| | | | | | ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤ ᠴᠣᠭᠴᠠᠯᠠᠬᠤ ᠠᠵᠢᠯ ᠤᠨ ᠭᠤᠤᠯ ᠱᠤᠭᠤᠮ ᠤᠨ ᠲᠣᠭᠤᠷᠢᠨ ᠳᠤ᠂ ᠡᠬᠡ ᠤᠯᠤᠰ ᠤᠨ ᠤᠮᠠᠷᠠᠲᠤ ᠶᠢᠨ ᠡᠨᠡ ᠬᠦ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠢ | ᠳᠡᠯᠭᠡᠨ ᠦᠵᠡᠭᠦᠯᠬᠦ ᠶᠢᠨ ᠲᠦᠯᠦᠭᠡ᠂ 6 ᠳ᠋ᠤᠭᠠᠷ ᠰᠠᠷ᠎ᠠ ᠶᠢᠨ 18 ᠤ ᠡᠳᠦᠷ᠂ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ ᠰᠦᠯᠵᠢᠶᠡᠨ ᠤ ᠦᠵᠡᠵᠦ ᠰᠣᠨᠣᠰᠬᠤ | ᠵᠤᠷᠭᠠᠨ ᠤ ᠵᠢᠯᠣᠭᠤᠳᠣᠯᠭ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ ᠠᠴᠠ ᠭᠤᠤᠯᠯᠠᠨ ᠡᠷᠭᠢᠯᠡᠭᠰᠡᠨ ︽ᠤᠮᠠᠷᠠᠲᠤ | ᠬᠢᠯᠢ ᠳᠤ ᠤᠴᠠᠷᠠᠬᠤ︾ 2024 ᠣᠨ ᠤ ᠣᠬᠤᠷ ᠸᠢᠳᠢᠤ᠋ ᠶᠢᠨ ᠬᠥᠳᠡᠭᠡ ᠪᠠᠭᠤᠬᠤ ᠠᠵᠢᠯᠯᠠᠭ᠎ᠠ ᠬᠢᠩᠭᠠᠨ ᠠᠶᠢᠮᠠᠭ ᠤᠨ ᠤᠯᠠᠭᠠᠨᠬᠤᠲᠠ ᠳᠤ ᠡᠬᠢᠯᠡᠪᠡ᠃ ᠲᠥᠪ ᠤᠨ | ᠵᠠᠭᠤᠴᠢᠯᠠᠭᠤᠷ᠂ ᠮᠤᠵᠢ ᠬᠤᠲᠠ ᠶᠢᠨ ᠲᠠᠰ ᠤᠨ ᠵᠠᠭᠤᠴᠢᠯᠠᠭᠤᠷ ᠤᠨ ᠰᠤᠷᠪᠤᠯᠵᠢᠯᠠᠭᠴᠢ ᠪᠣᠯᠤᠨ ᠰᠦᠯᠵᠢᠶᠡᠨ ᠤ ᠲᠠᠪᠴᠠᠩ ᠤᠨ ᠨᠠᠷᠠᠲᠤ ᠲᠥᠯᠥᠭᠡᠯᠡᠭᠴᠢ᠂ ᠢᠳᠡᠪᠬᠢ | ᠬᠦᠴᠦᠨ ᠤ ᠭᠤᠤᠯ ᠨᠡᠪᠲᠡᠷᠡᠭᠦᠯᠦᠭᠴᠢ ᠵᠡᠷᠭᠡ 40 ᠭᠠᠷᠤᠶ ᠬᠥᠮᠦᠨ ᠣᠬᠤᠷ ᠸᠢᠳᠢᠣ᠋᠂ ᠰᠢᠭᠤᠳ ᠨᠡᠪᠲᠡᠷᠡᠭᠦᠯᠭᠡ ᠵᠡᠷᠭᠡ ᠬᠡᠯᠪᠡᠷᠢ ᠪᠠᠷ ᠳᠠᠮᠵᠢᠭᠤᠯᠤᠨ᠂ ᠥᠪᠥᠷ ᠮᠣᠩᠭᠤᠯ ᠤᠨ | ᠠᠮᠢ ᠠᠬᠤᠶ ᠶᠢᠨ ᠭᠤᠸ᠎ᠠ ᠰᠠᠶᠢᠬᠠᠨ᠂ ᠡᠶ᠎ᠡ ᠵᠣᠬᠢᠴᠠᠩᠭᠤᠶ ᠭᠤᠸ᠎ᠠ ᠰᠠᠶᠢᠬᠠᠨ᠂ ᠰᠣᠶᠣᠯ ᠤᠨ ᠭᠤᠸ᠎ᠠ ᠰᠠᠶᠢᠬᠠᠨ᠂ ᠬᠥᠭᠵᠢᠯᠲᠡ ᠶᠢᠨ ᠭᠤᠸ᠎ᠠ ᠰᠠᠶᠢᠬᠠᠨ ᠢ ᠢᠯᠡᠷᠡᠭᠦᠯᠵᠦ᠂ | ᠪᠥᠬᠦ ᠤᠯᠤᠰ ᠤᠨ ᠡᠯ᠎ᠡ ᠭᠠᠵᠠᠷ ᠤᠨ ᠨᠠᠶᠢᠵᠠ ᠨᠠᠷ ᠲᠤ ᠤᠮᠠᠷᠠᠲᠤ ᠶᠢᠨ ᠡᠬᠡ ᠭᠠᠵᠠᠷ ᠤᠨ ᠥᠷᠨᠢᠭᠦᠨ ᠬᠥᠭᠵᠢᠯᠲᠡ ᠶᠢᠨ ᠠᠭᠤᠷ ᠠᠮᠢᠰᠬᠤᠯ ᠢ ᠮᠡᠳᠡᠷᠡᠭᠦᠯᠪᠡ᠃ | ᠲᠤᠰ ᠤᠳᠠᠭᠠᠨ ᠤ ᠠᠵᠢᠯᠯᠠᠭ᠎ᠠ ᠨᠢ ᠲᠠᠪᠤᠨ ᠡᠳᠦᠷ ᠶᠠᠪᠤᠭᠳᠠᠵᠤ᠂ ᠤᠯᠠᠭᠠᠨᠬᠤᠲᠠ᠂ ᠷᠠᠰᠢᠶᠠᠨ᠂ ᠬᠠᠭᠤᠴᠢᠨ ᠪᠠᠷᠭᠤ ᠬᠤᠰᠢᠭᠤ᠂ ᠡᠷᠭᠦᠨ᠎ᠡ ᠵᠡᠷᠭᠡ ᠭᠠᠵᠠᠷ ᠢᠶᠠᠷ | ᠭᠦᠨᠵᠡᠭᠡᠶᠢᠷᠡᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠴᠢᠯᠥᠭᠡᠯᠡᠯᠲᠡ᠂ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠭᠡᠷᠡᠯ | ᠰᠠᠴᠤᠷᠠᠩᠭᠤᠢ ᠲᠡᠦᠬᠡ ᠶᠢ ᠬᠠᠮᠲᠤ ᠪᠠᠷ ᠡᠷᠭᠢᠴᠡᠭᠦᠯᠵᠦ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠂ ᠰᠠᠶᠢᠨ ᠰᠠᠶᠢᠬᠠᠨ | ᠭᠡᠷ ᠣᠷᠣᠨ ᠢ ᠬᠠᠮᠲᠤ ᠪᠠᠷ ᠪᠦᠳᠦᠭᠡᠨ ᠪᠠᠶᠢᠭᠤᠯᠬᠤ ᠠᠮᠢᠳᠤᠯᠢᠭ ᠦᠢᠯᠡᠳᠦᠯᠭᠡ ᠶᠢ ᠬᠠᠮᠲᠤ ᠪᠠᠷ ᠭᠡᠷᠡᠴᠢᠯᠡᠪᠡ᠃ 6 ᠳ᠋ᠤᠭᠠᠷ ᠰᠠᠷ᠎ᠠ ᠶᠢᠨ 19 ᠤ ᠡᠳᠦᠷ ᠠᠴᠠ ᠡᠬᠢᠯᠡᠨ᠂ | ᠬᠥᠯᠥᠨ ᠪᠤᠶᠢᠷ ᠬᠤᠲᠠ ᠳᠤ ᠪᠠᠰᠠ ᠭᠤᠷᠪᠠᠨ ᠲᠠᠯᠠᠪᠤᠷ ᠰᠢᠭᠤᠳ ᠨᠡᠪᠲᠡᠷᠡᠭᠦᠯᠭᠡ ᠶᠢᠨ ᠠᠵᠢᠯᠯᠠᠭ᠎ᠠ ᠶᠢ ᠵᠠᠯᠭᠠᠭ᠎ᠠ ᠪᠠᠷ ᠥᠷᠨᠢᠭᠦᠯᠵᠦ᠂ ᠡᠸᠡᠩᠬᠢ ᠦᠨᠳᠦᠰᠦᠲᠡᠨ ᠤ | ᠥᠪᠡᠷᠲᠡᠭᠡᠨ ᠵᠠᠰᠠᠬᠤ ᠬᠤᠰᠢᠭᠤᠨ ᠤ ᠲᠡᠷᠢᠭᠦᠨ ᠬᠤᠸᠠᠷᠠᠨ ᠳᠤ ᠤᠯᠠᠭᠠᠨᠮᠥ᠋ᠴᠢᠷ ᠪᠠ ᠲᠠᠪᠤᠨ ᠥᠩᠭᠡᠲᠦ ᠨᠠᠶᠢᠷᠠᠯ ᠳᠠᠭᠤᠤ ᠶᠢᠨ ᠪᠦᠯᠬᠦᠮ ᠤᠨ ᠲᠣᠭᠯᠠᠯᠲᠠ ᠥᠷᠨᠢᠭᠦᠯᠪᠡ︔ | ᠣᠷᠣᠨ ᠤ ᠳᠣᠲᠣᠷᠠᠬᠢ ᠰᠦᠯᠵᠢᠶᠡᠨ ᠤ ᠨᠠᠷᠠᠲᠤ ᠬᠥᠮᠦᠰ ᠪᠠ ᠣᠷᠣᠨ ᠤ ᠭᠠᠳᠠᠨᠠᠬᠢ ᠰᠦᠯᠵᠢᠶᠡᠨ ᠣᠳᠣ ᠶᠢ ᠤᠷᠢᠵᠤ ᠬᠠᠷᠢᠯᠴᠠᠨ ᠬᠥᠳᠡᠯᠦᠯᠴᠡᠵᠦ᠂ ᠥᠪᠥᠷ ᠮᠣᠩᠭᠤᠯ ᠤᠨ | ᠤᠨᠴᠠᠯᠢᠬᠳᠤ ᠲᠠᠷᠢᠶᠠᠯᠠᠩ ᠤᠨ ᠲᠤᠰᠠᠯᠠᠬᠤ ᠠᠵᠤ ᠠᠬᠤᠶ ᠶᠢᠨ ᠪᠦᠲᠦᠭᠡᠭᠳᠡᠬᠦᠨ ᠢ ᠰᠢᠭᠤᠳ ᠨᠡᠪᠲᠡᠷᠡᠭᠦᠯᠭᠡ ᠪᠠᠷ ᠪᠣᠷᠤᠯᠠᠭᠤᠯᠬᠤ ᠪᠠ ᠤᠬᠠᠭᠤᠯᠪᠠ︔ ᠡᠷᠭᠦᠨ᠎ᠡ ᠶᠢᠨ ᠨᠤᠭᠤ | ᠭᠠᠵᠠᠷ ᠲᠤ ᠠᠮᠢ ᠠᠬᠤᠶ ᠶᠢᠨ ᠪᠣᠯᠪᠠᠰᠤᠨ ᠤ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠳᠡᠯᠭᠡᠨ ᠦᠵᠡᠭᠦᠯᠵᠦ᠂ ᠨᠢᠭᠡ ᠤᠳᠠᠭᠠᠨ ᠤ ᠤᠳᠠᠭᠠᠨ ᠰᠢᠭᠤᠳ | ᠨᠡᠪᠲᠡᠷᠡᠭᠦᠯᠭᠡ ᠬᠢᠵᠦ᠂ ᠰᠢᠭᠤᠳ ᠨᠡᠪᠲᠡᠷᠡᠭᠦᠯᠬᠦ ᠳᠣᠬᠢᠶ᠎ᠠ ᠶᠢ ᠢᠷᠡᠭᠡᠳᠦᠶ ᠳᠤ ᠦᠷᠭᠦᠯᠵᠢᠯᠡᠨ ᠡᠯ᠎ᠡ ᠵᠠᠭᠤᠴᠢᠯᠠᠭᠤᠷ ᠲᠤ ᠬᠠᠩᠭᠠᠵᠤ ᠤᠳᠠᠭᠠᠨ ᠰᠢᠭᠤᠳ ᠨᠡᠪᠲᠡᠷᠡᠭᠦᠯᠭᠡ | ᠬᠢᠨ᠎ᠡ᠃ | 6 ᠳ᠋ᠤᠭᠠᠷ ᠰᠠᠷ᠎ᠠ ᠶᠢᠨ 19 ᠤ ᠡᠳᠦᠷ ᠤᠨ 9 ᠴᠠᠭ ᠪᠣᠯᠲᠠᠯ᠎ᠠ᠂ ᠪᠥᠬᠦ ᠰᠦᠯᠵᠢᠶᠡᠨ ᠤ ︽ᠤᠮᠠᠷᠠᠲᠤ ᠬᠢᠯᠢ ᠳᠤ ᠤᠴᠠᠷᠠᠬᠤ︾ ᠣᠬᠤᠷ ᠸᠢᠳᠢᠤ᠋ ᠶᠢᠨ ᠬᠥᠳᠡᠭᠡ | ᠪᠠᠭᠤᠬᠤ ᠠᠵᠢᠯᠯᠠᠭ᠎ᠠ ᠶᠢᠨ ᠮᠡᠳᠡᠭᠡᠯᠡᠯ ᠨᠢ ᠨᠡᠶᠢᠲᠡ 364 ᠬᠤᠪᠢ ᠪᠠᠶᠢᠵᠤ᠂ ᠡᠭᠦᠨ ᠳᠤ ᠰᠢᠨᠬᠤᠸᠠ ᠰᠦᠯᠵᠢᠶ᠎ᠡ᠂ ᠲᠥᠪ ᠲᠧᠯᠸᠢᠰ ᠤᠨ ᠰᠦᠯᠵᠢᠶ᠎ᠡ᠂ ᠠᠷᠠᠳ ᠤᠨ | ᠰᠦᠯᠵᠢᠶ᠎ᠡ ᠵᠡᠷᠭᠡ ᠲᠥᠪ ᠤᠨ ᠳᠡᠰ ᠤᠨ ᠵᠠᠭᠤᠴᠢᠯᠠᠭᠤᠷ ᠤᠨ ᠬᠢᠨ 45 ᠬᠤᠪᠢ ᠨᠡᠶᠢᠲᠡᠯᠡᠵᠦ᠂ ᠳ᠋ᠠ ᠰᠢᠶᠠᠩ ᠰᠣᠨᠢᠨ ᠮᠡᠳᠡᠭᠡ᠂ ᠵᠢᠢ ᠭᠤᠸᠠᠩ ᠰᠣᠨᠢᠨ ᠮᠡᠳᠡᠭᠡ ᠵᠡᠷᠭᠡ | ᠮᠤᠵᠢ ᠶᠢᠨ ᠳᠡᠰ ᠤᠨ ᠵᠠᠭᠤᠴᠢᠯᠠᠭᠤᠷ ᠤᠨ ᠬᠢᠨ 18 ᠬᠤᠪᠢ ᠨᠡᠶᠢᠲᠡᠯᠡᠵᠦ᠂ ᠬᠢᠩᠭᠠᠨ ᠠᠶᠢᠮᠠᠭ᠂ ᠬᠥᠯᠥᠨ ᠪᠤᠶᠢᠷ ᠬᠤᠲᠠ ᠶᠢᠨ ᠬᠠᠮ ᠵᠠᠭᠤᠴᠢᠯᠠᠭᠤᠷ ᠤᠨ ᠲᠥᠪ ᠵᠡᠷᠭᠡ | ᠲᠤᠰᠬᠠᠢ ᠣᠷᠣᠨ ᠤ ᠳᠡᠰ ᠤᠨ ᠵᠠᠭᠤᠴᠢᠯᠠᠭᠤᠷ ᠤᠨ ᠬᠢᠨ 30 ᠬᠤᠪᠢ ᠨᠡᠶᠢᠲᠡᠯᠡᠵᠦ᠂ ᠲᠧᠩ ᠰᠢᠶᠦ᠋ᠨ᠂ ᠲᠢᠺ ᠲᠣᠺ᠂ ᠪᠢ ᠯᠢ ᠪᠢ ᠯᠢ ᠵᠡᠷᠭᠡ ᠲᠡᠷᠢᠭᠦᠨ ᠤ | ᠬᠤᠳᠠᠯᠳᠤᠭᠠᠨ ᠤ ᠲᠠᠪᠴᠠᠩ ᠨᠡᠶᠢᠲᠡ 200 ᠭᠠᠷᠤᠢ ᠵᠤᠷᠪᠤᠰ ᠠᠵᠢᠯᠯᠠᠭ᠎ᠠ ᠶᠢᠨ ᠮᠡᠳᠡᠭᠡ ᠨᠡᠶᠢᠲᠡᠯᠡᠵᠡᠢ᠃ ᠥᠪᠥᠷ ᠮᠣᠩᠭᠤᠯ ᠤᠨ ᠰᠣᠨᠢᠨ ᠮᠡᠳᠡᠭᠡᠨ ᠤ ᠳᠠᠮᠵᠢᠭᠤᠯᠬᠤ | ᠨᠡᠪᠲᠡᠷᠡᠭᠦᠯᠭᠡ᠂ ᠥᠪᠥᠷ ᠮᠣᠩᠭᠤᠯ ᠤᠨ ᠡᠳᠦᠷ ᠤᠨ ᠰᠣᠨᠢᠨ ᠪᠦᠷ ︽ᠤᠮᠠᠷᠠᠲᠤ ᠬᠢᠯᠢ ᠳᠤ ᠤᠴᠠᠷᠠᠬᠤ︾ ᠣᠬᠤᠷ ᠸᠢᠳᠢᠣ᠋ ᠶᠢᠨ ᠬᠥᠳᠡᠭᠡ ᠪᠠᠭᠤᠬᠤ ᠠᠵᠢᠯᠯᠠᠭ᠎ᠠ ᠶᠢ | ᠮᠡᠳᠡᠭᠡᠯᠡᠵᠦ᠂ ᠪᠦᠬᠦ ᠰᠦᠯᠵᠢᠶᠡᠨ ᠤ ᠶᠠᠷᠢᠶᠠᠨ ᠤ ᠰᠡᠳᠦᠪ ᠤᠨ ᠠᠭᠤᠯᠭ᠎ᠠ ᠶᠢᠨ ᠤᠩᠰᠢᠯᠭ᠎ᠠ ᠶᠢᠨ ᠬᠡᠮᠵᠢᠶ᠎ᠡ 2000 ᠭᠠᠷᠤᠢ ᠲᠦᠮᠡ ᠶᠢ ᠳᠠᠪᠠᠵᠠᠢ᠃ ︽ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠤᠢ ᠪᠣᠯᠭᠠᠬᠤ︾᠂ ︽ᠥᠪᠥᠷ ᠮᠣᠩᠭᠤᠯ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ︾ ᠪᠣᠯᠤᠨ | ︽ᠤᠮᠠᠷᠠᠲᠤ ᠬᠢᠯᠢ ᠶᠢᠨ ᠰᠣᠶᠣᠯ︾ ᠤᠨ ᠪᠦᠲᠦᠭᠡᠨ ᠪᠠᠶᠢᠭᠤᠯᠤᠯᠲᠠ ᠵᠡᠷᠭᠡ ᠭᠤᠣᠯ ᠰᠡᠳᠦᠪ ᠤᠨ ᠲᠣᠭᠤᠷᠢᠨ ᠳᠤ᠂ ᠨᠢᠭᠡᠨᠲᠡ ︽ᠮᠢᠨᠦ ᠨᠤᠲᠤᠭ ᠥᠪᠥᠷ ᠮᠣᠩᠭᠤᠯ ᠳᠤ ᠂ | ᠭᠠᠵᠠᠷ ᠪᠣᠯᠭᠠᠨ ᠮᠢᠨᠦ ︿ ᠠᠯᠳᠠᠢ ﹀︾᠂ ︽ᠴᠢ ᠭᠤᠣᠯ ᠨᠡᠪᠲᠡᠷᠡᠭᠦᠯᠦᠭᠴᠢ ᠥᠪᠥᠷ ᠮᠣᠩᠭᠤᠯ ᠤᠨ ᠲᠤᠬᠠᠢ ᠦᠭᠦᠯᠡᠬᠦ ᠨᠢ︾ ᠵᠡᠷᠭᠡ 10 ᠭᠠᠷᠤᠢ ᠪᠦᠲᠦᠭᠡᠯ ᠢ ᠭᠠᠷᠭᠠᠵᠠᠢ᠃ | ︵ᠰᠦᠯᠵᠢᠶᠡᠨ ᠤ ᠦᠵᠡᠵᠦ ᠰᠣᠨᠣᠰᠬᠤ ᠫᠷᠤᠭ᠍ᠷᠠᠮ ᠤᠨ ᠬᠠᠮᠢᠶᠠᠷᠤᠯᠲᠠ ᠶᠢᠨ ᠭᠠᠵᠠᠷ︶ | |