| | | | | | ᠰᠢᠨᠬᠤᠸᠠ ᠬᠤᠷᠢᠶ᠎ᠠ ᠶᠢᠨ ᠪᠡᠭᠡᠵᠢᠩ ᠤᠨ 7 ᠰᠠᠷ᠎ᠠ ᠶᠢᠨ 9 ᠤ ᠴᠠᠭᠢᠯᠭᠠᠨ ᠮᠡᠳᠡᠭᠡ ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠪᠠᠶᠢᠭᠤᠯᠤᠭᠳᠠᠭᠰᠠᠨ | 97 ᠵᠢᠯ ᠤᠨ ᠤᠢ ᠶᠢᠨ ᠲᠠᠰᠢᠷᠠᠮ ᠢᠶᠠᠷ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ 9 ᠤ ᠡᠳᠦᠷ ᠪᠡᠭᠡᠵᠢᠩ ᠳᠤ ᠢᠷᠠᠭᠤ ᠠᠯᠳᠠᠷ ᠤᠨ ᠴᠣᠯᠠ ᠣᠯᠭᠤᠬᠤ ᠶᠣᠰᠣᠯᠠᠯ ᠢ | ᠦᠪᠡᠳᠡᠭᠰᠢ ᠶᠡᠭᠡ ᠪᠠᠷ ᠶᠠᠪᠤᠭᠤᠯᠪᠠ ᠃ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠂ ᠲᠥᠪ ᠤᠨ ᠴᠡᠷᠢᠭ ᠤᠨ ᠶᠠᠪᠤᠳᠠᠯ ᠤᠨ | ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠢᠷᠠᠭᠤ ᠠᠯᠳᠠᠷ ᠤᠨ ᠴᠣᠯᠠ ᠣᠯᠣᠭᠰᠠᠨ ᠨᠢᠭᠡᠴᠢ ᠳᠤ ᠱᠠᠩᠨᠠᠯ ᠤᠨ ᠲᠤᠭ ᠣᠯᠭᠤᠪᠠ ᠃ | 7 ᠰᠠᠷ᠎ᠠ ᠶᠢᠨ 9 ᠤ ᠡᠳᠦᠷ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠢᠷᠠᠭᠤ ᠠᠯᠳᠠᠷ ᠤᠨ ᠴᠣᠯᠠ ᠣᠯᠭᠤᠬᠤ ᠶᠣᠰᠣᠯᠠᠯ ᠢ ᠪᠡᠭᠡᠵᠢᠩ ᠳᠤ ᠦᠪᠡᠳᠡᠭᠰᠢ | ᠶᠡᠭᠡ ᠪᠠᠷ ᠶᠠᠪᠤᠭᠤᠯᠪᠠ ᠃ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ | ᠲᠡᠷᠢᠭᠦᠯᠡᠭᠴᠢ ᠰᠢ ᠶᠢᠨ ᠫᠢᠩ ︽ ᠲᠡᠶᠢᠷᠦᠯᠲᠦ ᠶᠡᠭᠡ ᠫᠤᠤᠲᠤ ᠴᠡᠷᠢᠭ ᠤᠨ ᠵᠢᠱᠢᠶᠡᠴᠢ ᠰᠤᠮᠤ ︾ ᠭᠡᠬᠦ ᠢᠷᠠᠭᠤ ᠠᠯᠳᠠᠷ ᠤᠨ ᠴᠣᠯᠠ ᠭᠥᠷᠳᠡᠭᠰᠡᠨ ᠬᠠᠭᠤᠷᠠᠢ ᠵᠠᠮ ᠤᠨ | ᠴᠡᠷᠢᠭ ᠤᠨ ᠨᠢᠭᠡᠨ ᠪᠠᠷᠢᠭᠠᠳᠠ ᠶᠢᠨ ᠨᠢᠭᠡᠳᠦᠭᠡᠷ ᠪᠠᠲᠯᠢᠶᠤᠨ ᠤ ᠬᠤᠶᠠᠳᠤᠭᠠᠷ ᠰᠤᠮᠤ ᠳᠤ ᠱᠠᠩᠨᠠᠯ ᠤᠨ ᠲᠤᠭ ᠣᠯᠭᠤᠭᠰᠠᠨ ᠪᠥᠭᠡᠳ ᠲᠤᠰ ᠰᠤᠮᠤᠨ ᠤ ᠳᠠᠷᠤᠭ᠎ᠠ | ᠪᠠᠶᠢᠯᠳᠤᠭᠴᠢᠳ ᠤᠨ ᠲᠥᠯᠥᠭᠡᠯᠡᠭᠴᠢ ᠲᠠᠢ ᠭᠡᠷᠡᠯ ᠵᠢᠷᠤᠭ ᠲᠠᠲᠠᠭᠤᠯᠵᠤ ᠳᠤᠷᠠᠰᠬᠠᠯ ᠦᠯᠡᠳᠡᠭᠡᠪᠡ ᠃ | | | | | | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢ ᠭᠠᠩ ᠰᠡᠭᠦᠳᠡᠷᠯᠡᠪᠡ | ︽ 8 · 1 ︾ ᠲᠣᠮᠣ ᠠᠰᠠᠷ ᠤᠨ ᠶᠣᠰᠣᠯᠠᠯ ᠤᠨ ᠲᠤᠬᠠᠢ ᠶᠢᠨ ᠲᠠᠯᠠᠪᠠᠢ ᠳᠤ ᠂ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢ ᠪᠣᠯᠣᠨ ᠪᠢᠴᠢᠭ ᠤᠨ ᠲᠤᠰᠢᠶᠠᠯᠲᠠᠨ ᠤ | ᠲᠥᠯᠥᠭᠡᠯᠡᠭᠴᠢ ᠲᠡᠷᠢ ᠲᠡᠭᠰᠢ ᠵᠢᠭᠰᠠᠵᠤ ᠂ ᠠᠭᠤᠷ ᠬᠠᠮᠲᠤ ᠠᠮᠢᠰᠬᠤᠯ ᠲᠥᠪ ᠬᠢᠴᠢᠶᠡᠩᠭᠦᠢ ᠪᠥᠭᠡᠳ ᠭᠦᠷ ᠬᠥᠭᠵᠢᠶᠡᠨ ᠲᠠᠢ ᠪᠠᠶᠢᠯ᠎ᠠ ᠃ ᠦᠳᠡ ᠶᠢᠨ ᠬᠤᠶᠢᠨᠠᠬᠢ 3 ᠴᠠᠭ | 30 ᠮᠢᠨᠦ᠋ᠲ ᠤᠨ ᠦᠶ᠎ᠡ ᠪᠠᠷ ᠂ 18 ᠶᠣᠰᠣᠯᠠᠯ ᠤᠨ ᠴᠡᠷᠢᠭ ᠲᠥᠪ ᠠᠯᠬᠤᠮ ᠢᠶᠠᠷ ᠲᠠᠯᠠᠪᠠᠢ ᠳᠤ ᠠᠯᠬᠤᠨ ᠣᠷᠣᠵᠤ ᠂ ᠫᠤᠤ ᠠᠳᠬᠤᠨ ᠬᠤᠶᠠᠷ ᠲᠠᠯ᠎ᠠ ᠪᠠᠷ ᠵᠣᠭᠰᠣᠵᠤ ᠂ | ᠴᠣᠯᠠ ᠣᠯᠭᠤᠬᠤ ᠶᠣᠰᠣᠯᠠᠯ ᠡᠬᠢᠯᠡᠬᠦ ᠳᠤ ᠲᠠᠯᠠᠪᠠᠢ ᠳᠠᠶᠠᠭᠠᠷ ᠢᠶᠠᠨ ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠰᠦᠯᠳᠡ ᠳᠠᠭᠤᠤ ᠶᠢ ᠳᠠᠭᠤᠯᠠᠪᠠ ᠃ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠭᠡᠰᠢᠭᠦᠨ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠳᠡᠳ᠋ ᠲᠡᠷᠢᠭᠦᠯᠡᠭᠴᠢ ᠵᠠᠩ ᠶᠢᠦ | ᠰᠢᠶᠠ ᠰᠢ ᠶᠢᠨ ᠫᠢᠩ ᠤᠨ ᠭᠠᠷ ᠤᠨ ᠦᠰᠦᠭ ᠵᠢᠷᠤᠭᠰᠠᠨ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠢᠷᠠᠭᠤ ᠠᠯᠳᠠᠷ ᠤᠨ ᠴᠣᠯᠠ ᠣᠯᠭᠤᠬᠤ ᠵᠠᠷᠯᠢᠭ ᠢ ᠤᠩᠰᠢᠨ | ᠨᠡᠶᠢᠲᠡᠯᠡᠵᠦ ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠭᠡᠰᠢᠭᠦᠨ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠳᠡᠳ᠋ ᠲᠡᠷᠢᠭᠦᠯᠡᠭᠴᠢ | ᠾᠧ ᠸᠧᠢ ᠳ᠋ᠦᠩ ᠶᠣᠰᠣᠯᠠᠯ ᠢ ᠡᠷᠭᠢᠯᠡᠪᠡ ᠃ | ᠢᠳᠡ ᠬᠦᠴᠦᠲᠡᠢ ︽ ᠠᠷᠠᠳ ᠤᠨ ᠴᠡᠷᠢᠭ ᠠᠩᠭᠢ ᠨᠠᠮ ᠳᠠᠭᠠᠨ ᠦᠨᠡᠨᠴᠢ ︾ ᠭᠡᠬᠦ ᠬᠥᠭᠵᠢᠮ ᠤᠨ ᠳᠤᠮᠳᠠ ᠂ ᠰᠢ ᠶᠢᠨ ᠫᠢᠩ ︽ ᠲᠡᠶᠢᠷᠦᠯᠲᠦ ᠶᠡᠭᠡ ᠫᠤᠤᠲᠤ | ᠴᠡᠷᠢᠭ ᠤᠨ ᠵᠢᠱᠢᠶᠡᠴᠢ ᠰᠤᠮᠤ ︾ ᠭᠡᠬᠦ ᠢᠷᠠᠭᠤ ᠠᠯᠳᠠᠷ ᠤᠨ ᠴᠣᠯᠠ ᠭᠥᠷᠳᠡᠭᠰᠡᠨ ᠬᠠᠭᠤᠷᠠᠢ ᠵᠠᠮ ᠤᠨ ᠴᠡᠷᠢᠭ ᠤᠨ ᠨᠢᠭᠡᠨ ᠪᠠᠷᠢᠭᠠᠳᠠ ᠶᠢᠨ ᠨᠢᠭᠡᠳᠦᠭᠡᠷ ᠪᠠᠲᠯᠢᠶᠤᠨ ᠤ | ᠬᠤᠶᠠᠳᠤᠭᠠᠷ ᠰᠤᠮᠤ ᠳᠤ ᠱᠠᠩᠨᠠᠯ ᠤᠨ ᠲᠤᠭ ᠣᠯᠭᠤᠪᠠ ᠃ ᠰᠤᠮᠤᠨ ᠠᠩᠭᠢ ᠶᠢᠨ ᠳᠠᠷᠤᠭ᠎ᠠ ᠪᠠᠶᠢᠯᠳᠤᠭᠴᠢᠳ ᠤᠨ ᠲᠥᠯᠥᠭᠡᠯᠡᠭᠴᠢ ᠰᠢ ᠶᠢᠨ ᠫᠢᠩ ᠳᠤ ᠶᠣᠰᠣᠯᠠᠵᠤ ᠂ | ᠱᠠᠩᠨᠠᠯ ᠤᠨ ᠲᠤᠭ ᠢ ᠲᠥᠪ ᠴᠢᠩᠭ᠎ᠠ ᠪᠠᠷ ᠲᠤᠰᠴᠤ ᠠᠪᠤᠪᠠ ᠃ ᠰᠢ ᠶᠢᠨ ᠫᠢᠩ ᠲᠡᠳᠡᠨ ᠳᠤ ᠳᠣᠲᠣᠨᠣ ᠮᠡᠨᠳᠦᠴᠢᠯᠡᠯ ᠬᠦᠷᠭᠡᠵᠦ ᠂ ᠬᠠᠮᠲᠤ ᠭᠡᠷᠡᠯ ᠵᠢᠷᠤᠭ ᠲᠠᠲᠠᠭᠤᠯᠵᠤ | ᠳᠤᠷᠠᠰᠬᠠᠯ ᠦᠯᠡᠳᠡᠭᠡᠪᠡ ᠃ ᠲᠠᠯᠠᠪᠠᠢ ᠳᠠᠶᠠᠭᠠᠷ ᠨᠢᠵᠢᠭᠢᠨᠡᠲᠡᠯ᠎ᠡ ᠠᠯᠠᠭ᠎ᠠ ᠲᠠᠰᠢᠪᠠ ᠃ | ᠴᠣᠯᠠ ᠣᠯᠭᠤᠬᠤ ᠶᠣᠰᠣᠯᠠᠯ ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠤᠨ ᠬᠠᠩᠭᠢᠨᠠᠮ᠎ᠠ ᠰᠠᠶᠢᠬᠠᠨ ᠴᠡᠷᠢᠭ ᠤᠨ ᠳᠠᠭᠤᠤ ᠶᠢᠨ ᠳᠤᠮᠳᠠ ᠲᠡᠭᠦᠰᠪᠡ ᠃ | ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠭᠡᠰᠢᠭᠦᠨ ᠯᠢᠦ ᠵᠧᠨ ᠯᠢ ᠂ ᠮᠢᠶᠣᠣ ᠬᠤᠸᠠ ᠂ ᠵᠠᠩ ᠱᠧᠩ ᠮᠢᠨ ᠂ ᠴᠡᠷᠢᠭ ᠤᠨ ᠶᠠᠪᠤᠳᠠᠯ ᠤᠨ ᠬᠤᠷᠢᠶ᠎ᠠ ᠶᠢᠨ | ᠪᠠᠶᠢᠭᠤᠯᠭ᠎ᠠ ᠶᠢᠨ ᠡᠯ᠎ᠡ ᠰᠠᠯᠠᠭ᠎ᠠ ᠮᠥᠴᠢᠷ ᠂ ᠴᠡᠷᠢᠭ ᠠᠩᠭᠢ ᠶᠢᠨ ᠪᠡᠭᠡᠵᠢᠩ ᠳᠤ ᠰᠠᠭᠤᠭ᠎ᠠ ᠬᠤᠯᠪᠣᠭᠳᠠᠯ ᠪᠦᠬᠦᠢ ᠨᠢᠭᠡᠴᠢ ᠶᠢᠨ ᠭᠤᠣᠯ ᠬᠠᠷᠢᠭᠤᠴᠠᠯᠭᠠᠲᠠᠨ ᠨᠥᠬᠦᠳ ᠂ | ᠴᠡᠷᠢᠭ ᠤᠨ ᠶᠠᠪᠤᠳᠠᠯ ᠤᠨ ᠬᠤᠷᠢᠶ᠎ᠠ ᠶᠢᠨ ᠢᠷᠠᠭᠤ ᠠᠯᠳᠠᠷ ᠤᠨ ᠴᠣᠯᠠ ᠣᠯᠣᠭᠰᠠᠨ ᠨᠢᠭᠡᠴᠢ ᠶᠢᠨ ᠲᠥᠯᠥᠭᠡᠯᠡᠭᠴᠢᠳ ᠶᠣᠰᠣᠯᠠᠯ ᠳᠤ ᠣᠷᠣᠯᠴᠠᠵᠠᠢ ᠃ | |