| | | | | | ᠰᠢᠨᠬᠤᠸᠠ ᠬᠤᠷᠢᠶ᠎ᠠ ᠶᠢᠨ ᠪᠡᠭᠡᠵᠢᠩ ᠤᠨ 7 ᠰᠠᠷ᠎ᠠ ᠶᠢᠨ 10 ᠤ ᠴᠠᠭᠢᠯᠭᠠᠨ ᠮᠡᠳᠡᠭᠡ 7 ᠰᠠᠷ᠎ᠠ ᠶᠢᠨ 10 ᠤ ᠦᠳᠡ ᠶᠢᠨ ᠬᠤᠶᠢᠨ᠎ᠠ ᠂ ᠤᠯᠤᠰ ᠤᠨ ᠲᠡᠷᠢᠭᠦᠯᠡᠭᠴᠢ | ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠢᠷᠡᠭᠰᠡᠨ ᠭᠢᠨ᠋ᠸᠶᠠ | ᠪᠢᠰᠠᠦ᠋ ᠶᠢᠨ ᠶᠡᠷᠦᠩᠬᠡᠶᠢᠯᠡᠭᠴᠢ ᠡᠧᠨ᠋ᠪᠠᠯᠣ᠋ ᠲᠠᠢ ᠬᠡᠯᠡᠯᠴᠡᠭᠡ ᠬᠢᠪᠡ ᠃ ᠬᠤᠶᠠᠷ ᠤᠯᠤᠰ ᠤᠨ ᠲᠡᠷᠢᠭᠦᠨ ᠳᠤᠮᠳᠠᠳᠤ ᠤᠯᠤᠰ ᠪᠣᠯᠣᠨ ᠭᠢᠨ᠋ᠸᠶᠠ ᠪᠢᠰᠠᠦ᠋ ᠶᠢᠨ ᠬᠠᠷᠢᠯᠴᠠᠭ᠎ᠠ ᠶᠢ | ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠪᠣᠯᠭᠠᠨ ᠳᠡᠭᠡᠭᠰᠢᠯᠡᠭᠦᠯᠭᠦ ᠶᠢ ᠰᠠᠨᠠᠯ ᠨᠢᠭᠡᠲᠡᠢ ᠵᠥᠪᠰᠢᠶᠡᠷᠡᠪᠡ ᠃ | ᠰᠢ ᠶᠢᠨ ᠫᠢᠩ᠂ ᠳᠤᠮᠳᠠᠳᠤ ᠤᠯᠤᠰ ᠪᠣᠯᠣᠨ ᠭᠢᠨ᠋ᠸᠶᠠ ᠪᠢᠰᠠᠦ᠋ ᠣᠨᠴᠠᠭᠠᠢ ᠨᠥᠬᠦᠷᠯᠡᠯ ᠤᠨ ᠲᠡᠦᠬᠡ ᠲᠠᠢ ᠶᠤᠮ ᠃ ᠣᠶᠢᠷ᠎ᠠ ᠶᠢᠨ ᠵᠢᠯ ᠠᠴᠠ ᠨᠠᠭᠠᠰᠢ ᠬᠤᠶᠠᠷ | ᠤᠯᠤᠰ ᠤᠨ ᠬᠠᠷᠢᠯᠴᠠᠭ᠎ᠠ ᠲᠠᠰᠤᠷᠠᠯᠲᠠ ᠦᠭᠡᠢ ᠭᠦᠨᠵᠡᠭᠡᠶᠢᠷᠡᠵᠦ ᠂ ᠤᠯᠤᠰ ᠲᠥᠷᠥ ᠶᠢᠨ ᠢᠲᠡᠭᠡᠯᠴᠡᠭᠡ ᠨᠠᠩ ᠪᠠᠲᠤ ᠴᠢᠩᠭ᠎ᠠ ᠪᠣᠯᠵᠤ ᠂ ᠪᠣᠳᠠᠲᠠᠢ ᠶᠢ ᠡᠷᠬᠢᠮᠯᠡᠭᠰᠡᠨ | ᠬᠠᠮᠲᠤᠷᠠᠯᠴᠠᠭ᠎ᠠ ᠨᠠᠩ ᠥᠷᠭᠡᠨ ᠳᠡᠯᠭᠡᠷ ᠪᠣᠯᠵᠤ ᠂ ᠣᠯᠠᠨ ᠤᠯᠤᠰ ᠤᠨ ᠵᠣᠬᠢᠴᠠᠭᠤᠯᠭ᠎ᠠ ᠨᠠᠩ ᠨᠢᠭᠲᠠᠷᠠᠪᠠ ᠃ ᠳᠤᠮᠳᠠᠳᠤ ᠤᠯᠤᠰ ᠭᠢᠨ᠋ᠸᠶᠠ ᠪᠢᠰᠠᠦ᠋ ᠶᠢᠨ ᠲᠤᠰ | ᠤᠯᠤᠰ ᠤᠨ ᠢᠶᠠᠨ ᠪᠠᠶᠢᠳᠠᠯ ᠳᠤ ᠲᠣᠬᠢᠷᠠᠬᠤ ᠬᠥᠭᠵᠢᠯᠲᠡ ᠶᠢᠨ ᠵᠠᠮ ᠢᠶᠠᠨ ᠪᠡᠶ᠎ᠡ ᠪᠠᠨ ᠳᠠᠭᠠᠭᠠᠵᠤ ᠰᠦᠪᠡᠭᠴᠢᠯᠡᠬᠦ ᠶᠢ ᠲᠡᠮᠵᠢᠵᠤ ᠂ ᠳᠤᠷᠠᠲᠠᠶ᠎ᠠ ᠭᠢᠨ᠋ᠸᠶᠠ ᠪᠢᠰᠠᠦ᠋ ᠲᠠᠢ | ᠤᠯᠠᠮᠵᠢᠯᠠᠯᠲᠤ ᠨᠥᠬᠦᠷᠯᠡᠯ ᠢᠶᠠᠨ ᠤᠯᠠᠮᠵᠢᠯᠠᠵᠤ ᠂ ᠤᠯᠤᠰ ᠲᠦᠷᠦ ᠶᠢᠨ ᠢᠲᠡᠭᠡᠯᠴᠡᠭᠡ ᠪᠠᠨ ᠪᠠᠬᠢᠵᠢᠭᠦᠯᠵᠦ ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠥᠷᠭᠡᠳᠬᠡᠵᠦ ᠂ | ᠬᠤᠶᠠᠷ ᠤᠯᠤᠰ ᠤᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢᠨ ᠠᠭᠤᠯᠤᠭᠳᠠᠬᠤᠨ ᠢ ᠲᠠᠰᠤᠷᠠᠯᠳᠠ ᠦᠭᠡᠢ ᠪᠠᠶᠠᠯᠢᠭᠵᠢᠭᠤᠯᠵᠤ ᠂ ᠭᠢᠨ᠋ᠸᠶᠠ ᠪᠢᠰᠠᠦ᠋ ᠶᠢᠨ | ᠤᠯᠤᠰ ᠤᠨ ᠬᠥᠭᠵᠢᠯᠲᠡ ᠪᠠᠨ ᠨᠡᠩ ᠰᠠᠶᠢᠲᠤᠷ ᠪᠡᠶᠡᠯᠡᠭᠦᠯᠬᠦ ᠳᠤ ᠬᠦᠴᠦᠨ ᠨᠡᠮᠡᠷᠢᠯᠡᠨ᠎ᠡ ᠭᠡᠵᠦ ᠵᠢᠭᠠᠵᠤ ᠭᠠᠷᠭᠠᠪᠠ ᠃ | 7 ᠰᠠᠷ᠎ᠠ ᠶᠢᠨ 10 ᠤ ᠦᠳᠡ ᠶᠢᠨ ᠬᠤᠶᠢᠨ᠎ᠠ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ | ᠤᠯᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠢᠷᠡᠭᠰᠡᠨ ᠭᠢᠨ᠋ᠸᠶᠠ ᠪᠢᠰᠠᠦ᠋ ᠶᠢᠨ ᠶᠡᠷᠦᠩᠬᠡᠶᠢᠯᠡᠭᠴᠢ ᠡᠧᠨ᠋ᠪᠠᠯᠣ᠋ ᠲᠠᠢ ᠬᠡᠯᠡᠯᠴᠡᠭᠡ ᠬᠢᠪᠡ ᠃ ᠵᠢᠷᠤᠭ ᠪᠣᠯ | ᠬᠡᠯᠡᠯᠴᠡᠭᠡ ᠬᠢᠬᠦ ᠠᠴᠠ ᠡᠮᠦᠨ᠎ᠡ ᠂ ᠰᠢ ᠶᠢᠨ ᠫᠢᠩ ᠬᠠᠳᠤᠨ ᠫᠧᠩ ᠯᠢ ᠶᠤᠸᠠᠨ ᠲᠠᠢ ᠪᠠᠨ ᠡᠸ᠋ᠨ᠋ᠪᠠᠯᠤ᠋ ᠪᠣᠯᠣᠨ ᠲᠡᠭᠦᠨ ᠤ ᠬᠠᠳᠤᠨ ᠳ᠋ᠢᠨᠢᠰᠢᠶᠠ ᠲᠠᠢ ᠬᠠᠮᠲᠤ ᠭᠡᠷᠡᠯ ᠵᠢᠷᠤᠭ | ᠲᠠᠲᠠᠭᠤᠯᠵᠤ ᠪᠠᠶᠢᠭ᠎ᠠ ᠨᠢ ᠃ | | | | | | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠬᠤᠸᠠᠩ ᠵᠢᠩ ᠸᠧᠨ ᠰᠡᠭᠦᠳᠡᠷᠯᠡᠪᠡ | ᠰᠢ ᠶᠢᠨ ᠫᠢᠩ᠂ ᠳᠤᠮᠳᠠᠳᠤ ᠤᠯᠤᠰ ᠳᠤᠷᠠᠲᠠᠶ᠎ᠠ ᠭᠢᠨ᠋ᠸᠶᠠ ᠪᠢᠰᠠᠦ᠋ ᠲᠠᠢ ᠡᠯ᠎ᠡ ᠲᠡᠰ ᠳᠠᠪᠬᠤᠷᠭ᠎ᠠ ᠶᠢᠨ ᠨᠥᠭᠦᠷᠰᠡᠭ ᠶᠠᠪᠤᠯᠴᠠᠭ᠎ᠠ ᠪᠠᠨ ᠨᠢᠭᠲᠠᠷᠠᠭᠤᠯᠵᠤ ᠂ ᠲᠦᠷᠦ ᠶᠢ | ᠵᠠᠰᠠᠵᠤ ᠵᠠᠰᠠᠭ ᠢ ᠡᠷᠭᠢᠯᠡᠭᠦ ᠲᠤᠷᠰᠢᠯᠭ᠎ᠠ ᠶᠢᠨ ᠰᠣᠯᠢᠯᠴᠠᠭ᠎ᠠ ᠪᠠᠨ ᠴᠢᠩᠭᠠᠳᠬᠠᠵᠤ ᠂ ︽ ᠨᠢᠭᠡ ᠪᠦᠰᠡ ᠨᠢᠭᠡ ᠵᠠᠮ ︾ ᠢ ᠴᠢᠨᠠᠷ ᠰᠠᠶᠢᠲᠠᠢ ᠬᠠᠮᠲᠤ ᠪᠠᠷ ᠪᠦᠲᠦᠭᠡᠨ | ᠪᠠᠶᠢᠭᠤᠯᠬᠤ ᠪᠠᠷ ᠵᠢᠯᠣᠭᠤᠳᠤᠮᠵᠢ ᠪᠤᠯᠭᠠᠵᠤ ᠂ ᠬᠥᠳᠡᠭᠡ ᠠᠵᠤ ᠠᠬᠤᠢ ᠂ ᠠᠭᠤᠷᠬᠠᠢ ᠶᠢᠨ ᠦᠢᠯᠡᠰ ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠂ ᠳᠠᠯᠠᠢ | ᠲᠠᠩᠭᠢᠰ ᠤᠨ ᠠᠵᠤ ᠠᠬᠤᠢ ᠵᠡᠷᠭᠡ ᠬᠦᠷᠢᠶᠡᠨ ᠤ ᠬᠠᠮᠲᠤᠷᠠᠯᠴᠠᠭ᠎ᠠ ᠪᠠᠨ ᠥᠷᠭᠡᠳᠬᠡᠨ᠎ᠡ ᠃ ᠳᠤᠮᠳᠠᠳᠤ ᠤᠯᠤᠰ ᠭᠢᠨ᠋ᠸᠶᠠ ᠪᠢᠰᠠᠦ᠋ ᠶᠢᠨ ᠴᠢᠨᠠᠷ ᠰᠠᠶᠢᠲᠠᠢ ᠲᠠᠷᠢᠶᠠᠯᠠᠩ ᠤᠨ | ᠪᠦᠲᠦᠭᠡᠭᠳᠡᠬᠦᠨ ᠳᠤᠮᠳᠠᠳᠤ ᠤᠯᠤᠰ ᠤᠨ ᠵᠠᠬ᠎ᠠ ᠳᠡᠯᠭᠡᠭᠦᠷ ᠲᠤ ᠣᠷᠣᠬᠤ ᠶᠢ ᠪᠠᠶᠠᠷᠯᠠᠨ ᠤᠭᠲᠤᠵᠤ ᠂ ᠳᠤᠮᠳᠠᠳᠤ ᠤᠯᠤᠰ ᠤᠨ ᠠᠵᠤ ᠠᠬᠤᠶᠢᠯᠠᠯ ᠤᠨ ᠭᠢᠨ᠋ᠸᠶᠠ ᠪᠢᠰᠠᠦ᠋ ᠳᠤ | ᠬᠦᠷᠴᠦ ᠪᠡᠯᠡ ᠣᠷᠣᠭᠤᠯᠤᠨ ᠬᠠᠮᠲᠤᠷᠠᠯᠴᠠᠭ᠎ᠠ ᠬᠢᠬᠦ ᠶᠢ ᠵᠣᠷᠢᠭᠵᠢᠭᠤᠯᠵᠤ ᠂ ᠭᠢᠨ᠋ᠸᠶᠠ ᠪᠢᠰᠠᠦ᠋ ᠶᠢᠨ ᠡᠬᠢ ᠪᠠᠶᠠᠯᠢᠭ ᠤᠨ ᠨᠥᠭᠡᠴᠡ ᠬᠦᠴᠦᠨ ᠢᠶᠠᠨ ᠬᠥᠭᠵᠢᠯᠲᠡ ᠶᠢᠨ | ᠬᠥᠳᠡᠯᠭᠡᠬᠦ ᠴᠢᠳᠠᠪᠤᠷᠢ ᠪᠣᠯᠭᠠᠨ ᠬᠤᠪᠢᠷᠠᠭᠤᠯᠬᠤ ᠳᠤ ᠬᠠᠪᠰᠤᠷᠤᠨ᠎ᠠ ᠃ ᠳᠤᠮᠳᠠᠳᠤ ᠤᠯᠤᠰ ᠳᠤᠷᠠᠲᠠᠶ᠎ᠠ ᠭᠢᠨ᠋ᠸᠶᠠ ᠪᠢᠰᠠᠦ᠋ ᠶᠢᠨ ᠤᠯᠤᠰ ᠤᠨ ᠳᠣᠲᠣᠭᠠᠳᠤ ᠶᠢᠨ ᠪᠦᠲᠦᠭᠡᠨ | ᠪᠠᠶᠢᠭᠤᠯᠤᠯᠲᠠ ᠳᠤ ᠦᠷᠭᠦᠯᠵᠢᠯᠡᠨ ᠴᠢᠳᠠᠯ ᠤᠨ ᠬᠢᠷᠢ ᠪᠠᠷ ᠢᠶᠠᠨ ᠳᠡᠮᠵᠢᠯᠭᠡ ᠦᠵᠡᠭᠦᠯᠵᠦ ᠂ ᠦᠷᠭᠦᠯᠵᠢᠯᠡᠨ ᠤᠰᠤᠨ ᠲᠤᠲᠤᠷᠭ᠎ᠠ ᠶᠢᠨ ᠮᠡᠷᠭᠡᠵᠢᠯ ᠤᠨ ᠲᠤᠰᠬᠠᠢ ᠮᠡᠷᠭᠡᠵᠢᠯᠲᠡᠨ | ᠪᠣᠯᠣᠨ ᠡᠮᠴᠢᠯᠡᠭᠡᠨ ᠤ ᠠᠩᠭᠢ ᠲᠣᠮᠢᠯᠠᠵᠤ ᠂ ᠭᠢᠨ᠋ᠸᠶᠠ ᠪᠢᠰᠠᠦ᠋ ᠶᠢᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠪᠠ ᠤᠯᠠᠠ ᠨᠡᠶᠢᠲᠡ ᠶᠢᠨ ᠡᠷᠡᠭᠦᠯ ᠬᠠᠮᠠᠭᠠᠯᠠᠯ ᠤᠨ | ᠦᠢᠯᠡᠰ ᠢ ᠬᠥᠭᠵᠢᠭᠦᠯᠬᠦ ᠳᠤ ᠳᠡᠮᠵᠢᠯᠭᠡ ᠦᠵᠡᠭᠦᠯᠦᠨ᠎ᠡ ᠃ ᠬᠤᠶᠠᠷ ᠲᠠᠯ᠎ᠠ ᠪᠠᠷ ᠢᠶᠠᠨ ᠰᠤᠷᠭᠠᠨ ᠬᠥᠮᠦᠵᠢᠯ ᠂ ᠵᠠᠯᠠᠭᠤᠴᠤᠳ ᠵᠡᠷᠭᠡ ᠬᠦᠷᠢᠶᠡᠨ ᠤ ᠰᠣᠯᠢᠯᠴᠠᠭ᠎ᠠ | ᠬᠠᠮᠲᠤᠷᠠᠯᠴᠠᠭ᠎ᠠ ᠪᠠᠨ ᠴᠢᠩᠭᠠᠳᠬᠠᠵᠤ ᠂ ᠬᠤᠶᠠᠷ ᠤᠯᠤᠰ ᠤᠨ ᠠᠷᠠᠳ ᠤᠨ ᠰᠡᠳᠬᠢᠯ ᠤᠨ ᠨᠡᠪᠲᠡᠷᠡᠯᠴᠡᠭᠡ ᠶᠢ ᠠᠬᠢᠭᠤᠯᠤᠶ᠎ᠠ ᠃ ᠳᠤᠮᠳᠠᠳᠤ ᠤᠯᠤᠰ ᠦᠷᠭᠦᠯᠵᠢᠯᠡᠨ ᠵᠠᠰᠠᠭ ᠤᠨ | ᠣᠷᠳᠣᠨ ᠤ ᠰᠤᠷᠤᠯᠭ᠎ᠠ ᠶᠢᠨ ᠱᠠᠩᠨᠠᠯ ᠤᠨ ᠮᠥᠩᠭᠦ ᠪᠣᠯᠣᠨ ᠪᠣᠯᠪᠠᠰᠤᠷᠠᠯ ᠤᠨ ᠣᠷᠣᠨ ᠲᠤᠭ᠎ᠠ ᠬᠠᠩᠭᠠᠵᠤ ᠂ ᠭᠢᠨ᠋ᠸᠶᠠ ᠪᠢᠰᠠᠦ᠋ ᠶᠢ ᠬᠠᠪᠰᠤᠷᠤᠨ ᠤᠯᠤᠰ ᠤᠨ ᠬᠥᠭᠵᠢᠯᠲᠡ ᠳᠤ | ᠱᠠᠭᠠᠷᠳᠠᠭᠳᠠᠬᠤ ᠡᠯ᠎ᠡ ᠲᠦᠷᠦᠯ ᠤᠨ ᠴᠢᠳᠠᠪᠤᠷᠢᠲᠠᠨ ᠢ ᠨᠡᠩ ᠤᠯᠠᠨ ᠬᠥᠮᠥᠵᠢᠭᠦᠯᠦᠨ᠎ᠡ ᠭᠡᠵᠦ ᠴᠢᠬᠤᠯᠠᠴᠢᠯᠠᠪᠠ ᠃ | ᠰᠢ ᠶᠢᠨ ᠫᠢᠩ᠂ ᠳᠤᠮᠳᠠᠳᠤ ᠤᠯᠤᠰ ᠪᠣᠯᠣᠨ ᠠᠹᠷᠢᠺᠠ ᠲᠢᠪ ᠴᠥᠮ ᠭᠡᠷᠡᠯ ᠰᠠᠴᠤᠷᠠᠩᠭᠤᠢ ᠪᠣᠯᠪᠠᠰᠤᠨ ᠲᠠᠢ ᠂ ᠴᠥᠮ ᠺᠣᠯᠣᠨᠢᠴᠢᠯᠠᠭᠳᠠᠵᠤ ᠲᠦᠷᠢᠮᠡᠬᠡᠶᠢᠯᠡᠭᠳᠡᠭᠰᠡᠨ | ᠬᠠᠷᠠᠰᠠᠯᠲᠤ ᠲᠡᠦᠬᠡ ᠲᠠᠢ ᠪᠠᠶᠢᠵᠤ ᠂ ᠴᠥᠮ ᠦᠨᠳᠦᠰᠦᠲᠡᠨ ᠤ ᠲᠤᠰᠠᠭᠠᠷ ᠲᠣᠭᠲᠠᠨᠢᠯ ᠪᠣᠯᠣᠨ ᠴᠢᠯᠦᠭᠡᠯᠡᠯᠲᠡ ᠶᠢ ᠨᠠᠨᠳᠢᠩᠨᠠᠨ ᠬᠥᠭᠡᠭᠡᠴᠡᠯᠳᠦᠳᠡᠭ ᠶᠤᠮ ᠃ ᠳᠤᠮᠳᠠᠳᠤ ᠤᠯᠤᠰ | ᠪᠣᠯᠣᠨ ᠠᠹᠷᠢᠺᠠ ᠲᠢᠪ ᠤᠨ ᠤᠯᠤᠰ ᠤᠳ ᠤᠨ ᠬᠤᠭᠤᠷᠣᠨᠳᠣᠭᠢ ᠳᠡᠮᠵᠢᠯᠭᠡ ᠪᠠ ᠬᠠᠪᠰᠤᠷᠤᠯᠭ᠎ᠠ ᠪᠣᠯ ᠴᠢᠩ ᠦᠨᠡᠨᠴᠢ ᠶᠤᠮ ᠂ ᠦᠨᠡᠨ ᠪᠣᠳᠠᠲᠠᠢ ᠳᠣᠲᠣᠨᠣ ᠦᠨᠡᠨᠴᠢ | ᠨᠥᠭᠦᠷᠰᠡᠭ ᠠᠬ᠎ᠠ ᠳᠡᠭᠦᠦ ᠪᠠ ᠬᠥᠭᠵᠢᠵᠦ ᠪᠠᠶᠢᠭ᠎ᠠ ᠤᠯᠤᠰ ᠤᠳ ᠤᠨ ᠪᠦᠯᠬᠦᠮᠳᠡᠨ ᠬᠠᠮᠲᠤᠷᠠᠯᠴᠠᠬᠤ ᠶᠢᠨ ᠬᠡᠪ ᠳᠠᠭᠤᠷᠢᠶᠠᠯ ᠮᠥᠨ ᠂ ᠰᠢᠨ᠎ᠡ ᠪᠠᠶᠢᠳᠠᠯ ᠳᠣᠣᠷ᠎ᠠ ᠪᠢᠳᠡ | ᠬᠠᠮᠲᠤ ᠪᠠᠷ ᠰᠢᠨ᠎ᠡ ᠴᠠᠭ ᠦᠶ᠎ᠡ ᠶᠢ ᠡᠭᠦᠳᠬᠦ ᠬᠡᠷᠡᠭᠲᠡᠢ ᠃ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠪᠣᠯ ᠳᠤᠮᠳᠠᠳᠤ ᠠᠹᠷᠢᠺᠠ ᠶᠢᠨ ᠠᠷᠠᠳ | ᠲᠦᠮᠡᠨ ᠤ ᠨᠠᠶᠢᠷᠠᠮᠳᠠᠯ ᠢᠶᠠᠷ ᠵᠡᠷᠭᠡᠴᠡᠨ ᠣᠷᠣᠰᠢᠬᠤ ᠲᠠᠪᠤᠨ ᠵᠠᠷᠴᠢᠮ ᠢ ᠦᠢᠯᠡᠳᠦᠯᠭᠡᠵᠢᠭᠦᠯᠵᠦ ᠂ ᠬᠠᠮᠲᠤ ᠶᠢᠨ ᠬᠥᠭᠵᠢᠯᠲᠡ ᠶᠢ ᠠᠬᠢᠭᠤᠯᠬᠤ ᠴᠢᠬᠤᠯᠠ ᠲᠠᠪᠴᠠᠩ ᠮᠥᠨ ᠃ | ᠬᠤᠶᠠᠷ ᠭᠠᠷᠠᠭ ᠤᠨ ᠡᠮᠦᠨ᠎ᠡ ᠪᠢᠳᠡ ᠪᠡᠭᠡᠵᠢᠩ ᠳᠤ ᠨᠠᠶᠢᠷᠠᠮᠳᠠᠯ ᠢᠶᠠᠷ ᠵᠡᠷᠭᠡᠴᠡᠨ ᠣᠷᠣᠰᠢᠬᠤ ᠲᠠᠪᠤᠨ ᠵᠠᠷᠴᠢᠮ ᠢ ᠨᠡᠶᠢᠲᠡᠯᠡᠭᠰᠡᠨ 70 ᠵᠢᠯ ᠤᠨ ᠤᠢ ᠶᠢ ᠳᠤᠷᠠᠰᠬᠠᠬᠤ | ᠠᠵᠢᠯᠯᠠᠭ᠎ᠠ ᠶᠢ ᠦᠪᠡᠳᠡᠭᠰᠢ ᠶᠡᠭᠡ ᠪᠠᠷ ᠶᠠᠪᠤᠭᠳᠠᠭᠤᠯᠪᠠ ᠃ ᠡᠨᠡ ᠵᠢᠯ ᠤᠨ ᠨᠠᠮᠤᠷ ᠪᠡᠭᠡᠵᠢᠩ ᠳᠤ ᠰᠢᠨ᠎ᠡ ᠨᠢᠭᠡ ᠬᠤᠭᠤᠴᠠᠭᠠᠨ ᠤ ᠳᠤᠮᠳᠠᠳᠤ ᠠᠹᠷᠢᠺᠠ ᠶᠢᠨ | ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠲᠦᠷᠦᠭᠦᠴᠦᠳ ᠤᠨ ᠬᠤᠷᠠᠯ ᠢ ᠡᠷᠭᠢᠯᠡᠨ ᠬᠤᠷᠠᠯᠳᠤᠭᠤᠯᠬᠤ ᠪᠣᠯᠣᠨ᠎ᠠ ᠃ ᠳᠤᠮᠳᠠᠳᠤ ᠤᠯᠤᠰ ᠳᠤᠷᠠᠲᠠᠶ᠎ᠠ ᠭᠢᠨ᠋ᠸᠶᠠ ᠪᠢᠰᠠᠦ᠋ | ᠵᠡᠷᠭᠡ ᠠᠹᠷᠢᠺᠠ ᠲᠢᠪ ᠤᠨ ᠤᠯᠤᠰ ᠤᠳ ᠲᠠᠢ ᠬᠠᠮᠲᠤ ᠪᠠᠷ ᠂ ᠨᠠᠶᠢᠷᠠᠮᠳᠠᠯ ᠢᠶᠠᠷ ᠵᠡᠷᠭᠡᠴᠡᠨ ᠣᠷᠣᠰᠢᠬᠤ ᠲᠠᠪᠤᠨ ᠵᠠᠷᠴᠢᠮ ᠢ ᠪᠠᠳᠠᠷᠠᠭᠤᠯᠵᠤ ᠂ ᠰᠢᠨ᠎ᠡ ᠴᠠᠭ ᠦᠶ᠎ᠡ ᠶᠢᠨ | ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠡᠭᠡ ᠪᠣᠳᠣᠯᠭ᠎ᠠ ᠶᠢ ᠬᠠᠮᠲᠤ ᠪᠠᠷ ᠵᠥᠪᠯᠡᠵᠦ ᠂ ᠬᠥᠭᠵᠢᠵᠦ ᠪᠠᠶᠢᠭ᠎ᠠ ᠤᠯᠤᠰ ᠤᠳ ᠤᠨ ᠬᠠᠮᠲᠤ ᠶᠢᠨ ᠠᠰᠢᠭ ᠲᠤᠰᠠ ᠪᠣᠯᠣᠨ | ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠵᠤ ᠂ ᠥᠨᠳᠥᠷ ᠲᠦᠪᠰᠢᠨ ᠪᠦᠬᠦᠢ ᠳᠤᠮᠳᠠᠳᠤ ᠠᠹᠷᠢᠺᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ | ᠭᠠᠷ ᠬᠤᠯᠪᠣᠨ ᠬᠠᠮᠲᠤ ᠪᠠᠷ ᠪᠠᠶᠢᠭᠤᠯᠵᠤ ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠤᠨ᠎ᠠ ᠭᠡᠵᠦ ᠵᠢᠭᠠᠵᠤ | ᠭᠠᠷᠭᠠᠪᠠ ᠃ | ᠡᠸ᠋ᠨ᠋ᠪᠠᠯᠤ᠋ ᠂ ᠪᠢ ᠲᠥᠯᠥᠭᠡᠯᠡᠭᠴᠢᠳ ᠤᠨ ᠪᠦᠯᠭᠦᠮ ᠲᠠᠢ ᠬᠠᠮᠲᠤ ᠬᠦᠷᠴᠦ ᠢᠷᠡᠭᠰᠡᠨ ᠲᠡᠷᠡ ᠮᠥᠴᠡ ᠠᠴᠠ ᠪᠠᠨ ᠡᠬᠢᠯᠡᠨ ᠳᠤᠮᠳᠠᠳᠤ ᠤᠯᠤᠰ ᠤᠨ ᠠᠷᠠᠳ ᠲᠦᠮᠡᠨ ᠤ | ᠠᠹᠷᠢᠺᠠ ᠲᠢᠪ ᠤᠨ ᠠᠬ᠎ᠠ ᠳᠡᠭᠦᠦ ᠨᠠᠷ ᠲᠤ ᠦᠨᠡᠨᠴᠢ ᠨᠥᠭᠦᠷᠰᠡᠭ ᠪᠠᠶᠢᠬᠤ ᠰᠡᠳᠬᠢᠯᠭᠡ ᠶᠢ ᠭᠦᠨ᠎ᠡ ᠮᠡᠳᠡᠷᠡᠪᠡ ᠃ ᠭᠢᠨ᠋ᠸᠶᠠ ᠪᠢᠰᠠᠥ᠋ ᠪᠣᠯᠣᠨ ᠳᠤᠮᠳᠠᠳᠤ ᠤᠯᠤᠰ ᠤᠨ | ᠬᠠᠷᠢᠯᠴᠠᠭ᠎ᠠ ᠰᠠᠶᠢᠨ ᠰᠠᠶᠢᠬᠠᠨ ᠪᠠᠲᠤ ᠪᠠᠬᠢ ᠪᠠᠶᠢᠵᠤ ᠂ ᠬᠤᠶᠠᠷ ᠲᠠᠯ᠎ᠠ ᠪᠠᠷ ᠢᠶᠠᠨ ᠢᠮᠠᠭᠲᠠ ᠡᠷᠡᠰ ᠪᠠᠲᠤ ᠬᠠᠷᠢᠯᠴᠠᠨ ᠳᠡᠮᠵᠢᠭᠰᠡᠭᠡᠷ ᠢᠷᠡᠪᠡ ᠃ ᠭᠢᠨ᠋ᠸᠶᠠ ᠪᠢᠰᠠᠥ᠋ | ᠬᠦᠴᠢᠷᠳᠡᠯ ᠳᠤ ᠲᠤᠯᠭᠠᠷᠠᠭᠰᠠᠨ ᠦᠶ᠎ᠡ ᠳᠤ ᠂ ᠳᠤᠮᠳᠠᠳᠤ ᠤᠯᠤᠰ ᠶᠡᠷᠦ ᠨᠢ ᠥᠴᠥᠬᠡᠨ ᠴᠦ ᠲᠠᠲᠠᠭᠠᠯᠵᠠᠯ ᠦᠭᠡᠢ ᠪᠠᠷ ᠡᠷᠬᠢᠮ ᠨᠠᠨᠳᠢᠨ ᠳᠡᠮᠵᠢᠯᠭᠡ ᠦᠵᠡᠭᠦᠯᠵᠡᠢ ᠂ ᠭᠢᠨ᠋ᠸᠶᠠ | ᠪᠢᠰᠠᠥ᠋ ᠶᠢᠨ ᠠᠷᠠᠳ ᠲᠦᠮᠡᠨ ᠡᠭᠦᠨ ᠢ ᠡᠭᠦᠷᠢᠳᠡ ᠮᠠᠷᠲᠠᠬᠤ ᠦᠭᠡᠢ ᠶᠤᠮ ᠃ ᠪᠢᠳᠡ ᠪᠠᠰᠠ ᠥᠩᠭᠡᠷᠡᠭᠰᠡᠨ ᠲᠠᠢ ᠪᠠᠨ ᠠᠳᠠᠯᠢ ᠪᠠᠷ ᠳᠤᠮᠳᠠᠳᠤ ᠤᠯᠤᠰ ᠲᠠᠢ ᠭᠤᠶᠢᠪᠢᠰᠢ | ᠦᠭᠡᠢ ᠪᠠᠲᠤ ᠵᠣᠭᠰᠣᠯᠲᠠ ᠨᠢᠭᠡᠲᠡᠢ ᠪᠠᠶᠢᠵᠤ ᠂ ᠨᠢᠭᠡ ᠳᠤᠮᠳᠠᠳᠤ ᠤᠯᠤᠰ ᠪᠠᠶᠢᠬᠤ ᠵᠠᠷᠴᠢᠮ ᠢ ᠡᠷᠡᠰ ᠪᠠᠷᠢᠮᠲᠠᠯᠠᠵᠤ ᠂ ᠳᠤᠮᠳᠠᠳᠤ ᠶᠢᠨ ᠬᠢᠨ ᠤ ᠲᠠᠶᠢᠸᠠᠨ ᠵᠡᠷᠭᠡ ᠭᠤᠣᠯᠯᠠᠭᠴᠢ | ᠠᠰᠢᠭ ᠲᠤᠰᠠ ᠶᠢᠨ ᠠᠰᠠᠭᠤᠳᠠᠯ ᠳᠡᠭᠡᠷᠡᠬᠢ ᠵᠣᠭᠰᠣᠯᠲᠠ ᠶᠢ ᠡᠷᠡᠰ ᠳᠡᠮᠵᠢᠨ᠎ᠠ ᠃ ᠭᠢᠨ᠋ᠸᠶᠠ ᠪᠢᠰᠠᠥ᠋ ᠳᠤᠮᠳᠠᠳᠤ ᠤᠯᠤᠰ ᠤᠨ ᠣᠯᠣᠭᠰᠠᠨ ᠠᠭᠤᠤ ᠶᠡᠭᠡ ᠬᠥᠭᠵᠢᠯᠲᠡ ᠶᠢᠨ | ᠠᠮᠵᠢᠯᠲᠠ ᠶᠢ ᠪᠢᠰᠢᠷᠡᠵᠦ ᠪᠠᠶᠢᠨ᠎ᠠ ᠂ ᠳᠤᠮᠳᠠᠳᠤ ᠤᠯᠤᠰ ᠢ ᠭᠠᠳᠠᠭᠠᠳᠤ ᠬᠠᠷᠢᠯᠴᠠᠭᠠᠨ ᠤ ᠬᠠᠮᠤᠭ ᠤᠨ ᠲᠡᠷᠢᠭᠦᠨ ᠴᠢᠬᠤᠯᠠ ᠴᠢᠭᠯᠡᠯ ᠪᠠ ᠬᠠᠮᠤᠭ ᠤᠨ ᠴᠢᠬᠤᠯᠠ | ᠬᠠᠮᠲᠤᠷᠠᠯᠴᠠᠭᠠᠨ ᠤ ᠬᠠᠨᠢᠲᠠᠨ ᠢᠶᠠᠨ ᠪᠤᠯᠭᠠᠵᠤ ᠂ ᠳᠤᠮᠳᠠᠳᠤ ᠤᠯᠤᠰ ᠤᠨ ᠬᠥᠭᠵᠢᠯᠲᠡ ᠶᠢᠨ ᠣᠶᠢᠯᠠᠭᠠᠭᠳᠠᠬᠤᠨ ᠪᠠ ᠲᠤᠷᠰᠢᠯᠭ᠎ᠠ ᠶᠢ ᠰᠤᠷᠤᠯᠴᠠᠨ ᠲᠣᠯᠢ ᠪᠤᠯᠭᠠᠵᠤ ᠂ ᠠᠵᠤ | ᠠᠬᠤᠢ ᠠᠷᠠᠯᠵᠢᠶᠠᠨ ᠤ ᠪᠡᠯᠡ ᠣᠷᠣᠭᠤᠯᠤᠯᠲᠠ ᠂ ᠰᠠᠭᠤᠷᠢ ᠲᠥᠬᠦᠭᠡᠷᠦᠮᠵᠢ ᠂ ᠠᠭᠤᠷᠬᠠᠢ ᠶᠢᠨ ᠡᠬᠢ ᠪᠠᠶᠠᠯᠢᠭ ᠵᠡᠷᠭᠡ ᠬᠦᠷᠢᠶᠡᠨ ᠤ ᠬᠠᠮᠲᠤᠷᠠᠯᠴᠠᠭ᠎ᠠ ᠪᠠᠨ ᠴᠢᠩᠭᠠᠳᠬᠠᠵᠤ ᠂ | ᠤᠯᠤᠰ ᠤᠨ ᠬᠥᠭᠵᠢᠯᠲᠡ ᠳᠤ ᠬᠦᠴᠦᠨ ᠨᠡᠮᠡᠷᠢᠯᠡᠬᠦ ᠶᠢ ᠬᠦᠰᠡᠵᠦ ᠪᠠᠶᠢᠨ᠎ᠠ ᠃ ᠳᠤᠮᠳᠠᠳᠤ ᠤᠯᠤᠰ ᠶᠡᠷᠦ ᠠᠴᠠ ᠺᠣᠯᠣᠨᠢᠴᠢᠯᠠᠬᠤ ᠦᠭᠡᠢ ᠂ ᠶᠡᠷᠦ ᠠᠴᠠ ᠪᠤᠰᠤᠳ ᠤᠯᠤᠰ ᠤᠨ | ᠳᠣᠲᠣᠭᠠᠳᠤ ᠵᠠᠰᠠᠭ ᠲᠤ ᠭᠠᠷ ᠲᠦᠷᠦᠭᠦ ᠦᠭᠡᠢ ᠂ ᠶᠡᠷᠦ ᠠᠴᠠ ᠪᠤᠰᠤᠳ ᠤᠯᠤᠰ ᠲᠤ ᠳᠡᠭᠡᠷᠡᠩᠭᠦᠢ ᠠᠭᠠᠰᠢᠯᠠᠬᠤ ᠦᠭᠡᠢ ᠂ ᠶᠡᠷᠦ ᠠᠴᠠ ᠪᠠᠭ᠎ᠠ ᠤᠯᠤᠰ ᠲᠤ ᠡᠷᠬᠡ ᠲᠡᠭᠰᠢ ᠪᠠ | ᠬᠦᠨᠳᠦᠳᠬᠡᠯ ᠦᠵᠡᠭᠦᠯᠵᠦ ᠂ ᠬᠡᠯᠡᠭᠰᠡᠨ ᠳᠡᠭᠡᠨ ᠬᠦᠷᠴᠦ ᠂ ᠬᠡᠯᠡᠬᠦ ᠬᠢᠬᠦ ᠨᠢ ᠨᠢᠭᠡᠳᠦᠯᠲᠡᠢ ᠪᠠᠶᠢᠳᠠᠭ ᠃ ᠳᠤᠮᠳᠠᠳᠤ ᠤᠯᠤᠰ ᠠᠹᠷᠢᠺᠠ ᠲᠢᠪ ᠤᠨ ᠤᠯᠤᠰ ᠤᠳ ᠲᠤ | ᠰᠤᠷᠭᠠᠭᠤᠯᠢ ᠂ ᠡᠮᠨᠡᠯᠭᠡ ᠶᠢᠨ ᠬᠤᠷᠢᠶ᠎ᠠ ᠂ ᠵᠠᠰᠠᠮᠠᠯ ᠵᠠᠮ ᠵᠡᠷᠭᠡ ᠠᠹᠷᠢᠺᠠ ᠲᠢᠪ ᠤᠨ ᠠᠷᠠᠳ ᠲᠦᠮᠡᠨ ᠳᠤ ᠪᠤᠶᠠᠨ ᠦᠢᠯᠡᠳᠬᠦ ᠬᠠᠮᠲᠤᠷᠠᠯᠴᠠᠭᠠᠨ ᠤ ᠲᠦᠷᠦᠯ ᠵᠦᠢᠯ ᠢ | ᠠᠪᠴᠢᠷᠠᠵᠤ ᠥᠭᠴᠡᠢ ᠃ ᠳᠤᠮᠳᠠᠳᠤ ᠤᠯᠤᠰ ᠤᠨ ᠠᠹᠷᠢᠺᠠ ᠲᠢᠪ ᠤᠨ ᠡᠬᠡ ᠬᠠᠭᠤᠷᠠᠢ ᠶᠢᠨ ᠬᠥᠭᠵᠢᠯᠲᠡ ᠳᠤ ᠦᠵᠡᠭᠦᠯᠦᠭᠰᠡᠨ ᠴᠢᠬᠤᠯᠠ ᠦᠢᠯᠡᠳᠦᠯ ᠪᠣᠯᠣᠨ ᠢᠳᠡᠪᠬᠢᠲᠡᠢ | ᠬᠤᠪᠢ ᠨᠡᠮᠡᠷᠢ ᠶᠢ ᠭᠢᠨ᠋ᠸᠶᠠ ᠪᠢᠰᠠᠦ᠋ ᠳᠡᠭᠡᠳᠦ ᠬᠡᠮᠵᠢᠶ᠎ᠡ ᠪᠠᠷ ᠮᠠᠭᠲᠠᠨ ᠰᠠᠶᠢᠰᠢᠶᠠᠵᠤ ᠂ ᠳᠤᠮᠳᠠᠳᠤ ᠤᠯᠤᠰ ᠤᠨ ᠰᠢᠨ᠎ᠡ ᠨᠢᠭᠡ ᠬᠤᠭᠤᠴᠠᠭᠠᠨ ᠤ ᠳᠤᠮᠳᠠᠳᠤ ᠠᠹᠷᠢᠺᠠ ᠶᠢᠨ | ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠲᠦᠷᠦᠭᠦᠴᠦᠳ ᠤᠨ ᠬᠤᠷᠠᠯ ᠢ ᠡᠷᠭᠢᠯᠡᠭᠦ ᠶᠢ ᠢᠳᠡᠪᠬᠢᠲᠡᠢ ᠲᠡᠮᠵᠢᠨ᠎ᠡ ᠃ ᠭᠢᠨ᠋ᠸᠶᠠ ᠪᠢᠰᠠᠥ᠋ ᠲᠡᠷᠢᠭᠦᠯᠡᠭᠴᠢ ᠰᠢ ᠶᠢᠨ | ᠫᠢᠩ ᠤᠨ ᠳᠤᠷᠠᠳᠤᠭᠰᠠᠨ ︽ ᠨᠢᠭᠡ ᠪᠦᠰᠡ ᠨᠢᠭᠡ ᠵᠠᠮ ︾ ᠢ ᠬᠠᠮᠲᠤ ᠪᠠᠷ ᠪᠦᠲᠦᠭᠡᠨ ᠪᠠᠶᠢᠭᠤᠯᠬᠤ ᠰᠠᠨᠠᠭᠠᠴᠢᠯᠠᠭ᠎ᠠ ᠪᠣᠯᠣᠨ ᠪᠦᠭᠦ ᠪᠥᠮᠪᠥᠷᠴᠡᠭ ᠤᠨ ᠬᠥᠭᠵᠢᠯᠲᠡ ᠶᠢᠨ | ᠰᠠᠨᠠᠭᠠᠴᠢᠯᠠᠭ᠎ᠠ ᠂ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ ᠂ ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠳᠡᠮᠵᠢᠵᠦ ᠂ ᠳᠤᠷᠠᠲᠠᠶ᠎ᠠ | ᠳᠤᠮᠳᠠᠳᠤ ᠤᠯᠤᠰ ᠯᠤᠭ᠎ᠠ ᠤᠯᠠᠨ ᠲᠠᠯ᠎ᠠ ᠶᠢᠨ ᠬᠡᠷᠡᠭ ᠶᠠᠪᠤᠳᠠᠯ ᠳᠤᠮᠳᠠᠬᠢ ᠣᠯᠣᠯᠴᠠᠭ᠎ᠠ ᠬᠠᠮᠵᠢᠯᠴᠠᠭ᠎ᠠ ᠪᠠᠨ ᠨᠢᠭᠲᠠᠷᠠᠭᠤᠯᠵᠤ ᠂ ᠬᠥᠮᠥᠨ ᠲᠥᠷᠥᠯᠬᠢᠲᠡᠨ ᠤ ᠬᠤᠪᠢ | ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠤᠨ᠎ᠠ ᠭᠡᠵᠦ ᠢᠯᠡᠳᠬᠡᠪᠡ ᠃ | ᠬᠡᠯᠡᠯᠴᠡᠭᠡ ᠲᠡᠭᠦᠰᠦᠭᠰᠡᠨ ᠤ ᠳᠠᠷᠠᠭ᠎ᠠ ᠂ ᠬᠤᠶᠠᠷ ᠤᠯᠤᠰ ᠤᠨ ᠲᠡᠷᠢᠭᠦᠨ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠂ ᠠᠵᠤ ᠠᠬᠤᠢ ᠶᠢᠨ | ᠬᠥᠭᠵᠢᠯᠲᠡ ᠂ ᠪᠣᠭᠤᠮᠲᠠ ᠶᠢᠨ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠂ ᠭᠠᠵᠠᠷ ᠰᠢᠨᠵᠢᠯᠡᠭᠡᠨ ᠪᠠ ᠠᠭᠤᠷᠬᠠᠢ ᠶᠢᠨ ᠦᠢᠯᠡᠰ ᠵᠡᠷᠭᠡ ᠬᠦᠷᠢᠶᠡᠨ ᠳᠠᠬᠢ ᠤᠯᠠᠨ | ᠵᠦᠢᠯ ᠤᠨ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠪᠢᠴᠢᠭ ᠲᠤ ᠭᠠᠷ ᠤᠨ ᠦᠰᠦᠭ ᠵᠢᠷᠤᠬᠤ ᠶᠢ ᠬᠠᠮᠲᠤ ᠪᠠᠷ ᠭᠡᠷᠡᠴᠢᠯᠡᠪᠡ ᠃ | ᠬᠤᠶᠠᠷ ᠲᠠᠯ᠎ᠠ ᠪᠠᠷ ᠢᠶᠠᠨ ︽ ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠪᠣᠯᠣᠨ ᠪᠦᠭᠦᠳᠠ ᠨᠠᠶᠢᠷᠠᠮᠳᠠᠬᠤ ᠭᠢᠨ᠋ᠸᠶᠠ ᠪᠢᠰᠠᠥ᠋ ᠤᠯᠤᠰ ᠤᠨ ᠪᠠᠶᠢᠯᠳᠤᠬᠤ | ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠪᠠᠶᠢᠭᠤᠯᠬᠤ ᠲᠤᠬᠠᠢ ᠬᠠᠮᠲᠤᠷᠠᠭᠰᠠᠨ ᠢᠯᠡᠷᠬᠡᠶᠢᠯᠡᠯᠲᠡ ︾ ᠶᠢ ᠨᠡᠶᠢᠲᠡᠯᠡᠪᠡ ᠃ | ᠬᠡᠯᠡᠯᠴᠡᠭᠡ ᠬᠢᠬᠦ ᠠᠴᠠ ᠡᠮᠦᠨ᠎ᠡ ᠂ ᠰᠢ ᠶᠢᠨ ᠫᠢᠩ ᠬᠠᠳᠤᠨ ᠫᠧᠩ ᠯᠢ ᠶᠤᠸᠠᠨ ᠲᠠᠢ ᠪᠠᠨ ᠠᠷᠠᠳ ᠤᠨ ᠶᠡᠭᠡ ᠬᠤᠷᠠᠯ ᠤᠨ ᠲᠠᠩᠬᠢᠮ ᠤᠨ ᠵᠡᠭᠦᠨ ᠡᠭᠦᠳᠡᠨ ᠤ ᠭᠠᠳᠠᠨᠠᠬᠢ | ᠠᠭᠤᠳᠠᠮ ᠲᠠᠯᠠᠪᠠᠢ ᠳᠤ ᠡᠸ᠋ᠨ᠋ᠪᠠᠯᠤ᠋ ᠪᠣᠯᠣᠨ ᠲᠡᠭᠦᠨ ᠤ ᠬᠠᠳᠤᠨ ᠳ᠋ᠢᠨᠢᠰᠢᠶᠠ ᠶᠢ ᠤᠭᠲᠤᠬᠤ ᠶᠣᠰᠣᠯᠠᠯ ᠶᠠᠪᠤᠭᠤᠯᠪᠠ ᠃ | ᠡᠸ᠋ᠨ᠋ᠪᠠᠯᠤ᠋ ᠬᠦᠷᠴᠦ ᠢᠷᠡᠬᠦ ᠳᠤ ᠶᠣᠰᠣᠯᠠᠯ ᠤᠨ ᠴᠡᠷᠢᠭ ᠮᠥᠷᠯᠡᠨ ᠵᠣᠭᠰᠣᠵᠤ ᠶᠣᠰᠣᠯᠠᠪᠠ ᠃ ᠬᠤᠶᠠᠷ ᠤᠯᠤᠰ ᠤᠨ ᠲᠡᠷᠢᠭᠦᠨ ᠰᠢᠯᠭᠠᠨ ᠦᠵᠡᠬᠦ ᠲᠠᠶᠢᠰᠠᠨ ᠳᠤ ᠭᠠᠷᠴᠤ ᠂ | ᠴᠡᠷᠢᠭ ᠤᠨ ᠬᠥᠭᠵᠢᠮ ᠤᠨ ᠪᠦᠯᠭᠦᠮ ᠳᠤᠮᠳᠠᠳᠤ ᠤᠯᠤᠰ ᠪᠣᠯᠣᠨ ᠭᠢᠨ᠋ᠸᠶᠠ ᠪᠢᠰᠠᠥ᠋ ᠬᠤᠶᠠᠷ ᠤᠯᠤᠰ ᠤᠨ ᠤᠯᠤᠰ ᠤᠨ ᠰᠦᠯᠳᠡ ᠳᠠᠭᠤᠤ ᠶᠢ ᠬᠥᠭᠵᠢᠮᠳᠡᠵᠦ ᠂ ᠲᠢᠶᠠᠨ ᠠᠨ | ᠮᠧᠨ ᠲᠠᠯᠠᠪᠠᠢ ᠳᠤ ᠶᠣᠰᠣᠯᠠᠯ ᠤᠨ ᠫᠤᠤ ᠶᠢ 21 ᠳᠤᠤᠭᠠᠷᠭᠠᠪᠠ ᠃ ᠡᠸ᠋ᠨ᠋ᠪᠠᠯᠤ᠋ ᠰᠢ ᠶᠢᠨ ᠫᠢᠩ ᠤᠨ ᠪᠠᠷ᠎ᠠ ᠪᠤᠯᠤᠯᠭ᠎ᠠ ᠲᠠᠢ ᠪᠠᠷ ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ | ᠴᠡᠷᠢᠭ ᠤᠨ ᠶᠣᠰᠣᠯᠠᠯ ᠤᠨ ᠠᠩᠭᠢ ᠶᠢ ᠰᠢᠯᠭᠠᠨ ᠦᠵᠡᠭᠰᠡᠨ ᠪᠥᠭᠡᠳ ᠵᠢᠭᠰᠠᠭᠠᠯ ᠢ ᠰᠣᠨᠢᠷᠬᠠᠪᠠ ᠃ | ᠲᠤᠰ ᠣᠷᠣᠢ ᠂ ᠰᠢ ᠶᠢᠨ ᠫᠢᠩ ᠪᠣᠯᠣᠨ ᠫᠧᠩ ᠯᠢ ᠶᠤᠸᠠᠨ ᠠᠷᠠᠳ ᠤᠨ ᠶᠡᠭᠡ ᠬᠤᠷᠠᠯ ᠤᠨ ᠲᠠᠩᠬᠢᠮ ᠤᠨ ᠰᠢᠵᠢᠷ ᠠᠯᠳᠠᠨ ᠶᠡᠭᠡ ᠲᠢᠩᠬᠢᠮ ᠳᠤ ᠡᠸ᠋ᠨ᠋ᠪᠠᠯᠤ᠋ ᠪᠣᠯᠣᠨ | ᠲᠡᠭᠦᠨ ᠤ ᠬᠠᠳᠤᠨ ᠢ ᠤᠭᠲᠤᠬᠤ ᠳᠠᠶᠢᠯᠠᠯᠭ᠎ᠠ ᠬᠢᠪᠡ ᠃ | ᠸᠠᠩ ᠢ ᠳᠡᠭᠡᠷᠡᠬᠢ ᠠᠵᠢᠯᠯᠠᠭ᠎ᠠ ᠳᠤ ᠣᠷᠣᠯᠴᠠᠪᠠ ᠃ | | | | |