| | | | | | ᠰᠢᠨᠬᠤᠸᠠ ᠬᠤᠷᠢᠶᠠᠨ ᠤ ᠪᠡᠭᠡᠵᠢᠩ ᠤᠨ 7 ᠰᠠᠷ᠎ᠠ ᠶᠢᠨ 19 ᠤ ᠴᠠᠭᠢᠯᠭᠠᠨ ᠮᠡᠳᠡᠭᠡ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ 5 ᠰᠠᠷ᠎ᠠ ᠶᠢᠨ | 20 ᠤ ᠡᠳᠦᠷ ᠵᠥᠩ ᠨᠠᠨ ᠬᠠᠢ ᠳᠤ ᠨᠠᠮ ᠤᠨ ᠭᠠᠳᠠᠨᠠᠬᠢ ᠬᠥᠮᠥᠰ ᠤᠨ ᠶᠠᠷᠢᠯᠴᠠᠬᠤ ᠬᠤᠷᠠᠯ ᠬᠤᠷᠠᠯᠳᠤᠭᠤᠯᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ | ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶᠠᠨ ᠤ ᠲᠣᠭᠲᠠᠭᠠᠯ ᠤᠨ ᠲᠤᠬᠠᠢ ᠡᠯ᠎ᠡ ᠠᠷᠠᠳᠴᠢᠯᠠᠭᠰᠠᠨ ᠨᠠᠮ ᠪᠦᠯᠦᠭ ᠤᠨ ᠲᠥᠪ ᠬᠤᠷᠢᠶ᠎ᠠ᠂ ᠪᠦᠭᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ | ᠬᠠᠷᠢᠭᠤᠴᠠᠯᠭᠠᠲᠠᠨ ᠪᠠ ᠨᠠᠮ ᠪᠦᠯᠦᠭ ᠤᠨ ᠪᠤᠰᠤ ᠬᠥᠮᠥᠰ ᠤᠨ ᠲᠥᠯᠥᠭᠡᠯᠡᠭᠴᠢᠳ ᠤᠨ ᠰᠠᠨᠠᠯ ᠰᠠᠨᠠᠭᠤᠯᠭ᠎ᠠ ᠶᠢ ᠰᠣᠨᠣᠰᠪᠠ᠃ ᠨᠠᠮ ᠤᠨ ᠲᠥᠪ ᠬᠤᠷᠢᠶᠠᠨ ᠤ ᠶᠡᠷᠦᠩᠬᠡᠢ | ᠱᠦᠵᠢ ᠰᠢ ᠶᠢᠨ ᠫᠢᠩ ᠶᠠᠷᠢᠯᠴᠠᠬᠤ ᠬᠤᠷᠠᠯ ᠢ ᠡᠷᠭᠢᠯᠡᠭᠰᠡᠨ ᠪᠥᠭᠡᠳ ᠴᠢᠬᠤᠯᠠ ᠶᠠᠷᠢᠶ᠎ᠠ ᠲᠠᠯᠪᠢᠵᠤ᠂ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ | ᠬᠤᠷᠠᠯ ᠠᠴᠠ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠢ ᠬᠤᠷᠠᠯᠳᠤᠭᠤᠯᠬᠤ ᠪᠠᠷ ᠲᠣᠭᠲᠠᠵᠤ᠂ ᠥᠭᠡᠷᠡᠴᠢᠯᠡᠯᠲᠡ ᠶᠢ ᠤᠯᠠᠮ | ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠠᠰᠠᠭᠤᠳᠠᠯ ᠢ ᠭᠤᠣᠯᠳᠠᠯᠭ᠎ᠠ ᠲᠠᠢ | ᠰᠤᠳᠤᠯᠤᠨ ᠪᠠᠶᠢᠷᠢᠯᠠᠭᠤᠯᠬᠤ ᠶᠢᠨ ᠬᠠᠮᠲᠤ ᠲᠣᠭᠲᠠᠭᠠᠯ ᠭᠠᠷᠭᠠᠨ᠎ᠠ᠂ ᠡᠭᠦᠨ ᠢ ᠰᠢᠨ᠎ᠡ ᠠᠶᠠᠨ ᠳᠤ ᠨᠠᠮ ᠪᠠ ᠤᠯᠤᠰ ᠲᠤ ᠲᠤᠯᠭᠠᠷᠠᠵᠤ ᠪᠠᠶᠢᠭ᠎ᠠ ᠰᠢᠨ᠎ᠡ ᠪᠠᠶᠢᠳᠠᠯ ᠰᠢᠨ᠎ᠡ | ᠡᠭᠦᠷᠭᠡ ᠠᠴᠠ ᠪᠣᠳᠣᠯᠬᠢᠯᠠᠭᠰᠠᠨ ᠶᠤᠮ᠂ ᠵᠣᠷᠢᠯᠭ᠎ᠠ ᠨᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠢ ᠰᠢᠰᠲ᠋ᠧᠮ ᠲᠠᠢ ᠤᠬᠠᠭᠠᠯᠠᠨ | ᠲᠥᠯᠥᠪᠯᠡᠭᠡ ᠪᠠ ᠪᠠᠶᠢᠷᠢᠯᠠᠭᠤᠯᠤᠯᠲᠠ ᠬᠢᠵᠦ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠳᠤ ᠬᠦᠴᠦᠷᠬᠡᠭ ᠶᠡᠭᠡ ᠬᠥᠳᠡᠯᠭᠡᠭᠴᠢ ᠬᠦᠴᠦᠨ ᠪᠠ | ᠳᠦᠷᠢᠮ ᠤᠨ ᠪᠠᠲᠤᠯᠠᠭ᠎ᠠ ᠬᠠᠩᠭᠠᠬᠤ ᠶᠢᠨ ᠲᠥᠯᠥᠭᠡ ᠶᠤᠮ ᠭᠡᠵᠦ ᠴᠢᠬᠤᠯᠠᠴᠢᠯᠠᠪᠠ᠃ | ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ ᠸᠠᠩ ᠬᠤ᠋ ᠨᠢᠩ᠂ ᠼᠠᠢ ᠴᠢ᠂ ᠳ᠋ᠢᠩ ᠰᠢᠤᠸᠠᠢ ᠰᠢᠶᠠᠩ ᠶᠠᠷᠢᠯᠴᠠᠬᠤ | ᠬᠤᠷᠠᠯ ᠳᠤ ᠣᠷᠣᠯᠴᠠᠪᠠ᠃ | ᠶᠠᠷᠢᠯᠴᠠᠬᠤ ᠬᠤᠷᠠᠯ ᠳᠡᠭᠡᠷ᠎ᠡ᠂ ᠭᠤᠮᠢᠨᠳᠠᠩ ᠤᠨ ᠬᠤᠪᠢᠰᠬᠠᠯᠲᠤ ᠬᠤᠷᠢᠶ᠎ᠠ ᠶᠢᠨ ᠲᠥᠪ ᠬᠤᠷᠢᠶᠠᠨ ᠤ ᠲᠡᠷᠢᠭᠦᠯᠡᠭᠴᠢ ᠵᠧᠩ ᠵᠢᠶᠠᠨ ᠪᠠᠩ᠂ ᠠᠷᠠᠳᠴᠢᠯᠠᠭᠰᠠᠨ | ᠬᠤᠯᠪᠤᠭ᠎ᠠ ᠶᠢᠨ ᠲᠥᠪ ᠬᠤᠷᠢᠶᠠᠨ ᠤ ᠲᠡᠷᠢᠭᠦᠯᠡᠭᠴᠢ ᠳ᠋ᠢᠩ ᠵᠦᠩ ᠯᠢ᠂ ᠳᠤᠮᠳᠠᠳᠤ ᠤᠯᠤᠰ ᠤᠨ ᠠᠷᠠᠳᠴᠢᠯᠠᠯ ᠢᠶᠠᠷ ᠤᠯᠤᠰ ᠢᠶᠠᠨ ᠪᠠᠶᠢᠭᠤᠯᠬᠤ ᠬᠤᠷᠠᠯ ᠤᠨ ᠲᠥᠪ | ᠬᠤᠷᠢᠶᠠᠨ ᠤ ᠲᠡᠷᠢᠭᠦᠯᠡᠭᠴᠢ ᠬᠤᠤ ᠮᠢᠩ ᠶᠢᠨ᠂ ᠠᠷᠠᠳᠴᠢᠯᠠᠯ ᠢᠶᠠᠷ ᠠᠬᠢᠭᠤᠯᠬᠤ ᠬᠤᠷᠠᠯ ᠤᠨ ᠲᠥᠪ ᠬᠤᠷᠢᠶᠠᠨ ᠤ ᠲᠡᠷᠢᠭᠦᠯᠡᠭᠴᠢ ᠼᠠᠢ ᠳ᠋ᠠ ᠹᠧᠩ᠂ ᠲᠠᠷᠢᠶᠠᠴᠢᠨ | ᠠᠵᠢᠯᠴᠢᠨ ᠤ ᠠᠷᠠᠳᠴᠢᠯᠠᠭᠰᠠᠨ ᠨᠠᠮ ᠤᠨ ᠲᠥᠪ ᠬᠤᠷᠢᠶᠠᠨ ᠤ ᠲᠡᠷᠢᠭᠦᠯᠡᠭᠴᠢ ᠾᠧ ᠸᠧᠢ᠂ ᡁᠢᠭᠦ᠋ᠩᠳᠠᠩ ᠨᠠᠮ ᠤᠨ ᠲᠥᠪ ᠬᠤᠷᠢᠶᠠᠨ ᠤ ᠲᠡᠷᠢᠭᠦᠯᠡᠭᠴᠢ ᠵᠢᠶᠠᠩ ᠽᠦᠸᠧ | ᠵᠢᠶᠦ᠋ᠨ᠂ ︽9 · 3︾ ᠤ ᠡᠷᠳᠡᠮ ᠰᠢᠨᠵᠢᠯᠡᠭᠡᠨ ᠤ ᠨᠡᠶᠢᠭᠡᠮᠯᠢᠭ ᠤᠨ ᠲᠥᠪ ᠬᠤᠷᠢᠶᠠᠨ ᠤ ᠲᠡᠷᠢᠭᠦᠯᠡᠭᠴᠢ ᠦ᠋ ᠸᠧᠢ ᠬᠤᠸᠠ᠂ ᠲᠠᠶᠢᠸᠠᠨ ᠤ ᠠᠷᠠᠳᠴᠢᠯᠠᠯ ᠢᠶᠠᠷ ᠥᠪᠡᠷᠲᠡᠭᠡᠨ | ᠵᠠᠰᠠᠬᠤ ᠬᠤᠯᠪᠤᠭ᠎ᠠ ᠶᠢᠨ ᠲᠥᠪ ᠬᠤᠷᠢᠶᠠᠨ ᠤ ᠲᠡᠷᠢᠭᠦᠯᠡᠭᠴᠢ ᠰᠦ᠋ ᠬᠤᠢ᠂ ᠪᠦᠭᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ ᠲᠡᠷᠢᠭᠦᠯᠡᠭᠴᠢ ᠭᠤᠤ ᠶᠦᠨ | ᠯᠦᠩ᠂ ᠨᠠᠮ ᠪᠦᠯᠦᠭ ᠤᠨ ᠪᠤᠰᠤ ᠬᠥᠮᠥᠰ ᠤᠨ ᠲᠥᠯᠥᠭᠡᠯᠡᠭᠴᠢ ᠫᠢᠶᠣᠣ ᠱᠢ ᠯᠦᠩ ᠤᠷᠢᠳ ᠬᠤᠵᠢᠳ ᠦᠭᠡ ᠬᠡᠯᠡᠪᠡ᠃ ᠲᠡᠳᠡ ᠳᠤᠮᠳᠠᠳᠤ ᠤᠯᠤᠰ ᠤᠨ ᠡᠪ ᠬᠠᠮᠲᠤ | ᠨᠠᠮ ᠤᠨ ᠲᠥᠪ ᠬᠤᠷᠢᠶᠠᠨ ᠤ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢ ᠠᠬᠢᠭᠤᠯᠬᠤ ᠲᠣᠭᠲᠠᠭᠠᠯ ᠤᠨ ᠨᠣᠣᠷᠠᠭ ᠢ ᠪᠦᠷᠢᠮᠦᠰᠦᠨ ᠵᠥᠪᠰᠢᠶᠡᠷᠡᠵᠦ ᠪᠠᠶᠢᠬᠤ ᠪᠠᠨ ᠢᠯᠡᠳᠬᠡᠵᠦ᠂ ᠡᠨᠡ ᠨᠢ ᠥᠭᠡᠷᠡᠴᠢᠯᠡᠯᠲᠡ ᠶᠢ ᠤᠯᠠᠮ ᠨᠢᠭᠡ | ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠴᠢᠬᠤᠯᠠ ᠶᠡᠭᠡ ᠠᠷᠭ᠎ᠠ ᠬᠡᠮᠵᠢᠶ᠎ᠡ ᠶᠢ ᠰᠢᠨᠵᠢᠯᠡᠬᠦ ᠤᠬᠠᠭᠠᠨᠴᠢ ᠪᠠᠷ ᠤᠬᠠᠭᠠᠯᠠᠨ ᠲᠥᠯᠥᠪᠯᠡᠵᠦ᠂ ᠲᠡᠦᠬᠡ ᠶᠢᠨ ᠰᠢᠨ᠎ᠡ | ᠡᠭᠢᠯᠡᠯᠲᠡ᠂ ᠲᠡᠦᠬᠡ ᠶᠢᠨ ᠰᠢᠨ᠎ᠡ ᠣᠷᠣᠨ ᠪᠠᠶᠢᠷᠢ ᠳᠡᠭᠡᠷᠡᠬᠢ ᠥᠭᠡᠷᠡᠴᠢᠯᠡᠯᠲᠡ ᠶᠢᠨ ᠵᠢᠯᠤᠭᠤᠳᠬᠤ ᠦᠵᠡᠯ ᠰᠠᠨᠠᠭ᠎ᠠ᠂ ᠬᠠᠷᠠᠯᠲᠠ ᠵᠠᠷᠴᠢᠮ ᠪᠠ ᠭᠤᠣᠯᠳᠠᠯᠭ᠎ᠠ ᠲᠠᠢ ᠡᠭᠦᠷᠭᠡ | ᠵᠡᠷᠭᠡ ᠶᠢ ᠲᠣᠳᠣᠷᠬᠠᠶᠢᠯᠠᠵᠤ᠂ ᠴᠢᠬᠤᠯᠠ ᠶᠡᠭᠡ ᠣᠨᠣᠯ ᠤᠨ ᠠᠴᠢ ᠬᠤᠯᠪᠣᠭᠳᠠᠯ᠂ ᠦᠢᠯᠡᠳᠦᠯᠭᠡ ᠶᠢᠨ ᠠᠴᠢ ᠬᠤᠯᠪᠣᠭᠳᠠᠯ ᠪᠠ ᠴᠠᠭ ᠦᠶ᠎ᠡ ᠶᠢᠨ ᠠᠴᠢ ᠬᠤᠯᠪᠣᠭᠳᠠᠯ ᠲᠠᠢ | ᠭᠡᠵᠦ ᠰᠠᠨᠠᠯ ᠨᠢᠭᠡᠲᠡᠢ ᠦᠵᠡᠵᠡᠭᠡᠬᠦ ᠶᠢᠨ ᠬᠠᠮᠲᠤ ᠠᠵᠤ ᠠᠬᠤᠢ ᠶᠢᠨ ᠠᠮᠢᠵᠢᠷᠠᠯ ᠤᠨ ᠬᠦᠴᠦᠨ ᠢ ᠬᠥᠭᠵᠢᠭᠡᠬᠦ᠂ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢᠨ ᠰᠢᠨ᠎ᠡ | ᠪᠠᠶᠢᠷᠢᠰᠢᠯ ᠢ ᠪᠠᠶᠢᠭᠤᠯᠬᠤ᠂ ᠬᠥᠮᠥᠨ ᠠᠮᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ᠂ ᠡᠮ | ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠴᠢᠳᠠᠪᠤᠷᠢᠲᠠᠨ ᠢ ᠬᠥᠮᠥᠵᠢᠭᠦᠯᠬᠦ ᠲᠣᠭᠲᠠᠴᠠ ᠶᠢᠨ ᠴᠢᠨᠠᠷᠲᠠᠢ ᠬᠠᠷᠰᠢ | ᠰᠠᠭᠠᠳ ᠢ ᠠᠷᠢᠯᠭᠠᠬᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠡᠭᠦᠳᠦᠯᠲᠡ ᠲᠠᠢ ᠵᠣᠬᠢᠴᠠᠭᠰᠠᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠮᠥᠩᠭᠦᠨ | ᠭᠦᠢᠯᠭᠡᠭᠡᠨ ᠤ ᠰᠢᠰᠲ᠋ᠧᠮ ᠢ ᠪᠠᠶᠢᠭᠤᠯᠬᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠪᠣᠯᠣᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠠᠮᠵᠢᠯᠴᠠᠨ | ᠰᠢᠨ᠎ᠡ ᠶᠢ ᠡᠭᠦᠳᠬᠦ ᠶᠢ ᠠᠬᠢᠭᠤᠯᠬᠤ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠠᠬᠢᠭᠤᠯᠬᠤ᠂ ᠲᠠᠶᠢᠸᠠᠨ ᠬᠤᠭᠤᠯᠠᠢ ᠶᠢᠨ ᠬᠤᠶᠠᠷ ᠭᠦᠪᠡᠭᠡ ᠶᠢᠨ | ᠠᠭᠤᠰᠤᠯᠴᠠᠨ ᠬᠥᠭᠵᠢᠬᠦ ᠶᠢ ᠠᠬᠢᠭᠤᠯᠬᠤ ᠵᠡᠷᠭᠡ ᠲᠠᠯ᠎ᠠ ᠪᠠᠷ ᠰᠠᠨᠠᠯ ᠰᠠᠨᠠᠭᠤᠯᠭ᠎ᠠ ᠳᠤᠷᠠᠳᠪᠠ᠃ | ᠤᠯᠠᠨ ᠤ ᠬᠡᠯᠡᠬᠦ ᠶᠢ ᠨᠠᠷᠢᠨ ᠬᠢᠨᠠᠮᠠᠭᠠᠢ ᠰᠣᠨᠣᠰᠤᠭᠰᠠᠨ ᠤ ᠳᠠᠷᠠᠭ᠎ᠠ᠂ ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ᠃ ᠲᠡᠷᠡ ᠶᠠᠭᠤᠨ ᠤ ᠡᠮᠦᠨ᠎ᠡ ᠨᠠᠮ ᠤᠨ ᠲᠥᠪ | ᠬᠤᠷᠢᠶᠠᠨ ᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ | ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠢ ᠰᠤᠳᠤᠯᠬᠤ ᠪᠣᠳᠣᠯᠬᠢᠯᠠᠯ ᠪᠣᠯᠣᠨ ᠪᠢᠴᠢᠭ ᠮᠠᠲ᠋ᠧᠷᠢᠶᠠᠯ ᠢ | ᠲᠤᠭᠤᠷᠪᠢᠭᠰᠠᠨ ᠬᠤᠯᠪᠣᠭᠳᠠᠯ ᠪᠦᠬᠦᠢ ᠪᠠᠶᠢᠳᠠᠯ ᠢ ᠲᠠᠨᠢᠯᠴᠠᠭᠤᠯᠪᠠ᠃ ᠲᠡᠷᠡ᠂ ᠠᠷᠠᠳᠴᠢᠯᠠᠯ ᠢ ᠪᠠᠳᠠᠷᠠᠭᠤᠯᠵᠤ᠂ ᠤᠯᠠᠨ ᠤ ᠤᠶᠤᠨ ᠤᠬᠠᠭᠠᠨ ᠢ ᠲᠥᠪᠯᠡᠷᠡᠭᠦᠯᠵᠦ᠂ ᠡᠯ᠎ᠡ | ᠲᠠᠯ᠎ᠠ ᠶᠢᠨ ᠰᠠᠨᠠᠯ ᠢ ᠥᠷᠭᠡᠨ ᠢᠶᠠᠷ ᠰᠣᠨᠣᠰᠬᠤ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠠᠰᠠᠭᠤᠳᠠᠯ ᠢ ᠰᠤᠳᠤᠯᠬᠤ᠂ | ᠴᠢᠬᠤᠯᠠ ᠬᠤᠷᠠᠯ ᠤᠨ ᠪᠢᠴᠢᠭ ᠮᠠᠲ᠋ᠧᠷᠢᠶᠠᠯ ᠢ ᠲᠣᠭᠲᠠᠭᠠᠬᠤ ᠢᠮᠠᠭᠲᠠ ᠶᠢᠨ ᠠᠷᠭ᠎ᠠ ᠪᠠ ᠰᠢᠯᠢᠳᠡᠭ ᠤᠯᠠᠮᠵᠢᠯᠠᠯ ᠮᠥᠨ᠃ ᠨᠢᠳᠤᠨᠤᠨ ᠤ 12 ᠰᠠᠷ᠎ᠠ ᠳᠤ᠂ ᠳᠤᠮᠳᠠᠳᠤ | ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠪ ᠤᠨ ᠨᠢᠭᠡᠳᠦᠮᠡᠯ ᠹᠷᠣᠨᠲ ᠤᠨ ᠬᠡᠯᠲᠡᠰ ᠲᠤ ᠨᠠᠶᠢᠳᠠᠵᠤ ᠳᠤᠮᠳᠠᠳᠤ ᠤᠯᠤᠰ ᠤᠨ ᠡᠪ ᠬᠠᠮᠲᠤ ᠨᠠᠮ ᠤᠨ | ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠬᠤᠯᠪᠣᠭᠳᠠᠯ ᠪᠦᠬᠦᠢ ᠵᠥᠪᠯᠡᠬᠦ ᠵᠦᠢᠯ ᠤᠨ ᠲᠤᠬᠠᠢ ᠨᠠᠮ ᠤᠨ ᠭᠠᠳᠠᠨᠠᠬᠢ | ᠬᠥᠮᠥᠰ ᠤᠨ ᠰᠠᠨᠠᠯ ᠰᠠᠨᠠᠭᠤᠯᠭ᠎ᠠ ᠶᠢ ᠲᠤᠰᠬᠠᠶᠢᠯᠠᠨ ᠬᠤᠷᠢᠶᠠᠪᠠ᠂ ᠣᠯᠠᠨ ᠢᠶᠠᠷ ᠢᠶᠠᠨ ᠰᠢᠨ᠎ᠡ ᠴᠠᠭ ᠦᠶ᠎ᠡ ᠶᠢᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ | ᠦᠢᠯᠡᠳᠦᠯᠭᠡ ᠶᠢᠨ ᠲᠤᠷᠰᠢᠯᠭ᠎ᠠ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠶᠡᠷᠦᠩᠬᠡᠢ ᠬᠠᠷᠠᠯᠲᠠ᠂ ᠵᠢᠷᠤᠮᠯᠠᠬᠤ ᠴᠢᠬᠤᠯᠠᠲᠠᠢ ᠴᠢᠬᠤᠯᠠ ᠵᠠᠷᠴᠢᠮ᠂ | ᠡᠯ᠎ᠡ ᠬᠦᠷᠢᠶᠡᠨ ᠤ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠬᠠᠷᠠᠯᠲᠠ ᠡᠭᠦᠷᠭᠡ᠂ ᠴᠢᠬᠤᠯᠠ ᠶᠡᠭᠡ ᠠᠷᠭ᠎ᠠ ᠬᠡᠮᠵᠢᠶ᠎ᠡ᠂ ᠨᠠᠮ ᠤᠨ ᠭᠠᠳᠠᠨᠠᠬᠢ | ᠬᠥᠮᠥᠰ ᠤᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠳᠤᠮᠳᠠᠬᠢ ᠦᠢᠯᠡᠳᠦᠯ ᠢ ᠪᠠᠳᠠᠷᠠᠭᠤᠯᠬᠤ ᠵᠡᠷᠭᠡ ᠠᠰᠠᠭᠤᠳᠠᠯ ᠤᠨ ᠲᠣᠭᠤᠷᠢᠨ ᠳᠤ ᠴᠥᠭᠡᠨ ᠪᠤᠰᠤ | ᠦᠨ᠎ᠡ ᠥᠷᠲᠡᠭ ᠲᠠᠢ ᠰᠠᠨᠠᠯ ᠰᠠᠨᠠᠭᠤᠯᠭ᠎ᠠ ᠳᠤᠷᠠᠳᠴᠠᠢ᠃ ᠤᠯᠠᠨ ᠢᠶᠠᠷ ᠢᠶᠠᠨ ᠰᠠᠶ᠋ᠢ ᠶᠢᠨ ᠶᠠᠷᠢᠶᠠᠨ ᠳᠠᠭᠠᠨ ᠮᠠᠰᠢ ᠰᠠᠶᠢᠨ ᠰᠠᠨᠠᠯ ᠰᠠᠨᠠᠭᠤᠯᠭ᠎ᠠ ᠳᠤᠷᠠᠳᠪᠠ᠂ ᠪᠢᠳᠠ ᠨᠠᠷᠢᠨ | ᠬᠢᠨᠠᠮᠠᠭᠠᠢ ᠰᠤᠳᠤᠯᠤᠨ ᠰᠢᠩᠭᠡᠬᠡᠨ ᠠᠪᠤᠨ᠎ᠠ ᠭᠡᠵᠦ ᠵᠢᠭᠠᠵᠤ ᠭᠠᠷᠭᠠᠪᠠ᠃ ᠲᠡᠷᠡ ᠨᠠᠮ ᠤᠨ ᠲᠥᠪ ᠬᠤᠷᠢᠶᠠᠨ ᠤ ᠡᠮᠦᠨ᠎ᠡ ᠠᠴᠠ ᠤᠯᠠᠨ ᠳᠤ ᠲᠠᠯᠠᠷᠬᠠᠵᠤ ᠪᠠᠶᠢᠬᠤ ᠪᠠᠨ | ᠢᠯᠡᠳᠬᠡᠪᠡ᠃ | ᠰᠢ ᠶᠢᠨ ᠫᠢᠩ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠭᠡᠪᠡᠯ ᠠᠰᠠᠭᠤᠳᠠᠯ ᠳᠤ ᠰᠢᠭᠤᠳ ᠬᠠᠨᠳᠤᠬᠤ ᠬᠡᠷᠡᠭᠲᠡᠢ᠃ | ᠠᠰᠠᠭᠤᠳᠠᠯ ᠤᠨ ᠤᠬᠠᠮᠰᠠᠷ ᠢᠶᠠᠨ ᠴᠢᠩᠭᠠᠳᠬᠠᠵᠤ᠂ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠲᠣᠪᠤᠶᠢᠯᠭᠠᠨ᠂ ᠬᠥᠭᠵᠢᠯᠲᠡ ᠶᠢᠨ ᠬᠡᠷᠡᠭᠴᠡᠭᠡ ᠶᠢᠨ ᠲᠣᠭᠤᠷᠢᠨ ᠳᠤ᠂ | ᠠᠷᠠᠳ ᠤᠨ ᠰᠡᠳᠬᠢᠯ ᠤᠨ ᠬᠠᠨᠳᠤᠰᠢ ᠳᠤ ᠵᠣᠬᠢᠴᠠᠭᠤᠯᠤᠨ᠂ ᠴᠢᠨᠠᠷ ᠰᠠᠶᠢᠲᠠᠢ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠲᠦᠭᠵᠢᠷᠡᠯ ᠤᠨ ᠠᠰᠠᠭᠤᠳᠠᠯ᠂ ᠨᠡᠶᠢᠭᠡᠮ ᠤᠨ ᠲᠥᠪ | ᠭᠤᠤᠯᠴᠢ ᠰᠢᠳᠤᠷᠭᠤ ᠶᠣᠰᠣ ᠶᠢ ᠨᠥᠯᠥᠭᠡᠯᠡᠵᠦ ᠪᠠᠶᠢᠭ᠎ᠠ ᠬᠠᠯᠠᠮᠰᠢᠯ ᠠᠰᠠᠭᠤᠳᠠᠯ᠂ ᠠᠷᠠᠳ ᠤᠨ ᠠᠮᠢᠳᠤᠷᠠᠯ ᠤᠨ ᠲᠠᠯ᠎ᠠ ᠪᠠᠷ ᠬᠢ ᠬᠦᠴᠢᠷ ᠠᠰᠠᠭᠤᠳᠠᠯ᠂ ᠨᠠᠮ ᠤᠨ | ᠪᠠᠶᠢᠭᠤᠯᠤᠯᠲᠠ ᠶᠢᠨ ᠲᠣᠪᠣᠶᠢᠮ᠎ᠠ ᠠᠰᠠᠭᠤᠳᠠᠯ᠂ ᠡᠯ᠎ᠡ ᠬᠦᠷᠢᠶᠡᠨ ᠤ ᠠᠶᠤᠯ ᠲᠦᠭᠰᠢᠭᠦᠷᠢ ᠶᠢᠨ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠥᠭᠡᠷᠡᠴᠢᠯᠡᠯᠲᠡ ᠶᠢᠨ | ᠴᠢᠭᠯᠡᠭᠦᠯᠦᠯᠲᠦ ᠴᠢᠨᠠᠷ᠂ ᠪᠣᠳᠠᠲᠤ ᠦᠷ᠎ᠡ ᠪᠦᠲᠦᠮᠵᠢᠲᠦ ᠴᠢᠨᠠᠷ ᠢ ᠴᠢᠩᠭᠠᠳᠬᠠᠬᠤ ᠬᠡᠷᠡᠭᠲᠡᠢ᠃ ᠦᠩᠭᠡᠨ ᠲᠠᠯ᠎ᠠ ᠪᠠ ᠦᠨᠳᠦᠰᠦ ᠠᠴᠠ ᠨᠢ ᠵᠠᠰᠠᠬᠤ ᠶᠢ ᠪᠠᠷᠢᠮᠲᠠᠯᠠᠵᠤ᠂ | ᠦᠨᠳᠦᠰᠦ ᠠᠴᠠ ᠨᠢ ᠵᠠᠰᠠᠬᠤ ᠶᠢ ᠴᠢᠬᠤᠯᠠᠴᠢᠯᠠᠵᠤ᠂ ᠦᠷᠭᠦᠯᠵᠢᠯᠡᠨ ᠪᠦᠭᠦ ᠲᠠᠯ᠎ᠠ ᠳᠤ ᠬᠦᠴᠦ ᠣᠷᠣᠭᠤᠯᠤᠨ᠂ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠰᠢᠢᠳᠪᠦᠷᠢᠯᠡᠬᠦ ᠴᠢᠬᠤᠯᠠᠲᠠᠢ ᠲᠣᠪᠣᠶᠢᠮ᠎ᠠ ᠠᠰᠠᠭᠤᠳᠠᠯ ᠳᠤ ᠪᠦᠭᠦ ᠲᠠᠯ᠎ᠠ ᠪᠠᠷ ᠪᠦᠷᠬᠦᠭᠦᠯᠬᠦ ᠭᠡᠷᠡᠭᠲᠡᠢ︔ | ᠪᠠᠰᠠ ᠦᠷᠭᠦᠯᠵᠢᠯᠡᠨ ᠭᠦᠨᠵᠡᠭᠡᠶᠢᠷᠡᠭᠦᠯᠬᠦ ᠲᠠᠯ᠎ᠠ ᠪᠠᠷ ᠪᠣᠳᠠᠲᠤ ᠬᠦᠴᠦ ᠣᠷᠣᠭᠤᠯᠵᠤ᠂ ᠠᠵᠤ ᠠᠬᠤᠢ ᠶᠢᠨ ᠪᠠᠶᠢᠭᠤᠯᠤᠯ ᠭᠡᠬᠦ ᠡᠨᠡ ᠬᠦ ᠭᠤᠣᠯᠳᠠᠯᠭ᠎ᠠ ᠶᠢ ᠲᠤᠪᠤᠶᠢᠯᠭᠠᠵᠤ᠂ | ᠭᠦᠨ ᠳᠠᠪᠬᠤᠷᠭ᠎ᠠ ᠶᠢᠨ ᠪᠠᠶᠢᠭᠤᠯᠤᠯ ᠲᠣᠭᠲᠠᠴᠠ ᠶᠢᠨ ᠬᠠᠷᠰᠢ ᠰᠠᠭᠠᠳ ᠪᠣᠯᠣᠨ ᠪᠦᠲᠦᠴᠡ ᠶᠢᠨ ᠴᠢᠨᠠᠷᠲᠠᠢ ᠵᠥᠷᠢᠴᠡᠯ ᠢ ᠬᠦᠴᠦᠯᠡᠨ ᠠᠷᠢᠯᠭᠠᠬᠤ ᠬᠡᠷᠡᠭᠲᠡᠢ ᠭᠡᠵᠦ | ᠴᠢᠬᠤᠯᠠᠴᠢᠯᠠᠪᠠ᠃ | ᠰᠢ ᠶᠢᠨ ᠫᠢᠩ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠳᠤ ᠡᠷᠬᠡᠪᠰᠢ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ | ᠬᠡᠷᠡᠭᠲᠡᠢ᠃ ᠪᠦᠭᠦ ᠨᠠᠮ ᠪᠦᠭᠦ ᠤᠯᠤᠰ ᠤᠨ ᠠᠷᠠᠳ ᠲᠦᠮᠡᠨ ᠤ ᠢᠳᠡᠪᠬᠢᠵᠢᠯ᠂ ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ ᠢ ᠭᠦᠢᠴᠡᠳ ᠳᠠᠶᠢᠴᠢᠯᠠᠵᠤ᠂ ᠳᠤᠤᠭᠠᠷᠪᠠᠯ | ᠲᠠᠭᠤ ᠨᠢᠭᠡᠲᠡᠢ ᠳᠤᠭᠲᠤᠷᠪᠠᠯ ᠬᠦᠴᠦ ᠨᠢᠭᠡᠲᠡᠢ ᠪᠠᠶᠢᠬᠤ ᠬᠡᠷᠡᠭᠲᠡᠢ᠃ ᠪᠠᠶᠢᠴᠠᠭᠠᠨ ᠰᠤᠳᠤᠯᠤᠯᠲᠠ ᠶᠢ ᠶᠡᠭᠡ ᠪᠠᠷ ᠥᠷᠨᠢᠭᠦᠯᠵᠦ᠂ ᠤᠯᠠᠨ ᠲᠦᠮᠡᠨᠴᠢ ᠱᠤᠭᠤᠮ ᠢᠶᠠᠷ ᠰᠠᠶᠢᠲᠤᠷ | ᠵᠠᠮᠨᠠᠵᠤ᠂ ᠬᠡᠷᠡᠭᠴᠡᠭᠡ ᠱᠠᠭᠠᠷᠳᠠᠯᠭ᠎ᠠ ᠶᠢ ᠠᠷᠠᠳ ᠠᠴᠠ ᠠᠰᠠᠭᠤᠵᠤ᠂ ᠠᠷᠭ᠎ᠠ ᠪᠣᠳᠣᠯᠭ᠎ᠠ ᠶᠢ ᠠᠷᠠᠳ ᠠᠴᠠ ᠠᠰᠠᠭᠤᠵᠤ᠂ ᠦᠨᠳᠦᠰᠦᠨ ᠱᠠᠲᠤ ᠪᠣᠯᠣᠨ ᠤᠯᠠᠨ ᠲᠦᠮᠡᠨ ᠤ | ᠡᠭᠦᠳᠦᠨ ᠪᠦᠲᠦᠭᠡᠬᠦ ᠵᠣᠷᠢᠭ ᠰᠠᠨᠠᠭ᠎ᠠ ᠶᠢ ᠭᠦᠨᠳᠦᠳᠭᠡᠵᠦ᠂ ᠤᠯᠠᠨ ᠲᠦᠮᠡᠨ ᠤ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠶᠢᠭ᠎ᠠ ᠵᠦᠢᠯᠡᠰ ᠠᠴᠠ | ᠥᠭᠡᠷᠡᠴᠢᠯᠡᠯᠲᠡ ᠶᠢᠨ ᠬᠦᠴᠦᠯᠡᠬᠦ ᠴᠡᠭ ᠪᠣᠯᠣᠨ ᠰᠢᠪᠲᠤᠯᠤᠯᠲᠠ ᠶᠢᠨ ᠴᠡᠭ ᠢ ᠣᠨᠣᠪᠴᠢᠲᠠᠢ ᠡᠷᠢᠵᠦ ᠣᠯᠬᠤ ᠶᠢ ᠴᠢᠬᠤᠯᠠᠴᠢᠯᠠᠵᠤ᠂ ᠤᠯᠠᠨ ᠲᠦᠮᠡᠨ ᠤ ᠬᠦᠷᠲᠡᠮᠵᠢ ᠶᠢᠨ | ᠲᠥᠷᠥᠭᠳᠡᠯ᠂ ᠬᠠᠮᠲᠤ ᠶᠢᠨ ᠲᠠᠨᠢᠯᠲᠠ ᠶᠢ ᠨᠡᠮᠡᠭᠳᠡᠭᠦᠯᠬᠦ ᠬᠡᠷᠡᠭᠲᠡᠢ᠃ ᠠᠷᠠᠳᠴᠢᠯᠠᠯ ᠢ ᠪᠠᠳᠠᠷᠠᠭᠤᠯᠬᠤ᠂ ᠲᠦᠮᠡᠨ ᠤ ᠰᠠᠨᠠᠯ ᠢ ᠠᠪᠴᠤ ᠣᠯᠠᠨ ᠤ ᠤᠬᠠᠭᠠᠨ ᠢ | ᠲᠥᠪᠯᠡᠷᠡᠭᠦᠯᠬᠦ ᠶᠢ ᠪᠠᠷᠢᠮᠲᠠᠯᠠᠨ᠂ ᠥᠭᠡᠷᠡᠴᠢᠯᠡᠯᠲᠡ ᠶᠢᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠰᠢᠨᠵᠢᠯᠡᠬᠦ ᠤᠬᠠᠭᠠᠨᠴᠢ ᠴᠢᠨᠠᠷ ᠪᠣᠯᠣᠨ ᠥᠭᠡᠷᠡᠴᠢᠯᠡᠯᠲᠡ ᠶᠢ | ᠨᠠᠶᠢᠳᠠᠪᠤᠷᠢᠵᠢᠭᠤᠯᠬᠤ ᠶᠢᠨ ᠬᠡᠷᠡᠭᠵᠢᠭᠦᠯᠬᠦ ᠬᠦᠴᠦᠨ ᠢ ᠨᠡᠮᠡᠭᠳᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠥᠭᠡᠷᠡᠴᠢᠯᠡᠯᠲᠡ ᠶᠢ ᠲᠥᠯᠥᠪᠵᠢᠭᠦᠯᠦᠨ ᠠᠬᠢᠭᠤᠯᠬᠤ ᠳᠤ ᠡᠷᠬᠡᠪᠰᠢ ᠰᠢᠰᠲ᠋ᠧᠮ ᠤᠨ ᠦᠵᠡᠯᠲᠡ᠂ ᠪᠦᠭᠦ ᠲᠠᠯ᠎ᠠ ᠶᠢᠨ ᠦᠵᠡᠯᠲᠡ ᠶᠢ ᠪᠠᠷᠢᠮᠲᠠᠯᠠᠵᠤ᠂ | ᠪᠠᠶᠢᠯᠳᠤᠬᠤ ᠪᠣᠳᠣᠯᠭ᠎ᠠ ᠶᠢᠨ ᠰᠡᠳᠬᠢᠬᠦᠢ᠂ ᠬᠤᠪᠢᠰᠤᠩᠭᠤᠢ ᠰᠡᠳᠬᠢᠬᠦᠢ ᠶᠢ ᠴᠢᠩᠭᠠᠳᠬᠠᠵᠤ᠂ ᠬᠥᠩᠭᠡᠨ ᠬᠦᠨᠳᠦ ᠠᠯᠭᠤᠷ ᠪᠠᠴᠢᠮ ᠢ ᠬᠤᠪᠢᠶᠠᠵᠤ᠂ ᠰᠢᠰᠲ᠋ᠧᠮ ᠤᠨ | ᠬᠤᠷᠠᠮᠠᠯ ᠢ ᠨᠡᠩ ᠢᠯᠡᠭᠦᠦ ᠴᠢᠬᠤᠯᠠᠴᠢᠯᠠᠬᠤ ᠬᠡᠷᠡᠭᠲᠡᠢ᠃ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠵᠣᠬᠢᠴᠠᠭᠤᠯᠤᠨ ᠢᠵᠢ ᠪᠦᠷᠢᠳᠦᠭᠦᠯᠬᠦ ᠶᠢ ᠴᠢᠩᠭᠠᠳᠬᠠᠵᠤ᠂ ᠡᠯ᠎ᠡ | ᠬᠦᠷᠢᠶ᠎ᠡ ᠡᠯ᠎ᠡ ᠲᠠᠯ᠎ᠠ ᠶᠢᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢᠨ ᠢᠵᠢᠯ ᠴᠢᠭᠯᠡᠯ ᠢᠶᠠᠷ ᠬᠦᠴᠦᠯᠡᠬᠦ ᠶᠢ ᠠᠬᠢᠭᠤᠯᠵᠤ᠂ ᠪᠦᠬᠦᠯᠢ ᠴᠣᠭᠴᠠ ᠶᠢᠨ ᠦᠷ᠎ᠡ ᠠᠰᠢᠭ ᠢ | ᠴᠢᠩᠭᠠᠳᠬᠠᠬᠤ ᠬᠡᠷᠡᠭᠲᠡᠢ᠃ ᠬᠠᠮᠢᠶ᠎ᠠ ᠪᠦᠬᠦᠢ ᠭᠠᠵᠠᠷ ᠣᠷᠣᠨ᠂ ᠬᠠᠮᠢᠶ᠎ᠠ ᠪᠦᠬᠦᠢ ᠰᠠᠯᠠᠭ᠎ᠠ ᠮᠥᠴᠢᠷ᠂ ᠬᠠᠮᠢᠶ᠎ᠠ ᠪᠦᠬᠦᠢ ᠬᠦᠷᠢᠶᠡᠨ ᠳᠤ ᠥᠭᠡᠷᠡᠴᠢᠯᠡᠯᠲᠡ ᠶᠢ ᠠᠬᠢᠭᠤᠯᠬᠤ | ᠬᠠᠮᠲᠤᠷᠠᠯ ᠬᠦᠴᠦᠨ ᠢ ᠪᠦᠷᠢᠯᠳᠦᠭᠦᠯᠵᠦ᠂ ᠬᠤᠪᠢ ᠬᠤᠪᠢᠨ ᠤ ᠪᠤᠳᠤᠬᠰᠠᠨ ᠢᠶᠠᠷ ᠢᠶᠠᠨ ᠬᠢᠵᠦ᠂ ᠬᠠᠷᠢᠯᠴᠠᠨ ᠬᠠᠷᠰᠢᠯᠠᠬᠤ ᠶᠢ ᠡᠷᠡᠰ ᠰᠡᠷᠭᠡᠶᠢᠯᠡᠨ ᠲᠡᠪᠴᠢᠬᠦ ᠬᠡᠷᠡᠭᠲᠡᠢ ᠭᠡᠵᠦ | ᠴᠢᠬᠤᠯᠠᠴᠢᠯᠠᠪᠠ᠃ | ᠰᠢ ᠶᠢᠨ ᠫᠢᠩ᠂ ᠥᠭᠡᠷᠡᠴᠢᠯᠡᠯᠲᠡ ᠬᠢᠬᠦ ᠳᠤ ᠲᠥᠯᠦᠪᠵᠢᠭᠦᠯᠭᠡ ᠬᠢᠬᠦ ᠶᠢ ᠴᠢᠬᠤᠯᠠᠴᠢᠯᠠᠵᠤ᠂ ᠨᠠᠶᠢᠳᠠᠪᠤᠷᠢᠵᠢᠭᠤᠯᠤᠯᠲᠠ ᠶᠢ ᠨᠡᠩ ᠰᠠᠶᠢᠲᠤᠷ ᠠᠳᠬᠤᠬᠤ ᠬᠡᠷᠡᠭᠲᠡᠢ᠃ | ᠬᠠᠳᠠᠭᠠᠰᠤ ᠬᠠᠳᠠᠬᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠠᠵᠢᠯ ᠤᠨ ᠪᠦᠲᠦᠮᠵᠢ ᠶᠢᠨ ᠲᠤᠬᠠᠢ ᠵᠥᠪ ᠦᠵᠡᠯᠲᠡ ᠶᠢ ᠪᠤᠢ ᠪᠣᠯᠭᠠᠨ ᠦᠢᠯᠡᠳᠦᠯᠭᠡᠵᠢᠭᠦᠯᠵᠦ᠂ ᠪᠣᠳᠠᠲᠤ | ᠪᠠᠶᠢᠳᠠᠯ ᠢ ᠪᠠᠶᠢᠴᠠᠭᠠᠨ᠂ ᠪᠣᠳᠠᠲᠠᠢ ᠠᠷᠭ᠎ᠠ ᠭᠠᠷᠭᠠᠵᠤ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠨ᠂ ᠭᠡᠯᠪᠡᠷᠢ ᠶᠢᠨ ᠦᠵᠡᠯ ᠢ ᠡᠷᠡᠰ ᠰᠡᠷᠭᠡᠶᠢᠯᠡᠨ ᠲᠡᠪᠴᠢᠵᠦ᠂ ᠥᠩᠭᠡᠪᠴᠢ | ᠲᠡᠳᠦᠢ ᠳᠦᠷᠢ ᠲᠥᠷᠬᠦ ᠶᠢᠨ ᠢᠨᠵᠧᠨᠧᠷᠢᠩ᠂ ᠠᠷᠠᠳ ᠢ ᠵᠦᠳᠡᠭᠡᠵᠦ ᠡᠳ᠋ ᠢ ᠰᠦᠢᠳᠬᠡᠬᠦ ᠠᠵᠢᠯ ᠤᠨ ᠠᠮᠵᠢᠯᠲᠠ ᠶᠢᠨ ᠢᠨᠵᠧᠨᠧᠷᠢᠩ ᠢ ᠬᠢᠬᠦ ᠶᠢ ᠡᠷᠡᠰ ᠴᠡᠭᠡᠷᠯᠡᠬᠦ ᠬᠡᠷᠡᠭᠲᠡᠢ᠃ | ᠬᠡᠷᠡᠭᠵᠢᠭᠦᠯᠬᠦ ᠲᠥᠰᠥᠯ ᠢ ᠰᠠᠶᠢᠲᠤᠷ ᠲᠣᠭᠲᠠᠭᠠᠵᠤ᠂ ᠨᠠᠷᠢᠯᠢᠭ ᠣᠨᠣᠴᠠᠲᠠᠢ ᠪᠠᠷ ᠠᠷᠭ᠎ᠠ ᠪᠣᠳᠣᠯᠭ᠎ᠠ ᠬᠡᠷᠡᠭᠵᠢᠭᠦᠯᠦᠨ᠂ ᠴᠠᠭ ᠲᠤᠨᠢ ᠲᠣᠬᠢᠷᠠᠭᠤᠯᠤᠨ ᠲᠣᠬᠢᠷᠠᠮᠵᠢᠲᠠᠢ | ᠪᠠᠶᠢᠯᠭᠠᠵᠤ᠂ ᠴᠢᠳᠠᠯ ᠤᠨ ᠬᠢᠷᠢ ᠪᠠᠷ ᠢᠶᠠᠨ ᠴᠢᠷᠮᠠᠶᠢᠨ ᠬᠢᠵᠦ᠂ ᠪᠣᠳᠠᠲᠠᠢ ᠠᠴᠠ ᠰᠠᠯᠤᠩᠭᠢᠷᠠᠬᠤ ᠶᠢ ᠴᠢᠩᠭ᠎ᠠ ᠴᠡᠭᠡᠷᠯᠡᠬᠦ ᠬᠡᠷᠡᠭᠲᠡᠢ᠃ ᠲᠣᠭᠲᠠᠭᠤᠨ ᠪᠠᠶᠢᠯᠭᠠᠬᠤ ᠶᠢᠨ ᠵᠡᠷᠭᠡ ᠳᠤ | ᠤᠷᠤᠭᠰᠢᠯᠠᠭᠤᠯᠬᠤ ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠵᠤ᠂ ᠤᠷᠢᠳᠠᠪᠠᠷ ᠰᠢᠨ᠎ᠡ ᠶᠢ ᠪᠠᠶᠢᠭᠤᠯᠤᠨ ᠰᠡᠭᠦᠯᠡᠷ ᠨᠢ ᠬᠠᠭᠤᠴᠢᠨ ᠢ ᠡᠪᠳᠡᠬᠦ ᠶᠢ ᠴᠢᠬᠤᠯᠠᠴᠢᠯᠠᠵᠤ᠂ | ᠪᠠᠶᠢᠭᠤᠯᠤᠭᠠᠳᠤᠢ ᠪᠠᠷ ᠤᠷᠢᠳᠠᠪᠠᠷ ᠡᠪᠳᠡᠵᠦ ᠪᠤᠯᠬᠤ ᠦᠭᠡᠢ᠃ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ᠬᠠᠷᠢᠭᠤᠴᠠᠯᠭ᠎ᠠ ᠶᠢ ᠴᠢᠩᠭᠠᠳᠬᠠᠨ | ᠪᠣᠳᠠᠲᠠᠶᠢᠵᠢᠭᠤᠯᠵᠤ᠂ ᠡᠯ᠎ᠡ ᠱᠠᠲᠤᠨ ᠤ ᠤᠳᠤᠷᠢᠳᠬᠤ ᠪᠠᠭ ᠪᠣᠯᠣᠨ ᠤᠳᠤᠷᠢᠳᠬᠤ ᠺᠠᠳ᠋ᠷ ᠤᠨ ᠥᠭᠡᠷᠡᠴᠢᠯᠡᠯᠲᠡ ᠶᠢ ᠨᠠᠶᠢᠳᠠᠪᠤᠷᠢᠵᠢᠭᠤᠯᠬᠤ ᠴᠢᠳᠠᠪᠤᠷᠢ ᠪᠣᠯᠣᠨ ᠲᠦᠪᠰᠢᠨ ᠢ | ᠳᠡᠭᠡᠭᠰᠢᠯᠡᠭᠦᠯᠵᠦ᠂ ᠨᠠᠮ ᠤᠨ ᠲᠥᠪ ᠬᠤᠷᠢᠶᠠᠨ ᠤ ᠥᠭᠡᠷᠡᠴᠢᠯᠡᠯᠲᠡ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢᠨ ᠪᠣᠳᠠᠲᠤ ᠦᠷ᠎ᠡ ᠪᠦᠲᠦᠮᠵᠢ ᠣᠯᠬᠤ ᠶᠢ | ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠯᠢ ᠭᠠᠨ ᠵᠢᠶᠧ᠂ ᠯᠢ ᠱᠤ᠋ ᠯᠧᠢ᠂ ᠯᠢ ᠬᠤᠩ ᠵᠥᠩ᠂ ᠾᠧ ᠯᠢ ᠹᠧᠩ᠂ ᠵᠠᠩ ᠭᠦᠸᠧ ᠴᠢᠩ᠂ ᠴᠧᠨ ᠸᠧᠨ ᠴᠢᠩ᠂ ᠸᠠᠩ ᠰᠢᠶᠣᠣ ᠬᠤᠩ᠂ ᠮᠦ ᠬᠤᠩ᠂ | ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠶᠠᠷᠢᠯᠴᠠᠬᠤ ᠬᠤᠷᠠᠯ ᠳᠤ ᠣᠷᠣᠯᠴᠠᠪᠠ | ᠃ | ᠶᠠᠷᠢᠯᠴᠠᠬᠤ ᠬᠤᠷᠠᠯ ᠳᠤ ᠣᠷᠣᠯᠴᠠᠬᠰᠠᠨ ᠨᠠᠮ ᠤᠨ ᠭᠠᠳᠠᠨᠠᠬᠢ ᠬᠥᠮᠥᠰ ᠲᠤ ᠪᠠᠰᠠ ᠱᠤᠤ ᠬᠤᠩ᠂ ᠾᠧ ᠪᠦᠦ ᠰᠢᠶᠠᠩ᠂ ᠸᠠᠩ ᠭᠤᠸᠠᠩ ᠴᠢᠶᠠᠨ᠂ ᠴᠢᠨ ᠪᠦᠸᠧ | ᠶᠦᠩ᠂ ᠵᠦ ᠶᠦᠩ ᠰᠢᠨ᠂ ᠶᠠᠩ ᠵᠧᠨ ᠪᠣᠯᠣᠨ ᠵᠠᠩ ᠧᠨ ᠳ᠋ᠢ᠂ ᠵᠢᠶᠠᠩ ᠯᠢ ᠫᠢᠩ᠂ ᠹᠠᠩ ᠭᠤᠸᠠᠩ ᠬᠤᠸᠠ᠂ ᠶᠠᠩ ᠬᠤᠸᠠ ᠶᠦᠩ ᠨᠠᠷ ᠪᠤᠢ᠃ | | | |