| | | | | | 2024 ᠣᠨ ᠤ ᠪᠥᠬᠦ ᠤᠯᠤᠰ ᠤᠨ ᠷᠠᠳᠢᠣ᠋ ᠲᠧᠯᠸᠢᠰ ᠤᠨ ᠨᠡᠪᠲᠡᠷᠡᠭᠦᠯᠦᠭᠴᠢ ᠬᠥᠲᠦᠯᠦᠭᠴᠢ ᠶᠢᠨ ᠬᠢᠷᠢ ᠬᠡᠮ ᠤᠨ ᠰᠢᠯᠭᠠᠯᠲᠠ ︵ᠥᠪᠥᠷ ᠮᠣᠩᠭᠤᠯ ᠤᠨ | ᠰᠢᠯᠭᠠᠯᠲᠠ ᠶᠢᠨ ᠲᠤᠭᠤᠷᠢᠭ︶ ᠶᠢ 2024 ᠣᠨ ᠤ 9 ᠳ᠋ᠦ᠋ᠭᠡᠷ ᠰᠠᠷ᠎ᠠ ᠶᠢᠨ 7᠂ 8 ᠤ ᠡᠳᠦᠷ ᠶᠠᠪᠤᠭᠳᠠᠭᠤᠯᠬᠤ ᠪᠠᠷ ᠲᠣᠭᠲᠠᠵᠤ᠂ ᠡᠳᠦᠭᠡ ᠬᠠᠮᠢᠶ᠎ᠠ ᠪᠥᠬᠦᠶ ᠵᠦᠢᠯᠡᠰ ᠢ | ᠳᠣᠤᠷᠠᠬᠢ ᠮᠡᠲᠦ ᠵᠠᠷᠯᠠᠶ᠎ᠠ᠃ | ᠨᠢᠭᠡ᠂ ᠨᠡᠷ᠎ᠡ ᠮᠡᠳᠡᠭᠦᠯᠬᠦ ᠨᠥᠬᠦᠴᠡᠯ | ︵ᠨᠢᠭᠡ︶ ᠦᠨᠳᠦᠰᠦᠨ ᠬᠠᠤᠯᠢ᠂ ᠬᠠᠤᠯᠢ ᠴᠠᠭᠠᠵᠠ᠂ ᠷᠠᠳᠢᠣ᠋ ᠲᠧᠯᠸᠢᠰ ᠤᠨ ᠬᠤᠯᠪᠣᠭᠳᠠᠯ ᠪᠦᠬᠦᠢ ᠬᠠᠤᠯᠢ ᠲᠣᠭᠲᠠᠭᠠᠯ᠂ ᠳᠦᠷᠢᠮ ᠲᠣᠭᠲᠠᠭᠠᠯ ᠢ ᠵᠢᠷᠤᠮᠯᠠᠬᠤ | ᠬᠡᠷᠡᠭᠲᠡᠢ︔ | ︵ᠬᠤᠶᠠᠷ︶ ᠳᠥᠷᠪᠡᠨ ᠦᠨᠳᠦᠰᠦᠨ ᠵᠠᠷᠴᠢᠮ ᠢ ᠪᠠᠷᠢᠮᠲᠠᠯᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠨᠳᠦᠰᠦᠨ ᠣᠨᠣᠯ᠂ ᠦᠨᠳᠦᠰᠦᠨ ᠱᠤᠭᠤᠮ ᠪᠠ | ᠴᠢᠭᠯᠡᠯᠲᠡ ᠲᠥᠷᠥ ᠶᠢᠨ ᠪᠣᠳᠣᠯᠭ᠎ᠠ ᠶᠢ ᠬᠦᠷᠢᠶᠡᠯᠡᠬᠦ ᠬᠡᠷᠡᠭᠲᠡᠢ︔ | ︵ᠭᠤᠷᠪᠠ︶ ᠢᠷᠭᠡᠨ ᠤ ᠬᠡᠷᠡᠭ ᠤᠨ ᠠᠵᠢᠯᠯᠠᠭ᠎ᠠ ᠶᠢᠨ ᠪᠦᠷᠢᠨ ᠴᠢᠳᠠᠪᠤᠷᠢ ᠲᠠᠢ︔ | ︵ᠳᠥᠷᠪᠡ︶ ᠶᠡᠭᠡ ᠰᠤᠷᠭᠠᠭᠤᠯᠢ ᠶᠢᠨ ᠲᠤᠰᠬᠠᠶ ᠮᠡᠷᠭᠡᠵᠢᠯ ᠤᠨ ᠠᠩᠭᠢ ᠵᠢᠴᠢ ᠲᠡᠭᠦᠨ ᠠᠴᠠ ᠳᠡᠭᠡᠭᠰᠢᠬᠢ ᠰᠤᠷᠤᠯᠭ᠎ᠠ ᠶᠢᠨ ᠨᠠᠮᠲᠠᠷ ᠲᠠᠢ ︵2025 ᠣᠨ ᠳᠤ | ᠲᠡᠭᠦᠰᠦᠭᠰᠡᠳ ᠢ ᠪᠠᠭᠲᠠᠭᠠᠨ᠎ᠠ︶᠃ | ᠬᠤᠶᠠᠷ᠂ ᠨᠡᠷ᠎ᠡ ᠮᠡᠳᠡᠭᠦᠯᠬᠦ ᠠᠷᠭ᠎ᠠ ᠬᠡᠯᠪᠡᠷᠢ | ᠨᠡᠷ᠎ᠡ ᠮᠡᠳᠡᠭᠦᠯᠬᠦ ᠠᠷᠭ᠎ᠠ ᠬᠡᠯᠪᠡᠷᠢ᠄ ᠰᠦᠯᠵᠢᠶᠡᠨ ᠳᠡᠭᠡᠷ᠎ᠡ ᠨᠡᠷ᠎ᠡ ᠮᠡᠳᠡᠭᠦᠯᠵᠦ᠂ ᠰᠦᠯᠵᠢᠶᠡᠨ ᠳᠡᠭᠡᠷ᠎ᠡ ᠬᠢᠨᠠᠨ ᠬᠠᠷᠭᠤᠭᠤᠯᠵᠤ᠂ ᠰᠢᠯᠭᠠᠯᠲᠠ ᠶᠢᠨ ᠰᠦᠢᠳᠬᠡᠯ | ᠲᠤᠰᠢᠶᠠᠨ᠎ᠠ᠃ | ︵ᠨᠢᠭᠡ︶ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ | 2024 ᠣᠨ ᠤ ᠪᠥᠬᠦ ᠤᠯᠤᠰ ᠤᠨ ᠷᠠᠳᠢᠣ᠋ ᠲᠧᠯᠸᠢᠰ ᠤᠨ ᠨᠡᠪᠲᠡᠷᠡᠭᠦᠯᠦᠭᠴᠢ ᠬᠦᠲᠦᠯᠦᠭᠴᠢ ᠶᠢᠨ ᠬᠢᠷᠢ ᠬᠡᠮ ᠤᠨ ᠰᠢᠯᠭᠠᠯᠲᠠ ᠶᠢ ᠰᠦᠯᠵᠢᠶᠡᠨ ᠳᠡᠭᠡᠷ᠎ᠡ ᠨᠡᠷ᠎ᠡ | ᠮᠡᠳᠡᠭᠦᠯᠵᠦ᠂ ᠨᠡᠷ᠎ᠡ ᠮᠡᠳᠡᠭᠦᠯᠬᠦ ᠴᠠᠭ ᠨᠢ 2024 ᠣᠨ ᠤ 6 ᠳ᠋ᠤᠭᠠᠷ ᠰᠠᠷ᠎ᠠ ᠶᠢᠨ 24 ᠤ ᠡᠳᠦᠷ ᠠᠴᠠ 7 ᠳ᠋ᠤᠭᠠᠷ ᠰᠠᠷ᠎ᠠ ᠶᠢᠨ 5 ᠤ ᠡᠳᠦᠷ ᠪᠣᠯᠲᠠᠯ᠎ᠠ ᠪᠣᠯᠣᠨ᠎ᠠ᠃ ᠨᠡᠷ᠎ᠡ | ᠮᠡᠳᠡᠭᠦᠯᠦᠭᠰᠡᠨ ᠬᠥᠮᠦᠰ ᠲᠣᠭᠲᠠᠭᠰᠠᠨ ᠬᠤᠭᠤᠴᠠᠭᠠᠨ ᠳᠣᠲᠣᠷ᠎ᠠ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ ᠠᠯᠪᠠᠨ ᠰᠦᠯᠵᠢᠶ᠎ᠡ ︵www.nrta. | gov.cn ︶ ᠶᠢᠨ ᠬᠢᠷᠢ ᠬᠡᠮ ᠤᠨ ᠰᠢᠯᠭᠠᠯᠲᠠ ᠶᠢᠨ ᠪᠤᠯᠤᠩ ᠳᠤ ᠣᠷᠣᠵᠤ᠂ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠱᠠᠭᠠᠷᠳᠠᠯᠭ᠎ᠠ᠂ ᠶᠠᠪᠤᠴᠠ ᠵᠢᠴᠢ ᠠᠯᠬᠤᠮ ᠳᠠᠷᠠᠭ᠎ᠠ | ᠶᠣᠰᠣᠭᠠᠷ ᠬᠤᠪᠢ ᠬᠥᠮᠦᠨ ᠤ ᠮᠡᠳᠡᠭᠡ ᠵᠠᠩᠭᠢ ᠪᠠᠨ ᠲᠠᠭᠯᠠᠨ ᠮᠡᠳᠡᠭᠦᠯᠵᠦ᠂ ᠬᠤᠭᠤᠴᠠᠭ᠎ᠠ ᠥᠩᠭᠡᠷᠡᠪᠡᠯ ᠨᠥᠬᠦᠨ ᠮᠡᠳᠡᠭᠦᠯᠵᠦ ᠪᠣᠯᠬᠤ ᠥᠬᠡᠶ᠃ ᠰᠦᠯᠵᠢᠶᠡᠨ ᠳᠡᠭᠡᠷ᠎ᠡ ᠨᠡᠷ᠎ᠡ | ᠮᠡᠳᠡᠭᠦᠯᠦᠭᠰᠡᠨ ᠦᠭᠡᠢ ᠰᠢᠯᠭᠠᠭᠰᠠᠳ ᠤᠨ ᠲᠤᠬᠠᠶ ᠶᠢᠨ ᠲᠠᠯᠠᠪᠤᠷ ᠲᠤ ᠨᠡᠷ᠎ᠡ ᠮᠡᠳᠡᠭᠦᠯᠬᠦ ᠶᠢ ᠬᠦᠯᠢᠶᠡᠨ ᠠᠪᠬᠤ ᠥᠬᠡᠶ᠃ | ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠳᠤ ᠪᠠᠨ ᠳᠣᠤᠷᠠᠬᠢ ᠮᠡᠲᠦ ᠮᠠᠲ᠋ᠧᠷᠢᠶᠠᠯ ᠢ ᠳᠡᠭᠡᠭᠰᠢ ᠳᠠᠮᠵᠢᠭᠤᠯᠬᠤ ᠬᠡᠷᠡᠭᠲᠡᠶ᠄ | 1. ᠲᠣᠰ ᠬᠥᠮᠦᠨ ᠤ ᠬᠦᠴᠦᠨ ᠪᠥᠬᠦᠶ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠤᠨ ᠰᠢᠷᠪᠢᠯᠲᠡ ᠶᠢᠨ ᠵᠦᠢᠯ ︵ᠡᠮᠦᠨ᠎ᠡ᠂ ᠠᠷᠤ ᠲᠠᠯ᠎ᠠ ᠶᠢ ᠪᠠᠭᠲᠠᠭᠠᠨ᠎ᠠ᠂ | ᠰᠢᠯᠭᠠᠯᠲᠠ ᠶᠢᠨ ᠬᠤᠭᠤᠴᠠᠭᠠᠨ ᠳᠠᠬᠢ ᠪᠡᠶ᠎ᠡ ᠶᠢᠨ ᠦᠨᠡᠮᠯᠡᠯ ᠨᠢ ᠬᠦᠴᠦᠨ ᠪᠦᠬᠦᠢ ᠬᠤᠭᠤᠴᠠᠭᠠᠨ ᠳᠤ ᠪᠠᠶᠢᠬᠤ ᠬᠡᠷᠡᠭᠲᠡᠶ︶︔ | 2. ᠶᠡᠭᠡ ᠰᠤᠷᠭᠠᠭᠤᠯᠢ ᠶᠢᠨ ᠲᠤᠰᠬᠠᠶ ᠮᠡᠷᠭᠡᠵᠢᠯ ᠵᠢᠴᠢ ᠲᠡᠭᠦᠨ ᠠᠴᠠ ᠳᠡᠭᠡᠭᠰᠢᠬᠢ ᠰᠤᠷᠤᠯᠭ᠎ᠠ ᠶᠢᠨ ᠨᠠᠮᠲᠠᠷ ᠤᠨ ᠦᠨᠡᠮᠯᠡᠯ ︵ᠰᠤᠷᠭᠠᠭᠤᠯᠢ ᠳᠤ ᠪᠠᠶᠢᠬᠤ ᠲᠤᠰ | ᠬᠤᠭᠤᠴᠠᠭᠠᠨ ᠳᠤ ᠲᠡᠭᠦᠰᠦᠭᠰᠡᠳ ᠰᠤᠷᠤᠯᠭ᠎ᠠ ᠶᠢᠨ ᠮᠡᠳᠡᠭᠡ ᠵᠠᠩᠭᠢ ᠶᠢᠨ ᠰᠦᠯᠵᠢᠶᠡᠨ ᠤ ᠰᠤᠷᠭᠠᠭᠤᠯᠢ ᠶᠢᠨ ᠬᠠᠷᠢᠶᠠᠯᠠᠯ ᠤᠨ ᠭᠡᠷᠡᠴᠢ ᠪᠠᠨ ᠳᠡᠭᠡᠭᠰᠢ ᠳᠠᠮᠵᠢᠭᠤᠯᠬᠤ ᠬᠡᠷᠡᠭᠲᠡᠶ︔ | ᠭᠠᠳᠠᠭᠠᠳᠤ ᠳᠤ ᠰᠤᠷᠤᠯᠴᠠᠭᠰᠠᠳ ᠰᠤᠷᠭᠠᠨ ᠬᠥᠮᠦᠵᠢᠯ ᠤᠨ ᠶᠠᠮᠤᠨ ᠤ ᠭᠠᠳᠠᠭᠠᠳᠤ ᠳᠤ ᠰᠤᠷᠤᠯᠴᠠᠭᠰᠠᠳ ᠤᠨ ᠦᠢᠯᠡᠴᠢᠯᠡᠭᠡᠨ ᠤ ᠲᠥᠪ ᠠᠴᠠ ᠭᠠᠷᠭᠠᠭᠰᠠᠨ ᠭᠠᠳᠠᠭᠠᠳᠤ ᠶᠢᠨ | ᠰᠤᠷᠤᠯᠭ᠎ᠠ ᠶᠢᠨ ᠨᠠᠮᠲᠠᠷ ᠡᠷᠳᠡᠮ ᠤᠨ ᠴᠣᠯᠠ ᠶᠢ ᠮᠡᠳᠡᠷᠡᠬᠦ ᠦᠨᠡᠮᠯᠡᠯ ᠢᠶᠠᠨ ᠳᠡᠭᠡᠭᠰᠢ ᠳᠠᠮᠵᠢᠭᠤᠯᠬᠤ ᠬᠡᠷᠡᠭᠲᠡᠶ︔ 2004 ᠣᠨ ᠠᠴᠠ ᠡᠮᠦᠨ᠎ᠡ ᠲᠡᠭᠦᠰᠦᠭᠰᠡᠨ | ᠰᠢᠯᠭᠠᠭᠤᠯᠤᠭᠴᠢ ᠴᠠᠭ ᠲᠤᠬᠠᠶ ᠳᠤ ᠨᠢ ᠰᠤᠷᠤᠯᠭ᠎ᠠ ᠶᠢᠨ ᠨᠠᠮᠲᠠᠷ ᠤᠨ ᠭᠡᠷᠡᠴᠢᠯᠡᠯ ᠬᠢᠬᠦ ᠶᠢᠨ ᠬᠠᠮᠲᠤ ᠰᠤᠷᠤᠯᠭ᠎ᠠ ᠶᠢᠨ ᠨᠠᠮᠲᠠᠷ ᠦᠨᠡᠮᠯᠡᠯ ᠢᠶᠠᠨ ᠳᠡᠭᠡᠭᠰᠢ ᠳᠠᠮᠵᠢᠭᠤᠯᠬᠤ | ᠬᠡᠷᠡᠭᠲᠡᠶ︶᠃ | ︵ᠬᠤᠶᠠᠷ︶ ᠬᠢᠨᠠᠨ ᠬᠠᠷᠭᠤᠭᠤᠯᠤᠭᠰᠠᠨ ᠳ᠋ᠦᠩ ᠢ ᠪᠠᠶᠢᠴᠠᠭᠠᠬᠤ | 2024 ᠣᠨ ᠤ 7 ᠳ᠋ᠤᠭᠠᠷ ᠰᠠᠷ᠎ᠠ ᠶᠢᠨ 16 ᠤ ᠡᠳᠦᠷ ᠠᠴᠠ 22 ᠤᠨ ᠡᠳᠦᠷ ᠤᠨ 18 ᠴᠠᠭ ᠪᠣᠯᠲᠠᠯ᠎ᠠ᠂ ᠰᠢᠯᠭᠠᠭᠤᠯᠤᠭᠴᠢ ᠤᠯᠤᠰ ᠤᠨ ᠷᠠᠳᠢᠣ᠋ ᠲᠧᠯᠸᠢᠰ ᠤᠨ | ᠶᠡᠷᠦᠩᠬᠡᠶ ᠲᠣᠪᠴᠢᠶ᠎ᠠ ᠶᠢᠨ ᠠᠯᠪᠠᠨ ᠰᠦᠯᠵᠢᠶ᠎ᠡ ︵www.nrta.gov.cn ︶ ᠶᠢᠨ ᠬᠢᠷᠢ ᠬᠡᠮ ᠤᠨ ᠰᠢᠯᠭᠠᠯᠲᠠ ᠶᠢᠨ ᠪᠤᠯᠤᠩ ᠳᠤ ᠣᠷᠣᠵᠤ ᠬᠤᠪᠢ ᠬᠥᠮᠦᠨ ᠤ ᠮᠡᠳᠡᠭᠡ | ᠵᠠᠩᠭᠢ ᠶᠢᠨ ᠬᠢᠨᠠᠨ ᠬᠠᠷᠭᠤᠭᠤᠯᠤᠭᠰᠠᠨ ᠪᠠᠶᠢᠳᠠᠯ ᠢᠶᠠᠨ ᠪᠠᠶᠢᠴᠠᠭᠠᠨ ᠦᠵᠡᠵᠦ ᠪᠣᠯᠤᠨ᠎ᠠ᠃ | ᠬᠢᠨᠠᠨ ᠬᠠᠷᠭᠤᠭᠤᠯᠤᠭᠰᠠᠨ ᠪᠠᠶᠢᠳᠠᠯ ᠨᠢ ︽ᠮᠡᠳᠡᠭᠡ ᠵᠠᠩᠭᠢ ᠶᠢᠨ ᠬᠢᠨᠠᠨ ᠬᠠᠷᠭᠤᠭᠤᠯᠤᠯᠲᠠ ᠶᠢ ᠥᠩᠭᠡᠷᠡᠭᠡᠪᠡ︾ ᠭᠡᠵᠦ ᠪᠠᠶᠢᠪᠠᠯ᠂ ᠥᠪᠥᠷ ᠮᠣᠩᠭᠤᠯ ᠤᠨ | ᠰᠢᠯᠭᠠᠯᠲᠠ ᠶᠢᠨ ᠲᠣᠭᠤᠷᠢᠭ ᠤᠨ ᠵᠠᠷᠯᠠᠯ ᠢ ᠴᠠᠭ ᠲᠤᠬᠠᠶ ᠳᠤ ᠨᠢ ᠪᠠᠶᠢᠴᠠᠭᠠᠨ ᠦᠵᠡᠵᠦ᠂ ᠵᠢᠭᠠᠨ ᠲᠣᠭᠲᠠᠭᠠᠭᠰᠠᠨ ᠴᠠᠭ ᠤᠨ ᠳᠣᠲᠣᠷ᠎ᠠ ᠰᠦᠢᠳᠬᠡᠯ ᠲᠤᠰᠢᠶᠠᠨ᠎ᠠ︔ ᠬᠢᠨᠠᠨ | ᠬᠠᠷᠭᠤᠭᠤᠯᠤᠭᠰᠠᠨ ᠪᠠᠶᠢᠳᠠᠯ ᠨᠢ ︽ᠮᠡᠳᠡᠭᠡ ᠵᠠᠩᠭᠢ ᠶᠢᠨ ᠬᠢᠨᠠᠨ ᠬᠠᠷᠭᠤᠭᠤᠯᠤᠯᠲᠠ ᠨᠢ ᠥᠩᠭᠡᠷᠡᠭᠰᠡᠨ ᠦᠭᠡᠢ︾ ᠭᠡᠵᠦ ᠪᠠᠶᠢᠪᠠᠯ᠂ ᠨᠡᠷ᠎ᠡ ᠮᠡᠳᠡᠭᠦᠯᠬᠦ ᠰᠢᠰᠲ᠋ᠧᠮ ᠳᠤ | ᠨᠥᠬᠦᠪᠥᠷᠢ ᠮᠠᠲ᠋ᠧᠷᠢᠶᠠᠯ ᠢᠶᠠᠨ ᠳᠡᠭᠡᠭᠰᠢ ᠳᠠᠮᠵᠢᠭᠤᠯᠵᠤ᠂ ᠬᠢᠨᠠᠨ ᠬᠠᠷᠭᠤᠭᠤᠯᠵᠤ ᠪᠠᠲᠤᠯᠠᠭᠰᠠᠨ ᠤ ᠳᠠᠷᠠᠭ᠎ᠠ ᠰᠠᠶ᠋ᠢ ᠰᠦᠢᠳᠬᠡᠯ ᠲᠤᠰᠢᠶᠠᠨ᠎ᠠ᠃ 7 ᠳ᠋ᠤᠭᠠᠷ ᠰᠠᠷ᠎ᠠ ᠶᠢᠨ | 22 ᠤᠨ ᠡᠳᠦᠷ ᠤᠨ 18 ᠴᠠᠭ ᠠᠴᠠ ᠬᠤᠶᠢᠰᠢ ᠨᠥᠬᠦᠪᠦᠷᠢᠯᠡᠬᠦ ᠮᠠᠲ᠋ᠧᠷᠢᠶᠠᠯ ᠢ ᠳᠠᠬᠢᠨ ᠳᠡᠭᠡᠭᠰᠢ ᠳᠠᠮᠵᠢᠭᠤᠯᠵᠤ ᠳᠡᠶᠢᠯᠬᠦ ᠦᠭᠡᠢ᠃ | ︵ᠭᠤᠷᠪᠠ︶ ᠰᠢᠯᠭᠠᠯᠲᠠ ᠶᠢᠨ ᠰᠦᠢᠳᠭᠡᠯ ᠲᠤᠰᠢᠶᠠᠬᠤ | ᠰᠦᠢᠳᠬᠡᠯ ᠲᠤᠰᠢᠶᠠᠬᠤ ᠠᠷᠭ᠎ᠠ ᠬᠡᠯᠪᠡᠷᠢ᠄ ︽ᠮᠡᠳᠡᠭᠡ ᠵᠠᠩᠭᠢ ᠶᠢᠨ ᠬᠢᠨᠠᠨ ᠬᠠᠷᠭᠤᠭᠤᠯᠤᠯᠲᠠ ᠶᠢ ᠥᠩᠭᠡᠷᠡᠭᠡᠭᠰᠡᠨ︾ ᠰᠢᠯᠭᠠᠭᠤᠯᠤᠭᠴᠢ ᠤᠯᠤᠰ ᠤᠨ ᠷᠠᠳᠢᠣ᠋ | ᠲᠧᠯᠸᠢᠰ ᠤᠨ ᠶᠡᠷᠦᠩᠬᠡᠶ ᠲᠣᠪᠴᠢᠶ᠎ᠠ ᠶᠢᠨ ᠠᠯᠪᠠᠨ ᠰᠦᠯᠵᠢᠶ᠎ᠡ ︵www.nrta.gov.cn ︶ ᠶᠢᠨ ᠬᠢᠷᠢ ᠬᠡᠮ ᠤᠨ ᠰᠢᠯᠭᠠᠯᠲᠠ ᠶᠢᠨ ᠪᠤᠯᠤᠩ ᠳᠤ ᠣᠷᠣᠵᠤ᠂ ︽ᠨᠡᠷ᠎ᠡ | ᠮᠡᠳᠡᠭᠦᠯᠬᠦ ᠰᠦᠢᠳᠭᠡᠯ ᠲᠤᠰᠢᠶᠠᠬᠤ︾ ᠴᠢᠳᠠᠮᠵᠢ ᠶᠢᠨ ᠪᠣᠺᠰ ᠢ ᠳᠣᠲᠣᠯᠠᠵᠤ᠂ ᠰᠢᠯᠭᠠᠭᠤᠯᠤᠭᠴᠢ ᠶᠢᠨ ᠮᠡᠳᠡᠭᠡ ᠵᠠᠩᠭᠢ ᠵᠢᠴᠢ ᠠᠯᠤᠰ ᠠᠴᠠ ᠲᠣᠭᠠᠴᠠᠭ᠎ᠠ ᠬᠢᠬᠦ ᠬᠤᠶᠠᠷ | ᠬᠡᠮᠵᠢᠯᠳᠦ ᠺᠣᠳ᠋ ᠢ ᠪᠠᠶᠢᠴᠠᠭᠠᠨ ᠦᠵᠡᠵᠦ᠂ ᠺᠣᠳ᠋ ᠰᠢᠷᠪᠢᠵᠦ ᠰᠢᠭᠤᠳ ᠲᠣᠭᠠᠴᠠᠭ᠎ᠠ ᠬᠢᠨ᠎ᠡ ︵ᠲᠣᠭᠠᠴᠠᠭ᠎ᠠ ᠬᠢᠬᠦ ᠠᠷᠭ᠎ᠠ ᠬᠡᠯᠪᠡᠷᠢ ᠨᠢ ᠸᠢᠴᠠᠲ ᠪᠤᠶᠤ ᡁᠢ ᠹᠦ᠋ ᠪᠣᠤ︶᠃ | ᠲᠤᠰᠢᠶᠠᠬᠤ ᠵᠣᠭᠤᠰ ᠤᠨ ᠲᠤᠭ᠎ᠠ᠄ ᠺᠣᠳ᠋ ᠰᠢᠷᠪᠢᠭᠰᠡᠨ ᠤ ᠳᠠᠷᠠᠭ᠎ᠠ ᠰᠢᠯᠭᠠᠭᠤᠯᠤᠭᠴᠢ ᠣᠪᠣᠭ ᠨᠡᠷ᠎ᠡ ᠪᠠ ᠪᠡᠶ᠎ᠡ ᠶᠢᠨ ᠦᠨᠡᠮᠯᠡᠯ ᠤᠨ ᠨᠣᠮᠧᠷ ᠢᠶᠠᠨ ᠪᠢᠴᠢᠵᠦ ᠰᠦᠢᠳᠭᠡᠯ | ᠲᠤᠰᠢᠶᠠᠨ᠎ᠠ᠃ ᠬᠤᠪᠢ ᠬᠥᠮᠦᠨ ᠤ ᠰᠢᠯᠲᠠᠭᠠᠨ ᠠᠴᠠ ᠪᠣᠯᠵᠣ ᠰᠢᠯᠭᠠᠯᠲᠠ ᠳᠤ ᠣᠷᠣᠯᠴᠠᠬᠤ ᠶᠢᠨ ᠠᠷᠭ᠎ᠠ ᠥᠬᠡᠶ ᠪᠠᠶᠢᠪᠠᠯ᠂ ᠨᠢᠭᠡᠨᠲᠡ ᠲᠤᠰᠢᠶᠠᠭᠰᠠᠨ ᠰᠢᠯᠭᠠᠯᠲᠠ ᠶᠢᠨ | ᠰᠦᠢᠳᠭᠡᠯ ᠢ ᠪᠤᠴᠠᠭᠠᠬᠤ ᠥᠬᠡᠶ᠃ | ᠰᠦᠢᠳᠬᠡᠯ ᠲᠤᠰᠢᠶᠠᠬᠤ ᠴᠠᠭ᠄ ᠰᠢᠯᠭᠠᠭᠤᠯᠤᠭᠴᠢ ︽ᠮᠡᠳᠡᠭᠡ ᠵᠠᠩᠭᠢ ᠶᠢᠨ ᠬᠢᠨᠠᠨ ᠬᠠᠷᠭᠤᠭᠤᠯᠤᠯᠲᠠ ᠶᠢ ᠥᠩᠭᠡᠷᠡᠭᠡᠭᠰᠡᠨ︾ ᠤ ᠳᠠᠷᠠᠭ᠎ᠠ᠂ ᠡᠷᠬᠡᠪᠰᠢ 7 ᠳ᠋ᠤᠭᠠᠷ | ᠰᠠᠷ᠎ᠠ ᠶᠢᠨ 25 ᠤ ᠡᠳᠦᠷ ᠠᠴᠠ 29 ᠤ ᠡᠳᠦᠷ ᠪᠣᠯᠲᠠᠯᠠᠬᠢ ᠬᠤᠭᠤᠴᠠᠭᠠᠨ ᠳᠤ ᠰᠦᠢᠳᠬᠡᠯ ᠲᠤᠰᠢᠶᠠᠬᠤ ᠬᠡᠷᠡᠭᠲᠡᠶ᠃ ᠬᠤᠭᠤᠴᠠᠭ᠎ᠠ ᠥᠩᠭᠡᠷᠡᠲᠡᠯ᠎ᠡ ᠰᠦᠢᠳᠬᠡᠯ | ᠲᠤᠰᠢᠶᠠᠭᠰᠠᠨ ᠦᠭᠡᠶ ᠪᠣᠯ ᠨᠡᠷ᠎ᠡ ᠮᠡᠳᠡᠭᠦᠯᠵᠦ ᠳᠡᠶᠢᠯᠬᠦ ᠦᠭᠡᠶ ᠮᠥᠷᠲᠡᠭᠡᠨ ᠨᠥᠬᠦᠵᠦ ᠲᠤᠰᠢᠶᠠᠵᠤ ᠳᠡᠶᠢᠯᠬᠦ ᠦᠭᠡᠶ᠃ | ᠭᠤᠷᠪᠠ᠂ ᠰᠢᠯᠭᠠᠭᠤᠯᠬᠤ ᠪᠠᠷ ᠵᠥᠪᠰᠢᠶᠡᠷᠡᠭᠰᠡᠨ ᠦᠨᠡᠮᠯᠡᠯ ᠤᠨ ᠳᠠᠷᠤᠮᠠᠯᠯᠠᠬᠤ ᠴᠠᠭ | ᠨᠡᠷ᠎ᠡ ᠮᠡᠳᠡᠭᠦᠯᠵᠦ ᠰᠦᠢᠳᠬᠡᠯ ᠲᠤᠰᠢᠶᠠᠭᠠᠳ ᠳᠡᠶᠢᠯᠪᠡᠯ ᠰᠢᠯᠭᠠᠭᠤᠯᠤᠭᠴᠢ 9 ᠳ᠋ᠦ᠋ᠭᠡᠷ ᠰᠠᠷ᠎ᠠ ᠶᠢᠨ 1 ᠤ ᠡᠳᠦᠷ ᠠᠴᠠ ᠰᠡᠭᠦᠯᠡᠷ ᠨᠡᠷ᠎ᠡ ᠮᠡᠳᠡᠭᠦᠯᠬᠦ ᠰᠦᠯᠵᠢᠶᠡᠨ ᠳᠤ | ᠳᠠᠩᠰᠠᠯᠠᠵᠤ᠂ ᠰᠢᠯᠭᠠᠭᠤᠯᠬᠤ ᠪᠠᠷ ᠵᠥᠪᠰᠢᠶᠡᠷᠡᠭᠰᠡᠨ ᠦᠨᠡᠮᠯᠡᠯ ᠢ ᠪᠠᠭᠤᠯᠭᠠᠨ ᠠᠪᠴᠤ ᠪᠣᠯᠤᠨ᠎ᠠ᠃ | ᠲᠦᠷᠪᠡ᠂ ᠰᠢᠯᠭᠠᠬᠤ ᠬᠢᠴᠢᠶᠡᠯ ᠲᠥᠷᠥᠯ | ︵ᠨᠢᠭᠡ︶ ᠶᠡᠷᠦᠩᠬᠡᠶᠢᠯᠡᠭᠰᠡᠨ ᠮᠡᠳᠡᠯᠭᠡ | ︵ᠬᠤᠶᠠᠷ︶ ᠷᠠᠳᠢᠣ᠋ ᠲᠧᠯᠸᠢᠰ ᠤᠨ ᠦᠨᠳᠦᠰᠦᠨ ᠮᠡᠳᠡᠯᠭᠡ | ︵ᠭᠤᠷᠪᠠ︶ ᠷᠠᠳᠢᠣ᠋ ᠲᠧᠯᠸᠢᠰ ᠤᠨ ᠨᠡᠪᠳᠡᠷᠡᠭᠦᠯᠭᠡ ᠬᠥᠲᠦᠯᠦᠯᠭᠡ ᠶᠢᠨ ᠲᠤᠬᠠᠶᠢᠯᠠᠭᠰᠠᠨ ᠠᠵᠢᠯ ︵ᠪᠢᠷ ᠤᠨ ᠰᠢᠯᠭᠠᠯᠲᠠ︶ | ︵ᠳᠥᠷᠪᠡ︶ ᠷᠠᠳᠢᠣ᠋ ᠲᠧᠯᠸᠢᠰ ᠤᠨ ᠨᠡᠪᠲᠡᠷᠡᠭᠦᠯᠭᠡ ᠬᠥᠲᠦᠯᠦᠯᠭᠡ ᠶᠢᠨ ᠲᠤᠬᠠᠶᠢᠯᠠᠭᠰᠠᠨ ᠠᠵᠢᠯ ︵ᠶᠠᠷᠢᠶᠠᠨ᠋ ᠤ ᠰᠢᠯᠭᠠᠯᠲᠠ︶ | ᠲᠠᠪᠤ᠂ ᠰᠦᠢᠳᠬᠡᠯ ᠬᠤᠷᠢᠶᠠᠬᠤ ᠪᠠᠷᠢᠮᠵᠢᠶ᠎ᠠ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠡᠳ᠋ ᠤᠨ ᠵᠠᠰᠠᠭ ᠤᠨ ᠲᠢᠩᠬᠢᠮ ᠤᠨ ︽ᠷᠠᠳᠢᠣ᠋ ᠲᠧᠯᠸᠢᠰ ᠤᠨ ᠠᠵᠢᠯ ᠡᠷᠬᠢᠯᠡᠭᠰᠡᠳ ᠤᠨ ᠬᠢᠷᠢ ᠭᠡᠮ ᠤᠨ ᠰᠢᠯᠭᠠᠯᠲᠠ ᠶᠢᠨ ᠰᠦᠢᠳᠬᠡᠯ ᠬᠤᠷᠢᠶᠠᠬᠤ ᠪᠠᠷᠢᠮᠵᠢᠶ᠎ᠠ ᠶᠢᠨ | ᠲᠤᠬᠠᠶ ᠵᠠᠬᠢᠳᠠᠯ︾ ︵ᠥᠪᠥᠷ ᠬᠥᠭᠵᠢᠭᠦᠯᠦᠯᠲᠡ ᠥᠭᠡᠷᠡᠴᠢᠯᠡᠯᠲᠡ ᠰᠦᠢᠳᠭᠡᠯ ᠦᠰᠦᠭ ﹇2008﹈ 995 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ | ᠲᠣᠭᠲᠠᠭᠠᠯ ᠢ ᠦᠨᠳᠦᠰᠦᠯᠡᠨ᠂ ᠨᠡᠪᠲᠡᠷᠡᠭᠦᠯᠦᠭᠴᠢ ᠬᠥᠲᠥᠯᠥᠭᠴᠢ ᠶᠢᠨ ᠬᠢᠷᠢ ᠭᠡᠮ ᠤᠨ ᠰᠢᠯᠭᠠᠯᠲᠠ ᠳᠤ ᠣᠷᠣᠯᠴᠠᠭᠰᠠᠳ ᠲᠤ ᠰᠢᠯᠭᠠᠯᠲᠠ ᠶᠢᠨ ᠶᠠᠪᠤᠳᠠᠯ ᠤᠨ ᠪᠢᠷ ᠤᠨ | ᠰᠢᠯᠭᠠᠯᠲᠠ ᠳᠤ ᠬᠥᠮᠦᠨ ᠨᠢᠭᠡᠪᠦᠷᠢ ᠬᠢᠴᠢᠶᠡᠯ ᠪᠦᠷᠢ ᠳᠤ ᠪᠠᠨ 90 ᠲᠥᠭᠦᠷᠢᠭ ᠲᠤᠰᠢᠶᠠᠵᠤ᠂ ᠶᠠᠷᠢᠶᠠᠨ ᠤ ᠰᠢᠯᠭᠠᠯᠲᠠ ᠨᠢ ᠬᠥᠮᠦᠨ ᠨᠢᠭᠡᠪᠦᠷᠢ ᠬᠢᠴᠢᠶᠡᠯ ᠪᠦᠷᠢ ᠳᠤ ᠪᠠᠨ | 100 ᠲᠥᠭᠦᠷᠢᠭ ᠲᠤᠰᠢᠶᠠᠨ᠎ᠠ᠃ | ᠵᠢᠷᠭᠤᠭ᠎ᠠ᠂ ᠪᠤᠰᠤᠳ ᠵᠦᠢᠯ | ︵ᠨᠢᠭᠡ︶ 2024 ᠣᠨ ᠠᠴᠠ ᠡᠬᠢᠯᠡᠨ᠂ ᠪᠥᠬᠦ ᠤᠯᠤᠰ ᠤᠨ ᠷᠠᠳᠢᠣ᠋ ᠲᠧᠯᠸᠢᠰ ᠤᠨ ᠨᠡᠪᠲᠡᠷᠡᠭᠦᠯᠦᠭᠴᠢ ᠬᠦᠲᠦᠯᠦᠭᠴᠢ ᠶᠢᠨ ᠬᠢᠷᠢ ᠬᠡᠮ ᠤᠨ ᠰᠢᠯᠭᠠᠯᠲᠠ ᠶᠢ | ᠺᠣᠮᠫᠢᠦ᠋ᠲ᠋ᠧᠷ ᠤᠨ ᠰᠢᠯᠭᠠᠯᠲᠠ ︵ᠪᠢᠷ ᠤᠨ ᠰᠢᠯᠭᠠᠯᠲᠠ ᠶᠢ ᠺᠣᠮᠫᠢᠦ᠋ᠲ᠋ᠧᠷ ᠢᠶᠠᠷ ᠬᠠᠷᠢᠭᠤᠯᠵᠤ᠂ ᠶᠠᠷᠢᠶᠠᠨ ᠤ ᠰᠢᠯᠭᠠᠯᠲᠠ ᠶᠢᠨ ᠠᠷᠭ᠎ᠠ ᠬᠡᠯᠪᠡᠷᠢ ᠳᠤ ᠬᠤᠪᠢᠷᠠᠯᠲᠠ ᠦᠭᠡᠢ︶ | ᠪᠣᠯᠭᠠᠨ ᠥᠭᠡᠷᠡᠴᠢᠯᠡᠪᠡ᠃ ᠰᠢᠯᠭᠠᠭᠤᠯᠤᠭᠴᠢ ᠶᠢᠨ ᠰᠢᠯᠭᠠᠯᠲᠠ ᠶᠢᠨ ᠰᠢᠰᠲ᠋ᠧᠮ ᠢ ᠰᠠᠶᠢᠨ ᠣᠶᠢᠯᠠᠭᠠᠬᠤ ᠪᠠ ᠺᠣᠮᠫᠢᠦ᠋ᠲ᠋ᠧᠷ ᠤᠨ ᠰᠢᠯᠭᠠᠯᠲᠠ ᠶᠢᠨ ᠠᠷᠭ᠎ᠠ ᠬᠡᠯᠪᠡᠷᠢ ᠳᠤ | ᠵᠣᠬᠢᠴᠠᠭᠤᠯᠬᠤ ᠳᠤ ᠲᠥᠬᠦᠮ ᠪᠣᠯᠭᠠᠬᠤ ᠶᠢᠨ ᠲᠥᠯᠥᠭᠡ᠂ ᠰᠢᠯᠭᠠᠭᠤᠯᠤᠭᠴᠢ 8 ᠳ᠋ᠤᠭᠠᠷ ᠰᠠᠷ᠎ᠠ ᠶᠢᠨ 1 ᠤ ᠡᠳᠦᠷ ᠠᠴᠠ ᠬᠤᠶᠢᠰᠢ http://gdys.ks365.org/ ᠳᠤ | ᠣᠷᠣᠵᠣ ᠪᠢᠷ ᠤᠨ ᠰᠢᠯᠭᠠᠯᠲᠠ ᠶᠢᠨ ᠳᠠᠰᠬᠠᠯᠵᠢᠭᠤᠯᠤᠯᠲᠠ ᠬᠢᠵᠦ ᠪᠣᠯᠤᠨ᠎ᠠ᠃ | ︵ᠬᠤᠶᠠᠷ︶ 2024 ᠣᠨ ᠤ ᠪᠥᠬᠦ ᠤᠯᠤᠰ ᠤᠨ ᠷᠠᠳᠢᠣ᠋ ᠲᠧᠯᠸᠢᠰ ᠤᠨ ᠨᠡᠪᠲᠡᠷᠡᠭᠦᠯᠦᠭᠴᠢ ᠬᠦᠲᠦᠯᠦᠭᠴᠢ ᠶᠢᠨ ᠬᠢᠷᠢ ᠬᠡᠮ ᠤᠨ ᠰᠢᠯᠭᠠᠯᠲᠠ ᠳᠤ ᠨᠡᠷ᠎ᠡ ᠮᠡᠳᠡᠭᠦᠯᠦᠨ | ᠣᠷᠣᠯᠴᠠᠭᠰᠠᠨ ᠬᠥᠮᠦᠰ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ ᠲᠣᠭᠲᠠᠭᠠᠭᠰᠠᠨ ︽2024 ᠣᠨ ᠤ ᠪᠥᠬᠦ ᠤᠯᠤᠰ ᠤᠨ ᠷᠠᠳᠢᠣ᠋ ᠲᠧᠯᠸᠢᠰ ᠤᠨ | ᠨᠡᠪᠲᠡᠷᠡᠭᠦᠯᠦᠭᠴᠢ ᠬᠦᠲᠦᠯᠦᠭᠴᠢ ᠶᠢᠨ ᠬᠢᠷᠢ ᠬᠡᠮ ᠤᠨ ᠰᠢᠯᠭᠠᠯᠲᠠ ᠶᠢᠨ ᠬᠥᠲᠥᠯᠪᠦᠷᠢ︾ ᠶᠢ ᠦᠨᠳᠦᠰᠦᠯᠡᠨ ᠳᠠᠪᠲᠠᠬᠤ ᠪᠠ ᠰᠢᠯᠭᠠᠯᠲᠠ ᠳᠤ ᠪᠡᠯᠡᠳᠬᠡᠵᠦ ᠪᠣᠯᠤᠨ᠎ᠠ᠃ | ︵ᠭᠤᠷᠪᠠ︶ ᠴᠥᠭᠡᠨ ᠲᠣᠭᠠᠲᠤ ᠦᠨᠳᠦᠰᠦᠲᠡᠨ ᠤ ᠰᠢᠯᠭᠠᠭᠤᠯᠤᠭᠴᠢ ᠲᠤᠰ ᠦᠨᠳᠦᠰᠦᠲᠡᠨ ᠤ ᠦᠭᠡ ᠬᠡᠯᠡ ᠦᠰᠦᠭ ᠪᠢᠴᠢᠭ ᠢᠶᠠᠷ ᠢᠶᠠᠨ ᠬᠠᠷᠢᠭᠤᠯᠤᠭᠰᠠᠨ ᠴᠦ | ᠪᠣᠯᠤᠨ᠎ᠠ᠂ ᠪᠠᠰᠠ ᠨᠢᠭᠡᠳᠦᠯᠲᠡᠢ ᠦᠭᠡ ᠬᠡᠯᠡ ᠦᠰᠦᠭ ᠪᠢᠴᠢᠭ ᠢᠶᠠᠷ ᠬᠠᠷᠢᠭᠤᠯᠤᠭᠰᠠᠨ ᠴᠤ ᠪᠣᠯᠤᠨ᠎ᠠ᠂ ᠭᠡᠪᠡᠴᠦ ᠲᠤᠰ ᠵᠢᠯ ᠤᠨ ᠰᠢᠯᠭᠠᠭᠤᠯᠤᠭᠰᠠᠨ ᠡᠯ᠎ᠡ ᠬᠢᠴᠢᠶᠡᠯ | ᠲᠥᠷᠥᠯ ᠤᠨ ᠬᠠᠷᠢᠭᠤᠯᠲᠠ ᠶᠢᠨ ᠬᠠᠭᠤᠳᠠᠰᠤᠨ ︵ᠶᠠᠷᠢᠶᠠᠨ ᠤ ᠰᠢᠯᠭᠠᠯᠲᠠ ᠶᠢ ᠪᠠᠭᠲᠠᠭᠠᠨ᠎ᠠ︶ ᠳᠤ ᠠᠳᠠᠯᠢ ᠨᠢᠭᠡᠨ ᠵᠦᠢᠯ ᠤᠨ ᠦᠭᠡ ᠬᠡᠯᠡ ᠦᠰᠦᠭ ᠪᠢᠴᠢᠭ ᠢ ᠬᠡᠷᠡᠭᠯᠡᠨ᠎ᠡ᠃ | ᠬᠡᠷᠪᠡ ᠲᠤᠰ ᠦᠨᠳᠦᠰᠦᠲᠡᠨ ᠤ ᠦᠭᠡ ᠬᠡᠯᠡ ᠦᠰᠦᠭ ᠪᠢᠴᠢᠭ ᠢ ᠬᠡᠷᠡᠭᠯᠡᠪᠡᠯ᠂ ᠰᠢᠯᠭᠠᠯᠲᠠ ᠶᠢᠨ ᠠᠷᠭ᠎ᠠ ᠬᠡᠯᠪᠡᠷᠢ ᠨᠢ᠄ ᠪᠡᠶᠡᠴᠢ ᠰᠡᠳᠦᠪ ᠢ ᠭᠠᠷ ᠢᠶᠠᠷ ᠢᠶᠠᠨ ᠪᠢᠴᠢᠵᠦ᠂ | ᠪᠤᠰᠤᠳᠴᠢ ᠰᠡᠳᠦᠪ ᠢ ᠺᠣᠮᠫᠢᠦ᠋ᠲ᠋ᠧᠷ ᠢᠶᠠᠷ ᠬᠠᠷᠢᠭᠤᠯᠤᠨ᠎ᠠ ᠃ | ︵ᠳᠥᠷᠪᠡ︶ 2025 ᠣᠨ ᠤ 1 ᠳ᠋ᠦ᠋ᠭᠡᠷ ᠰᠠᠷ᠎ᠠ ᠳᠤ ᠰᠢᠯᠭᠠᠯᠲᠠ ᠶᠢᠨ ᠬᠢᠷᠢ ᠪᠦᠲᠦᠮᠵᠢ ᠶᠢ ᠨᠡᠶᠢᠲᠡᠯᠡᠵᠦ᠂ ᠰᠢᠯᠭᠠᠯᠲᠠ ᠶᠢᠨ ᠬᠢᠷᠢ ᠲᠡᠩᠴᠡᠯᠲᠡ ᠶᠢᠨ ᠪᠠᠷᠢᠮᠵᠢᠶ᠎ᠠ ᠶᠢ | ᠨᠡᠶᠢᠲᠡᠯᠡᠨ᠎ᠡ᠃ ᠲᠤᠬᠠᠢ ᠶᠢᠨ ᠦᠶ᠎ᠡ ᠳᠤ᠂ ᠰᠢᠯᠭᠠᠭᠤᠯᠤᠭᠴᠢ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ ᠠᠯᠪᠠᠨ ᠰᠦᠯᠵᠢᠶ᠎ᠡ ︵www.nrta.gov. | cn ︶ ᠶᠢᠨ ᠬᠢᠷᠢ ᠬᠡᠮ ᠤᠨ ᠰᠢᠯᠭᠠᠯᠲᠠ ᠶᠢᠨ ᠪᠣᠯᠤᠩ ᠳᠤ ᠣᠷᠣᠵᠤ ᠯᠠᠪᠯᠠᠨ ᠦᠵᠡᠵᠦ ᠪᠣᠯᠣᠨ᠎ᠠ᠃ | | ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠷᠠᠳᠢᠣ᠋ ᠲᠧᠯᠸᠢᠰ ᠤᠨ ᠲᠤᠪᠴᠢᠶ᠎ᠠ ᠶᠢᠨ ᠬᠢᠷᠢ ᠭᠡᠮ ᠤᠨ ᠰᠢᠯᠭᠠᠯᠲᠠ ᠶᠢᠨ ᠤᠳᠤᠷᠢᠳᠬᠤ ᠳᠤᠭᠤᠶᠢᠯᠠᠩ ᠤᠨ ᠠᠯᠪᠠᠨ | ᠭᠡᠷ | 2024 ᠣᠨ ᠤ 6 ᠳ᠋ᠤᠭᠠᠷ ᠰᠠᠷ᠎ᠠ ᠶᠢᠨ 24 ᠤ ᠡᠳᠦᠷ | |