ᠪᠠᠶᠢᠭᠤᠯᠭ᠎ᠠ ᠶᠢᠨ ᠨᠠᠮ ᠤᠨ ᠬᠤᠷᠢᠶᠠᠨ ᠤ ᠨᠠᠮ ᠤᠨ ᠡᠭᠦᠷ᠂ ᠪᠢᠴᠢᠯ ᠳᠣᠯᠭᠢᠶᠠᠨ ᠤ ᠳᠠᠮᠵᠢᠭᠤᠯᠭ᠎ᠠ ᠶᠢᠨ ᠶᠡᠷᠦᠩᠬᠡᠢ ᠦᠷᠳᠡᠭᠡᠨ ᠤ ᠨᠠᠮ ᠤᠨ ᠶᠡᠷᠦᠩᠬᠡᠢ ᠡᠭᠦᠷ ︽ᠬᠤᠪᠢᠰᠬᠠᠯ ᠤᠨ ᠠᠮᠢᠨ ᠰᠤᠳᠠᠰᠤ ᠶᠢ ᠵᠠᠯᠭᠠᠮᠵᠢᠯᠠᠵᠤ᠂ ᠠᠭᠤᠤ ᠶᠡᠭᠡ ᠠᠶᠠᠨ ᠳᠤ ᠡᠷᠡᠯᠬᠡᠭᠯᠡᠨ ᠤᠷᠤᠭᠰᠢᠯᠠᠬᠤ︾ ᠵᠢᠴᠢ ᠨᠠᠮ ᠪᠠᠶᠢᠭᠤᠯᠤᠭᠳᠠᠭᠰᠠᠨ 103 ᠵᠢᠯ ᠤᠨ ᠤᠢ ᠶᠢ ᠪᠡᠯᠭᠡᠯᠡᠬᠦ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2024/7/2
  ᠨᠠᠮ ᠤᠨ ᠰᠢᠯᠢᠳᠡᠭ ᠤᠯᠠᠮᠵᠢᠯᠠᠯ ᠢ ᠵᠠᠯᠭᠠᠮᠵᠢᠯᠠᠨ ᠪᠠᠳᠠᠷᠠᠭᠤᠯᠵᠤ᠂ ᠲᠡᠰᠪᠦᠷᠢ ᠬᠠᠲᠠᠭᠤᠵᠢᠯᠲᠠᠢ ᠪᠠᠷ ᠲᠡᠮᠡᠴᠡᠬᠦ ᠵᠣᠷᠢᠭ ᠰᠠᠨᠠᠭ᠎ᠠ ᠶᠢ ᠪᠠᠳᠠᠷᠠᠭᠤᠯᠬᠤ ᠶᠢᠨ ᠲᠥᠯᠥᠭᠡ᠂ 7 ᠳ᠋ᠤᠭᠠᠷ ᠰᠠᠷ᠎ᠠ ᠶᠢᠨ 1 ᠤ ᠡᠳᠦᠷ᠂ ᠪᠠᠶᠢᠭᠤᠯᠭ᠎ᠠ ᠶᠢᠨ ᠨᠠᠮ ᠤᠨ ᠬᠤᠷᠢᠶᠠᠨ ᠤ ᠨᠠᠮ ᠤᠨ ᠡᠭᠦᠷ᠂ ᠪᠢᠴᠢᠯ ᠳᠣᠯᠭᠢᠶᠠᠨ ᠤ ᠳᠠᠮᠵᠢᠭᠤᠯᠭ᠎ᠠ ᠶᠢᠨ ᠶᠡᠷᠦᠩᠬᠡᠢ ᠦᠷᠳᠡᠭᠡᠨ ᠤ ᠨᠠᠮ ᠤᠨ ᠶᠡᠷᠦᠩᠬᠡᠢ ᠡᠭᠦᠷ ︽ᠬᠤᠪᠢᠰᠬᠠᠯ ᠤᠨ ᠠᠮᠢᠨ ᠰᠤᠳᠠᠰᠤ ᠶᠢ ᠵᠠᠯᠭᠠᠮᠵᠢᠯᠠᠵᠤ ᠂ ᠠᠭᠤᠤ ᠶᠡᠭᠡ ᠠᠶᠠᠨ ᠳᠤ ᠡᠷᠡᠯᠬᠡᠭᠯᠡᠨ ᠤᠷᠤᠭᠰᠢᠯᠠᠬᠤ︾ ᠵᠢᠴᠢ ᠨᠠᠮ ᠪᠠᠶᠢᠭᠤᠯᠤᠭᠳᠠᠭᠰᠠᠨ 103 ᠵᠢᠯ ᠤᠨ ᠤᠢ ᠶᠢ ᠪᠡᠯᠭᠡᠯᠡᠬᠦ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠥᠷᠨᠢᠭᠦᠯᠪᠡ᠃  ᠠᠵᠢᠯᠯᠠᠭ᠎ᠠ ᠳᠤ᠂ ᠪᠦᠬᠦ ᠨᠠᠮ ᠤᠨ ᠭᠡᠰᠢᠭᠦᠨ ᠨᠠᠮ ᠳᠤ ᠣᠷᠣᠬᠤ ᠲᠠᠩᠭᠠᠷᠢᠭ ᠤᠨ ᠦᠭᠡᠰ ᠢᠶᠠᠨ ᠲᠠᠬᠢᠨ ᠰᠠᠨᠠᠭᠠᠯᠵᠠᠵᠤ᠂ ᠨᠠᠮ ᠤᠨ ᠲᠡᠦᠬᠡ ᠶᠢᠨ ᠪᠠᠷᠢᠮᠲᠠᠲᠤ ᠹᠢᠯᠢᠮ ᠢ ᠦᠵᠡᠵᠦ᠂ ᠨᠠᠮ ᠤᠨ ᠲᠡᠦᠬᠡ ᠶᠢᠨ ᠦᠯᠢᠭᠡᠷ ᠢ ᠬᠤᠪᠢᠶᠠᠯᠴᠠᠵᠤ᠂ ᠨᠠᠮ ᠤᠨ ᠪᠠᠶᠢᠭᠤᠯᠤᠯᠲᠠ ᠶᠢ ᠥᠷᠨᠢᠭᠦᠯᠬᠦ ᠵᠢᠴᠢ ᠪᠢᠴᠢᠯ ᠳᠣᠯᠭᠢᠶᠠᠨ ᠤ ᠮᠡᠳᠡᠯᠭᠡ ᠶᠢᠨ ᠠᠰᠠᠭᠤᠯᠲᠠ ᠶᠢ ᠬᠠᠷᠢᠭᠤᠯᠵᠤ᠂ ᠵᠠᠭᠤᠨ ᠵᠢᠯ ᠤᠨ ᠨᠠᠮ ᠤᠨ ᠲᠡᠦᠬᠡ ᠶᠢ ᠬᠠᠮᠲᠤ ᠪᠠᠷ ᠡᠷᠭᠢᠴᠡᠭᠦᠯᠵᠦ᠂ ᠡᠷᠡᠯᠬᠡᠭᠯᠡᠨ ᠤᠷᠤᠭᠰᠢᠯᠠᠬᠤ ᠬᠦᠴᠦᠨ ᠢ ᠰᠢᠩᠭᠡᠭᠡᠨ ᠠᠪᠴᠠᠢ᠃ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠤᠨ ᠨᠠᠷᠢᠨ ᠬᠢᠨᠠᠮᠠᠭᠠᠶ ᠰᠤᠷᠤᠯᠴᠠᠬᠤ ᠶᠢ ᠦᠨᠡᠨ ᠬᠦ ᠬᠥᠲᠥᠯᠦᠨ ᠵᠢᠯᠣᠭᠤᠳᠬᠤ ᠪᠠ ᠵᠣᠷᠢᠭᠵᠢᠭᠤᠯᠵᠤ᠂ ᠤᠯᠤᠰ ᠲᠥᠷᠥ ᠶᠢᠨ ᠣᠨᠣᠯ ᠤᠨ ᠬᠡᠮᠵᠢᠶ᠎ᠡ ᠪᠠᠨ ᠳᠡᠭᠡᠭᠰᠢᠯᠡᠭᠦᠯᠦᠨ᠂ ᠨᠠᠮᠴᠢ ᠴᠢᠨᠠᠷ ᠤᠨ ᠪᠣᠯᠪᠠᠰᠤᠷᠠᠯ ᠪᠠ ᠲᠤᠬᠠᠶᠢᠯᠠᠭᠰᠠᠨ ᠠᠵᠢᠯ ᠤᠨ ᠤᠷ᠎ᠠ ᠴᠢᠳᠠᠪᠤᠷᠢ ᠪᠠᠨ ᠳᠡᠭᠡᠭᠰᠢᠯᠡᠭᠦᠯᠵᠦ᠂ ᠰᠣᠷᠣᠭᠰᠠᠨ ᠢᠶᠠᠨ ᠬᠡᠷᠡᠭᠯᠡᠬᠦ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠬᠥᠭᠵᠢᠯᠲᠡ ᠶᠢ ᠠᠬᠢᠭᠤᠯᠬᠤ ᠶᠢ ᠦᠨᠡᠨ ᠬᠦ ᠪᠡᠶᠡᠯᠡᠭᠦᠯᠪᠡ᠃  ᠤᠯᠠᠨ ᠢᠶᠠᠷ ᠢᠶᠠᠨ᠂ ᠰᠤᠷᠤᠯᠴᠠᠨ ᠣᠶᠢᠯᠠᠭᠠᠬᠤ ᠳᠤᠮᠳᠠ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠬᠦᠴᠦᠯᠡᠨ ᠴᠢᠷᠮᠠᠶᠢᠵᠤ ᠦᠢᠯᠡᠰ ᠪᠦᠲᠦᠭᠡᠬᠦ ᠳᠤᠮᠳᠠ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠵᠦ᠂ ᠵᠣᠷᠢᠭᠲᠠᠢ ᠪᠠᠷ ᠤᠷᠤᠭᠰᠢᠯᠠᠨ ᠲᠠᠪᠰᠢᠬᠤ᠂ ᠬᠠᠷᠢᠭᠤᠴᠠᠯᠭ᠎ᠠ ᠡᠭᠦᠷᠭᠡᠯᠡᠨ ᠪᠣᠳᠠᠲᠠᠢ ᠠᠵᠢᠯᠯᠠᠬᠤ ᠴᠤᠭ ᠰᠦᠯᠳᠡ ᠪᠠᠨ ᠢᠮᠠᠭᠲᠠ ᠪᠠᠷᠢᠮᠲᠠᠯᠠᠵᠤ᠂ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤᠮᠳᠠ ᠷᠠᠳᠢᠣ᠋ ᠲᠧᠯᠸᠢᠰ ᠤᠨ ᠬᠥᠮᠦᠨ ᠤ ᠬᠦᠴᠦᠨ ᠴᠢᠳᠠᠯ ᠪᠣᠯᠤᠨ ᠡᠭᠦᠷᠭᠡᠯᠡᠯ ᠢ ᠢᠯᠡᠷᠡᠭᠦᠯᠬᠦ ᠬᠡᠷᠡᠭᠲᠡᠢ ᠭᠡᠵᠦ ᠢᠯᠡᠳᠬᠡᠵᠡᠭᠡᠪᠡ᠃︵ᠪᠢᠴᠢᠯ ᠳᠣᠯᠭᠢᠶᠠᠨ ᠤ ᠳᠠᠮᠵᠢᠭᠤᠯᠭ᠎ᠠ ᠶᠢᠨ ᠶᠡᠷᠦᠩᠬᠡᠢ ᠥᠷᠲᠡᠭᠡ︶ 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠷᠠᠳᠢᠤ᠋ ᠲᠧᠯᠸᠢᠰ ᠤᠨ ᠲᠤᠪᠴᠢᠶ᠎ᠠ