ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠬᠤᠷᠠᠯ ᠬᠤᠷᠠᠯᠳᠤᠭᠤᠯᠵᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ
ᠨᠡᠶᠢᠲᠡᠯᠡᠭᠰᠡᠨ ᠴᠠᠭ᠄
2024/7/22
  7 ᠳ᠋ᠤᠭᠠᠷ ᠰᠠᠷ᠎ᠠ ᠶᠢᠨ 22 ᠤᠨ ᠡᠳᠦᠷ᠂ ᠮᠠᠨ ᠤ ᠲᠣᠪᠴᠢᠶ᠎ᠠ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠭᠤᠯᠵᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ᠂ ᠶᠡᠷᠦᠩᠬᠡᠶ ᠢᠨᠵᠧᠨᠧᠷ᠂ ᠪᠠᠶᠢᠭᠤᠯᠭ᠎ᠠ ᠶᠢᠨ ᠡᠯ᠎ᠡ ᠭᠠᠵᠠᠷ ᠲᠠᠰᠤᠭ᠂ ᠲᠣᠪᠴᠢᠶ᠎ᠠ ᠶᠢᠨ ᠬᠠᠷᠢᠶ᠎ᠠ ᠡᠯ᠎ᠡ ᠨᠢᠭᠡᠴᠢ ᠶᠢᠨ ᠭᠤᠤᠯ ᠬᠠᠷᠢᠭᠤᠴᠠᠯᠭᠠᠲᠠᠨ ᠣᠷᠣᠯᠴᠠᠵᠠᠶ᠃  ᠬᠤᠷᠠᠯ ᠠᠴᠠ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠤᠯᠤᠰ ᠲᠦᠷᠦ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠨᠢᠭᠡ ᠳᠤ ᠨᠠᠷᠢᠨ ᠬᠢᠨᠠᠮᠠᠭᠠᠶ ᠰᠤᠷᠤᠯᠴᠠᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠲᠥᠪᠯᠡᠷᠡᠭᠦᠯᠦᠨ ᠰᠤᠷᠤᠯᠴᠠᠵᠤ ᠰᠤᠳᠤᠯᠤᠨ ᠶᠠᠷᠢᠯᠴᠠᠬᠤ᠂ ᠬᠤᠪᠢ ᠬᠥᠮᠦᠨ ᠥᠪᠡᠷ ᠢᠶᠠᠨ ᠰᠤᠷᠤᠯᠴᠠᠬᠤ ᠵᠡᠷᠭᠡ ᠤᠯᠠᠨ ᠵᠦᠢᠯ ᠤᠨ ᠠᠷᠭ᠎ᠠ ᠬᠡᠯᠪᠡᠷᠢ ᠠᠪᠴᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ᠂ ᠣᠨᠴᠠᠭᠠᠶᠢᠯᠠᠨ ᠶᠡᠷᠦᠩᠬᠡᠢ ᠱᠦᠵᠢ ᠰᠢ ᠶᠢᠨ ᠫᠢᠩ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠢ ᠠᠯᠢ ᠤᠯᠠᠨ ᠰᠢᠨ᠎ᠡ ᠦᠵᠡᠯ ᠰᠠᠨᠠᠭ᠎ᠠ᠂ ᠰᠢᠨ᠎ᠡ ᠦᠵᠡᠯᠲᠡ᠂ ᠰᠢᠨ᠎ᠡ ᠨᠤᠲᠠᠯᠠᠯᠲᠠ ᠶᠢ ᠭᠦᠨᠵᠡᠭᠡᠢ ᠰᠤᠷᠤᠯᠴᠠᠵᠤ᠂ ᠦᠵᠡᠯ ᠰᠠᠨᠠᠭ᠎ᠠ ᠪᠠᠨ ᠨᠢᠭᠡᠳᠬᠡᠵᠦ᠂ ᠲᠠᠨᠢᠯᠲᠠ ᠪᠠᠨ ᠨᠢᠭᠡᠳᠬᠡᠵᠦ᠂ ᠠᠯᠬᠤᠮ ᠢᠶᠠᠨ ᠨᠢᠭᠡᠳᠬᠡᠵᠦ᠂ ᠠᠵᠢᠯᠯᠠᠭ᠎ᠠ ᠪᠠᠨ ᠨᠢᠭᠡᠳᠬᠡᠵᠦ᠂ ᠲᠤᠭᠤᠰᠢᠯᠠᠭᠤᠯᠤᠨ ᠬᠡᠷᠡᠭᠵᠢᠭᠦᠯᠬᠦ ᠶᠢ ᠰᠠᠶᠢᠲᠤᠷ ᠠᠳᠬᠤᠬᠤ ᠬᠡᠷᠡᠭᠲᠡᠢ᠃ ᠬᠤᠶᠠᠷ ᠲᠤ᠂ ᠥᠷᠭᠡᠨ ᠢᠶᠠᠷ ᠤᠬᠠᠭᠤᠯᠬᠤ ᠬᠡᠷᠡᠭᠲᠡᠢ᠃ ᠶᠡᠷᠦᠩᠬᠡᠢ ᠲᠣᠪᠴᠢᠶ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠤᠨ ᠠᠵᠢᠯ ᠤᠨ ᠪᠠᠶᠢᠷᠢᠯᠠᠭᠤᠯᠤᠯᠲᠠ ᠶᠣᠰᠣᠭᠠᠷ ᠂ ᠷᠠᠳᠢᠣ᠋ ᠲᠧᠯᠸᠢᠰ ᠤᠨ ᠤᠬᠠᠭᠤᠯᠭ᠎ᠠ ᠶᠢᠨ ᠡᠭᠦᠷᠭᠡ ᠴᠢᠳᠠᠪᠬᠢ ᠶᠢᠨ ᠦᠢᠯᠡᠳᠦᠯ ᠢ ᠦᠨᠡᠨ ᠬᠦ ᠪᠠᠳᠠᠷᠠᠭᠤᠯᠵᠤ᠂ ᠪᠦᠬᠦ ᠣᠷᠣᠨ ᠤ ᠤᠬᠠᠭᠤᠯᠭ᠎ᠠ ᠶᠢᠨ ᠲᠣᠭᠲᠠᠮᠠᠯ ᠬᠤᠷᠠᠯ ᠵᠡᠷᠭᠡ ᠠᠵᠢᠯ ᠤᠨ ᠲᠣᠭᠲᠠᠴᠠ ᠶᠢ ᠰᠠᠶᠢᠲᠤᠷ ᠠᠰᠢᠭᠯᠠᠵᠤ᠂ ᠥᠪᠥᠷ ᠮᠣᠩᠭᠤᠯ ᠤᠨ ᠷᠠᠳᠢᠣ᠋ ᠲᠧᠯᠸᠢᠰ ᠤᠨ ᠰᠢᠨ᠎ᠡ ᠵᠠᠭᠤᠴᠢᠯᠠᠭᠤᠷ ᠤᠨ ᠬᠠᠮᠲᠤᠷᠠᠨ ᠤᠬᠠᠭᠤᠯᠬᠤ ᠵᠢᠭᠰᠠᠭᠠᠯ ᠤᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠪᠦᠬᠦ ᠣᠷᠣᠨ ᠤ ᠡᠯ᠎ᠡ ᠱᠠᠲᠤᠨ ᠤ ᠷᠠᠳᠢᠣ᠋ ᠲᠧᠯᠸᠢᠰ ᠪᠣᠯᠣᠨ ᠰᠦᠯᠵᠢᠶᠡᠨ ᠤ ᠦᠵᠡᠵᠦ ᠰᠣᠨᠣᠰᠬᠤ ᠵᠠᠭᠤᠴᠢᠯᠠᠭᠤᠷ ᠤᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ᠂ ᠣᠨᠣᠪᠴᠢᠲᠠᠢ᠂ ᠭᠦᠨᠵᠡᠭᠡᠢ ᠤᠬᠠᠭᠤᠯᠬᠤ ᠶᠢ ᠵᠢᠯᠤᠭᠤᠳᠴᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠭᠤᠣᠯ ᠰᠡᠳᠦᠪ᠂ ᠴᠢᠬᠤᠯᠠ ᠶᠡᠭᠡ ᠵᠠᠷᠴᠢᠮ᠂ ᠴᠢᠬᠤᠯᠠ ᠶᠡᠭᠡ ᠠᠷᠭ᠎ᠠ ᠬᠡᠮᠵᠢᠶ᠎ᠡ᠂ ᠦᠨᠳᠦᠰᠦᠨ ᠪᠠᠲᠤᠯᠠᠭ᠎ᠠ ᠶᠢ ᠶᠡᠬᠡᠪᠡᠷ ᠤᠬᠠᠭᠤᠯᠵᠤ᠂ ᠭᠤᠣᠯ ᠰᠡᠳᠦᠪᠲᠦ ᠰᠢᠯᠢᠳᠡᠭ ᠫᠷᠤᠭ᠍ᠷᠠᠮ ᠢ ᠦᠷᠭᠦᠯᠵᠢᠯᠡᠨ ᠭᠠᠷᠭᠠᠵᠤ᠂ ᠰᠢᠨ᠎ᠡ ᠵᠠᠭᠤᠴᠢᠯᠠᠭᠤᠷ ᠤᠨ ᠠᠭᠤᠯᠭ᠎ᠠ ᠶᠢᠨ ᠬᠠᠩᠭᠠᠯᠭ᠎ᠠ ᠶᠢ ᠴᠢᠩᠭᠠᠳᠬᠠᠵᠤ᠂ ᠭᠤᠣᠯ ᠤᠷᠤᠰᠬᠠᠯ ᠤᠨ ᠦᠵᠡᠯ ᠰᠠᠨᠠᠭ᠎ᠠ ᠶᠠᠷᠢᠶ᠎ᠠ ᠬᠡᠯᠡᠯᠴᠡᠭᠡ ᠶᠢ ᠲᠠᠰᠤᠷᠠᠯᠲᠠ ᠦᠭᠡᠢ ᠪᠤᠵᠠᠭᠠᠶᠢᠷᠠᠭᠤᠯᠵᠤ᠂ ᠪᠦᠬᠦ ᠣᠷᠣᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠠᠬᠢᠭᠤᠯᠬᠤ ᠳᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠨ᠎ᠠ᠃ ᠭᠤᠷᠪᠠ ᠳᠤ ᠪᠦᠬᠦ ᠲᠠᠯ᠎ᠠ ᠪᠠᠷ ᠲᠤᠭᠤᠰᠢᠯᠠᠭᠤᠯᠬᠤ ᠭᠡᠷᠡᠭᠲᠠᠢ᠃ ᠰᠢᠨ᠎ᠡ ᠪᠠᠶᠢᠳᠠᠯ ᠳᠣᠣᠷ᠎ᠠ ᠠᠵᠢᠯ ᠲᠦᠷᠦᠯ ᠤᠨ ᠴᠢᠨᠠᠷ ᠰᠠᠶᠢᠲᠠᠢ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠪᠠᠶᠢᠭᠤᠯᠤᠮᠵᠢ ᠲᠣᠭᠲᠠᠴᠠ ᠶᠢᠨ ᠠᠰᠠᠭᠤᠳᠠᠯ ᠤᠨ ᠲᠣᠭᠤᠷᠢᠨ ᠳᠤ ᠭᠦᠨᠵᠡᠭᠡᠢ ᠪᠠᠶᠢᠴᠠᠭᠠᠨ ᠰᠤᠳᠤᠯᠤᠯᠲᠠ ᠬᠢᠵᠦ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠨᠠᠶᠢᠷᠠᠭᠤᠯᠤᠨ ᠲᠤᠭᠤᠷᠪᠢᠬᠤ ᠠᠵᠢᠯ ᠢ ᠰᠠᠶᠢᠲᠤᠷ ᠠᠳᠬᠤᠬᠤ ᠬᠡᠷᠡᠭᠲᠡᠢ︔ ︽ᠬᠤᠣᠰ ᠵᠠᠰᠠᠯᠲᠠ︾ ᠶᠢᠨ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠵᠠᠰᠠᠯᠲᠠ ᠶᠢᠨ ᠦᠷ᠎ᠡ ᠪᠦᠲᠦᠮᠵᠢ ᠶᠢ ᠥᠷᠭᠡᠳᠬᠡᠬᠦ ᠬᠡᠷᠡᠭᠲᠡᠢ︔ ᠪᠥᠬᠦ ᠣᠷᠣᠨ ᠤ ᠰᠢᠨ᠎ᠡ ᠵᠠᠭᠤᠴᠢᠯᠠᠭᠤᠷ ᠤᠨ ᠴᠢᠬᠤᠯᠠ ᠶᠡᠭᠡ ᠤᠬᠠᠭᠤᠯᠭ᠎ᠠ ᠶᠢᠨ ᠲᠣᠭᠲᠠᠴᠠ ᠶᠢ ᠦᠷᠭᠦᠯᠵᠢᠯᠡᠨ ᠪᠦᠷᠢᠨᠰᠢᠬᠦᠯᠵᠦ᠂ ᠵᠠᠭᠤᠴᠢᠯᠠᠭᠤᠷ ᠤᠨ ᠠᠭᠤᠰᠤᠯᠴᠠᠯ ᠢ ᠰᠢᠨ᠎ᠡ ᠶᠢ ᠡᠭᠦᠳᠦᠨ ᠨᠡᠭᠡᠭᠡᠨ ᠠᠬᠢᠭᠤᠯᠬᠤ ᠬᠡᠷᠡᠭᠲᠡᠶ︔ ᠠᠵᠢᠯ ᠲᠦᠷᠦᠯ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠲᠣᠪᠴᠢᠶ᠎ᠠ᠂ ᠲᠠᠪᠴᠠᠩ᠂ ᠰᠦᠯᠵᠢᠶᠡᠨ ᠤ ᠨᠡᠪᠲᠡᠷᠡᠯᠴᠡᠨ ᠬᠠᠮᠵᠢᠯᠴᠠᠬᠤ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠷᠠᠳᠢᠣ᠋ ᠲᠧᠯᠸᠢᠰ ᠤᠨ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠠᠬᠢᠭᠤᠯᠬᠤ ᠬᠡᠷᠡᠭᠲᠡᠢ᠃   ︵ᠠᠯᠪᠠᠨ ᠭᠡᠷ︶ 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠷᠠᠳᠢᠤ᠋ ᠲᠧᠯᠸᠢᠰ ᠤᠨ ᠲᠤᠪᠴᠢᠶ᠎ᠠ