ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ︽ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ᠂ ᠷᠠᠳᠢᠣ᠋ ᠲᠧᠯᠸᠢᠰ ᠤᠨ ᠦᠵᠡᠵᠦ ᠰᠣᠨᠣᠰᠬᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠰᠤᠳᠤᠯᠤᠨ ᠶᠠᠷᠢᠯᠴᠠᠬᠤ ᠠᠩᠭᠢ︾ ᠶᠢᠨ ᠰᠤᠷᠤᠯᠭ᠎ᠠ ᠡᠬᠢᠯᠡᠬᠦ ᠶᠣᠰᠣᠯᠠᠯ ᠵᠢᠴᠢ ᠲᠤᠰᠬᠠᠶ ᠰᠡᠳᠦᠪᠲᠦ ᠬᠠᠪᠰᠤᠷᠤᠨ ᠵᠢᠯᠣᠭᠤᠳᠬᠤ ᠨᠢᠭᠡᠳᠦᠭᠡᠷ ᠲᠠᠶᠢᠯᠤᠮᠵᠢ ᠶᠢ ᠬᠢᠪᠠ
ᠨᠡᠶᠢᠲᠡᠯᠡᠭᠰᠡᠨ ᠴᠠᠭ᠄
2024/6/19
  6 ᠳ᠋ᠤᠭᠠᠷ ᠰᠠᠷ᠎ᠠ ᠶᠢᠨ 17 ᠤ ᠡᠳᠦᠷ᠂ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ︽ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠭᠤᠯᠵᠤ ᠷᠠᠳᠢᠣ᠋ ᠲᠧᠯᠸᠢᠰ ᠤᠨ ᠦᠵᠡᠵᠦ ᠰᠣᠨᠣᠰᠬᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠰᠤᠳᠤᠯᠤᠨ ᠶᠠᠷᠢᠯᠴᠠᠬᠤ ᠠᠩᠭᠢ ︵ᠨᠢᠭᠡᠳᠦᠭᠡᠷ ᠬᠤᠭᠤᠴᠠᠭ᠎ᠠ︶︾ ᠶᠢᠨ ᠰᠤᠷᠤᠯᠭ᠎ᠠ ᠡᠬᠢᠯᠡᠬᠦ ᠶᠣᠰᠣᠯᠠᠯ ᠵᠢᠴᠢ ᠲᠤᠰᠬᠠᠶ ᠰᠡᠳᠦᠪᠲᠦ ᠬᠠᠪᠰᠤᠷᠤᠨ ᠵᠢᠯᠣᠭᠤᠳᠬᠤ ᠨᠢᠭᠡᠳᠦᠭᠡᠷ ᠲᠠᠶᠢᠯᠤᠮᠵᠢ ᠶᠢ ᠬᠢᠪᠠ᠃ ᠲᠥᠪ ᠤᠨ ᠤᠬᠠᠭᠤᠯᠬᠤ ᠬᠡᠯᠲᠡᠰ ᠤᠨ ᠳᠡᠳ᠋ ᠳᠠᠷᠤᠭ᠎ᠠ᠂ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠼᠤᠤ ᠱᠤ᠋ ᠮᠢᠨ ᠬᠤᠷᠠᠯ ᠳᠤ ᠣᠷᠣᠯᠴᠠᠭᠰᠠᠨ ᠪᠥᠭᠡᠳ ︽ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ ᠷᠠᠳᠢᠣ᠋ ᠲᠧᠯᠸᠢᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠶ᠎ᠠ︾ ᠭᠡᠬᠦ ᠲᠤᠰᠬᠠᠶ ᠰᠡᠳᠦᠪᠲᠦ ᠮᠡᠳᠡᠭᠦᠯᠦᠯᠲᠡ ᠶᠢ ᠬᠢᠪᠠ᠃ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠵᠦ ᠶᠦᠩ ᠯᠸᠢ ᠰᠤᠷᠤᠯᠭ᠎ᠠ ᠡᠬᠢᠯᠡᠬᠦ ᠶᠣᠰᠣᠯᠠᠯ ᠢ ᠡᠷᠭᠢᠯᠡᠪᠡ᠃  ᠢᠯᠡᠳᠭᠡᠯ ᠳᠤ᠂ ︽ᠬᠤᠶᠠᠷ ᠢ ᠲᠣᠭᠲᠠᠭᠠᠭᠰᠠᠨ︾ ᠢ ᠡᠷᠡᠰ ᠬᠦᠷᠢᠶᠡᠯᠡᠬᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠦᠨᠳᠦᠷᠴᠡ ᠠᠴᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠦᠬᠦ ᠲᠠᠯ᠎ᠠ ᠪᠠᠷ ᠰᠢᠰᠲ᠋ᠧᠮ ᠲᠠᠢ ᠰᠤᠷᠤᠯᠴᠠᠵᠤ᠂ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠨᠡᠪᠲᠡᠷᠡᠲᠡᠯ᠎ᠡ ᠣᠶᠢᠯᠠᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠷᠠᠳᠢᠣ᠋ ᠲᠧᠯᠸᠢᠰ ᠪᠣᠯᠤᠨ ᠰᠦᠯᠵᠢᠶᠡᠨ ᠤ ᠦᠵᠡᠵᠦ ᠰᠣᠨᠣᠰᠬᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠬᠦᠴᠦ ᠪᠠᠨ ᠲᠥᠪᠯᠡᠷᠡᠭᠦᠯᠦᠨ ᠰᠤᠷᠤᠯᠴᠠᠨ ᠲᠤᠭᠤᠰᠢᠯᠠᠭᠤᠯᠵᠤ᠂ ᠨᠠᠮ ᠤᠨ ᠰᠢᠨ᠎ᠡ ᠶᠢ ᠡᠭᠦᠳᠬᠦ ᠤᠨᠤᠯ ᠢᠶᠠᠷ ᠲᠠᠷᠢᠬᠢ ᠲᠣᠯᠣᠭᠠᠢ ᠪᠠᠨ ᠦᠨᠡᠨ ᠬᠦ ᠵᠡᠪᠰᠡᠭᠯᠡᠵᠦ᠂ ᠦᠢᠯᠡᠳᠦᠯᠭᠡ ᠪᠠᠨ ᠵᠢᠯᠤᠭᠤᠳᠤᠭᠤᠯᠵᠤ᠂ ᠠᠵᠢᠯ ᠢᠶᠠᠨ ᠠᠬᠢᠭᠤᠯᠬᠤ ᠬᠡᠷᠡᠭᠲᠡᠢ ᠭᠡᠵᠦ ᠵᠢᠭᠠᠨ ᠭᠠᠷᠭᠠᠪᠠ᠃  ᠢᠯᠡᠳᠬᠡᠯ ᠳᠤ᠂ ᠷᠠᠳᠢᠣ᠋ ᠲᠧᠯᠸᠢᠰ ᠪᠣᠯᠤᠨ ᠰᠦᠯᠵᠢᠶᠡᠨ ᠤ ᠦᠵᠡᠵᠦ ᠰᠣᠨᠣᠰᠬᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠳᠠᠭᠤᠨ ᠢ ᠰᠠᠶᠢᠲᠤᠷ ᠤᠯᠠᠮᠵᠢᠯᠠᠬᠤ᠂ ᠠᠷᠠᠳ ᠤᠯᠠᠨ ᠳᠤ ᠰᠠᠶᠢᠲᠤᠷ ᠦᠢᠯᠡᠴᠢᠯᠡᠬᠦ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠶᠢ ᠰᠠᠶᠢᠲᠤᠷ ᠰᠠᠬᠢᠵᠤ᠂ ᠷᠠᠳᠢᠣ᠋ ᠲᠧᠯᠸᠢᠰ ᠤᠨ ︽ᠬᠤᠶᠠᠷ ᠭᠤᠷᠪᠠ ᠳᠥᠷᠪᠡ︾ ᠶᠢᠨ ᠠᠵᠢᠯ ᠤᠨ ᠪᠠᠶᠢᠷᠢ ᠲᠣᠭᠲᠠᠭᠠᠯᠲᠠ ᠶᠢ ᠪᠠᠲᠤ ᠡᠵᠡᠮᠳᠡᠵᠦ᠂ ᠷᠠᠳᠢᠣ᠋ ᠲᠧᠯᠸᠢᠰ ᠪᠣᠯᠤᠨ ᠰᠦᠯᠵᠢᠶᠡᠨ ᠤ ᠦᠵᠡᠵᠦ ᠰᠣᠨᠣᠰᠬᠤ ᠬᠤᠶᠠᠷ ᠶᠡᠭᠡ ᠲᠤᠬᠠᠶᠢᠯᠠᠭᠰᠠᠨ ᠠᠵᠢᠯ ᠤᠨ ᠭᠦᠨᠵᠡᠭᠡᠢ ᠠᠭᠤᠰᠤᠯᠴᠠᠯ᠂ ᠬᠠᠮᠵᠢᠯᠴᠠᠨ ᠬᠥᠭᠵᠢᠬᠦ ᠶᠢ ᠪᠠᠷᠢᠮᠲᠠᠯᠠᠵᠤ᠂ ᠰᠢᠯᠢᠳᠡᠭ ᠠᠭᠤᠯᠭ᠎ᠠ ᠶᠢ ᠬᠦᠴᠦᠷᠬᠡᠭᠵᠢᠭᠦᠯᠵᠦ᠂ ᠠᠭᠤᠰᠤᠯᠴᠠᠨ ᠳᠠᠮᠵᠢᠭᠤᠯᠬᠤ ᠶᠢ ᠬᠦᠴᠦᠷᠬᠡᠭᠵᠢᠭᠦᠯᠵᠦ᠂ ᠮᠡᠷᠭᠡᠵᠢᠯ ᠢᠶᠠᠷ ᠬᠦᠳᠦᠯᠦᠨ ᠳᠠᠭᠠᠭᠤᠯᠬᠤ ᠶᠢ ᠬᠦᠴᠦᠷᠬᠡᠭᠵᠢᠭᠦᠯᠵᠦ᠂ ᠠᠮᠤᠷ ᠲᠦᠪᠰᠢᠨ ᠤ ᠪᠠᠲᠤᠯᠠᠭ᠎ᠠ ᠶᠢ ᠬᠦᠴᠦᠷᠬᠡᠭᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃  ᠢᠯᠡᠳᠭᠡᠯ ᠳᠤ᠂ ᠭᠤᠣᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠵᠦ᠂ ᠡᠨᠡ ᠵᠢᠯ ᠤᠨ ᠭᠤᠣᠯᠳᠠᠯᠭ᠎ᠠ ᠲᠠᠢ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠡᠷᠴᠢᠮ ᠢᠶᠠᠨ ᠴᠢᠩᠭᠠᠷᠠᠭᠤᠯᠵᠤ᠂ ᠠᠬᠢᠴᠠ ᠪᠠᠨ ᠲᠦᠷᠭᠡᠳᠬᠡᠵᠦ᠂ ᠪᠣᠳᠠᠲᠠᠢ ᠶᠢ ᠡᠷᠬᠢᠮᠯᠡᠭᠰᠡᠨ ᠠᠷᠭ᠎ᠠ ᠬᠡᠮᠵᠢᠶ᠎ᠡ ᠪᠠᠷ ᠨᠠᠶᠢᠳᠠᠪᠤᠷᠢᠵᠢᠭᠤᠯᠤᠯᠲᠠ ᠶᠢ ᠠᠳᠬᠤᠬᠤ ᠬᠡᠷᠡᠭᠲᠡᠢ᠃ ᠨᠢᠭᠡ ᠳᠤ᠂ ᠭᠤᠣᠯ ᠤᠷᠤᠰᠬᠠᠯ ᠤᠨ ᠦᠵᠡᠯ ᠰᠠᠨᠠᠭ᠎ᠠ ᠶᠠᠷᠢᠶ᠎ᠠ ᠬᠡᠯᠡᠯᠴᠡᠭᠡ ᠶᠢ ᠪᠠᠬᠢᠵᠢᠭᠦᠯᠦᠨ ᠪᠤᠵᠠᠭᠠᠶᠢᠷᠠᠭᠤᠯᠵᠤ᠂ ᠰᠣᠨᠢᠨ ᠮᠡᠳᠡᠭᠡᠨ ᠤ ᠲᠠᠪᠴᠠᠩ ᠢ ᠴᠢᠩᠭᠠᠷᠠᠭᠤᠯᠤᠨ᠂ ᠤᠨᠤᠯ ᠤᠨ ᠤᠬᠠᠭᠤᠯᠭ᠎ᠠ ᠶᠢ ᠨᠠᠷᠢᠯᠢᠭ ᠬᠢᠵᠦ᠂ ᠶᠠᠷᠢᠶ᠎ᠠ ᠬᠡᠯᠡᠯᠴᠡᠭᠡᠨ ᠤ ᠬᠦᠳᠦᠯᠦᠨ ᠵᠢᠯᠣᠭᠤᠳᠬᠤ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ᠬᠤᠶᠠᠷ ᠲᠤ᠂ ᠰᠣᠳᠣᠨ ᠪᠦᠲᠦᠭᠡᠯ ᠤᠨ ᠠᠭᠤᠯᠭ᠎ᠠ ᠶᠢᠨ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠠᠳᠬᠤᠵᠤ᠂ ᠰᠣᠳᠣᠨ ᠪᠦᠲᠦᠭᠡᠯ ᠢ ᠠᠳᠬᠤᠵᠤ᠂ ᠤᠯᠠᠮᠵᠢᠯᠠᠬᠤ ᠶᠢ ᠠᠳᠬᠤᠵᠤ᠂ ᠣᠷᠴᠢᠨ ᠲᠣᠭᠤᠷᠢᠨ ᠢ ᠠᠳᠬᠤᠵᠤ᠂ ᠨᠡᠩ ᠤᠯᠠᠨ ᠦᠵᠡᠵᠦ ᠰᠣᠨᠣᠰᠬᠤ ᠰᠣᠳᠣᠨ ᠪᠦᠲᠦᠭᠡᠯ ᠢ ᠡᠭᠦᠳᠬᠦ ᠶᠢ ᠠᠬᠢᠭᠤᠯᠬᠤ ᠬᠡᠷᠡᠭᠲᠡᠢ᠃ ᠭᠤᠷᠪᠠ ᠳᠤ᠂ ᠷᠠᠳᠢᠣ᠋ ᠲᠧᠯᠸᠢᠰ ᠤᠨ ᠰᠢᠨ᠎ᠡ ᠵᠠᠭᠤᠴᠢᠯᠠᠭᠤᠷ ᠢ ᠰᠢᠯᠢᠳᠡᠭᠵᠢᠭᠦᠯᠦᠨ ᠬᠦᠴᠦᠷᠬᠡᠭᠵᠢᠭᠦᠯᠵᠦ᠂ ᠰᠦᠯᠵᠢᠶᠡᠨ ᠤ ᠦᠵᠡᠵᠦ ᠰᠣᠨᠣᠰᠬᠤ ᠪᠠ ᠴᠡᠴᠡᠭᠯᠡᠨ ᠬᠥᠭᠵᠢᠬᠦ ᠶᠢ ᠠᠬᠢᠭᠤᠯᠬᠤ ᠬᠡᠷᠡᠭᠲᠡᠢ᠃ ᠳᠥᠷᠪᠡ ᠳᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠠᠵᠢᠯ ᠲᠥᠷᠥᠯ ᠤᠨ ᠬᠥᠭᠵᠢᠯᠲᠡ ᠶᠢ ᠬᠥᠲᠥᠯᠥᠨ ᠳᠠᠭᠠᠭᠤᠯᠵᠤ᠂ ᠣᠨᠴᠠ ᠲᠤᠳᠤᠷᠠᠴᠠᠲᠤ ᠪᠠ ᠬᠡᠲᠦ ᠥᠨᠳᠥᠷ ᠲᠤᠳᠤᠷᠠᠴᠠᠲᠤ ᠶᠢ ᠬᠥᠭᠵᠢᠭᠦᠯᠬᠦ᠂ ᠤᠲᠠᠰᠤᠲᠤ ᠲᠧᠯᠸᠢᠰ ᠤᠨ ᠰᠦᠯᠵᠢᠶ᠎ᠡ ᠶᠢ ᠡᠮᠬᠢᠯᠡᠨ ᠨᠡᠶᠢᠯᠡᠭᠦᠯᠬᠦ᠂ ᠰᠢᠨ᠎ᠡ ᠬᠡᠯᠪᠡᠷᠢ ᠶᠢᠨ ᠷᠠᠳᠢᠣ᠋ ᠲᠧᠯᠸᠢᠰ ᠤᠨ ᠰᠦᠯᠵᠢᠶᠡᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠭᠡᠬᠦ ᠬᠡᠷᠡᠭᠲᠡᠢ᠃ ᠲᠠᠪᠤ ᠳᠤ᠂ ᠠᠵᠢᠯ ᠲᠥᠷᠥᠯ ᠤᠨ ᠵᠠᠰᠠᠯᠲᠠ ᠶᠢᠨ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ︽ᠬᠤᠤᠰ ᠵᠠᠰᠠᠯᠲᠠ︾ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠶᠡᠷᠦᠩᠬᠡᠶᠢᠯᠡᠨ ᠵᠠᠰᠠᠬᠤ ᠲᠣᠭᠲᠠᠯᠴᠠᠭ᠎ᠠ ᠶᠢ ᠪᠠᠶᠢᠭᠤᠯᠵᠤ᠂ ᠷᠠᠳᠢᠣ᠋ ᠲᠧᠯᠸᠢᠰ ᠤᠨ ᠲᠣᠪᠴᠢᠶ᠎ᠠ ᠪᠠ ᠰᠦᠯᠵᠢᠶᠡᠨ ᠤ ᠬᠠᠮᠵᠢᠯᠴᠠᠭ᠎ᠠ ᠶᠢ ᠴᠢᠩᠭᠠᠷᠠᠭᠤᠯᠬᠤ ᠬᠡᠷᠡᠭᠲᠡᠢ᠃ ᠵᠢᠷᠭᠤᠭ᠎ᠠ ᠳᠤ᠂ ᠥᠭᠡᠷᠡᠴᠢᠯᠡᠯᠲᠡ ᠶᠢ ᠢᠳᠡᠪᠬᠢᠲᠡᠢ ᠭᠦᠨᠵᠡᠭᠡᠶᠢᠷᠡᠭᠦᠯᠵᠦ᠂ ᠷᠠᠳᠢᠣ᠋ ᠲᠧᠯᠸᠢᠰ ᠬᠤᠷᠢᠶᠠᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠤᠯᠠᠨ ᠨᠡᠶᠢᠲᠡ ᠶᠢᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠱᠠᠳᠤ ᠳᠠᠪᠬᠤᠷᠭ᠎ᠠ ᠠᠯᠤᠰᠯᠠᠨ ᠭᠠᠵᠠᠷ ᠣᠷᠣᠨ ᠠᠯᠤᠰᠯᠠᠨ ᠨᠡᠶᠢᠳᠬᠡᠵᠦ ᠬᠠᠮᠲᠤᠷᠠᠯᠴᠠᠬᠤ ᠶᠢ ᠠᠬᠢᠭᠤᠯᠬᠤ ᠬᠡᠷᠡᠭᠲᠡᠢ᠃ ᠲᠤᠯᠤᠭ᠎ᠠ ᠳᠤ᠂ ᠠᠮᠤᠷ ᠲᠦᠪᠰᠢᠨ ᠤ ᠪᠠᠲᠤᠯᠠᠭ᠎ᠠ ᠶᠢ ᠲᠣᠭᠲᠠᠯᠴᠠᠭᠠᠵᠢᠭᠤᠯᠤᠨ  ᠠᠬᠢᠭᠤᠯᠵᠤ᠂ ᠪᠦᠬᠦ ᠤᠯᠤᠰ ᠤᠨ ᠪᠠᠴᠢᠮ ᠪᠠᠶᠢᠳᠠᠯ ᠢ ᠠᠷᠭᠠᠴᠠᠭᠠᠬᠤ ᠷᠠᠳᠢᠣ᠋ ᠨᠡᠪᠲᠡᠷᠡᠭᠦᠯᠭᠡ ᠶᠢᠨ ᠲᠣᠭᠲᠠᠯᠴᠠᠭ᠎ᠠ ᠶᠢ ᠲᠦᠷᠭᠡᠪᠴᠢᠯᠡᠨ ᠪᠠᠶᠢᠭᠤᠯᠬᠤ ᠬᠡᠷᠡᠭᠲᠡᠢ᠃ ᠨᠠᠢᠮᠠ ᠳᠤ᠂ ᠤᠯᠠᠨ ᠤᠯᠤᠰ ᠤᠨ ᠳᠠᠮᠵᠢᠭᠤᠯᠭ᠎ᠠ ᠶᠢ ᠴᠢᠩᠭᠠᠳᠬᠠᠵᠤ᠂ ᠭᠠᠳᠠᠭᠠᠳᠤ ᠬᠠᠷᠢᠯᠴᠠᠭᠠᠨ ᠤ ᠶᠡᠭᠡ ᠲᠠᠯ᠎ᠠ ᠳᠤ ᠦᠢᠯᠡᠴᠢᠯᠡᠵᠦ᠂ ᠦᠵᠡᠵᠦ ᠰᠣᠨᠣᠰᠬᠤ ᠰᠣᠳᠣᠨ ᠪᠦᠲᠦᠭᠡᠯ ᠢ ᠭᠠᠳᠠᠭᠰᠢ ᠭᠠᠷᠭᠠᠬᠤ ᠶᠢ ᠠᠬᠢᠭᠤᠯᠵᠤ᠂ ᠳᠤᠮᠳᠠᠳᠤ ᠤᠯᠤᠰ ᠤᠨ ᠦᠯᠢᠭᠡᠷ ᠢ ᠰᠠᠶᠢᠲᠤᠷ ᠶᠠᠷᠢᠵᠤ᠂ ᠳᠤᠮᠳᠠᠳᠤ ᠤᠯᠤᠰ ᠤᠨ ᠳᠠᠭᠤᠨ ᠢ ᠰᠠᠶᠢᠲᠤᠷ ᠳᠠᠮᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃  ᠲᠣᠰ ᠤᠳᠠᠭᠠᠨ ᠤ ᠰᠤᠳᠤᠯᠤᠨ ᠶᠠᠷᠢᠯᠴᠠᠬᠤ ᠠᠩᠭᠢ‌ᠨᠢ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠪᠣᠯᠤᠨ ᠶᠡᠷᠦᠩᠬᠡᠶ ᠱᠦᠵᠢ ᠰᠢ ᠶᠢᠨ ᠫᠢᠩ ᠤᠨ ᠷᠠᠳᠢᠣ᠋ ᠲᠧᠯᠸᠢᠰ ᠤᠨ ᠠᠵᠢᠯ ᠤᠨ ᠲᠤᠬᠠᠶ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠬᠤ ᠶᠢᠨ ᠲᠣᠭᠤᠷᠢᠨ ᠳᠤ᠂ 6 ᠳ᠋ᠤᠭᠠᠷ ᠰᠠᠷ᠎ᠠ ᠶᠢᠨ ᠳᠤᠮᠳᠠᠴᠢ᠂ 7 ᠳ᠋ᠤᠭᠠᠷ ᠰᠠᠷ᠎ᠠ ᠶᠢᠨ ᠡᠬᠢ ᠪᠠᠷ ᠪᠡᠭᠡᠵᠢᠩ ᠳᠤ ᠬᠤᠶᠠᠷ ᠬᠤᠭᠤᠴᠠᠭ᠎ᠠ ᠵᠣᠬᠢᠶᠠᠨ ᠪᠠᠶᠢᠭᠤᠯᠵᠤ᠂ ᠪᠥᠬᠦ ᠤᠯᠤᠰ ᠤᠨ ᠷᠠᠳᠢᠣ᠋ ᠲᠧᠯᠸᠢᠰ ᠤᠨ ᠰᠢᠰᠲ᠋ᠧᠮ ᠤᠨ ︽ᠨᠢᠭᠡᠳᠦᠭᠡᠷ ᠭᠠᠷ︾ ᠤᠨ ᠴᠢᠳᠠᠪᠤᠷᠢ ᠬᠡᠪ ᠴᠢᠨᠠᠷ ᠢ ᠳᠡᠭᠡᠭᠰᠢᠯᠡᠭᠦᠯᠵᠦ᠂ ᠣᠨᠣᠯ ᠢᠶᠠᠷ ᠵᠡᠪᠰᠡᠭᠯᠡᠬᠦ ᠶᠢ ᠴᠢᠩᠭᠠᠷᠠᠭᠤᠯᠵᠤ᠂ ᠦᠵᠡᠯ ᠰᠠᠨᠠᠭ᠎ᠠ ᠲᠠᠨᠢᠯᠲᠠ ᠪᠠᠨ ᠨᠢᠭᠡᠳᠬᠡᠵᠦ᠂ ᠰᠡᠳᠭᠢᠮᠵᠢ ᠴᠢᠭᠯᠡᠯ ᠢᠶᠠᠨ ᠲᠣᠳᠣᠷᠬᠠᠶᠢᠯᠠᠵᠤ᠂ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠰᠤᠳᠤᠯᠵᠤ᠂ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠴᠢᠨᠠᠷ ᠰᠠᠶᠢᠲᠠᠶ ᠬᠥᠭᠵᠢᠯᠲᠡ ᠶᠢ ᠨᠠᠩ ᠰᠠᠶᠢᠲᠤᠷ ᠠᠬᠢᠭᠤᠯᠬᠤ ᠶᠢᠨ ᠲᠥᠯᠥᠭᠡ ᠶᠤᠮ᠃ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ ᠲᠣᠰ ᠲᠣᠰ ᠲᠤᠰᠬᠠᠶ ᠰᠡᠳᠦᠪᠲᠦ ᠬᠠᠪᠰᠤᠷᠤᠨ ᠵᠢᠯᠣᠭᠤᠳᠣᠯᠭ᠎ᠠ ᠬᠢᠵᠦ᠂ ᠲᠥᠪ ᠤᠨ ᠨᠠᠮ ᠤᠨ ᠰᠤᠷᠭᠠᠭᠤᠯᠢ᠂ ᠲᠥᠪ ᠤᠨ ᠨᠠᠮ ᠤᠨ ᠲᠡᠦᠬᠡ ᠪᠠ ᠲᠤᠯᠭᠤᠷ ᠪᠢᠴᠢᠭ ᠤᠨ ᠰᠤᠳᠤᠯᠭᠠᠨ ᠤ ᠬᠦᠷᠢᠶᠡᠯᠡᠩ᠂ ᠳᠤᠮᠳᠠᠳᠤ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠵᠡᠷᠭᠡ ᠨᠢᠭᠡᠴᠢ ᠶᠢᠨ ᠲᠤᠰᠬᠠᠶ ᠮᠡᠷᠭᠡᠵᠢᠯᠲᠡᠨ ᠬᠢᠴᠢᠶᠡᠯ ᠣᠷᠣᠵᠤ᠂ ᠷᠠᠳᠢᠣ᠋ ᠲᠧᠯᠸᠢᠰ ᠤᠨ ᠲᠣᠪᠴᠢᠶ᠎ᠠ᠂ ᠲᠠᠶᠢᠰᠠ᠂ ᠰᠦᠯᠵᠢᠶᠡᠨ ᠤ ᠲᠥᠯᠥᠭᠡᠯᠡᠭᠴᠢ ᠬᠡᠷᠡᠭ ᠤᠨ ᠵᠢᠱᠢᠶ᠎ᠡ ᠶᠢᠨ ᠰᠣᠯᠢᠯᠴᠠᠭ᠎ᠠ ᠬᠢᠪᠠ᠃ ᠰᠤᠳᠤᠯᠤᠨ ᠶᠠᠷᠢᠯᠴᠠᠬᠤ ᠠᠩᠭᠢ ᠨᠢ ᠪᠠᠰᠠ ᠰᠤᠷᠤᠯᠴᠠᠯᠭ᠎ᠠ ᠶᠢᠨ ᠭᠤᠤᠯ ᠰᠡᠳᠦᠪ ᠤᠨ ᠲᠣᠭᠤᠷᠢᠨ ᠳᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠳᠣᠪᠤᠶᠢᠯᠭᠠᠵᠤ᠂ ᠣᠯᠠᠨ ᠤᠳᠠᠭ᠎ᠠ ᠳᠤᠭᠤᠶᠢᠯᠠᠩ ᠬᠤᠪᠢᠶᠠᠨ ᠰᠤᠳᠤᠯᠤᠨ ᠶᠠᠷᠢᠯᠴᠠᠬᠤ ᠶᠢ ᠵᠣᠬᠢᠶᠠᠨ ᠪᠠᠶᠢᠭᠤᠯᠪᠠ᠃ ᠡᠯ᠎ᠡ ᠮᠤᠵᠢ ︵ᠣᠷᠣᠨ᠂ ᠬᠤᠲᠠ︶ ᠵᠢᠴᠢ ᠰᠢᠨᠵᠢᠶᠠᠩ ᠤᠨ ᠦᠢᠯᠡᠳᠪᠦᠷᠢᠯᠡᠯ ᠪᠥᠲᠥᠭᠡᠨ ᠪᠠᠶᠢᠭᠤᠯᠤᠯᠲᠠ ᠶᠢᠨ ᠪᠢᠩᠲ᠋ᠤᠸᠠᠨ ᠤ ᠷᠠᠳᠢᠣ᠋ ᠲᠧᠯᠸᠢᠰ ᠤᠨ ᠲᠣᠪᠴᠢᠶ᠎ᠠ᠂ ᠷᠠᠳᠢᠣ᠋ ᠲᠧᠯᠸᠢᠰ ᠬᠤᠷᠢᠶ᠎ᠠ᠂ ᠷᠠᠳᠢᠣ᠋ ᠲᠧᠯᠸᠢᠰ ᠤᠨ ᠰᠦᠯᠵᠢᠶᠡᠨ ᠤ ᠺᠣᠮᠫᠠᠨᠢ ᠶᠢᠨ ᠭᠤᠤᠯ ᠬᠠᠷᠢᠭᠤᠴᠠᠯᠭᠠᠲᠠᠳ᠂ ᠲᠥᠪ ᠤᠨ ᠷᠠᠳᠢᠣ᠋ ᠲᠧᠯᠸᠢᠰ ᠤᠨ ᠶᠡᠷᠦᠩᠬᠡᠶ ᠬᠤᠷᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠳ᠂ ᠳᠤᠮᠳᠠᠳᠤ ᠤᠯᠤᠰ ᠤᠨ ᠰᠤᠷᠭᠠᠨ ᠬᠥᠮᠦᠵᠢᠯ ᠤᠨ ᠲᠧᠯᠸᠢᠰ ᠬᠤᠷᠢᠶ᠎ᠠ᠂ ᠺᠢᠨᠣ᠋ ᠶᠢᠨ ᠰᠤᠪᠠᠭ ᠤᠨ ᠫᠷᠦᠭᠷᠡᠮ ᠤᠨ ᠲᠥᠪ ᠤᠨ ᠭᠤᠤᠯ ᠬᠠᠷᠢᠭᠤᠴᠠᠯᠭᠠᠲᠠᠳ᠂ ᠳᠡᠳ᠋ ᠮᠤᠵᠢ ᠶᠢᠨ ᠱᠠᠲᠤᠨ ᠤ ᠬᠤᠲᠠ ᠶᠢᠨ ᠷᠠᠳᠢᠣ᠋ ᠲᠧᠯᠸᠢᠰ ᠤᠨ ᠲᠣᠪᠴᠢᠶ᠎ᠠ᠂ ᠷᠠᠳᠢᠣ᠋ ᠲᠧᠯᠸᠢᠰ ᠬᠤᠷᠢᠶ᠎ᠠ ᠶᠢᠨ ᠭᠤᠤᠯ ᠬᠠᠷᠢᠭᠤᠴᠠᠯᠭᠠᠲᠠᠳ᠂ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ ᠪᠠᠶᠢᠭᠤᠯᠭ᠎ᠠ ᠪᠣᠯᠤᠨ ᠰᠢᠭᠤᠳ ᠬᠠᠷᠢᠶ᠎ᠠ ᠨᠢᠭᠡᠴᠢ ᠶᠢᠨ ᠭᠤᠤᠯ ᠬᠠᠷᠢᠭᠤᠴᠠᠯᠭᠠᠲᠠᠳ᠂ ᠨᠡᠶᠢᠲᠡ 160 ᠭᠠᠷᠤᠶ ᠬᠥᠮᠦᠨ ᠬᠤᠶᠠᠷ ᠬᠤᠭᠤᠴᠠᠭ᠎ᠠ ᠬᠤᠪᠢᠶᠠᠨ ᠪᠣᠯᠪᠠᠰᠤᠷᠠᠯ ᠳᠤ ᠣᠷᠣᠯᠴᠠᠪᠠ᠃ 
ᠢᠷᠡᠯᠲᠡ᠄ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠢ ᠲᠣᠪᠴᠢᠶ᠎ᠠ