| | | | | | ᠰᠢᠨᠬᠤᠸᠠ ᠬᠤᠷᠢᠶ᠎ᠠ ᠶᠢᠨ ᠪᠡᠭᠡᠵᠢᠩ ᠤᠨ 7 ᠰᠠᠷ᠎ᠠ ᠶᠢᠨ 9 ᠤ ᠴᠠᠭᠢᠯᠭᠠᠨ ᠮᠡᠳᠡᠭᠡ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠬᠤᠷᠠᠩᠳᠠ ᠭᠧᠨᠧᠷᠠᠯ ᠤᠨ | ᠴᠡᠷᠢᠭ ᠤᠨ ᠴᠣᠯᠠ ᠳᠤ ᠳᠡᠪᠰᠢᠭᠦᠯᠬᠦ ᠶᠣᠰᠣᠯᠠᠯ 9 ᠤ ᠡᠳᠦᠷ ᠪᠡᠭᠡᠵᠢᠩ ᠤᠨ ︽ 8 · 1 ︾ ᠶᠡᠭᠡ ᠠᠰᠠᠷ ᠲᠤ ᠶᠠᠪᠤᠭᠳᠠᠪᠠ ᠃ ᠲᠥᠪ ᠤᠨ ᠴᠡᠷᠢᠭ ᠤᠨ ᠶᠠᠪᠤᠳᠠᠯ ᠤᠨ | ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠴᠣᠯᠠ ᠳᠡᠪᠰᠢᠭᠦᠯᠬᠦ ᠶᠣᠰᠣᠯᠠᠯ ᠳᠤ ᠣᠷᠣᠯᠴᠠᠵᠠᠢ ᠃ | 7 ᠰᠠᠷ᠎ᠠ ᠶᠢᠨ 9 ᠤ ᠡᠳᠦᠷ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠬᠤᠷᠠᠩᠳᠠ ᠭᠧᠨᠧᠷᠠᠯ ᠤᠨ ᠴᠡᠷᠢᠭ ᠤᠨ ᠴᠣᠯᠠ ᠳᠤ ᠳᠡᠪᠰᠢᠭᠦᠯᠬᠦ ᠶᠣᠰᠣᠯᠠᠯ | ᠪᠡᠭᠡᠵᠢᠩ ᠤᠨ ︽ 8 · 1 ︾ ᠶᠡᠭᠡ ᠠᠰᠠᠷ ᠲᠤ ᠶᠠᠪᠤᠭᠳᠠᠪᠠ ᠃ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠬᠤᠷᠠᠩᠳᠠ ᠭᠧᠨᠧᠷᠡᠯ ᠤᠨ | ᠴᠡᠷᠢᠭ ᠤᠨ ᠴᠣᠯᠠ ᠳᠤ ᠳᠡᠪᠰᠢᠭᠰᠡᠨ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠤᠯᠤᠰ ᠲᠦᠷᠦ ᠶᠢᠨ ᠠᠵᠢᠯ ᠤᠨ ᠬᠡᠯᠲᠡᠰ ᠤᠨ ᠪᠠᠶᠢᠩᠭᠤ ᠶᠢᠨ ᠳᠡᠳ᠋ ᠡᠷᠭᠢᠯᠡᠭᠴᠢ | ᠾᠧ ᠬᠤᠩ ᠵᠢᠶᠦ᠋ᠨ ᠳᠤ ᠵᠠᠷᠯᠢᠭ ᠤᠨ ᠪᠢᠴᠢᠭ ᠭᠠᠷᠳᠠᠭᠤᠯᠪᠠ ᠃ | | | | | | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢ ᠭᠠᠩ ᠰᠡᠭᠦᠳᠡᠷᠯᠡᠪᠡ | ᠦᠳᠡ ᠶᠢᠨ ᠬᠤᠶᠢᠨᠠᠬᠢ 4 ᠴᠠᠭ ᠤᠨ ᠦᠶ᠎ᠡ ᠪᠠᠷ ᠂ ᠴᠣᠯᠠ ᠳᠡᠪᠰᠢᠭᠦᠯᠬᠦ ᠶᠣᠰᠣᠯᠠᠯ ᠰᠦᠷ ᠵᠢᠪᠬᠤᠯᠠᠩᠲᠤ ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠤᠯᠤᠰ ᠤᠨ ᠰᠦᠯᠳᠡ ᠳᠠᠭᠤᠤ ᠶᠢᠨ ᠳᠤᠮᠳᠠ ᠡᠬᠢᠯᠡᠪᠡ ᠃ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠳᠡᠳ᠋ ᠲᠡᠷᠢᠭᠦᠯᠡᠭᠴᠢ ᠵᠠᠩ ᠶᠢᠦ ᠰᠢᠶᠠ ᠲᠥᠪ ᠤᠨ | ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠤᠨ ᠭᠠᠷ ᠤᠨ ᠦᠰᠦᠭ ᠵᠢᠷᠤᠭᠰᠠᠨ ᠬᠤᠷᠠᠩᠳᠠ ᠭᠧᠨᠧᠷᠡᠯ ᠤᠨ ᠴᠡᠷᠢᠭ ᠤᠨ ᠴᠣᠯᠠ ᠳᠤ ᠳᠡᠪᠰᠢᠭᠦᠯᠬᠦ | ᠵᠠᠷᠯᠢᠭ ᠢ ᠤᠩᠰᠢᠨ ᠨᠡᠶᠢᠲᠡᠯᠡᠪᠡ ᠃ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠳᠡᠳ᠋ ᠲᠡᠷᠢᠭᠦᠯᠡᠭᠴᠢ ᠾᠧ ᠸᠧᠢ ᠳ᠋ᠦᠩ ᠴᠣᠯᠠ ᠳᠡᠪᠰᠢᠭᠦᠯᠬᠦ ᠶᠣᠰᠣᠯᠠᠯ ᠢ | ᠡᠷᠭᠢᠯᠡᠪᠡ ᠃ | ᠰᠢ ᠶᠢᠨ ᠫᠢᠩ ᠬᠤᠷᠠᠩᠳᠠ ᠭᠧᠨᠧᠷᠡᠯ ᠤᠨ ᠴᠡᠷᠢᠭ ᠤᠨ ᠴᠣᠯᠠ ᠳᠤ ᠳᠡᠪᠰᠢᠭᠰᠡᠨ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠤᠯᠤᠰ ᠲᠦᠷᠦ ᠶᠢᠨ | ᠠᠵᠢᠯ ᠤᠨ ᠬᠡᠯᠲᠡᠰ ᠤᠨ ᠪᠠᠶᠢᠩᠭᠤ ᠶᠢᠨ ᠳᠡᠳ᠋ ᠡᠷᠭᠢᠯᠡᠭᠴᠢ ᠾᠧ ᠬᠤᠩ ᠵᠢᠶᠦ᠋ᠨ ᠳᠤ ᠵᠠᠷᠯᠢᠭ ᠤᠨ ᠪᠢᠴᠢᠭ ᠭᠠᠷᠳᠠᠭᠤᠯᠵᠤ ᠂ ᠪᠠᠶᠠᠷ ᠬᠦᠷᠭᠡᠵᠦ ᠪᠠᠶᠢᠬᠤ ᠪᠠᠨ ᠢᠯᠡᠳᠬᠡᠪᠡ ᠃ | ᠬᠤᠷᠠᠩᠳᠠ ᠭᠧᠨᠧᠷᠡᠯ ᠤᠨ ᠴᠡᠷᠢᠭ ᠤᠨ ᠴᠣᠯᠠ ᠶᠢᠨ ᠮᠥᠷᠥᠨ ᠤ ᠲᠡᠮᠳᠡᠭ ᠢ ᠵᠡᠭᠦᠭᠰᠡᠨ ᠾᠧ ᠬᠤᠩ ᠵᠢᠶᠦ᠋ᠨ ᠰᠢ ᠶᠢᠨ ᠫᠢᠩ ᠳᠤ ᠶᠣᠰᠣᠯᠠᠵᠤ ᠂ ᠶᠣᠰᠣᠯᠠᠯ ᠳᠤ | ᠣᠷᠣᠯᠴᠠᠬᠰᠠᠨ ᠪᠦᠭᠦ ᠨᠥᠬᠦᠳ ᠲᠤ ᠶᠣᠰᠣᠯᠠᠭᠰᠠᠨ ᠳᠤ ᠲᠠᠯᠠᠪᠠᠢ ᠳᠠᠶᠠᠭᠠᠷ ᠨᠢᠵᠢᠭᠢᠨᠡᠲᠡᠯ᠎ᠡ ᠠᠯᠠᠭ᠎ᠠ ᠲᠠᠰᠢᠪᠠ ᠃ | ᠴᠣᠯᠠ ᠳᠡᠪᠰᠢᠭᠦᠯᠬᠦ ᠶᠣᠰᠣᠯᠠᠯ ᠨᠢ ᠬᠠᠩᠭᠢᠨᠠᠮ᠎ᠠ ᠵᠢᠪᠬᠤᠭᠠᠲᠤ ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠤᠨ ᠴᠡᠷᠢᠭ ᠤᠨ ᠳᠠᠭᠤᠤ ᠶᠢᠨ ᠠᠶᠠᠰ | ᠳᠤᠮᠳᠠ ᠲᠡᠭᠦᠰᠪᠡ ᠃ | ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠭᠡᠰᠢᠭᠦᠨ ᠯᠢᠦ ᠵᠧᠨ ᠯᠢ ᠂ ᠮᠢᠶᠣᠣ ᠬᠤᠸᠠ ᠂ ᠵᠠᠩ ᠱᠧᠩ ᠮᠢᠨ ᠂ ᠴᠡᠷᠢᠭ ᠤᠨ ᠶᠠᠪᠤᠳᠠᠯ ᠤᠨ ᠬᠤᠷᠢᠶ᠎ᠠ ᠶᠢᠨ | ᠪᠠᠶᠢᠭᠤᠯᠭ᠎ᠠ ᠶᠢᠨ ᠡᠯ᠎ᠡ ᠰᠠᠯᠠᠭ᠎ᠠ ᠮᠥᠴᠢᠷ ᠂ ᠴᠡᠷᠢᠭ ᠠᠩᠭᠢ ᠶᠢᠨ ᠪᠡᠭᠡᠵᠢᠩ ᠳᠤ ᠰᠠᠭᠤᠭ᠎ᠠ ᠬᠤᠯᠪᠣᠭᠳᠠᠯ ᠪᠦᠬᠦᠢ ᠨᠢᠭᠡᠴᠢ ᠶᠢᠨ ᠭᠤᠣᠯ ᠬᠠᠷᠢᠭᠤᠴᠠᠯᠭᠠᠲᠠᠨ ᠨᠥᠬᠦᠳ ᠴᠣᠯᠠ | ᠳᠡᠪᠰᠢᠭᠦᠯᠬᠦ ᠶᠣᠰᠣᠯᠠᠯ ᠳᠤ ᠣᠷᠣᠯᠴᠠᠵᠠᠢ ᠃ | | | |