠶᠠᠨ ᠪᠦᠲᠦᠭᠡᠬᠦ ᠭᠤᠣᠯ ᠰᠡᠳᠦᠪ᠂ ᠷᠠᠳᠢᠣ᠋ ᠲᠧᠯᠸᠢᠰ | ᠪᠠ ᠰᠦᠯᠵᠢᠶᠡᠨ ᠤ ᠦᠵᠡᠵᠦ ᠰᠣᠨᠣᠰᠬᠤ ᠬᠥᠭᠵᠢᠯᠲᠡ ᠶᠢᠨ ᠴᠢᠭᠯᠡᠯ ᠵᠢᠴᠢ ᠥᠪᠥᠷ ᠮᠣᠩᠭᠤᠯ ᠤᠨ ᠰᠣᠶᠣᠯ ᠤᠨ ᠡᠬᠢ ᠪᠠᠶᠠᠯᠢᠭ ᠤᠨ ᠳᠠᠪᠠᠭᠤᠯᠢᠭ ᠤᠨ ᠲᠣᠭᠤᠷᠢᠨ ᠳᠤ᠂ | ᠰᠡᠳᠦᠪ ᠰᠣᠩᠭᠤᠬᠤ ᠰᠤᠳᠤᠯᠤᠨ ᠶᠠᠷᠢᠯᠴᠠᠵᠤ ᠰᠣᠯᠢᠯᠴᠠᠬᠤ ᠶᠢ ᠵᠣᠬᠢᠶᠠᠨ ᠪᠠᠶᠢᠭᠤᠯᠵᠤ᠂ ᠭᠤᠣᠯᠳᠠᠯᠭ᠎ᠠ ᠲᠠᠢ ᠰᠡᠳᠦᠪ ᠰᠣᠩᠭᠤᠬᠤ ᠰᠠᠨᠠᠭᠤᠯᠤᠮᠵᠢ ᠶᠢ ᠨᠡᠶᠢᠲᠡᠯᠡᠵᠦ᠂ ᠰᠡᠳᠦᠪ | ᠰᠣᠩᠭᠤᠵᠤ ᠵᠣᠬᠢᠶᠠᠨ ᠪᠦᠲᠦᠭᠡᠬᠦ ᠶᠢ ᠳᠡᠮᠵᠢᠵᠦ᠂ ᠰᠡᠳᠦᠪ ᠤᠨ ᠲᠥᠯᠥᠪᠵᠢᠭᠦᠯᠭᠡ ᠶᠢ ᠪᠠᠶᠢᠩᠭᠤᠵᠢᠭᠤᠯᠤᠨ ᠳᠦᠷᠢᠮᠵᠢᠭᠦᠯᠬᠦ ᠶᠢ ᠠᠬᠢᠭᠤᠯᠤᠨ᠎ᠠ᠃ | 13. ᠲᠠᠪᠴᠠᠩ ᠢ ᠲᠦᠯᠦᠪᠵᠢᠭᠦᠯᠬᠦ ᠵᠣᠬᠢᠴᠠᠮᠵᠢ᠃ ᠭᠤᠣᠯᠳᠠᠯᠭ᠎ᠠ ᠲᠠᠢ ᠰᠡᠳᠦᠪ ᠤᠨ ᠰᠡᠳᠦᠪ ᠰᠣᠩᠭᠤᠬᠤ ᠲᠥᠷᠥᠯ ᠵᠦᠢᠯ ᠢ ᠴᠤᠭᠯᠠᠭᠤᠯᠬᠤ ᠠᠵᠢᠯ ᠤᠨ ᠵᠣᠬᠢᠴᠠᠮᠵᠢ ᠶᠢ | ᠪᠠᠶᠢᠭᠤᠯᠵᠤ᠂ ᠴᠠᠭ ᠦᠶ᠎ᠡ ᠶᠢᠨ ᠭᠤᠣᠯ ᠰᠡᠳᠦᠪ ᠲᠠᠢ ᠤᠶᠠᠯᠳᠤᠭᠤᠯᠤᠨ᠂ ᠴᠠᠭ ᠦᠶ᠎ᠡ ᠶᠢᠨ ᠬᠥᠭᠵᠢᠯᠲᠡ ᠶᠢ ᠤᠷᠢᠳᠴᠢᠯᠠᠨ ᠮᠠᠭᠠᠳᠯᠠᠵᠤ᠂ ᠥᠷᠭᠡᠨ ᠢᠶᠠᠷ ᠴᠤᠭᠯᠠᠭᠤᠯᠵᠤ᠂ | ᠭᠦᠢᠴᠡᠳ ᠨᠤᠲᠠᠯᠠᠵᠤ᠂ ᠲᠥᠰᠦᠪᠯᠡᠨ ᠳᠡᠮᠵᠢᠵᠦ᠂ ᠭᠤᠤᠯᠳᠠᠯᠭ᠎ᠠ ᠲᠠᠢ ᠰᠡᠳᠦᠪ ᠤᠨ ᠲᠥᠷᠥᠯ ᠵᠦᠢᠯ ᠤᠨ ᠬᠥᠮᠥᠷᠭᠡ ᠶᠢ ᠬᠦᠴᠦᠯᠡᠨ ᠪᠠᠶᠢᠭᠤᠯᠵᠤ᠂ ᠭᠤᠤᠯᠳᠠᠯᠭ᠎ᠠ ᠲᠠᠢ | ᠰᠡᠳᠦᠪ ᠤᠨ ᠲᠥᠷᠥᠯ ᠵᠦᠢᠯ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠢᠳᠡᠪᠬᠢᠲᠡᠶ ᠠᠬᠢᠭᠤᠯᠵᠤ᠂ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ | ᠭᠤᠤᠯᠳᠠᠯᠭ᠎ᠠ ᠲᠠᠢ ᠰᠡᠳᠦᠪ ᠤᠨ ᠲᠥᠷᠥᠯ ᠵᠦᠢᠯ ᠳᠤ ᠨᠢᠭᠡ ᠪᠦᠯᠦᠭ ᠢ ᠲᠥᠯᠥᠪᠵᠢᠭᠦᠯᠵᠦ᠂ ᠨᠢᠭᠡ ᠪᠦᠯᠦᠭ ᠢ ᠵᠣᠬᠢᠶᠠᠨ ᠪᠦᠲᠦᠭᠡᠵᠦ᠂ ᠨᠢᠭᠡ ᠪᠦᠯᠦᠭ ᠢ ᠨᠡᠪᠲᠡᠷᠡᠭᠦᠯᠵᠦ᠂ | ᠨᠢᠭᠡ ᠪᠦᠯᠦᠭ ᠢ ᠰᠢᠨ᠎ᠡ ᠪᠠᠷ ᠨᠡᠮᠡᠭᠳᠡᠭᠦᠯᠬᠦ ᠰᠠᠶᠢᠨ ᠣᠷᠴᠢᠯ ᠬᠥᠭᠵᠢᠯᠲᠡ ᠶᠢ ᠠᠬᠢᠭᠤᠯᠤᠨ᠎ᠠ᠃ | 14. ᠮᠥᠷᠳᠡᠨ ᠳᠠᠭᠠᠬᠤ ᠶᠢ ᠲᠦᠯᠦᠪᠵᠢᠭᠦᠯᠬᠦ ᠵᠣᠬᠢᠴᠠᠮᠵᠢ᠃ ᠭᠤᠣᠯᠳᠠᠯᠭ᠎ᠠ ᠲᠠᠢ ᠰᠡᠳᠦᠪ ᠤᠨ ᠲᠥᠷᠥᠯ ᠵᠦᠢᠯ ᠢ ᠮᠥᠷᠳᠡᠨ ᠳᠠᠭᠠᠵᠤ ᠵᠣᠬᠢᠶᠠᠨ ᠪᠦᠲᠦᠭᠡᠬᠦ ᠵᠣᠬᠢᠴᠠᠮᠵᠢ ᠶᠢ | ᠪᠠᠶᠢᠭᠤᠯᠵᠤ᠂ ᠭᠤᠣᠯᠳᠠᠯᠭ᠎ᠠ ᠲᠠᠢ ᠰᠡᠳᠦᠪ ᠤᠨ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠫᠷᠤᠭ᠍ᠷᠠᠮ ᠤᠨ ᠪᠦᠲᠦᠭᠡᠯ ᠢ ᠵᠣᠬᠢᠶᠠᠨ ᠪᠦᠲᠦᠭᠡᠵᠦ | ᠦᠢᠯᠡᠳᠪᠦᠷᠢᠯᠡᠬᠦ ᠶᠢ ᠠᠩᠬᠠᠷᠴᠤ᠂ ᠵᠣᠬᠢᠶᠠᠨ ᠪᠦᠲᠦᠭᠡᠬᠦ ᠠᠬᠢᠴᠠ᠂ ᠵᠣᠬᠢᠶᠠᠨ ᠪᠦᠲᠦᠭᠡᠬᠦ ᠬᠦᠴᠢᠷᠳᠡᠯ ᠢ ᠴᠠᠭ ᠲᠤᠬᠠᠶ ᠳᠤ ᠨᠢ ᠣᠶᠢᠯᠠᠭᠠᠵᠤ᠂ ᠵᠣᠬᠢᠶᠠᠨ ᠪᠦᠲᠦᠭᠡᠬᠦ | ᠦᠢᠯᠡᠳᠪᠦᠷᠢᠯᠡᠯ ᠳᠤ ᠲᠤᠯᠭᠠᠷᠠᠵᠤ ᠪᠠᠶᠢᠭ᠎ᠠ ᠪᠣᠳᠠᠲᠠᠶ ᠬᠦᠴᠢᠷᠳᠡᠯ ᠢ ᠢᠳᠡᠪᠬᠢᠲᠡᠶ ᠪᠠᠷ ᠵᠣᠬᠢᠴᠠᠭᠤᠯᠤᠨ ᠬᠠᠪᠰᠤᠷᠤᠨ ᠰᠢᠢᠳᠪᠦᠷᠢᠯᠡᠵᠦ᠂ ᠰᠠᠶᠢᠨ ᠲᠥᠷᠥᠯ ᠵᠦᠢᠯ ᠤᠨ | ᠬᠠᠮᠤᠭ ᠤᠨ ᠰᠠᠶᠢᠨ ᠪᠠᠶᠢᠬᠤ ᠶᠢ ᠦᠨᠡᠨ ᠬᠦ ᠪᠠᠲᠤᠯᠠᠵᠤ᠂ ᠪᠥᠬᠦ ᠣᠷᠣᠨ ᠤ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠫᠷᠤᠭ᠍ᠷᠠᠮ ᠤᠨ ᠪᠦᠲᠦᠭᠡᠯ ᠤᠨ ᠴᠢᠨᠠᠷ | ᠰᠠᠶᠢᠲᠠᠶ ᠬᠥᠭᠵᠢᠯᠲᠡ ᠶᠢ ᠬᠥᠲᠥᠯᠥᠨ ᠳᠠᠭᠠᠭᠤᠯᠵᠤ ᠳᠠᠶᠢᠴᠢᠯᠠᠨ᠎ᠠ᠃ | 15.ᠲᠣᠬᠢᠷᠠᠭᠤᠯᠤᠯᠲᠠ ᠶᠢ ᠲᠦᠯᠦᠪᠵᠢᠭᠦᠯᠬᠦ ᠵᠣᠬᠢᠴᠠᠮᠵᠢ᠃ ᠭᠤᠣᠯᠳᠠᠯᠭ᠎ᠠ ᠲᠠᠢ ᠰᠡᠳᠦᠪ ᠤᠨ ᠲᠥᠷᠥᠯ ᠵᠦᠢᠯ ᠳᠤ ᠬᠥᠳᠡᠯᠦᠩᠭᠦᠶ ᠲᠣᠬᠢᠷᠠᠭᠤᠯᠤᠯᠲᠠ ᠬᠢᠬᠦ ᠵᠣᠬᠢᠴᠠᠮᠵᠢ ᠶᠢ | ᠪᠠᠶᠢᠭᠤᠯᠵᠤ᠂ ᠴᠠᠭ ᠦᠶ᠎ᠡ ᠶᠢᠨ ᠬᠥᠭᠵᠢᠯᠲᠡ ᠶᠢᠨ ᠬᠡᠷᠡᠭᠴᠡᠭᠡ ᠪᠠ ᠬᠠᠨᠳᠤᠰᠢ ᠶᠢ ᠪᠠᠲᠤ ᠡᠵᠡᠮᠳᠡᠵᠦ᠂ ᠴᠠᠭ ᠦᠶ᠎ᠡ ᠲᠠᠢ ᠨᠡᠶᠢᠴᠡᠬᠦ ᠥᠬᠡᠶ ᠰᠡᠳᠦᠪ ᠤᠨ ᠲᠥᠷᠥᠯ ᠵᠦᠢᠯ ᠢ | ᠰᠡᠳᠦᠪ ᠤᠨ ᠲᠥᠷᠥᠯ ᠵᠦᠢᠯ ᠤᠨ ᠬᠥᠮᠥᠷᠭᠡ ᠠᠴᠠ ᠴᠠᠭ ᠲᠤᠬᠠᠶ ᠳᠤ ᠨᠢ ᠠᠷᠢᠯᠭᠠᠵᠤ᠂ ᠴᠠᠭ ᠦᠶ᠎ᠡ ᠶᠢᠨ ᠬᠥᠭᠵᠢᠯᠲᠡ ᠶᠢᠨ ᠭᠤᠤᠯᠳᠠᠯᠭ᠎ᠠ ᠲᠠᠢ ᠰᠡᠳᠦᠪ ᠤᠨ ᠲᠥᠷᠥᠯ | ᠵᠦᠢᠯ ᠢ ᠰᠡᠳᠦᠪ ᠤᠨ ᠲᠥᠷᠥᠯ ᠵᠦᠢᠯ ᠤᠨ ᠬᠥᠮᠥᠷᠭᠡ ᠳᠤ ᠣᠷᠣᠭᠤᠯᠵᠤ᠂ ᠡᠯ᠎ᠡ ᠱᠠᠲᠤᠨ ᠤ ᠡᠯ᠎ᠡ ᠲᠥᠷᠥᠯ ᠤᠨ ᠷᠠᠳᠢᠣ᠋ ᠲᠧᠯᠸᠢᠰ ᠤᠨ ᠦᠢᠯᠡᠳᠦᠨ ᠨᠡᠪᠲᠡᠷᠡᠭᠦᠯᠬᠦ | ᠪᠠᠶᠢᠭᠤᠯᠤᠮᠵᠢ ᠪᠠ ᠰᠦᠯᠵᠢᠶᠡᠨ ᠤ ᠦᠵᠡᠵᠦ ᠰᠣᠨᠣᠰᠬᠤ ᠫᠷᠤᠭ᠍ᠷᠠᠮ ᠤᠨ ᠦᠢᠯᠡᠴᠢᠯᠡᠭᠡᠨ ᠤ ᠪᠠᠶᠢᠭᠤᠯᠤᠮᠵᠢ ᠳᠤ ᠴᠠᠭ ᠲᠤᠬᠠᠶ ᠳᠤ ᠨᠢ ᠰᠡᠷᠡᠮᠵᠢᠯᠡᠭᠦᠯᠬᠦ ᠪᠤᠶᠤ ᠰᠠᠨᠠᠭᠤᠯᠵᠤ᠂ | ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠫᠷᠤᠭ᠍ᠷᠠᠮ ᠤᠨ ᠪᠦᠲᠦᠭᠡᠯ ᠤᠨ ᠵᠣᠬᠢᠶᠠᠨ ᠪᠦᠲᠦᠭᠡᠬᠦ ᠴᠠᠭ ᠦᠶ᠎ᠡ ᠲᠠᠢ ᠵᠡᠷᠭᠡ ᠪᠠᠷ ᠤᠷᠤᠭᠰᠢᠯᠠᠬᠤ ᠶᠢ ᠪᠠᠲᠤᠯᠠᠵᠤ᠂ | ᠴᠠᠭ ᠦᠶ᠎ᠡ ᠶᠢᠨ ᠠᠯᠬᠤᠭ᠎ᠠ ᠶᠢ ᠰᠠᠯᠤᠯ ᠥᠬᠡᠶ ᠳᠠᠭᠠᠵᠤ᠂ ᠪᠦᠷᠢᠯᠭᠡᠯ ᠰᠦᠢᠳᠦᠯ ᠪᠠ ᠬᠤᠬᠢᠷᠠᠯ ᠠᠴᠠ ᠵᠠᠶᠢᠯᠠᠰᠬᠢᠬᠤ ᠪᠤᠶᠤ ᠪᠠᠭᠠᠰᠬᠠᠨ᠎ᠠ᠃ | ︵ᠲᠦᠷᠪᠡ︶ ᠦᠢᠯᠡᠴᠢᠯᠡᠭᠡᠨ ᠤ ᠪᠠᠲᠤᠯᠠᠭ᠎ᠠ ᠶᠢᠨ ᠴᠢᠳᠠᠪᠤᠷᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ | ᠦᠢᠯᠡᠴᠢᠯᠡᠭᠡᠨ ᠤ ᠤᠬᠠᠮᠰᠠᠷ ᠢ ᠪᠠᠲᠤ ᠪᠠᠬᠢ ᠪᠤᠢ ᠪᠣᠯᠭᠠᠵᠤ᠂ ᠴᠢᠩᠭ᠎ᠠ ᠬᠢᠨᠠᠨ ᠬᠠᠮᠢᠶᠠᠷᠬᠤ ᠪᠠ ᠪᠦᠲᠦᠮᠵᠢᠲᠡᠶ ᠬᠠᠪᠰᠤᠷᠤᠨ ᠳᠡᠮᠵᠢᠬᠦ ᠶᠢ ᠬᠠᠷᠢᠯᠴᠠᠨ ᠨᠢᠭᠡᠳᠬᠡᠬᠦ᠂ | ᠦᠢᠯᠡᠴᠢᠯᠡᠭᠡᠨ ᠤ ᠬᠢᠨᠠᠯᠲᠠ ᠬᠠᠮᠢᠶᠠᠷᠤᠯᠲᠠ ᠶᠢ ᠵᠡᠷᠭᠡ ᠪᠠᠷ ᠬᠦᠴᠦᠯᠡᠬᠦ ᠶᠢ ᠪᠠᠷᠢᠮᠲᠠᠯᠠᠵᠤ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ᠂ ᠠᠵᠢᠯ ᠲᠥᠷᠥᠯ ᠤᠨ ᠬᠢᠨᠠᠯᠲᠠ | ᠬᠠᠮᠢᠶᠠᠷᠤᠯᠲᠠ᠂ ᠴᠢᠳᠠᠪᠤᠷᠢᠲᠠᠨ ᠤ ᠬᠠᠩᠭᠠᠯᠭ᠎ᠠ᠂ ᠳᠡᠮᠵᠢᠵᠦ ᠬᠥᠲᠥᠯᠥᠨ ᠵᠢᠯᠣᠭᠤᠳᠬᠤ ᠵᠡᠷᠭᠡ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠴᠢᠳᠠᠪᠤᠷᠢ ᠶᠢ | ᠳᠡᠭᠡᠭᠰᠢᠯᠡᠭᠦᠯᠬᠦ ᠳᠡᠭᠡᠷ᠎ᠡ ᠬᠦᠴᠦ ᠲᠠᠯᠪᠢᠵᠤ᠂ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠠᠵᠢᠯ ᠲᠥᠷᠥᠯ ᠤᠨ ᠡᠷᠡᠭᠦᠯ ᠬᠥᠭᠵᠢᠯᠲᠡ ᠳᠤ ᠬᠦᠴᠦᠨ | ᠨᠡᠮᠡᠷᠢᠯᠡᠨ᠎ᠡ᠃ | 16. ᠵᠦᠪᠰᠢᠶᠡᠷᠡᠯ ᠤᠨ ᠦᠢᠯᠡᠴᠢᠯᠡᠭᠡ᠃ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠵᠠᠰᠠᠭ ᠵᠠᠬᠢᠷᠭᠠᠨ ᠤ ᠵᠥᠪᠰᠢᠶᠡᠷᠡᠯ᠂ ᠵᠠᠰᠠᠭ ᠵᠠᠬᠢᠷᠭᠠᠨ ᠤ ᠬᠢᠨᠠᠨ | ᠪᠠᠶᠢᠴᠠᠭᠠᠯᠲᠠ ᠵᠡᠷᠭᠡ ᠵᠦᠢᠯᠡᠰ ᠢ ᠤᠯᠠᠮ ᠨᠢᠭᠡ ᠠᠯᠬᠤᠮ ᠵᠢᠷᠤᠮᠵᠢᠭᠤᠯᠵᠤ᠂ ᠠᠵᠢᠯ ᠤᠨ ᠪᠠᠶᠢᠭᠤᠯᠤᠮᠵᠢ ᠶᠢ ᠪᠦᠷᠢᠨᠰᠢᠭᠦᠯᠦᠨ᠂ ᠳᠦᠷᠢᠮ ᠤᠨ ᠵᠣᠬᠢᠴᠠᠮᠵᠢ ᠶᠢ | ᠲᠡᠭᠦᠯᠳᠡᠷᠵᠢᠭᠦᠯᠵᠦ᠂ ᠬᠠᠮᠢᠶᠠᠷᠤᠯᠲᠠ ᠶᠢᠨ ᠶᠠᠪᠤᠴᠠ ᠶᠢ ᠰᠢᠯᠢᠳᠡᠭᠵᠢᠭᠦᠯᠦᠨ᠂ ᠡᠩᠨᠡᠭᠡᠨ ᠤ ᠬᠡᠪ ᠴᠢᠨᠠᠷ ᠢ ᠳᠡᠭᠡᠭᠰᠢᠯᠡᠭᠦᠯᠵᠦ᠂ ᠪᠦᠬᠦ ᠣᠷᠣᠨ ᠤ ᠡᠯ᠎ᠡ ᠱᠠᠲᠤᠨ ᠤ ᠡᠯ᠎ᠡ | ᠲᠥᠷᠥᠯ ᠤᠨ ᠷᠠᠳᠢᠣ᠋ ᠲᠧᠯᠸᠢᠰ ᠤᠨ ᠦᠢᠯᠡᠳᠴᠦ ᠨᠡᠪᠲᠡᠷᠡᠭᠦᠯᠬᠦ ᠪᠠᠶᠢᠭᠤᠯᠤᠮᠵᠢ ᠪᠠ ᠰᠦᠯᠵᠢᠶᠡᠨ ᠤ ᠦᠵᠡᠵᠦ ᠰᠣᠨᠣᠰᠬᠤ ᠫᠷᠤᠭ᠍ᠷᠠᠮ ᠤᠨ ᠦᠢᠯᠡᠴᠢᠯᠡᠭᠡᠨ ᠤ ᠪᠠᠶᠢᠭᠤᠯᠤᠮᠵᠢ ᠳᠤ | ᠠᠵᠢᠯ ᠤᠨ ᠪᠠᠶᠢᠷᠢ ᠪᠠᠨ ᠰᠠᠶᠢᠲᠤᠷ ᠰᠠᠬᠢᠵᠤ᠂ ᠰᠠᠶᠢᠲᠤᠷ ᠦᠢᠯᠡᠴᠢᠯᠡᠵᠦ᠂ ᠳᠥᠭᠦᠮ ᠳᠦᠳᠡ ᠬᠠᠩᠭᠠᠵᠤ᠂ ᠬᠥᠭᠵᠢᠯᠲᠡ ᠳᠤ ᠬᠦᠴᠦᠨ ᠨᠡᠮᠡᠷᠢᠯᠡᠨ᠎ᠡ᠃ | 17. ᠴᠢᠳᠠᠪᠤᠷᠢᠲᠠᠨ ᠤ ᠦᠢᠯᠡᠴᠢᠯᠡᠭᠡ᠃ ᠴᠢᠳᠠᠪᠤᠷᠢᠲᠠᠨ ᠤ ᠡᠩᠨᠡᠭᠡ ᠶᠢᠨ ᠪᠦᠲᠦᠭᠡᠨ ᠪᠠᠶᠢᠭᠤᠯᠤᠯᠲᠠ ᠶᠢ ᠠᠵᠢᠯ ᠲᠥᠷᠥᠯ ᠤᠨ ᠬᠥᠭᠵᠢᠯᠲᠡ ᠶᠢᠨ ᠴᠢᠬᠤᠯᠠ ᠪᠠᠶᠢᠷᠢᠨ ᠳᠤ | ᠲᠠᠯᠪᠢᠵᠤ᠂ ᠢᠳᠡᠪᠬᠢᠲᠡᠶ ᠪᠠᠷ ᠨᠥᠬᠦᠴᠡᠯ ᠪᠦᠷᠢᠯᠳᠦᠭᠦᠯᠦᠨ᠂ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠢ ᠵᠣᠬᠢᠶᠠᠨ ᠪᠠᠶᠢᠭᠤᠯᠤᠨ ᠥᠷᠨᠢᠭᠦᠯᠬᠦ᠂ ᠴᠢᠳᠠᠪᠤᠷᠢᠲᠠᠨ ᠤ | ᠰᠣᠯᠢᠯᠴᠠᠭ᠎ᠠ ᠶᠢ ᠳᠡᠮᠵᠢᠬᠦ ᠪᠠᠷ ᠳᠠᠮᠵᠢᠭᠤᠯᠤᠨ᠂ ᠤᠯᠤᠰ᠂ ᠥᠪᠡᠷᠲᠡᠭᠡᠨ ᠵᠠᠰᠠᠬᠤ ᠣᠷᠣᠨ ᠤ ᠡᠯ᠎ᠡ ᠲᠥᠷᠥᠯ ᠤᠨ ᠲᠤᠰᠬᠠᠶ ᠰᠡᠳᠦᠪᠲᠦ ᠪᠣᠯᠪᠠᠰᠤᠷᠠᠯ ᠤᠨ ᠠᠩᠭᠢ᠂ | ᠰᠤᠳᠤᠯᠤᠨ ᠰᠤᠷᠤᠯᠴᠠᠬᠤ ᠠᠩᠭᠢ ᠳᠤ ᠣᠷᠣᠯᠴᠠᠬᠤ ᠶᠢ ᠵᠣᠬᠢᠶᠠᠨ ᠪᠠᠶᠢᠭᠤᠯᠤᠨ ᠣᠷᠣᠯᠴᠠᠭᠤᠯᠵᠤ᠂ ᠠᠵᠢᠯ ᠲᠥᠷᠥᠯ ᠤᠨ ᠳᠠᠭᠠᠭᠤᠯᠤᠭᠴᠢ ᠴᠢᠳᠠᠪᠤᠷᠢᠲᠠᠨ ᠪᠠ ᠨᠡᠶᠢᠭᠡᠮ ᠤᠨ | ᠵᠠᠯᠠᠭᠤ ᠴᠢᠳᠠᠪᠤᠷᠢᠲᠠᠨ ᠤ ᠢᠨᠵᠧᠨᠧᠷᠢᠩ ᠢ ᠬᠡᠷᠡᠭᠵᠢᠭᠦᠯᠦᠨ᠂ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ ᠭᠤᠤᠯᠳᠠᠯᠭ᠎ᠠ ᠲᠠᠢ ᠨᠡᠶᠢᠭᠡᠮ ᠤᠨ ᠰᠢᠨᠵᠢᠯᠡᠬᠦ | ᠤᠬᠠᠭᠠᠨ ᠤ ᠰᠡᠳᠦᠪ ᠪᠠ ᠬᠥᠭᠵᠢᠯᠲᠡ ᠶᠢᠨ ᠲᠥᠯᠥᠪᠵᠢᠭᠦᠯᠭᠡ ᠶᠢᠨ ᠰᠡᠳᠦᠪ ᠢ ᠡᠭᠦᠷᠭᠡᠯᠡᠵᠦ᠂ ᠪᠥᠬᠦ ᠣᠷᠣᠨ ᠤ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ | ᠴᠢᠳᠠᠪᠤᠷᠢᠲᠠᠨ ᠤ ᠡᠩᠨᠡᠭᠡ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠪᠥᠬᠦ ᠣᠷᠣᠨ ᠤ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠫᠷᠤᠭ᠍ᠷᠠᠮ ᠤᠨ | ᠰᠢᠨ᠎ᠡ ᠶᠢ ᠡᠭᠦᠳᠴᠦ ᠰᠢᠯᠢᠳᠡᠭ ᠢ ᠡᠭᠦᠳᠬᠦ ᠳᠤ ᠴᠢᠳᠠᠪᠤᠷᠢᠲᠠᠨ ᠤ ᠲᠤᠯᠭᠠᠭᠤᠷᠢᠯᠠᠯ ᠬᠠᠩᠭᠠᠨ᠎ᠠ᠃ | 18. ᠦᠨᠡᠯᠡᠯᠲᠡ ᠶᠢᠨ ᠦᠢᠯᠡᠴᠢᠯᠡᠭᠡ᠃ ᠷᠠᠳᠢᠤ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠠᠵᠢᠯ ᠲᠦᠷᠦᠯ ᠢ ᠰᠢᠯᠭᠠᠨ ᠬᠢᠨᠠᠵᠦ ᠦᠨᠡᠯᠡᠬᠦ ᠵᠣᠬᠢᠴᠠᠮᠵᠢ ᠶᠢ | ᠪᠠᠶᠢᠭᠤᠯᠤᠨ ᠪᠦᠷᠢᠨᠰᠢᠬᠦᠯᠵᠦ᠂ ᠦᠨᠡᠯᠡᠬᠦ ᠪᠠᠷᠢᠮᠵᠢᠶ᠎ᠠ ᠪᠠ ᠦᠨᠡᠯᠡᠬᠦ ᠲᠣᠭᠲᠠᠯᠴᠠᠭ᠎ᠠ ᠶᠢ ᠲᠡᠭᠦᠯᠳᠡᠷᠵᠢᠬᠦᠯᠦᠨ᠂ ᠵᠠᠰᠠᠭ ᠤᠨ ᠤᠷᠳᠤᠨ ᠤ ᠨᠦᠯᠦᠬᠡᠯᠡᠬᠦ ᠭᠦᠴᠦᠨ ᠤ ᠦᠨᠡᠯᠡᠯᠲᠡ | ᠪᠠ ᠢᠳᠡᠬᠡᠬᠦᠯᠬᠦ ᠭᠦᠴᠦᠨ ᠢ ᠴᠢᠩᠭᠠᠷᠠᠭᠤᠯᠵᠦ᠂ ᠢᠳᠡᠪᠬᠢᠳᠡᠢ ᠡᠷᠡᠭᠦᠯ ᠪᠦᠭᠦᠢ ᠠᠵᠢᠯ ᠲᠦᠷᠦᠯ ᠤᠨ ᠦᠨᠡᠯᠡᠯᠲᠡ᠂ ᠨᠡᠶᠢᠬᠡᠮ ᠤᠨ ᠦᠨᠡᠯᠡᠯᠲᠡ ᠶᠢᠨ ᠲᠣᠭᠲᠠᠯᠴᠠᠭ᠎ᠠ ᠶᠢ | ᠪᠠᠶᠢᠭᠤᠯᠬᠤ ᠶᠢ ᠠᠬᠢᠭᠤᠯᠤᠨ᠂ ᠪᠦᠭᠦ ᠤᠷᠤᠨ ᠤ ᠷᠠᠳᠢᠤ᠋ ᠲᠧᠯᠸᠢᠰ ᠪᠠ ᠰᠦᠯᠵᠢᠶᠡᠨ ᠤ ᠦᠵᠡᠵᠦ ᠰᠤᠨᠤᠰᠬᠤ ᠠᠵᠢᠯ ᠲᠦᠷᠦᠯ ᠤᠨ ᠬᠢᠨ ᠤ ᠰᠠᠨᠠᠭᠠᠴᠢᠯᠠᠭ᠎ᠠ ᠠᠴᠠ ᠪᠠᠨ | ᠠᠵᠢᠯᠯᠠᠬᠤ᠂ ᠦᠬᠡᠷᠡᠴᠢᠯᠡᠯᠳᠡ ᠬᠢᠵᠦ ᠰᠢᠨ᠎ᠠ ᠶᠢ ᠡᠭᠦᠳᠭᠦ᠂ ᠡᠷᠡᠭᠦᠯ ᠬᠥᠭᠵᠢᠯᠲᠡ ᠶᠢ ᠭᠦᠳᠦᠯᠦᠨ ᠳᠠᠭᠠᠭᠤᠯᠤᠨ᠎ᠠ᠃ | 19. ᠬᠢᠨᠠᠯᠲᠠ ᠲᠠᠯᠪᠢᠬᠤ ᠦᠢᠯᠡᠴᠢᠯᠡᠭᠡ᠃ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠪᠠ ᠭᠥᠯᠢᠶᠡᠨ ᠠᠪᠴᠤ ᠦᠵᠡᠬᠦ᠂ ᠬᠢᠨᠠᠯᠲᠠ ᠲᠠᠯᠪᠢᠵᠤ ᠪᠠᠶᠢᠴᠠᠭᠠᠬᠤ | ᠵᠡᠷᠭᠡ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠠᠵᠢᠯ ᠤᠨ ᠵᠣᠬᠢᠴᠠᠮᠵᠢ ᠶᠢ ᠪᠠᠶᠢᠭᠤᠯᠤᠨ ᠪᠦᠷᠢᠨᠰᠢᠬᠦᠯᠵᠦ᠂ ᠠᠵᠢᠯ ᠲᠥᠷᠥᠯ ᠤᠨ ᠬᠢᠨᠠᠯᠲᠠ ᠲᠠᠯᠪᠢᠬᠤ᠂ | ᠪᠠᠶᠢᠴᠠᠭᠠᠯᠲᠠ ᠶᠢᠨ ᠬᠠᠨᠳᠤᠯᠭᠠᠲᠤ ᠴᠢᠨᠠᠷ᠂ ᠴᠠᠭ ᠬᠤᠭᠤᠴᠠᠭᠠᠲᠤ ᠴᠢᠨᠠᠷ᠂ ᠪᠣᠳᠠᠲᠤ ᠦᠷ᠎ᠡ ᠪᠦᠳᠦᠮᠵᠢᠳᠤ ᠴᠢᠨᠠᠷ ᠢ ᠳᠡᠭᠡᠭᠰᠢᠯᠡᠭᠦᠯᠦᠨ᠂ ᠪᠥᠬᠦ ᠣᠷᠣᠨ ᠤ ᠷᠠᠳᠢᠣ᠋ ᠲᠧᠯᠸᠢᠰ | ᠪᠠ ᠰᠦᠯᠵᠢᠶᠡᠨ ᠤ ᠦᠵᠡᠵᠦ ᠰᠣᠨᠣᠰᠬᠤ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ | ᠦᠨᠡᠨ ᠬᠦ ᠪᠠᠲᠤᠯᠠᠵᠤ᠂ ᠪᠥᠬᠦ ᠣᠷᠣᠨ ᠤ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠶᠢᠨ ᠢᠮᠠᠭᠲᠠ ᠵᠥᠪ ᠴᠢᠭᠯᠡᠯ ᠡᠷᠡᠭᠦᠯ ᠬᠥᠭᠵᠢᠯᠲᠡ ᠶᠢ ᠠᠬᠢᠭᠤᠯᠤᠨ᠎ᠠ᠃ | | ᠲᠠᠪᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠷᠠᠭᠤᠯᠤᠨ᠎ᠠ᠃ ᠡᠯ᠎ᠡ ᠱᠠᠳᠤᠨ ᠤ ᠷᠠᠳᠢᠤ᠋ ᠲᠧᠯᠸᠢᠰ ᠪᠠ ᠰᠦᠯᠵᠢᠶᠡᠨ ᠤ ᠦᠵᠡᠵᠦ ᠰᠤᠨᠤᠰᠬᠤ ᠵᠠᠰᠠᠭ | ᠵᠠᠬᠢᠷᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ᠂ ᠡᠯ᠎ᠡ ᠱᠠᠳᠤᠨ ᠤ ᠡᠯ᠎ᠡ ᠲᠦᠷᠦᠯ ᠤᠨ ᠷᠠᠳᠢᠤ᠋ ᠲᠧᠯᠸᠢᠰ ᠤᠨ ᠦᠢᠯᠡᠳᠴᠤ ᠨᠡᠪᠳᠡᠷᠡᠬᠦᠯᠬᠦ ᠪᠠᠶᠢᠭᠤᠯᠤᠮᠵᠢ ᠪᠠ | ᠰᠦᠯᠵᠢᠶᠡᠨ ᠤ ᠦᠵᠡᠵᠦ ᠰᠤᠨᠤᠰᠬᠤ ᠫᠷᠤᠭ᠍ᠷᠠᠮ ᠤᠨ ᠦᠢᠯᠡᠴᠢᠯᠡᠬᠡᠨ ᠤ ᠪᠠᠶᠢᠭᠤᠯᠤᠮᠵᠢ ᠨᠢ ᠰᠢᠨ᠎ᠡ ᠶᠢ ᠡᠭᠦᠳᠴᠤ ᠰᠢᠯᠢᠳᠡᠭ ᠢ ᠡᠭᠦᠳᠬᠦ ᠠᠵᠢᠯ ᠢ ᠦᠨᠡᠨ ᠬᠦ ᠶᠠᠷᠢᠶ᠎ᠠ | ᠬᠡᠯᠡᠯᠴᠡᠬᠡᠨ ᠤ ᠭᠦᠳᠦᠯᠦᠨ ᠵᠢᠯᠤᠭᠤᠳᠬᠤ ᠴᠢᠳᠠᠪᠤᠷᠢ᠂ ᠠᠭᠤᠯᠭ᠎ᠠ ᠶᠢᠨ ᠦᠢᠯᠡᠳᠪᠦᠷᠢᠯᠡᠯ ᠤᠨ ᠴᠢᠳᠠᠪᠤᠷᠢ ᠪᠠ ᠳᠠᠮᠵᠢᠭᠤᠯᠭ᠎ᠠ ᠶᠢᠨ ᠨᠦᠯᠥᠬᠡᠯᠡᠬᠦ ᠴᠢᠳᠠᠪᠤᠷᠢ ᠶᠢ | ᠲᠡᠬᠡᠭᠰᠢᠯᠡᠬᠦᠯᠬᠦ ᠶᠢᠨ ᠴᠢᠬᠤᠯᠠ ᠠᠷᠭ᠎ᠠ ᠪᠠᠷᠢᠯ ᠪᠤᠯᠭᠠᠵᠦ ᠡᠳᠦᠷ ᠲᠤᠳᠤᠮ ᠤᠨ ᠴᠢᠬᠤᠯᠠ ᠵᠦᠪᠯᠡᠬᠦ ᠵᠦᠢᠯ ᠪᠤᠯᠭᠠᠨ᠂ ᠵᠤᠬᠢᠬᠤ ᠠᠵᠢᠯ ᠤᠨ ᠵᠣᠬᠢᠴᠠᠮᠵᠢ ᠶᠢ ᠪᠠᠶᠢᠭᠤᠯᠤᠨ | ᠲᠡᠭᠦᠯᠳᠡᠷᠵᠢᠬᠦᠯᠵᠦ᠂ ᠠᠵᠢᠯ ᠤᠨ ᠡᠭᠦᠷᠬᠡ᠂ ᠠᠷᠭ᠎ᠠ ᠬᠡᠮᠵᠢᠶ᠎ᠡ᠂ ᠠᠯᠬᠤᠮ ᠲᠠᠷᠠᠭ᠎ᠠ ᠪᠠᠨ ᠲᠤᠳᠤᠷᠬᠠᠶᠢᠯᠠᠨ᠂ ᠷᠠᠳᠢᠤ᠋ ᠲᠧᠯᠸᠢᠰ ᠪᠠ ᠰᠦᠯᠵᠢᠶᠡᠨ ᠤ ᠦᠵᠡᠵᠦ ᠰᠤᠨᠤᠰᠬᠤ | ᠫᠷᠤᠭ᠍ᠷᠠᠮ ᠤᠨ ᠰᠢᠨ᠎ᠠ ᠶᠢ ᠡᠭᠦᠳᠴᠤ ᠰᠢᠯᠢᠳᠡᠭ ᠢ ᠡᠬᠦᠳᠬᠦ ᠠᠵᠢᠯ ᠢ ᠰᠠᠶᠢᠳᠤᠷ ᠠᠳᠬᠤᠨ᠎ᠠ᠃ | ︵ᠬᠤᠶᠠᠷ︶ ᠲᠥᠷᠥ ᠶᠢᠨ ᠪᠣᠳᠣᠯᠭ᠎ᠠ ᠶᠢᠨ ᠵᠣᠬᠢᠴᠠᠭᠤᠯᠤᠯᠲᠠ ᠶᠢ ᠴᠢᠩᠭᠠᠷᠠᠭᠤᠯᠤᠨ᠎ᠠ᠃ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠫᠷᠤᠭ᠍ᠷᠠᠮ ᠤᠨ ᠰᠢᠨ᠎ᠡ ᠶᠢ | ᠡᠭᠦᠳᠴᠦ ᠰᠢᠯᠢᠳᠡᠭ ᠢ ᠡᠭᠦᠳᠬᠦ ᠲᠤᠰᠬᠠᠶ ᠵᠦᠢᠯ ᠢᠶᠠᠷ ᠬᠥᠲᠥᠯᠦᠨ ᠵᠢᠯᠣᠭᠤᠳᠴᠤ ᠳᠡᠮᠵᠢᠬᠦ ᠪᠠᠯᠠ ᠮᠥᠩᠭᠦ ᠶᠢ ᠴᠢᠷᠮᠠᠶᠢᠨ ᠣᠯᠵᠤ᠂ ᠪᠠᠯᠠ ᠳᠣᠭᠢᠷᠠᠭᠤᠯᠬᠤ᠂ ᠭᠠᠶᠢᠯᠢ | ᠲᠠᠲᠠᠪᠤᠷᠢ᠂ ᠭᠠᠵᠠᠷ ᠬᠡᠷᠡᠭᠯᠡᠬᠦ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠵᠡᠷᠭᠡ ᠡᠯ᠎ᠡ ᠵᠦᠢᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ | ᠵᠣᠬᠢᠴᠠᠭᠤᠯᠤᠨ ᠨᠠᠶᠢᠳᠠᠪᠤᠷᠢᠵᠢᠭᠤᠯᠵᠤ᠂ ᠪᠥᠬᠦ ᠣᠷᠣᠨ ᠤ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠡᠬᠢ ᠪᠠᠶᠠᠯᠢᠭ ᠢ ᠲᠥᠪᠯᠡᠷᠡᠭᠦᠯᠬᠦ᠂ ᠴᠢᠳᠠᠪᠤᠷᠢᠲᠠᠨ | ᠴᠤᠭᠯᠠᠷᠠᠭᠤᠯᠬᠤ᠂ ᠠᠵᠤ ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃ | ︵ᠭᠤᠷᠪᠠ︶ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠴᠢᠩᠭᠠᠷᠠᠭᠤᠯᠤᠨ᠎ᠠ᠃ ᠡᠯ᠎ᠡ ᠱᠠᠲᠤᠨ ᠤ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠵᠠᠰᠠᠭ | ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠷᠠᠳᠢᠣ᠋ ᠲᠧᠯᠸᠢᠰ ᠦᠢᠯᠡᠳᠴᠦ ᠨᠡᠪᠲᠡᠷᠡᠭᠦᠯᠬᠦ ᠪᠠᠶᠢᠭᠤᠯᠤᠮᠵᠢ ᠪᠠ ᠰᠦᠯᠵᠢᠶᠡᠨ ᠤ ᠦᠵᠡᠵᠦ ᠰᠣᠨᠣᠰᠬᠤ | ᠦᠢᠯᠡᠴᠢᠯᠡᠭᠡᠨ ᠤ ᠪᠠᠶᠢᠭᠤᠯᠤᠮᠵᠢ ᠨᠢ ᠲᠥᠪ ᠪᠠ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠬᠦᠷᠢᠶᠡᠨ ᠳᠠᠬᠢ | ᠥᠭᠡᠷᠡᠴᠢᠯᠡᠯᠲᠡ ᠶᠢᠨ ᠲᠤᠬᠠᠶ ᠬᠤᠯᠪᠣᠭᠳᠠᠯ ᠪᠥᠬᠦᠶ ᠱᠠᠭᠠᠷᠳᠠᠯᠭ᠎ᠠ ᠶᠢ ᠬᠢᠨᠠᠮᠠᠭᠠᠶ ᠡᠵᠡᠮᠳᠡᠵᠦ᠂ ᠪᠤᠯᠤᠩ ᠤᠨ ᠫᠷᠤᠭ᠍ᠷᠠᠮ ᠤᠨ ᠬᠠᠮᠢᠶᠠᠷᠤᠯᠲᠠ ᠶᠢᠨ ᠠᠷᠭ᠎ᠠ ᠬᠡᠯᠪᠡᠷᠢ ᠶᠢ | ᠥᠭᠡᠷᠡᠴᠢᠯᠡᠨ ᠰᠢᠯᠢᠳᠡᠭᠵᠢᠭᠦᠯᠵᠦ᠂ ᠪᠤᠯᠤᠩ ᠤᠨ ᠫᠷᠤᠭ᠍ᠷᠠᠮ ᠤᠨ ᠵᠣᠬᠢᠶᠠᠨ ᠪᠦᠲᠦᠭᠡᠵᠦ ᠦᠢᠯᠡᠳᠬᠦ ᠠᠮᠢᠵᠢᠷᠠᠯ ᠤᠨ ᠬᠦᠴᠦᠨ ᠢ ᠬᠠᠮᠤᠭ ᠤᠨ ᠶᠡᠭᠡ ᠬᠡᠮᠵᠢᠶ᠎ᠡ ᠪᠠᠷ ᠴᠢᠯᠥᠭᠡᠯᠡᠨ | ᠬᠥᠭᠵᠢᠭᠡᠵᠦ᠂ ᠵᠣᠬᠢᠶᠠᠨ ᠪᠦᠲᠦᠭᠡᠬᠦ ᠡᠬᠢ ᠡᠭᠦᠰᠦᠯ ᠢ ᠬᠥᠭᠵᠢᠭᠡᠨ᠎ᠡ᠃ | ︵ᠲᠦᠷᠪᠡ︶ ᠪᠦᠷᠢᠳᠬᠡᠯ ᠤᠨ ᠵᠠᠳᠠᠯᠤᠯᠲᠠ ᠶᠢ ᠴᠢᠩᠭᠠᠷᠠᠭᠤᠯᠤᠨ᠎ᠠ᠃ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠡᠬᠢ ᠪᠠᠶᠠᠯᠢᠭ ᠤᠨ ᠬᠦᠴᠦᠨ ᠵᠦᠢᠯ ᠢ | ᠨᠠᠷᠢᠯᠢᠭᠵᠢᠭᠤᠯᠵᠤ᠂ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠫᠷᠤᠭ᠍ᠷᠠᠮ ᠤᠨ ᠠᠭᠤᠯᠭ᠎ᠠ ᠶᠢᠨ ᠪᠦᠬᠦ ᠬᠦᠴᠦᠨ ᠵᠦᠢᠯ ᠤᠨ ᠮᠡᠳᠡᠭᠡ ᠵᠠᠩᠭᠢ ᠶᠢᠨ | ᠪᠦᠷᠢᠳᠬᠡᠯ ᠤᠨ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠴᠠᠭ ᠲᠤᠬᠠᠶ ᠳᠤ ᠨᠢ ᠬᠤᠷᠢᠶᠠᠩᠭᠤᠶᠢᠯᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠰᠢᠨᠡᠳᠬᠡᠵᠦ᠂ ᠪᠦᠬᠦ | ᠣᠷᠣᠨ ᠤ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠠᠵᠤ ᠦᠢᠯᠡᠰ ᠤᠨ ᠬᠥᠭᠵᠢᠯᠲᠡ ᠶᠢᠨ ᠰᠢᠨᠵᠢᠯᠡᠬᠦ ᠤᠬᠠᠭᠠᠨᠴᠢ ᠰᠢᠢᠳᠪᠦᠷᠢᠲᠦ ᠪᠤᠳᠤᠯᠭ᠎ᠠ | ᠲᠣᠭᠲᠠᠭᠠᠬᠤ ᠳᠤ ᠴᠠᠭ ᠲᠤᠬᠠᠶ ᠳᠤ ᠨᠢ ᠪᠦᠲᠦᠮᠵᠢᠲᠡᠶ ᠦᠨᠳᠦᠰᠦᠯᠡᠯ ᠬᠠᠩᠭᠠᠨ᠎ᠠ᠃ | ︵ᠲᠠᠪᠤ︶ ᠱᠠᠯᠠᠪᠳᠠᠭᠤᠯᠤᠨ ᠱᠠᠭᠠᠷᠳᠠᠵᠤ ᠨᠠᠶᠢᠳᠠᠪᠤᠷᠢᠵᠢᠭᠤᠯᠬᠤ ᠶᠢ ᠴᠢᠩᠭᠠᠷᠠᠭᠤᠯᠤᠨ᠎ᠠ᠃ ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠬᠤ᠂ ᠵᠠᠳᠠᠯᠤᠨ ᠰᠤᠳᠤᠯᠵᠤ | ᠮᠠᠭᠠᠳᠯᠠᠬᠤ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠤᠨ ᠡᠭᠦᠷᠭᠡ ᠳᠤ ᠴᠢᠭᠯᠡᠭᠦᠯᠦᠨ᠂ ᠬᠠᠷᠠᠯᠲᠠ ᠱᠠᠭᠠᠷᠳᠠᠯᠭ᠎ᠠ ᠲᠠᠢ | ᠬᠠᠷᠢᠴᠠᠭᠤᠯᠤᠨ ᠪᠠᠶᠢᠴᠠᠭᠠᠵᠤ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠪᠠᠨ ᠴᠠᠭ ᠲᠤᠬᠠᠶ ᠳᠤ ᠨᠢ ᠵᠠᠳᠠᠯᠤᠨ ᠰᠤᠳᠤᠯᠵᠤ | ᠮᠠᠭᠠᠳᠯᠠᠵᠤ᠂ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠫᠷᠤᠭ᠍ᠷᠠᠮ ᠤᠨ ᠰᠢᠨ᠎ᠡ ᠶᠢ ᠡᠭᠦᠳᠴᠦ ᠰᠢᠯᠢᠳᠡᠭ ᠢ ᠡᠭᠦᠳᠬᠦ ᠠᠵᠢᠯᠯᠠᠭ᠎ᠠ ᠶᠢᠨ ᠲᠥᠯᠥᠪᠯᠡᠭᠡ ᠶᠢ | ᠪᠥᠬᠦ ᠲᠠᠯ᠎ᠠ ᠪᠠᠷ ᠬᠡᠷᠡᠭᠵᠢᠭᠦᠯᠬᠦ ᠶᠢ ᠦᠨᠡᠨ ᠬᠦ ᠪᠠᠲᠤᠯᠠᠵᠤ᠂ ᠵᠢᠱᠢᠭᠰᠡᠨ ᠦᠷ᠎ᠡ ᠪᠦᠲᠦᠮᠵᠢ ᠶᠢ ᠣᠯᠣᠨ᠎ᠠ᠃ | | ᠪᠢᠴᠢᠭ ᠮᠠᠲ᠋ᠧᠷᠢᠶᠠᠯ ᠢ ᠪᠠᠭᠤᠯᠭᠠᠬᠤ᠄ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠫᠷᠤᠭ᠍ᠷᠠᠮ ᠤᠨ ᠪᠣᠯᠣᠩ ᠤᠨ ᠰᠢᠨ᠎ᠡ ᠶᠢ ᠡᠭᠦᠳᠦᠨ ᠰᠢᠯᠢᠳᠡᠭ ᠢ ᠡᠭᠦᠳᠬᠦ | ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ᠳᠤ ᠵᠠᠰᠠᠪᠤᠷᠢ ᠣᠷᠣᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ | ᠲᠣᠪᠴᠢᠶ᠎ᠠ ᠶᠢᠨ ᠮᠡᠳᠡᠭᠳᠡᠯ.doc | | |