︽ᠳᠡᠯᠡᠬᠡᠢ ᠶᠢ ᠬᠠᠷᠠᠵᠤ ᠲᠡᠦᠬᠡ ᠶᠢ ᠲᠣᠯᠢᠳᠠᠬᠤ︾ ᠬᠢᠯᠢ ᠶᠢᠨ ᠭᠠᠳᠠᠨᠠᠬᠢ ᠰᠢᠯᠢᠳᠡᠭ ᠲᠡᠦᠬᠡ ᠪᠣᠯᠤᠨ ᠬᠥᠮᠦᠰ ᠤᠨ ᠵᠦᠴᠦᠭᠡ ᠶᠢᠨ ᠦᠵᠡᠭᠦᠯᠭᠡ ᠶᠢᠨ ᠠᠵᠢᠯᠯᠠᠭ᠎ᠠ ᠡᠬᠢᠯᠡᠪᠡ
ᠨᠡᠶᠢᠲᠡᠯᠡᠭᠰᠡᠨ ᠴᠠᠭ᠄
2024/6/27
  2024 ᠣᠨ ᠤ 6 ᠳ᠋ᠤᠭᠠᠷ ᠰᠠᠷ᠎ᠠ ᠶᠢᠨ 24 ᠤ ᠡᠳᠦᠷ᠂ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ ᠣᠯᠠᠨ ᠤᠯᠤᠰ ᠤᠨ ᠬᠠᠮᠲᠤᠷᠠᠯᠴᠠᠭᠠᠨ ᠤ ᠵᠤᠷᠭᠠᠨ ᠱᠠᠩᠬᠠᠢ ᠳᠤ ︽ᠳᠡᠯᠡᠬᠡᠢ ᠶᠢ ᠬᠠᠷᠠᠵᠤ ᠲᠡᠦᠬᠡ ᠶᠢ ᠲᠣᠯᠢᠳᠠᠬᠤ︾ ᠬᠢᠯᠢ ᠶᠢᠨ ᠭᠠᠳᠠᠨᠠᠬᠢ ᠵᠦᠴᠦᠭᠡ ᠶᠢᠨ ᠳᠡᠯᠭᠡᠨ ᠦᠵᠡᠭᠦᠯᠭᠡ ᠶᠢᠨ ᠡᠬᠢᠯᠡᠯᠲᠡ ᠶᠢᠨ ᠶᠣᠰᠣᠯᠠᠯ ᠢ ᠡᠷᠭᠢᠯᠡᠵᠦ᠂ ᠬᠢᠯᠢ ᠶᠢᠨ ᠭᠠᠳᠠᠨᠠᠬᠢ 20 ᠰᠢᠯᠢᠳᠡᠭ ᠵᠦᠴᠦᠭᠡ ᠶᠢᠨ ᠲᠡᠭᠦᠪᠦᠷᠢ ᠶᠢ ᠨᠠᠷᠢᠯᠢᠭ ᠰᠣᠩᠭᠤᠵᠤ ᠦᠵᠡᠭᠦᠯᠪᠡ᠃ ᠠᠵᠢᠯᠯᠠᠭ᠎ᠠ ᠶᠢᠨ ᠵᠣᠷᠢᠯᠭ᠎ᠠ ᠨᠢ ᠳᠤᠮᠳᠠᠳᠤ ᠭᠠᠳᠠᠭᠠᠳᠤ ᠶᠢᠨ ᠰᠣᠶᠣᠯ ᠤᠨ ᠰᠣᠯᠢᠯᠴᠠᠭ᠎ᠠ ᠶᠢ ᠠᠬᠢᠭᠤᠯᠵᠤ᠂ ᠤᠯᠤᠰ ᠤᠨ ᠳᠣᠲᠣᠭᠠᠳᠤ ᠶᠢᠨ ᠦᠵᠡᠭᠴᠢᠳ ᠤᠨ ᠣᠶᠤᠨ ᠰᠠᠨᠠᠭᠠᠨ ᠤ ᠠᠮᠢᠳᠤᠷᠠᠯ ᠢ ᠪᠠᠶᠠᠯᠢᠭᠵᠢᠭᠤᠯᠬᠤ ᠶᠢᠨ ᠲᠥᠯᠥᠭᠡ ᠶᠤᠮ᠃  2024 ᠣᠨ ᠤ 6 ᠳ᠋ᠤᠭᠠᠷ ᠰᠠᠷ᠎ᠠ ᠶᠢᠨ 24 ᠤ ᠡᠳᠦᠷ᠂ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ ᠣᠯᠠᠨ ᠤᠯᠤᠰ ᠤᠨ ᠬᠠᠮᠲᠤᠷᠠᠯᠴᠠᠭᠠᠨ ᠤ ᠵᠤᠷᠭᠠᠨ ᠤ ᠭᠤᠤᠯᠯᠠᠨ ᠡᠷᠭᠢᠯᠡᠭᠰᠡᠨ ︽ᠳᠡᠯᠡᠬᠡᠢ ᠶᠢ ᠬᠠᠷᠠᠵᠤ ᠲᠡᠦᠬᠡ ᠶᠢ ᠲᠣᠯᠢᠳᠠᠬᠤ︾ ᠬᠢᠯᠢ ᠶᠢᠨ ᠭᠠᠳᠠᠨᠠᠬᠢ ᠰᠢᠯᠢᠳᠡᠭ ᠲᠡᠤᠬᠡ ᠪᠠ ᠬᠥᠮᠦᠰ ᠤᠨ ᠵᠦᠴᠦᠭᠡ ᠶᠢᠨ ᠦᠵᠡᠭᠦᠯᠭᠡ ᠱᠠᠩᠬᠠᠢ ᠳᠤ ᠶᠠᠪᠤᠭᠳᠠᠪᠠ᠃ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ᠂ ᠱᠠᠩᠬᠠᠶ ᠬᠤᠲᠠ ᠶᠢᠨ ᠷᠠᠳᠢᠣ᠋ ᠲᠧᠯᠸᠢᠰ ᠤᠨ ᠲᠣᠪᠴᠢᠶ᠎ᠠ᠂ ᠡᠯ᠎ᠡ ᠮᠤᠵᠢ ︵ᠣᠷᠣᠨ᠂ ᠬᠤᠲᠠ︶ ᠶᠢᠨ ᠲᠧᠯᠸᠢᠰ ᠬᠤᠷᠢᠶ᠎ᠠ᠂ ᠰᠦᠯᠵᠢᠶᠡᠨ ᠤ ᠦᠵᠡᠵᠦ ᠰᠣᠨᠣᠰᠬᠤ ᠲᠠᠪᠴᠠᠩ ᠵᠢᠴᠢ ᠬᠢᠯᠢ ᠶᠢᠨ ᠳᠣᠲᠣᠷ᠎ᠠ ᠭᠠᠳᠠᠨᠠᠬᠢ ᠦᠢᠯᠡᠳᠦᠨ ᠲᠠᠷᠬᠠᠭᠠᠬᠤ ᠪᠠᠶᠢᠭᠤᠯᠤᠮᠵᠢ ᠵᠡᠷᠭᠡ 20 ᠨᠢᠭᠡᠴᠢ ᠶᠢᠨ ᠵᠠᠭᠤ ᠰᠢᠬᠠᠮ ᠬᠥᠮᠦᠨ ᠠᠵᠢᠯᠯᠠᠭ᠎ᠠ ᠳᠤ ᠣᠷᠣᠯᠴᠠᠵᠠᠶ᠃  ᠦᠵᠡᠭᠦᠯᠭᠡ ᠶᠢᠨ ᠠᠵᠢᠯᠯᠠᠭ᠎ᠠ ᠨᠢ ︽ᠱᠧᠺᠰᠫᠧᠷ᠄ ᠠᠪᠢᠶᠠᠰ ᠪᠢᠯᠢᠭᠲᠡᠨ ᠤ ᠮᠠᠨᠳᠤᠯᠲᠠ︾᠂ ︽ᠷᠣᠭᠧᠷ • ᠹᠧᠳ᠋ᠷᠧᠷ᠄ ᠠᠮᠵᠢᠯᠲᠠ ᠶᠢᠨ ᠵᠠᠮ︾᠂ ︽ᠫᠠᠩ ᠪᠸᠢ ᠡᠷᠲᠡᠨ ᠤ ᠬᠤᠲᠠ᠄ ᠠᠷᠠᠳ ᠲᠦᠮᠡᠨ ᠤ ᠥᠯᠢᠭᠡᠷ︾᠂ ︽ᠢᠯᠠᠯᠲᠠ ᠶᠢᠨ ᠴᠠᠭ ᠮᠥᠴᠡ • ᠸᠠᠩᠲᠦ ᠲᠦᠷᠦ ᠶᠢᠨ ᠮᠠᠨᠳᠤᠯᠲᠠ︾ ᠵᠡᠷᠭᠡ ᠬᠢᠯᠢ ᠶᠢᠨ ᠭᠠᠳᠠᠨᠠᠬᠢ 20 ᠪᠦᠯᠦᠭ ᠰᠢᠯᠢᠳᠡᠭ ᠲᠧᠯᠸᠢᠰ ᠵᠦᠴᠦᠭᠡ᠂ ᠪᠠᠷᠢᠮᠲᠠᠲᠤ ᠹᠢᠯᠢᠮ ᠢ ᠰᠣᠩᠭᠤᠵᠤ᠂ 2024 ᠣᠨ ᠤ 6 ᠳ᠋ᠤᠭᠠᠷ ᠰᠠᠷ᠎ᠠ ᠠᠴᠠ ᠡᠬᠢᠯᠡᠨ᠂ ᠱᠠᠩᠬᠠᠶ᠂ ᠬᠤᠨᠠᠨ᠂ ᠭᠤᠸᠠᠩᠳᠦ᠋ᠩ᠂ ᠰᠧᠴᠤᠸᠠᠨ ᠵᠡᠷᠭᠡ ᠮᠤᠵᠢ ︵ᠬᠤᠲᠠ︶ ᠶᠢᠨ ᠲᠧᠯᠸᠢᠰ ᠬᠤᠷᠢᠶ᠎ᠠ ᠵᠢᠴᠢ ᠶᠢᠦ ᠺᠦ᠋᠂ ᠲᠧᠩ ᠰᠢᠶᠦ᠋ᠨ᠂ ᠪᠢ ᠯᠢ ᠪᠢ ᠯᠢ᠂ ᠰᠸᠦ ᠬᠤ᠋ ᠵᠡᠷᠭᠡ ᠰᠦᠯᠵᠢᠶᠡᠨ ᠤ ᠲᠠᠪᠴᠠᠩ ᠳᠤ ᠲᠥᠪᠯᠡᠷᠡᠭᠦᠯᠦᠨ ᠨᠡᠪᠲᠡᠷᠡᠭᠦᠯᠪᠡ᠃  ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ ᠣᠯᠠᠨ ᠤᠯᠤᠰ ᠤᠨ ᠬᠠᠮᠲᠤᠷᠠᠯᠴᠠᠭᠠᠨ ᠤ ᠵᠤᠷᠭᠠᠨ ᠤ ᠬᠠᠮᠢᠶ᠎ᠠ ᠪᠥᠬᠦᠶ ᠬᠠᠷᠢᠭᠤᠴᠠᠯᠭᠠᠲᠠᠳ ᠪᠠᠶᠠᠷ ᠤᠨ ᠦᠭᠡᠨ ᠳᠤ ᠪᠠᠨ᠂ ᠣᠶᠢᠷ᠎ᠠ ᠶᠢᠨ ᠵᠢᠯ ᠤᠳ ᠲᠤ᠂ ᠳᠤᠮᠳᠠᠳᠤ ᠤᠯᠤᠰ ᠤᠨ ᠰᠢᠯᠢᠳᠡᠭ ᠤᠯᠠᠮᠵᠢᠯᠠᠯᠲᠤ ᠰᠣᠶᠣᠯ ᠪᠠ ᠭᠠᠯ ᠬᠠᠯᠠᠭᠤᠨ ᠪᠣᠳᠠᠲᠤ ᠠᠮᠢᠳᠤᠷᠠᠯ ᠳᠤ ᠦᠨᠳᠦᠰᠦᠯᠡᠭᠰᠡᠨ ᠨᠢᠭᠡ ᠪᠦᠯᠦᠭ ᠰᠣᠳᠣᠨ ᠪᠦᠲᠦᠭᠡᠯ ᠪᠥᠬᠦ ᠳᠡᠯᠡᠬᠡᠶ ᠶᠢᠨ ᠣᠯᠠᠨ ᠤᠯᠤᠰ ᠪᠠ ᠭᠠᠵᠠᠷ ᠣᠷᠣᠨ ᠳᠤ ᠤᠯᠠᠮᠵᠢᠯᠠᠭᠳᠠᠵᠤ᠂ ᠭᠠᠳᠠᠭᠠᠳᠤ ᠶᠢᠨ ᠦᠵᠡᠭᠴᠢᠳ ᠤᠨ ᠪᠠᠭ᠋ᠠᠷᠬᠠᠯ ᠢ ᠤᠯᠪᠠ︔ ᠨᠢᠭᠡ ᠪᠦᠯᠦᠭ ᠬᠢᠯᠢ ᠶᠢᠨ ᠭᠠᠳᠠᠨᠠᠬᠢ ᠲᠧᠯᠸᠢᠰ ᠤᠨ ᠰᠢᠯᠢᠳᠡᠭ ᠫᠷᠤᠭ᠍ᠷᠠᠮ ᠴᠤ ᠳᠤᠮᠳᠠᠳᠤ ᠤᠯᠤᠰ ᠲᠤ ᠨᠡᠪᠲᠡᠷᠡᠭᠦᠯᠭᠡ ᠶᠢᠨ ᠰᠢᠯᠢᠳᠡᠭ ᠦᠷ᠎ᠡ ᠪᠦᠲᠦᠮᠵᠢ ᠣᠯᠵᠤ᠂ ᠤᠯᠤᠰ ᠤᠨ ᠳᠣᠲᠣᠭᠠᠳᠤ ᠶᠢᠨ ᠦᠵᠡᠭᠴᠢᠳ ᠤᠨ ᠣᠶᠤᠨ ᠤ ᠰᠣᠶᠣᠯ ᠤᠨ ᠠᠮᠢᠳᠤᠷᠠᠯ ᠢ ᠨᠢ ᠪᠠᠶᠠᠯᠢᠭᠵᠢᠭᠤᠯᠪᠠ᠃ ᠲᠤᠰ ᠤᠳᠠᠭᠠᠨ ᠤ ᠨᠡᠪᠲᠡᠷᠡᠭᠦᠯᠭᠡ ᠨᠢ ᠬᠢᠯᠢ ᠶᠢᠨ ᠭᠠᠳᠠᠨᠠᠬᠢ ᠲᠡᠦᠬᠡ ᠪᠣᠯᠤᠨ ᠬᠥᠮᠦᠰ ᠤᠨ ᠵᠦᠴᠦᠭᠡ ᠶᠢᠨ ᠲᠡᠭᠦᠪᠦᠷᠢ ᠪᠠᠶᠠᠯᠢᠭ ᠪᠠᠶᠢᠵᠤ᠂ ᠠᠭᠤᠯᠤᠭᠳᠠᠬᠤᠨ ᠭᠦᠨ ᠵᠤᠵᠠᠭᠠᠨ ᠪᠠᠶᠢᠵᠤ᠂ ᠦᠵᠡᠭᠴᠢᠳ ᠤᠨ ᠤᠯᠠᠨ ᠤᠯᠤᠰ ᠤᠨ ᠬᠠᠷᠠᠭ᠎ᠠ ᠶᠢ ᠨᠡᠭᠡᠭᠡᠵᠦ᠂ ᠳᠤᠮᠳᠠᠳᠤ ᠤᠯᠤᠰ ᠤᠨ ᠠᠷᠠᠳ ᠤᠯᠠᠨ ᠤ ᠳᠡᠯᠡᠬᠡᠢ ᠶᠢᠷᠲᠢᠨᠴᠦ ᠶᠢ ᠨᠡᠩ ᠰᠠᠶᠢᠲᠤᠷ ᠣᠶᠢᠯᠠᠭᠠᠬᠤ᠂ ᠳᠡᠯᠡᠬᠡᠢ ᠳ᠋ᠠᠬᠢᠨ ᠳᠤ ᠣᠷᠣᠯᠴᠠᠬᠤ᠂ ᠲᠡᠦᠬᠡ ᠪᠠᠷ ᠲᠤᠯᠢ ᠪᠣᠯᠭᠠᠵᠤ ᠢᠷᠡᠭᠡᠳᠦᠢ ᠶᠢ ᠣᠶᠢᠯᠠᠭᠠᠬᠤ ᠳᠤ ᠬᠦᠴᠦᠨ ᠨᠡᠮᠡᠷᠢᠯᠡᠬᠦ ᠳᠤ ᠠᠰᠢᠭᠲᠠᠢ ᠶᠤᠮ᠃ ᠳᠠᠷᠠᠭᠠᠴᠢ ᠶᠢᠨ ᠠᠯᠬᠤᠮ ᠳᠤ᠂ ᠷᠠᠳᠢᠣ᠋ ᠲᠧᠯᠸᠢᠰ ᠤᠨ ᠶᠡᠷᠦᠩᠬᠡᠢ ᠲᠣᠪᠴᠢᠶ᠎ᠠ ᠠᠴᠠ ᠠᠷᠠᠳ ᠲᠦᠮᠡᠨ ᠢᠶᠠᠷ ᠭᠤᠣᠯ ᠪᠣᠯᠭᠠᠬᠤ ᠶᠢ ᠦᠷᠭᠦᠯᠵᠢᠯᠡᠨ ᠪᠠᠷᠢᠮᠲᠠᠯᠠᠵᠤ᠂ ᠷᠠᠳᠢᠣ᠋ ᠲᠧᠯᠸᠢᠰ ᠤᠨ ᠦᠵᠡᠵᠦ ᠰᠣᠨᠣᠰᠬᠤ ᠤᠯᠠᠨ ᠤᠯᠤᠰ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠢᠳᠡᠪᠬᠢᠲᠡᠢ ᠭᠦᠨᠵᠡᠭᠡᠶᠢᠷᠡᠭᠦᠯᠵᠦ᠂ ᠠᠷᠠᠳ ᠲᠦᠮᠡᠨ ᠳᠤ ᠲᠠᠭᠠᠰᠢᠶᠠᠭᠳᠠᠭᠰᠠᠨ ᠰᠣᠳᠣᠨ ᠵᠦᠴᠦᠭᠡ ᠶᠢ ᠣᠷᠣᠭᠤᠯᠤᠨ ᠠᠪᠴᠢᠷᠠᠵᠤ ᠨᠡᠪᠲᠡᠷᠡᠭᠦᠯᠬᠦ ᠶᠢ ᠠᠬᠢᠭᠤᠯᠵᠤ᠂ ᠰᠢᠯᠢᠳᠡᠭ ᠫᠷᠤᠭ᠍ᠷᠠᠮ ᠤᠨ ᠬᠠᠩᠭᠠᠯᠭ᠎ᠠ ᠪᠠᠷ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠠᠵᠢᠯ ᠲᠦᠷᠦᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ ᠭᠡᠵᠡᠢ᠃  ᠱᠠᠩᠬᠠᠢ ᠶᠢᠨ ᠷᠠᠳᠢᠣ᠋ ᠲᠧᠯᠸᠢᠰ ᠤᠨ ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠨᠥᠬᠦᠳ ᠪᠠᠶᠠᠷ ᠤᠨ ᠦᠭᠡᠨ ᠳᠤ ᠪᠠᠨ᠂ ᠱᠠᠩᠬᠠᠢ ᠨᠢ ᠨᠥᠯᠥᠭᠡᠯᠡᠬᠦ ᠬᠦᠴᠦᠨ ᠲᠠᠢ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠠᠨ ᠤᠯᠤᠰ ᠤᠨ ᠶᠡᠭᠡ ᠬᠤᠳᠠ ᠪᠣᠯᠤᠭᠰᠠᠨ ᠤ ᠬᠤᠪᠢ ᠳᠤ᠂ ᠳᠡᠯᠡᠬᠡᠢ ᠳ᠋ᠠᠬᠢᠨ ᠳᠤ ᠳᠤᠮᠳᠠᠳᠤ ᠤᠯᠤᠰ ᠤᠨ ᠴᠢᠬᠤᠯᠠ ᠴᠣᠩᠬᠤ ᠪᠣᠯᠵᠤ ᠪᠠᠶᠢᠨ᠎ᠠ᠃ ᠱᠠᠩᠬᠠᠢ ᠶᠢᠨ ᠲᠣᠪᠴᠢᠶ᠎ᠠ ᠲᠤᠰ ᠣᠳᠠᠭᠠᠨ ᠤ ᠨᠡᠪᠲᠡᠷᠡᠭᠦᠯᠭᠡ ᠶᠢᠨ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠶᠡᠭᠡ ᠪᠠᠭ᠎ᠠ ᠳᠡᠯᠭᠡᠴᠡᠲᠦ ᠫᠷᠤᠭ᠍ᠷᠠᠮ ᠤᠨ ᠠᠭᠤᠯᠭ᠎ᠠ ᠶᠢ ᠤᠯᠠᠮ ᠴᠢᠨᠠᠭᠰᠢᠳᠠ ᠬᠦᠴᠦᠷᠬᠡᠭᠵᠢᠭᠦᠯᠦᠨ ᠰᠢᠯᠢᠳᠡᠭᠵᠢᠭᠦᠯᠵᠦ᠂ ᠱᠠᠩᠬᠠᠢ ᠶᠢᠨ ᠥᠪᠡᠷᠮᠢᠴᠡ ᠣᠷᠣᠨ ᠪᠠᠶᠢᠷᠢ ᠶᠢᠨ ᠳᠠᠪᠠᠭᠤᠯᠢᠭ ᠢᠶᠠᠨ ᠭᠦᠢᠴᠡᠳ ᠠᠰᠢᠭᠯᠠᠵᠤ᠂ ᠤᠯᠠᠨ ᠤᠯᠤᠰ ᠤᠨ ᠳᠠᠮᠵᠢᠭᠤᠯᠭ᠎ᠠ ᠶᠢᠨ ᠴᠢᠳᠠᠪᠤᠷᠢ ᠶᠢᠨ ᠪᠦᠲᠦᠭᠡᠨ ᠪᠠᠶᠢᠭᠤᠯᠤᠯᠲᠠ ᠪᠠᠨ ᠴᠢᠩᠭᠠᠳᠬᠠᠵᠤ᠂ ︽ᠰᠣᠶᠣᠯ ᠤᠨ ᠥᠪᠡᠷ ᠤᠨ ᠢᠲᠡᠭᠡᠯ ᠥᠪᠡᠷ ᠢ ᠪᠠᠨ ᠬᠦᠴᠦᠷᠬᠡᠭᠵᠢᠭᠦᠯᠬᠦ ᠱᠠᠩᠬᠠᠢ ᠶᠢᠨ ᠵᠠᠭᠪᠤᠷ ᠢ ᠡᠭᠦᠳᠴᠦ᠂ ᠰᠢ ᠶᠢᠨ ᠫᠢᠩ ᠤᠨ ᠰᠣᠶᠣᠯ ᠤᠨ ᠦᠵᠡᠯ ᠰᠠᠨᠠᠭᠠᠨ ᠤ ᠬᠠᠮᠤᠭ ᠤᠨ ᠰᠠᠶᠢᠨ ᠦᠢᠯᠡᠳᠦᠯᠭᠡ ᠶᠢᠨ ᠭᠠᠵᠠᠷ︾ ᠢ ᠪᠠᠶᠢᠭᠤᠯᠬᠤ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠦᠨ᠎ᠡ ᠬᠡᠵᠡᠢ᠃  ᠱᠠᠩᠬᠠᠢ ᠶᠢᠨ ᠤᠳᠬ᠎ᠠ ᠤᠷᠠᠯᠢᠭ ᠤᠨ ᠰᠢᠭᠦᠮᠵᠢ ᠶᠢᠨ ᠨᠡᠶᠢᠭᠡᠮᠯᠢᠭ ᠤᠨ ᠲᠡᠷᠢᠭᠦᠯᠡᠭᠴᠢ᠂ ᠸᠧᠨ ᠬᠤᠢ ᠰᠣᠨᠢᠨ ᠤ ᠬᠤᠷᠢᠶᠠᠨ ᠤ ᠨᠠᠮ ᠤᠨ ᠬᠤᠷᠢᠶᠠᠨ ᠤ ᠱᠦᠵᠢ᠂ ᠬᠤᠷᠢᠶᠠᠨ ᠳᠠᠷᠤᠭ᠎ᠠ ᠶᠠᠷᠢᠶᠠᠨ ᠳᠤ ᠪᠠᠨ᠂ ᠦᠵᠡᠵᠦ ᠰᠣᠨᠣᠰᠬᠤ ᠪᠦᠲᠦᠭᠡᠯ ᠪᠣᠯ ᠰᠢᠨ᠎ᠡ ᠴᠠᠭ ᠦᠶ᠎ᠡ ᠶᠢᠨ ᠳᠤᠮᠳᠠᠳᠤ ᠭᠠᠳᠠᠭᠠᠳᠤ ᠶᠢᠨ ᠪᠣᠯᠪᠠᠰᠤᠨ ᠤ ᠰᠣᠯᠢᠯᠴᠠᠭ᠎ᠠ ᠲᠣᠯᠢᠯᠠᠯᠲᠠ ᠶᠢᠨ ᠴᠢᠬᠤᠯᠠ ᠠᠴᠢᠶᠠᠯᠠᠪᠤᠷᠢ ᠮᠥᠨ᠂ ᠲᠤᠰ ᠤᠳᠠᠭᠠᠨ ᠤ ᠲᠡᠦᠬᠡ ᠪᠠ ᠬᠥᠮᠦᠰ ᠤᠨ ᠵᠦᠴᠦᠭᠡ ᠶᠢᠨ ᠦᠵᠡᠭᠦᠯᠭᠡ ᠶᠢᠨ ᠠᠵᠢᠯᠯᠠᠭ᠎ᠠ ᠶᠢ ᠡᠷᠬᠢᠯᠡᠭᠰᠡᠨ  ᠨᠢ ᠰᠣᠶᠣᠯ ᠢᠷᠭᠡᠨᠰᠢᠯ ᠤᠨ ᠰᠣᠯᠢᠯᠴᠠᠭ᠎ᠠ ᠶᠢ ᠠᠬᠢᠭᠤᠯᠬᠤ ᠳᠤ ᠢᠳᠡᠪᠬᠢ ᠠᠴᠢ ᠬᠤᠯᠪᠣᠭᠳᠠᠯ ᠲᠠᠢ ᠶᠤᠮ᠃ ᠪᠠᠷᠢᠮᠲᠠᠲᠤ ᠹᠢᠯᠢᠮ ᠨᠢ ᠦᠵᠡᠯ ᠰᠠᠨᠠᠭᠠᠴᠢ ᠴᠢᠨᠠᠷ᠂ ᠤᠷᠠᠯᠢᠭᠴᠢ ᠴᠢᠨᠠᠷ᠂ ᠰᠣᠨᠢᠷᠬᠠᠯᠲᠤ ᠴᠢᠨᠠᠷ ᠵᠡᠷᠭᠡ ᠲᠠᠯ᠎ᠠ ᠪᠠᠷ ᠨᠡᠯᠢᠶᠡᠳ ᠥᠨᠳᠥᠷ ᠲᠦᠪᠰᠢᠨ ᠪᠦᠬᠦᠢ ᠪᠠᠶᠢᠵᠤ᠂ ᠤᠯᠤᠰ ᠤᠨ ᠳᠣᠲᠣᠭᠠᠳᠤ ᠶᠢᠨ ᠦᠵᠡᠭᠴᠢᠳ ᠲᠤ ᠣᠶᠤᠨ ᠰᠠᠨᠠᠭᠠᠨ ᠤ ᠬᠠᠨᠤᠮᠵᠢ ᠪᠠ ᠭᠤᠸ᠎ᠠ ᠰᠠᠶᠢᠬᠠᠨ ᠤ ᠪᠠᠶᠠᠷ ᠪᠠᠭ᠋ᠠᠳᠤᠯ ᠢ ᠠᠪᠴᠢᠷᠠᠵᠤ ᠥᠭᠭᠦᠨ᠎ᠡ ᠭᠡᠳᠡᠭ ᠲᠤ ᠢᠲᠡᠭᠡᠵᠦ ᠪᠠᠶᠢᠨ᠎ᠠ ᠭᠡᠵᠡᠢ᠃  ᠡᠬᠢᠯᠡᠯᠲᠡ ᠶᠢᠨ ᠶᠣᠰᠣᠯᠠᠯ ᠤᠨ ᠠᠬᠤᠶ ᠲᠠᠯᠠᠪᠠᠶ ᠳᠤ ᠪᠠᠰᠠ ᠠᠩᠭ᠍ᠯᠢ ᠶᠢᠨ ᠵᠦᠴᠦᠭᠡ ︽ᠱᠺᠧᠰᠫᠧᠷ᠄ ᠠᠪᠢᠶᠠᠰ ᠪᠢᠯᠢᠭᠲᠡᠨ ᠤ ᠮᠠᠨᠳᠤᠯᠲᠠ︾ ᠶᠢᠨ ᠭᠤᠶᠢᠳᠠ ᠰᠠᠶᠢᠬᠠᠨ ᠹᠢᠯᠢᠮ ᠢ ᠨᠡᠪᠲᠡᠷᠡᠭᠦᠯᠵᠦ᠂ ᠬᠤᠯᠪᠣᠭᠳᠠᠯ ᠪᠦᠬᠦᠢ ᠭᠤᠤᠯ ᠡᠭᠦᠳᠦᠭᠴᠢᠳ ᠵᠣᠬᠢᠶᠠᠨ ᠪᠦᠲᠦᠭᠡᠭᠰᠡᠨ ᠥᠩᠭᠡᠷᠡᠯᠲᠡ ᠪᠠ ᠲᠥᠷᠥᠭᠳᠡᠯ ᠢᠶᠠᠨ ᠬᠤᠪᠢᠶᠠᠯᠴᠠᠪᠠ᠃ 
ᠢᠷᠡᠯᠲᠡ᠄ ᠤᠯᠤᠰ ᠤᠨ ᠷᠠᠳᠢᠣ᠋ ᠲᠧᠯᠸᠢᠰ ᠤᠨ ᠤᠶᠤᠨ ᠤ ᠬᠦᠮᠦᠷᠭᠡ