| | | | | | ᠥᠪᠥᠷ ᠷᠠᠳᠢᠣ᠋ ᠲᠧᠯᠸᠢᠰ ᠲᠠᠷᠬᠠᠭᠠᠭᠰᠠᠨ ﹇ 2022﹈ 171 ᠳ᠋ᠤᠭᠡᠷ ᠲᠣᠭᠠᠲᠤ | | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠶᠤᠨᠲᠤ ᠷᠠᠳᠢᠣ᠋ ᠲᠧᠯᠸᠢᠰ ᠤᠨ ᠬᠥᠭᠵᠢᠯᠲᠡ ᠶᠢ ᠠᠬᠢᠭᠤᠯᠬᠤ ᠲᠥᠰᠦᠯ︾ ᠢ ᠳᠠᠷᠤᠮᠠᠯᠯᠠᠨ ᠲᠠᠷᠬᠠᠭᠠᠬᠤ ᠲᠤᠬᠠᠶ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ ᠶᠢᠨ ᠮᠡᠳᠡᠭᠳᠡᠯ | | ᠡᠯ᠎ᠡ ᠠᠶᠢᠮᠠᠭ ᠬᠤᠲᠠ ᠪᠣᠯᠤᠨ ᠮᠠᠨᠵᠤᠤᠷ ᠬᠤᠲᠠ᠂ ᠡᠷᠢᠶᠡᠨ ᠬᠤᠲᠠ ᠶᠢᠨ ᠷᠠᠳᠢᠣ᠋ ᠲᠧᠯᠸᠢᠰ ᠤᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠥᠪᠥᠷ | ᠮᠣᠩᠭᠤᠯ ᠤᠨ ᠷᠠᠳᠢᠣ᠋ ᠲᠧᠯᠸᠢᠰ ᠬᠤᠷᠢᠶ᠎ᠠ᠂ ᠳᠤᠮᠳᠠᠳᠤ ᠤᠯᠤᠰ ᠤᠨ ᠷᠠᠳᠢᠣ᠋ ᠲᠧᠯᠸᠢᠰ ᠤᠨ ᠥᠪᠥᠷ ᠮᠣᠩᠭᠤᠯ ᠤᠨ ᠰᠦᠯᠵᠢᠶᠡᠨ ᠤ ᠬᠢᠵᠠᠭᠠᠷᠲᠤ ᠺᠣᠮᠫᠠᠨᠢ᠂ ᠲᠣᠪᠴᠢᠶ᠎ᠠ ᠶᠢᠨ | ᠪᠠᠶᠢᠭᠤᠯᠭ᠎ᠠ ᠶᠢᠨ ᠡᠯ᠎ᠡ ᠭᠠᠵᠠᠷ ᠲᠠᠰᠤᠭ᠂ ᠰᠢᠭᠤᠳ ᠬᠠᠷᠢᠶ᠎ᠠ ᠡᠯ᠎ᠡ ᠨᠢᠭᠡᠴᠢ ᠳᠤ᠄ | ᠡᠳᠦᠭᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠶᠤᠨᠲᠤ ᠷᠠᠳᠢᠣ᠋ ᠲᠧᠯᠸᠢᠰ ᠤᠨ ᠬᠥᠭᠵᠢᠯᠲᠡ ᠶᠢ ᠠᠬᠢᠭᠤᠯᠬᠤ ᠲᠥᠰᠦᠯ︾ ᠢ ᠲᠠ ᠨᠠᠷ ᠲᠤ | ᠳᠠᠷᠤᠮᠠᠯᠯᠠᠨ ᠲᠠᠷᠬᠠᠭᠠᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠵᠣᠬᠢᠶᠠᠨ ᠪᠠᠶᠢᠭᠤᠯᠤᠨ ᠬᠡᠷᠡᠭᠵᠢᠭᠦᠯᠲᠦᠭᠡᠶ᠃ | | ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠷᠠᠳᠢᠣ᠋ ᠲᠧᠯᠸᠢᠰ ᠤᠨ ᠲᠤᠪᠴᠢᠶ᠎ᠠ | 2022 ᠣᠨ ᠤ 12 ᠳ᠋ᠤᠭᠠᠷ ᠰᠠᠷ᠎ᠠ ᠶᠢᠨ 7 ᠤ ᠡᠳᠦᠷ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠶᠤᠨᠲᠤ ᠷᠠᠳᠢᠣ᠋ ᠲᠧᠯᠸᠢᠰ ᠤᠨ ᠬᠥᠭᠵᠢᠯᠲᠡ ᠶᠢ ᠠᠬᠢᠭᠤᠯᠬᠤ ᠲᠥᠰᠦᠯ | | ᠶᠡᠷᠦᠩᠬᠡᠶ ᠱᠦᠵᠢ ᠰᠢ ᠶᠢᠨ ᠫᠢᠩ ᠤᠨ ︽ᠤᠶᠤᠨᠲᠤ ᠷᠠᠳᠢᠣ᠋ ᠲᠧᠯᠸᠢᠰ ᠤᠨ ᠵᠠᠭᠤᠴᠢᠯᠠᠭᠤᠷ ᠢ ᠪᠠᠶᠢᠭᠤᠯᠵᠤ᠂ ᠤᠶᠤᠨᠲᠤ ᠷᠠᠳᠢᠣ᠋ ᠲᠧᠯᠸᠢᠰ ᠤᠨ ᠰᠦᠯᠵᠢᠶ᠎ᠡ ᠶᠢ ᠬᠥᠭᠵᠢᠭᠦᠯᠬᠦ︾ | ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠣᠶᠤᠨᠴᠢ ᠷᠠᠳᠢᠣ᠋ ᠲᠧᠯᠸᠢᠰ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠲᠤᠬᠠᠶ | ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠷᠠᠳ | ᠣᠯᠠᠨ ᠤ ᠣᠶᠤᠨ ᠤ ᠰᠣᠶᠣᠯ ᠪᠠ ᠮᠡᠳᠡᠭᠡ ᠵᠠᠩᠭᠢ ᠶᠢᠨ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠨᠠᠩ ᠰᠠᠶᠢᠲᠤᠷ ᠬᠠᠩᠭᠠᠬᠤ ᠶᠢᠨ ᠲᠤᠰᠠᠳᠠ᠂ ᠤᠯᠤᠰ ᠤᠨ ᠷᠠᠳᠢᠣ᠋ | ᠲᠧᠯᠸᠢᠰ ᠤᠨ ᠶᠡᠷᠦᠩᠬᠡᠶ ᠲᠣᠪᠴᠢᠶ᠎ᠠ ᠶᠢᠨ ᠠᠵᠢᠯ ᠤᠨ ᠪᠠᠶᠢᠷᠢᠯᠠᠭᠤᠯᠤᠯᠲᠠ ᠶᠣᠰᠣᠭᠠᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯ ᠲᠥᠷᠥᠯ ᠤᠨ | ᠪᠣᠳᠠᠲᠠᠶ ᠲᠠᠢ ᠤᠶᠠᠯᠳᠤᠭᠤᠯᠤᠨ᠂ ᠣᠨᠴᠠᠭᠠᠶᠢᠯᠠᠨ ᠲᠣᠰ ᠲᠥᠰᠦᠯ ᠢ ᠲᠣᠭᠲᠠᠭᠠᠪᠠ᠃ | ᠨᠢᠭᠡ᠂ ᠶᠡᠷᠦᠩᠬᠡᠢ ᠱᠠᠭᠠᠷᠳᠠᠯᠭ᠎ᠠ | ︵ᠨᠢᠭᠡ︶ ᠵᠢᠯᠤᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠠᠭᠤᠤ ᠶᠡᠭᠡ ᠲᠤᠭ ᠢ ᠥᠨᠳᠥᠷ | ᠮᠠᠨᠳᠤᠭᠤᠯᠵᠤ᠂ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ | ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠶᠢ ᠭᠦᠨᠵᠡᠭᠡᠶ ᠲᠤᠭᠤᠰᠢᠯᠠᠭᠤᠯᠵᠤ᠂ ᠷᠠᠳᠢᠣ᠋ ᠲᠧᠯᠸᠢᠰ ᠪᠣᠯᠤᠨ ᠰᠢᠨ᠎ᠡ ᠨᠢᠭᠡ ᠦᠶ᠎ᠡ ᠶᠢᠨ ᠮᠡᠳᠡᠭᠡ ᠵᠠᠩᠭᠢ ᠶᠢᠨ | ᠮᠡᠷᠭᠡᠵᠢᠯ ᠤᠨ ᠠᠭᠤᠰᠤᠯᠴᠠᠯ ᠤᠨ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠬᠦ ᠪᠠᠷ ᠭᠠᠷᠳᠠᠴᠠ ᠪᠣᠯᠭᠠᠵᠤ᠂ ᠷᠠᠳᠢᠣ᠋ ᠲᠧᠯᠸᠢᠰ ᠪᠣᠯᠤᠨ ᠰᠦᠯᠵᠢᠶᠡᠨ ᠤ ᠦᠵᠡᠵᠦ ᠰᠣᠨᠣᠰᠬᠤ | ᠴᠢᠨᠠᠷ ᠰᠠᠶᠢᠲᠠᠶ ᠰᠢᠨ᠎ᠡ ᠶᠢ ᠡᠭᠦᠳᠬᠦ ᠴᠢᠨᠠᠷᠲᠠᠶ ᠬᠥᠭᠵᠢᠯᠲᠡ ᠶᠢ ᠠᠬᠢᠭᠤᠯᠬᠤ ᠪᠠᠷ ᠬᠠᠷᠠᠯᠲᠠ ᠪᠣᠯᠭᠠᠵᠤ᠂ ᠤᠶᠤᠨᠲᠤ ᠷᠠᠳᠢᠣ᠋ ᠲᠧᠯᠸᠢᠰ ᠤᠨ ᠰᠢᠨ᠎ᠡ ᠡᠵᠡᠩᠨᠡᠯᠲᠡ ᠶᠢᠨ | ᠬᠡᠯᠪᠡᠷᠢ ᠶᠢ ᠪᠣᠶ ᠪᠣᠯᠭᠠᠵᠤ᠂ ᠤᠶᠤᠨᠲᠤ ᠷᠠᠳᠢᠣ᠋ ᠲᠧᠯᠸᠢᠰ ᠤᠨ ᠰᠢᠨ᠎ᠡ ᠦᠢᠯᠡᠴᠢᠯᠡᠭᠡ ᠶᠢ ᠥᠷᠭᠡᠳᠬᠡᠵᠦ᠂ ᠤᠶᠤᠨᠲᠤ ᠷᠠᠳᠢᠣ᠋ ᠲᠧᠯᠸᠢᠰ ᠤᠨ ᠰᠢᠨ᠎ᠡ ᠬᠠᠩᠭᠠᠯᠭ᠎ᠠ ᠶᠢ | ᠬᠥᠲᠥᠯᠥᠨ ᠵᠢᠯᠣᠭᠤᠳᠴᠤ᠂ ᠣᠶᠤᠨᠴᠢ ᠷᠠᠳᠢᠣ᠋ ᠲᠧᠯᠸᠢᠰ ᠤᠨ ᠰᠢᠨ᠎ᠡ ᠬᠡᠷᠡᠭᠯᠡᠭᠡ ᠶᠢ ᠳᠠᠶᠢᠴᠢᠯᠠᠵᠤ᠂ ᠪᠥᠬᠦ ᠣᠷᠣᠨ ᠤ ᠠᠵᠢᠯ ᠤᠨ ᠶᠡᠭᠡ ᠲᠠᠯ᠎ᠠ ᠳᠤ ᠦᠢᠯᠡᠴᠢᠯᠡᠵᠦ᠂ | ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠥᠪᠥᠷ ᠮᠣᠩᠭᠤᠯ ᠤᠨ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠬᠦᠴᠦᠲᠡᠶ | ᠶᠠᠷᠢᠶ᠎ᠠ ᠬᠡᠯᠡᠯᠴᠡᠭᠡᠨ ᠤ ᠲᠤᠯᠭᠠᠭᠤᠷᠢᠯᠠᠯ ᠪᠠ ᠬᠦᠴᠦᠷᠬᠡᠭ ᠶᠡᠭᠡ ᠣᠶᠤᠨ ᠰᠠᠨᠠᠭᠠᠨ ᠤ ᠬᠦᠴᠦᠨ ᠴᠢᠳᠠᠯ ᠬᠠᠩᠭᠠᠨ᠎ᠠ᠃ | ︵ᠬᠤᠶᠠᠷ︶ ᠠᠵᠢᠯ ᠤᠨ ᠬᠠᠷᠠᠯᠲᠠ | ᠪᠥᠬᠦ ᠣᠷᠣᠨ ᠤ ᠤᠶᠤᠨᠲᠤ ᠷᠠᠳᠢᠣ᠋ ᠲᠧᠯᠸᠢᠰ ᠤᠨ ᠪᠥᠲᠥᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠵᠤ᠂ ᠤᠲᠠᠰᠤ ᠲᠠᠢ᠂ ᠤᠲᠠᠰᠤ ᠥᠬᠡᠶ᠂ ᠳᠠᠭᠠᠭᠤᠯᠢ ᠣᠳᠣ᠂ | ᠢᠨᠲ᠋ᠧᠷ ᠰᠦᠯᠵᠢᠶ᠎ᠡ ᠵᠡᠷᠭᠡ ᠣᠯᠠᠨ ᠵᠦᠢᠯ ᠤᠨ ᠠᠷᠭ᠎ᠠ ᠬᠡᠮᠵᠢᠶ᠎ᠡ ᠪᠠᠷ ᠬᠠᠮᠵᠢᠯᠴᠠᠨ ᠳᠠᠭᠠᠭᠠᠬᠤ ᠪᠠᠷ ᠲᠤᠯᠭᠠᠭᠤᠷᠢ ᠪᠣᠯᠭᠠᠵᠤ᠂ ᠡᠭᠦᠯᠡᠨ ᠪᠣᠳᠣᠯᠲᠠ᠂ ᠲᠣᠮᠣ ᠳ᠋ᠠᠶᠢᠲ᠋ᠠ᠂ | ᠪᠣᠳᠠᠰ ᠤᠨ ᠮᠡᠳᠡᠭᠡ ᠵᠠᠩᠭᠢ ᠶᠢᠨ ᠰᠦᠯᠵᠢᠶ᠎ᠡ᠂ IPv6᠂ 5G ᠂ ᠬᠡᠲᠦ ᠥᠨᠳᠥᠷ ᠲᠤᠳᠤᠷᠠᠴᠠᠲᠤ᠂ ᠵᠣᠬᠢᠶᠠᠮᠠᠯ ᠣᠶᠤᠨ ᠵᠡᠷᠭᠡ ᠶᠡᠷᠦᠩᠬᠡᠶᠢᠯᠡᠭᠰᠡᠨ ᠲᠣᠭᠠᠴᠢᠯᠠᠭᠰᠠᠨ ᠮᠡᠳᠡᠭᠡ | ᠵᠠᠩᠭᠢ ᠶᠢᠨ ᠮᠡᠷᠭᠡᠵᠢᠯ ᠢᠶᠠᠷ ᠲᠤᠯᠭᠠᠭᠤᠷᠢᠯᠠᠯ ᠪᠣᠯᠭᠠᠵᠤ᠂ 3 — 5 ᠵᠢᠯ ᠤᠨ ᠬᠤᠭᠤᠴᠠᠭ᠎ᠠ ᠶᠢ ᠬᠡᠷᠡᠭᠯᠡᠨ᠂ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ | ᠣᠶᠤᠨᠴᠢᠯᠠᠭᠰᠠᠨ ᠦᠢᠯᠡᠳᠪᠦᠷᠢᠯᠡᠯ᠂ ᠤᠶᠤᠨᠴᠢᠯᠠᠭᠰᠠᠨ ᠳᠠᠮᠵᠢᠭᠤᠯᠭ᠎ᠠ᠂ ᠤᠶᠤᠨᠴᠢᠯᠠᠭᠰᠠᠨ ᠦᠢᠯᠡᠴᠢᠯᠡᠭᠡ᠂ ᠤᠶᠤᠨᠴᠢᠯᠠᠭᠰᠠᠨ ᠬᠡᠷᠡᠭᠯᠡᠯᠲᠡ ᠪᠠ ᠤᠶᠤᠨᠴᠢᠯᠠᠭᠰᠠᠨ | ᠬᠠᠮᠢᠶᠠᠷᠤᠯᠲᠠ ᠶᠢ ᠪᠡᠶᠡᠯᠡᠭᠦᠯᠬᠦ ᠪᠠᠷ ᠴᠢᠷᠮᠠᠶᠢᠨ᠎ᠠ᠃ ᠷᠠᠳᠢᠣ᠋ ᠲᠧᠯᠸᠢᠰ ᠤᠨ ᠵᠠᠭᠤᠴᠢᠯᠠᠭᠤᠷ ᠤᠨ ᠭᠤᠤᠯ ᠬᠦᠴᠦᠨ ᠤ ᠦᠢᠯᠡᠳᠦᠯ ᠢ ᠭᠦᠢᠴᠡᠳ ᠪᠠᠳᠠᠷᠠᠭᠤᠯᠵᠤ᠂ ᠨᠥᠯᠥᠭᠡᠯᠡᠬᠦ | ᠬᠦᠴᠦᠨ ᠪᠠ ᠥᠷᠢᠰᠦᠯᠳᠦᠬᠦ ᠬᠦᠴᠦᠨ ᠲᠠᠢ ᠣᠷᠣᠨ ᠪᠦᠰᠡ ᠶᠢᠨ ᠰᠢᠨ᠎ᠡ ᠬᠡᠯᠪᠡᠷᠢ ᠶᠢᠨ ᠷᠠᠳᠢᠣ᠋ ᠲᠧᠯᠸᠢᠰ ᠤᠨ ᠭᠤᠤᠯ ᠵᠠᠭᠤᠴᠢᠯᠠᠭᠤᠷ ᠢ ᠪᠠᠶᠢᠭᠤᠯᠵᠤ᠂ ᠤᠶᠤᠨᠲᠤ ᠷᠠᠳᠢᠣ᠋ | ᠲᠧᠯᠸᠢᠰ ᠤᠨ ᠵᠠᠭᠤᠴᠢᠯᠠᠭᠤᠷ ᠢ ᠪᠣᠶ ᠪᠣᠯᠭᠠᠨ᠎ᠠ᠃ ᠪᠥᠬᠦ ᠣᠷᠣᠨ ᠤ ᠣᠲᠣ ᠶᠢᠨ ᠪᠠᠶᠢᠭ᠎ᠠ ᠰᠠᠭᠤᠷᠢ ᠲᠥᠬᠦᠭᠡᠷᠦᠮᠵᠢ ᠶᠢᠨ ᠡᠬᠢ ᠪᠠᠶᠠᠯᠢᠭ ᠢ ᠨᠢᠭᠡᠳᠦᠯᠲᠡᠶ ᠲᠥᠯᠥᠪᠯᠡᠨ | ᠠᠰᠢᠭᠯᠠᠵᠤ᠂ ᠷᠠᠳᠢᠣ᠋ ᠲᠧᠯᠸᠢᠰ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠤᠬᠠᠶᠢᠯᠠᠭᠰᠠᠨ ᠠᠵᠢᠯ ᠤᠨ ᠲᠤᠯᠭᠠᠭᠤᠷᠢᠯᠠᠬᠤ ᠲᠠᠪᠴᠠᠩ ᠢ ᠲᠠᠰ ᠳᠡᠪᠰᠢᠭᠦᠯᠦᠨ | ᠥᠭᠡᠷᠡᠴᠢᠯᠡᠵᠦ᠂ ᠷᠠᠳᠢᠣ᠋ ᠲᠧᠯᠸᠢᠰ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠤᠶᠤᠨᠲᠤ ᠷᠠᠳᠢᠣ᠋ ᠲᠧᠯᠸᠢᠰ ᠤᠨ | ᠦᠢᠯᠡᠴᠢᠯᠡᠭᠡ ᠶᠢ ᠰᠢᠯᠢᠳᠡᠭᠵᠢᠭᠦᠯᠦᠨ᠎ᠡ᠃ ᠪᠥᠬᠦ ᠣᠷᠣᠨ ᠤ ᠠᠵᠢᠯ ᠲᠥᠷᠥᠯ ᠤᠨ ᠳᠣᠲᠣᠷ᠎ᠠ ᠭᠠᠳᠠᠨᠠᠬᠢ ᠠᠵᠤ ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ | ᠰᠤᠳᠤᠯᠭᠠᠨ ᠤ ᠪᠠᠶᠢᠭᠤᠯᠤᠮᠵᠢ ᠶᠢᠨ ᠳᠠᠪᠠᠭᠤᠯᠢᠭ ᠰᠢᠨ᠎ᠡ ᠶᠢ ᠡᠭᠦᠳᠬᠦ ᠡᠬᠢ ᠪᠠᠶᠠᠯᠢᠭ ᠢ ᠲᠥᠪᠯᠡᠷᠡᠭᠦᠯᠵᠦ᠂ ᠨᠡᠶᠢᠭᠡᠮ ᠤᠨ ᠡᠯ᠎ᠡ ᠬᠦᠷᠢᠶ᠎ᠡ ᠲᠠᠢ ᠭᠦᠨᠵᠡᠭᠡᠶ ᠠᠭᠤᠰᠤᠯᠴᠠᠵᠤ᠂ ︽ | ᠤᠶᠤᠨᠲᠤ ᠷᠠᠳᠢᠣ᠋ ᠲᠧᠯᠸᠢᠰ +︾ ᠤᠨ ᠰᠢᠪᠲᠤᠯᠤᠯᠲᠠ ᠶᠢᠨ ᠴᠢᠨᠠᠷᠲᠠᠶ ᠠᠬᠢᠴᠠ ᠲᠠᠢ ᠪᠣᠯᠬᠤ ᠶᠢ ᠠᠬᠢᠭᠤᠯᠵᠤ᠂ ᠤᠶᠤᠨᠲᠤ ᠷᠠᠳᠢᠣ᠋ ᠲᠧᠯᠸᠢᠰ ᠤᠨ ᠬᠡᠷᠡᠭᠯᠡᠯᠲᠡ ᠶᠢ | ᠥᠷᠭᠡᠳᠬᠡᠨ᠎ᠡ᠃ ᠷᠠᠳᠢᠣ᠋ ᠲᠧᠯᠸᠢᠰ ᠤᠨ ᠮᠡᠷᠭᠡᠵᠢᠯ ᠤᠨ ᠰᠢᠰᠲ᠋ᠧᠮ ᠤᠨ ᠤᠶᠤᠨᠴᠢᠯᠠᠭᠰᠠᠨ ᠠᠵᠢᠯᠯᠠᠭᠠᠨ ᠤ ᠬᠠᠮᠠᠭᠠᠯᠠᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠬᠢᠨᠠᠨ | ᠰᠢᠨᠵᠢᠵᠦ ᠬᠢᠨᠠᠨ ᠬᠠᠮᠢᠶᠠᠷᠬᠤ ᠰᠢᠰᠲ᠋ᠧᠮ ᠤᠨ ᠰᠦᠯᠵᠢᠶᠡᠵᠢᠭᠰᠡᠨ᠂ ᠤᠶᠤᠨᠴᠢᠯᠠᠭᠰᠠᠨ᠂ ᠬᠠᠮᠵᠢᠯᠴᠠᠭᠰᠠᠨ ᠬᠠᠮᠢᠶᠠᠷᠤᠯᠲᠠ ᠶᠢᠨ ᠴᠢᠳᠠᠪᠤᠷᠢ ᠶᠢ ᠴᠢᠩᠭᠠᠷᠠᠭᠤᠯᠤᠨ᠎ᠠ᠃ | ᠬᠤᠶᠠᠷ᠂ ᠭᠤᠣᠯᠳᠠᠯᠠᠭᠠᠲᠤ ᠡᠭᠦᠷᠭᠡ | ︵ᠨᠢᠭᠡ︶ ᠣᠶᠣᠨᠲᠤ ᠷᠠᠳᠢᠣ᠋ ᠲᠧᠯᠸᠢᠰ ᠤᠨ ᠠᠭᠤᠯᠭ᠎ᠠ ᠶᠢᠨ ᠦᠢᠯᠡᠳᠪᠦᠷᠢᠯᠡᠯ ᠤᠨ ᠲᠣᠭᠲᠠᠯᠴᠠᠭ᠎ᠠ | 1. ᠥᠨᠳᠥᠷ ᠲᠤᠳᠤᠷᠠᠴᠠᠲᠤ ᠬᠡᠲᠦ ᠥᠨᠳᠥᠷ ᠲᠤᠳᠤᠷᠠᠴᠠᠲᠤ ᠶᠢᠨ ᠦᠢᠯᠡᠳᠣᠨ ᠨᠡᠪᠳᠡᠷᠡᠬᠦᠯᠬᠦ ᠴᠢᠳᠡᠪᠦᠷᠢ ᠶᠢ ᠳᠡᠭᠡᠭᠰᠢᠯᠡᠬᠦᠯᠦᠨ᠎ᠡ | ᠪᠦᠬᠦ ᠤᠷᠤᠨ ᠤ ᠷᠠᠳᠢᠤ᠋ ᠲᠧᠯᠸᠢᠰ ᠤᠨ ᠨᠡᠪᠳᠡᠷᠡᠬᠦᠯᠬᠡ ᠶᠢᠨ ᠪᠠᠶᠢᠭᠤᠯᠤᠮᠵᠢ ᠶᠢᠨ ᠥᠨᠳᠥᠷ ᠲᠤᠳᠤᠷᠠᠴᠠᠲᠤ ᠬᠡᠲᠦ ᠥᠨᠳᠥᠷ ᠲᠤᠳᠤᠷᠠᠴᠠᠲᠤ ᠶᠢᠨ ᠦᠢᠯᠡᠳᠦᠨ ᠨᠡᠪᠲᠡᠷᠡᠭᠦᠯᠬᠦ | ᠴᠢᠳᠠᠪᠤᠷᠢ ᠶᠢᠨ ᠪᠦᠲᠦᠭᠡᠨ ᠪᠠᠶᠢᠭᠤᠯᠤᠯᠳᠠ ᠵᠢᠴᠢ ᠮᠡᠷᠬᠡᠵᠢᠯ ᠤᠨ ᠲᠣᠭᠲᠠᠯᠴᠠᠭ᠎ᠠ ᠶᠢᠨ ᠲᠡᠰ ᠲᠡᠪᠰᠢᠯᠳᠠ ᠰᠤᠯᠢᠬᠳᠠᠯ ᠢ ᠨᠢᠬᠡᠳᠦᠯᠳᠡᠢ ᠲᠦᠯᠦᠪᠯᠡᠨ ᠠᠬᠢᠭᠤᠯᠵᠦ᠂ ᠥᠨᠳᠥᠷ | ᠲᠤᠳᠤᠷᠠᠴᠠᠲᠤ ᠬᠡᠲᠦ ᠥᠨᠳᠥᠷ ᠲᠤᠳᠤᠷᠠᠴᠠᠲᠤ ᠲᠧᠯᠸᠢᠰ ᠤᠨ ᠬᠦᠭᠵᠢᠯᠳᠡ ᠶᠢᠨ ᠠᠮᠢᠵᠢᠷᠠᠯ ᠤᠨ ᠬᠦᠴᠦᠨ ᠢ ᠲᠠᠰᠤᠷᠠᠯᠳᠠ ᠦᠬᠡᠢ ᠲᠡᠬᠡᠭᠰᠢᠯᠡᠬᠦᠯᠦᠨ᠎ᠠ᠃ ᠪᠦᠬᠦ ᠣᠷᠣᠨ ᠤ | ᠥᠨᠳᠥᠷ ᠲᠤᠳᠤᠷᠠᠴᠠᠲᠤ ᠲᠧᠯᠸᠢᠰ ᠤᠨ ᠫᠷᠤᠭ᠍ᠷᠠᠮ ᠢ ᠴᠤᠭᠯᠠᠭᠤᠯᠬᠤ᠂ ᠦᠢᠯᠡᠳᠬᠦ ᠪᠠ ᠨᠡᠪᠲᠡᠷᠡᠭᠦᠯᠬᠦ ᠲᠣᠭᠲᠠᠯᠴᠠᠭ᠎ᠠ ᠶᠢ ᠠᠯᠬᠤᠮ ᠠᠯᠬᠤᠮ ᠢᠶᠠᠷ ᠲᠡᠭᠦᠯᠳᠡᠷᠵᠢᠭᠦᠯᠵᠦ᠂ | ᠡᠯ᠎ᠡ ᠱᠠᠲᠤᠨ ᠤ ᠨᠡᠪᠲᠡᠷᠡᠭᠦᠯᠬᠦ ᠪᠠᠶᠢᠭᠤᠯᠤᠮᠵᠢ ᠶᠢ ᠵᠢᠯᠣᠭᠤᠳᠤᠨ ᠲᠤᠰ ᠭᠠᠵᠠᠷ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠥᠨᠳᠥᠷ ᠪᠠᠷᠢᠮᠵᠢᠶ᠎ᠠ ᠲᠣᠳᠣᠷᠬᠠᠶ | ᠨᠡᠪᠲᠡᠷᠡᠭᠦᠯᠦᠭᠰᠡᠨ ᠪᠠᠷᠢᠮᠵᠢᠶᠠᠲᠤ ᠰᠤᠪᠠᠭ ᠢ ᠠᠯᠬᠤᠮ ᠠᠯᠬᠤᠮ ᠢᠶᠠᠷ ᠬᠠᠭᠠᠵᠤ ᠵᠣᠭᠰᠤᠭᠠᠵᠤ᠂ ᠪᠦᠬᠦ ᠣᠷᠣᠨ ᠤ ᠡᠯ᠎ᠡ ᠱᠠᠲᠤᠨ ᠤ ᠷᠠᠳᠢᠣ᠋ ᠲᠧᠯᠸᠢᠰ ᠨᠡᠪᠲᠡᠷᠡᠭᠦᠯᠬᠦ | ᠪᠠᠶᠢᠭᠤᠯᠤᠮᠵᠢ ᠶᠢᠨ ᠥᠨᠳᠥᠷ ᠲᠤᠳᠤᠷᠠᠴᠢᠯᠠᠭᠰᠠᠨ ᠢ ᠪᠦᠬᠦ ᠲᠠᠯ᠎ᠠ ᠪᠠᠷ ᠪᠡᠶᠡᠯᠡᠭᠦᠯᠬᠦ ᠶᠢ ᠲᠦᠷᠭᠡᠳᠬᠡᠨ ᠠᠬᠢᠭᠤᠯᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠪᠣᠯᠤᠨ | ᠠᠶᠢᠮᠠᠭ ᠬᠤᠲᠠ ᠬᠤᠶᠠᠷ ᠱᠠᠲᠤᠨ ᠤ ᠬᠡᠲᠦ ᠥᠨᠳᠥᠷ ᠲᠤᠳᠤᠷᠠᠴᠠᠲᠤ ᠲᠧᠯᠸᠢᠰ ᠤᠨ ᠬᠥᠭᠵᠢᠯᠲᠡ ᠶᠢ ᠡᠮᠬᠢ ᠵᠢᠷᠤᠮ ᠲᠠᠢ ᠪᠠᠷ ᠲᠦᠯᠬᠢᠨ ᠠᠬᠢᠭᠤᠯᠵᠤ᠂ 4K ᠬᠡᠳᠦ ᠥᠨᠳᠥᠷ | ᠲᠤᠳᠤᠷᠠᠴᠠᠲᠤ ᠶᠢᠨ ᠦᠢᠯᠡᠳᠦᠨ ᠨᠡᠪᠲᠡᠷᠡᠭᠦᠯᠬᠦ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ᠨᠥᠬᠦᠴᠡᠯ ᠲᠠᠢ ᠨᠡᠪᠲᠡᠷᠡᠭᠦᠯᠬᠦ | ᠪᠠᠶᠢᠭᠤᠯᠤᠮᠵᠢ ᠶᠢᠨ 4K ᠬᠡᠳᠦ ᠥᠨᠳᠥᠷ ᠲᠤᠳᠤᠷᠠᠴᠠᠲᠤ ᠰᠤᠪᠠᠭ ᠢ ᠨᠡᠭᠡᠭᠡᠨ ᠡᠷᠬᠢᠯᠡᠬᠦ ᠶᠢ ᠳᠡᠮᠵᠢᠵᠦ᠂ ᠨᠥᠬᠦᠴᠡᠯ ᠲᠠᠢ ᠨᠡᠪᠲᠡᠷᠡᠭᠦᠯᠬᠦ ᠪᠠᠶᠢᠭᠤᠯᠤᠮᠵᠢ ᠶᠢᠨ 4K ᠬᠡᠳᠦ | ᠥᠨᠳᠥᠷ ᠲᠤᠳᠤᠷᠠᠴᠠᠲᠤ ᠪᠠᠷᠢᠮᠲᠠᠲᠤ ᠹᠢᠯᠢᠮ ᠢ ᠰᠡᠭᠦᠳᠡᠷᠯᠡᠨ ᠦᠢᠯᠡᠳᠬᠦ ᠠᠵᠢᠯ ᠥᠷᠨᠢᠭᠦᠯᠬᠦ ᠶᠢ ᠵᠣᠷᠢᠭᠵᠢᠭᠤᠯᠤᠨ᠂ ᠥᠪᠥᠷ ᠮᠣᠩᠭᠤᠯ ᠤᠨ ᠷᠠᠳᠢᠣ᠋ ᠲᠧᠯᠸᠢᠰ ᠤᠨ | ᠬᠤᠷᠢᠶ᠎ᠠ ᠶᠢᠨ 8K ᠬᠡᠳᠦ ᠥᠨᠳᠥᠷ ᠲᠤᠳᠤᠷᠠᠴᠠᠲᠤ ᠫᠷᠤᠭ᠍ᠷᠠᠮ ᠤᠨ ᠠᠭᠤᠯᠭ᠎ᠠ ᠶᠢ ᠰᠦᠪᠡᠭᠴᠢᠯᠡᠨ ᠦᠢᠯᠡᠳᠦᠨ᠎ᠡ᠃ | 2. ᠠᠭᠤᠯᠭ᠎ᠠ ᠶᠢᠨ ᠦᠢᠯᠡᠳᠪᠦᠷᠢᠯᠡᠯ ᠤᠨ ᠰᠢᠨ᠎ᠡ ᠶᠢ ᠡᠭᠦᠳᠦᠨ ᠬᠡᠷᠡᠭᠯᠡᠬᠦ ᠶᠢ ᠭᠦᠨᠵᠡᠭᠡᠶᠢᠷᠡᠭᠦᠯᠦᠨ᠎ᠡ | ᠪᠥᠬᠦ ᠣᠷᠣᠨ ᠤ ᠡᠯ᠎ᠡ ᠱᠠᠲᠤᠨ ᠤ ᠨᠡᠪᠲᠡᠷᠡᠭᠦᠯᠭᠡ ᠶᠢᠨ ᠪᠠᠶᠢᠭᠤᠯᠤᠮᠵᠢ ᠶᠢᠨ ᠦᠢᠯᠡᠳᠴᠦ ᠨᠡᠪᠲᠡᠷᠡᠭᠦᠯᠬᠦ ᠲᠣᠭᠲᠠᠯᠴᠠᠭ᠎ᠠ ᠶᠢ ᠲᠣᠭᠠᠵᠢᠭᠤᠯᠬᠤ᠂ ᠰᠦᠯᠵᠢᠶᠡᠵᠢᠭᠦᠯᠬᠦ ᠠᠴᠠ | ᠠᠭᠤᠰᠤᠯᠴᠠᠭᠤᠯᠬᠤ᠂ ᠤᠶᠤᠨᠴᠢᠯᠠᠬᠤ ᠲᠡᠶᠢᠰᠢ ᠬᠤᠪᠢᠷᠠᠭᠤᠯᠬᠤ ᠶᠢ ᠢᠳᠡᠪᠬᠢᠲᠡᠶ ᠠᠬᠢᠭᠤᠯᠵᠤ᠂ ᠦᠢᠯᠡᠳᠴᠦ ᠨᠡᠪᠲᠡᠷᠡᠭᠦᠯᠬᠦ ᠲᠠᠪᠴᠠᠩ ᠤᠨ IP᠂ ᠡᠭᠦᠯᠡᠨ ᠪᠤᠳᠤᠯᠲᠠ ᠶᠢᠨ | ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ᠵᠣᠬᠢᠶᠠᠮᠠᠯ ᠣᠶᠤᠨ ᠂ ᠲᠣᠮᠣ ᠳ᠋ᠠᠶᠢᠲ᠋ᠠ ᠶᠢᠨ ᠠᠭᠤᠯᠭ᠎ᠠ ᠠᠴᠠ ᠰᠡᠳᠦᠪ ᠰᠣᠩᠭᠤᠬᠤ᠂ ᠪᠣᠷᠣ ᠮᠠᠲ᠋ᠧᠷᠢᠶᠠᠯ ᠢ ᠡᠮᠬᠢᠳᠬᠡᠬᠦ᠂ | ᠨᠠᠶᠢᠷᠠᠭᠤᠯᠤᠨ ᠦᠢᠯᠡᠳᠬᠦ᠂ ᠠᠭᠤᠯᠭ᠎ᠠ ᠶᠢ ᠬᠢᠨᠠᠨ ᠬᠠᠷᠭᠤᠭᠤᠯᠬᠤ᠂ ᠵᠠᠭᠤᠴᠢᠯᠠᠭᠤᠷ ᠤᠨ ᠬᠥᠷᠥᠩᠭᠡ ᠶᠢᠨ ᠬᠠᠮᠢᠶᠠᠷᠤᠯᠲᠠ ᠵᠡᠷᠭᠡ ᠭᠤᠭᠴᠣᠭᠠᠨ ᠤ ᠪᠥᠬᠦ ᠶᠠᠪᠤᠴᠠ ᠶᠢᠨ | ᠬᠡᠷᠡᠭᠯᠡᠯᠲᠡ ᠶᠢ ᠴᠢᠩᠭᠠᠷᠠᠭᠤᠯᠤᠨ᠎ᠠ᠃ ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶ᠎ᠠ ᠶᠢᠨ ᠳᠡᠭᠡᠳᠦ ᠰᠢᠨ᠎ᠡ ᠮᠡᠷᠭᠡᠵᠢᠯ ᠤᠨ ᠤᠷᠤᠯᠳᠤᠭᠠᠨ ︵ᠠᠵᠢᠯᠯᠠᠭ᠎ᠠ︶ ᠳᠤᠮᠳᠠᠬᠢ | ᠵᠢᠱᠢᠶ᠎ᠡ ᠦᠵᠡᠭᠦᠯᠦᠨ ᠬᠡᠷᠡᠭᠯᠡᠬᠦ ᠶᠢ ᠬᠠᠶᠢᠨ ᠰᠦᠪᠡᠭᠴᠢᠯᠡᠬᠦ ᠶᠢ ᠵᠣᠷᠢᠭᠵᠢᠭᠤᠯᠵᠤ᠂ ᠬᠠᠷᠢᠯᠴᠠᠨ ᠬᠥᠳᠡᠯᠦᠯᠴᠡᠬᠦ ᠸᠢᠳᠢᠣ᠋᠂ VR ᠸᠢᠳᠢᠣ᠋ ᠵᠡᠷᠭᠡ ᠮᠡᠷᠭᠡᠵᠢᠯ ᠤᠨ ᠰᠤᠷᠭᠠᠨ | ᠬᠥᠮᠦᠵᠢᠯ᠂ ᠪᠡᠶ᠎ᠡ ᠶᠢᠨ ᠲᠠᠮᠢᠷ᠂ ᠦᠵᠡᠬᠦᠯᠭᠡ ᠵᠡᠷᠭᠡ ᠬᠦᠷᠢᠶᠡᠨ ᠳᠠᠬᠢ ᠬᠡᠷᠡᠭᠯᠡᠯᠲᠡ ᠶᠢ ᠲᠦᠯᠬᠢᠨ ᠠᠬᠢᠭᠤᠯᠵᠤ᠂ ᠬᠠᠷᠢᠯᠴᠠᠨ ᠬᠥᠳᠡᠯᠦᠯᠴᠡᠬᠦ᠂ ᠪᠦᠬᠦ ᠲᠠᠯ᠎ᠠ ᠪᠠᠷ ᠳᠡᠯᠭᠡᠨ | ᠦᠵᠡᠭᠦᠯᠬᠦ ᠶᠢ ᠠᠯᠬᠤᠮ ᠠᠯᠬᠤᠮ ᠢᠶᠠᠷ ᠪᠡᠶᠡᠯᠡᠭᠦᠯᠵᠦ᠂ ᠫᠷᠤᠭ᠍ᠷᠠᠮ ᠤᠨ ᠬᠡᠯᠪᠡᠷᠢ ᠶᠢᠨ ᠰᠢᠨ᠎ᠡ ᠶᠢ ᠡᠭᠦᠳᠴᠦ᠂ ᠬᠡᠷᠡᠭᠯᠡᠭᠴᠢᠳ ᠤᠨ ᠪᠡᠶᠡᠴᠢᠯᠡᠨ ᠣᠶᠢᠯᠠᠭᠠᠯᠲᠠ ᠶᠢ | ᠳᠡᠭᠡᠭᠰᠢᠯᠡᠭᠦᠯᠦᠨ᠎ᠡ᠃ ᠠᠶᠢᠮᠠᠭ ᠬᠤᠲᠠ ᠶᠢᠨ ᠱᠠᠲᠤᠨ ᠤ ᠬᠠᠮ ᠵᠠᠭᠤᠴᠢᠯᠠᠭᠤᠷ ᠤᠨ ᠲᠥᠪ ᠨᠢ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ ᠨᠡᠶᠢᠲᠡᠯᠡᠭᠰᠡᠨ | ᠲᠤᠰᠬᠠᠶ ᠣᠷᠣᠨ ᠬᠤᠲᠠ ᠶᠢᠨ ᠱᠠᠲᠤᠨ ᠤ ᠬᠠᠮ ᠵᠠᠭᠤᠴᠢᠯᠠᠭᠤᠷ ᠤᠨ ᠲᠥᠪ ᠤᠨ ᠮᠡᠷᠭᠡᠵᠢᠯ ᠤᠨ ᠪᠠᠷᠢᠮᠵᠢᠶ᠎ᠠ ᠶᠣᠰᠣᠭᠠᠷ ᠪᠥᠲᠥᠭᠡᠨ ᠪᠠᠶᠢᠭᠤᠯᠵᠤ᠂ ᠥᠪᠡᠷᠲᠡᠭᠡᠨ ᠵᠠᠰᠠᠬᠤ | ᠣᠷᠣᠨ᠂ ᠠᠶᠢᠮᠠᠭ ᠬᠤᠲᠠ᠂ ᠬᠤᠰᠢᠭᠤ ᠰᠢᠶᠠᠨ ᠤ ᠱᠠᠲᠤᠨ ᠤ ᠲᠠᠪᠴᠠᠩ ᠤᠨ ᠵᠣᠯᠭᠠᠭᠤᠯᠵᠤ ᠬᠤᠯᠪᠣᠯᠳᠤᠭᠤᠯᠬᠤ ᠶᠢ ᠠᠩᠬ᠎ᠠ ᠠᠯᠬᠤᠮ ᠪᠡᠶᠡᠯᠡᠭᠦᠯᠦᠨ᠎ᠡ᠃ ᠨᠥᠬᠦᠴᠡᠯ ᠲᠠᠢ | ᠠᠶᠢᠮᠠᠭ ᠬᠤᠲᠠ ᠶᠢᠨ ᠨᠡᠪᠲᠡᠷᠡᠭᠦᠯᠬᠦ ᠪᠠᠶᠢᠭᠤᠯᠤᠮᠵᠢ ᠶᠢᠨ ᠲᠤᠰ ᠭᠠᠵᠠᠷ ᠤᠨ ᠪᠣᠳᠠᠲᠠᠢ ᠲᠠᠢ ᠪᠠᠨ ᠤᠶᠠᠯᠳᠤᠭᠤᠯᠤᠨ᠂ ᠵᠣᠬᠢᠶᠠᠮᠠᠯ ᠤᠶᠤᠨ᠂ ᠲᠣᠮᠣ ᠳ᠋ᠠᠶᠢᠲ᠋ᠠ ᠵᠡᠷᠭᠡ ᠰᠢᠨ᠎ᠡ | ᠮᠡᠷᠭᠡᠵᠢᠯ ᠤᠨ ᠦᠢᠯᠡᠴᠢᠯᠡᠭᠡ ᠶᠢ ᠫᠷᠤᠭ᠍ᠷᠠᠮ ᠤᠨ ᠦᠢᠯᠡᠳᠪᠦᠷᠢᠯᠡᠯ ᠳᠤ ᠬᠡᠷᠡᠭᠯᠡᠬᠦ ᠶᠢ ᠬᠠᠶᠢᠨ ᠰᠦᠪᠡᠭᠴᠢᠯᠡᠵᠦ᠂ ᠤᠶᠤᠨᠴᠢᠯᠠᠭᠰᠠᠨ ᠵᠠᠭᠤᠴᠢᠯᠠᠭᠤᠷ ᠤᠨ ᠰᠢᠰᠲ᠋ᠧᠮ ᠤᠨ | ᠪᠦᠲᠦᠭᠡᠨ ᠪᠠᠶᠢᠭᠤᠯᠤᠯᠲᠠ ᠶᠢᠨ ᠳᠡᠰ ᠳᠡᠪᠰᠢᠬᠦ ᠶᠢ ᠠᠯᠬᠤᠮ ᠠᠯᠬᠤᠮ ᠢᠶᠠᠷ ᠥᠷᠨᠢᠭᠦᠯᠦᠨ᠎ᠡ᠃ ᠠᠶᠢᠮᠠᠭ ᠬᠤᠲᠠ᠂ ᠬᠤᠰᠢᠭᠤ ᠰᠢᠶᠠᠨ ᠤ ᠨᠡᠪᠲᠡᠷᠡᠭᠦᠯᠬᠦ ᠪᠠᠶᠢᠭᠤᠯᠤᠮᠵᠢ ᠶᠢᠨ | ᠤᠶᠤᠨᠴᠢᠯᠠᠭᠰᠠᠨ ᠦᠢᠯᠡᠳᠪᠦᠷᠢᠯᠡᠯ ᠤᠨ ᠰᠢᠰᠲ᠋ᠧᠮ᠂ ᠤᠶᠤᠨᠴᠢᠯᠠᠭᠰᠠᠨ ᠬᠢᠨᠠᠨ ᠬᠠᠷᠭᠤᠭᠤᠯᠬᠤ ᠰᠢᠰᠲ᠋ᠧᠮ ᠤᠨ ᠬᠡᠪᠴᠢᠶᠡᠵᠢᠭᠰᠡᠨ᠂ ᠣᠨᠣᠪᠴᠢᠯᠠᠭᠰᠠᠨ ᠬᠡᠷᠡᠭᠯᠡᠯᠲᠡ ᠶᠢ | ᠴᠢᠩᠭᠠᠳᠬᠠᠵᠤ᠂ ᠬᠤᠰᠢᠭᠤ ᠰᠢᠶᠠᠨ ᠤ ᠨᠡᠪᠲᠡᠷᠡᠭᠦᠯᠬᠦ ᠪᠠᠶᠢᠭᠤᠯᠤᠮᠵᠢ ᠶᠢᠨ ᠰᠣᠳᠣᠨ ᠠᠭᠤᠯᠭ᠎ᠠ ᠶᠢ ᠵᠣᠬᠢᠶᠠᠨ ᠪᠦᠲᠦᠭᠡᠵᠦ ᠦᠢᠯᠡᠳᠪᠦᠷᠢᠯᠡᠬᠦ ᠴᠢᠳᠠᠪᠤᠷᠢ ᠶᠢ | ᠳᠡᠭᠡᠭᠰᠢᠯᠡᠭᠦᠯᠦᠨ᠎ᠡ᠃ | 3. ᠴᠢᠨᠠᠷ ᠰᠠᠶᠢᠲᠠᠶ ᠫᠷᠤᠭ᠍ᠷᠠᠮ ᠤᠨ ᠡᠬᠢ ᠪᠠᠶᠠᠯᠢᠭ ᠤᠨ ᠬᠠᠩᠭᠠᠯᠭ᠎ᠠ ᠶᠢ ᠪᠠᠶᠠᠯᠢᠭᠵᠢᠭᠤᠯᠤᠨ᠎ᠠ | ︽ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠵᠦ ᠬᠠᠮᠲᠤ ᠪᠠᠷ ᠠᠰᠢᠭ ᠬᠦᠷᠲᠡᠬᠦ︾ ᠶᠢ ᠪᠠᠷᠢᠮᠲᠠᠯᠠᠵᠤ᠂ ᠣᠷᠣᠨ ᠪᠦᠰᠡ ᠶᠢᠨ ᠪᠠᠬᠢᠯᠡᠯᠲᠡ ᠶᠢ ᠨᠡᠪᠲᠡᠷᠡᠭᠦᠯᠵᠦ᠂ ᠭᠤᠯᠳᠤ | ᠴᠢᠭᠯᠡᠯ ᠬᠥᠨᠳᠡᠯᠡᠨ ᠴᠢᠭᠯᠡᠯ ᠢᠶᠠᠷ ᠬᠠᠮᠲᠤᠷᠠᠯᠴᠠᠬᠤ ᠶᠢ ᠴᠢᠩᠭᠠᠳᠬᠠᠵᠤ᠂ ᠪᠦᠬᠦ ᠣᠷᠣᠨ ᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠶ᠂ ᠣᠯᠠᠨ ᠨᠡᠶᠢᠲᠡ ᠶᠢᠨ ᠴᠢᠨᠠᠷᠲᠠᠶ | ᠰᠢᠯᠢᠳᠡᠭ ᠷᠠᠳᠢᠣ᠋ ᠲᠧᠯᠸᠢᠰ ᠤᠨ ᠫᠷᠤᠭ᠍ᠷᠠᠮ ᠤᠨ ᠡᠬᠢ ᠪᠠᠶᠠᠯᠢᠭ ᠢ ᠬᠤᠷᠠᠮᠳᠤᠭᠤᠯᠵᠤ᠂ ᠡᠯ᠎ᠡ ᠨᠡᠪᠲᠡᠷᠡᠭᠦᠯᠬᠦ ᠪᠠᠶᠢᠭᠤᠯᠤᠮᠵᠢ ᠳᠤ ᠲᠥᠯᠥᠪᠦᠷᠢ ᠦᠭᠡᠶ ᠪᠠᠷ ᠬᠠᠩᠭᠠᠨ ᠥᠭᠴᠦ᠂ | ᠪᠦᠬᠦ ᠣᠷᠣᠨ ᠤ ᠡᠯ᠎ᠡ ᠱᠠᠲᠤᠨ ᠤ ᠨᠡᠪᠲᠡᠷᠡᠭᠦᠯᠬᠦ ᠪᠠᠶᠢᠭᠤᠯᠤᠮᠵᠢ ᠶᠢᠨ ᠣᠳᠣ ᠶᠢᠨ ᠪᠠᠶᠢᠭ᠎ᠠ ᠫᠷᠤᠭ᠍ᠷᠠᠮ ᠤᠨ ᠡᠬᠢ ᠪᠠᠶᠠᠯᠢᠭ ᠢ ᠠᠮᠢᠯᠠᠭᠤᠯᠵᠤ᠂ ᠦᠨᠳᠦᠰᠦᠨ ᠱᠠᠲᠤᠨ ᠤ ᠷᠠᠳᠢᠣ᠋ | ᠲᠧᠯᠸᠢᠰ ᠤᠨ ᠫᠷᠤᠭ᠍ᠷᠠᠮ ᠤᠨ ᠦᠢᠯᠡᠳᠪᠦᠷᠢᠯᠡᠬᠦ ᠴᠢᠳᠠᠪᠤᠷᠢ ᠪᠠᠷ ᠨᠡᠯᠢᠶᠡᠳ ᠪᠠᠭᠤᠷᠠᠶ ᠪᠠᠶᠢᠬᠤ ᠠᠰᠠᠭᠤᠳᠠᠯ ᠢ ᠰᠢᠢᠳᠪᠦᠷᠢᠯᠡᠨ᠎ᠡ᠃ ᠡᠯ᠎ᠡ ᠱᠠᠲᠤᠨ ᠤ ᠨᠡᠪᠲᠡᠷᠡᠭᠦᠯᠬᠦ | ᠪᠠᠶᠢᠭᠤᠯᠤᠮᠵᠢ ᠶᠢ ᠵᠣᠷᠢᠭᠵᠢᠭᠤᠯᠬᠤ ᠪᠠ ᠬᠥᠲᠥᠯᠥᠨ ᠵᠢᠯᠣᠭᠤᠳᠴᠤ ᠪᠠᠶᠢᠭᠠᠳ ᠫᠷᠤᠭ᠍ᠷᠠᠮ ᠤᠨ ᠪᠠᠷᠢᠮᠵᠢᠶ᠎ᠠ ᠶᠢ ᠨᠢᠭᠡᠳᠦᠯᠵᠢᠭᠦᠯᠵᠦ᠂ ᠭᠤᠤᠯ ᠰᠡᠳᠦᠪ ᠢ ᠲᠥᠰᠦᠪᠯᠡᠬᠦ ᠶᠢ | ᠴᠢᠩᠭᠠᠳᠬᠠᠨ᠂ ᠠᠭᠤᠯᠭ᠎ᠠ ᠨᠢ ᠣᠶᠢᠷᠠᠯᠴᠠᠭ᠎ᠠ᠂ ᠰᠡᠳᠦᠪ ᠨᠢ ᠠᠳᠠᠯᠢᠪᠲᠤᠷ ᠫᠷᠤᠭ᠍ᠷᠠᠮ ᠢ ᠡᠮᠬᠢᠯᠡᠨ ᠨᠡᠶᠢᠯᠡᠭᠦᠯᠵᠦ᠂ ᠬᠠᠮᠲᠤᠷᠠᠨ ᠰᠡᠳᠦᠵᠦ᠂ ᠬᠠᠮᠲᠤᠷᠠᠨ ᠰᠤᠷᠪᠤᠯᠵᠢᠯᠠᠨ | ᠨᠠᠶᠢᠷᠠᠭᠤᠯᠵᠤ᠂ ᠬᠠᠮᠲᠤᠷᠠᠨ ᠵᠣᠬᠢᠶᠠᠵᠤ᠂ ᠬᠠᠮᠲᠤᠷᠠᠨ ᠨᠡᠪᠲᠡᠷᠡᠭᠦᠯᠵᠦ᠂ ᠨᠢᠭᠡ ᠪᠦᠯᠦᠭ ᠲᠤᠰ ᠲᠤᠰ ᠤᠨ ᠣᠨᠴᠠᠯᠢᠭ ᠲᠠᠢ ᠰᠢᠯᠢᠳᠡᠭ ᠷᠠᠳᠢᠣ᠋ ᠲᠧᠯᠸᠢᠰ ᠤᠨ ᠫᠷᠤᠭ᠍ᠷᠠᠮ ᠢ | ᠬᠥᠲᠥᠯᠥᠨ ᠵᠢᠯᠣᠭᠤᠳᠴᠤ᠂ ᠪᠤᠶᠢᠵᠢᠭᠤᠯᠵᠤ᠂ ᠪᠣᠶ ᠪᠣᠯᠭᠠᠵᠤ᠂ ᠣᠷᠣᠨ ᠪᠦᠰᠡ ᠠᠯᠤᠰᠯᠠᠭᠰᠠᠨ ᠵᠠᠭᠤᠴᠢᠯᠠᠭᠤᠷ ᠤᠨ ᠡᠬᠢ ᠪᠠᠶᠠᠯᠢᠭ ᠢ ᠨᠡᠶᠢᠯᠡᠭᠦᠯᠦᠨ ᠦᠢᠯᠡᠳᠪᠦᠷᠢᠯᠡᠬᠦ ᠶᠢ | ᠪᠡᠶᠡᠯᠡᠭᠦᠯᠦᠨ᠎ᠡ᠃ ᠦᠨᠡᠯᠡᠬᠦ ᠵᠣᠬᠢᠴᠠᠮᠵᠢ ᠶᠢ ᠪᠦᠷᠢᠨᠰᠢᠭᠦᠯᠦᠨ᠂ ᠫᠷᠤᠭ᠍ᠷᠠᠮ ᠤᠨ ᠠᠭᠤᠯᠭ᠎ᠠ ᠶᠢ ᠦᠨᠡᠯᠡᠬᠦ ᠲᠤᠭᠲᠠᠯᠴᠠᠭ᠎ᠠ ᠶᠢᠨ ᠰᠢᠨᠵᠢᠯᠡᠬᠦ ᠤᠬᠠᠭᠠᠨᠴᠢ ᠴᠢᠨᠠᠷ ᠢ | ᠴᠢᠩᠭᠠᠷᠠᠭᠤᠯᠵᠤ᠂ ᠴᠢᠨᠠᠷ ᠰᠠᠶᠢᠲᠠᠶ ᠫᠷᠤᠭ᠍ᠷᠠᠮ ᠤᠨ ᠡᠬᠢ ᠪᠠᠶᠠᠯᠢᠭ ᠢ ᠬᠠᠮᠲᠤ ᠪᠠᠷ ᠡᠳ᠋ᠯᠡᠵᠦ᠂ ᠠᠭᠤᠯᠭ᠎ᠠ ᠶᠢ ᠳᠠᠮᠵᠢᠭᠤᠯᠬᠤ ᠵᠢᠭᠰᠠᠭᠠᠯ ᠢ ᠪᠣᠶ ᠪᠣᠯᠭᠠᠨ᠂ ᠰᠢᠯᠢᠳᠡᠭ | ᠫᠷᠤᠭ᠍ᠷᠠᠮ ᠤᠨ ᠳᠠᠮᠵᠢᠭᠤᠯᠬᠤ ᠬᠦᠴᠦᠨ ᠪᠠ ᠨᠥᠯᠥᠭᠡᠯᠡᠬᠦ ᠬᠦᠴᠦᠨ ᠢ ᠨᠡᠮᠡᠭᠳᠡᠭᠦᠯᠦᠨ᠎ᠡ᠃ | ︵ᠬᠤᠶᠠᠷ︶ ᠤᠬᠠᠭᠠᠯᠢᠭ ᠷᠠᠳᠢᠣ᠋ ᠲᠧᠯᠸᠢᠰ ᠳᠠᠮᠵᠢᠭᠤᠯᠭ᠎ᠠ ᠶᠢᠨ ᠪᠦᠷᠬᠦᠴᠡ ᠶᠢᠨ ᠲᠣᠭᠲᠠᠯᠴᠠᠭ᠎ᠠ | 1.ᠤᠲᠠᠰᠤ ᠦᠭᠡᠢ ᠷᠠᠳᠢᠣ᠋ ᠲᠧᠯᠸᠢᠰ ᠤᠨ ᠪᠦᠷᠬᠦᠴᠡ ᠶᠢᠨ ᠰᠦᠯᠵᠢᠶᠡᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ | ᠣᠳᠣ ᠶᠢᠨ ᠪᠠᠶᠢᠭ᠎ᠠ ᠤᠲᠠᠰᠤ ᠦᠭᠡᠶ ᠪᠦᠷᠬᠦᠴᠡ ᠶᠢᠨ ᠲᠣᠤᠷ ᠤᠨ ᠦᠯᠡᠳᠡᠭᠡᠯ ᠡᠬᠢ ᠪᠠᠶᠠᠯᠢᠭ ᠢ ᠰᠠᠶᠢᠲᠤᠷ ᠠᠰᠢᠭᠯᠠᠵᠤ᠂ ᠷᠠᠳᠢᠣ᠋ ᠲᠧᠯᠸᠢᠰ ᠤᠨ ᠫᠷᠤᠭ᠍ᠷᠠᠮ ᠤᠨ ᠤᠲᠠᠰᠤ | ᠦᠭᠡᠶ ᠲᠣᠭᠠᠵᠢᠭᠤᠯᠬᠤ ᠥᠨᠳᠥᠷ ᠲᠤᠳᠤᠷᠠᠴᠠᠲᠤᠵᠢᠭᠤᠯᠬᠤ ᠪᠦᠷᠬᠦᠴᠡ ᠶᠢ ᠯᠠᠪᠳᠠᠭᠤᠨ ᠢᠶᠠᠷ ᠠᠬᠢᠭᠤᠯᠬᠤ ᠶᠢᠨ ᠬᠠᠮᠲᠤ᠂ ᠬᠤᠶᠢᠴᠢ ᠦᠶ᠎ᠡ ᠶᠢᠨ ᠤᠲᠠᠰᠤ ᠦᠭᠡᠢ ᠷᠠᠳᠢᠣ᠋ ᠶᠢᠨ | ᠮᠡᠷᠭᠡᠵᠢᠯ ᠢ ᠷᠠᠳᠢᠣ᠋ ᠲᠧᠯᠸᠢᠰ ᠤᠨ ᠠᠵᠢᠯ ᠲᠥᠷᠥᠯ ᠳᠤ ᠬᠡᠷᠡᠭᠯᠡᠬᠦ ᠶᠢ ᠢᠳᠡᠪᠬᠢᠲᠡᠶ ᠰᠦᠪᠡᠭᠴᠢᠯᠡᠨ᠎ᠡ᠃ ᠤᠲᠠᠰᠤ ᠦᠭᠡᠢ ᠷᠠᠳᠢᠣ᠋ ᠶᠢᠨ ᠳᠠᠪᠲᠠᠮᠵᠢ ᠶᠢᠨ ᠵᠢᠭᠰᠠᠯ ᠤᠨ ᠬᠡᠷᠡᠭᠯᠡᠬᠦ | ᠣᠷᠣᠨ ᠵᠠᠶ ᠪᠠ ᠮᠡᠳᠡᠭᠡ ᠵᠠᠩᠭᠢ ᠶᠢᠨ ᠪᠠᠭᠲᠠᠭᠠᠮᠵᠢ ᠶᠢ ᠥᠷᠭᠡᠳᠬᠡᠨ᠂ ᠤᠲᠠᠰᠤ ᠥᠬᠡᠶ ᠪᠦᠷᠬᠦᠴᠡ ᠶᠢᠨ ᠲᠣᠤᠷ ᠤᠨ ᠦᠢᠯᠡᠴᠢᠯᠡᠭᠡᠨ ᠤ ᠰᠢᠯᠵᠢᠮᠡᠯ ᠦᠵᠦᠭᠦᠷ ᠤᠨ ᠭᠠᠷᠳᠠᠬᠤ | ᠭᠠᠵᠠᠷ ᠢ ᠬᠠᠶᠢᠨ ᠰᠦᠪᠡᠭᠴᠢᠯᠡᠵᠦ᠂ ᠣᠨᠴᠠᠭᠠᠶ ᠵᠠᠬᠢᠶᠠᠯᠠᠨ ᠦᠢᠯᠡᠳᠬᠦ ᠦᠢᠯᠡᠴᠢᠯᠡᠭᠡ ᠶᠢ ᠬᠠᠩᠭᠠᠨ᠂ ᠬᠡᠷᠡᠭᠯᠡᠭᠴᠢ ᠶᠢᠨ ᠬᠤᠭᠤᠷᠣᠨᠳᠣᠬᠢ ᠮᠡᠳᠡᠭᠡ ᠵᠠᠩᠭᠢ ᠶᠢᠨ | ᠰᠣᠯᠢᠯᠴᠠᠭ᠎ᠠ ᠶᠢ ᠠᠬᠢᠭᠤᠯᠵᠤ᠂ ︽ᠤᠶᠤᠨᠲᠤ ᠷᠠᠳᠢᠣ᠋ ᠲᠧᠯᠸᠢᠰ︾ ᠤᠨ ᠤᠲᠠᠰᠤ ᠥᠬᠡᠶ ᠪᠦᠷᠬᠦᠴᠡ ᠶᠢᠨ ᠬᠥᠭᠵᠢᠯᠲᠡ ᠶᠢᠨ ᠠᠷᠭ᠎ᠠ ᠵᠠᠮ ᠢ ᠥᠷᠭᠡᠳᠬᠡᠨ᠂ ᠷᠠᠳᠢᠣ᠋ | ᠲᠧᠯᠸᠢᠰ ᠤᠨ ᠰᠢᠨ᠎ᠡ ᠬᠡᠯᠪᠡᠷᠢ ᠶᠢᠨ ᠲᠤᠬᠠᠶᠢᠯᠠᠭᠰᠠᠨ ᠠᠵᠢᠯ ᠤᠨ ᠵᠠᠭᠪᠤᠷ ᠢ ᠪᠣᠶ ᠪᠣᠯᠭᠠᠵᠤ᠂ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠪᠠ ᠪᠦᠲᠦᠮᠵᠢᠲᠡᠶ ᠠᠰᠢᠭᠯᠠᠬᠤ ᠶᠢ | ᠪᠡᠶᠡᠯᠡᠭᠦᠯᠦᠨ᠎ᠡ᠃ ᠬᠤᠷᠢᠶ᠎ᠠ ᠥᠷᠲᠡᠭᠡ ᠶᠢᠨ ᠪᠠᠷᠢᠮᠵᠢᠶᠠᠵᠢᠭᠤᠯᠤᠯᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠮᠡᠳᠡᠭᠡ ᠵᠠᠩᠭᠢᠵᠢᠯᠲᠠ ᠶᠢᠨ ᠪᠦᠲᠦᠭᠡᠨ | ᠪᠠᠶᠢᠭᠤᠯᠤᠯᠲᠠ᠂ ᠳᠡᠭᠡᠳᠦ ᠰᠢᠨ᠎ᠡ ᠮᠡᠷᠭᠡᠵᠢᠯ ᠤᠨ ᠬᠡᠷᠡᠭᠯᠡᠯᠲᠡ ᠵᠢᠴᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠵᠡᠷᠭᠡ 10 ᠲᠠᠯ᠎ᠠ ᠶᠢᠨ | ᠠᠭᠤᠯᠭ᠎ᠠ ᠶᠢᠨ ᠲᠣᠭᠤᠷᠢᠨ ᠳᠤ᠂ ᠣᠶᠣᠨᠲᠤ ᠷᠠᠳᠢᠣ᠋ ᠲᠧᠯᠸᠢᠰ ᠤᠨ ᠤᠲᠠᠰᠤ ᠥᠬᠡᠶ ᠰᠦᠯᠵᠢᠶᠡᠨ ᠤ ᠬᠠᠮᠠᠭᠠᠯᠠᠯᠲᠠ ᠬᠠᠮᠢᠶᠠᠷᠤᠯᠲᠠ ᠶᠢᠨ ᠲᠦᠪᠰᠢᠨ ᠪᠠ ᠤᠲᠠᠰᠤ ᠥᠬᠡᠶ | ᠪᠦᠷᠬᠦᠴᠡ ᠶᠢᠨ ᠰᠠᠴᠤᠷᠠᠭᠤᠯᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ᠠᠷᠠᠳ ᠣᠯᠠᠨ ᠤ ᠷᠠᠳᠢᠣ᠋ ᠨᠡᠪᠲᠡᠷᠡᠭᠦᠯᠭᠡ ᠶᠢ ᠰᠠᠶᠢᠲᠤᠷ ᠰᠣᠨᠣᠰᠬᠤ᠂ ᠲᠧᠯᠸᠢᠰ ᠢ ᠰᠠᠶᠢᠲᠤᠷ | ᠦᠵᠡᠬᠦ ᠳᠤ ᠪᠠᠲᠤ ᠴᠢᠩᠭ᠎ᠠ ᠪᠠᠲᠤᠯᠠᠭ᠎ᠠ ᠬᠠᠩᠭᠠᠨ᠎ᠠ᠃ | 2. ᠣᠲᠠᠰᠣᠲᠤ ᠲᠧᠯᠧᠢᠰ ᠤᠨ ᠰᠦᠯᠵᠢᠶ᠎ᠡ ᠶᠢ ᠲᠠᠰ ᠲᠠᠪᠰᠢᠭᠦᠯᠭᠦ ᠣᠢᠭᠡᠷᠠᠴᠢᠯᠠᠯᠲᠠ ᠶᠢ ᠠᠭᠢᠭᠤᠯᠣᠨ᠎ᠠ | ᠵᠣᠬᠢᠶᠠᠮᠠᠯ ᠣᠶᠤᠨ᠂ ᠲᠣᠮᠣ ᠳ᠋ᠠᠶᠢᠲ᠋ᠠ᠂ ᠡᠭᠦᠯᠡᠨ ᠪᠣᠳᠣᠯᠲᠠ᠂ ᠵᠥᠭᠡᠯᠡᠨ ᠲᠣᠨᠤᠭ ᠤᠨ ᠲᠣᠮᠢᠶᠠᠯᠠᠯ ᠤᠨ ᠰᠦᠯᠵᠢᠶ᠎ᠡ᠂ ᠰᠦᠯᠵᠢᠶᠡᠨ ᠤ ᠴᠢᠳᠠᠮᠵᠢ ᠶᠢᠨ ᠬᠡᠶᠢᠰᠪᠦᠷᠢᠴᠢᠯᠡᠯᠲᠡ᠂ | ᠵᠠᠬ᠎ᠠ ᠬᠢᠵᠠᠭᠠᠷ ᠤᠨ ᠪᠣᠳᠣᠯᠲᠠ᠂ ᠪᠢᠴᠢᠯ ᠦᠢᠯᠡᠴᠢᠯᠡᠭᠡ ᠵᠡᠷᠭᠡ ᠰᠢᠨ᠎ᠡ ᠮᠡᠷᠭᠡᠵᠢᠯ ᠢ ᠭᠦᠢᠴᠡᠳ ᠬᠡᠷᠡᠭᠯᠡᠵᠦ᠂ ᠤᠲᠠᠰᠤᠲᠤ ᠲᠧᠯᠸᠢᠰ ᠤᠨ ᠰᠦᠯᠵᠢᠶᠡᠨ ᠤ ᠴᠢᠨᠠᠷ ᠰᠠᠶᠢᠲᠠᠶ | ᠰᠢᠨ᠎ᠡ ᠶᠢ ᠡᠭᠦᠳᠬᠦ ᠴᠢᠨᠠᠷᠲᠠᠶ ᠬᠥᠭᠵᠢᠯᠲᠡ ᠶᠢ ᠠᠬᠢᠭᠤᠯᠬᠤ ᠪᠠᠷ ᠭᠤᠤᠯ ᠰᠢᠵᠢᠮ ᠪᠣᠯᠭᠠᠵᠤ᠂ ᠤᠲᠠᠰᠤᠲᠤ ᠲᠧᠯᠸᠢᠰ ᠤᠨ ᠲᠣᠤᠷ ᠰᠦᠯᠵᠢᠶ᠎ᠡ ᠬᠢᠭᠡᠳ ᠰᠢᠨ᠎ᠡ ᠨᠢᠭᠡ | ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠤᠨ ᠭᠦᠨᠵᠡᠭᠡᠶ ᠠᠭᠤᠰᠤᠯᠴᠠᠯ ᠢ ᠭᠦᠨᠵᠡᠭᠡᠶᠢᠷᠡᠭᠦᠯᠬᠦ ᠪᠠᠷ ᠭᠤᠤᠯᠳᠠᠯᠭ᠎ᠠ ᠪᠣᠯᠭᠠᠵᠤ᠂ ᠪᠥᠬᠦ ᠣᠷᠣᠨ ᠤ ᠤᠲᠠᠰᠤᠲᠤ ᠲᠧᠯᠸᠢᠰ ᠤᠨ | ᠭᠤᠣᠯᠯᠠᠬᠤ ᠰᠦᠯᠵᠢᠶ᠎ᠡ᠂ ᠬᠤᠲᠠ ᠶᠢᠨ ᠬᠡᠪᠴᠢᠶᠡᠨ ᠤ ᠰᠦᠯᠵᠢᠶ᠎ᠡ ᠪᠠ ᠰᠦᠯᠵᠢᠶᠡᠨ ᠳᠤ ᠣᠷᠣᠭᠤᠯᠬᠤ ᠶᠢ ᠥᠭᠡᠷᠡᠴᠢᠯᠡᠨ ᠲᠠᠰ ᠳᠡᠪᠰᠢᠭᠦᠯᠬᠦ ᠶᠢ ᠠᠬᠢᠭᠤᠯᠵᠤ᠂ IP | ᠪᠣᠯᠭᠠᠭᠰᠠᠨ᠂ ᠡᠭᠦᠯᠡᠨᠵᠢᠭᠰᠡᠨ᠂ ᠤᠶᠤᠨᠴᠢᠯᠠᠭᠰᠠᠨ᠂ ᠠᠭᠤᠰᠤᠯᠴᠠᠭᠰᠠᠨ ᠰᠢᠨ᠎ᠡ ᠬᠡᠯᠪᠡᠷᠢ ᠶᠢᠨ ᠤᠲᠠᠰᠤᠲᠤ ᠲᠧᠯᠸᠢᠰ ᠤᠨ ᠲᠣᠤᠷ ᠢ ᠪᠣᠶ ᠪᠣᠯᠭᠠᠨ᠎ᠠ᠃ ᠡᠮᠦᠨ᠎ᠡ | ᠦᠵᠦᠭᠦᠷ ᠤᠨ ᠰᠢᠰᠲ᠋ᠧᠮ ᠢ ᠲᠡᠰ ᠳᠡᠪᠰᠢᠭᠦᠯᠦᠨ ᠥᠭᠡᠷᠡᠴᠢᠯᠡᠬᠦ᠂ ᠡᠮᠦᠨ᠎ᠡ ᠦᠵᠦᠭᠦᠷ ᠤᠨ ᠭᠠᠮᠰᠢᠭ ᠲᠤ ᠪᠡᠯᠡᠳᠬᠡᠬᠦ ᠲᠠᠪᠴᠠᠩ ᠤᠨ ᠪᠦᠲᠦᠭᠡᠨ ᠪᠠᠶᠢᠭᠤᠯᠤᠯᠲᠠ᠂ IT | ᠲᠤᠯᠭᠠᠭᠤᠷᠢᠯᠠᠬᠤ ᠰᠢᠰᠲ᠋ᠧᠮ ᠤᠨ ᠪᠦᠲᠦᠭᠡᠨ ᠪᠠᠶᠢᠭᠤᠯᠤᠯᠲᠠ᠂ ᠤᠯᠠᠨ ᠲᠡᠰ ᠤᠨ ᠲᠠᠷᠬᠠᠯᠲᠠ ᠶᠢᠨ ᠬᠡᠯᠪᠡᠷᠢ ᠶᠢᠨ ᠤᠶᠤᠨᠲᠤ ᠷᠠᠳᠢᠣ᠋ ᠲᠧᠯᠸᠢᠰ ᠤᠨ ᠡᠭᠦᠯᠡᠨ ᠲᠠᠪᠴᠠᠩ ᠤᠨ | ᠪᠦᠲᠦᠭᠡᠨ ᠪᠠᠶᠢᠭᠤᠯᠤᠯᠲᠠ᠂ ᠤᠶᠤᠨᠲᠤ ᠷᠠᠳᠢᠣ᠋ ᠲᠧᠯᠸᠢᠰ ᠤᠨ ᠳ᠋ᠠᠶᠢᠲ᠋ᠠ ᠶᠢᠨ ᠡᠬᠢ ᠪᠠᠶᠠᠯᠢᠭ ᠤᠨ ᠲᠣᠭᠳᠠᠯᠴᠠᠭ᠎ᠠ ᠶᠢᠨ ᠪᠦᠲᠦᠭᠡᠨ ᠪᠠᠶᠢᠭᠤᠯᠤᠯᠲᠠ᠂ ᠤᠶᠤᠨᠯᠢᠭ | ᠠᠭᠤᠰᠤᠯᠴᠠᠯ ᠤᠨ CDN ᠶᠢᠨ ᠪᠦᠲᠦᠭᠡᠨ ᠪᠠᠶᠢᠭᠤᠯᠤᠯᠲᠠ᠂ ᠸᠢᠳᠢᠣ᠋ ᠪᠠᠷ ᠨᠡᠪᠲᠡᠷᠡᠭᠦᠯᠬᠦ ᠰᠢᠰᠲ᠋ᠧᠮ ᠤᠨ ᠥᠭᠡᠷᠡᠴᠢᠯᠡᠯᠲᠡ᠂ IPv6 ᠶᠢ ᠲᠡᠰ ᠳᠡᠪᠰᠢᠭᠦᠯᠦᠨ ᠥᠭᠡᠷᠡᠴᠢᠯᠡᠬᠦ | ᠵᠡᠷᠭᠡ ᠵᠠᠩᠭᠢᠯᠠᠭ᠎ᠠ ᠶᠢᠨ ᠲᠦᠷᠦᠯ ᠵᠦᠢᠯ ᠢ ᠭᠤᠣᠯᠳᠠᠯᠭ᠎ᠠ ᠲᠠᠢ ᠰᠠᠶᠢᠲᠤᠷ ᠬᠢᠨ᠎ᠡ᠃ ᠤᠲᠠᠰᠤᠲᠤ ᠤᠲᠠᠰᠤ ᠦᠭᠡᠶ ᠶᠢᠨ ᠠᠭᠤᠰᠤᠯᠴᠠᠯ᠂ ᠷᠠᠳᠢᠣ᠋ ᠨᠡᠪᠲᠡᠷᠡᠭᠦᠯᠭᠡ ᠬᠠᠷᠢᠯᠴᠠᠨ | ᠬᠠᠮᠵᠢᠯᠴᠠᠬᠤ᠂ ᠲᠣᠮᠣ ᠵᠢᠵᠢᠭ ᠳᠡᠯᠭᠡᠴᠡ ᠬᠠᠮᠲᠤᠷᠠᠨ ᠬᠥᠳᠡᠯᠦᠯᠴᠡᠬᠦ᠂ ᠳᠡᠭᠡᠳᠦ ᠬᠤᠷᠳᠤᠴᠠᠲᠤ᠂ ᠥᠷᠭᠡᠨ ᠳᠡᠯᠭᠡᠷ᠂ ᠣᠶᠣᠨᠲᠤ᠂ ᠠᠮᠤᠷ ᠲᠦᠪᠰᠢᠨ ᠪᠦᠬᠦᠢ ᠤᠯᠤᠰ ᠤᠨ | ᠮᠡᠳᠡᠭᠡ ᠵᠠᠩᠭᠢᠵᠢᠯᠲᠠ ᠶᠢᠨ ᠰᠠᠭᠤᠷᠢ ᠲᠥᠬᠦᠭᠡᠷᠦᠮᠵᠢ ᠪᠣᠯᠤᠨ ᠶᠡᠷᠦᠩᠬᠡᠶᠢᠯᠡᠭᠰᠡᠨ ᠮᠡᠳᠡᠭᠡ ᠵᠠᠩᠭᠢ ᠶᠢᠨ ᠦᠢᠯᠡᠴᠢᠯᠡᠭᠡᠨ ᠤ ᠲᠣᠤᠷ ᠰᠦᠯᠵᠢᠶ᠎ᠡ ᠶᠢ ᠠᠩᠬ᠎ᠠ ᠠᠯᠬᠤᠮ | ᠪᠠᠶᠢᠭᠤᠯᠤᠨ᠎ᠠ᠃ | 3. ᠷᠠᠳᠢᠣ᠋ ᠲᠧᠯᠸᠢᠰ ᠤᠨ 5G ᠰᠦᠯᠵᠢᠶ᠎ᠡ ᠶᠢ ᠪᠣᠶ ᠪᠣᠯᠭᠠᠨ᠎ᠠ | ᠬᠥᠭᠵᠢᠯᠲᠡ ᠶᠢᠨ ᠠᠵᠠ ᠲᠣᠬᠢᠶᠠᠯ ᠢ ᠠᠮᠵᠢᠵᠤ᠂ ᠷᠠᠳᠢᠣ᠋ ᠲᠧᠯᠸᠢᠰ ᠤᠨ 5G ᠰᠦᠯᠵᠢᠶ᠎ᠡ ᠶᠢ ᠲᠦᠷᠭᠡᠨ ᠪᠠᠶᠢᠭᠤᠯᠤᠨ᠎ᠠ᠃ ᠣᠲᠣ ᠶᠢᠨ ᠪᠠᠶᠢᠭ᠎ᠠ ᠵᠠᠮᠨᠠᠯ ᠪᠠ ᠰᠠᠭᠤᠷᠢ | ᠰᠦᠯᠵᠢᠶᠡᠨ ᠤ ᠲᠥᠬᠦᠭᠡᠷᠦᠮᠵᠢ ᠶᠢᠨ ᠡᠬᠢ ᠪᠠᠶᠠᠯᠢᠭ ᠢ ᠭᠦᠢᠴᠡᠳ ᠠᠰᠢᠭᠯᠠᠨ᠂ ᠣᠷᠣᠨ ᠤ ᠭᠤᠤᠯ ᠰᠦᠯᠵᠢᠶ᠎ᠡ ᠪᠠ ᠬᠤᠲᠠ ᠶᠢᠨ ᠬᠡᠪᠴᠢᠶᠡᠨ ᠤ ᠰᠦᠯᠵᠢᠶ᠎ᠡ ᠶᠢ ᠪᠦᠲᠦᠭᠡᠨ | ᠪᠠᠶᠢᠭᠤᠯᠤᠨ ᠲᠡᠭᠦᠯᠳᠡᠷᠵᠢᠭᠦᠯᠵᠦ᠂ ᠷᠠᠳᠢᠣ᠋ ᠲᠧᠯᠸᠢᠰ ᠤᠨ 5G ᠳᠤ ᠳᠠᠭᠠᠭᠠᠴᠠ ᠶᠢᠨ ᠰᠦᠯᠵᠢᠶᠡᠨ ᠤ ᠡᠬᠢ ᠪᠠᠶᠠᠯᠢᠭ ᠢ ᠬᠠᠩᠭᠠᠨ᠎ᠠ᠃ ᠣᠲᠣ ᠶᠢᠨ ᠪᠠᠶᠢᠭ᠎ᠠ ᠲᠣᠤᠷ ᠲᠤ | ᠵᠠᠯᠭᠠᠵᠤ ᠣᠷᠣᠭᠤᠯᠬᠤ ᠲᠥᠬᠦᠭᠡᠷᠦᠮᠵᠢ ᠶᠢ ᠠᠰᠢᠭᠯᠠᠨ᠂ ᠷᠠᠳᠢᠣ᠋ ᠲᠧᠯᠸᠢᠰ ᠤᠨ 5G ᠶᠢᠨ ᠤᠲᠠᠰᠤ ᠥᠬᠡᠶ ᠲᠣᠣᠷ ᠲᠤ ᠵᠠᠯᠭᠠᠵᠤ ᠣᠷᠣᠭᠤᠯᠬᠤ ᠶᠢ ᠪᠦᠲᠦᠭᠡᠨ ᠪᠠᠶᠢᠭᠤᠯᠵᠤ᠂ | ᠰᠠᠭᠤᠷᠢ ᠥᠷᠲᠡᠭᠡ ᠶᠢᠨ ᠬᠠᠷᠢᠯᠴᠠᠨ ᠬᠤᠯᠪᠣᠭᠠᠯᠠᠬᠤ᠂ ᠰᠠᠭᠤᠷᠢ ᠪᠦᠰᠡ ᠶᠢᠨ ᠳᠣᠬᠢᠶᠠᠨ ᠤ ᠡᠮᠦᠨ᠎ᠡ ᠳᠠᠮᠵᠢᠯᠭ᠎ᠠ ᠪᠠ ᠠᠰᠠᠷ ᠲᠠᠭᠲᠤ ᠶᠢᠨ ᠳᠣᠬᠢᠶᠠᠨ ᠤ ᠭᠦᠨᠵᠡᠭᠡᠶ | ᠪᠦᠷᠬᠦᠴᠡ ᠶᠢ ᠪᠡᠶᠡᠯᠡᠭᠦᠯᠦᠨ᠎ᠡ᠃ ᠣᠯᠠᠨ ᠳᠠᠪᠲᠠᠮᠵᠢᠲᠤ ᠬᠠᠮᠵᠢᠯᠴᠠᠬᠤ ᠲᠣᠤᠷ ᠰᠦᠯᠵᠢᠶ᠎ᠡ ᠶᠢ ᠠᠯᠬᠤᠮ ᠠᠯᠬᠤᠮ ᠢᠶᠠᠷ ᠪᠠᠶᠢᠭᠤᠯᠵᠤ᠂ ᠳᠡᠭᠡᠳᠦ ᠬᠤᠷᠳᠤᠴᠠᠲᠤ᠂ ᠥᠷᠭᠡᠨ | ᠳᠡᠯᠭᠡᠷ ᠂ ᠠᠮᠤᠷ ᠲᠦᠪᠰᠢᠨ᠂ ᠨᠠᠶᠢᠳᠠᠪᠤᠷᠢᠲᠠᠶ ᠴᠢᠨᠠᠷ ᠰᠠᠶᠢᠲᠠᠶ ᠲᠣᠤᠷ ᠰᠦᠯᠵᠢᠶᠡᠨ ᠤ ᠦᠢᠯᠡᠴᠢᠯᠡᠭᠡ ᠶᠢ ᠬᠠᠩᠭᠠᠵᠤ᠂ ᠷᠠᠳᠢᠣ᠋ ᠲᠧᠯᠸᠢᠰ ᠤᠨ 5G ᠡᠭᠴᠡ ᠠᠵᠢᠯ | ᠲᠥᠷᠥᠯ ᠤᠨ ᠬᠡᠷᠡᠭᠯᠡᠭᠡᠨ ᠤ ᠬᠥᠭᠵᠢᠯᠲᠡ ᠶᠢ ᠳᠥᠯᠭᠢᠨ ᠠᠬᠢᠭᠤᠯᠵᠤ᠂ 2B/2C ᠲᠤᠬᠠᠶᠢᠯᠠᠭᠰᠠᠨ ᠠᠵᠢᠯ ᠤᠨ ᠥᠷᠢᠰᠥᠯᠳᠦᠭᠡᠨ ᠢ ᠠᠷᠭᠠᠴᠠᠨ᠎ᠠ᠃ ᠪᠣᠳᠠᠰ ᠤᠨ | ᠰᠦᠯᠵᠢᠶ᠎ᠡ ᠶᠢᠨ ᠲᠠᠪᠴᠠᠩ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠰᠦᠯᠵᠢᠶᠡᠨ ᠤ ᠮᠡᠷᠭᠡᠵᠢᠯ ᠤᠨ ᠰᠠᠶᠢᠨ ᠰᠠᠶᠢᠬᠠᠨ ᠲᠤᠯᠭᠠᠭᠤᠷᠢᠯᠠᠯ ᠪᠠ ᠦᠢᠯᠡᠴᠢᠯᠡᠭᠡ ᠶᠢ | ᠬᠠᠩᠭᠠᠵᠤ᠂ ᠪᠣᠳᠠᠰ ᠤᠨ ᠰᠦᠯᠵᠢᠶ᠎ᠡ ᠶᠢᠨ ᠬᠡᠷᠡᠭᠯᠡᠯᠲᠡ ᠶᠢ ᠨᠡᠭᠡᠭᠡᠨ ᠬᠥᠭᠵᠢᠭᠦᠯᠬᠦ ᠥᠪᠡᠷ ᠤᠨ ᠥᠷᠲᠡᠭ ᠢ ᠪᠠᠭᠤᠷᠠᠭᠤᠯᠤᠨ᠂ ᠨᠡᠭᠡᠭᠡᠨ ᠬᠥᠭᠵᠢᠭᠦᠯᠬᠦ ᠦᠶᠡᠯᠡᠯ ᠤᠨ | ᠬᠤᠭᠤᠴᠠᠭ᠎ᠠ ᠶᠢ ᠪᠣᠭᠤᠨᠢᠰᠬᠠᠵᠤ᠂ ᠶᠡᠭᠡ ᠬᠡᠮᠵᠢᠶᠡᠨ ᠤ ᠦᠵᠦᠭᠦᠷ ᠤᠨ ᠵᠠᠯᠭᠠᠨ ᠣᠷᠣᠭᠤᠯᠬᠤ ᠶᠢ ᠳᠡᠮᠵᠢᠵᠦ᠂ ᠲᠣᠮᠣ ᠳ᠋ᠠᠶᠢᠲ᠋ᠠ ᠶᠢᠨ ᠠᠵᠢᠯᠯᠠᠭᠠᠨ ᠤ ᠴᠢᠳᠠᠪᠤᠷᠢ ᠶᠢ | ᠳᠡᠭᠡᠭᠰᠢᠯᠡᠭᠦᠯᠦᠨ᠎ᠡ᠃ ᠳᠣᠤᠷ᠎ᠠ ᠠᠵᠢᠯ ᠤᠨ ᠬᠤᠷᠣᠭᠳᠠᠯ ᠤᠨ ᠥᠷᠭᠡᠨ ᠬᠡᠪᠴᠢᠶᠡᠨ ᠤ ᠷᠠᠳᠢᠣ᠋ ᠲᠧᠯᠸᠢᠰ ᠤᠨ ᠪᠣᠳᠠᠰ ᠤᠨ ᠰᠦᠯᠵᠢᠶ᠎ᠡ ᠶᠢᠨ ᠲᠣᠤᠷ ᠰᠦᠯᠵᠢᠶ᠎ᠡ ᠶᠢᠨ | ᠪᠠᠶᠢᠷᠢᠯᠠᠭᠤᠯᠤᠯᠲᠠ ᠶᠢ ᠲᠦᠷᠭᠡᠳᠬᠡᠵᠦ᠂ ᠰᠦᠯᠵᠢᠶᠡᠨ ᠤ ᠪᠦᠷᠬᠦᠴᠡ ᠪᠠ ᠰᠠᠶᠢᠨ ᠦᠢᠯᠡᠴᠢᠯᠡᠭᠡ ᠬᠠᠩᠭᠠᠵᠤ᠂ ᠬᠡᠷ ᠳᠣᠲᠣᠷᠠᠬᠢ᠂ ᠵᠠᠮ ᠬᠠᠷᠢᠯᠴᠠᠭᠠᠨ ᠤ ᠰᠦᠯᠵᠢᠶ᠎ᠡ᠂ ᠭᠠᠵᠠᠷ | ᠳᠣᠤᠷᠠᠬᠢ ᠬᠤᠭᠤᠯᠠᠶ ᠲᠣᠤᠷ ᠵᠡᠷᠭᠡ ᠬᠡᠷᠡᠭᠯᠡᠭᠡᠨ ᠤ ᠪᠠᠶᠢᠳᠠᠯ ᠳᠤ ᠬᠠᠨᠳᠤᠭᠤᠯᠤᠨ᠂ ᠭᠦᠨᠵᠡᠭᠡᠶ ᠬᠠᠮᠤᠷᠬᠤ ᠶᠢ ᠪᠡᠶᠡᠯᠡᠭᠦᠯᠦᠨ᠎ᠡ᠃ | 4. ᠪᠢᠴᠢᠯ ᠳᠣᠯᠭᠢᠶᠠᠨ ᠢᠶᠠᠷ ᠳᠠᠮᠵᠢᠭᠤᠯᠬᠤ ᠰᠢᠰᠲ᠋ᠧᠮ ᠤᠨ ᠪᠠᠭᠲᠠᠭᠠᠮᠵᠢ ᠶᠢ ᠥᠷᠭᠡᠳᠬᠡᠨ ᠥᠭᠡᠷᠡᠴᠢᠯᠡᠬᠦ ᠶᠢ ᠲᠦᠯᠬᠢᠨ ᠠᠬᠢᠭᠤᠯᠤᠨ᠎ᠠ | ᠪᠦᠬᠦ ᠣᠷᠣᠨ ᠤ ᠪᠢᠴᠢᠯ ᠳᠣᠯᠭᠢᠶᠠᠨ ᠤ ᠳᠣᠬᠢᠶᠠᠨ ᠤ ᠡᠬᠢ ᠳᠠᠮᠵᠢᠭᠤᠯᠬᠤ ᠪᠠ ᠵᠠᠯᠭᠠᠬᠤ ᠰᠢᠰᠲ᠋ᠧᠮ ᠢ ᠲᠡᠭᠦᠯᠳᠡᠷᠵᠢᠭᠦᠯᠵᠦ᠂ ᠫᠷᠤᠭ᠍ᠷᠠᠮ ᠤᠨ ᠰᠢᠨ᠎ᠡ ᠮᠡᠷᠭᠡᠵᠢᠯ ᠳᠠᠮᠵᠢᠭᠤᠯᠬᠤ | ᠬᠡᠷᠡᠭᠯᠡᠯᠲᠡ ᠶᠢ ᠴᠢᠩᠭᠠᠳᠬᠠᠵᠤ᠂ ᠳᠣᠬᠢᠶᠠᠨ ᠤ ᠡᠬᠢ ᠳᠠᠮᠵᠢᠭᠤᠯᠬᠤ ᠴᠢᠳᠠᠪᠤᠷᠢ ᠪᠠ ᠨᠠᠶᠢᠳᠠᠪᠤᠷᠢᠲᠤ ᠴᠢᠨᠠᠷ ᠢ ᠳᠡᠭᠡᠭᠰᠢᠯᠡᠭᠦᠯᠦᠨ᠎ᠡ᠃ ᠪᠢᠴᠢᠯ ᠳᠣᠯᠭᠢᠶᠠᠨ ᠤ ᠥᠷᠲᠡᠭᠡ ᠶᠢᠨ | ᠪᠠᠷᠢᠮᠵᠢᠶᠠᠵᠢᠭᠤᠯᠬᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠪᠢᠴᠢᠯ ᠳᠣᠯᠭᠢᠶᠠᠨ ᠤ ᠲᠣᠭᠠᠴᠢᠯᠠᠭᠰᠠᠨ ᠴᠠᠬᠢᠯᠭᠠᠨ ᠬᠡᠯᠬᠢᠶ᠎ᠡ ᠶᠢᠨ ᠳᠠᠭᠠᠯᠲᠠ | ᠲᠥᠬᠦᠭᠡᠷᠦᠮᠵᠢ ᠶᠢ ᠥᠭᠡᠷᠡᠴᠢᠯᠡᠬᠦ ᠶᠢ ᠢᠳᠡᠪᠬᠢᠲᠡᠶ ᠠᠬᠢᠭᠤᠯᠤᠨ᠎ᠠ᠃ ᠪᠢᠴᠢᠯ ᠳᠣᠯᠭᠢᠶᠠᠨ ᠢᠶᠠᠷ ᠳᠠᠮᠵᠢᠭᠤᠯᠬᠤ ᠰᠢᠰᠲ᠋ᠧᠮ ᠤᠨ ᠪᠠᠭᠲᠠᠭᠠᠮᠵᠢ ᠶᠢ ᠥᠷᠭᠡᠳᠬᠡᠨ ᠥᠭᠡᠷᠡᠴᠢᠯᠡᠬᠦ ᠶᠢ | ᠪᠡᠶᠡᠯᠡᠭᠦᠯᠵᠦ᠂ ᠪᠢᠴᠢᠯ ᠳᠣᠯᠭᠢᠶᠠᠨ ᠤ ᠥᠷᠲᠡᠭᠡ ᠶᠢᠨ ᠳᠠᠮᠵᠢᠭᠤᠯᠵᠤ ᠵᠠᠯᠭᠠᠬᠤ ᠴᠢᠳᠠᠪᠤᠷᠢ ᠶᠢ ᠳᠡᠭᠡᠭᠰᠢᠯᠡᠭᠦᠯᠦᠨ᠂ ᠳᠣᠬᠢᠶᠠᠨ ᠤ ᠡᠬᠢ ᠳᠠᠮᠵᠢᠭᠤᠯᠬᠤ ᠪᠠᠶᠢᠷᠢᠰᠢᠯ ᠢ | ᠲᠡᠭᠦᠯᠳᠡᠷᠵᠢᠭᠦᠯᠵᠦ᠂ ᠭᠤᠣᠯ ᠲᠤᠬᠠᠶᠢᠯᠠᠭᠰᠠᠨ ᠠᠵᠢᠯ ᠤᠨ ᠳᠣᠬᠢᠶ᠎ᠠ ᠶᠢ ᠣᠯᠠᠨ ᠵᠦᠢᠯ ᠤᠨ ᠮᠡᠷᠭᠡᠵᠢᠯ ᠤᠨ ᠠᠷᠭ᠎ᠠ ᠪᠠᠷᠢᠯ ᠢᠶᠠᠷ ᠳᠠᠮᠵᠢᠭᠤᠯᠤᠨ᠎ᠠ᠃ | ︵ᠭᠤᠷᠪᠠ︶ ᠣᠶᠣᠨᠲᠤ ᠷᠠᠳᠢᠣ᠋ ᠲᠧᠯᠸᠢᠰ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠣᠭᠲᠠᠯᠴᠠᠭ᠎ᠠ | 1.ᠣᠶᠣᠨᠲᠤ ᠷᠠᠳᠢᠣ᠋ ᠲᠧᠯᠸᠢᠰ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ | ᠣᠳᠣ ᠶᠢᠨ ᠪᠠᠶᠢᠭ᠎ᠠ ᠷᠠᠳᠢᠣ᠋ ᠨᠡᠪᠲᠡᠷᠡᠭᠦᠯᠭᠡ ᠲᠧᠯᠸᠢᠰ ᠤᠨ ᠳᠠᠮᠵᠢᠭᠤᠯᠬᠤ ᠲᠣᠤᠷ ᠰᠦᠯᠵᠢᠶ᠎ᠡ ᠵᠢᠴᠢ ᠬᠤᠯᠪᠤᠭᠳᠠᠯ ᠪᠦᠬᠦᠢ ᠰᠠᠭᠤᠷᠢ ᠲᠥᠬᠦᠭᠡᠷᠦᠮᠵᠢ ᠶᠢ ᠭᠦᠢᠴᠡᠳ ᠠᠰᠢᠭᠯᠠᠨ | ᠂ ᠡᠯ᠎ᠡ ᠱᠠᠲᠤᠨ ᠤ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡᠨ ᠤ ᠴᠢᠳᠠᠪᠤᠷᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃ ᠷᠠᠳᠢᠣ᠋ | ᠲᠧᠯᠸᠢᠰ ᠤᠨ ᠤᠲᠠᠰᠤᠲᠤ᠂ ᠤᠲᠠᠰᠤ ᠥᠬᠡᠶ ᠠᠭᠤᠰᠤᠯᠴᠠᠯ ᠤᠨ ᠲᠣᠤᠷ ᠰᠦᠯᠵᠢᠶ᠎ᠡ ᠬᠢᠭᠡᠳ ᠥᠷᠭᠡᠨ ᠳᠡᠯᠭᠡᠷ ᠬᠠᠮᠤᠷᠤᠭᠰᠠᠨ ᠤᠶᠤᠨᠲᠤ ᠲᠧᠯᠸᠢᠰ ᠤᠨ ᠳᠠᠪᠲᠠᠮᠵᠢ | ᠬᠦᠯᠢᠶᠡᠭᠦᠷ ᠤᠨ ᠦᠵᠦᠭᠦᠷ ᠲᠤ ᠲᠦᠰᠢᠭᠯᠡᠨ᠂ ︽ᠨᠢᠭᠡ ᠡᠭᠦᠯᠡ᠂ ᠨᠢᠭᠡ ᠰᠦᠯᠵᠢᠶ᠎ᠡ᠂ ᠭᠤᠷᠪᠠᠨ ᠲᠠᠪᠴᠠᠩ︾ ︵ᠷᠠᠳᠢᠣ᠋ ᠲᠧᠯᠸᠢᠰ ᠤᠨ ᠰᠦᠯᠵᠢᠶᠡᠨ ᠤ ᠦᠢᠯᠡᠴᠢᠯᠡᠭᠡᠨ ᠤ | ᠡᠭᠦᠯᠡ᠂ ᠷᠠᠳᠢᠣ᠋ ᠲᠧᠯᠸᠢᠰ ᠤᠨ ᠤᠲᠠᠰᠤᠲᠤ ᠤᠲᠠᠰᠤ ᠥᠬᠡᠶ ᠠᠭᠤᠰᠤᠯᠴᠠᠯ ᠤᠨ ᠰᠦᠯᠵᠢᠶ᠎ᠡ ᠪᠠ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠲᠠᠪᠴᠠᠩ᠂ ᠥᠷᠭᠡᠨ | ᠪᠦᠰᠡᠲᠦ ᠬᠥᠳᠡᠭᠡ ᠲᠣᠰᠬᠤᠨ ᠤ ᠢᠨᠲ᠋ᠧᠷ ᠰᠦᠯᠵᠢᠶᠡᠨ ᠤ ᠦᠢᠯᠡᠴᠢᠯᠡᠭᠡᠨ ᠤ ᠲᠠᠪᠴᠠᠩ᠂ ᠵᠠᠰᠠᠭ ᠠᠵᠤ ᠠᠬᠤᠶᠢᠯᠠᠯ ᠤᠨ ᠮᠡᠳᠡᠭᠡ ᠵᠠᠩᠭᠢᠵᠢᠯᠲᠠ ᠶᠢᠨ ᠦᠢᠯᠡᠴᠢᠯᠡᠭᠡᠨ ᠤ | ᠲᠠᠪᠴᠠᠩ︶ ᠢᠶᠠᠷ ᠲᠤᠯᠭᠠᠭᠤᠷᠢᠯᠠᠯ ᠪᠣᠯᠭᠠᠭᠰᠠᠨ ᠥᠪᠡᠷᠲᠡᠭᠡᠨ ᠵᠠᠰᠠᠬᠤ ᠣᠷᠣᠨ ᠤ ᠱᠠᠲᠤᠨ ᠤ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠢ ᠠᠯᠬᠤᠮ | ᠠᠯᠬᠤᠮ ᠢᠶᠠᠷ ᠪᠠᠶᠢᠭᠤᠯᠵᠤ᠂ ᠣᠨᠴᠠᠭᠠᠶ ᠬᠦᠴᠢᠷᠳᠡᠯᠲᠡᠶ ᠬᠥᠮᠦᠰ ᠲᠤ ᠬᠠᠨᠳᠤᠭᠤᠯᠤᠭᠰᠠᠨ ᠣᠯᠠᠨ ᠨᠡᠶᠢᠲᠡ ᠶᠢᠨ ᠷᠠᠳᠢᠣ᠋ ᠲᠧᠯᠸᠢᠰ ᠤᠨ ᠦᠢᠯᠡᠴᠢᠯᠡᠭᠡ ᠶᠢ ᠴᠢᠩᠭᠠᠳᠬᠠᠨ᠂ | ᠣᠯᠠᠨ ᠲᠦᠮᠡᠨ ᠤ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠤᠯᠠᠮ ᠨᠢᠭᠡ ᠠᠯᠬᠤᠮ ᠬᠠᠩᠭᠠᠨ᠎ᠠ᠃ | 2. ᠪᠠᠴᠢᠮ ᠪᠠᠶᠢᠳᠠᠯ ᠢ ᠠᠷᠭᠠᠴᠠᠭᠠᠬᠤ ᠷᠠᠳᠢᠣ᠋ ᠨᠡᠪᠲᠡᠷᠡᠭᠦᠯᠭᠡ ᠶᠢᠨ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ | ᠡᠯ᠎ᠡ ᠱᠠᠲᠤᠨ ᠤ ᠪᠠᠴᠢᠮ ᠪᠠᠶᠢᠳᠠᠯ ᠢ ᠠᠷᠭᠠᠴᠠᠭᠠᠬᠤ ᠷᠠᠳᠢᠣ᠋ ᠨᠡᠪᠲᠡᠷᠡᠭᠦᠯᠭᠡ ᠶᠢᠨ ᠰᠢᠰᠲ᠋ᠧᠮ ᠢ ᠦᠷᠭᠦᠯᠵᠢᠯᠡᠨ ᠪᠦᠲᠦᠭᠡᠨ ᠪᠠᠶᠢᠭᠤᠯᠤᠨ ᠲᠡᠭᠦᠯᠳᠡᠷᠵᠢᠭᠦᠯᠵᠦ᠂ ᠡᠯ᠎ᠡ ᠱᠠᠲᠤᠨ ᠤ | ᠪᠠᠴᠢᠮ ᠪᠠᠶᠢᠳᠠᠯ ᠢ ᠠᠷᠭᠠᠴᠠᠭᠠᠬᠤ ᠮᠡᠳᠡᠭᠡ ᠵᠠᠩᠭᠢ ᠨᠡᠶᠢᠲᠡᠯᠡᠬᠦ ᠰᠠᠯᠠᠭ᠎ᠠ ᠮᠥᠴᠢᠷ ᠲᠠᠢ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ᠂ ᠰᠣᠯᠢᠯᠴᠠᠨ ᠬᠠᠮᠲᠤ ᠳᠤ ᠪᠠᠨ | ᠡᠳ᠋ᠯᠡᠬᠦ᠂ ᠬᠠᠮᠵᠢᠯᠴᠠᠨ ᠦᠢᠯᠡᠴᠢᠯᠡᠬᠦ᠂ ᠨᠢᠭᠡᠳᠦᠯᠲᠡᠶ ᠬᠠᠮᠲᠤᠷᠠᠨ ᠬᠥᠳᠡᠯᠦᠯᠴᠡᠬᠦ ᠶᠢ ᠲᠠᠰᠤᠷᠠᠯᠲᠠ ᠤᠢᠭᠡᠢ ᠴᠢᠩᠭᠠᠳᠬᠠᠵᠤ᠂ ᠵᠠᠰᠠᠭ ᠤᠨ ᠶᠠᠪᠤᠳᠠᠯ ᠤᠨ ᠰᠦᠯᠵᠢᠶ᠎ᠡ᠂ | ᠰᠢᠯᠵᠢᠮᠡᠯ ᠰᠦᠯᠵᠢᠶ᠎ᠡ ᠵᠢᠴᠢ ᠤᠲᠠᠰᠤᠲᠤ ᠲᠣᠭᠠᠴᠢᠯᠠᠭᠰᠠᠨ ᠲᠧᠯᠸᠢᠰ᠂ ᠳᠠᠪᠲᠠᠮᠵᠢ ᠲᠣᠬᠢᠷᠠᠭᠤᠯᠬᠤ ᠷᠠᠳᠢᠣ᠋ ᠨᠡᠪᠲᠡᠷᠡᠭᠦᠯᠭᠡ᠂ ᠳᠤᠮᠳᠠᠳᠤ ᠳᠣᠯᠭᠢᠶᠠᠨ ᠤ ᠷᠠᠳᠢᠣ᠋᠂ ᠭᠠᠵᠠᠷ | ᠳᠡᠭᠡᠷᠡᠬᠢ ᠲᠣᠭᠠᠴᠢᠯᠠᠭᠰᠠᠨ ᠲᠧᠯᠸᠢᠰ᠂ ᠰᠢᠭᠤᠳ ᠨᠡᠪᠲᠡᠷᠡᠭᠦᠯᠭᠡ ᠶᠢᠨ ᠳᠠᠭᠠᠭᠤᠯᠢ ᠣᠳᠣ᠂ ᠬᠡᠷ ᠤᠨ ᠭᠠᠳᠠᠨᠠᠬᠢ ᠲᠣᠮᠣ ᠳᠡᠯᠭᠡᠴᠡ ᠵᠡᠷᠭᠡ ᠣᠯᠠᠨ ᠵᠦᠢᠯ ᠤᠨ ᠲᠠᠪᠴᠠᠩ ᠢ | ᠨᠡᠪᠲᠡᠷᠡᠭᠦᠯᠵᠦ᠂ ᠪᠠᠴᠢᠮ ᠪᠠᠶᠢᠳᠠᠯ ᠢ ᠠᠷᠭᠠᠴᠠᠭᠠᠬᠤ ᠷᠠᠳᠢᠣ᠋ ᠨᠡᠪᠲᠡᠷᠡᠭᠦᠯᠭᠡ ᠶᠢ ᠲᠥᠷᠥᠯ ᠬᠤᠪᠢᠶᠠᠬᠤ᠂ ᠲᠠᠰ ᠬᠤᠪᠢᠶᠠᠬᠤ᠂ ᠭᠠᠵᠠᠷ ᠣᠷᠣᠨ ᠬᠤᠪᠢᠶᠠᠨ᠂ ᠡᠲᠡᠭᠡᠳ | ᠬᠤᠪᠢᠶᠠᠬᠤ ᠵᠡᠷᠭᠡ ᠶᠢ ᠨᠠᠷᠢᠯᠢᠭ ᠣᠨᠣᠪᠴᠢᠲᠠᠢ ᠪᠠᠷ ᠨᠡᠶᠢᠲᠡᠯᠡᠬᠦ ᠶᠢ ᠪᠡᠶᠡᠯᠡᠭᠦᠯᠵᠦ᠂ ᠪᠠᠴᠢᠮ ᠪᠠᠶᠢᠳᠠᠯ ᠢ ᠠᠷᠭᠠᠴᠠᠭᠠᠬᠤ ᠷᠠᠳᠢᠣ᠋ ᠨᠡᠪᠲᠡᠷᠡᠭᠦᠯᠭᠡ ᠶᠢᠨ ᠣᠯᠠᠨ ᠨᠡᠶᠢᠲᠡ ᠶᠢᠨ | ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠦᠨ᠎ᠡ᠃ ᠪᠠᠴᠢᠮ ᠪᠠᠶᠢᠳᠠᠯ ᠢ ᠠᠷᠭᠠᠴᠠᠭᠠᠬᠤ ᠷᠠᠳᠢᠣ᠋ ᠨᠡᠪᠲᠡᠷᠡᠭᠦᠯᠭᠡ ᠶᠢᠨ ᠰᠢᠰᠲ᠋ᠧᠮ ᠢ ᠣᠯᠠᠨ ᠨᠡᠶᠢᠲᠡ ᠶᠢᠨ ᠷᠠᠳᠢᠣ᠋᠂ ᠣᠯᠠᠨ | ᠨᠡᠶᠢᠲᠡ ᠶᠢᠨ ᠳᠡᠯᠭᠡᠴᠡ ᠵᠡᠷᠭᠡ ᠣᠷᠣᠨ ᠪᠦᠰᠡ ᠶᠢᠨ ᠷᠠᠳᠢᠣ᠋ ᠶᠢᠨ ᠲᠥᠬᠦᠭᠡᠷᠦᠮᠵᠢ ᠲᠠᠢ ᠵᠣᠯᠭᠠᠭᠤᠯᠬᠤ ᠶᠢ ᠵᠣᠷᠢᠭᠵᠢᠭᠤᠯᠵᠤ᠂ ᠪᠠᠴᠢᠮ ᠪᠠᠶᠢᠳᠠᠯ ᠢ ᠠᠷᠭᠠᠴᠠᠭᠠᠬᠤ ᠷᠠᠳᠢᠣ᠋ ᠶᠢᠨ | ᠲᠣᠤᠷ ᠢ ᠥᠷᠭᠡᠳᠬᠡᠬᠦ ᠠᠵᠢᠯ ᠢ ᠥᠷᠨᠢᠭᠦᠯᠦᠨ᠂ ᠮᠠᠯᠵᠢᠬᠤ ᠲᠠᠷᠢᠶᠠᠯᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠷᠠᠳᠢᠣ᠋ ᠨᠡᠪᠲᠡᠷᠡᠭᠦᠯᠭᠡ ᠶᠢ ᠰᠠᠨᠠᠭᠠᠴᠢᠯᠠᠭ᠎ᠠ ᠠᠴᠠ ᠪᠠᠨ | ᠨᠡᠶᠢᠲᠡᠯᠡᠬᠦ ᠦᠵᠦᠭᠦᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠷᠠᠳᠢᠣ᠋ ᠨᠡᠪᠲᠡᠷᠡᠭᠦᠯᠭᠡ ᠶᠢᠨ ᠰᠢᠰᠲ᠋ᠧᠮ ᠤᠨ | ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠪᠠᠴᠢᠮ ᠪᠠᠶᠢᠳᠠᠯ ᠢ ᠠᠷᠭᠠᠴᠠᠭᠠᠬᠤ ᠷᠠᠳᠢᠣ᠋ ᠨᠡᠪᠲᠡᠷᠡᠭᠦᠯᠭᠡ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠵᠦ᠂ ᠪᠠᠴᠢᠮ | ᠪᠠᠶᠢᠳᠠᠯ ᠢ ᠠᠷᠭᠠᠴᠠᠭᠠᠬᠤ ᠷᠠᠳᠢᠣ᠋ ᠶᠢᠨ ᠬᠠᠮᠤᠷᠬᠤ ᠬᠡᠪᠴᠢᠶ᠎ᠡ ᠶᠢ ᠥᠷᠭᠡᠳᠬᠡᠨ᠂ ᠬᠤᠲᠠ ᠬᠥᠳᠡᠭᠡ ᠲᠣᠰᠬᠤᠨ ︵ᠮᠠᠯᠵᠢᠬᠤ ᠣᠷᠣᠨ︶ ᠢ ᠬᠠᠮᠤᠷᠤᠭᠰᠠᠨ ᠤᠨᠴᠠᠯᠢᠭᠳᠤ ᠪᠠᠴᠢᠮ | ᠪᠠᠶᠢᠳᠠᠯ ᠢ ᠠᠷᠭᠠᠴᠠᠭᠠᠬᠤ ᠷᠠᠳᠢᠣ᠋ ᠨᠡᠪᠲᠡᠷᠡᠭᠦᠯᠭᠡ ᠶᠢᠨ ᠲᠣᠤᠷ ᠰᠦᠯᠵᠢᠶ᠎ᠡ ᠶᠢ ᠪᠦᠷᠢᠯᠳᠦᠭᠦᠯᠦᠨ᠎ᠡ᠃ | 3. ᠣᠶᠤᠨᠲᠤ ᠷᠠᠳᠢᠣ᠋ ᠲᠧᠯᠸᠢᠰ ᠤᠨ ᠬᠢᠯᠢ ᠬᠢᠵᠠᠭᠠᠷ ᠢ ᠪᠠᠬᠢᠵᠢᠭᠦᠯᠬᠦ ᠢᠨᠵᠧᠨᠧᠷᠢᠩ ᠢ ᠥᠷᠨᠢᠭᠦᠯᠦᠨ᠎ᠡ | ᠨᠠᠮ ᠤᠨ ᠲᠥᠪ ᠬᠤᠷᠢᠶᠠᠨ ᠤ ᠬᠢᠯᠢ ᠪᠠᠨ ᠪᠠᠬᠢᠵᠢᠭᠦᠯᠵᠦ ᠬᠢᠯᠢ ᠪᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠬᠢᠯᠢ | ᠬᠢᠵᠠᠭᠠᠷ ᠣᠷᠣᠨ ᠳᠤ ᠣᠶᠣᠨᠲᠤ ᠷᠠᠳᠢᠣ᠋ ᠲᠧᠯᠸᠢᠰ ᠤᠨ ᠬᠢᠯᠢ ᠬᠢᠵᠠᠭᠠᠷ ᠢ ᠪᠠᠬᠢᠵᠢᠭᠦᠯᠬᠦ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠥᠷᠨᠢᠭᠦᠯᠦᠨ᠎ᠡ᠃ ᠷᠠᠳᠢᠣ᠋ | ᠲᠧᠯᠸᠢᠰ ᠤᠨ ᠳᠠᠮᠵᠢᠭᠤᠯᠭ᠎ᠠ ᠶᠢᠨ ᠰᠦᠯᠵᠢᠶᠡᠨ ᠤ ᠪᠦᠲᠦᠭᠡᠨ ᠪᠠᠶᠢᠭᠤᠯᠤᠯᠲᠠ ᠪᠠᠷ ᠳᠠᠮᠵᠢᠭᠤᠯᠤᠨ᠂ ᠨᠡᠪᠲᠡᠷᠡᠭᠡᠳᠦᠶ ᠭᠠᠵᠠᠷ ᠣᠷᠣᠨ᠂ ᠬᠢᠯᠢ ᠶᠢᠨ ᠬᠠᠮᠠᠭᠠᠯᠠᠯᠲᠠ ᠶᠢᠨ ᠴᠡᠷᠢᠭ | ᠠᠩᠭᠢ ᠪᠣᠯᠤᠨ ᠬᠠᠷᠠᠭᠤᠯ ᠤᠨ ᠭᠠᠵᠠᠷ ᠤᠨ ᠰᠦᠯᠵᠢᠶ᠎ᠡ ᠶᠢᠨ ᠪᠦᠷᠬᠦᠴᠡ ᠶᠢ ᠪᠡᠶᠡᠯᠡᠭᠦᠯᠵᠦ᠂ ᠬᠢᠯᠢ ᠬᠢᠵᠠᠭᠠᠷ ᠣᠷᠣᠨ ᠤ ᠬᠤᠲᠠ ᠬᠥᠳᠡᠭᠡ ᠶᠢᠨ ᠭᠠᠵᠠᠷ ᠣᠷᠣᠨ ᠤ ᠲᠣᠤᠷ | ᠰᠦᠯᠵᠢᠶ᠎ᠡ ᠶᠢ ᠵᠠᠯᠭᠠᠬᠤ ᠴᠢᠳᠠᠪᠤᠷᠢ ᠶᠢ ᠳᠡᠭᠡᠭᠰᠢᠯᠡᠭᠦᠯᠦᠨ᠂ ᠷᠠᠳᠢᠣ᠋ ᠲᠧᠯᠸᠢᠰ ᠤᠨ ᠲᠣᠤᠷ ᠰᠦᠯᠵᠢᠶ᠎ᠡ ᠶᠢ ᠬᠢᠯᠢ ᠬᠢᠵᠠᠭᠠᠷ ᠢ ᠲᠣᠭᠲᠠᠪᠤᠷᠢᠵᠢᠭᠤᠯᠤᠨ ᠬᠢᠯᠢ ᠬᠢᠵᠠᠭᠠᠷ ᠢ | ᠪᠠᠬᠢᠵᠢᠭᠦᠯᠬᠦ ᠰᠠᠭᠤᠷᠢ ᠲᠣᠤᠷ ᠰᠦᠯᠵᠢᠶ᠎ᠡ ᠶᠢᠨ ᠲᠤᠯᠭᠠᠭᠤᠷᠢᠯᠠᠯ ᠪᠣᠯᠭᠠᠬᠤ ᠬᠡᠷᠡᠭᠲᠡᠶ᠃ ᠤᠶᠤᠨᠲᠤ ᠷᠠᠳᠢᠣ᠋ ᠲᠧᠯᠸᠢᠰ ᠤᠨ ᠣᠯᠠᠨ ᠨᠡᠶᠢᠲᠡ ᠶᠢᠨ ᠦᠢᠯᠡᠴᠢᠯᠡᠬᠡᠨ ᠤ | ᠬᠠᠮᠢᠶᠠᠷᠤᠯᠲᠠ ᠶᠢᠨ ᠲᠠᠪᠴᠠᠩ ᠢ ᠪᠦᠲᠦᠭᠡᠨ ᠪᠠᠶᠢᠭᠤᠯᠵᠤ᠂ ᠬᠢᠯᠢ ᠬᠢᠵᠠᠭᠠᠷ ᠣᠷᠣᠨ ᠳᠤ ᠤᠯᠤᠰ ᠢᠶᠠᠨ ᠬᠠᠶᠢᠷᠠᠯᠠᠬᠤ ᠦᠵᠡᠯ ᠪᠠ ᠦᠨᠳᠦᠰᠦᠲᠡᠨ ᠤ ᠪᠦᠯᠬᠦᠮᠳᠡᠯ ᠤᠨ | ᠤᠬᠠᠭᠤᠯᠭ᠎ᠠ ᠬᠥᠮᠦᠵᠢᠯ᠂ ᠰᠢᠯᠢᠳᠡᠭ ᠠᠯᠪᠠᠨ ᠵᠢᠷᠤᠮ ᠤᠨ ᠰᠦᠯᠵᠢᠶᠡᠨ ᠤ ᠰᠤᠷᠭᠠᠨ ᠬᠥᠮᠦᠵᠢᠯ᠂ ᠠᠯᠤᠰ ᠡᠵᠡᠮᠰᠢᠯᠲᠦ ᠡᠮᠴᠢᠯᠡᠭᠡ᠂ ᠤᠶᠤᠨᠲᠤ ᠨᠠᠰᠤᠵᠢᠯ ᠤᠨ ᠠᠰᠠᠷᠠᠮᠵᠢ᠂ | ᠡᠯᠧᠺᠲᠷᠣᠨ ᠬᠤᠳᠠᠯᠳᠤᠭᠠᠨ ᠤ ᠦᠢᠯᠡᠴᠢᠯᠡᠭᠡ ᠵᠡᠷᠭᠡ ᠣᠯᠠᠨ ᠵᠦᠢᠯ ᠤᠨ ᠦᠢᠯᠡᠴᠢᠯᠡᠭᠡ ᠶᠢ ᠬᠠᠩᠭᠠᠵᠤ᠂ ᠣᠯᠠᠨ ᠦᠵᠦᠭᠦᠷ ᠢ ᠬᠠᠮᠤᠷᠤᠭᠰᠠᠨ ᠬᠠᠮ ᠵᠠᠭᠤᠴᠢᠯᠠᠭᠤᠷ ᠤᠨ | ᠲᠤᠬᠠᠶᠢᠯᠠᠭᠰᠠᠨ ᠠᠵᠢᠯ ᠢ ᠬᠠᠩᠭᠠᠨ᠎ᠠ᠃ ᠲᠤᠰᠬᠠᠶ ᠬᠡᠷᠡᠭᠯᠡᠭᠡᠨ ᠤ ᠰᠣᠶᠣᠯ ᠤᠨ ᠮᠡᠳᠡᠭᠡ ᠵᠠᠩᠭᠢ ᠶᠢᠨ ᠦᠢᠯᠡᠴᠢᠯᠡᠭᠡᠨ ᠤ ᠲᠠᠪᠴᠠᠩ ᠢ ᠪᠦᠲᠦᠭᠡᠨ ᠪᠠᠶᠢᠭᠤᠯᠤᠨ᠂ ᠬᠢᠯᠢ ᠶᠢᠨ | ᠬᠠᠮᠠᠭᠠᠯᠠᠯᠲᠠ ᠶᠢᠨ ᠴᠡᠷᠢᠭ ᠠᠩᠭᠢ ᠳᠤ ᠠᠯᠤᠰ ᠠᠴᠠ ᠸᠢᠳᠢᠣ᠋ ᠪᠠᠷ ᠬᠢᠨᠠᠨ ᠡᠵᠡᠮᠳᠡᠬᠦ᠂ ᠭᠠᠮᠰᠢᠭ ᠤᠨ ᠪᠠᠶᠢᠳᠠᠯ ᠲᠦᠭᠰᠢᠭᠦᠷᠢᠲᠦ ᠪᠠᠶᠢᠳᠠᠯ ᠢ ᠴᠠᠭ ᠲᠤᠬᠠᠶ ᠳᠤ ᠨᠢ | ᠵᠢᠯᠣᠭᠤᠳᠬᠤ ᠵᠡᠷᠭᠡ ᠬᠢᠯᠢ ᠶᠢᠨ ᠲᠤᠰᠬᠠᠶ ᠬᠡᠷᠡᠭᠯᠡᠭᠡᠨ ᠤ ᠮᠡᠳᠡᠭᠡ ᠵᠠᠩᠭᠢ ᠶᠢᠨ ᠲᠤᠬᠠᠶᠢᠯᠠᠭᠰᠠᠨ ᠠᠵᠢᠯ ᠢ ᠬᠠᠩᠭᠠᠵᠤ᠂ ᠬᠢᠯᠢ ᠶᠢᠨ ᠬᠠᠮᠠᠭᠠᠯᠠᠯᠲᠠ ᠶᠢᠨ ᠴᠡᠷᠢᠭ ᠠᠩᠭᠢ ᠶᠢᠨ | ᠳᠠᠷᠤᠭ᠎ᠠ ᠪᠠᠶᠢᠯᠳᠤᠭᠴᠢᠳ ᠤᠨ ᠰᠣᠶᠣᠯ ᠤᠨ ᠠᠮᠢᠳᠤᠷᠠᠯ᠂ ᠴᠡᠷᠢᠭ ᠤᠨ ᠶᠠᠪᠤᠳᠠᠯ ᠤᠨ ᠪᠣᠯᠪᠠᠰᠤᠷᠠᠯ ᠪᠣᠯᠤᠨ ᠪᠠᠴᠢᠮ ᠪᠠᠶᠢᠳᠠᠯ ᠢ ᠠᠷᠭᠠᠴᠠᠭᠠᠬᠤ ᠲᠣᠬᠢᠷᠠᠭᠤᠯᠤᠯᠲᠠ ᠶᠢᠨ | ᠬᠡᠷᠡᠭᠴᠡᠭᠡ ᠶᠢ ᠬᠠᠩᠭᠠᠨ᠎ᠠ᠃ | 4. ᠰᠢᠨ᠎ᠠ ᠨᠢᠭᠡ ᠣᠢᠶ᠎ᠡ ᠶᠢᠨ ᠰᠢᠭᠤᠣᠠ ᠨᠠᠪᠲᠠᠷᠠᠭᠦᠯᠭᠡ ᠶᠢᠨ ᠲᠠᠭᠠᠭᠤᠯᠢ ᠣᠲᠣᠠ ᠤ ︽ᠡᠷᠣᠭᠡ ᠪᠣᠯᠭᠠᠨ ᠳᠤ ᠨᠡᠪᠲᠡᠷᠡᠭᠦᠯᠬᠦ︾ ᠬᠡᠷᠡᠭᠯᠡᠯᠲᠡ ᠶᠢ ᠠᠭᠢᠭᠤᠯᠣᠨ᠎ᠠ | ᠰᠢᠨ᠎ᠡ ᠨᠢᠭᠡ ᠦᠶ᠎ᠡ ᠶᠢᠨ ᠰᠢᠭᠤᠳ ᠨᠡᠪᠲᠡᠷᠡᠭᠦᠯᠬᠦ ᠳᠠᠭᠠᠭᠤᠯᠢ ᠣᠳᠣᠨ ᠤ ︽ᠡᠷᠣᠭᠡ ᠪᠣᠯᠭᠠᠨ ᠳᠤ ᠨᠡᠪᠲᠡᠷᠡᠭᠦᠯᠬᠦ︾ ᠲᠧᠯᠸᠢᠰ ᠤᠨ ᠳᠠᠪᠲᠠᠮᠵᠢ ᠬᠦᠯᠢᠶᠡᠭᠦᠷ ᠢ | ᠪᠠᠶᠢᠷᠢᠯᠠᠭᠤᠯᠤᠨ ᠳᠡᠯᠭᠡᠷᠡᠭᠦᠯᠬᠦ ᠠᠵᠢᠯ ᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠣᠳᠣ ᠶᠢᠨ ᠪᠠᠶᠢᠭ᠎ᠠ ᠲᠧᠯᠸᠢᠰ ᠤᠨ ᠳᠠᠪᠲᠠᠮᠵᠢ ᠬᠦᠯᠢᠶᠡᠭᠦᠷ ᠤᠨ ᠳᠡᠰ ᠳᠡᠪᠰᠢᠨ ᠦᠶ᠎ᠡ | ᠰᠣᠯᠢᠭᠳᠠᠬᠤ ᠶᠢ ᠲᠦᠷᠭᠡᠳᠬᠡᠨ᠎ᠡ᠃ ᠪᠠᠴᠢᠮ ᠪᠠᠶᠢᠳᠠᠯ ᠢ ᠠᠷᠭᠠᠴᠠᠭᠠᠬᠤ ᠷᠠᠳᠢᠣ᠋ ᠨᠡᠪᠲᠡᠷᠡᠭᠦᠯᠭᠡ᠂ ᠤᠲᠠᠰᠤ ᠦᠭᠡᠶ ᠪᠠᠷ ᠪᠥᠷᠬᠦᠭᠦᠯᠬᠦ ᠵᠡᠷᠭᠡ ᠣᠯᠠᠨ ᠨᠡᠶᠢᠲᠡ ᠶᠢᠨ ᠦᠨᠳᠦᠰᠦᠨ | ᠵᠦᠢᠯᠡᠰ ᠢ ᠨᠢᠭᠡᠳᠦᠯᠲᠡᠶ ᠲᠥᠯᠥᠪᠯᠡᠵᠦ᠂ ᠱᠠᠲᠤ ᠬᠤᠪᠢᠶᠠᠨ ᠬᠠᠷᠢᠭᠤᠴᠠᠬᠤ ᠪᠠ ᠭᠤᠤᠯᠴᠢᠯᠠᠨ ᠬᠠᠮᠢᠶᠠᠷᠴᠤ ᠭᠤᠤᠯᠯᠠᠨ ᠡᠷᠬᠢᠯᠡᠬᠦ ᠵᠠᠷᠴᠢᠮ ᠢ ᠪᠠᠷᠢᠮᠲᠠᠯᠠᠨ᠂ ︽ᠠᠶᠢᠮᠠᠭ | ᠬᠤᠲᠠ ᠬᠤᠰᠢᠭᠤ ᠰᠢᠶᠠᠨ ᠪᠠᠶᠢᠭᠤᠯᠤᠮᠵᠢ ᠲᠠᠢ᠂ ᠰᠤᠮᠤ ᠰᠢᠶᠠᠩ ᠪᠠᠯᠭᠠᠰᠤ ᠲᠣᠤᠷ ᠴᠡᠭ ᠲᠠᠢ᠂ ᠭᠠᠴᠠᠭ᠎ᠠ ᠲᠣᠰᠬᠤᠨ ᠬᠠᠷᠢᠯᠴᠠᠬᠤ ᠬᠦᠮᠦᠨ ᠲᠠᠢ ᠪᠠᠶᠢᠬᠤ︾ ᠷᠠᠳᠢᠣ᠋ | ᠲᠧᠯᠸᠢᠰ ᠤᠨ ᠠᠵᠢᠯᠯᠠᠭᠠᠨ ᠢ ᠬᠠᠮᠠᠭᠠᠯᠠᠬᠤ ᠪᠠᠲᠤᠯᠠᠭ᠎ᠠ ᠶᠢᠨ ᠲᠣᠭᠲᠠᠯᠴᠠᠭ᠎ᠠ ᠶᠢ ᠠᠯᠬᠤᠮ ᠠᠯᠬᠤᠮ ᠢᠶᠠᠷ ᠪᠠᠶᠢᠭᠤᠯᠤᠨ ᠲᠡᠭᠦᠯᠳᠡᠷᠵᠢᠭᠦᠯᠵᠦ᠂ ᠵᠠᠰᠠᠭ ᠤᠨ ᠣᠷᠳᠣᠨ ᠢᠶᠠᠷ | ᠭᠤᠤᠯᠯᠠᠭᠤᠯᠤᠭᠰᠠᠨ᠂ ᠲᠠᠪᠤᠨ ᠱᠠᠲᠤ ᠪᠠᠷ ᠢᠶᠠᠨ ᠨᠡᠪᠲᠡᠷᠡᠯᠴᠡᠭᠰᠡᠨ᠂ ᠨᠡᠶᠢᠭᠡᠮᠴᠢᠯᠡᠭᠰᠡᠨ ᠬᠥᠭᠵᠢᠯᠲᠡ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠤᠷᠲᠤ ᠬᠤᠭᠤᠴᠠᠭᠠᠨ ᠤ | ᠪᠦᠲᠦᠮᠵᠢᠲᠡᠶ ᠵᠣᠬᠢᠴᠠᠮᠵᠢ ᠶᠢ ᠰᠦᠪᠡᠭᠴᠢᠯᠡᠨ ᠪᠠᠶᠢᠭᠤᠯᠵᠤ᠂ ᠦᠢᠯᠡᠴᠢᠯᠡᠭᠡᠨ ᠤ ᠣᠷᠣᠨ ᠪᠦᠰᠡ ᠶᠢᠨ ᠷᠠᠳᠢᠣ᠋ ᠲᠧᠯᠸᠢᠰ ᠢ ᠡᠷᠦᠬᠡ ᠪᠣᠯᠭᠠᠨ ᠳᠤ ᠨᠡᠪᠲᠡᠷᠡᠭᠦᠯᠦᠨ | ᠠᠵᠢᠯᠯᠠᠭᠤᠯᠬᠤ ᠪᠠ ᠬᠠᠮᠠᠭᠠᠯᠠᠬᠤ ᠠᠵᠢᠯ ᠤᠨ ᠤᠷᠲᠤ ᠬᠤᠭᠤᠴᠠᠭᠠᠨ ᠤ ᠪᠦᠲᠦᠮᠵᠢᠲᠡᠶ ᠵᠢᠷᠤᠮᠵᠢᠯ ᠢ ᠦᠨᠡᠨ ᠬᠦ ᠪᠠᠲᠤᠯᠠᠨ᠎ᠠ᠃ | ︵ᠲᠦᠷᠪᠡ︶ ᠣᠶᠣᠨᠲᠤ ᠷᠠᠳᠢᠣ᠋ ᠲᠧᠯᠸᠢᠰ ᠤᠨ ᠬᠡᠷᠡᠭᠯᠡᠭᠡᠨ ᠤ ᠳᠣᠭᠲᠠᠯᠴᠠᠭ᠎ᠠ ᠶᠢ ᠥᠷᠭᠡᠳᠭᠡᠨ᠎ᠡ | 1. ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠦᠢᠯᠡᠴᠢᠯᠡᠬᠦ ᠪᠠᠶᠢᠯᠳᠤᠬᠤ ᠪᠣᠳᠣᠯᠭ᠎ᠠ | ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠠᠵᠢᠯ ᠲᠥᠷᠥᠯ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠤᠬᠠᠭᠤᠯᠭ᠎ᠠ ᠪᠠᠷ ᠬᠥᠲᠥᠯᠥᠨ ᠳᠠᠭᠠᠭᠤᠯᠬᠤ ᠶᠢ ᠴᠢᠩᠭᠠᠳᠬᠠᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠰᠡᠳᠦᠪᠲᠦ ᠪᠦᠲᠦᠭᠡᠯ ᠤᠨ ᠵᠣᠬᠢᠶᠠᠨ ᠪᠦᠲᠦᠭᠡᠯᠭᠡ ᠶᠢ ᠳᠠᠮᠵᠢᠭᠤᠯᠵᠤ᠂ ᠣᠶᠣᠨᠲᠤ ᠷᠠᠳᠢᠣ᠋ ᠲᠧᠯᠸᠢᠰ ᠤᠨ ᠬᠡᠷᠡᠭᠯᠡᠭᠡ ᠪᠠᠷ ᠬᠠᠪᠰᠤᠷᠤᠨ ᠲᠡᠳᠬᠦᠬᠦ ᠶᠢ ᠭᠦᠨᠵᠡᠭᠡᠶᠢᠷᠡᠭᠦᠯᠦᠨ᠂ | ᠤᠶᠤᠨᠲᠤ ᠷᠠᠳᠢᠣ᠋ ᠲᠧᠯᠸᠢᠰ ᠤᠨ ᠴᠢᠳᠠᠪᠤᠷᠢᠲᠠᠨ ᠤ ᠰᠤᠷᠭᠠᠨ ᠬᠥᠮᠦᠵᠢᠯ ᠢᠶᠠᠷ ᠬᠠᠪᠰᠤᠷᠤᠨ ᠲᠡᠳᠬᠦᠬᠦ ᠶᠢ ᠥᠷᠭᠡᠳᠬᠡᠵᠦ᠂ ᠤᠶᠤᠨᠲᠤ ᠷᠠᠳᠢᠣ᠋ ᠲᠧᠯᠸᠢᠰ ᠤᠨ ᠣᠯᠠᠨ | ᠨᠡᠶᠢᠲᠡ ᠶᠢᠨ ᠦᠢᠯᠡᠴᠢᠯᠡᠭᠡ ᠶᠢ ᠠᠬᠢᠭᠤᠯᠤᠨ᠂ ᠥᠪᠥᠷ ᠮᠣᠩᠭᠤᠯ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠦᠢᠯᠡᠴᠢᠯᠡᠨ᠎ᠡ᠃ ᠮᠠᠯᠵᠢᠬᠤ ᠲᠠᠷᠢᠶᠠᠯᠠᠬᠤ | ᠤᠷᠤᠨ ᠤ ᠬᠤᠤᠰ ᠴᠢᠭᠯᠡᠯ ᠤᠨ ᠲᠤᠤᠷ ᠰᠦᠯᠵᠢᠶ᠎ᠡ ᠪᠠᠷ ᠬᠠᠮᠤᠷᠬᠤ ᠶᠢ ᠤᠯᠠᠮ ᠨᠢᠬᠡ ᠠᠯᠬᠤᠮ ᠲᠡᠭᠦᠯᠳᠡᠷᠵᠢᠬᠦᠯᠵᠦ᠂ ᠬᠤᠳᠠ ᠭᠦᠳᠡᠭᠡ ᠶᠢᠨ ᠷᠠᠳᠢᠤ᠋ ᠲᠧᠯᠸᠢᠰ ᠤᠨ | ᠦᠨᠳᠦᠰᠦᠨ ᠤᠯᠠᠨ ᠨᠡᠶᠢᠳᠡ ᠶᠢᠨ ᠦᠢᠯᠡᠴᠢᠯᠡᠭᠡ ᠶᠢ ᠲᠡᠩᠴᠡᠭᠦᠷᠢᠰᠢᠬᠦᠯᠬᠦ ᠶᠢ ᠪᠡᠶᠡᠯᠡᠬᠦᠯᠦᠨ᠎ᠠ᠃ ᠮᠠᠯᠵᠢᠬᠤ ᠣᠷᠣᠨ ᠤ ᠤᠶᠤᠨᠲᠤ ᠷᠠᠳᠢᠣ᠋ ᠲᠧᠯᠸᠢᠰ ᠤᠨ ᠥᠷᠭᠡᠨ ᠪᠦᠰᠡᠲᠦ | ᠰᠦᠯᠵᠢᠶᠡᠨ ᠤ ᠪᠦᠷᠬᠦᠴᠡ ᠬᠢᠭᠡᠳ ᠦᠢᠯᠡᠴᠢᠯᠡᠭᠡᠨ ᠤ ᠢᠨᠵᠧᠨᠧᠷᠢᠩ ᠢᠶᠠᠷ ᠰᠠᠭᠤᠷᠢ ᠪᠣᠯᠭᠠᠵᠤ᠂ ᠵᠦᠷᠢᠶᠡᠴᠢᠯᠡᠭᠰᠡᠨ᠂ ᠵᠠᠬᠢᠶᠠᠯᠠᠨ ᠦᠢᠯᠡᠳᠬᠦ ᠦᠢᠯᠡᠴᠢᠯᠡᠭᠡ ᠶᠢ ᠴᠢᠩᠭ᠎ᠠ | ᠠᠩᠬᠠᠷᠴᠤ᠂ ᠲᠣᠭᠠᠴᠢᠯᠠᠭᠰᠠᠨ ᠬᠡᠷ ᠪᠦᠯᠢ ᠶᠢᠨ ᠮᠠᠯᠵᠢᠯ ᠤᠨ ᠲᠠᠯᠠᠪᠠᠶ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠮᠠᠯᠵᠢᠯ ᠤᠨ ᠲᠠᠯᠠᠪᠠᠶ ᠶᠢᠨ ᠬᠠᠮᠢᠶᠠᠷᠤᠯᠲᠠ ᠪᠠ ᠮᠠᠯ | ᠠᠵᠤ ᠠᠬᠤᠶ ᠶᠢᠨ ᠦᠢᠯᠡᠳᠪᠦᠷᠢᠯᠡᠯ ᠤᠨ ᠲᠣᠭᠠᠴᠢᠯᠠᠯᠲᠠ ᠶᠢ ᠪᠡᠶᠡᠯᠡᠭᠦᠯᠦᠨ᠎ᠡ᠃ ᠮᠡᠳᠡᠭᠡ ᠵᠠᠩᠭᠢ ᠶᠢᠨ ᠮᠡᠷᠭᠡᠵᠢᠯ ᠢ ᠰᠤᠷᠭᠠᠨ ᠬᠥᠮᠦᠵᠢᠯ᠂ ᠡᠮᠴᠢᠯᠡᠭᠡ᠂ ᠰᠣᠶᠣᠯ ᠵᠢᠭᠤᠯᠴᠢᠯᠠᠯ | ᠂ ᠲᠠᠷᠢᠶᠠᠯᠠᠩ ᠮᠠᠯ ᠠᠵᠤ ᠠᠬᠤᠶ᠂ ᠬᠥᠳᠡᠭᠡ ᠲᠣᠰᠬᠤᠨ ᠤ ᠵᠠᠰᠠᠯᠲᠠ ᠵᠡᠷᠭᠡ ᠬᠤᠯᠪᠤᠭᠳᠠᠯ ᠪᠥᠬᠦᠶ ᠠᠵᠢᠯ ᠲᠥᠷᠥᠯ ᠲᠠᠢ ᠭᠦᠨᠵᠡᠭᠡᠶ ᠠᠭᠤᠰᠤᠯᠴᠠᠭᠤᠯᠬᠤ ᠶᠢ ᠠᠬᠢᠭᠤᠯᠤᠨ᠎ᠠ᠃ | | 2. ᠲᠣᠭᠠᠴᠢᠯᠠᠭᠰᠠᠨ ᠠᠵᠤ ᠠᠬᠤᠶ ᠶᠢᠨ ᠬᠥᠭᠵᠢᠯᠲᠡ ᠶᠢ ᠲᠤᠯᠭᠠᠭᠤᠷᠢᠯᠠᠨ᠎ᠠ | ᠷᠠᠳᠢᠣ᠋ ᠲᠧᠯᠸᠢᠰ ᠤᠨ ᠲᠣᠤᠷ ᠰᠦᠯᠵᠢᠶ᠎ᠡ ᠶᠢᠨ ᠪᠣᠬᠢᠷᠲᠤᠯ ᠦᠭᠡᠶ᠂ ᠠᠮᠤᠷ ᠲᠦᠪᠰᠢᠨ᠂ ᠨᠠᠶᠢᠳᠠᠪᠤᠷᠢᠲᠠᠶ ᠥᠪᠡᠷᠮᠢᠴᠡ ᠳᠠᠪᠠᠭᠤᠯᠢᠭ ᠢ ᠪᠠᠳᠠᠷᠠᠭᠤᠯᠵᠤ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠲᠣᠭᠠᠴᠢᠯᠠᠭᠰᠠᠨ ᠠᠵᠤ ᠠᠬᠤᠶ᠂ ᠲᠣᠭᠠᠴᠢᠯᠠᠭᠰᠠᠨ ᠵᠠᠰᠠᠭ ᠤᠨ ᠣᠷᠳᠣᠨ᠂ ᠲᠣᠭᠠᠴᠢᠯᠠᠭᠰᠠᠨ ᠨᠡᠶᠢᠭᠡᠮ᠂ ᠲᠣᠭᠠᠴᠢᠯᠠᠭᠰᠠᠨ ᠬᠤᠲᠠ ᠶᠢᠨ | ᠪᠥᠲᠥᠭᠡᠨ ᠪᠠᠶᠢᠭᠤᠯᠤᠯᠲᠠ ᠳᠤ ᠠᠭᠤᠰᠤᠯᠴᠠᠬᠤ ᠪᠠ ᠦᠢᠯᠡᠴᠢᠯᠡᠵᠦ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠰᠢᠰᠲ᠋ᠧᠮ ᠳᠤ | ᠰᠠᠭᠤᠷᠢ ᠰᠦᠯᠵᠢᠶᠡᠨ ᠤ ᠲᠥᠬᠦᠭᠡᠷᠦᠮᠵᠢ ᠶᠢᠨ ᠲᠤᠯᠭᠠᠭᠤᠷᠢᠯᠠᠯ ᠬᠠᠩᠭᠠᠵᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢᠵᠢᠯᠲᠠ ᠳᠤ | ᠦᠢᠯᠡᠴᠢᠯᠡᠭᠡᠨ ᠤ ᠠᠴᠢᠶᠠᠯᠠᠪᠤᠷᠢ ᠬᠠᠩᠭᠠᠨ᠎ᠠ᠃ ᠤᠶᠤᠨᠲᠤ ᠷᠠᠳᠢᠣ᠋ ᠲᠧᠯᠸᠢᠰ ᠤᠨ ᠲᠤᠬᠠᠶᠢᠯᠠᠭᠰᠠᠨ ᠠᠵᠢᠯ ᠤᠨ ᠲᠤᠯᠭᠠᠭᠤᠷᠢᠯᠠᠬᠤ ᠰᠢᠰᠲ᠋ᠧᠮ ᠢ ᠪᠦᠲᠦᠭᠡᠨ ᠪᠠᠶᠢᠭᠤᠯᠤᠨ | ᠲᠡᠭᠦᠯᠳᠡᠷᠵᠢᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠠᠷᠠᠳ ᠲᠤ ᠲᠥᠬᠦᠮ ᠦᠵᠡᠭᠦᠯᠵᠦ ᠠᠷᠠᠳ ᠲᠤ ᠠᠰᠢᠭ ᠬᠦᠷᠲᠡᠭᠡᠬᠦ᠂ ᠨᠡᠶᠢᠭᠡᠮ ᠤᠨ ᠵᠠᠰᠠᠯᠲᠠ᠂ ᠪᠠᠴᠢᠮ | ᠪᠠᠶᠢᠳᠠᠯ ᠢ ᠠᠷᠭᠠᠴᠠᠭᠠᠬᠤ ᠵᠢᠯᠣᠭᠤᠳᠤᠯᠭ᠎ᠠ᠂ ᠡᠯᠧᠺᠲᠷᠣᠨ ᠬᠤᠳᠠᠯᠳᠤᠭᠠᠨ ᠤ ᠶᠠᠪᠤᠳᠠᠯ ᠵᠡᠷᠭᠡ ᠶᠡᠷᠦᠩᠬᠡᠶᠢᠯᠡᠭᠰᠡᠨ ᠦᠢᠯᠡᠴᠢᠯᠡᠭᠡᠨ ᠤ ᠠᠭᠤᠯᠭ᠎ᠠ ᠶᠢ ᠥᠷᠭᠡᠳᠬᠡᠨ᠂ ᠤᠶᠤᠨᠲᠤ | ᠷᠠᠳᠢᠣ᠋ ᠲᠧᠯᠸᠢᠰ ᠤᠨ ᠲᠤᠬᠠᠶᠢᠯᠠᠭᠰᠠᠨ ᠠᠵᠢᠯ ᠤᠨ ᠬᠡᠷᠡᠭᠯᠡᠭᠡᠨ ᠤ ᠲᠠᠯᠠᠪᠤᠷ ᠵᠢᠴᠢ ᠬᠤᠳᠠᠯᠳᠤᠭᠠᠨ ᠤ ᠵᠠᠭᠪᠤᠷ ᠢ ᠬᠠᠶᠢᠨ ᠰᠦᠪᠡᠭᠴᠢᠯᠡᠵᠦ᠂ ᠣᠯᠠᠨ ᠨᠡᠶᠢᠲᠡ ᠶᠢᠨ | ᠦᠢᠯᠡᠴᠢᠯᠡᠭᠡᠨ ᠤ ᠴᠢᠳᠠᠪᠤᠷᠢ ᠪᠠ ᠲᠦᠪᠰᠢᠨ ᠢ ᠳᠡᠭᠡᠭᠰᠢᠯᠡᠭᠦᠯᠦᠨ᠎ᠡ᠃ ᠤᠶᠤᠨᠲᠤ ᠷᠠᠳᠢᠣ᠋ ᠲᠧᠯᠸᠢᠰ ᠤᠨ ᠰᠢᠨ᠎ᠡ ᠡᠵᠡᠩᠨᠡᠯᠲᠡ ᠶᠢᠨ ᠬᠡᠯᠪᠡᠷᠢ ᠶᠢᠨ ᠲᠤᠷᠰᠢᠯᠲᠠ ᠶᠢᠨ ᠠᠵᠢᠯ ᠢ | ᠢᠳᠡᠪᠬᠢᠲᠡᠶ ᠥᠷᠨᠢᠭᠦᠯᠵᠦ᠂ ᠣᠯᠠᠨ ᠲᠠᠯᠠᠪᠤᠷ ᠴᠢᠨᠠᠷ ᠰᠠᠶᠢᠲᠠᠶ ᠶᠡᠷᠦᠩᠬᠡᠶᠢᠯᠡᠭᠰᠡᠨ ᠦᠢᠯᠡᠴᠢᠯᠡᠭᠡ ᠶᠢ ᠬᠠᠩᠭᠠᠵᠤ᠂ ᠡᠯ᠎ᠡ ᠠᠵᠢᠯ ᠲᠥᠷᠥᠯ ᠤᠨ ᠮᠡᠳᠡᠭᠡ ᠵᠠᠩᠭᠢᠵᠢᠯᠲᠠ ᠶᠢᠨ | ᠬᠥᠭᠵᠢᠯᠲᠡ ᠳᠤ ᠬᠦᠴᠦᠨ ᠣᠯᠭᠤᠨ᠎ᠠ᠃ | 3.ᠤᠯᠤᠰ ᠤᠨ ᠰᠤᠶᠤᠯ ᠤᠨ ᠲᠤᠭᠠᠵᠢᠭᠤᠯᠤᠯᠲᠠ ᠶᠢᠨ ᠪᠠᠶᠢᠯᠲᠤᠬᠤ ᠪᠤᠲᠤᠯᠭ᠎ᠠ ᠲᠠᠢ ᠤᠶᠠᠯᠲᠤᠭᠤᠯᠤᠨᠠ | ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠤᠷ ᠰᠦᠯᠵᠢᠶ᠎ᠡ ᠶᠢᠨ ᠣᠳᠣ ᠶᠢᠨ ᠪᠠᠶᠢᠭ᠎ᠠ ᠲᠣᠤᠷ ᠰᠦᠯᠵᠢᠶᠡᠨ ᠤ ᠲᠥᠬᠦᠭᠡᠷᠦᠮᠵᠢ᠂ 5G ᠰᠦᠯᠵᠢᠶ᠎ᠡ᠂ | ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠲᠠᠪᠴᠠᠩ ᠵᠡᠷᠭᠡ ᠳᠤ ᠲᠦᠰᠢᠭᠯᠡᠨ᠂ ᠤᠯᠤᠰ ᠤᠨ ᠰᠣᠶᠣᠯ ᠤᠨ ᠲᠣᠭᠠᠵᠢᠭᠤᠯᠤᠭᠰᠠᠨ ᠪᠠᠶᠢᠯᠳᠤᠬᠤ ᠪᠣᠳᠣᠯᠭ᠎ᠠ ᠶᠢᠨ | ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠪᠠ ᠱᠠᠭᠠᠷᠳᠠᠯᠭ᠎ᠠ ᠶᠣᠰᠣᠭᠠᠷ᠂ ᠡᠭᠦᠯᠡᠨ ᠪᠣᠳᠣᠯᠲᠠ ᠶᠢᠨ ᠦᠢᠯᠡᠴᠢᠯᠡᠭᠡᠨ ᠤ ᠴᠢᠳᠠᠪᠤᠷᠢ ᠶᠢ ᠪᠦᠷᠢᠳᠦᠭᠦᠯᠦᠭᠰᠡᠨ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠪᠦᠰᠡ ᠶᠢᠨ ᠲᠥᠪ ᠤᠨ ᠡᠭᠦᠯᠡᠨ ᠪᠣᠳᠣᠯᠲᠠ ᠶᠢᠨ ᠲᠠᠪᠴᠠᠩ ᠢ ᠪᠦᠲᠦᠭᠡᠨ ᠪᠠᠶᠢᠭᠤᠯᠵᠤ᠂ ᠰᠣᠶᠣᠯ ᠤᠨ ᠡᠬᠢ | ᠪᠠᠶᠠᠯᠢᠭ ᠤᠨ ᠲᠤᠭ᠎ᠠ ᠪᠠᠷᠢᠮᠲᠠ ᠶᠢ ᠬᠠᠳᠠᠭᠠᠯᠠᠬᠤ᠂ ᠳᠠᠮᠵᠢᠭᠤᠯᠬᠤ᠂ ᠠᠷᠠᠯᠵᠢᠶᠠᠯᠠᠬᠤ ᠪᠠ ᠰᠣᠶᠣᠯ ᠤᠨ ᠲᠣᠭᠠᠵᠢᠭᠤᠯᠤᠭᠰᠠᠨ ᠠᠭᠤᠯᠭ᠎ᠠ ᠶᠢ ᠬᠤᠪᠢᠶᠠᠨ ᠲᠠᠷᠬᠠᠭᠠᠵᠤ᠂ | ᠰᠣᠶᠣᠯ ᠤᠨ ᠲᠤᠰᠬᠠᠶ ᠰᠦᠯᠵᠢᠶ᠎ᠡ ᠶᠢ ᠪᠣᠶ ᠪᠣᠯᠭᠠᠨ᠂ ᠥᠪᠡᠷᠲᠡᠭᠡᠨ ᠵᠠᠰᠠᠬᠤ ᠣᠷᠣᠨ ᠤ ᠰᠣᠶᠣᠯ ᠤᠨ ᠲᠣᠭᠠᠵᠢᠭᠤᠯᠬᠤ ᠪᠦᠲᠦᠭᠡᠨ ᠪᠠᠶᠢᠭᠤᠯᠤᠯᠲᠠ ᠳᠤ ᠥᠪᠡᠷ ᠤᠨ | ᠥᠷᠲᠡᠭ ᠢᠶᠠᠷ ᠳᠣᠤᠷ᠎ᠠ᠂ ᠬᠠᠮᠤᠷᠤᠭᠰᠠᠨ ᠬᠡᠪᠴᠢᠶ᠎ᠡ ᠥᠷᠭᠡᠨ ᠂ ᠥᠨᠳᠥᠷ ᠨᠠᠶᠢᠳᠠᠪᠤᠷᠢᠲᠠᠶ ᠥᠨᠳᠥᠷ ᠦᠷ᠎ᠡ ᠪᠦᠲᠦᠮᠵᠢᠲᠡᠶ ᠠᠶᠤᠯᠭᠦᠢ ᠶᠢᠨ ᠪᠣᠳᠣᠯᠭ᠎ᠠ ᠶᠢᠨ ᠬᠦᠴᠦᠨ ᠤ | ᠦᠢᠯᠡᠴᠢᠯᠡᠭᠡ ᠶᠢ ᠬᠠᠩᠭᠠᠨ᠎ᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠪᠦᠰᠡ ᠶᠢᠨ ᠲᠥᠪ ᠰᠣᠶᠣᠯ ᠤᠨ ᠲᠤᠭ᠎ᠠ ᠪᠠᠷᠢᠮᠲᠠ ᠶᠢᠨ ᠦᠢᠯᠡᠴᠢᠯᠡᠭᠡᠨ ᠤ | ᠲᠠᠪᠴᠠᠩ ᠢ ᠪᠦᠲᠦᠭᠡᠨ ᠪᠠᠶᠢᠭᠤᠯᠵᠤ᠂ ᠣᠷᠣᠨ ᠪᠦᠰᠡ ᠶᠢᠨ ᠳᠣᠲᠣᠷᠠᠬᠢ ᠡᠬᠢ ᠪᠠᠶᠠᠯᠢᠭ ᠤᠨ ᠦᠵᠦᠭᠦᠷ᠂ ᠦᠢᠯᠡᠳᠪᠦᠷᠢᠯᠡᠯ ᠤᠨ ᠦᠵᠦᠭᠦᠷ᠂ ᠬᠡᠷᠡᠭᠯᠡᠭᠡᠨ ᠤ ᠦᠵᠦᠭᠦᠷ ᠢ | ᠵᠠᠯᠭᠠᠯᠳᠤᠭᠤᠯᠵᠤ᠂ ᠣᠷᠣᠨ ᠪᠦᠰᠡ ᠶᠢᠨ ᠳᠣᠲᠣᠷᠠᠬᠢ ᠰᠣᠶᠣᠯ ᠤᠨ ᠡᠬᠢ ᠪᠠᠶᠠᠯᠢᠭ ᠤᠨ ᠲᠤᠭ᠎ᠠ ᠪᠠᠷᠢᠮᠲᠠ ᠪᠠ ᠰᠣᠶᠣᠯ ᠤᠨ ᠲᠣᠭᠠᠴᠢᠯᠠᠭᠰᠠᠨ ᠠᠭᠤᠯᠭ᠎ᠠ ᠶᠢᠨ ᠡᠷᠬᠡ ᠶᠢ | ᠨᠤᠲᠠᠯᠠᠨ ᠲᠣᠭᠲᠠᠭᠠᠬᠤ᠂ ᠠᠷᠠᠯᠵᠢᠶᠠᠯᠠᠬᠤ᠂ ᠳ᠋ᠦᠩᠨᠡᠨ ᠪᠣᠳᠣᠬᠤ᠂ ᠲᠦᠯᠦᠪᠦᠷᠢ ᠥᠭᠬᠦ ᠵᠡᠷᠭᠡ ᠳᠤ ᠲᠤᠰᠬᠠᠶᠢᠵᠢᠭᠰᠠᠨ ᠦᠢᠯᠡᠴᠢᠯᠡᠭᠡ ᠬᠠᠩᠭᠠᠨ᠎ᠠ᠃ | ︵ᠲᠠᠪᠤ︶ ᠤᠶᠤᠨᠲᠤ ᠷᠠᠳᠢᠣ᠋ ᠲᠧᠯᠸᠢᠰ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠲᠤᠭᠲᠠᠯᠴᠠᠭ᠎ᠠ | 1. ᠬᠢᠨᠠᠨ ᠰᠢᠨᠵᠢᠵᠦ ᠬᠢᠨᠠᠨ ᠬᠠᠮᠢᠶᠠᠷᠬᠤ ᠬᠦᠴᠦᠨ ᠴᠢᠳᠠᠪᠤᠷᠢ ᠶᠢ ᠳᠡᠭᠡᠭᠰᠢᠯᠡᠭᠦᠯᠦᠨ᠎ᠡ | ᠲᠦᠯᠦᠪᠵᠢᠭᠦᠯᠭᠡ ᠶᠢ ᠨᠢᠭᠡᠲᠦᠯᠵᠢᠭᠦᠯᠬᠦ᠂ ᠮᠡᠷᠭᠡᠵᠢᠯ ᠤᠨ ᠪᠠᠷᠢᠮᠵᠢᠶ᠎ᠠ ᠶᠢ ᠨᠢᠭᠡᠲᠦᠯᠵᠢᠭᠦᠯᠬᠦ᠂ ᠱᠠᠳᠤ ᠬᠤᠪᠢᠶᠠᠨ ᠬᠠᠷᠢᠭᠤᠴᠠᠬᠤ ᠶᠡᠷᠦᠩᠬᠡᠢ ᠱᠠᠭᠠᠷᠳᠠᠯᠭ᠎ᠠ ᠶᠣᠰᠣᠭᠠᠷ᠂ | ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠳᠠ ᠶᠢᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ᠂ ᠡᠬᠢ ᠪᠠᠶᠠᠯᠢᠭ ᠢ ᠬᠠᠮᠲᠤ ᠪᠠᠷ ᠡᠳ᠋ᠯᠡᠬᠦ ᠣᠶᠣᠨᠲᠤ ᠷᠠᠳᠢᠣ᠋ | ᠲᠧᠯᠸᠢᠰ ᠤᠨ ᠬᠢᠨᠠᠨ ᠬᠡᠮᠵᠢᠬᠦ ᠬᠢᠨᠠᠨ ᠬᠠᠮᠢᠶᠠᠷᠬᠤ ᠲᠣᠭᠲᠠᠯᠴᠠᠭ᠎ᠠ ᠶᠢ ᠪᠦᠲᠦᠭᠡᠨ ᠪᠠᠶᠢᠭᠤᠯᠬᠤ ᠶᠢᠨ ᠬᠠᠮᠲᠤ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠢ ᠲᠣᠪᠴᠢᠶ᠎ᠠ ᠶᠢᠨ | ᠬᠢᠨᠠᠨ ᠬᠠᠮᠢᠶᠠᠷᠬᠤ ᠲᠥᠪ ᠲᠠᠢ ᠪᠦᠲᠦᠮᠵᠢᠲᠡᠢ ᠵᠣᠯᠭᠠᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠱᠠᠲᠤᠨ ᠤ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ | ᠬᠢᠨᠠᠨ ᠬᠠᠮᠢᠶᠠᠷᠬᠤ ᠲᠠᠪᠴᠠᠩ ᠢ ᠲᠠᠰ ᠳᠡᠪᠰᠢᠭᠦᠯᠦᠨ ᠥᠭᠡᠷᠡᠴᠢᠯᠡᠬᠦ ᠶᠢ ᠲᠦᠷᠭᠡᠳᠬᠡᠨ ᠠᠬᠢᠭᠤᠯᠵᠤ᠂ ᠲᠦᠭᠰᠢᠭᠦᠷᠢ ᠶᠢ ᠤᠷᠢᠳᠴᠢᠯᠠᠨ ᠦᠨᠡᠯᠡᠨ ᠵᠢᠱᠢᠬᠦ ᠵᠣᠬᠢᠴᠠᠮᠵᠢ ᠶᠢ | ᠪᠠᠶᠢᠭᠤᠯᠤᠨ᠂ ᠪᠥᠬᠦ ᠣᠷᠣᠨ ᠤ ᠤᠯᠠᠮᠵᠢᠯᠠᠯᠲᠤ ᠷᠠᠳᠢᠣ᠋ ᠲᠧᠯᠸᠢᠰ ᠤᠨ ᠬᠢᠨᠠᠨ ᠰᠢᠨᠵᠢᠬᠦ ᠰᠢᠰᠲ᠋ᠧᠮ᠂ ᠸᠢᠳᠢᠣ᠋ ᠨᠡᠪᠲᠡᠷᠡᠭᠦᠯᠭᠡ ᠶᠢᠨ ᠬᠢᠨᠠᠨ ᠰᠢᠨᠵᠢᠬᠦ ᠰᠢᠰᠲ᠋ᠧᠮ᠂ IPTV ᠶᠢᠨ | ᠬᠢᠨᠠᠨ ᠰᠢᠨᠵᠢᠬᠦ ᠰᠢᠰᠲ᠋ᠧᠮ᠂ ᠷᠠᠳᠢᠣ᠋ ᠲᠧᠯᠸᠢᠰ ᠤᠨ ᠵᠠᠷ ᠮᠡᠳᠡᠭᠡ ᠶᠢ ᠬᠢᠨᠠᠨ ᠰᠢᠨᠵᠢᠬᠦ ᠰᠢᠰᠲ᠋ᠧᠮ᠂ ᠢᠨᠲ᠋ᠧᠷ ᠰᠦᠯᠵᠢᠶ᠎ᠡ ᠪᠠᠷ ᠦᠵᠡᠵᠦ ᠰᠣᠨᠣᠰᠬᠤ ᠰᠢᠨ᠎ᠡ | ᠵᠠᠭᠤᠴᠢᠯᠠᠭᠤᠷ ᠤᠨ ᠬᠢᠨᠠᠨ ᠰᠢᠨᠵᠢᠬᠦ ᠰᠢᠰᠲ᠋ᠧᠮ ᠢ ᠥᠷᠭᠡᠳᠬᠡᠨ ᠲᠡᠭᠦᠯᠳᠡᠷᠵᠢᠭᠦᠯᠵᠦ᠂ ᠤᠶᠤᠨᠴᠢᠯᠠᠭᠰᠠᠨ ᠬᠢᠨᠠᠨ ᠰᠢᠨᠵᠢᠬᠦ ᠬᠢᠨᠠᠯᠲᠠ ᠬᠠᠮᠢᠶᠠᠷᠤᠯᠲᠠ ᠶᠢᠨ ᠲᠣᠭᠲᠠᠯᠴᠠᠭ᠎ᠠ ᠶᠢ | ᠪᠠᠶᠢᠭᠤᠯᠤᠨ᠎ᠠ᠃ | 2. ᠲᠠᠪᠴᠠᠩ ᠦᠷᠳᠡᠭᠡ ᠶᠢᠨ ᠣᠶᠣᠨᠲᠤ ᠠᠵᠢᠯᠯᠠᠭᠤᠯᠵᠤ ᠪᠠᠲᠤᠯᠠᠬᠤ ᠬᠠᠮᠢᠶᠠᠷᠤᠯᠲᠠ ᠶᠢᠨ ᠲᠦᠪᠰᠢᠨ ᠢ ᠴᠢᠩᠭᠠᠳᠬᠠᠨ᠎ᠠ | ᠲᠠᠪᠴᠠᠩ ᠥᠷᠲᠡᠭᠡ ᠶᠢᠨ ᠣᠶᠣᠨᠲᠤ ᠠᠵᠢᠯᠯᠠᠭᠤᠯᠵᠤ ᠪᠠᠲᠤᠯᠠᠬᠤ ᠬᠠᠮᠢᠶᠠᠷᠤᠯᠲᠠ ᠶᠢᠨ ᠲᠠᠪᠴᠠᠩ ᠤᠨ ᠪᠦᠲᠦᠭᠡᠨ ᠪᠠᠶᠢᠭᠤᠯᠤᠯᠲᠠ ᠶᠢ ᠥᠷᠨᠢᠭᠦᠯᠵᠦ᠂ ᠠᠵᠢᠯᠯᠠᠭᠤᠯᠵᠤ | ᠪᠠᠲᠤᠯᠠᠬᠤ ᠲᠤᠭ᠎ᠠ ᠪᠠᠷᠢᠮᠲᠠ ᠶᠢ ᠵᠢᠷᠤᠮᠵᠢᠭᠤᠯᠤᠨ ᠴᠤᠭᠯᠠᠭᠤᠯᠬᠤ᠂ ᠬᠡᠮ ᠰᠣᠭᠤᠭ ᠢ ᠣᠶᠤᠨᠴᠢ ᠪᠠᠷ ᠢᠯᠡᠷᠡᠭᠦᠯᠦᠨ ᠪᠠᠶᠢᠷᠢ ᠲᠣᠭᠲᠠᠭᠠᠬᠤ᠂ ᠠᠰᠠᠭᠤᠳᠠᠯ ᠢ ᠣᠶᠤᠨᠴᠢ ᠪᠠᠷ | ᠣᠨᠣᠰᠢᠯᠠᠭᠤᠯᠤᠨ ᠵᠠᠳᠠᠯᠬᠤ᠂ ᠬᠡᠷᠡᠭ ᠢ ᠣᠶᠤᠨᠴᠢ ᠪᠠᠷ ᠰᠢᠢᠳᠪᠦᠷᠢᠯᠡᠵᠦ ᠰᠡᠷᠭᠦᠭᠡᠬᠦ᠂ ᠲᠦᠭᠰᠢᠭᠦᠷᠢ ᠶᠢ ᠣᠶᠤᠨᠴᠢ ᠪᠠᠷ ᠲᠥᠰᠦᠭᠡᠯᠡᠨ ᠰᠡᠷᠡᠮᠵᠢᠯᠡᠭᠦᠯᠬᠦ ᠶᠢ ᠨᠢᠭᠡ | ᠴᠣᠭᠴᠠᠵᠢᠭᠤᠯᠤᠭᠰᠠᠨ ᠲᠠᠪᠴᠠᠩ ᠥᠷᠲᠡᠭᠡ ᠶᠢᠨ ᠣᠶᠣᠨᠲᠤ ᠠᠵᠢᠯᠯᠠᠭᠤᠯᠵᠤ ᠪᠠᠲᠤᠯᠠᠬᠤ ᠲᠣᠭᠲᠠᠯᠴᠠᠭ᠎ᠠ ᠶᠢ ᠠᠯᠬᠤᠮ ᠠᠯᠬᠤᠮ ᠢᠶᠠᠷ ᠪᠠᠶᠢᠭᠤᠯᠵᠤ᠂ ᠰᠢᠭᠤᠳ ᠬᠠᠷᠢᠶ᠎ᠠ | ᠲᠠᠪᠴᠠᠩ᠂ ᠲᠥᠪ ᠲᠠᠪᠴᠠᠩ ᠵᠢᠴᠢ ᠡᠯ᠎ᠡ ᠬᠠᠷᠪᠤᠯᠲᠠ ᠶᠢᠨ ᠲᠠᠪᠴᠠᠩ ᠥᠷᠲᠡᠭᠡ ᠶᠢᠨ ᠲᠤᠭ᠎ᠠ ᠪᠠᠷᠢᠮᠲᠠ ᠶᠢᠨ ᠬᠤᠯᠪᠣᠯᠳᠤᠨ ᠨᠡᠪᠲᠡᠷᠡᠯᠴᠡᠬᠦ ᠶᠢ ᠪᠡᠶᠡᠯᠡᠭᠦᠯᠵᠦ᠂ | ᠡᠷᠴᠢᠮᠵᠢᠭᠦᠯᠦᠭᠰᠡᠨ ᠬᠠᠮᠢᠶᠠᠷᠤᠯᠲᠠ ᠶᠢᠨ ᠵᠠᠭᠪᠤᠷ ᠢᠶᠠᠷ ᠳᠠᠮᠵᠢᠭᠤᠯᠤᠨ ᠵᠠᠰᠠᠭ ᠵᠠᠬᠢᠷᠭᠠᠨ ᠤ ᠠᠵᠢᠯ ᠦᠢᠯᠡᠰ ᠵᠢᠴᠢ ᠮᠡᠷᠭᠡᠵᠢᠯ ᠤᠨ ᠡᠬᠢ ᠪᠠᠶᠠᠯᠢᠭ ᠢ ᠨᠢᠭᠡᠳᠦᠯᠲᠡᠶ ᠲᠥᠯᠥᠪᠯᠡᠨ | ᠬᠠᠮᠢᠶᠠᠷᠴᠤ᠂ ᠮᠡᠳᠡᠭᠡ ᠵᠠᠩᠭᠢ ᠶᠢᠨ ᠪᠣᠭᠤᠮᠢ ᠠᠴᠠ ᠪᠣᠯᠤᠭᠰᠠᠨ ᠡᠮᠬᠢ ᠵᠢᠷᠤᠮ ᠥᠬᠡᠶ ᠪᠠ ᠢᠯᠡᠭᠦᠤ ᠪᠣᠯᠬᠤ ᠠᠴᠠ ᠵᠠᠶᠢᠯᠠᠰᠬᠢᠵᠦ᠂ ᠪᠦᠬᠦᠯᠢ ᠴᠣᠭᠴᠠ ᠶᠢᠨ ᠡᠬᠢ ᠪᠠᠶᠠᠯᠢᠭ ᠤᠨ | ᠨᠢᠭᠡᠳᠦᠯᠲᠡᠶ ᠲᠣᠬᠢᠷᠠᠭᠤᠯᠤᠯᠲᠠ ᠬᠠᠮᠢᠶᠠᠷᠤᠯᠲᠠ ᠵᠢᠴᠢ ᠰᠢᠯᠢᠳᠡᠭᠵᠢᠭᠦᠯᠦᠨ ᠳᠣᠭᠢᠷᠠᠭᠤᠯᠬᠤ ᠶᠢ ᠪᠡᠶᠡᠯᠡᠭᠦᠯᠦᠨ᠎ᠡ᠃ | 3.ᠰᠦᠯᠵᠢᠶᠠᠨ ᠤ ᠠᠶᠤᠯᠭᠦᠢ ᠶᠢᠨ ᠴᠢᠳᠠᠪᠤᠷᠢ ᠶᠢᠨ ᠪᠦᠲᠦᠭᠡᠨ ᠪᠠᠶᠢᠭᠤᠯᠤᠯᠲᠠ ᠶᠢ ᠠᠭᠢᠭᠤᠯᠤᠨ᠎ᠠ | ᠪᠥᠬᠦ ᠣᠷᠣᠨ ᠤ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠰᠦᠯᠵᠢᠶᠡᠨ ᠤ ᠠᠮᠤᠷ ᠲᠦᠪᠰᠢᠨ ᠤ ᠰᠦᠷᠳᠡᠭᠦᠯᠦᠯ ᠤᠨ ᠤᠷᠢᠳᠴᠢᠯᠠᠨ ᠰᠡᠷᠡᠮᠵᠢᠯᠡᠭᠦᠯᠬᠦ ᠪᠠ | ᠪᠠᠶᠢᠳᠠᠯ ᠢ ᠰᠡᠷᠡᠵᠦ ᠮᠡᠳᠡᠬᠦ ᠴᠢᠳᠠᠪᠤᠷᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠲᠣᠮᠣ ᠳ᠋ᠠᠶᠢᠲ᠋ᠠ᠂ ᠡᠭᠦᠯᠡᠨ ᠪᠣᠳᠣᠯᠲᠠ᠂ ᠢᠲᠡᠭᠡᠮᠵᠢᠲᠦ ᠳ᠋ᠠᠶᠢᠲ᠋ᠠ᠂ ᠵᠣᠬᠢᠶᠠᠮᠠᠯ | ᠣᠶᠤᠨ ᠵᠡᠷᠭᠡ ᠰᠢᠨ᠎ᠡ ᠮᠡᠷᠭᠡᠵᠢᠯ ᠢ ᠢᠳᠡᠪᠬᠢᠲᠡᠢ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠠᠵᠢᠯ ᠲᠥᠷᠥᠯ ᠤᠨ ᠵᠠᠩᠭᠢᠯᠠᠭ᠎ᠠ ᠶᠢᠨ ᠮᠡᠳᠡᠭᠡ | ᠵᠠᠩᠭᠢ ᠶᠢᠨ ᠰᠠᠭᠤᠷᠢ ᠲᠥᠬᠦᠭᠡᠷᠦᠮᠵᠢ᠂ ᠢᠨᠲ᠋ᠧᠷ ᠰᠦᠯᠵᠢᠶᠡᠨ ᠤ ᠴᠢᠬᠤᠯᠠ ᠰᠢᠰᠲ᠋ᠧᠮ ᠪᠠ ᠰᠦᠯᠵᠢᠶᠡᠨ ᠤ ᠦᠵᠡᠵᠦ ᠰᠣᠨᠣᠰᠬᠤ ᠦᠨᠡᠮᠯᠡᠯ ᠲᠠᠢ ᠰᠦᠯᠵᠢᠶᠡᠨ ᠤ ᠠᠮᠤᠷ | ᠲᠦᠪᠰᠢᠨ ᠤ ᠲᠤᠭ᠎ᠠ ᠪᠠᠷᠢᠮᠲᠠ ᠶᠢ ᠴᠤᠭᠯᠠᠭᠤᠯᠬᠤ᠂ ᠰᠦᠷᠳᠡᠭᠦᠯᠦᠯ ᠢ ᠣᠯᠵᠤ ᠮᠡᠳᠡᠵᠦ ᠢᠯᠭᠠᠨ ᠲᠠᠨᠢᠬᠤ᠂ ᠪᠠᠶᠢᠳᠠᠯ ᠢ ᠰᠡᠷᠡᠵᠦ ᠮᠡᠳᠡᠬᠦ᠂ ᠰᠤᠳᠤᠯᠤᠨ ᠮᠠᠭᠠᠳᠯᠠᠵᠤ | ᠵᠠᠳᠠᠯᠬᠤ᠂ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠵᠢᠴᠢ ᠰᠢᠢᠳᠪᠦᠷᠢᠯᠡᠵᠦ ᠲᠣᠬᠢᠷᠠᠭᠤᠯᠬᠤ ᠵᠡᠷᠭᠡ ᠠᠵᠢᠯ ᠢ ᠥᠷᠨᠢᠭᠦᠯᠵᠦ᠂ ᠶᠡᠭᠡ ᠬᠡᠮᠵᠢᠶᠡᠨ ᠤ ᠮᠡᠳᠡᠭᠡ | ᠵᠠᠩᠭᠢ ᠶᠢᠨ ᠬᠢᠨᠠᠯᠲᠠ ᠬᠠᠮᠢᠶᠠᠷᠤᠯᠲᠠ ᠶᠢᠨ ᠨᠠᠷᠢᠯᠢᠭ ᠣᠨᠣᠪᠴᠢᠲᠠᠶ᠂ ᠬᠠᠨᠳᠤᠯᠭᠠᠲᠤ ᠴᠢᠨᠠᠷᠲᠠᠶ ᠬᠢᠨᠠᠯᠲᠠ ᠬᠠᠮᠢᠶᠠᠷᠤᠯᠲᠠ ᠲᠡᠶᠢᠰᠢ ᠰᠢᠯᠵᠢᠬᠦ ᠶᠢ ᠲᠦᠷᠭᠡᠳᠬᠡᠨ᠎ᠡ᠃ | 4.ᠡᠭᠢ ᠪᠠᠶᠠᠯᠢᠭ ᠤᠨ ᠳ᠋ᠠᠶᠢᠲ᠋ᠠ ᠶᠢᠨ ᠦᠵᠡᠭᠳᠡᠬᠦᠶᠢᠴᠡ ᠬᠠᠮᠢᠶᠠᠷᠤᠯᠲᠠ ᠶᠢᠨ ᠴᠢᠲᠠᠪᠤᠷᠢ ᠶᠢ ᠴᠢᠩᠭᠠᠷᠠᠭᠤᠯᠤᠨ᠎ᠠ | ᠲᠤᠭ᠎ᠠ ᠪᠠᠷᠢᠮᠲᠠ ᠶᠢᠨ ᠦᠵᠡᠭᠳᠡᠬᠦᠶᠢᠴᠡ ᠮᠡᠷᠭᠡᠵᠢᠯ ᠢ ᠶᠡᠷᠦᠩᠬᠡᠶᠢᠯᠡᠨ ᠬᠡᠷᠡᠭᠯᠡᠵᠦ᠂ GIS ᠭᠠᠵᠠᠷ ᠤᠨ ᠵᠢᠷᠤᠭ ᠤᠨ ᠠᠷᠭ᠎ᠠ ᠬᠡᠯᠪᠡᠷᠢ ᠪᠠᠷ ᠡᠯ᠎ᠡ ᠲᠥᠷᠥᠯ ᠤᠨ ᠲᠤᠭ᠎ᠠ | ᠪᠠᠷᠢᠮᠲᠠ ᠶᠢᠨ ᠮᠡᠳᠡᠭᠡ ᠵᠠᠩᠭᠢ ᠶᠢ ᠳᠡᠯᠭᠡᠨ ᠦᠵᠡᠭᠦᠯᠵᠦ᠂ ᠲᠤᠰᠬᠠᠶ ᠮᠡᠷᠭᠡᠵᠢᠯ ᠬᠤᠪᠢᠶᠠᠨ ᠣᠷᠣᠨ ᠪᠦᠰᠡ ᠬᠤᠪᠢᠶᠠᠨ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠪᠠ | ᠰᠦᠯᠵᠢᠶᠡᠨ ᠤ ᠦᠵᠡᠵᠦ ᠰᠣᠨᠣᠰᠬᠤ ᠡᠬᠢ ᠪᠠᠶᠠᠯᠢᠭ ᠤᠨ ᠲᠤᠭ᠎ᠠ ᠪᠠᠷᠢᠮᠲᠠ ᠶᠢ ᠦᠵᠡᠭᠳᠡᠬᠦ᠋ᠢᠴᠡ ᠢᠯᠡᠷᠡᠭᠦᠯᠬᠦ ᠪᠠ ᠵᠢᠯᠣᠭᠤᠳᠤᠨ ᠲᠣᠬᠢᠷᠠᠭᠤᠯᠬᠤ ᠬᠠᠮᠢᠶᠠᠷᠤᠯᠲᠠ ᠳᠤ | ᠠᠯᠬᠤᠮ ᠠᠯᠬᠤᠮ ᠢᠶᠠᠷ ᠣᠷᠣᠭᠤᠯᠵᠤ᠂ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠡᠬᠢ ᠪᠠᠶᠠᠯᠢᠭ ᠤᠨ ︽ᠪᠠᠶᠢᠭᠤᠯᠤᠮᠵᠢ ᠶᠢ ᠣᠯᠵᠤ ᠦᠵᠡᠬᠦ ᠂ | ᠪᠦᠷᠬᠦᠴᠡ ᠶᠢ ᠦᠵᠡᠵᠦ ᠪᠣᠯᠬᠤ ᠂ ᠦᠢᠯᠡᠴᠢᠯᠡᠭᠡ ᠶᠢ ᠰᠡᠷᠡᠵᠦ ᠮᠡᠳᠡᠬᠦ︾ ᠶᠢ ᠨᠢᠭᠡ ᠴᠣᠭᠴᠠᠵᠢᠭᠤᠯᠤᠭᠰᠠᠨ ᠬᠠᠮᠢᠶᠠᠷᠤᠯᠲᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ | ᠳ᠋ᠠᠶᠢᠲ᠋ᠠ ᠪᠠᠷ ᠵᠠᠩᠭᠢᠯᠠᠭ᠎ᠠ ᠶᠢᠨ ᠬᠦᠴᠦᠨ ᠵᠦᠢᠯ ᠪᠣᠯᠭᠠᠭᠰᠠᠨ᠂ ᠰᠢᠨ᠎ᠡ ᠶᠢ ᠡᠭᠦᠳᠬᠦ ᠪᠠᠷ ᠭᠤᠤᠯ ᠤᠳᠤᠷᠢᠳᠤᠮᠵᠢ ᠪᠣᠯᠭᠠᠭᠰᠠᠨ ᠷᠠᠳᠢᠣ᠋ ᠲᠧᠯᠸᠢᠰ ᠤᠨ ᠲᠣᠮᠣ ᠳ᠋ᠠᠶᠢᠲ᠋ᠠ ᠶᠢᠨ | ᠬᠡᠷᠡᠭᠯᠡᠭᠡᠨ ᠤ ᠲᠣᠭᠲᠠᠯᠴᠠᠭ᠎ᠠ ᠶᠢ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠤᠶᠤᠨᠲᠤ ᠷᠠᠳᠢᠣ᠋ ᠲᠧᠯᠸᠢᠰ ᠤᠨ ᠪᠥᠲᠥᠭᠡᠨ ᠪᠠᠶᠢᠭᠤᠯᠤᠯᠲᠠ ᠳᠤ ᠬᠦᠴᠦᠲᠡᠶ | ᠲᠤᠯᠭᠠᠭᠤᠷᠢᠯᠠᠯ ᠬᠠᠩᠭᠠᠨ᠎ᠠ᠃ | ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ | ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ ᠪᠥᠬᠦ ᠣᠷᠣᠨ ᠤ ᠤᠶᠤᠨᠲᠤ ᠷᠠᠳᠢᠣ᠋ ᠲᠧᠯᠸᠢᠰ ᠤᠨ ᠪᠥᠲᠥᠭᠡᠨ ᠪᠠᠶᠢᠭᠤᠯᠤᠯᠲᠠ ᠶᠢ ᠵᠢᠯᠣᠭᠤᠳᠬᠤ ᠶᠢ | ᠬᠠᠷᠢᠭᠤᠴᠠᠵᠤ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠵᠣᠯᠭᠠᠭᠤᠯᠵᠤ᠂ ᠵᠣᠬᠢᠶᠠᠨ ᠪᠠᠶᠢᠭᠤᠯᠵᠤ ᠵᠣᠬᠢᠴᠠᠭᠤᠯᠬᠤ ᠠᠵᠢᠯ ᠢ ᠨᠢᠭᠡᠳᠦᠯᠲᠡᠶ ᠲᠥᠯᠥᠪᠵᠢᠭᠦᠯᠦᠨ ᠰᠠᠶᠢᠲᠤᠷ | ᠬᠢᠨ᠎ᠠ᠃ ᠡᠯ᠎ᠡ ᠱᠠᠲᠤᠨ ᠤ ᠷᠠᠳᠢᠣ᠋ ᠲᠧᠯᠸᠢᠰ ᠤᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠬᠠᠷᠢᠶ᠎ᠠ ᠭᠠᠵᠠᠷ ᠲᠤ ᠨᠢ ᠬᠠᠮᠢᠶᠠᠷᠤᠭᠤᠯᠬᠤ᠂ ᠱᠠᠲᠤ | ᠬᠤᠪᠢᠶᠠᠨ ᠬᠠᠷᠢᠭᠤᠴᠠᠬᠤ ᠵᠠᠷᠴᠢᠮ ᠶᠣᠰᠣᠭᠠᠷ᠂ ᠬᠠᠷᠢᠶ᠎ᠠ ᠣᠷᠣᠨ ᠤ ᠣᠶᠣᠨᠲᠤ ᠷᠠᠳᠢᠣ᠋ ᠲᠧᠯᠸᠢᠰ ᠤᠨ ᠪᠥᠲᠥᠭᠡᠨ ᠪᠠᠶᠢᠭᠤᠯᠤᠯᠲᠠ ᠶᠢ ᠢᠳᠡᠪᠬᠢᠲᠡᠶ ᠠᠬᠢᠭᠤᠯᠵᠤ᠂ ᠤᠶᠤᠨᠲᠤ | ᠷᠠᠳᠢᠣ᠋ ᠲᠧᠯᠸᠢᠰ ᠤᠨ ᠪᠥᠲᠥᠭᠡᠨ ᠪᠠᠶᠢᠭᠤᠯᠤᠯᠲᠠ ᠶᠢ ᠡᠳᠦᠷ ᠲᠤᠲᠤᠮ ᠤᠨ ᠴᠢᠬᠤᠯᠠ ᠵᠥᠪᠯᠡᠬᠦ ᠵᠦᠢᠯ ᠳᠤ ᠪᠠᠨ ᠣᠷᠣᠭᠤᠯᠵᠤ᠂ ᠪᠣᠳᠠᠲᠠᠶ ᠲᠠᠢ ᠪᠠᠨ ᠤᠶᠠᠯᠳᠤᠭᠤᠯᠤᠨ | ᠡᠭᠦᠷᠭᠡ ᠪᠠᠨ ᠨᠠᠷᠢᠯᠢᠬᠵᠢᠭᠤᠯᠵᠤ᠂ ᠠᠷᠭ᠎ᠠ ᠬᠡᠮᠵᠢᠶ᠎ᠡ ᠳᠤᠷᠠᠳᠴᠤ᠂ ᠠᠵᠢᠯ ᠤᠨ ᠬᠤᠪᠢᠶᠠᠷᠢᠯᠠᠯ ᠢᠶᠠᠨ ᠲᠣᠳᠣᠷᠬᠠᠶᠢᠯᠠᠨ᠂ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ᠣᠯᠠᠨ | ᠲᠠᠯ᠎ᠠ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠠᠵᠢᠯ ᠢᠶᠠᠨ ᠠᠬᠢᠭᠤᠯᠬᠤ ᠶᠢ ᠰᠠᠶᠢᠲᠤᠷ ᠠᠳᠬᠤᠵᠤ᠂ ᠤᠶᠤᠨᠲᠤ ᠷᠠᠳᠢᠣ᠋ ᠲᠧᠯᠸᠢᠰ ᠤᠨ ᠪᠥᠲᠥᠭᠡᠨ | ᠪᠠᠶᠢᠭᠤᠯᠤᠯᠲᠠ ᠳᠤ ᠬᠦᠴᠦᠲᠡᠶ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠨ᠎ᠠ᠃ | ︵ᠬᠤᠶᠠᠷ︶ ᠲᠡᠳᠭᠦᠨ ᠳᠡᠮᠵᠢᠵᠦ ᠬᠦᠲᠦᠯᠦᠨ ᠵᠢᠯᠤᠭᠤᠳᠬᠤ ᠡᠷᠴᠢᠮ ᠢᠶᠠᠨ ᠴᠢᠩᠭᠠᠷᠠᠭᠤᠯᠤᠨ᠎ᠠ | ᠡᠯ᠎ᠡ ᠱᠠᠲᠤᠨ ᠤ ᠷᠠᠳᠢᠣ᠋ ᠲᠧᠯᠸᠢᠰ ᠤᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠨᠠᠮ ᠤᠨ ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠱᠠᠭᠠᠷᠳᠠᠯᠭ᠎ᠠ ᠪᠠᠶᠢᠷᠢᠯᠠᠭᠤᠯᠤᠯᠲᠠ ᠶᠢᠨ ᠲᠣᠭᠤᠷᠢᠨ ᠳᠤ᠂ ᠤᠶᠤᠨᠲᠤ ᠷᠠᠳᠢᠣ᠋ ᠲᠧᠯᠸᠢᠰ ᠤᠨ ᠬᠥᠭᠵᠢᠯᠲᠡ ᠶᠢ ᠲᠣᠰ ᠭᠠᠵᠠᠷ | ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ ᠪᠠ ᠰᠣᠶᠣᠯ ᠤᠨ ᠥᠭᠡᠷᠡᠴᠢᠯᠡᠯᠲᠡ ᠬᠥᠭᠵᠢᠯᠲᠡ ᠶᠢᠨ ᠲᠥᠯᠥᠪᠵᠢᠭᠦᠯᠭᠡ ᠳᠤ ᠣᠷᠣᠭᠤᠯᠬᠤ ᠪᠠᠷ | ᠢᠳᠡᠪᠬᠢᠲᠡᠶ ᠴᠢᠷᠮᠠᠶᠢᠵᠤ᠂ ᠨᠢᠭᠡ ᠴᠣᠭᠴᠠᠵᠢᠭᠤᠯᠤᠨ ᠨᠢᠭᠡᠳᠦᠯᠲᠡᠶ ᠲᠥᠯᠥᠪᠵᠢᠭᠦᠯᠵᠦ᠂ ᠬᠦᠴᠦ ᠪᠠᠨ ᠬᠠᠮᠲᠤᠳᠬᠠᠨ ᠠᠬᠢᠭᠤᠯᠬᠤ ᠬᠡᠷᠡᠭᠲᠡᠶ᠃ ᠡᠯ᠎ᠡ ᠱᠠᠲᠤᠨ ᠤ ᠡᠯ᠎ᠡ | ᠲᠥᠷᠥᠯ ᠤᠨ ᠵᠠᠰᠠᠭ ᠤᠨ ᠣᠷᠳᠣᠨ ᠤ ᠪᠠᠯᠠ ᠣᠷᠣᠭᠤᠯᠤᠯᠲᠠ᠂ ᠲᠤᠰᠬᠠᠶ ᠪᠠᠯᠠ ᠮᠥᠩᠭᠦ᠂ ᠡᠳ᠋ ᠤᠨ ᠵᠠᠰᠠᠭ ᠤᠨ ᠨᠥᠬᠦᠪᠥᠷᠢ᠂ ᠠᠵᠤ ᠠᠬᠤᠶᠢᠯᠠᠯ ᠤᠨ ᠥᠪᠡᠷᠲᠡᠭᠡᠨ | ᠴᠤᠭᠯᠠᠭᠤᠯᠬᠤ᠂ ᠵᠠᠬ᠎ᠠ ᠳᠡᠯᠭᠡᠭᠦᠷᠴᠢᠯᠡᠨ ᠠᠵᠢᠯᠯᠠᠭᠤᠯᠬᠤ ᠵᠡᠷᠭᠡ ᠠᠷᠭ᠎ᠠ ᠬᠡᠯᠪᠡᠷᠢ ᠶᠢ ᠭᠦᠢᠴᠡᠳ ᠠᠰᠢᠭᠯᠠᠨ᠂ ᠪᠠᠯᠠ ᠣᠷᠣᠭᠤᠯᠤᠯᠲᠠ ᠪᠠᠯᠠ ᠲᠣᠬᠢᠷᠠᠭᠤᠯᠭ᠎ᠠ ᠶᠢᠨ ᠠᠷᠭ᠎ᠠ | ᠵᠠᠮ ᠢ ᠥᠷᠭᠡᠳᠬᠡᠵᠦ᠂ ᠪᠠᠯᠠ ᠣᠷᠣᠭᠤᠯᠤᠯᠲᠠ ᠶᠢᠨ ᠡᠵᠡᠩᠨᠡᠯᠲᠡ ᠶᠢᠨ ᠵᠠᠭᠪᠤᠷ ᠤᠨ ᠰᠢᠨ᠎ᠡ ᠶᠢ ᠡᠭᠦᠳᠴᠦ᠂ ᠨᠡᠶᠢᠭᠡᠮ ᠤᠨ ᠪᠠᠯᠠ ᠮᠥᠩᠭᠦ ᠶᠢ ᠢᠳᠡᠪᠬᠢᠲᠡᠶ ᠪᠠᠷ ᠬᠥᠲᠥᠯᠦᠨ | ᠵᠢᠯᠣᠭᠤᠳᠴᠤ ᠪᠠᠶᠢᠭᠠᠳ ᠤᠶᠤᠨᠲᠤ ᠷᠠᠳᠢᠣ᠋ ᠲᠧᠯᠸᠢᠰ ᠤᠨ ᠪᠥᠲᠥᠭᠡᠨ ᠪᠠᠶᠢᠭᠤᠯᠤᠯᠲᠠ ᠳᠤ ᠣᠷᠣᠯᠴᠠᠭᠤᠯᠤᠨ᠎ᠠ᠃ | ︵ᠭᠤᠷᠪᠠ︶ ᠡᠩᠨᠡᠭᠡᠨ ᠤ ᠪᠦᠲᠦᠭᠡᠨ ᠪᠠᠶᠢᠭᠤᠯᠤᠯᠲᠠ ᠶᠢ ᠴᠢᠩᠭᠠᠷᠠᠭᠤᠯᠤᠨ᠎ᠠ | ᠡᠯ᠎ᠡ ᠱᠠᠲᠤᠨ ᠤ ᠷᠠᠳᠢᠣ᠋ ᠲᠧᠯᠸᠢᠰ ᠤᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠤᠶᠤᠨᠲᠤ ᠷᠠᠳᠢᠣ᠋ ᠲᠧᠯᠸᠢᠰ ᠤᠨ ᠠᠭᠤᠯᠭ᠎ᠠ ᠶᠢᠨ ᠦᠢᠯᠡᠳᠪᠦᠷᠢᠯᠡᠯ᠂ | ᠮᠡᠷᠭᠡᠵᠢᠯ ᠤᠨ ᠰᠤᠳᠤᠯᠤᠨ ᠨᠡᠭᠡᠭᠡᠯᠲᠡ᠂ ᠬᠥᠷᠥᠩᠭᠡ ᠶᠢᠨ ᠠᠵᠢᠯᠯᠠᠭᠠᠨ ᠵᠢᠴᠢ ᠡᠵᠡᠩᠨᠡᠯᠲᠡ ᠬᠠᠮᠢᠶᠠᠷᠤᠯᠲᠠ ᠶᠢᠨ ᠴᠢᠳᠠᠪᠤᠷᠢᠲᠠᠨ ᠢ ᠬᠥᠮᠦᠵᠢᠭᠦᠯᠬᠦ ᠪᠠ ᠣᠷᠣᠭᠤᠯᠤᠨ | ᠠᠪᠴᠢᠷᠠᠬᠤ ᠡᠷᠴᠢᠮ ᠢᠶᠠᠨ ᠴᠢᠩᠭᠠᠷᠠᠭᠤᠯᠵᠤ᠂ ᠴᠢᠳᠠᠪᠤᠷᠢᠲᠠᠨ ᠢ ᠬᠡᠷᠡᠭᠯᠡᠬᠦ᠂ ᠦᠨᠡᠯᠡᠬᠦ᠂ ᠦᠢᠯᠡᠴᠢᠯᠡᠬᠦ᠂ ᠤᠷᠮᠠᠰᠢᠭᠤᠯᠬᠤ ᠪᠠᠶᠢᠭᠤᠯᠤᠯ ᠵᠣᠬᠢᠴᠠᠮᠵᠢ ᠶᠢ ᠪᠦᠷᠢᠨᠰᠢᠬᠦᠯᠦᠨ᠂ | ᠤᠶᠤᠨᠲᠤ ᠷᠠᠳᠢᠣ᠋ ᠲᠧᠯᠸᠢᠰ ᠤᠨ ᠪᠠᠷᠢᠮᠵᠢᠶ᠎ᠠ ᠶᠢᠨ ᠲᠣᠭᠲᠠᠯᠴᠠᠭ᠎ᠠ ᠶᠢ ᠵᠣᠯᠭᠠᠭᠤᠯᠬᠤ ᠪᠠ ᠪᠣᠯᠪᠠᠰᠤᠷᠠᠭᠤᠯᠬᠤ ᠵᠣᠬᠢᠴᠠᠮᠵᠢ ᠶᠢ ᠪᠠᠶᠢᠭᠤᠯᠵᠤ᠂ ᠬᠤᠯᠪᠣᠭᠳᠠᠯ ᠪᠥᠬᠦᠶ | ᠪᠠᠶᠢᠭᠤᠯᠤᠮᠵᠢ ᠪᠠ ᠠᠵᠢᠯᠲᠠᠨ ᠳᠤ ᠪᠠᠶᠢᠩᠭᠤᠵᠢᠭᠰᠠᠨ ᠪᠣᠯᠪᠠᠰᠤᠷᠠᠯ ᠢ ᠥᠷᠨᠢᠭᠦᠯᠦᠨ᠎ᠡ᠃ | ︵ᠲᠦᠷᠪᠡ︶ ᠬᠢᠨᠠᠯᠲᠠ ᠲᠠᠯᠪᠢᠨ ᠪᠠᠶᠢᠴᠠᠭᠠᠬᠤ ᠠᠵᠢᠯ ᠢ ᠨᠠᠶᠢᠳᠠᠪᠤᠷᠢᠵᠢᠭᠤᠯᠤᠨ᠎ᠠ | ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ ᠠᠴᠠ ᠥᠪᠥᠷ ᠮᠣᠩᠭᠤᠯ ᠤᠨ ᠤᠶᠤᠨᠲᠤ ᠷᠠᠳᠢᠣ᠋ ᠲᠧᠯᠸᠢᠰ ᠤᠨ ᠪᠥᠲᠥᠭᠡᠨ ᠪᠠᠶᠢᠭᠤᠯᠤᠯᠲᠠ ᠶᠢ ᠵᠣᠬᠢᠶᠠᠨ | ᠪᠠᠶᠢᠭᠤᠯᠵᠤ ᠬᠡᠷᠡᠭᠵᠢᠭᠦᠯᠬᠦ ᠶᠢ ᠰᠢᠮᠳᠠᠭᠤᠯᠤᠨ ᠪᠠᠶᠢᠴᠠᠭᠠᠬᠤ ᠶᠢ ᠬᠠᠷᠢᠭᠤᠴᠠᠨ᠎ᠠ᠃ ᠡᠯ᠎ᠡ ᠱᠠᠲᠤᠨ ᠤ ᠷᠠᠳᠢᠣ᠋ ᠲᠧᠯᠸᠢᠰ ᠤᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ | ᠮᠥᠴᠢᠷ ᠤᠳ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠪᠠ ᠬᠢᠨᠠᠯᠲᠠ ᠲᠠᠯᠪᠢᠵᠤ ᠬᠠᠮᠢᠶᠠᠷᠬᠤ ᠶᠢ ᠰᠠᠶᠢᠲᠤᠷ ᠠᠳᠬᠤᠵᠤ᠂ ᠬᠠᠮᠢᠶᠠᠷᠤᠯᠲᠠ ᠶᠢᠨ ᠬᠠᠷᠢᠭᠤᠴᠠᠯᠭ᠎ᠠ ᠶᠢᠨ ᠨᠠᠷᠢᠨ | ᠬᠠᠭᠤᠳᠠᠰᠤ ᠶᠢ ᠲᠣᠳᠣᠷᠬᠠᠶᠢᠯᠠᠨ᠂ ᠬᠥᠳᠡᠯᠦᠩᠭᠦᠶ ᠬᠢᠨᠠᠨ ᠬᠡᠮᠵᠢᠬᠦ ᠵᠣᠬᠢᠴᠠᠮᠵᠢ ᠶᠢ ᠪᠠᠶᠢᠭᠤᠯᠵᠤ᠂ ᠬᠡᠪᠰᠢᠭᠰᠡᠨ ᠬᠢᠨᠠᠯᠲᠠ ᠪᠠᠶᠢᠴᠠᠭᠠᠯᠲᠠ ᠶᠢ ᠥᠷᠨᠢᠭᠦᠯᠦᠨ᠎ᠡ᠃ | | | ᠪᠥᠬᠦ ᠠᠭᠤᠯᠭ᠎ᠠ ᠨᠢ ᠳᠣᠤᠷᠠᠬᠢ ᠮᠡᠲᠦ᠄ ᠥᠪᠥᠷ ᠷᠠᠳᠢᠣ᠋ ᠲᠧᠯᠸᠢᠰ ᠲᠠᠷᠬᠠᠭᠠᠭᠰᠠᠨ 2022 171 ᠳ᠋ᠤᠭᠡᠷ ᠲᠣᠭᠠᠲᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠤᠶᠤᠨᠲᠤ ᠷᠠᠳᠢᠣ᠋ ᠲᠧᠯᠸᠢᠰ ᠤᠨ ᠬᠥᠭᠵᠢᠯᠲᠡ ᠶᠢ ᠠᠬᠢᠭᠤᠯᠬᠤ ᠲᠥᠰᠦᠯ︾ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ.doc | | |