ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ ᠶᠢᠨ ᠪᠦᠬᠦ ᠣᠷᠣᠨ ᠤ ᠵᠢᠷᠭᠤᠳᠤᠭᠠᠷ ᠬᠤᠭᠤᠴᠠᠭᠠᠨ ᠤ ᠷᠠᠳᠢᠣ᠋ ᠲᠧᠯᠸᠢᠰ ᠤᠨ ᠨᠡᠶᠢᠲᠡ ᠶᠢᠨ ᠠᠰᠠᠷᠠᠮᠵᠢᠲᠤ ᠵᠠᠷ  ᠤᠨ ᠤᠷᠤᠯᠳᠤᠭᠠᠨ ᠤ ᠰᠢᠯᠭᠠᠷᠠᠭᠤᠯᠤᠯᠲᠠ ᠶᠢᠨ ᠦᠷ᠎ᠡ ᠳ᠋ᠦᠩ ᠤᠨ ᠲᠤᠬᠠᠶ ᠨᠡᠶᠢᠳᠡᠯᠡᠯ
ᠨᠡᠶᠢᠲᠡᠯᠡᠭᠰᠡᠨ ᠴᠠᠭ᠄
2024/7/22
  ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠷᠠᠳᠢᠣ᠋ ᠲᠧᠯᠸᠢᠰ ᠤᠨ ᠨᠡᠶᠢᠲᠡ ᠶᠢᠨ ᠠᠰᠠᠷᠠᠮᠵᠢᠲᠤ ᠵᠠᠷ ᠵᠣᠬᠢᠶᠠᠨ ᠪᠦᠲᠦᠭᠡᠬᠦ ᠪᠠ ᠤᠯᠠᠮᠵᠢᠯᠠᠬᠤ ᠳᠤ ᠣᠷᠣᠯᠴᠠᠬᠤ ᠶᠢ ᠤᠯᠠᠮ ᠨᠢᠭᠡ ᠠᠯᠬᠤᠮ ᠬᠥᠲᠥᠯᠥᠨ ᠵᠢᠯᠣᠭᠤᠳᠬᠤ ᠪᠠ ᠵᠣᠷᠢᠭᠵᠢᠭᠤᠯᠵᠤ᠂ ᠨᠡᠩ ᠣᠯᠠᠨ ᠰᠢᠯᠢᠳᠡᠭ ᠪᠦᠲᠦᠭᠡᠯ ᠢ ᠵᠣᠬᠢᠶᠠᠨ ᠪᠦᠲᠦᠭᠡᠵᠦ ᠦᠢᠯᠡᠳᠪᠦᠷᠢᠯᠡᠬᠦ ᠶᠢ ᠠᠬᠢᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ ᠠᠴᠠ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠠᠢ ᠬᠠᠮᠲᠤᠷᠠᠨ᠂ ᠪᠦᠬᠦ ᠣᠷᠣᠨ ᠤ ᠵᠢᠷᠭᠤᠳᠤᠭᠠᠷ ᠬᠤᠭᠤᠴᠠᠭᠠᠨ ᠤ ᠷᠠᠳᠢᠣ᠋ ᠲᠧᠯᠸᠢᠰ ᠤᠨ ᠨᠡᠶᠢᠲᠡ ᠶᠢᠨ ᠠᠰᠠᠷᠠᠮᠵᠢᠲᠤ ᠵᠠᠷ ᠤᠨ ᠤᠷᠤᠯᠳᠤᠭᠠᠨ ᠢ ᠡᠷᠬᠢᠯᠡᠪᠡ᠃ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ ᠠᠴᠠ ᠲᠤᠰᠬᠠᠶ ᠮᠡᠷᠭᠡᠵᠢᠯᠲᠡᠨ ᠢ ᠵᠣᠬᠢᠶᠠᠨ ᠪᠠᠶᠢᠭᠤᠯᠤᠨ ᠬᠢᠨᠠᠨ ᠲᠣᠭᠲᠠᠭᠠᠬᠤ᠂ ᠬᠤᠷᠠᠯ ᠢᠶᠠᠷ ᠰᠤᠳᠤᠯᠬᠤ ᠪᠠᠷ ᠳᠡᠮᠵᠢᠨ᠂ ᠪᠥᠬᠦ ᠣᠷᠣᠨ ᠤ ᠵᠢᠷᠭᠤᠳᠤᠭᠠᠷ ᠬᠤᠭᠤᠴᠠᠭᠠᠨ ᠤ ᠷᠠᠳᠢᠣ᠋ ᠲᠧᠯᠸᠢᠰ ᠤᠨ ᠨᠡᠶᠢᠲᠡ ᠶᠢᠨ ᠠᠰᠠᠷᠠᠮᠵᠢᠲᠤ ᠵᠠᠷ ᠤᠨ ᠤᠷᠤᠯᠳᠤᠭᠠᠨ ᠤ ᠰᠢᠯᠢᠳᠡᠭ ᠪᠦᠲᠦᠭᠡᠯ 103 ᠬᠤᠪᠢ᠂ ᠰᠢᠯᠢᠳᠡᠭ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ 8᠂ ᠰᠢᠯᠢᠳᠡᠭ ᠳᠠᠮᠵᠢᠭᠤᠯᠭ᠎ᠠ ᠶᠢᠨ ᠪᠠᠶᠢᠭᠤᠯᠤᠮᠵᠢ 8 ᠶᠢ ᠰᠢᠯᠭᠠᠷᠠᠭᠤᠯᠤᠨ ᠭᠠᠷᠭᠠᠪᠠ᠃ ᠡᠳᠦᠭᠡ ᠢᠯᠡ ᠨᠡᠢᠲᠡᠯᠠᠶ᠎ᠠ᠃  ᠵᠠᠷᠯᠠᠨ ᠨᠡᠶᠢᠲᠡᠯᠡᠬᠦ ᠴᠠᠭ ᠨᠢ 2024 ᠣᠨ ᠤ 7 ᠳ᠋ᠤᠭᠠᠷ ᠰᠠᠷ᠎ᠠ ᠶᠢᠨ 23 ᠤ ᠡᠳᠦᠷ ᠠᠴᠠ 7 ᠳ᠋ᠤᠭᠠᠷ ᠰᠠᠷ᠎ᠠ ᠶᠢᠨ 29 ᠤ ᠡᠳᠦᠷ ᠪᠣᠯᠲᠠᠯ᠎ᠠ ᠶᠠᠪᠤᠭᠳᠠᠨ᠎ᠠ᠃ ᠢᠯᠡ ᠨᠡᠶᠢᠲᠡᠯᠡᠬᠦ ᠬᠤᠭᠤᠴᠠᠭᠠᠨ ᠳᠤ᠂ ᠬᠡᠷᠪᠡ ᠣᠨᠳᠣᠤ ᠰᠠᠨᠠᠯ ᠲᠠᠢ ᠪᠠᠶᠢᠪᠠᠯ᠂ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ ᠶᠢᠨ ᠵᠠᠭᠤᠴᠢᠯᠠᠭᠤᠷ ᠤᠨ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠭᠠᠵᠠᠷ ᠲᠤ ᠪᠢᠴᠢᠭ ᠢᠶᠠᠷ ᠮᠡᠳᠡᠭᠦᠯᠵᠦ ᠲᠤᠰᠬᠠᠨ᠎ᠠ᠃  ᠬᠠᠷᠢᠯᠴᠠᠬᠤ ᠤᠲᠠᠰᠤ᠄ 0471 - 4590092   ᠹᠠᠺᠰ᠄ 0471 – 3288016   ᠳᠠᠭᠠᠯᠳᠤᠭᠤᠯᠤᠯ᠄1.ᠪᠥᠬᠦ ᠣᠷᠣᠨ ᠤ ᠵᠢᠷᠭᠤᠳᠤᠭᠠᠷ ᠬᠤᠭᠤᠴᠠᠭᠠᠨ ᠤ ᠷᠠᠳᠢᠣ᠋ ᠲᠧᠯᠸᠢᠰ ᠤᠨ ᠨᠡᠶᠢᠲᠡ ᠶᠢᠨ ᠠᠰᠠᠷᠠᠮᠵᠢᠲᠤ ᠵᠠᠷ ᠤᠨ ᠤᠷᠤᠯᠳᠤᠭᠠᠨ ᠤ ᠰᠢᠯᠢᠳᠡᠭ ᠪᠦᠲᠦᠭᠡᠯ ᠤᠨ ᠨᠡᠷᠡᠰ2.ᠪᠥᠬᠦ ᠣᠷᠣᠨ ᠤ ᠵᠢᠷᠭᠤᠳᠤᠭᠠᠷ ᠬᠤᠭᠤᠴᠠᠭᠠᠨ ᠤ ᠷᠠᠳᠢᠣ᠋ ᠲᠧᠯᠸᠢᠰ ᠤᠨ ᠨᠡᠶᠢᠲᠡ ᠵᠢᠨ‌ᠠᠰᠠᠷᠠᠮᠵᠢᠲᠤ ᠵᠠᠷ ᠤᠨ ᠤᠷᠤᠯᠳᠤᠭᠠᠨ ᠤ ᠰᠢᠯᠢᠳᠡᠭ ᠪᠠᠶᠢᠭᠤᠯᠤᠮᠵᠢ ᠶᠢᠨ ᠨᠡᠷᠡᠰ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠷᠠᠳᠢᠤ᠋ ᠲᠧᠯᠸᠢᠰ ᠤᠨ ᠲᠤᠪᠴᠢᠶ᠎ᠠ2024 ᠣᠨ ᠤ 7 ᠳ᠋ᠤᠭᠠᠷ ᠰᠠᠷ᠎ᠠ ᠶᠢᠨ 22 ᠤᠨ ᠡᠳᠦᠷ 

 

 

ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠷᠠᠳᠢᠤ᠋ ᠲᠧᠯᠸᠢᠰ ᠤᠨ ᠲᠤᠪᠴᠢᠶ᠎ᠠ