ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠪᠣᠯᠤᠨ ᠲᠦᠨᠢᠰ ᠤᠨ ᠤᠯᠤᠰ ᠤᠨ ᠷᠠᠳᠢᠣ᠋ ᠨᠡᠪᠲᠡᠷᠡᠭᠦᠯᠭᠡ ᠶᠢᠨ ᠬᠤᠷᠢᠶ᠎ᠠ ᠬᠠᠮᠲᠤᠷᠠᠨ ᠠᠵᠢᠯᠯᠠᠬᠤ ᠬᠡᠯᠡᠯᠴᠡᠭᠡᠷ ᠲᠣᠭᠲᠠᠪᠠ
ᠨᠡᠶᠢᠲᠡᠯᠡᠭᠰᠡᠨ ᠴᠠᠭ᠄
2024/6/3
  5 ᠳ᠋ᠤᠭᠠᠷ ᠰᠠᠷ᠎ᠠ ᠶᠢᠨ 31 ᠤ ᠡᠳᠦᠷ᠂ ᠳᠤᠮᠳᠠᠳᠤ ᠤᠯᠤᠰ ᠤᠨ ᠤᠯᠤᠰ ᠤᠨ ᠲᠡᠷᠢᠭᠦᠯᠡᠭᠴᠢ ᠰᠢ ᠶᠢᠨ ᠫᠢᠩ ᠬᠢᠭᠡᠳ ᠳᠤᠮᠳᠠᠳᠤ ᠤᠯᠤᠰ ᠲᠤ ᠲᠥᠷᠥ ᠶᠢᠨ ᠶᠠᠪᠤᠳᠠᠯ ᠤᠨ ᠠᠶᠢᠯᠴᠢᠯᠠᠯᠲᠠ ᠬᠢᠵᠦ ᠪᠠᠶᠢᠭᠰᠠᠨ ᠲᠦᠨᠢᠰ ᠤᠨ ᠶᠡᠷᠦᠩᠬᠡᠶᠢᠯᠡᠭᠴᠢ ᠰᠠᠶᠢᠶ᠋ᠢᠳᠧ ᠬᠠᠮᠲᠤ ᠶᠢᠨ ᠭᠡᠷᠡᠴᠢᠯᠡᠯ ᠳᠣᠤᠷ᠎ᠠ᠂ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ ᠲᠣᠪᠴᠢᠶᠠᠨ ᠳᠠᠷᠤᠭ᠎ᠠ ᠼᠤᠤ ᠱᠤ᠋ ᠮᠢᠨ ᠬᠢᠭᠡᠳ ᠲᠦᠨᠢᠰ ᠤᠨ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ ᠲᠣᠪᠴᠢᠶᠠᠨ ᠳᠠᠷᠤᠭ᠎ᠠ ᠬᠠᠯᠢᠪ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠪᠣᠯᠤᠨ ᠲᠦᠨᠢᠰ ᠤᠨ ᠤᠯᠤᠰ ᠤᠨ ᠷᠠᠳᠢᠣ᠋ ᠲᠧᠯᠸᠢᠰ ᠤᠨ ᠬᠠᠮᠲᠤᠷᠠᠯᠴᠠᠭᠠᠨ ᠤ ᠵᠥᠪᠯᠡᠯᠴᠡᠭᠡᠷ︾ ᠲᠤ ᠭᠠᠷ ᠤᠨ ᠥᠰᠥᠭ ᠵᠢᠷᠤᠪᠠ᠃ ᠵᠥᠪᠯᠡᠯᠴᠡᠭᠡᠷ ᠢ ᠦᠨᠳᠦᠰᠦᠯᠡᠪᠡᠯ᠂ ᠬᠤᠶᠠᠷ ᠲᠠᠯ᠎ᠠ ᠪᠠᠷ ᠢᠶᠠᠨ ᠷᠠᠳᠢᠣ᠋ ᠪᠠ ᠰᠢᠨ᠎ᠡ ᠵᠠᠭᠤᠴᠢᠯᠠᠭᠤᠷ ᠤᠨ ᠬᠦᠷᠢᠶᠡᠨ ᠳᠤ ᠲᠦᠷᠦ ᠶᠢᠨ ᠪᠤᠳᠤᠯᠭ᠎ᠠ ᠶᠢᠨ ᠰᠣᠯᠢᠯᠴᠠᠭ᠎ᠠ᠂ ᠫᠷᠤᠭ᠍ᠷᠠᠮ ᠤᠨ ᠰᠣᠯᠢᠯᠴᠠᠭ᠎ᠠ᠂ ᠮᠡᠷᠭᠡᠵᠢᠯ ᠤᠨ ᠠᠵᠤ ᠦᠢᠯᠡᠰ ᠪᠠ ᠴᠢᠳᠠᠪᠤᠷᠢᠲᠠᠨ ᠢ ᠬᠥᠮᠦᠵᠢᠭᠦᠯᠬᠦ ᠵᠡᠷᠭᠡ ᠲᠠᠯ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠬᠤ ᠪᠣᠯᠤᠨ᠎ᠠ᠃ 
ᠢᠷᠡᠯᠲᠡ᠄ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠢ ᠲᠣᠪᠴᠢᠶ᠎ᠠ