ᠶᠦᠨᠨᠠᠨ ᠤ ᠵᠣᠴᠢᠳ ᠤᠨ ᠪᠠᠭᠤᠳᠠᠯ ᠤᠨ ᠲᠧᠯᠸᠢᠰ ᠤᠨ ᠪᠤᠳᠤᠯᠢᠶᠠᠨᠲᠤ ᠠᠵᠢᠯᠯᠠᠭᠠᠨ ᠤ ᠲᠤᠰᠬᠠᠶ ᠵᠠᠰᠠᠯᠲᠠ ᠶᠢᠨ ᠠᠵᠢᠯ ᠱᠠᠲᠤᠴᠢ ᠴᠢᠨᠠᠷᠲᠠᠶ ᠦᠷ᠎ᠡ ᠪᠦᠲᠦᠮᠵᠢ ᠣᠯᠵᠠᠶ
ᠨᠡᠶᠢᠲᠡᠯᠡᠭᠰᠡᠨ ᠴᠠᠭ᠄
2024/7/2
  ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶᠠᠨ ᠤ ᠨᠢᠭᠡᠳᠦᠯᠲᠡᠶ ᠪᠠᠶᠢᠷᠢᠯᠠᠭᠤᠯᠤᠯᠲᠠ ᠳᠣᠤᠷ᠎ᠠ᠂ ᠪᠥᠬᠦ ᠤᠯᠤᠰ ᠤᠨ ᠵᠣᠴᠢᠳ ᠤᠨ ᠪᠠᠭᠤᠳᠠᠯ ᠤᠨ ᠲᠧᠯᠸᠢᠰ ᠤᠨ ᠪᠤᠳᠤᠯᠢᠶᠠᠨᠲᠤ ᠠᠵᠢᠯᠯᠠᠭᠠᠨ ᠤ ᠲᠤᠰᠬᠠᠶ ᠵᠠᠰᠠᠯᠲᠠ ᠶᠢᠨ ᠠᠵᠢᠯ ᠱᠠᠲᠤᠴᠢ ᠴᠢᠨᠠᠷᠲᠠᠶ ᠦᠷ᠎ᠡ ᠪᠦᠲᠦᠮᠵᠢ ᠤᠯᠪᠠ᠃ ᠶᠦᠨᠨᠠᠨ ᠮᠤᠵᠢ ᠨᠢ ᠵᠠᠰᠠᠯᠲᠠ ᠶᠢᠨ ᠲᠤᠷᠰᠢᠯᠲᠠ ᠶᠢᠨ ᠴᠡᠭ ᠢ ᠤᠷᠢᠳ ᠢᠶᠠᠷ ᠬᠡᠷᠡᠭᠵᠢᠭᠦᠯᠵᠦ ᠤᠷᠢᠳ ᠢᠶᠠᠷ ᠲᠤᠷᠰᠢᠵᠤ᠂ ᠵᠣᠴᠢᠳ  ᠤᠨ ᠪᠠᠭᠤᠳᠠᠯ ᠤᠨ ᠲᠧᠯᠸᠢᠰ ᠤᠨ ᠪᠤᠳᠤᠯᠢᠶᠠᠨᠲᠤ ᠠᠵᠢᠯᠯᠠᠭᠠᠨ ᠤ ᠲᠤᠰᠬᠠᠢ ᠵᠠᠰᠠᠯᠲᠠ ᠶᠢ ᠤᠯᠤᠰ ᠲᠥᠷᠥ ᠶᠢᠨ ᠥᠨᠳᠦᠷᠴᠡ᠂ ᠬᠥᠭᠵᠢᠯᠲᠡ ᠶᠢᠨ ᠡᠷᠴᠢᠮᠴᠡ᠂ ᠠᠷᠠᠳ ᠤᠨ ᠠᠮᠢᠳᠤᠷᠠᠯ ᠤᠨ ᠳᠤᠲᠤᠨᠤᠰᠤᠭ ᠭᠤᠣᠯᠳᠠᠯᠭ᠎ᠠ ᠲᠠᠢ ᠠᠵᠢᠯ ᠪᠣᠯᠭᠠᠵᠤ᠂ ᠡᠮᠬᠢ ᠵᠢᠷᠤᠮ ᠲᠠᠢ ᠪᠥᠭᠡᠳ ᠬᠦᠴᠦᠲᠡᠢ ᠠᠬᠢᠭᠤᠯᠵᠤ᠂ ᠲᠤᠰᠬᠠᠢ ᠴᠡᠭᠴᠡᠯᠡᠯᠲᠡ ᠶᠢᠨ ᠠᠵᠢᠯ ᠢᠯᠡᠳᠲᠡ ᠦᠷ᠎ᠡ ᠪᠦᠲᠦᠮᠵᠢ ᠣᠯᠪᠠ᠃ ᠥᠨᠥᠳᠦᠷ ︽ᠬᠤᠤᠰ ᠵᠠᠰᠠᠯᠲᠠ︾ ᠶᠢᠨ ︽ᠶᠦᠨᠨᠠᠨ ᠤ ᠵᠣᠴᠢᠳ ᠤᠨ ᠪᠠᠭᠤᠳᠠᠯ ᠤᠨ ᠲᠧᠯᠸᠢᠰ ᠤᠨ ᠪᠤᠳᠤᠯᠢᠶᠠᠨᠲᠤ ᠠᠵᠢᠯᠯᠠᠭᠠᠨ ᠤ ᠲᠤᠰᠬᠠᠶ ᠵᠠᠰᠠᠯᠲᠠ ᠶᠢᠨ ᠠᠵᠢᠯ ᠱᠠᠲᠤᠴᠢ ᠴᠢᠨᠠᠷᠲᠠᠶ ᠦᠷ᠎ᠡ ᠪᠦᠲᠦᠮᠵᠢ ᠣᠯᠣᠭᠰᠠᠨ︾ ᠲᠤᠰᠬᠠᠶ ᠰᠡᠳᠦᠪᠲᠦ ᠮᠡᠳᠡᠭᠡᠯᠡᠯ ᠢ ᠭᠠᠷᠭᠠᠪᠠ᠃  ᠭᠤᠣᠯᠳᠠᠯᠭ᠎ᠠ ᠶᠢ ᠠᠳᠬᠤᠵᠤ᠂ ᠬᠤᠶᠠᠷ ᠢ ᠠᠬᠢᠭᠤᠯᠵᠤ᠂ ᠲᠤᠰᠬᠠᠢ ᠵᠠᠰᠠᠯᠲᠠ ᠶᠢᠨ ᠠᠵᠢᠯ ᠢᠯᠡᠳᠲᠡ ᠦᠷ᠎ᠡ ᠪᠦᠲᠦᠮᠵᠢ ᠤᠯᠪᠠ  ᠵᠢᠭᠤᠯᠴᠢᠯᠠᠯ ᠤᠨ ᠬᠠᠯᠠᠮᠰᠢᠯ ᠣᠷᠣᠨ ᠢᠶᠠᠷ ᠭᠤᠣᠯ ᠵᠠᠰᠠᠯᠲᠠ ᠪᠣᠯᠭᠠᠵᠤ᠂ ᠪᠦᠬᠦ ᠲᠠᠯ᠎ᠠ ᠪᠠᠷ ᠲᠦᠯᠬᠢᠨ ᠠᠬᠢᠭᠤᠯᠪᠠ᠃ ᠶᠦᠨᠨᠠᠨ ᠮᠣᠵᠢ ᠷᠠᠳᠢᠣ᠋ ᠲᠧᠯᠸᠢᠰ ᠤᠨ ᠶᠡᠷᠦᠩᠬᠡᠢ ᠲᠣᠪᠴᠢᠶ᠎ᠠ ᠶᠢᠨ ᠠᠵᠢᠯ ᠤᠨ ᠪᠠᠶᠢᠷᠢᠯᠠᠭᠤᠯᠤᠯᠲᠠ ᠪᠣᠯᠤᠨ ᠬᠡᠷᠡᠭᠵᠢᠭᠦᠯᠬᠦ ᠵᠥᠭᠯᠡᠭᠦᠷ ᠤᠨ ᠱᠠᠭᠠᠷᠳᠠᠯᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ ᠂ ᠵᠣᠴᠢᠳ ᠤᠨ ᠪᠠᠭᠤᠳᠠᠯ ᠤᠨ ᠲᠧᠯᠸᠢᠰ ᠤᠨ ᠪᠤᠳᠤᠯᠢᠶᠠᠨᠲᠤ ᠠᠵᠢᠯᠯᠠᠭᠠᠨ ᠤ ᠲᠤᠰᠬᠠᠢ ᠵᠠᠰᠠᠯᠲᠠ ᠶᠢᠨ ᠠᠵᠢᠯ ᠢ ᠥᠷᠨᠢᠭᠦᠯᠵᠦ᠂ ᠺᠦᠨᠮᠢᠩ᠂ ᠰᠢᠱᠤᠸᠠᠩᠪᠠᠨᠨᠠ ᠂ ᠳ᠋ᠠ ᠯᠢ᠂ ᠯᠢ ᠵᠢᠶᠠᠩ᠂ ᠬᠤᠩ ᠾᠧ ᠵᠡᠷᠭᠡ ᠵᠢᠭᠤᠯᠴᠢᠯᠠᠯ ᠤᠨ ᠬᠠᠯᠠᠮᠰᠢᠯᠲᠤ ᠭᠠᠵᠠᠷ ᠣᠷᠣᠨ ᠢᠶᠠᠷ ᠭᠤᠣᠯᠳᠠᠯᠭ᠎ᠠ ᠪᠣᠯᠭᠠᠨ᠂ ᠪᠦᠬᠦ ᠮᠣᠵᠢ ᠶᠢᠨ ᠡᠯ᠎ᠡ ᠵᠧᠦ ︵ᠬᠤᠲᠠ︶ ᠶᠢ ᠬᠠᠮᠤᠷᠪᠠ᠃ 2024 ᠣᠨ ᠤ 6 ᠳ᠋ᠤᠭᠠᠷ ᠰᠠᠷ᠎ᠠ ᠪᠣᠯᠲᠠᠯ᠎ᠠ᠂ ᠶᠦᠨᠠᠨ ᠮᠤᠵᠢ ᠶᠢᠨ ᠪᠥᠬᠦ ᠮᠤᠵᠢ ᠳᠤ ᠨᠢᠭᠡᠨᠲᠡ 847 ᠵᠣᠴᠢᠳ ᠤᠨ ᠪᠠᠭᠤᠳᠠᠯ ᠲᠤᠷᠰᠢᠯᠲᠠ ᠶᠢᠨ ᠴᠡᠭ ᠲᠤ ᠣᠷᠣᠯᠴᠠᠵᠤ᠂ ᠡᠭᠦᠨ ᠳᠤ 546 ᠵᠣᠴᠢᠳ ᠤᠨ ᠪᠠᠭᠤᠳᠠᠯ ᠨᠢᠭᠡᠨᠲᠡ ᠪᠥᠬᠦ ᠲᠠᠯ᠎ᠠ ᠶᠢᠨ ᠵᠠᠰᠠᠯᠲᠠ ᠶᠢ ᠪᠡᠶᠡᠯᠡᠭᠦᠯᠵᠦ᠂ 231 ᠵᠣᠴᠢᠳ ᠤᠨ ᠪᠠᠭᠤᠳᠠᠯ ᠰᠢᠯᠵᠢᠮᠡᠯ OTT ᠦᠢᠯᠡᠴᠢᠯᠡᠭᠡᠨ ᠤ ᠲᠤᠷᠰᠢᠯᠲᠠ ᠶᠢᠨ ᠴᠡᠭ ᠤᠨ ᠵᠣᠴᠢᠳ ᠤᠨ ᠪᠠᠭᠤᠳᠠᠯ ᠵᠠᠷ ᠮᠡᠳᠡᠭᠡ ᠶᠢ ᠬᠦᠴᠦᠨ ᠥᠬᠡᠶ ᠪᠣᠯᠭᠠᠬᠤ ᠪᠠ ᠵᠣᠴᠢᠨ ᠤᠭᠲᠤᠬᠤ ᠲᠡᠷᠢᠭᠦᠨ ᠨᠢᠭᠤᠷ ᠤᠨ ᠰᠢᠯᠢᠳᠡᠭᠵᠢᠯ ᠢ ᠪᠡᠶᠡᠯᠡᠭᠦᠯᠪᠡ᠃  ᠶᠦᠨᠨᠠᠨ ᠨᠢ ᠤᠯᠤᠰ ᠤᠨ ᠳᠣᠲᠣᠭᠠᠳᠤ ᠶᠢᠨ ᠵᠢᠭᠤᠯᠴᠢᠯᠠᠯ ᠤᠨ ᠦᠢᠯᠡᠰ ᠤᠨ ᠴᠢᠬᠤᠯᠠ ᠮᠤᠵᠢ ᠪᠣᠯᠤᠭᠰᠠᠨ ᠤ ᠬᠤᠪᠢ ᠳᠤ᠂ ᠵᠣᠴᠢᠳ ᠤᠨ ᠪᠠᠭᠤᠳᠠᠯ ᠤᠨ ᠦᠢᠯᠡᠴᠢᠯᠡᠭᠡᠨ ᠤ ᠶᠠᠰᠤ ᠴᠢᠨᠠᠷ ᠨᠢ ᠵᠢᠭᠤᠯᠴᠢᠯᠠᠯ ᠤᠨ ᠪᠡᠶᠡᠴᠢᠯᠡᠨ ᠣᠶᠢᠯᠠᠭᠠᠯᠲᠠ ᠶᠢ ᠬᠡᠮᠵᠢᠬᠦ ᠴᠢᠬᠤᠯᠠ ᠵᠢᠭᠠᠯᠲᠠ ᠲᠤᠭ᠎ᠠ ᠪᠣᠯᠤᠭᠰᠠᠭᠠᠷ ᠢᠷᠡᠵᠡᠢ᠂ ᠬᠠᠷᠢᠨ ᠲᠧᠯᠸᠢᠰ ᠨᠢ ᠪᠠᠰᠠ ᠵᠣᠴᠢᠳ ᠤᠨ ᠪᠠᠭᠤᠳᠠᠯ ᠤᠨ ᠦᠢᠯᠡᠴᠢᠯᠡᠭᠡᠨ ᠤ ᠴᠢᠬᠤᠯᠠ ᠨᠢᠭᠡ ᠭᠤᠭᠴᠤᠭ᠎ᠠ ᠪᠣᠯᠤᠨ᠎ᠠ᠃ ᠺᠦᠨᠮᠢᠩ ᠤᠨ ᠪᠥᠸᠧ ᠶᠤᠸᠠᠢ ᠵᠣᠴᠢᠳ ᠤᠨ ᠪᠠᠭᠤᠳᠠᠯ ᠤᠨ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠶᠢᠨ ᠶᠡᠷᠦᠩᠬᠡᠶ ᠳᠠᠭᠠᠭᠠᠮᠠᠯ ᠹᠠᠨ ᠨᠢᠶᠠᠨ ᠳ᠋ᠦᠩ ᠵᠣᠴᠢᠳ ᠤᠨ ᠪᠠᠭᠤᠳᠠᠯ ᠤᠨ ᠲᠧᠯᠸᠢᠰ ᠤᠨ ᠪᠤᠳᠤᠯᠢᠶᠠᠨᠲᠤ ᠠᠵᠢᠯᠯᠠᠭᠠᠨ ᠤ ᠲᠤᠰᠬᠠᠶ ᠵᠠᠰᠠᠯᠲᠠ ᠶᠢᠨ ᠦᠷ᠎ᠡ ᠪᠦᠲᠦᠮᠵᠢ ᠳᠤ ᠮᠠᠰᠢ ᠬᠠᠨᠤᠮᠵᠢᠲᠠᠶ ᠪᠠᠶᠢᠵᠤ᠂ ᠵᠠᠰᠠᠯᠲᠠ ᠶᠢᠨ ᠳᠠᠷᠠᠭᠠᠬᠢ ᠬᠠᠮᠤᠭ ᠤᠨ ᠶᠡᠭᠡ ᠬᠤᠪᠢᠷᠠᠯᠲᠠ ᠪᠣᠯ ︽ᠲᠧᠯᠸᠢᠰ ᠤᠨ ᠠᠵᠢᠯᠯᠠᠭᠠᠨ ᠲᠥᠬᠦᠮ ᠳᠥᠲᠡ᠂ ᠵᠠᠷ ᠮᠡᠳᠡᠭᠡ ᠥᠬᠡᠶ︾ ᠪᠣᠯᠣᠭᠰᠠᠨ ᠢ ᠴᠢᠬᠤᠯᠠᠴᠢᠯᠠᠪᠠ᠃ ᠰᠢ ᠶᠦᠨ ᠱᠧ ᠠᠷᠠᠳ ᠤᠨ ᠰᠠᠭᠤᠴᠠ ᠶᠢᠨ ᠬᠤᠷᠰᠢᠭᠴᠢ ᠯᠦᠸᠧ ᠺᠦᠨ ᠬᠤᠸᠠ ᠣᠨᠴᠠᠭᠠᠶᠢᠯᠠᠨ ᠳᠤᠷᠠᠳᠤᠭᠰᠠᠨ ᠨᠢ᠂ ᠲᠤᠬᠠᠶ ᠶᠢᠨ ᠭᠠᠵᠠᠷ ᠤᠨ ᠷᠠᠳᠢᠣ᠋ ᠲᠧᠯᠸᠢᠰ ᠨᠢ ᠵᠣᠴᠢᠳ ᠤᠨ ᠪᠠᠭᠤᠳᠠᠯ ᠤᠨ ᠲᠧᠯᠸᠢᠰ ᠤᠨ ᠵᠣᠴᠢᠨ ᠤᠭᠲᠤᠬᠤ ᠲᠡᠷᠢᠭᠦᠨ ᠨᠢᠭᠤᠷ ᠤᠨ ᠦᠢᠯᠡᠴᠢᠯᠡᠭᠡ ᠶᠢ ᠰᠦᠢᠳᠬᠡᠯ ᠬᠤᠷᠢᠶᠠᠬᠤ ᠦᠭᠡᠢ ᠪᠠᠷ ᠬᠠᠩᠭᠠᠵᠤ᠂ ᠵᠣᠴᠢᠳ ᠤᠨ ᠪᠠᠭᠤᠳᠠᠯ ᠤᠨ ᠬᠦᠷᠦᠯᠴᠡᠬᠦ ᠦᠭᠡᠢ ᠲᠠᠯ᠎ᠠ ᠶᠢ ᠨᠥᠬᠦᠪᠥᠷᠢᠯᠡᠵᠦ᠂ ᠵᠣᠴᠢᠳ ᠤᠨ ᠪᠠᠭᠤᠳᠠᠯ ᠤᠨ ᠲᠧᠯᠸᠢᠰ ᠤᠨ ᠦᠢᠯᠡᠴᠢᠯᠡᠭᠡ ᠶᠢ ᠰᠢᠯᠢᠳᠡᠭᠵᠢᠭᠦᠯᠦᠨ ᠲᠠᠰ ᠳᠡᠪᠰᠢᠭᠦᠯᠬᠦ ᠶᠢ ᠬᠦᠴᠦᠲᠡᠢ ᠠᠬᠢᠭᠤᠯᠪᠠ ᠭᠡᠵᠡᠢ᠃  ᠲᠠᠪᠴᠠᠩ ᠬᠢᠭᠡᠳ ᠵᠣᠴᠢᠳ ᠤᠨ ᠪᠠᠭᠤᠳᠠᠯ ᠬᠤᠣᠰ ᠴᠢᠭᠯᠡᠯ ᠢᠶᠠᠷ ᠲᠦᠯᠬᠢᠨ ᠠᠬᠢᠭᠤᠯᠵᠤ ᠂ ᠬᠦᠯᠢᠶᠡᠨ ᠠᠪᠴᠤ ᠦᠵᠡᠬᠦ ᠪᠡᠶᠡᠴᠢᠯᠡᠨ ᠣᠶᠢᠯᠠᠭᠠᠯᠲᠠ ᠶᠢ ᠳᠡᠭᠡᠭᠰᠢᠯᠡᠭᠦᠯᠪᠡ᠃ ᠶᠦᠨᠨᠠᠨ ᠤ ᠬᠢᠨ ᠡᠨᠡ ᠤᠳᠠᠭᠠᠨ ᠤ ᠲᠤᠰᠬᠠᠶ ᠵᠠᠰᠠᠯᠲᠠ ᠳᠤ ᠬᠤᠶᠠᠷ ᠲᠠᠯ᠎ᠠ ᠠᠴᠠ ᠬᠦᠴᠦᠯᠡᠵᠦ ᠂ ᠭᠦᠨᠵᠡᠭᠡᠢ ᠵᠠᠰᠠᠯᠲᠠ ᠶᠢᠨ ᠠᠷᠭ᠎ᠠ ᠪᠣᠳᠣᠯᠭ᠎ᠠ ᠶᠢ ᠠᠪᠴᠠᠶ᠃ ᠲᠠᠪᠴᠠᠩ ᠤᠨ ᠲᠠᠯ᠎ᠠ ᠳᠤ᠂ ᠬᠤᠯᠪᠣᠭᠳᠠᠯ ᠪᠥᠬᠦᠶ ᠬᠤᠷᠠᠮᠠᠯ ᠨᠡᠪᠲᠡᠷᠡᠭᠦᠯᠭᠡ ᠶᠢ ᠡᠵᠡᠮᠳᠡᠬᠦ ᠲᠠᠯ᠎ᠠ᠂ ᠳᠠᠮᠵᠢᠭᠤᠯᠬᠤ ᠲᠠᠯ᠎ᠠ ᠶᠢ ᠵᠢᠯᠣᠭᠤᠳᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ ᠵᠦᠭᠯᠡᠭᠦᠷ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠭᠰᠠᠨ ᠰᠠᠭᠤᠷᠢᠨ ᠳᠡᠭᠡᠷ᠎ᠡ᠂ ᠡᠵᠡᠩᠨᠡᠯᠲᠡ ᠶᠢᠨ ᠬᠤᠳᠠᠯᠳᠤᠭᠠᠴᠢᠨ ᠢ ᠲᠧᠯᠸᠢᠰ ᠤᠨ ᠳᠠᠪᠲᠠᠮᠵᠢ ᠬᠦᠯᠢᠶᠡᠭᠦᠷ ᠤᠨ ᠨᠢᠭᠡ ᠴᠣᠭᠴᠠᠵᠢᠭᠤᠯᠤᠯᠲᠠ  ᠶᠢ ᠠᠬᠢᠭᠤᠯᠵᠤ᠂ ᠨᠢᠭᠡ ᠠᠯᠤᠰ ᠡᠵᠡᠮᠰᠢᠭᠦᠷ ᠢᠶᠠᠷ ᠲᠧᠯᠸᠢᠰ ᠦᠵᠡᠬᠦ ᠶᠢ ᠪᠡᠶᠡᠯᠡᠭᠦᠯᠵᠦ᠂ ᠮᠠᠰᠢᠨ  ᠤ ᠨᠡᠭᠡᠭᠡᠬᠦ ᠴᠠᠭ ᠢ ᠤᠯᠠᠮ ᠨᠢᠭᠡ ᠠᠯᠬᠤᠮ ᠪᠣᠭᠤᠨᠢᠰᠬᠠᠬᠤ ᠶᠢ ᠵᠣᠷᠢᠭᠵᠢᠭᠤᠯᠪᠠ᠃ ᠣᠳᠣᠬᠠᠨ ᠳᠤ ᠵᠥᠪᠬᠡᠨ ᠨᠢᠭᠡ ᠯᠡ ᠠᠯᠤᠰ ᠡᠵᠡᠮᠰᠢᠭᠦᠷ ᠢᠶᠠᠷ ᠲᠧᠯᠸᠢᠰ ᠢᠶᠠᠨ ᠰᠢᠭᠤᠳ ᠦᠵᠡᠵᠦ᠂ ᠳᠡᠰ ᠳᠡᠪᠰᠢᠭᠰᠡᠨ ᠤ ᠳᠠᠷᠠᠭᠠᠬᠢ ᠰᠢᠰᠲ᠋ᠧᠮ ᠨᠢ ᠨᠡᠩ ᠣᠶᠣᠨᠴᠢᠯᠠᠵᠤ᠂ ᠬᠡᠷᠪᠡ ᠬᠡᠷᠡᠭᠯᠡᠭᠴᠢ 5 ᠰᠧᠺᠦ᠋ᠨ᠋ᠳ᠋ ᠳᠣᠲᠣᠷ᠎ᠠ ᠠᠵᠢᠯᠯᠠᠭᠤᠯᠬᠤ ᠦᠭᠡᠢ ᠪᠣᠯ ᠲᠧᠯᠸᠢᠰ ᠰᠢᠭᠤᠳ ᠲᠥᠪ ᠲᠧᠯᠸᠢᠰ ᠲᠤ ᠣᠷᠣᠨ᠎ᠠ᠃ ᠪᠠᠭᠤᠳᠠᠯ ᠤᠨ ᠲᠠᠯ᠎ᠠ  ᠳᠤ᠂ ᠡᠭᠦᠳᠡᠨ ᠳᠤ ᠬᠥᠷᠬᠦ ᠨᠣᠷᠮ᠎ᠠ ᠶᠢ ᠳᠡᠭᠡᠭᠰᠢᠯᠡᠭᠦᠯᠬᠦ ᠶᠢᠨ ᠬᠠᠮᠲᠤ ᠵᠢᠵᠢᠭ ᠪᠢᠴᠢᠯ ᠪᠠᠭᠤᠳᠠᠯ ᠳᠤ ᠦᠵᠡᠬᠦ ᠵᠠᠷᠤᠳᠠᠯ ᠢ ᠬᠠᠰᠤᠵᠤ ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠲᠣᠰ ᠤᠳᠠᠭᠠᠨ ᠤ ᠵᠠᠰᠠᠯᠲᠠ ᠶᠢᠨ ᠶᠠᠪᠤᠴᠠ ᠳᠤ᠂ ᠲᠤᠬᠠᠶ ᠶᠢᠨ ᠭᠠᠵᠠᠷ ᠤᠨ ᠷᠠᠳᠢᠣ᠋ ᠲᠧᠯᠸᠢᠰ ᠤᠨ ᠬᠠᠩᠭᠠᠬᠤ ᠬᠠᠷᠠᠭᠠᠯᠵᠠᠯ ᠤᠨ ᠡᠷᠴᠢᠮ ᠥᠩᠭᠡᠷᠡᠭᠰᠡᠨ ᠠᠴᠠ ᠪᠠᠨ ᠬᠡᠲᠦᠷᠡᠵᠡᠢ᠃  ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠣᠯᠠᠨ ᠡᠰᠢᠵᠢᠭᠰᠡᠨ ᠦᠢᠯᠡᠴᠢᠯᠡᠭᠡ ᠨᠢ ᠪᠠᠭᠤᠳᠠᠯ ᠤᠨ ᠲᠧᠯᠸᠢᠰ ᠤᠨ ᠰᠢᠰᠲ᠋ᠧᠮ ᠢ ᠥᠭᠡᠷᠡᠴᠢᠯᠡᠨ ᠲᠠᠰ ᠳᠡᠪᠰᠢᠭᠦᠯᠬᠦ ᠳᠤ ᠬᠦᠴᠦᠨ ᠨᠡᠮᠡᠷᠢᠯᠡᠪᠡ  ᠦᠢᠯᠡᠴᠢᠯᠡᠭᠡ  ᠨᠢ ᠳᠥᠭᠦᠮ ᠳᠥᠲᠡ ᠪᠥᠭᠡᠳ ᠥᠨᠳᠥᠷ ᠪᠦᠲᠦᠮᠵᠢᠲᠡᠶ ᠪᠠᠶᠢᠵᠤ᠂ ᠬᠤᠳᠠᠯᠳᠤᠭᠰᠠᠨ ᠤ ᠳᠠᠷᠠᠭᠠᠬᠢ ᠳᠠᠭᠠᠯᠲᠠ ᠶᠢᠨ ᠬᠤᠷᠳᠤᠴᠠ ᠨᠢ ᠲᠦᠷᠭᠡᠨ ᠪᠠᠶᠢᠪᠠ᠃ ᠰᠤᠷᠪᠤᠯᠵᠢᠯᠠᠭ᠎ᠠ ᠬᠦᠯᠢᠶᠡᠭᠴᠢᠳ ᠲᠣᠰ ᠤᠳᠠᠭᠠᠨ ᠤ ᠵᠣᠴᠢᠳ ᠤᠨ ᠪᠠᠭᠤᠳᠠᠯ ᠤᠨ ᠲᠧᠯᠸᠢᠰ ᠤᠨ ᠪᠤᠳᠤᠯᠢᠶᠠᠨᠲᠤ ᠠᠵᠢᠯᠯᠠᠭᠠᠨ ᠤ ᠲᠤᠰᠬᠠᠶ ᠵᠠᠰᠠᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠦᠨᠡᠯᠡᠵᠦ᠂ ᠲᠤᠬᠠᠶ ᠶᠢᠨ ᠭᠠᠵᠠᠷ ᠤᠨ ᠷᠠᠳᠢᠣ᠋ ᠲᠧᠯᠸᠢᠰ ᠤᠨ ᠰᠠᠯᠠᠭ᠎ᠠ ᠮᠥᠴᠢᠷ ᠰᠠᠨᠠᠭᠠᠴᠢᠯᠠᠭ᠎ᠠ ᠠᠴᠠ ᠪᠠᠨ ᠲᠠᠰ ᠳᠡᠪᠰᠢᠭᠦᠯᠦᠨ ᠰᠢᠨᠡᠳᠬᠡᠬᠦ ᠦᠢᠯᠡᠴᠢᠯᠡᠭᠡ ᠶᠢ ᠬᠠᠩᠭᠠᠵᠤ᠂ ᠬᠡᠷᠡᠭᠯᠡᠭᠴᠢᠳ ᠤᠨ ᠬᠡᠷᠡᠭᠴᠡᠭᠡ ᠱᠠᠭᠠᠷᠳᠠᠯᠭ᠎ᠠ ᠶᠢ ᠭᠦᠢᠴᠡᠳ ᠪᠣᠳᠣᠯᠬᠢᠯᠠᠵᠠᠶ᠃ ᠲᠤᠬᠠᠢ ᠶᠢᠨ ᠭᠠᠵᠠᠷ ᠤᠨ ᠷᠠᠳᠢᠣ᠋ ᠲᠧᠯᠸᠢᠰ ᠤᠨ ᠰᠦᠯᠵᠢᠶᠡᠨ ᠤ ᠬᠠᠮᠠᠭᠠᠯᠠᠯᠲᠠ ᠪᠣᠷᠣᠯᠠᠭᠤᠯᠤᠭᠰᠠᠨ ᠤ ᠳᠠᠷᠠᠭᠠᠬᠢ ᠦᠢᠯᠡᠴᠢᠯᠡᠭᠡ ᠶᠡᠷᠦ ᠨᠢ ᠮᠠᠰᠢ ᠰᠠᠶᠢᠨ ᠪᠠᠶᠢᠵᠤ ᠂ ᠲᠦᠷᠭᠡᠨ ᠪᠥᠭᠡᠳ ᠥᠨᠳᠥᠷ ᠪᠦᠲᠦᠮᠵᠢᠲᠡᠢ ᠪᠠᠶᠢᠪᠠ᠃ ᠡᠨᠡ ᠤᠳᠠᠭ᠎ᠠ ᠪᠦᠬᠦ᠋ᠢᠯᠡ ᠵᠣᠴᠢᠳ ᠤᠨ ᠪᠠᠭᠤᠳᠠᠯ ᠤᠨ ᠲᠧᠯᠸᠢᠰ ᠤᠨ ᠪᠤᠳᠤᠯᠢᠶᠠᠨᠲᠤ ᠠᠵᠢᠯᠯᠠᠭᠠᠨ ᠤ ᠲᠤᠰᠬᠠᠶ ᠵᠠᠰᠠᠯᠲᠠ ᠶᠢᠨ ᠠᠵᠢᠯ ᠳᠤ ᠴᠢᠭᠯᠡᠭᠦᠯᠦᠭᠰᠡᠨ ᠪᠠᠷᠢᠯᠭ᠎ᠠ ᠶᠢᠨ ᠠᠵᠢᠯ ᠪᠠ ᠲᠣᠬᠢᠷᠠᠭᠤᠯᠤᠯᠲᠠ ᠬᠢᠵᠦ᠂ ᠲᠤᠬᠠᠶ ᠶᠢᠨ ᠭᠠᠵᠠᠷ ᠤᠨ ᠷᠠᠳᠢᠣ᠋ ᠲᠧᠯᠸᠢᠰ ᠤᠨ ᠰᠦᠯᠵᠢᠶᠡᠨ ᠤ ᠺᠣᠮᠫᠠᠨᠢ ᠴᠤ ᠥᠨᠳᠥᠷ ᠪᠦᠲᠦᠮᠵᠢᠲᠡᠶ ᠪᠠᠷ ᠪᠡᠶᠡᠯᠡᠭᠦᠯᠪᠡ᠃  ᠣᠷᠣᠨ ᠨᠤᠲᠤᠭ ᠤᠨ ᠠᠭᠤᠯᠭ᠎ᠠ ᠪᠠᠷ ᠪᠠᠶᠠᠯᠢᠭ᠂ ᠣᠯᠠᠨ ᠶᠠᠩᠵᠤᠴᠢᠯᠠᠭᠰᠠᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠪᠠ᠃ ᠶᠦᠨᠨᠠᠨ ᠮᠣᠵᠢ ᠶᠢᠨ ᠷᠠᠳᠢᠣ᠋ ᠲᠧᠯᠸᠢᠰ ᠤᠨ ᠲᠣᠪᠴᠢᠶ᠎ᠠ᠂ ᠵᠣᠴᠢᠳ ᠤᠨ ᠪᠠᠭᠤᠳᠠᠯ ᠤᠨ ᠲᠧᠯᠸᠢᠰ ᠤᠨ ᠣᠨᠴᠠᠭᠠᠢ ᠴᠢᠨᠠᠷ ᠢ ᠪᠣᠳᠣᠯᠬᠢᠯᠠᠵᠤ᠂ ᠲᠠᠪᠴᠠᠩ ᠢ ᠵᠣᠷᠢᠭᠵᠢᠭᠤᠯᠤᠨ ︽ᠶᠦᠨᠨᠠᠨ ᠤ ᠠᠮᠢᠳᠤᠷᠠᠯ︾  ᠬᠡᠮᠡᠬᠦ ᠲᠤᠰᠬᠠᠢ ᠲᠣᠭᠤᠷᠢᠭ ᠢ ᠭᠠᠷᠭᠠᠵᠤ᠂ ᠵᠢᠭᠤᠯᠴᠢᠯᠠᠭᠴᠢᠳ ᠲᠤ ᠳᠦᠭᠦᠮᠯᠡᠬᠦ ᠲᠧᠯᠸᠢᠰ ᠤᠨ ᠦᠢᠯᠡᠴᠢᠯᠡᠭᠡ ᠬᠦᠷᠲᠡᠭᠡᠬᠦ ᠶᠢᠨ ᠬᠠᠮᠲᠤ ᠪᠠᠰᠠ ᠨᠤᠲᠤᠭ ᠣᠷᠣᠨ ᠤ ᠦᠵᠡᠵᠦ ᠰᠣᠨᠣᠰᠬᠤ ᠰᠣᠶᠣᠯ ᠤᠨ ᠠᠭᠤᠯᠭ᠎ᠠ ᠶᠢᠨ ᠤᠯᠠᠮᠵᠢᠯᠠᠯ ᠢ ᠬᠠᠮᠲᠤ ᠳᠤ ᠨᠢ ᠬᠠᠷᠠᠭᠠᠯᠵᠠᠨ᠎ᠠ᠃ ᠶᠦᠨᠨᠠᠨ ᠮᠣᠵᠢ ᠶᠢᠨ ᠴᠧᠩ ᠵᠢᠶᠠᠩ ᠬᠤᠲᠠ ᠳᠤ ᠪᠠᠶᠢᠷᠢᠯᠠᠵᠤ ᠠᠶᠢᠭ᠎ᠠ ᠰᠢ ᠶᠦᠨ ᠱᠧ ᠤᠷᠠᠯᠢᠭ ᠤᠨ ᠠᠷᠠᠳ ᠤᠨ ᠰᠠᠭᠤᠴᠠ ᠨᠢ ᠷᠠᠳᠢᠣ᠋ ᠲᠧᠯᠸᠢᠰ ᠤᠨ ᠰᠦᠯᠵᠢᠶᠡᠨ ᠤ ᠰᠢᠰᠲ᠋ᠧᠮ ᠢᠶᠠᠨ ᠳᠡᠰ ᠳᠡᠪᠰᠢᠭᠦᠯᠦᠭᠰᠡᠨ ᠤ ᠳᠠᠷᠠᠭ᠎ᠠ᠂ ᠲᠧᠯᠸᠢᠰ ᠤᠨ ᠬᠤᠯᠪᠣᠭᠳᠠᠯ ᠪᠦᠬᠦᠢ ᠳᠡᠯᠭᠡᠴᠡ ᠶᠢ ᠨᠡᠬᠡᠬᠡᠪᠡᠯ ᠲᠧᠯᠸᠢᠰ ᠦᠵᠡᠬᠦ᠂ ᠺᠢᠨᠣ᠋ ᠲᠧᠯᠸᠢᠰ ᠵᠠᠬᠢᠶᠠᠯᠠᠬᠤ᠂ ᠲᠣᠭᠠᠴᠢᠯᠠᠭᠰᠠᠨ ᠰᠣᠶᠣᠯ ᠵᠢᠭᠤᠯᠴᠢᠯᠠᠯ᠂ ᠵᠣᠴᠢᠳ ᠤᠨ ᠪᠠᠭᠤᠳᠠᠯ ᠤᠨ ᠲᠠᠨᠢᠯᠴᠠᠭᠤᠯᠭ᠎ᠠ᠂ ᠴᠧᠩ ᠵᠢᠶᠠᠩ ᠮᠥᠷᠡᠨ ᠤ ᠵᠢᠭᠤᠯᠴᠢᠯᠠᠯ ᠤᠨ ᠦᠵᠡᠮᠵᠢ ᠶᠢᠨ ᠣᠷᠣᠨ ᠬᠡᠮᠡᠬᠦ ᠲᠠᠪᠤᠨ ᠬᠡᠰᠡᠭᠯᠡᠯ ᠢᠯᠡᠷᠡᠳᠡᠭ᠃ ᠷᠠᠳᠢᠣ᠋ ᠲᠧᠯᠸᠢᠰ ᠤᠨ ᠰᠦᠯᠵᠢᠶᠡᠨ ᠤ ᠰᠢᠰᠲ᠋ᠧᠮ ᠤᠨ ᠲᠤᠰᠬᠠᠢ ᠲᠤᠭᠲᠠᠭᠠᠭᠰᠠᠨ ᠬᠡᠷᠡᠭᠴᠡᠭᠡ ᠨᠢ ᠷᠠᠳᠢᠣ᠋ ᠲᠧᠯᠸᠢᠰ ᠤᠨ ᠰᠢᠭᠤᠳ ᠨᠡᠪᠲᠡᠷᠡᠭᠦᠯᠭᠡ ᠶᠢ ᠠᠮᠠᠷᠬᠠᠨ ᠦᠵᠡᠵᠦ ᠳᠡᠶᠢᠯᠬᠦ ᠶᠢ ᠦᠨᠡᠨ ᠬᠦ ᠪᠠᠲᠤᠯᠠᠬᠤ ᠶᠢᠨ ᠬᠠᠮᠲᠤ᠂ ᠵᠣᠴᠢᠳ ᠤᠨ ᠪᠠᠭᠤᠳᠠᠯ ᠤᠨ ᠥᠪᠡᠷᠮᠢᠴᠡ ᠣᠨᠴᠠᠯᠢᠭ ᠲᠠᠢ ᠤᠬᠠᠭᠤᠯᠭ᠎ᠠ ᠶᠢᠨ ᠬᠡᠷᠡᠭᠴᠡᠭᠡ ᠶᠢ ᠬᠠᠩᠭᠠᠨ᠎ᠠ᠃ ᠺᠦᠨᠮᠢᠩ ᠤᠨ ᠪᠦᠸᠧ ᠶᠤᠸᠠᠢ ᠵᠣᠴᠢᠳ ᠤᠨ ᠪᠠᠭᠤᠳᠠᠯ ᠤᠨ ᠶᠡᠷᠦᠩᠬᠡᠢ ᠳᠠᠭᠠᠭᠠᠮᠠᠯ ᠹᠠᠨ ᠨᠢᠶᠠᠨ ᠳ᠋ᠦᠩ ᠢᠯᠡᠷᠬᠡᠶᠢᠯᠡᠬᠦ ᠳᠤ ᠪᠠᠨ᠂ ᠳᠡᠰ ᠳᠡᠪᠰᠢᠭᠰᠡᠨ ᠤ ᠳᠠᠷᠠᠭᠠᠬᠢ ᠰᠢᠰᠲ᠋ᠧᠮ ᠤᠨ ᠨᠢᠭᠡᠨ ᠭᠢᠯᠠᠰ ᠴᠡᠭ ᠨᠢ ᠳᠠᠷᠤᠢ ᠵᠣᠴᠢᠳ ᠤᠨ ᠪᠠᠭᠤᠳᠠᠯ ᠪᠤᠳᠠᠳᠠᠢ ᠬᠡᠷᠡᠭᠴᠡᠭᠡ ᠪᠠᠨ ᠦᠨᠳᠦᠰᠦᠯᠡᠨ ᠠᠳᠠᠯᠢ ᠪᠣᠰᠤ ᠬᠠᠭᠤᠳᠠᠰᠤᠨ ᠨᠢᠭᠤᠷ ᠪᠠ ᠠᠭᠤᠯᠭ᠎ᠠ ᠶᠢ ᠲᠣᠰᠬᠠᠢ ᠲᠣᠭᠲᠠᠭᠠᠵᠤ ᠪᠣᠯᠣᠨ᠎ᠠ᠂ ᠡᠨᠡ ᠬᠦ ᠲᠤᠰᠬᠠᠢ ᠲᠣᠭᠲᠠᠭᠠᠬᠤ ᠦᠢᠯᠡᠴᠢᠯᠡᠭᠡ ᠶᠢ ᠠᠰᠢᠭᠯᠠᠨ ᠵᠣᠴᠢᠳ ᠤᠨ ᠪᠠᠭᠤᠳᠠᠯ ᠲᠧᠯᠸᠢᠰ ᠳᠡᠭᠡᠷ᠎ᠡ ᠢᠯᠡᠷᠡᠬᠦ ᠬᠠᠭᠤᠳᠠᠰᠤᠨ ᠳ᠋ᠤᠭᠠᠷ ᠳᠡᠭᠡᠷ᠎ᠡ ᠵᠣᠴᠢᠳ ᠲᠤ ᠵᠢᠭᠤᠯᠴᠢᠯᠠᠯ ᠤᠨ ᠠᠷᠭ᠎ᠠ ᠪᠣᠳᠣᠯᠭ᠎ᠠ ᠬᠠᠩᠭᠠᠵᠤ᠂ ᠵᠣᠴᠢᠳ ᠤᠨ ᠰᠣᠨᠢᠷᠬᠠᠬᠤ ᠪᠡᠶᠡᠴᠢᠯᠡᠨ ᠣᠶᠢᠯᠠᠭᠠᠯᠲᠠ ᠶᠢ ᠳᠡᠭᠡᠭᠰᠢᠯᠡᠭᠦᠯᠵᠦ ᠪᠣᠯᠣᠨ᠎ᠠ ᠭᠡᠵᠡᠢ᠃  ᠵᠤᠴᠢᠳ ᠤᠨ ᠪᠠᠭᠤᠳᠠᠯ ᠪᠤᠯᠤᠨ ᠦᠢᠯᠡᠴᠢᠯᠡᠭᠡᠨ ᠤ ᠦᠷ᠎ᠡ ᠪᠦᠳᠦᠮᠵᠢ ᠪᠠᠨ ᠳᠡᠭᠡᠭᠰᠢᠯᠡᠭᠦᠯᠬᠦ ᠳᠤ ᠬᠦᠴᠦ ᠨᠡᠮᠡᠷᠢᠯᠡᠵᠦ᠂ ᠵᠠᠰᠠᠯᠲᠠ ᠶᠢᠨ ᠠᠵᠢᠯ ᠢᠶᠠᠷ ᠬᠦᠭᠰᠢᠨ ᠵᠠᠯᠠᠭᠤᠴᠤᠳ ᠲᠤ ᠠᠰᠢᠭ ᠬᠦᠷᠲᠡᠭᠡᠪᠡ  ᠵᠣᠴᠢᠳ ᠤᠨ ᠪᠠᠭᠤᠳᠠᠯ ᠤᠨ ᠠᠵᠢᠯ ᠤᠨ ᠬᠡᠮᠵᠢᠶ᠎ᠡ ᠶᠢ ᠪᠠᠭᠠᠰᠬᠠᠵᠤ᠂ ᠠᠵᠢᠯ ᠡᠷᠭᠢᠯᠡᠭᠰᠡᠳ ᠤᠨ ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ ᠪᠠᠭᠤᠳᠠᠯ ᠤᠨ ᠲᠧᠯᠸᠢᠰ ᠤᠨ ᠪᠤᠳᠤᠯᠢᠶᠠᠨᠲᠤ ᠠᠵᠢᠯᠯᠠᠭᠠᠨ ᠤ ᠲᠤᠰᠬᠠᠶ ᠵᠠᠰᠠᠯᠲᠠ ᠶᠢᠨ ᠠᠵᠢᠯ ᠢ ᠭᠦᠨᠵᠡᠭᠡᠶ ᠠᠬᠢᠭᠤᠯᠬᠤ ᠶᠢ ᠳᠠᠭᠠᠯᠳᠤᠨ᠂ ᠬᠡᠷᠡᠭᠯᠡᠭᠴᠢᠳ ᠤᠨ ᠲᠧᠯᠸᠢᠰ ᠤᠨ ᠠᠵᠢᠯᠯᠠᠭᠠᠨ ᠤ ᠠᠰᠠᠭᠤᠳᠠᠯ ᠠᠴᠠ ᠪᠣᠯᠵᠤ ᠬᠠᠪᠰᠤᠷᠤᠯᠭ᠎ᠠ ᠡᠷᠢᠬᠦ ᠪᠠ ᠵᠠᠭᠠᠯᠳᠤᠯᠭ᠎ᠠ ᠭᠠᠷᠭᠠᠬᠤ ᠪᠠᠶᠢᠳᠠᠯ ᠢᠯᠡᠳᠲᠡ ᠴᠥᠬᠡᠷᠡᠵᠦ᠂ ᠡᠨᠡ ᠬᠦ ᠦᠷ᠎ᠡ ᠪᠦᠲᠦᠮᠵᠢ ᠨᠢ ᠪᠠᠭᠤᠳᠠᠯ ᠤᠨ ᠲᠠᠯ᠎ᠠ ᠪᠠ ᠬᠡᠷᠡᠭᠯᠡᠭᠴᠢᠳ ᠤᠨ ᠰᠠᠶᠢᠨ ᠦᠨᠡᠯᠡᠯᠲᠡ ᠶᠢ ᠣᠯᠤᠭᠰᠠᠨ ᠪᠠᠶᠢᠨ᠎ᠠ᠃ ᠡᠨᠡ ᠤᠳᠠᠭᠠᠨ ᠤ ᠵᠣᠴᠢᠳ  ᠤᠨ ᠪᠠᠭᠤᠳᠠᠯ ᠤᠨ ᠲᠧᠯᠸᠢᠰ ᠤᠨ ᠪᠤᠳᠤᠯᠢᠶᠠᠨᠲᠤ ᠠᠵᠢᠯᠯᠠᠭᠠᠨ ᠤ ᠲᠤᠰᠬᠠᠶ ᠵᠠᠰᠠᠯᠲᠠ ᠶᠢᠨ ᠠᠵᠢᠯ ᠤᠨ ᠡᠩ ᠲᠡᠷᠢᠭᠦᠨ ᠳᠤ ᠠᠰᠢᠭ ᠬᠦᠷᠲᠡᠭᠡᠭᠰᠡᠨ ᠶᠠᠪᠤᠳᠠᠯ ᠪᠣᠯ ᠵᠣᠴᠢᠳ ᠤᠨ ᠪᠠᠭᠤᠳᠠᠯ  ᠤᠨ ᠠᠵᠢᠯᠲᠠᠨ ᠮᠥᠨ᠂ ᠠᠵᠢᠯᠲᠠᠨ ᠤ ᠲᠧᠯᠸᠢᠰ ᠤᠨ ᠠᠵᠢᠯᠯᠠᠭᠠᠨ ᠤ ᠠᠰᠠᠭᠤᠳᠠᠯ ᠢ ᠰᠢᠢᠳᠪᠦᠷᠢᠯᠡᠬᠦ ᠠᠴᠠ ᠪᠣᠯᠵᠣ ᠡᠭᠦᠷᠭᠡᠯᠡᠬᠦ ᠠᠵᠢᠯ ᠤᠨ ᠳᠠᠷᠤᠭᠠᠰᠤ ᠶᠢ ᠨᠢ ᠬᠥᠩᠭᠡᠷᠡᠭᠦᠯᠵᠦ᠂ ᠬᠥᠮᠦᠨ ᠤ ᠬᠦᠴᠦᠨ ᠤ ᠡᠬᠢ ᠪᠠᠶᠠᠯᠢᠭ ᠤᠨ ᠬᠡᠷᠡᠭᠯᠡᠯᠲᠡ ᠶᠢᠨ ᠦᠷ᠎ᠡ ᠪᠦᠲᠦᠮᠵᠢ ᠶᠢ ᠨᠢ ᠪᠦᠲᠦᠮᠵᠢᠲᠡᠶ ᠳᠡᠭᠡᠭᠰᠢᠯᠡᠭᠦᠯᠪᠡ᠃  ᠮᠡᠷᠭᠡᠵᠢᠯ ᠤᠨ ᠲᠤᠯᠭᠠᠭᠤᠷᠢᠯᠠᠯ ᠨᠢ ᠬᠥᠭᠰᠢᠨ ᠵᠠᠯᠠᠭᠤᠴᠤᠳ ᠲᠤ ᠠᠰᠢᠭ ᠬᠦᠷᠲᠡᠭᠡᠵᠦ ᠂ ᠬᠦᠮᠦᠡᠯᠢᠭ ᠬᠠᠯᠠᠮᠵᠢᠯᠠᠯ ᠢ ᠢᠯᠡᠷᠡᠭᠦᠯᠪᠡ ᠃ ᠶᠥᠨᠨᠠᠨ ᠮᠣᠵᠢ ᠶᠢᠨ  ᠬᠢᠨ ᠵᠣᠴᠢᠳ ᠤᠨ ᠪᠠᠭᠤᠳᠠᠯ ᠤᠨ ᠲᠧᠯᠸᠢᠰ ᠤᠨ ᠠᠵᠢᠯᠯᠠᠭᠠᠨ᠋  ᠤ ᠶᠠᠪᠤᠴᠠ ᠳᠤ᠂ ᠮᠡᠷᠭᠡᠵᠢᠯ ᠤᠨ ᠲᠤᠯᠭᠠᠭᠤᠷᠢᠯᠠᠯ ᠢ ᠡᠷᠴᠢᠮᠵᠢᠭᠦᠯᠬᠦ ᠪᠠᠷ ᠳᠠᠮᠵᠢᠨ᠂ ᠵᠣᠴᠢᠳ ᠤᠨ ᠪᠠᠭᠤᠳᠠᠯ ᠤᠨ ᠲᠧᠯᠸᠢᠰ ᠤᠨ ᠠᠵᠢᠯᠯᠠᠭᠠᠨ ᠤ ᠶᠠᠪᠤᠴᠠ ᠶᠢ ᠳᠦᠭᠦᠮᠴᠢᠯᠡᠪᠡ᠃ ᠵᠢᠱᠢᠶᠡᠯᠡᠪᠡᠯ ᠳᠤᠮᠳᠠᠳᠤ ᠤᠯᠤᠰ ᠤᠨ ᠷᠠᠳᠢᠣ᠋ ᠲᠧᠯᠸᠢᠰ ᠤᠨ ᠶᠦᠨᠨᠠᠨ ᠤ ᠰᠦᠯᠵᠢᠶᠡᠨ ᠤ ᠬᠢᠵᠠᠭᠠᠷᠲᠤ ᠺᠣᠮᠫᠠᠨᠢ ᠶᠢᠨ ᠰᠢᠨ᠎ᠡ  ᠪᠠᠷ ᠪᠠᠶᠢᠭᠤᠯᠤᠭᠰᠠᠨ ᠣᠶᠤᠨᠲᠤ ᠪᠠᠭᠤᠳᠠᠯ ᠤᠨ ᠡᠭᠦᠯᠡᠨ ᠲᠠᠪᠴᠠᠩ ᠨᠢ ᠵᠢᠵᠢᠭ ᠡᠮᠦᠨ᠎ᠡ ᠦᠵᠦᠭᠦᠷ ᠪᠠ ᠲᠧᠯᠸᠢᠰ ᠤᠨ ᠳᠠᠪᠳᠠᠮᠵᠢ ᠬᠦᠯᠢᠶᠡᠭᠦᠷ  ᠤᠨ ᠬᠢᠵᠠᠭᠠᠷᠯᠠᠯ ᠢ ᠰᠢᠪᠲᠤᠯᠤᠨ᠂ ᠨᠢᠭᠡ ᠠᠯᠤᠰ ᠡᠵᠡᠮᠰᠢᠭᠦᠷ ᠢᠶᠠᠷ ᠲᠧᠯᠸᠢᠰ ᠦᠵᠡᠬᠦ ᠪᠠ ᠲᠧᠯᠸᠢᠰ ‍ᠤ᠊ ᠳᠠᠪᠲᠠᠮᠵᠢ ᠬᠦᠯᠢᠶᠡᠭᠦᠷ ᠢ ᠨᠢᠭᠡ ᠴᠣᠭᠴᠠᠵᠢᠭᠤᠯᠬᠤ ᠶᠢ ᠪᠡᠶᠡᠯᠡᠭᠦᠯᠵᠦ᠂ ᠠᠳᠠᠯᠢ ᠪᠤᠰᠤ ᠨᠠᠰᠤᠨ ᠤ ᠬᠡᠷᠡᠭᠯᠡᠭᠴᠢᠳ ᠲᠤ ᠴᠥᠮ ᠮᠡᠷᠭᠡᠵᠢᠯ ᠤᠨ ᠳᠠᠪᠰᠢᠯᠲᠠ  ᠠᠴᠠ ᠪᠣᠯᠤᠭᠰᠠᠨ ᠠᠰᠢᠭ ᠣᠯᠵᠠᠪᠤᠷᠢ ᠶᠢ ᠮᠡᠳᠡᠷᠡᠭᠦᠯᠪᠡ᠃ ᠵᠣᠴᠢᠳ ᠤᠨ ᠪᠠᠭᠤᠳᠠᠯ ᠤᠨ ᠲᠧᠯᠸᠢᠰ ᠤᠨ ᠪᠤᠳᠤᠯᠢᠶᠠᠨᠲᠤ ᠠᠵᠢᠯᠯᠠᠭᠠᠨ ᠤ ᠲᠤᠰᠬᠠᠶ ᠵᠠᠰᠠᠯᠲᠠ ᠶᠢᠨ ᠠᠵᠢᠯ ᠤᠨ ᠠᠰᠢᠭ ᠬᠦᠷᠲᠡᠭᠴᠢ ᠶᠢᠨ ᠲᠤᠬᠠᠶ ᠶᠠᠷᠢᠬᠤ ᠳᠤ ᠂ ᠹᠠᠨ ᠨᠢᠶᠠᠨ ᠳ᠋ᠦᠩ ᠨᠠᠰᠤᠲᠠᠶᠢᠴᠤᠳ ᠪᠣᠯᠤᠨ ᠬᠡᠦᠬᠡᠳ ᠪᠣᠯ ᠬᠠᠮᠤᠭ ᠤᠨ ᠶᠡᠭᠡ ᠠᠰᠢᠭ ᠬᠦᠷᠲᠡᠭᠴᠢ ᠭᠡᠵᠦ ᠦᠵᠡᠵᠦ᠂ ᠷᠠᠳᠢᠣ᠋ ᠲᠧᠯᠸᠢᠰ ᠤᠨ ᠰᠦᠯᠵᠢᠶᠡᠨ ᠤ ᠰᠢᠰᠲ᠋ᠧᠮ ᠳᠡᠰ ᠳᠡᠪᠰᠢᠭᠰᠡᠨ ᠤ ᠳᠠᠷᠠᠭᠠᠬᠢ ᠦᠨᠡᠨ ᠪᠣᠳᠠᠲᠠᠶ ᠳᠥᠭᠦᠮ ᠳᠥᠲᠡ ᠪᠠᠶᠢᠳᠠᠯ ᠢ ᠮᠡᠳᠡᠷᠡᠵᠦ᠂ ᠥᠪᠡᠷ ᠤᠨ ᠦᠵᠡᠬᠦ ᠭᠡᠰᠡᠨ ᠲᠧᠯᠸᠢᠰ ᠫᠷᠤᠭ᠍ᠷᠠᠮ ᠢᠶᠠᠨ ᠮᠠᠰᠢ ᠠᠮᠠᠷᠬᠠᠨ ᠢᠶᠠᠷ ᠰᠣᠩᠭᠤᠵᠤ᠂ ᠵᠣᠴᠢᠳ ᠤᠨ ᠪᠠᠭᠤᠳᠠᠯ ᠤᠨ ᠲᠧᠯᠸᠢᠰ ᠤᠨ ᠪᠤᠳᠤᠯᠢᠶᠠᠨᠲᠤ ᠠᠵᠢᠯᠯᠠᠭᠠᠨ ᠤ ᠲᠤᠰᠬᠠᠶ ᠵᠠᠰᠠᠯᠲᠠ ᠶᠢᠨ ᠠᠵᠢᠯ ᠤᠨ ᠣᠯᠤᠭᠰᠠᠨ ᠦᠷ᠎ᠡ ᠪᠦᠲᠦᠮᠵᠢ ᠶᠢ ᠭᠦᠢᠴᠡᠳ ᠢᠯᠡᠷᠡᠭᠦᠯᠵᠦ ᠪᠣᠯᠤᠨ᠎ᠠ ᠭᠡᠵᠡᠢ᠃ 
ᠢᠷᠡᠯᠲᠡ᠄ ᠤᠯᠤᠰ ᠤᠨ ᠷᠠᠳᠢᠣ᠋ ᠲᠧᠯᠸᠢᠰ ᠤᠨ ᠤᠶᠤᠨ ᠤ ᠬᠦᠮᠦᠷᠭᠡ