ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠤᠯ ᠳᠤᠭᠤᠶᠢᠯᠠᠩ 2024 ᠣᠨ ᠤ ᠲᠠᠪᠤᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ︵ᠥᠷᠭᠡᠳᠬᠡᠭᠰᠡᠨ︶ ᠶᠢᠨ ᠬᠤᠷᠠᠯ ᠬᠢᠪᠠ
ᠨᠡᠶᠢᠲᠡᠯᠡᠭᠰᠡᠨ ᠴᠠᠭ᠄
2024/7/15
  7 ᠳ᠋ᠤᠭᠠᠷ ᠰᠠᠷ᠎ᠠ ᠶᠢᠨ 12 ᠤᠨ ᠡᠳᠦᠷ᠂ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠤᠯ ᠳᠤᠭᠤᠶᠢᠯᠠᠩ 2024 ᠣᠨ ᠤ ᠲᠠᠪᠤᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ︵ᠥᠷᠭᠡᠳᠬᠡᠭᠰᠡᠨ︶ ᠶᠢᠨ ᠬᠤᠷᠠᠯ ᠬᠢᠪᠠ᠃ ᠲᠥᠪ ᠤᠨ ᠤᠬᠠᠭᠤᠯᠬᠤ ᠬᠡᠯᠲᠡᠰ ᠤᠨ ᠳᠡᠳ᠋ ᠳᠠᠷᠤᠭ᠎ᠠ᠂ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠼᠤᠤ ᠱᠤ᠋ ᠮᠢᠨ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃ ᠬᠤᠷᠠᠯ ᠠᠴᠠ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠬᠤ᠂ ᠷᠠᠳᠢᠣ᠋ ᠲᠧᠯᠸᠢᠰ ᠪᠣᠯᠤᠨ ᠰᠦᠯᠵᠢᠶᠡᠨ ᠤ ᠦᠵᠡᠵᠦ ᠰᠣᠨᠣᠰᠬᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠠᠷ ᠭᠤᠤᠯ ᠰᠡᠳᠦᠪ ᠪᠣᠯᠭᠠᠪᠠ᠃ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠵᠦ ᠶᠦᠩ ᠯᠸᠢ᠂ ᠳ᠋ᠦᠩ ᠰᠢᠨ᠂ ᠶᠠᠩ ᠭᠦᠸᠧ ᠷᠦᠢ ᠭᠤᠤᠯᠳᠠᠯᠭ᠎ᠠ ᠲᠠᠢ ᠦᠭᠡ ᠬᠡᠯᠡᠵᠦ᠂ ᠷᠠᠳᠢᠣ᠋ ᠲᠧᠯᠸᠢᠰ ᠤᠨ ᠶᠡᠷᠦᠩᠬᠡᠶ ᠲᠣᠪᠴᠢᠶᠠᠨ ᠤ ᠪᠠᠶᠢᠭᠤᠯᠭ᠎ᠠ ᠶᠢᠨ ᠰᠠᠯᠠᠭ᠎ᠠ ᠮᠥᠴᠢᠷ ᠤᠨ 13 ᠭᠤᠤᠯ ᠬᠠᠷᠢᠭᠤᠴᠠᠯᠭᠠᠲᠠᠳ ᠰᠠᠨᠠᠯ ᠢᠶᠠᠨ ᠰᠣᠯᠢᠯᠴᠠᠬᠤ ᠦᠭᠡ ᠬᠡᠯᠡᠪᠡ᠃  ᠬᠤᠷᠠᠯ ᠠᠴᠠ᠂ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠨᠢ ᠰᠢᠨ᠎ᠡ ᠴᠠᠭ ᠦᠶ᠎ᠡ ᠶᠢᠨ ᠰᠣᠶᠣᠯ ᠤᠨ ᠪᠦᠲᠦᠭᠡᠨ ᠪᠠᠶᠢᠭᠤᠯᠤᠯᠲᠠ ᠶᠢᠨ ᠠᠯᠢ ᠤᠯᠠᠨ ᠴᠢᠬᠤᠯᠠ ᠶᠡᠭᠡ ᠤᠨᠤᠯ ᠪᠣᠯᠤᠨ ᠦᠢᠯᠡᠳᠦᠯᠭᠡ ᠶᠢᠨ ᠠᠰᠠᠭᠤᠳᠠᠯ ᠢ ᠪᠦᠬᠦ ᠲᠠᠯ᠎ᠠ ᠪᠠᠷ᠂ ᠰᠢᠰᠲ᠋ᠧᠮ ᠲᠠᠢ ᠪᠠᠷ᠂ ᠭᠦᠨᠵᠡᠭᠡᠢ ᠲᠤᠳᠤᠷᠬᠠᠶᠢᠯᠠᠨ ᠦᠭᠦᠯᠡᠵᠦ ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠣᠶᠣᠯ ᠤᠨ ᠬᠠᠭᠤᠳᠠᠰᠤ ᠪᠣᠯᠤᠨ᠎ᠠ᠃ ᠴᠢᠨᠠᠷ ᠰᠠᠶᠢᠲᠠᠢ ᠬᠥᠭᠵᠢᠯᠲᠡ ᠪᠣᠯ ᠰᠢᠨ᠎ᠡ ᠴᠠᠭ ᠦᠶ᠎ᠡ ᠶᠢᠨ ᠬᠠᠲᠠᠭᠤ ᠶᠣᠰᠣ ᠮᠥᠨ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠶᠢᠨ ᠲᠡᠷᠢᠭᠦᠨ ᠴᠢᠬᠤᠯᠠ ᠡᠭᠦᠷᠭᠡ ᠮᠥᠨ᠃ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢ ᠰᠤᠳᠤᠯᠤᠨ ᠰᠦᠪᠡᠭᠴᠢᠯᠡᠬᠦ ᠪᠣᠯ ᠣᠳᠣᠬᠠᠨ ᠤ ᠪᠠ ᠬᠤᠶᠢᠰᠢᠳᠠ ᠶᠢᠨ ᠨᠡᠯᠢᠶᠡᠳ ᠣᠷᠳᠣ ᠬᠤᠭᠤᠴᠠᠭᠠᠨ ᠤ ᠷᠠᠳᠢᠣ᠋ ᠲᠧᠯᠸᠢᠰ ᠤᠨ ᠠᠵᠢᠯ ᠲᠥᠷᠥᠯ ᠤᠨ ᠭᠤᠤᠯᠳᠠᠯᠭ᠎ᠠ ᠲᠠᠢ ᠠᠵᠢᠯ ᠪᠣᠯᠤᠨ᠎ᠠ᠃ ᠣᠶᠢᠷ᠎ᠠ ᠶᠢᠨ ᠬᠤᠭᠤᠴᠠᠭᠠᠨ ᠳᠤ ᠵᠣᠬᠢᠶᠠᠨ ᠪᠠᠶᠢᠭᠤᠯᠤᠭᠰᠠᠨ ᠠᠯᠢ ᠣᠯᠠᠨ ᠰᠤᠷᠤᠯᠴᠠᠯᠭ᠎ᠠ ᠪᠣᠯᠪᠠᠰᠤᠷᠠᠯ᠂ ᠪᠠᠶᠢᠴᠠᠭᠠᠨ ᠰᠤᠳᠤᠯᠤᠯᠲᠠ ᠬᠢᠵᠦ ᠶᠠᠷᠢᠯᠴᠠᠬᠤ᠂ ᠰᠠᠨᠠᠯ ᠢᠶᠠᠨ ᠰᠣᠯᠢᠯᠴᠠᠵᠤ ᠰᠤᠳᠤᠯᠤᠨ ᠶᠠᠷᠢᠯᠴᠠᠬᠤ ᠵᠡᠷᠭᠡ ᠪᠠᠷ ᠳᠠᠮᠵᠢᠭᠤᠯᠤᠨ᠂ ᠲᠠᠨᠢᠯᠲᠠ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠣᠳᠣᠬᠢ ᠪᠠᠶᠢᠳᠠᠯ ᠢ ᠤᠯᠠᠮ ᠨᠢᠭᠡ ᠠᠯᠬᠤᠮ ᠲᠣᠳᠣᠷᠬᠠᠶ ᠣᠶᠢᠯᠠᠭᠠᠵᠤ᠂ ᠠᠰᠠᠭᠤᠳᠠᠯ ᠢ ᠤᠯᠠᠮ ᠨᠢᠭᠡ ᠠᠯᠬᠤᠮ ᠣᠨᠣᠪᠴᠢᠲᠠᠶ ᠣᠯᠵᠤ᠂ ᠴᠢᠭᠯᠡᠯ ᠢᠶᠠᠨ ᠤᠯᠠᠮ ᠨᠢᠭᠡ ᠠᠯᠬᠤᠮ ᠲᠣᠳᠣᠷᠬᠠᠶ ᠪᠣᠯᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃  ᠬᠤᠷᠠᠯ ᠠᠴᠠ᠂ ᠷᠠᠳᠢᠣ᠋ ᠲᠧᠯᠸᠢᠰ ᠤᠨ ᠦᠵᠡᠵᠦ ᠰᠣᠨᠣᠰᠬᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠷᠠᠳᠢᠣ᠋ ᠲᠧᠯᠸᠢᠰ ᠤᠨ ᠠᠵᠢᠯ ᠤᠨ ︽ᠨᠠᠮ ᠤᠨ ᠳᠠᠭᠤᠨ ᠢ ᠰᠠᠶᠢᠲᠤᠷ ᠤᠯᠠᠮᠵᠢᠯᠠᠵᠤ᠂ ᠠᠷᠠᠳ ᠤᠯᠠᠨ ᠳᠤ ᠰᠠᠶᠢᠲᠤᠷ ᠦᠢᠯᠡᠴᠢᠯᠡᠬᠦ︾ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠶᠢ ᠢᠮᠠᠭᠲᠠ ᠪᠠᠲᠤ ᠴᠡᠭᠡᠵᠢᠯᠡᠵᠦ᠂ ᠷᠠᠳᠢᠣ᠋ ᠲᠧᠯᠸᠢᠰ ᠤᠨ ︽ᠬᠤᠶᠠᠷ ᠭᠤᠷᠪᠠ ᠳᠥᠷᠪᠡ︾ ᠠᠵᠢᠯ ᠤᠨ ᠪᠠᠶᠢᠷᠢ ᠲᠣᠭᠲᠠᠭᠠᠯᠲᠠ ᠶᠢ ᠪᠠᠲᠤ ᠡᠵᠡᠮᠳᠡᠬᠦ ᠬᠡᠷᠡᠭᠲᠡᠢ᠃ ᠵᠣᠭᠰᠣᠴᠠ ᠪᠠᠨ ᠳᠡᠭᠡᠭᠰᠢᠯᠡᠭᠦᠯᠵᠦ᠂ ᠢᠲᠡᠭᠡᠯ ᠵᠣᠷᠢᠭ ᠢᠶᠠᠨ ᠪᠠᠲᠤᠳᠬᠠᠵᠤ᠂ ᠤᠯᠤᠰ ᠲᠦᠷᠦ ᠶᠢᠨ ᠱᠠᠭᠠᠷᠳᠠᠯᠭ᠎ᠠ ᠶᠢ ᠡᠵᠡᠮᠳᠡᠵᠦ᠂ ᠲᠥᠪ ᠭᠤᠣᠯᠴᠢ ᠪᠠᠷ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠷᠠᠭᠤᠯᠵᠤ᠂ ᠴᠢᠳᠠᠪᠤᠷᠢ ᠪᠠᠨ ᠳᠡᠭᠡᠭᠰᠢᠯᠡᠭᠦᠯᠵᠦ᠂ ᠴᠠᠭ ᠪᠢᠳᠡᠨ ᠢ ᠬᠦᠯᠢᠶᠡᠬᠦ ᠦᠭᠡᠢ ᠲᠤᠯᠭᠠᠮ ᠰᠡᠳᠬᠢᠯᠭᠡ᠂ ᠥᠪᠡᠷ ᠢ ᠪᠠᠨ ᠦᠷᠡᠭᠳᠡᠭᠦᠯᠬᠦ ᠬᠠᠷᠢᠭᠤᠴᠠᠯᠭᠠᠲᠤ ᠰᠡᠳᠬᠢᠯᠭᠡ ᠪᠠᠷ ᠠᠵᠢᠯ ᠲᠦᠷᠦᠯ ᠤᠨ ᠴᠢᠨᠠᠷ ᠰᠠᠶᠢᠲᠠᠢ ᠬᠥᠭᠵᠢᠯᠲᠡ ᠶᠢ ᠲᠥᠯᠥᠪᠵᠢᠭᠦᠯᠦᠨ ᠠᠬᠢᠭᠤᠯᠬᠤ ᠬᠡᠷᠡᠭᠲᠡᠢ᠃ ᠴᠢᠭᠯᠡᠯ ᠢ ᠣᠨᠣᠪᠴᠢᠲᠠᠢ ᠡᠵᠡᠮᠳᠡᠵᠦ᠂ ᠵᠠᠩᠭᠢᠯᠠᠭ᠎ᠠ ᠶᠢ ᠠᠳᠬᠤᠵᠤ᠂ ᠷᠠᠳᠢᠣ᠋ ᠲᠧᠯᠸᠢᠰ ᠪᠣᠯᠤᠨ ᠰᠦᠯᠵᠢᠶᠡᠨ ᠤ ᠦᠵᠡᠵᠦ ᠰᠣᠨᠣᠰᠬᠤ ᠬᠤᠶᠠᠷ ᠶᠡᠭᠡ ᠲᠤᠬᠠᠶᠢᠯᠠᠭᠰᠠᠨ ᠠᠵᠢᠯ ᠤᠨ ᠭᠦᠨᠵᠡᠭᠡᠢ ᠠᠭᠤᠰᠤᠯᠴᠠᠬᠤ᠂ ᠬᠠᠮᠵᠢᠯᠴᠠᠨ ᠬᠥᠭᠵᠢᠬᠦ ᠶᠢ ᠠᠬᠢᠭᠤᠯᠵᠤ᠂ ᠴᠢᠨᠠᠷ ᠰᠠᠶᠢᠲᠠᠢ ᠠᠭᠤᠯᠭ᠎ᠠ᠂ ᠠᠭᠤᠰᠤᠯᠴᠠᠨ ᠳᠠᠮᠵᠢᠭᠤᠯᠬᠤ᠂ ᠮᠡᠷᠭᠡᠵᠢᠯ ᠢᠶᠠᠷ ᠬᠦᠳᠦᠯᠦᠨ ᠳᠠᠭᠠᠭᠤᠯᠬᠤ᠂ ᠠᠮᠤᠷ ᠲᠦᠪᠰᠢᠨ ᠤ ᠪᠠᠲᠤᠯᠠᠭ᠎ᠠ ᠶᠢ ᠬᠦᠴᠦᠷᠬᠡᠭᠵᠢᠭᠦᠯᠵᠦ᠂ ᠰᠢᠰᠲ᠋ᠧᠮ ᠤᠨ ᠦᠵᠡᠯᠲᠡ ᠪᠠᠷ ᠴᠢᠨᠠᠷ ᠰᠠᠶᠢᠲᠠᠢ ᠬᠥᠭᠵᠢᠯᠲᠡ ᠶᠢ ᠲᠥᠯᠥᠪᠵᠢᠭᠦᠯᠦᠨ ᠠᠬᠢᠭᠤᠯᠬᠤ ᠬᠡᠷᠡᠭᠲᠡᠢ᠃ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠨᠠᠮ ᠪᠣᠯᠤᠨ ᠤᠯᠤᠰ ᠤᠨ ᠪᠠᠶᠢᠯᠳᠤᠬᠤ ᠪᠤᠳᠤᠯᠭ᠎ᠠ ᠶᠢᠨ ᠪᠦᠬᠦ ᠲᠠᠯ᠎ᠠ ᠳᠤ ᠣᠷᠣᠭᠤᠯᠬᠤ ᠪᠠᠷ ᠴᠢᠷᠮᠠᠶᠢᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠭᠦᠨᠵᠡᠭᠡᠢ ᠪᠠᠶᠢᠴᠠᠭᠠᠨ ᠰᠤᠳᠤᠯᠤᠯᠲᠠ ᠬᠢᠵᠦ᠂ ᠰᠢᠰᠲ᠋ᠧᠮ ᠲᠠᠢ ᠲᠥᠯᠥᠪᠵᠢᠭᠦᠯᠵᠦ᠂ ᠭᠤᠣᠯᠳᠠᠯᠭ᠎ᠠ ᠲᠠᠢ ᠰᠢᠪᠲᠤᠯᠤᠯᠲᠠ ᠬᠢᠵᠦ᠂ ᠪᠦᠲᠦᠮᠵᠢᠲᠡᠢ ᠵᠠᠬ᠎ᠠ ᠳᠡᠯᠭᠡᠭᠦᠷ ᠪᠣᠯᠤᠨ ᠵᠢᠳᠬᠦᠯ ᠴᠢᠷᠮᠠᠶᠢᠯᠭ᠎ᠠ ᠲᠠᠢ ᠵᠠᠰᠠᠭ ᠤᠨ ᠣᠷᠳᠣᠨ ᠤ ᠤᠶᠠᠯᠳᠤᠯ ᠢ ᠪᠠᠷᠢᠮᠲᠠᠯᠠᠵᠤ᠂ ᠡᠯ᠎ᠡ ᠱᠠᠲᠤᠨ ᠤ ᠷᠠᠳᠢᠣ᠋ ᠲᠧᠯᠸᠢᠰ ᠤᠨ ᠰᠠᠯᠠᠭ᠎ᠠ ᠮᠥᠴᠢᠷ ᠤᠨ ᠬᠢᠨ ᠭᠤᠯᠳᠤ ᠴᠢᠭᠯᠡᠯ ᠢᠶᠠᠷ ᠬᠤᠯᠪᠣᠭᠠᠯᠠᠨ ᠬᠥᠳᠡᠯᠦᠯᠴᠡᠵᠦ᠂ ᠲᠣᠪᠴᠢᠶ᠎ᠠ ᠰᠦᠯᠵᠢᠶ᠎ᠡ ᠬᠥᠨᠳᠡᠯᠡᠨ ᠴᠢᠭᠯᠡᠯ ᠢᠶᠠᠷ ᠬᠠᠮᠵᠢᠯᠴᠠᠵᠤ᠂ ᠠᠵᠢᠯ ᠲᠦᠷᠦᠯ ᠤᠨ ᠬᠥᠭᠵᠢᠯᠲᠡ ᠳᠤ ᠲᠤᠯᠭᠠᠷᠠᠭᠰᠠᠨ ᠬᠦᠴᠢᠷ ᠠᠰᠠᠭᠤᠳᠠᠯ ᠢ ᠴᠢᠷᠮᠠᠶᠢᠨ ᠰᠢᠢᠳᠪᠦᠷᠢᠯᠡᠬᠦ ᠬᠡᠷᠡᠭᠲᠡᠢ᠃ ᠶᠡᠷᠦᠩᠬᠡᠢ ᠲᠣᠪᠴᠢᠶ᠎ᠠ ᠶᠢᠨ ᠡᠯ᠎ᠡ ᠰᠠᠯᠠᠭ᠎ᠠ ᠮᠥᠴᠢᠷ ᠡᠯ᠎ᠡ ᠨᠢᠭᠡᠴᠢ ᠶᠢᠨ ᠬᠢᠨ ᠬᠠᠮᠵᠢᠯᠴᠠᠨ ᠬᠠᠮᠲᠤᠷᠠᠯᠴᠠᠬᠤ ᠪᠠᠨ ᠴᠢᠩᠭᠠᠳᠬᠠᠵᠤ᠂ ᠨᠠᠮ ᠤᠨ ᠭᠡᠰᠢᠭᠦᠨ ᠺᠠᠳ᠋ᠷᠴᠤᠳ ᠤᠨ ᠰᠡᠳᠬᠢᠬᠦᠢ ᠶᠢᠨ ᠤᠢᠢᠯᠠᠭᠠᠭᠳᠠᠬᠤᠨ ᠢ ᠬᠠᠮᠢᠶᠠᠷᠤᠯᠲᠠ ᠠᠴᠠ ᠦᠢᠯᠡᠴᠢᠯᠡᠭᠡ ᠬᠦᠷᠬᠦ᠂ ᠰᠠᠨᠠᠭᠠᠴᠢᠯᠠᠭᠠᠲᠤ ᠪᠤᠰᠤ ᠪᠠᠷ ᠰᠠᠨᠠᠭᠠᠴᠢᠯᠠᠭ᠎ᠠ ᠠᠴᠠ ᠪᠠᠨ ᠠᠵᠢᠯᠯᠠᠬᠤ ᠂ ᠠᠵᠢᠯ ᠶᠠᠪᠤᠳᠠᠯ ᠬᠦᠢᠴᠡᠳᠭᠡᠬᠦ ᠠᠴᠠ ᠠᠵᠢᠯ ᠶᠠᠪᠤᠳᠠᠯ ᠪᠦᠳᠦᠭᠡᠬᠦ ᠂ ᠪᠦᠳᠦᠭᠦᠯᠢᠭ ᠬᠡᠯᠪᠡᠷᠢ ᠠᠴᠠ ᠨᠠᠷᠢᠯᠢᠬᠵᠢᠭᠤᠯᠬᠤ ᠲᠡᠶᠢᠰᠢ ᠬᠤᠪᠢᠷᠠᠭᠤᠯᠬᠤ ᠶᠢ ᠪᠡᠶᠡᠯᠡᠭᠦᠯᠵᠦ᠂ ᠰᠢᠨ᠎ᠡ ᠶᠢ ᠡᠭᠦᠳᠬᠦ ᠰᠡᠳᠭᠢᠮᠵᠢ ᠠᠷᠭ᠎ᠠ ᠬᠡᠮᠵᠢᠶ᠎ᠡ ᠪᠠᠷ ᠴᠢᠨᠠᠷ ᠰᠠᠶᠢᠲᠠᠢ ᠬᠥᠭᠵᠢᠯᠲᠡ ᠶᠢᠨ ᠪᠣᠳᠠᠲᠤ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃  ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ ᠪᠠᠶᠢᠭᠤᠯᠭ᠎ᠠ ᠶᠢᠨ ᠡᠯ᠎ᠡ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠳ᠂ ᠰᠢᠭᠤᠳ ᠬᠠᠷᠢᠶ᠎ᠠ ᠡᠯ᠎ᠡ ᠨᠢᠭᠡᠴᠢ ᠶᠢᠨ ᠨᠠᠮ ᠵᠠᠰᠠᠭ ᠤᠨ ᠭᠤᠤᠯ ᠬᠠᠷᠢᠭᠤᠴᠠᠯᠭᠠᠲᠠᠳ ᠰᠤᠷᠤᠯᠴᠠᠯᠭ᠎ᠠ ᠶᠢᠨ ᠬᠤᠷᠠᠯ ᠳᠤ ᠰᠤᠯᠠ ᠣᠷᠣᠯᠴᠠᠪᠠ᠃ 
ᠢᠷᠡᠯᠲᠡ᠄ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠢ ᠲᠣᠪᠴᠢᠶ᠎ᠠ