| | | | | | ᠰᠢᠨᠬᠤᠸᠠ ᠬᠤᠷᠢᠶ᠎ᠠ ᠶᠢᠨ ᠰᠢᠶᠠᠩᠭᠠᠩ ᠤᠨ 7 ᠰᠠᠷ᠎ᠠ ᠶᠢᠨ 17 ᠤ ᠴᠠᠭᠢᠯᠭᠠᠨ ᠮᠡᠳᠡᠭᠡ ︽ᠰᠢ ᠶᠢᠨ ᠫᠢᠩ ᠤᠨ ᠵᠣᠬᠢᠶᠠᠯ ᠪᠦᠲᠦᠭᠡᠯ ᠤᠨ ᠰᠣᠩᠭᠤᠮᠠᠯ︾ ᠤᠨ | ᠨᠢᠭᠡᠳᠦᠭᠡᠷ ᠪᠣᠳᠢ᠂ ᠬᠤᠶᠠᠳᠤᠭᠠᠷ ᠪᠣᠳᠢ ᠶᠢᠨ ᠤᠤᠯ ᠦᠰᠦᠭ ᠤᠨ ᠬᠡᠪᠯᠡᠯ ᠪᠣᠯᠣᠨ ︽ᠰᠢ ᠶᠢᠨ ᠫᠢᠩ ᠤᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ | ᠲᠤᠬᠠᠢ ᠥᠭᠦᠯᠡᠯᠲᠡ ᠶᠢᠨ ᠲᠡᠭᠦᠪᠦᠷᠢ︾ ᠶᠢᠨ ᠤᠤᠯ ᠦᠰᠦᠭ ᠤᠨ ᠬᠡᠪᠯᠡᠯ ᠢ ᠣᠶᠢᠷ᠎ᠠ ᠶᠢᠨ ᠡᠳᠦᠷ ᠬᠠᠮᠲᠤᠷᠠᠭᠰᠠᠨ ᠬᠡᠪᠯᠡᠯ ᠤᠨ ᠪᠦᠯᠦᠭᠯᠡᠯ ᠠᠴᠠ ᠬᠡᠪᠯᠡᠭᠦᠯᠦᠨ ᠲᠠᠷᠬᠠᠭᠠᠪᠠ᠃ | 7 ᠰᠠᠷ᠎ᠠ ᠶᠢᠨ 17 ᠤ ᠡᠳᠦᠷ᠂ ᠰᠢᠶᠠᠩᠭᠠᠩ ᠤᠨ ᠨᠣᠮ ᠤᠨ ᠦᠵᠡᠰᠭᠦᠯᠡᠩ ᠶᠠᠪᠤᠭᠳᠠᠭᠰᠠᠨ ᠠᠩᠬᠠᠨ ᠤ ᠡᠳᠦᠷ ᠰᠢᠨ᠎ᠡ ᠨᠣᠮ ᠨᠡᠶᠢᠲᠡᠯᠡᠬᠦ ᠬᠤᠷᠠᠯ ᠵᠢᠴᠢ ᠬᠡᠪᠯᠡᠯ ᠤᠨ | ᠶᠠᠷᠢᠯᠴᠠᠬᠤ ᠬᠤᠷᠠᠯ ᠬᠢᠪᠡ᠃ | ︽ᠰᠢ ᠶᠢᠨ ᠫᠢᠩ ᠤᠨ ᠵᠣᠬᠢᠶᠠᠯ ᠪᠦᠲᠦᠭᠡᠯ ᠤᠨ ᠰᠣᠩᠭᠤᠮᠠᠯ︾ ᠨᠢ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠡᠨ ᠨᠠᠮ ᠤᠨ ᠲᠥᠪ ᠬᠤᠷᠢᠶ᠎ᠠ ᠠᠷᠠᠳ ᠲᠦᠮᠡᠨ ᠢ | ᠤᠳᠤᠷᠢᠳᠤᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠶᠢ ᠨᠡᠭᠡᠭᠡᠭᠰᠡᠨ ᠪᠥᠭᠡᠳ ᠲᠠᠰᠤᠷᠠᠯᠲᠠ ᠦᠭᠡᠢ ᠰᠢᠨ᠎ᠡ ᠢᠯᠠᠯᠲᠠ ᠶᠢ | ᠲᠡᠮᠡᠴᠡᠨ ᠣᠯᠣᠭᠰᠠᠨ ᠠᠭᠤᠤ ᠶᠡᠭᠡ ᠲᠡᠦᠬᠡᠨ ᠠᠬᠢᠴᠠ ᠶᠢ ᠠᠮᠢᠳᠤᠯᠢᠭ ᠢᠶᠠᠷ ᠲᠡᠮᠳᠡᠭᠯᠡᠵᠦ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠡᠪ ᠬᠠᠮᠲᠤᠴᠤᠳ ᠤᠨ | ᠮᠠᠷᠺᠰ ᠤᠨ ᠦᠵᠡᠯ ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ ᠶᠢ ᠠᠬᠢᠭᠤᠯᠤᠭᠠᠳ ᠣᠯᠣᠭᠰᠠᠨ ᠴᠢᠬᠤᠯᠠ ᠶᠡᠭᠡ ᠣᠨᠣᠯ ᠤᠨ ᠰᠢᠨ᠎ᠡ ᠶᠢ ᠡᠭᠦᠳᠦᠭᠰᠡᠨ ᠦᠷ᠎ᠡ | ᠪᠦᠲᠦᠭᠡᠯ ᠢ ᠲᠥᠪᠯᠡᠷᠡᠩᠭᠦᠢ ᠲᠤᠰᠬᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠢᠶᠠᠨ ᠰᠡᠷᠭᠦᠭᠡᠨ ᠮᠠᠨᠳᠤᠭᠤᠯᠬᠤ ᠶᠢ ᠬᠥᠲᠥᠯᠥᠨ ᠳᠠᠭᠠᠭᠤᠯᠬᠤ ᠦᠨᠡᠨ ᠶᠣᠰᠣᠨ ᠤ ᠬᠦᠴᠦᠨ | ᠪᠠ ᠦᠢᠯᠡᠳᠦᠯᠭᠡ ᠶᠢᠨ ᠠᠭᠤᠤ ᠬᠦᠴᠦᠨ ᠢ ᠭᠦᠢᠴᠡᠳ ᠢᠯᠡᠷᠡᠭᠦᠯᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠤᠰ ᠦᠨᠳᠦᠰᠦᠲᠡᠨ ᠤ ᠬᠥᠭᠵᠢᠯᠲᠡ᠂ ᠬᠥᠮᠥᠨ | ᠲᠥᠷᠥᠯᠬᠢᠲᠡᠨ ᠤ ᠢᠷᠡᠭᠡᠳᠦᠢ ᠬᠤᠪᠢ ᠵᠠᠶᠠᠭᠠᠨ ᠤ ᠲᠤᠬᠠᠢ ᠡᠭᠦᠷᠭᠡ ᠬᠠᠷᠢᠭᠤᠴᠠᠯᠭ᠎ᠠ ᠢ ᠢᠯᠡᠷᠡᠭᠦᠯᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠦᠭᠦ ᠲᠠᠯ᠎ᠠ ᠪᠠᠷ ᠰᠢᠰᠲ᠋ᠧᠮ ᠲᠠᠢ ᠲᠤᠰᠬᠠᠭᠰᠠᠨ ᠡᠷᠬᠡ ᠰᠦᠷᠲᠦ ᠪᠦᠲᠦᠭᠡᠯ ᠮᠥᠨ᠃ ︽ᠰᠢ ᠶᠢᠨ ᠫᠢᠩ ᠤᠨ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠲᠤᠬᠠᠢ ᠥᠭᠦᠯᠡᠯᠲᠡ ᠶᠢᠨ ᠲᠡᠭᠦᠪᠦᠷᠢ︾ ᠨᠢ ᠰᠢ ᠶᠢᠨ ᠫᠢᠩ ᠨᠥᠬᠦᠷ ᠤᠨ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠲᠤᠬᠠᠢ ᠳᠤᠮᠳᠠᠳᠤ ᠤᠯᠤᠰ ᠤᠨ ᠣᠨᠴᠠᠯᠢᠭ᠂ ᠮᠥᠨ ᠴᠢᠨᠠᠷ ᠤᠨ ᠱᠠᠭᠠᠷᠳᠠᠯᠭ᠎ᠠ ᠪᠠ ᠴᠢᠬᠤᠯᠠ ᠶᠡᠭᠡ ᠵᠠᠷᠴᠢᠮ ᠵᠡᠷᠭᠡ ᠪᠠᠶᠠᠯᠢᠭ ᠠᠭᠤᠯᠤᠭᠳᠠᠬᠤᠨ ᠤ | ᠲᠤᠬᠠᠢ ᠭᠦᠨᠵᠡᠭᠡᠢ ᠲᠠᠶᠢᠯᠪᠤᠷᠢᠯᠠᠯᠲᠠ ᠶᠢ ᠰᠢᠰᠲ᠋ᠧᠮ ᠲᠠᠢ ᠲᠤᠰᠬᠠᠵᠤ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢᠬᠢ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠤᠨᠤᠯ ᠪᠠ ᠦᠢᠯᠡᠳᠦᠯᠭᠡ ᠶᠢᠨ ᠲᠠᠯ᠎ᠠ ᠪᠠᠷ ᠬᠢ ᠰᠢᠨ᠎ᠡ ᠡᠭᠦᠳᠦᠯᠲᠡ ᠰᠢᠪᠲᠤᠯᠤᠯᠲᠠ ᠶᠢ ᠲᠥᠪᠯᠡᠷᠡᠩᠭᠦᠢ ᠢᠯᠡᠷᠡᠭᠦᠯᠵᠦ᠂ ᠨᠠᠮ ᠠᠴᠠ ᠠᠷᠠᠳ | ᠲᠦᠮᠡᠨ ᠢ ᠤᠳᠤᠷᠢᠳᠤᠨ ᠠᠮᠵᠢᠯᠲᠠ ᠲᠠᠢ ᠪᠠᠷ ᠨᠡᠭᠡᠭᠡᠭᠰᠡᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠵᠠᠮ᠂ ᠡᠭᠦᠳᠦᠨ ᠪᠦᠲᠦᠭᠡᠭᠰᠡᠨ ᠬᠥᠮᠥᠨ | ᠲᠥᠷᠥᠯᠬᠢᠲᠡᠨ ᠤ ᠪᠣᠯᠪᠠᠰᠤᠨ ᠤ ᠰᠢᠨ᠎ᠡ ᠭᠡᠯᠪᠡᠷᠢ᠂ ᠵᠢᠷᠤᠭᠯᠠᠭᠰᠠᠨ ᠣᠳᠣᠬᠢᠴᠢᠯᠠᠯᠲᠠ ᠶᠢᠨ ᠰᠢᠨ᠎ᠡ ᠵᠢᠷᠤᠭ ᠲᠥᠰᠥᠪ ᠢ ᠢᠯᠡᠷᠡᠭᠦᠯᠪᠡ᠃ | ᠭᠤᠷᠪᠠᠨ ᠪᠣᠳᠢ ᠨᠣᠮ ᠪᠢᠴᠢᠭ ᠤᠨ ᠤᠤᠯ ᠦᠰᠦᠭ ᠤᠨ ᠬᠡᠪᠯᠡᠯ ᠢ ᠬᠡᠪᠯᠡᠨ ᠲᠠᠷᠬᠠᠭᠠᠭᠰᠠᠨ ᠨᠢ ᠰᠢᠶᠠᠩᠭᠠᠩ ᠣᠣᠮᠧᠨ ᠤ ᠤᠩᠰᠢᠭᠴᠢᠳ ᠤᠨ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠢᠰᠲ᠋ᠧᠮ ᠲᠠᠢ ᠣᠶᠢᠯᠠᠭᠠᠵᠤ᠂ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢᠨ ᠣᠨᠣᠯ ᠤᠨ ᠰᠢᠰᠲ᠋ᠧᠮ ᠪᠣᠯᠣᠨ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠢ ᠣᠶᠢᠯᠠᠭᠠᠬᠤ ᠳᠤ ᠠᠰᠢᠭᠲᠠᠢ ᠪᠠᠶᠢᠵᠤ᠂ ᠰᠢᠶᠠᠩᠭᠠᠩ | ᠣᠣᠮᠧᠨ ᠤ ᠠᠬ᠎ᠠ ᠳᠡᠭᠦᠦ ᠨᠠᠷ ᠢ ᠬᠥᠲᠥᠯᠥᠨ ᠵᠢᠯᠤᠭᠤᠳᠴᠤ ᠤᠯᠤᠰ᠂ ᠦᠨᠳᠦᠰᠦᠲᠡᠨ ᠪᠣᠯᠣᠨ ᠰᠣᠶᠣᠯ ᠤᠨ ᠲᠤᠬᠠᠢ ᠬᠠᠮᠲᠤ ᠶᠢᠨ ᠲᠠᠨᠢᠯᠲᠠ ᠶᠢ ᠨᠢ ᠨᠡᠮᠡᠭᠳᠡᠭᠦᠯᠵᠦ᠂ ᠪᠦᠭᠦ | ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠲᠠᠢ ᠬᠠᠮᠲᠤ ᠪᠠᠷ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠳᠤᠮᠳᠠᠳᠤ ᠶᠢᠨ ᠦᠨᠳᠦᠰᠦᠲᠡᠨ ᠤ ᠠᠭᠤᠤ | ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠶᠢᠨ ᠲᠥᠯᠥᠭᠡ ᠪᠦᠯᠬᠦᠮᠳᠡᠨ ᠲᠡᠮᠡᠴᠡᠬᠦ ᠳᠤ ᠲᠤᠶᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃ | ᠰᠢᠶᠠᠩᠭᠠᠩ ᠣᠨᠴᠠᠭᠠᠢ ᠵᠠᠰᠠᠭ ᠵᠠᠬᠢᠷᠭᠠᠨ ᠤ ᠣᠷᠣᠨ ᠤ ᠵᠠᠰᠠᠭ ᠵᠠᠬᠢᠷᠭᠠᠨ ᠤ ᠳᠠᠷᠤᠭ᠎ᠠ ᠯᠢ ᠵᠢᠶᠠ ᠴᠤᠤ᠂ ᠲᠥᠪ ᠤᠨ ᠵᠠᠰᠠᠭ ᠤᠨ ᠣᠷᠳᠣᠨ ᠤ ᠰᠢᠶᠠᠩᠭᠠᠩ ᠳᠤ | ᠰᠠᠭᠤᠭ᠎ᠠ ᠬᠤᠯᠪᠤᠭ᠎ᠠ ᠠᠪᠬᠤ ᠠᠯᠪᠠᠨ ᠭᠡᠷ ᠤᠨ ᠬᠠᠷᠢᠭᠤᠴᠠᠯᠭᠠᠲᠠᠨ᠂ ᠰᠢᠶᠠᠩᠭᠠᠩ ᠤᠨ ᠤᠯᠤᠰ ᠢᠶᠠᠨ ᠬᠠᠶᠢᠷᠠᠯᠠᠵᠤ ᠰᠢᠶᠠᠩᠭᠠᠩ ᠢᠶᠠᠨ ᠬᠠᠶᠢᠷᠠᠯᠠᠬᠤ ᠪᠠᠶᠢᠭᠤᠯᠤᠮᠵᠢ᠂ ᠤᠯᠤᠰ | ᠲᠦᠷᠦ ᠶᠢᠨ ᠪᠦᠯᠭᠦᠮ ᠨᠡᠶᠢᠭᠡᠮ ᠤᠨ ᠪᠦᠯᠭᠦᠮ ᠤᠨ ᠲᠥᠯᠥᠭᠡᠯᠡᠭᠴᠢ ᠪᠣᠯᠣᠨ ᠬᠡᠪᠯᠡᠯ ᠤᠨ ᠡᠲᠡᠭᠡᠳ ᠤᠨ ᠲᠥᠯᠥᠭᠡᠯᠡᠭᠴᠢ ᠰᠢᠨ᠎ᠡ ᠨᠣᠮ ᠨᠡᠶᠢᠲᠡᠯᠡᠬᠦ ᠬᠤᠷᠠᠯ ᠵᠢᠴᠢ ᠬᠡᠪᠯᠡᠯ ᠤᠨ | ᠶᠠᠷᠢᠯᠴᠠᠬᠤ ᠬᠤᠷᠠᠯ ᠳᠤ ᠣᠷᠣᠯᠴᠠᠪᠠ᠃ ᠰᠢᠶᠠᠩᠭᠠᠩ ᠤᠨ ᠨᠥᠭᠦᠷᠰᠡᠭ ᠢᠶᠠᠷ ᠬᠠᠮᠵᠢᠯᠴᠠᠨ ᠠᠬᠢᠭᠤᠯᠬᠤ ᠡᠪᠯᠡᠯ᠂ ᠰᠢᠶᠠᠩᠭᠠᠩ ᠤᠨ ᠳᠤᠮᠳᠠᠳᠤ ᠤᠯᠤᠰ ᠤᠨ ᠠᠵᠤ | ᠠᠬᠤᠶᠢᠯᠠᠯ ᠤᠨ ᠨᠡᠶᠢᠭᠡᠮᠯᠢᠭ᠂ ᠰᠢᠶᠠᠩᠭᠠᠩ ᠤᠨ ᠰᠤᠷᠭᠠᠨ ᠬᠥᠮᠦᠵᠢᠯ ᠤᠨ ᠠᠵᠢᠯᠲᠠᠳ ᠤᠨ ᠬᠤᠯᠪᠤᠭ᠎ᠠ ᠵᠡᠷᠭᠡ ᠬᠤᠯᠪᠣᠭᠳᠠᠯ ᠪᠦᠬᠦᠢ ᠬᠠᠷᠢᠭᠤᠴᠠᠯᠭᠠᠲᠠᠨ ᠰᠢᠨ᠎ᠡ ᠨᠣᠮ | ᠨᠡᠶᠢᠲᠡᠯᠡᠬᠦ ᠬᠤᠷᠠᠯ ᠳᠡᠭᠡᠷ᠎ᠡ ᠪᠡᠯᠡᠭᠯᠡᠨ ᠬᠦᠷᠭᠡᠭᠰᠡᠨ ᠨᠣᠮ ᠢ ᠭᠥᠯᠢᠶᠡᠨ ᠠᠪᠤᠪᠠ᠃ ᠭᠤᠷᠪᠠᠨ ᠪᠣᠳᠢ ᠨᠣᠮ ᠤᠨ ᠤᠤᠯ ᠦᠰᠦᠭ ᠤᠨ ᠬᠡᠪᠯᠡᠯ ᠢ ᠥᠨᠥᠳᠥᠷ ᠠᠴᠠ ᠡᠬᠢᠯᠡᠨ | ᠰᠢᠶᠠᠩᠭᠠᠩ ᠣᠣᠮᠧᠨ ᠤ ᠡᠯ᠎ᠡ ᠶᠡᠭᠡ ᠨᠣᠮ ᠤᠨ ᠳᠡᠯᠭᠡᠭᠦᠷ ᠲᠤ ᠪᠦᠭᠦ ᠲᠠᠯ᠎ᠠ ᠪᠠᠷ ᠳᠡᠯᠭᠡᠨ ᠦᠵᠡᠭᠦᠯᠭᠦ ᠪᠥᠭᠡᠳ ᠭᠤᠣᠯᠳᠠᠯᠭ᠎ᠠ ᠲᠠᠢ ᠨᠣᠮ ᠪᠢᠴᠢᠭ ᠢᠶᠠᠷ ᠬᠤᠳᠠᠯᠳᠤᠨ | ᠪᠣᠷᠣᠯᠠᠭᠤᠯᠬᠤ ᠪᠣᠯᠣᠨ᠎ᠠ᠃ | | | |