2024 ᠣᠨ ᠤ ᠵᠢᠩᠬᠢᠨᠢ ᠳᠡᠭᠡᠳᠦ ᠵᠡᠷᠭᠡ ᠶᠢᠨ᠂ ᠳᠡᠭᠡᠳᠦ ᠵᠡᠷᠭᠡ ᠶᠢᠨ᠂ ᠰᠠᠭᠠᠳ ᠦᠭᠡᠢ ᠨᠡᠪᠲᠡᠷᠡᠬᠦ ᠵᠠᠮ ᠢ ᠭᠤᠶᠤᠴᠢᠯᠠᠨ ᠮᠡᠳᠡᠭᠦᠯᠦᠭᠰᠡᠨ ᠬᠥᠮᠥᠰ ᠤᠨ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ ᠶᠢᠨ ᠮᠡᠳᠡᠭᠳᠡᠯ
ᠨᠡᠶᠢᠲᠡᠯᠡᠭᠰᠡᠨ ᠴᠠᠭ᠄
2024/6/20
  ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ︽2024 ᠣᠨ ᠤ ᠪᠥᠬᠦ ᠣᠷᠣᠨ ᠤ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ︵ᠥᠪᠥᠷ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠠᠯᠪᠠᠨ ᠲᠠᠷᠬᠠᠭᠠᠭᠰᠠᠨ ﹇ 2024﹈ 85 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ᠡᠳᠦᠭᠡ 2024 ᠣᠨ ᠤ ᠵᠢᠩᠬᠢᠨᠢ ᠳᠡᠭᠡᠳᠦ ᠵᠡᠷᠭᠡ ᠶᠢᠨ᠂ ᠳᠡᠭᠡᠳᠦ ᠵᠡᠷᠭᠡ ᠶᠢᠨ᠂ ᠰᠠᠭᠠᠳ ᠥᠬᠡᠶ ᠨᠡᠪᠲᠡᠷᠡᠬᠦ ᠵᠠᠮ ᠢ ᠭᠤᠶᠤᠴᠢᠯᠠᠨ ᠮᠡᠳᠡᠭᠦᠯᠦᠭᠰᠡᠨ ᠬᠥᠮᠦᠰ ᠢ ᠢᠯᠡ ᠨᠡᠶᠢᠲᠡᠯᠡᠪᠡ᠃ ᠨᠡᠶᠢᠲᠡᠯᠡᠯ ᠤᠨ ᠬᠤᠭᠤᠴᠠᠭ᠎ᠠ᠄ 2024 ᠣᠨ ᠤ 6 ᠳ᠋ᠤᠭᠠᠷ ᠰᠠᠷ᠎ᠠ ᠶᠢᠨ 21 ᠤ ᠡᠳᠦᠷ ᠠᠴᠠ 27 ᠤ ᠡᠳᠦᠷ ᠪᠣᠯᠲᠠᠯ᠎ᠠ᠃  ᠨᠡᠶᠢᠲᠡᠯᠡᠯ ᠤᠨ ᠬᠤᠭᠤᠴᠠᠭᠠᠨ ᠳᠤ᠂ ᠶᠠᠮᠠᠷᠪᠠ ᠨᠢᠭᠡᠴᠢ ᠪᠠ ᠬᠤᠪᠢ ᠬᠥᠮᠦᠨ ᠬᠡᠷᠪᠡ ᠮᠡᠳᠡᠭᠦᠯᠦᠭᠰᠡᠨ ᠬᠥᠮᠦᠰ ᠲᠤ ᠮᠠᠳᠠᠭ ᠲᠠᠢ ᠪᠠᠶᠢᠪᠠᠯ᠂ ᠴᠥᠮ ᠤᠲᠠᠰᠤ ᠢᠷᠡᠭᠦᠯᠬᠦ᠂ ᠵᠠᠬᠢᠳᠠᠯ ᠢᠷᠡᠭᠦᠯᠬᠦ᠂ ᠰᠤᠷᠪᠤᠯᠵᠢᠯᠠᠬᠤ ᠪᠠᠷ ᠢᠷᠡᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠲᠣᠪᠴᠢᠶ᠎ᠠ ᠶᠢᠨ ᠠᠵᠢᠯᠲᠠᠨ ᠤ ᠶᠠᠪᠤᠳᠠᠯ ᠤᠨ ᠭᠠᠵᠠᠷ ᠲᠤ ᠠᠰᠠᠭᠤᠳᠠᠯ ᠢ ᠲᠤᠰᠬᠠᠵᠤ ᠪᠣᠯᠤᠨ᠎ᠠ᠃  ᠬᠠᠷᠢᠯᠴᠠᠬᠤ ᠤᠲᠠᠰᠤ᠄ 0471 – 4590021 ᠂ 0471 – 4590029    ᠳᠠᠭᠠᠯᠳᠤᠭᠤᠯᠤᠯ᠄  1. 2024 ᠣᠨ ᠤ ᠵᠢᠩᠬᠢᠨᠢ ᠳᠡᠭᠡᠳᠦ ᠵᠡᠷᠭᠡ ᠶᠢᠨ ᠂ ᠳᠡᠭᠡᠳᠦ ᠵᠡᠷᠭᠡ ᠶᠢᠨ ᠮᠡᠷᠭᠡᠵᠢᠯ ᠤᠨ ᠴᠣᠯᠠ ᠶᠢ ᠭᠤᠶᠤᠴᠢᠯᠠᠨ ᠮᠡᠳᠡᠭᠦᠯᠬᠦ ᠨᠡᠷᠡᠰ ᠤᠨ ᠳᠡᠪᠲᠡᠷ  2. 2024 ᠤᠨ ᠤ ᠰᠠᠭᠠᠳ ᠦᠭᠡᠢ ᠨᠡᠪᠲᠡᠷᠡᠬᠦ ᠵᠠᠮ ᠢ ᠭᠤᠶᠤᠴᠢᠯᠠᠨ ᠮᠡᠳᠡᠬᠦᠯᠬᠦ ᠮᠡᠷᠬᠡᠵᠢᠯ ᠤᠨ ᠴᠤᠯᠠ ᠶᠢᠨ ᠨᠡᠷᠡᠰ ᠤᠨ ᠳᠡᠪᠲᠡᠷ  ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠷᠠᠳᠢᠣ᠋ ᠲᠧᠯᠸᠢᠰ ᠤᠨ ᠲᠤᠪᠴᠢᠶ᠎ᠠ2024 ᠣᠨ ᠤ 6 ᠳ᠋ᠤᠭᠠᠷ ᠰᠠᠷ᠎ᠠ ᠶᠢᠨ 20 ᠤ ᠡᠳᠦᠷ

 

 

ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠷᠠᠳᠢᠤ᠋ ᠲᠧᠯᠸᠢᠰ ᠤᠨ ᠲᠤᠪᠴᠢᠶ᠎ᠠ