ᠬᠠᠮ ᠵᠠᠭᠤᠴᠢᠯᠠᠭᠤᠷ ᠤᠨ ᠥᠭᠡᠷᠡᠴᠢᠯᠡᠯᠲᠡᠡ ᠤᠯᠠᠮ ᠲᠦᠷᠭᠡᠳᠴᠡᠢ︕ ᠪᠦᠭᠦ ᠤᠯᠤᠰ ᠤᠨ ᠬᠠᠭᠠᠰ ᠲᠤᠭᠠᠨ ᠤ ᠲᠤᠰᠬᠠᠢ ᠣᠷᠣᠨ ᠤ ᠳᠡᠰ ᠤᠨ ᠬᠤᠲᠠ ᠳᠤ ᠬᠠᠮ ᠵᠠᠭᠤᠴᠢᠯᠠᠭᠤᠷ ᠤᠨ ᠲᠦᠪ ᠪᠠᠶᠢᠭᠤᠯᠤᠭᠲᠠᠪᠠ
ᠨᠡᠶᠢᠲᠡᠯᠡᠭᠰᠡᠨ ᠴᠠᠭ᠄
2024/7/23
  ᠣᠢᠷ᠎ᠠ ᠶᠢᠨ ᠵᠢᠯ ᠤᠳ ᠲᠤ ᠂ ᠪᠦᠬᠦ ᠤᠯᠤᠰ ᠤᠨ ᠬᠠᠭᠠᠰ ᠲᠣᠭᠠᠨ ᠤ ᠲᠤᠰᠬᠠᠢ ᠣᠷᠣᠨ ᠤ ᠳᠡᠰ ᠤᠨ ᠬᠤᠲᠠ ᠬᠠᠮ ᠵᠠᠭᠤᠴᠢᠯᠠᠭᠤᠷ ᠤᠨ ᠲᠥᠪ ᠤᠨ ᠪᠠᠶᠢᠭᠤᠯᠤᠭᠳᠠᠬᠤ  ᠶᠢ ᠲᠦᠷᠭᠡᠳᠭᠡᠨ ᠠᠬᠢᠭᠤᠯᠵᠤ᠂ ᠰᠧᠴᠤᠸᠠᠨ ᠮᠣᠵᠢ ᠵᠡᠷᠭᠡ ᠭᠠᠵᠠᠷ ᠴᠤ ᠵᠠᠯᠭᠠᠭ᠎ᠠ ᠪᠠᠷ ᠣᠯᠠᠨ ᠲᠤᠰᠬᠠᠢ ᠣᠷᠣᠨ ᠤ ᠳᠡᠰ ᠤᠨ ᠬᠤᠲᠠ ᠶᠢᠨ ᠬᠠᠮ ᠵᠠᠭᠤᠴᠢᠯᠠᠭᠤᠷ ᠤᠨ ᠲᠥᠪ ᠲᠤ ᠫᠠᠶᠢᠰᠠ ᠡᠯᠭᠦᠨ᠂ ᠬᠤᠲᠠ ᠶᠢᠨ ᠳᠡᠰ ᠤᠨ ᠵᠠᠭᠤᠴᠢᠯᠠᠭᠤᠷ ᠤᠨ ᠭᠦᠨᠵᠡᠭᠡᠢ ᠠᠭᠤᠰᠤᠯᠴᠠᠯ ᠢ ᠪᠡᠶᠡᠯᠡᠭᠦᠯᠵᠡᠢ᠃ ᠣᠳᠣᠬᠠᠨ ᠳᠤ᠂ ᠨᠢᠩᠰᠢᠶᠠ᠂ ᠵᠢᠶᠠᠩᠰᠢ᠂ ᠥᠪᠥᠷ ᠮᠣᠩᠭᠤᠯ᠂ ᠭᠤᠸᠠᠩᠰᠢ ᠵᠡᠷᠭᠡ ᠳᠥᠷᠪᠡᠨ ᠮᠤᠵᠢ ᠶᠢᠨ ᠬᠢᠨ ᠲᠤᠰᠬᠠᠢ ᠣᠷᠣᠨ ᠤ ᠳᠡᠰ ᠤᠨ ᠬᠤᠲᠠ ᠶᠢᠨ ᠬᠠᠮ ᠵᠠᠭᠤᠴᠢᠯᠠᠭᠤᠷ ᠤᠨ ᠲᠥᠪ ᠢ ᠪᠦᠬᠦᠨ ᠢ ᠪᠦᠷᠬᠦᠬᠦᠯᠪᠡ᠃ ᠢᠷᠡᠭᠡᠳᠦᠶ ᠳᠤ᠂ ᠲᠤᠰᠬᠠᠶ ᠣᠷᠣᠨ ᠤ ᠳᠡᠰ ᠤᠨ ᠬᠤᠲᠠ ᠶᠢᠨ ᠬᠠᠮ ᠵᠠᠭᠤᠴᠢᠯᠠᠭᠤᠷ ᠤᠨ ᠲᠥᠪ ᠴᠤ ᠬᠠᠮ ᠵᠠᠭᠤᠴᠢᠯᠠᠭᠤᠷ ᠤᠨ ᠳᠠᠮᠵᠢᠭᠤᠯᠭ᠎ᠠ ᠶᠢᠨ ᠲᠣᠭᠲᠠᠯᠴᠠᠭᠠᠨ ᠤ ᠴᠢᠭᠯᠡᠯ ᠲᠡᠶᠢᠰᠢ ᠪᠠᠶᠢᠭᠤᠯᠵᠤ᠂ ᠭᠤᠤᠯ ᠶᠠᠷᠢᠶ᠎ᠠ ᠬᠡᠯᠡᠯᠴᠡᠭᠡᠨ ᠤ ᠤᠳᠤᠷᠢᠳᠤᠮᠵᠢ ᠶᠢᠨ ᠴᠢᠬᠤᠯᠠ ᠵᠢᠭᠰᠠᠭᠠᠯ ᠤᠨ ᠭᠠᠵᠠᠷ ᠪᠣᠯᠬᠤ ᠪᠣᠯᠤᠨ᠎ᠠ᠃  ᠰᠧᠴᠤᠸᠠᠨ ᠲᠤᠰᠬᠠᠢ ᠣᠷᠣᠨ ᠤ ᠳᠡᠰ ᠤᠨ ᠬᠤᠳᠠ ᠶᠢᠨ 3 ᠬᠠᠮ ᠵᠠᠭᠤᠴᠢᠯᠠᠭᠤᠷ ᠤᠨ ᠲᠥᠪ ᠢ ᠵᠠᠯᠭᠠᠭ᠎ᠠ ᠪᠠᠷ ᠪᠠᠶᠢᠭᠤᠯᠪᠠ  7 ᠳ᠋ᠤᠭᠠᠷ ᠰᠠᠷ᠎ᠠ ᠶᠢᠨ ᠡᠬᠢ ᠪᠠᠷ᠂ ᠰᠧᠴᠤᠸᠠᠨ ᠮᠤᠵᠢ ᠶᠢᠨ ᠬᠢᠨ ᠤᠶᠢᠷ᠎ᠠ ᠶᠢᠨ ᠨᠢᠬᠡ ᠭᠠᠷᠠᠭ ᠤᠨ ᠲᠤᠲᠤᠷ᠎ᠠ ᠳᠤᠰᠬᠠᠢ ᠤᠷᠤᠨ ᠤ ᠳᠡᠰ ᠤᠨ ᠬᠤᠲᠠ ᠶᠢᠨ 3 ᠬᠠᠮ ᠵᠠᠭᠤᠴᠢᠯᠠᠭᠤᠷ ᠤᠨ ᠳᠦᠪ ᠵᠠᠯᠭᠠᠭ᠎ᠠ ᠪᠠᠷ ᠪᠠᠶᠢᠭᠤᠯᠤᠭᠲᠠᠪᠠ᠃ 7 ᠳ᠋ᠤᠭᠠᠷ ᠰᠠᠷ᠎ᠠ ᠶᠢᠨ 3 ᠤ ᠡᠳᠦᠷ᠂ ᠰᠧᠴᠤᠸᠠᠨ ᠤ ᠯᠦ ᠵᠧᠦ ᠬᠤᠲᠠ ᠶᠢᠨ ᠬᠠᠮ ᠵᠠᠭᠤᠴᠢᠯᠠᠭᠤᠷ ᠤᠨ ᠲᠥᠪ᠂ ᠯᠦ ᠵᠧᠦ ᠶᠢᠨ ᠵᠢᠦ ᠴᠧᠩ ᠵᠠᠭᠤᠴᠢᠯᠠᠭᠤᠷ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠫᠠᠶᠢᠰᠠ ᠰᠡᠬᠦᠵᠦ᠂ ᠰᠢᠨ᠎ᠡ ᠪᠠᠷ ᠪᠠᠶᠢᠭᠤᠯᠤᠭᠳᠠᠭᠰᠠᠨ ᠯᠦ ᠵᠧᠦ ᠬᠤᠲᠠ ᠶᠢᠨ ᠬᠠᠮ ᠵᠠᠭᠤᠴᠢᠯᠠᠭᠤᠷ ᠲᠥᠪ᠂ ᠯᠦ ᠵᠧᠦ ᠶᠢᠨ ᠵᠢᠦ ᠴᠧᠩ ᠵᠠᠭᠤᠴᠢᠯᠠᠭᠤᠷ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠯᠦ ᠵᠧᠦ ᠶᠢᠨ ᠡᠳᠦᠷ ᠤᠨ ᠰᠣᠨᠢᠨ ᠤ ᠬᠤᠷᠢᠶ᠎ᠠ ᠪᠣᠯᠤᠨ ᠯᠦ ᠵᠧᠦ ᠬᠤᠲᠠ ᠶᠢᠨ ᠷᠠᠳᠢᠣ᠋ ᠲᠧᠯᠸᠢᠰ ᠬᠤᠷᠢᠶ᠎ᠠ ᠶᠢ ᠡᠮᠬᠢᠯᠡᠨ ᠨᠡᠶᠢᠯᠡᠭᠦᠯᠪᠡ᠃ 7 ᠳ᠋ᠤᠭᠠᠷ ᠰᠠᠷ᠎ᠠ ᠶᠢᠨ 5 ᠤ ᠡᠳᠦᠷ᠂ᠽᠢ ᠬᠦᠩ ᠬᠤᠲᠠ ᠶᠢᠨ ᠬᠠᠮ ᠵᠠᠭᠤᠴᠢᠯᠠᠭᠤᠷ ᠤᠨ ᠲᠥᠪ᠂ ᠽᠢ ᠬᠦᠩ ᠣᠯᠠᠨ ᠤᠯᠤᠰ ᠤᠨ ᠳᠠᠮᠵᠢᠭᠤᠯᠭ᠎ᠠ ᠶᠢᠨ ᠲᠥᠪ ᠫᠠᠶᠢᠰᠠ ᠡᠯᠭᠦᠨ ᠪᠠᠶᠢᠭᠤᠯᠤᠭᠳᠠᠭᠰᠠᠨ ᠢᠶᠠᠨ ᠨᠡᠶᠢᠲᠡᠯᠡᠵᠦ᠂ ᠲᠥᠪ ᠨᠢ ᠽᠢ ᠬᠦᠩ ᠡᠳᠦᠷ ᠤᠨ ᠰᠣᠨᠢᠨ ᠤ ᠬᠤᠷᠢᠶ᠎ᠠ ᠪᠠ ᠽᠢ ᠬᠦᠩ ᠬᠤᠲᠠ ᠶᠢᠨ ᠷᠠᠳᠢᠣ᠋ ᠲᠧᠯᠸᠢᠰ ᠬᠤᠷᠢᠶ᠎ᠠ ᠶᠢ ᠡᠮᠬᠢᠯᠡᠨ ᠨᠡᠶᠢᠯᠡᠭᠦᠯᠵᠦ᠂ ᠪᠥᠬᠦ ᠬᠤᠲᠠ ᠶᠢᠨ ᠰᠣᠨᠢᠨ ᠮᠡᠳᠡᠭᠡᠨ ᠤ ᠤᠬᠠᠭᠤᠯᠭ᠎ᠠ᠂ ᠡᠷᠬᠡ ᠰᠦᠷᠲᠦ ᠮᠡᠳᠡᠭᠡ ᠵᠠᠩᠭᠢ ᠶᠢᠨ ᠨᠡᠶᠢᠲᠡᠯᠡᠯ᠂ ᠶᠠᠷᠢᠶ᠎ᠠ ᠬᠡᠯᠡᠯᠴᠡᠭᠡᠨ ᠤ ᠵᠢᠯᠣᠭᠤᠳᠣᠯᠭ᠎ᠠ ᠵᠡᠷᠭᠡ ᠭᠤᠤᠯ ᠵᠠᠭᠤᠴᠢᠯᠠᠭᠤᠷ ᠤᠨ ᠡᠭᠦᠷᠭᠡ ᠬᠠᠷᠢᠭᠤᠴᠠᠯᠭ᠎ᠠ ᠪᠠ ᠬᠤᠯᠪᠣᠭᠳᠠᠯ ᠪᠥᠬᠦᠶ ᠡᠵᠡᠩᠨᠡᠯᠲᠡ ᠶᠢᠨ ᠡᠭᠦᠷᠭᠡ ᠴᠢᠳᠠᠪᠤᠷᠢ ᠶᠢ ᠡᠭᠦᠷᠭᠡᠯᠡᠨ᠎ᠡ᠃ 7 ᠳ᠋ᠤᠭᠠᠷ ᠰᠠᠷ᠎ᠠ ᠶᠢᠨ 8 ᠤ ᠡᠳᠦᠷ᠂ ᠨᠧᠢ ᠵᠢᠶᠠᠩ ᠬᠤᠲᠠ ᠶᠢᠨ ᠬᠠᠮ ᠵᠠᠭᠤᠴᠢᠯᠠᠭᠤᠷ ᠤᠨ ᠲᠥᠪ ᠫᠠᠶᠢᠰᠠ ᠡᠯᠭᠦᠨ ᠪᠠᠶᠢᠭᠤᠯᠤᠭᠳᠠᠪᠠ᠃  ᠳᠡᠭᠡᠷᠡᠬᠢ 3 ᠬᠠᠮ ᠵᠠᠭᠤᠴᠢᠯᠠᠭᠤᠷ ᠤᠨ ᠲᠥᠪ ᠤᠷᠢᠳ ᠬᠤᠵᠢᠳ ᠫᠠᠶᠢᠰᠠ ᠡᠯᠭᠦᠬᠦ ᠠᠴᠠ ᠡᠮᠦᠨ᠎ᠡ᠂ 6 ᠳ᠋ᠤᠭᠠᠷ ᠰᠠᠷ᠎ᠠ ᠶᠢᠨ 25 ᠤ ᠡᠳᠦᠷ᠂ ᠰᠧᠴᠤᠸᠠᠨ ᠮᠣᠵᠢ ᠲᠤᠰᠬᠠᠢ ᠣᠷᠣᠨ ᠤ ᠳᠡᠰ ᠤᠨ ᠬᠤᠲᠠ ᠶᠢᠨ ᠵᠠᠭᠤᠴᠢᠯᠠᠭᠤᠷ ᠤᠨ ᠭᠦᠨᠵᠡᠭᠡᠢ ᠠᠭᠤᠰᠤᠯᠴᠠᠨ ᠬᠥᠭᠵᠢᠬᠦ ᠲᠤᠬᠠᠢ ᠶᠢᠨ ᠲᠠᠯᠠᠪᠠᠢ ᠶᠢᠨ ᠠᠬᠢᠭᠤᠯᠬᠤ ᠬᠤᠷᠠᠯ ᠬᠢᠵᠦ ᠂ ᠡᠯ᠎ᠡ ᠬᠤᠲᠠ ︵ᠵᠧᠦ︶ ᠶᠢᠨ ᠬᠠᠮ ᠵᠠᠭᠤᠴᠢᠯᠠᠭᠤᠷ ᠤᠨ ᠲᠥᠪ ᠢ ᠡᠨᠡ ᠵᠢᠯ ᠪᠦᠬᠦ ᠲᠠᠯ᠎ᠠ ᠪᠠᠷ ᠪᠠᠶᠢᠭᠤᠯᠬᠤ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ ᠤᠲᠤᠭᠠᠨ ᠳᠤ᠂ ᠰᠧᠴᠤᠸᠠᠨ ᠮᠤᠵᠢ ᠶᠢᠨ ᠬᠠᠷᠢᠶᠠᠨ ᠳᠤ ᠪᠠᠶᠢᠭ᠎ᠠ 21 ᠬᠤᠲᠠ ᠵᠧᠦ ᠶᠢᠨ ᠳᠣᠲᠣᠷ᠎ᠠ᠂ 13 ᠬᠤᠲᠠ ᠵᠧᠦ ᠬᠠᠮ ᠵᠠᠭᠤᠴᠢᠯᠠᠭᠤᠷ ᠤᠨ ᠲᠥᠪ ᠲᠤ ᠫᠠᠶᠢᠰᠠ ᠡᠯᠭᠦᠨ᠂ ᠮᠢᠶᠠᠨᠶᠠᠩ ᠬᠤᠲᠠ ᠯᠢᠶᠠᠩ ᠱᠠᠨ ᠵᠸᠦ ᠵᠡᠷᠭᠡ ᠣᠯᠠᠨ ᠭᠠᠵᠠᠷ ᠤᠨ ᠬᠠᠮ ᠵᠠᠭᠤᠴᠢᠯᠠᠭᠤᠷ ᠤᠨ ᠲᠥᠪ ᠢ ᠶᠠᠭ ᠪᠠᠶᠢᠭᠤᠯᠬᠤ ᠪᠠᠷ ᠪᠡᠯᠡᠳᠭᠡᠵᠦ ᠪᠠᠶᠢᠨ᠎ᠠ᠃  ᠳᠥᠷᠪᠡᠨ ᠮᠤᠵᠢ ᠲᠤᠰᠬᠠᠢ ᠣᠷᠣᠨ ᠤ ᠳᠡᠰ ᠤᠨ ᠬᠤᠲᠠ ᠶᠢᠨ ᠬᠠᠮ ᠵᠠᠭᠤᠴᠢᠯᠠᠭᠤᠷ ᠤᠨ ᠲᠥᠪ ᠢ ᠪᠦᠷᠢᠨ ᠪᠦᠷᠬᠦᠭᠦᠯᠬᠦ ᠶᠢ ᠪᠡᠶᠡᠯᠡᠭᠦᠯᠪᠡ  ᠪᠦᠷᠢᠨ ᠪᠤᠰᠤ ᠪᠦᠷᠢᠳᠬᠡᠯ ᠢ ᠦᠨᠳᠦᠰᠦᠯᠡᠪᠡᠯ᠂ ᠣᠳᠣᠬᠠᠨ ᠳᠤ ᠪᠦᠬᠦ ᠤᠯᠤᠰ ᠤᠨ ᠬᠠᠭᠠᠰ ᠰᠢᠬᠠᠮ ᠲᠤᠰᠬᠠᠶ ᠣᠷᠣᠨ ᠤ ᠲᠠᠰ ᠤᠨ ᠬᠤᠲᠠ ᠶᠢᠨ ᠬᠠᠮ ᠵᠠᠭᠤᠴᠢᠯᠠᠭᠤᠷ ᠤᠨ ᠲᠥᠪ ᠨᠢᠭᠡᠨᠲᠡ ᠫᠠᠶᠢᠰᠠ ᠡᠯᠭᠦᠵᠦ᠂ ᠨᠢᠩᠰᠢᠶᠠ᠂ ᠵᠢᠶᠠᠩᠰᠢ᠂ ᠥᠪᠥᠷ ᠮᠣᠩᠭᠤᠯ᠂ ᠭᠤᠸᠠᠩᠰᠢ ᠵᠡᠷᠭᠡ ᠳᠥᠷᠪᠡᠨ ᠮᠤᠵᠢ ᠣᠷᠣᠨ ᠨᠢᠭᠡᠨᠲᠡ ᠲᠤᠰᠬᠠᠢ ᠣᠷᠣᠨ ᠤ ᠳᠡᠰ ᠤᠨ ᠬᠤᠲᠠ ᠶᠢᠨ ᠬᠠᠮ ᠵᠠᠭᠤᠴᠢᠯᠠᠭᠤᠷ ᠤᠨ ᠲᠥᠪ ᠲᠤ ᠪᠦᠬᠦᠨ ᠢ ᠬᠠᠮᠤᠷᠬᠤ ᠶᠢ ᠪᠡᠶᠡᠯᠡᠭᠦᠯᠪᠡ᠃ ᠡᠭᠦᠨ ᠳᠤ᠂ ᠨᠢᠩᠰᠢᠶᠠ 2020 ᠣᠨ ᠳᠤ ᠤᠷᠢᠳ ᠢᠶᠠᠷ ᠪᠡᠶᠡᠯᠡᠭᠦᠯᠪᠡ ᠃ 2020 ᠣᠨ ᠤ 1 ᠳ᠋ᠦ᠋ᠭᠡᠷ ᠰᠠᠷ᠎ᠠ ᠶᠢᠨ 10 ᠤ ᠡᠳᠦᠷ᠂ ᠭᠦ᠋ ᠶᠤᠸᠠᠨ ᠬᠤᠲᠠ ᠶᠢᠨ ᠰᠣᠨᠢᠨ ᠮᠡᠳᠡᠭᠡᠨ ᠤ ᠵᠠᠭᠤᠴᠢᠯᠠᠭᠤᠷ ᠤᠨ ᠲᠥᠪ ᠫᠠᠶᠢᠰᠠ ᠡᠯᠭᠦᠨ ᠪᠠᠶᠢᠭᠤᠯᠤᠭᠳᠠᠪᠠ᠃ ᠢᠩᠭᠢᠭᠰᠡᠨ ᠠᠴᠠ ᠨᠢᠩᠰᠢᠶᠠ ᠶᠢᠨ ᠬᠠᠷᠢᠶᠠᠨ ᠳᠠᠬᠢ 5 ᠲᠤᠰᠬᠠᠢ ᠣᠷᠣᠨ ᠤ ᠳᠡᠰ ᠤᠨ ᠬᠤᠲᠠ ᠶᠢᠨ ᠴᠥᠮ ᠰᠣᠨᠢᠨ ᠤ ᠦᠢᠯᠡᠰ ᠪᠣᠯᠤᠨ ᠷᠠᠳᠢᠣ᠋ ᠲᠧᠯᠸᠢᠰ ᠤᠨ ᠨᠡᠶᠢᠯᠡᠯ ᠢ ᠪᠡᠶᠡᠯᠡᠭᠦᠯᠵᠦ᠂ ᠰᠣᠨᠢᠨ ᠮᠡᠳᠡᠭᠡᠨ ᠤ ᠵᠠᠭᠤᠴᠢᠯᠠᠭᠤᠷ ᠤᠨ ᠪᠦᠯᠦᠭᠯᠡᠯ ︵ᠰᠣᠨᠢᠨ ᠮᠡᠳᠡᠭᠡᠨ ᠤ ᠵᠠᠭᠤᠴᠢᠯᠠᠭᠤᠷ ᠤᠨ ᠲᠥᠪ᠂ ᠬᠠᠮ ᠵᠠᠭᠤᠴᠢᠯᠠᠭᠤᠷ ᠤᠨ ᠲᠥᠪ︶ ᠢ ᠪᠠᠶᠢᠭᠤᠯᠵᠠᠢ᠃  ᠵᠢᠶᠠᠩᠰᠢ᠂ ᠥᠪᠥᠷ ᠮᠣᠩᠭᠤᠯ ᠬᠤᠶᠢᠨ᠎ᠠ ᠬᠤᠶᠢᠨ᠎ᠠ ᠠᠴᠠ ᠪᠠᠨ ᠳᠠᠷᠠᠭᠠᠯᠠᠪᠠ᠃ 2023 ᠣᠨ ᠤ 6 ᠳ᠋ᠤᠭᠠᠷ ᠰᠠᠷ᠎ᠠ ᠶᠢᠨ 26 ᠤ ᠡᠳᠦᠷ᠂ ᠨᠠᠨᠴᠠᠩ ᠬᠤᠲᠠ ᠶᠢᠨ ᠬᠠᠮ ᠵᠠᠭᠤᠴᠢᠯᠠᠭᠤᠷ ᠤᠨ ᠲᠥᠪ ᠫᠠᠶᠢᠰᠠ ᠡᠯᠭᠦᠨ ᠪᠠᠶᠢᠭᠤᠯᠤᠭᠳᠠᠪᠠ᠃ ᠵᠢᠶᠠᠩᠰᠢ ᠮᠤᠵᠢ 11 ᠲᠤᠰᠬᠠᠶ ᠣᠷᠣᠨ ᠤ ᠲᠠᠰ ᠤᠨ ᠬᠤᠲᠠ ᠶᠢᠨ ᠰᠣᠨᠢᠨ ᠪᠣᠯᠤᠨ ᠷᠠᠳᠢᠣ᠋ ᠲᠧᠯᠸᠢᠰ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠠᠶᠢᠮᠠᠭ ᠬᠤᠲᠠ ᠶᠢᠨ ᠱᠠᠲᠤᠨ ᠤ ᠬᠠᠮ ᠵᠠᠭᠤᠴᠢᠯᠠᠭᠤᠷ ᠤᠨ ᠲᠥᠪ ᠢ ᠪᠦᠷᠢᠨ ᠪᠦᠷᠬᠦᠭᠦᠯᠵᠡᠢ᠃ ᠲᠤᠰ ᠵᠢᠯ ᠤᠨ 12 ᠳ᠋ᠤᠭᠠᠷ ᠰᠠᠷ᠎ᠠ ᠶᠢᠨ 29 ᠤ ᠡᠳᠦᠷ ᠥᠪᠥᠷ ᠮᠣᠩᠭᠤᠯ ᠤᠨ ᠤᠯᠠᠭᠠᠨᠬᠠᠳᠠ ᠬᠤᠲᠠ ᠶᠢᠨ ᠬᠠᠮ ᠵᠠᠭᠤᠴᠢᠯᠠᠭᠤᠷ ᠤᠨ ᠲᠥᠪ ᠫᠠᠶᠢᠰᠠ ᠡᠯᠭᠦᠨ ᠪᠠᠶᠢᠭᠤᠯᠤᠭᠳᠠᠵᠤ᠂ ᠥᠪᠥᠷ ᠮᠣᠩᠭᠤᠯ ᠤᠨ 12 ᠠᠶᠢᠮᠠᠭ ᠬᠤᠲᠠ ᠨᠢ ᠰᠣᠨᠢᠨ ᠪᠠ ᠷᠠᠳᠢᠣ᠋ ᠲᠧᠯᠸᠢᠰ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠠᠶᠢᠮᠠᠭ ᠬᠤᠲᠠ ᠶᠢᠨ ᠱᠠᠲᠤᠨ ᠤ ᠬᠠᠮ ᠵᠠᠭᠤᠴᠢᠯᠠᠭᠤᠷ ᠤᠨ ᠲᠥᠪ ᠢ ᠪᠦᠷᠢᠨ ᠪᠦᠷᠬᠦᠭᠦᠯᠪᠡ᠃  2024 ᠣᠨ ᠤ 6 ᠳ᠋ᠤᠭᠠᠷ ᠰᠠᠷ᠎ᠠ ᠳᠤ ᠭᠤᠸᠠᠩᠰᠢ ᠨᠢ ᠬᠤᠲᠠ ᠶᠢᠨ ᠳᠡᠰ ᠤᠨ ᠵᠠᠭᠤᠴᠢᠯᠠᠭᠤᠷ ᠤᠨ ᠠᠭᠤᠰᠤᠯᠴᠠᠯ ᠤᠨ ᠠᠬᠢᠴᠠ ᠶᠢ ᠲᠦᠷᠭᠡᠳᠭᠡᠪᠡ᠃ 6 ᠳ᠋ᠤᠭᠠᠷ ᠰᠠᠷ᠎ᠠ ᠶᠢᠨ 3 ᠤ ᠡᠳᠦᠷ᠂ ᠪᠠᠶ ᠰᠧ ᠬᠤᠲᠠ ᠶᠢᠨ ᠬᠠᠮ ᠵᠠᠭᠤᠴᠢᠯᠠᠭᠤᠷ ᠤᠨ ᠲᠥᠪ ᠫᠠᠶᠢᠰᠠ ᠡᠯᠭᠦᠨ ᠪᠠᠶᠢᠭᠤᠯᠤᠭᠳᠠᠵᠤ᠂ 10 ᠡᠳᠦᠷ ᠤᠨ ᠳᠠᠷᠠᠭ᠎ᠠ᠂ ᠪᠸᠢ ᠬᠠᠶ ᠬᠤᠲᠠ ᠶᠢᠨ ᠬᠠᠮ ᠵᠠᠭᠤᠴᠢᠯᠠᠭᠤᠷ ᠤᠨ ᠲᠥᠪ ᠫᠠᠶᠢᠰᠠ ᠡᠯᠭᠦᠨ ᠪᠠᠶᠢᠭᠤᠯᠤᠭᠳᠠᠵᠤ᠂ ᠪᠥᠬᠦ ᠤᠯᠤᠰ ᠤᠨ ᠳᠥᠷᠪᠡᠳᠦᠭᠡᠷ ᠲᠤᠰᠬᠠᠶ ᠣᠷᠣᠨ ᠤ ᠳᠡᠰ ᠤᠨ ᠬᠤᠲᠠ ᠶᠢᠨ ᠬᠠᠮ ᠵᠠᠭᠤᠴᠢᠯᠠᠭᠤᠷ ᠤᠨ ᠲᠥᠪ ᠢ ᠪᠦᠬᠦᠨ ᠢ ᠬᠠᠮᠤᠷᠬᠤ ᠶᠢ ᠪᠡᠶᠡᠯᠡᠭᠦᠯᠦᠭᠰᠡᠨ ᠮᠤᠵᠢ ᠪᠣᠯᠪᠠ᠃  ᠪᠦᠬᠦᠨ ᠢ ᠬᠠᠮᠤᠷᠬᠤ ᠶᠢ ᠬᠠᠷᠠᠬᠠᠨ ᠪᠡᠶᠡᠯᠡᠭᠦᠯᠦᠭᠡᠳᠦᠶ ᠮᠤᠵᠢ ᠳᠤ᠂ ᠬᠤᠪᠧᠶ᠂ ᠶᠦᠨᠨᠠᠨ᠂ ᠰᠧᠴᠤᠸᠠᠨ᠂ ᠱᠠᠨᠳᠦ᠋ᠩ᠂ ᠠᠨᠾᠦ᠋ᠢ᠂ ᠱᠠᠨ ᠰᠢ᠂ ᠬᠠᠷᠠᠮᠥ᠋ᠷᠡᠨ᠂ ᠯᠢᠶᠣᠤᠨᠢᠩ᠂ ᠭᠤᠸᠠᠩᠳᠦ᠋ᠩ᠂ ᠰᠢᠨᠵᠢᠶᠠᠩ ᠵᠡᠷᠭᠡ 10 ᠮᠤᠵᠢ ᠶᠢᠨ ᠵᠣᠬᠢᠶᠠᠨ ᠪᠠᠶᠢᠭᠤᠯᠤᠭᠰᠠᠨ ᠲᠤᠰᠬᠠᠶ ᠣᠷᠣᠨ ᠤ ᠳᠡᠰ ᠤᠨ ᠬᠤᠲᠠ ᠶᠢᠨ ᠬᠠᠮ ᠵᠠᠭᠤᠴᠢᠯᠠᠭᠤᠷ ᠤᠨ ᠲᠥᠪ ︵ᠰᠣᠨᠢᠨ ᠮᠡᠳᠡᠭᠡᠨ ᠤ ᠵᠠᠭᠤᠴᠢᠯᠠᠭᠤᠷ ᠤᠨ ᠲᠥᠪ᠂ ᠵᠠᠭᠤᠴᠢᠯᠠᠭᠤᠷ ᠤᠨ ᠪᠦᠯᠦᠭᠯᠡᠯ᠂ ᠬᠠᠮ ᠵᠠᠭᠤᠴᠢᠯᠠᠭᠤᠷ ᠤᠨ ᠪᠦᠯᠦᠭᠯᠡᠯ︶ ᠤᠨ ᠲᠤᠭ᠎ᠠ ᠬᠡᠮᠵᠢᠶ᠎ᠡ ᠴᠥᠮ 5 ᠲᠤ ᠬᠦᠷᠦᠭᠰᠡᠨ ᠪᠣᠶᠤ 5 ᠠᠴᠠ ᠬᠡᠲᠦᠷᠡᠪᠡ ᠃  ᠲᠤᠰᠬᠠᠶ ᠣᠷᠣᠨ ᠤ ᠳᠡᠰ ᠤᠨ ᠬᠤᠲᠠ ᠶᠢᠨ ᠬᠠᠮ ᠵᠠᠭᠤᠴᠢᠯᠠᠭᠤᠷ ᠤᠨ ᠲᠥᠪ ᠵᠣᠬᠢᠶᠠᠨ ᠪᠠᠶᠢᠭᠤᠯᠤᠯᠲᠠ ᠶᠢᠨ ᠣᠷᠭᠢᠯ ᠢ ᠤᠭᠲᠤᠪᠠ  2022 ᠣᠨ ᠤ 4 ᠳ᠋ᠦ᠋ᠭᠡᠷ ᠰᠠᠷ᠎ᠠ ᠳᠤ᠂ ᠲᠥᠪ ᠤᠨ ᠤᠬᠠᠭᠤᠯᠬᠤ ᠬᠡᠯᠲᠡᠰ᠂ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠵᠡᠷᠭᠡ ᠰᠠᠯᠠᠭ᠎ᠠ ᠮᠥᠴᠢᠷ ᠤᠳ ᠬᠠᠮᠲᠤᠷᠠᠨ ︽ᠲᠤᠰᠬᠠᠶ ᠣᠷᠣᠨ ᠤ ᠳᠡᠰ ᠤᠨ ᠬᠤᠲᠠ ᠶᠢᠨ ᠵᠠᠭᠤᠴᠢᠯᠠᠭᠤᠷ ᠤᠨ ᠭᠦᠨᠵᠡᠭᠡᠶ ᠠᠭᠤᠰᠤᠯᠴᠠᠨ ᠬᠥᠭᠵᠢᠬᠦ ᠶᠢ ᠲᠦᠷᠭᠡᠳᠬᠡᠬᠦ ᠶᠢ ᠬᠡᠷᠡᠭᠵᠢᠭᠦᠯᠬᠦ ᠲᠥᠰᠦᠯ︾ ︵ᠲᠥᠪ ᠤᠬᠠᠭᠤᠯᠭ᠎ᠠ ᠲᠠᠷᠬᠠᠭᠠᠭᠰᠠᠨ ﹇2022 ﹈ 14 ᠳ᠋ᠦ᠋ᠭᠡᠷ ᠲᠣᠭᠠᠲᠤ︶ ᠢ ᠨᠡᠶᠢᠲᠡᠯᠡᠵᠦ᠂ ᠪᠥᠬᠦ ᠤᠯᠤᠰ ᠲᠤ ᠬᠤᠲᠠ ᠶᠢᠨ ᠱᠠᠲᠤᠨ ᠤ ᠬᠠᠮ ᠵᠠᠭᠤᠴᠢᠯᠠᠭᠤᠷ ᠤᠨ ᠲᠥᠪ ᠤᠨ ᠪᠥᠲᠥᠭᠡᠨ ᠪᠠᠶᠢᠭᠤᠯᠤᠯᠲᠠ ᠶᠢᠨ 60 ᠲᠤᠷᠰᠢᠯᠲᠠ ᠶᠢᠨ ᠨᠢᠭᠡᠴᠢ ᠶᠢ ᠰᠣᠩᠭᠤᠵᠤ᠂ ︽ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠭᠦᠨᠵᠡᠭᠡᠶ ᠠᠭᠤᠰᠤᠯᠴᠠᠭᠤᠯᠬᠤ ᠬᠠᠷᠠᠯᠲᠠ ᠶᠢ ᠰᠤᠳᠤᠯᠤᠨ ᠲᠣᠭᠲᠠᠭᠠᠵᠤ᠂ ᠲᠤᠷᠰᠢᠯᠲᠠ ᠶᠢᠨ ᠴᠡᠭ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠪᠣᠳᠠᠲᠠᠶ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠵᠤ᠂ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠨᠠᠷᠢᠯᠢᠬᠵᠢᠭᠤᠯᠵᠤ᠂ ᠡᠭᠦᠷᠭᠡ ᠶᠢᠨ ᠪᠢᠴᠢᠭ᠂ ᠴᠠᠭ ᠤᠨ ᠬᠦᠰᠦᠨᠦᠭᠲᠦ ᠶᠢ ᠲᠣᠳᠣᠷᠬᠠᠶᠢᠯᠠᠵᠤ᠂ ᠯᠠᠪᠳᠠᠭᠤᠨ ᠪᠠᠲᠤᠲᠠᠶ ᠠᠬᠢᠭᠤᠯᠵᠤ᠂ ᠪᠣᠳᠠᠲᠤ ᠦᠷ᠎ᠡ ᠪᠦᠲᠦᠮᠵᠢ ᠶᠢ ᠦᠨᠡᠨ ᠬᠦ ᠪᠠᠲᠤᠯᠠᠬᠤ ᠬᠡᠷᠡᠭᠲᠡᠶ︾ ᠭᠡᠵᠦ ᠱᠠᠭᠠᠷᠳᠠᠪᠠ᠃  2023 ᠣᠨ ᠤ ᠡᠬᠢ ᠪᠠᠷ᠂ ᠲᠤᠰᠬᠠᠶ ᠣᠷᠣᠨ ᠤ ᠳᠡᠰ ᠤᠨ ᠬᠤᠲᠠ ᠶᠢᠨ ᠬᠠᠮ ᠵᠠᠭᠤᠴᠢᠯᠠᠭᠤᠷ ᠤᠨ ᠲᠥᠪ ᠤᠨ ᠪᠥᠲᠥᠭᠡᠨ ᠪᠠᠶᠢᠭᠤᠯᠤᠯᠲᠠ ᠶᠢᠨ ᠮᠡᠷᠭᠡᠵᠢᠯ ᠤᠨ ᠪᠠᠷᠢᠮᠵᠢᠶᠠᠨ ᠤ ᠵᠢᠷᠤᠮᠵᠢᠯ ᠢ ᠵᠠᠯᠭᠠᠭ᠎ᠠ ᠪᠠᠷ ᠨᠡᠶᠢᠲᠡᠯᠡᠪᠡ᠃ ᠡᠳᠡᠭᠡᠷ ᠨᠢ ᠴᠥᠮ ᠲᠤᠰᠬᠠᠶ ᠣᠷᠣᠨ ᠤ ᠳᠡᠰ ᠤᠨ ᠬᠤᠲᠠ ᠶᠢᠨ ᠵᠠᠭᠤᠴᠢᠯᠠᠭᠤᠷ ᠤᠨ ᠠᠭᠤᠰᠤᠯᠴᠠᠯ ᠳᠤ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠬᠠᠩᠭᠠᠵᠤ᠂ ᠲᠤᠰᠬᠠᠶ ᠣᠷᠣᠨ ᠤ ᠳᠡᠰ ᠤᠨ ᠬᠤᠲᠠ ᠶᠢᠨ ᠵᠠᠭᠤᠴᠢᠯᠠᠭᠤᠷ ᠤᠨ ᠠᠭᠤᠰᠤᠯᠴᠠᠯ ᠤᠨ ᠳᠤᠮᠳᠠ ᠲᠤᠰᠬᠠᠶ ᠣᠷᠣᠨ ᠤ ᠳᠡᠰ ᠤᠨ ᠬᠤᠲᠠ ᠶᠢᠨ ᠬᠠᠮ ᠵᠠᠭᠤᠴᠢᠯᠠᠭᠤᠷ ᠤᠨ ᠲᠥᠪ ᠢ ᠪᠠᠶᠢᠭᠤᠯᠤᠭᠰᠠᠨ ᠨᠢ ᠬᠥᠭᠵᠢᠯᠲᠡ ᠶᠢᠨ ᠬᠠᠯᠠᠮᠰᠢᠯ ᠴᠡᠭ ᠪᠣᠯᠤᠭᠰᠠᠨ ᠪᠠᠶᠢᠨ᠎ᠠ᠃ 7 ᠳ᠋ᠤᠭᠠᠷ ᠰᠠᠷ᠎ᠠ ᠶᠢᠨ 8 ᠤ ᠡᠳᠦᠷ ᠪᠣᠯᠲᠠᠯ᠎ᠠ᠂ ᠪᠥᠬᠦ ᠤᠯᠤᠰ ᠲᠤ ᠫᠠᠶᠢᠰᠠ ᠡᠯᠭᠦᠨ ᠪᠠᠶᠢᠭᠤᠯᠤᠭᠳᠠᠭᠰᠠᠨ ᠲᠤᠰᠬᠠᠶ ᠣᠷᠣᠨ ᠤ ᠳᠡᠰ ᠤᠨ ᠬᠤᠲᠠ ᠶᠢᠨ  ᠬᠠᠮ ᠵᠠᠭᠤᠴᠢᠯᠠᠭᠤᠷ ᠤᠨ ᠲᠥᠪ ᠨᠢᠭᠡᠨᠲᠡ 155 ᠪᠣᠯᠪᠠ︔ ᠪᠥᠬᠦ ᠤᠯᠤᠰ ᠤᠨ 333 ᠲᠤᠰᠬᠠᠶ ᠣᠷᠣᠨ ᠤ ᠲᠠᠰ ᠤᠨ ᠬᠤᠲᠠ ︵ᠭᠠᠵᠠᠷ ᠣᠷᠣᠨ᠂ ᠥᠪᠡᠷᠲᠡᠭᠡᠨ ᠵᠠᠰᠠᠬᠤ ᠵᠸᠤ᠂ ᠠᠶᠢᠮᠠᠭ︶ ᠳᠤ᠂ ᠲᠤᠰᠬᠠᠶ ᠣᠷᠣᠨ ᠬᠤᠲᠠ ᠶᠢᠨ ᠱᠠᠲᠤᠨ ᠤ ᠬᠠᠮ ᠵᠠᠭᠤᠴᠢᠯᠠᠭᠤᠷ ᠤᠨ ᠲᠥᠪ ᠤᠨ ᠫᠠᠶᠢᠰᠠ ᠡᠯᠭᠦᠭᠰᠡᠨ ᠲᠤᠭ᠎ᠠ ᠬᠡᠮᠵᠢᠶ᠎ᠡ ᠨᠢ ᠨᠢᠭᠡᠨᠲᠡ 46% ᠶᠢ ᠳᠠᠪᠠᠪᠠ᠃  ᠢᠷᠡᠭᠡᠳᠦᠢ ᠶᠢᠨ ᠬᠠᠨᠳᠤᠰᠢ᠄ ᠲᠤᠰᠬᠠᠢ ᠣᠷᠣᠨ ᠤ ᠳᠡᠰ ᠤᠨ ᠬᠤᠲᠠ ᠶᠢᠨ ᠬᠠᠮ ᠵᠠᠭᠤᠴᠢᠯᠠᠭᠤᠷ ᠤᠨ ᠳᠠᠮᠵᠢᠭᠤᠯᠭ᠎ᠠ ᠶᠢᠨ ᠲᠣᠭᠲᠠᠯᠴᠠᠭ᠎ᠠ  ᠲᠤᠰᠬᠠᠶ ᠮᠡᠷᠭᠡᠵᠢᠯᠲᠡᠨ ᠤ ᠦᠵᠡᠬᠦ ᠪᠠᠷ᠂ ᠬᠡᠰᠡᠭ ᠮᠤᠵᠢ ᠨᠢᠭᠡᠨᠲᠡ ᠲᠤᠰᠬᠠᠶ ᠣᠷᠣᠨ ᠤ ᠳᠡᠰ ᠤᠨ ᠬᠤᠲᠠ ᠶᠢᠨ ᠬᠠᠮ ᠵᠠᠭᠤᠴᠢᠯᠠᠭᠤᠷ ᠤᠨ ᠲᠥᠪ ᠢ ᠪᠦᠬᠦᠨ ᠢ ᠬᠠᠮᠤᠷᠬᠤ ᠶᠢ ᠪᠡᠶᠡᠯᠡᠭᠦᠯᠵᠦ᠂ ᠵᠠᠭᠤᠴᠢᠯᠠᠭᠤᠷ ᠤᠨ ᠪᠠᠶᠢᠭᠤᠯᠤᠮᠵᠢ ᠶᠢ ᠰᠢᠯᠢᠳᠡᠭᠵᠢᠭᠦᠯᠦᠨ ᠲᠠᠰ ᠳᠡᠪᠰᠢᠭᠦᠯᠬᠦ᠂ ᠬᠡᠯᠪᠡᠷᠢ ᠪᠠᠨ ᠬᠤᠪᠢᠷᠠᠭᠤᠯᠤᠨ ᠳᠡᠭᠡᠭᠰᠢᠯᠡᠭᠦᠯᠬᠦ ᠠᠴᠠ ᠠᠪᠴᠤ ᠦᠵᠡᠪᠡᠯ᠂ ᠢᠳᠡᠪᠬᠢ ᠠᠴᠢ ᠬᠤᠯᠪᠣᠭᠳᠠᠯ ᠲᠠᠢ ᠶᠤᠮ ᠭᠡᠵᠦ ᠪᠣᠢ᠃  ᠨᠢᠭᠡᠳᠦᠭᠡᠷ ᠲᠤ᠂ ᠲᠤᠰᠬᠠᠢ ᠣᠷᠣᠨ ᠤ ᠳᠡᠰ ᠤᠨ ᠬᠤᠳᠠ ᠶᠢᠨ ᠵᠠᠭᠤᠴᠢᠯᠠᠭᠤᠷ ᠤᠨ ᠡᠷᠴᠢᠮᠵᠢᠭᠦᠯᠦᠭᠰᠡᠨ ᠥᠨᠳᠥᠷ ᠪᠦᠲᠦᠮᠵᠢᠲᠡᠢ ᠬᠥᠭᠵᠢᠯᠲᠡ ᠶᠢ ᠠᠬᠢᠭᠤᠯᠬᠤ ᠳᠤ ᠠᠰᠢᠭ ᠲᠠᠢ᠃ ᠲᠤᠰᠬᠠᠶ ᠣᠷᠣᠨ ᠤ ᠳᠡᠰ ᠤᠨ ᠬᠤᠲᠠ ᠶᠢᠨ ᠬᠠᠮ ᠵᠠᠭᠤᠴᠢᠯᠠᠭᠤᠷ ᠤᠨ ᠲᠥᠪ ᠨᠢ ᠨᠡᠩ ᠣᠯᠠᠨ ᠪᠠᠶᠢᠭᠤᠯᠤᠮᠵᠢ ᠶᠢ ᠨᠡᠶᠢᠯᠡᠭᠦᠯᠬᠦ᠂ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠠᠷᠭ᠎ᠠ ᠬᠡᠯᠪᠡᠷᠢ ᠪᠠᠷ ᠠᠭᠤᠰᠤᠯᠴᠠᠭᠤᠯᠤᠨ ᠰᠢᠨ᠎ᠡ ᠶᠢ ᠡᠭᠦᠳᠴᠦ᠂ ᠪᠠᠶᠢᠭᠤᠯᠤᠮᠵᠢ ᠶᠢ ᠨᠡᠶᠢᠯᠡᠭᠦᠯᠦᠭᠡᠳ ᠡᠬᠢ ᠪᠠᠶᠠᠯᠢᠭ ᠢ ᠪᠦᠷᠢᠯᠭᠡᠨ ᠰᠦᠢᠳᠬᠡᠬᠦ ᠠᠴᠠ ᠵᠠᠶᠢᠯᠠᠰᠬᠢᠵᠦ᠂ ᠡᠬᠢ ᠪᠠᠶᠠᠯᠢᠭ ᠢ ᠥᠨᠳᠥᠷ ᠪᠦᠲᠦᠮᠵᠢᠲᠡᠶ ᠪᠠᠷ ᠠᠰᠢᠭᠯᠠᠬᠤ ᠳᠤ ᠠᠰᠢᠭ ᠲᠠᠢ ᠃  ᠬᠤᠶᠠᠳᠤᠭᠠᠷ ᠲᠤ᠂ ᠠᠭᠤᠯᠭ᠎ᠠ ᠶᠢᠨ ᠭᠦᠨᠵᠡᠭᠡᠢ ᠠᠭᠤᠰᠤᠯᠴᠠᠯ ᠢ ᠠᠬᠢᠭᠤᠯᠬᠤ ᠳᠤ ᠠᠰᠢᠭ ᠲᠠᠢ᠃ ᠲᠤᠰᠬᠠᠶ ᠣᠷᠣᠨ ᠤ ᠳᠡᠰ ᠤᠨ ᠬᠤᠲᠠ ᠶᠢᠨ ᠬᠠᠮ ᠵᠠᠭᠤᠴᠢᠯᠠᠭᠤᠷ ᠤᠨ ᠲᠥᠪ ᠤᠨ ᠠᠭᠤᠯᠭ᠎ᠠ ᠶᠢᠨ ᠦᠢᠯᠡᠳᠪᠦᠷᠢᠯᠡᠯ ᠨᠢ ᠢᠮᠠᠭᠲᠠ ᠲᠥᠪ ᠲᠣᠭᠤᠭᠠᠨ ᠭᠡᠷ ᠤᠨ ᠮᠠᠶ᠋ᠢᠭ ᠤᠨ ᠨᠢᠭᠡ ᠴᠣᠭᠴᠠᠵᠢᠭᠰᠠᠨ ᠵᠠᠭᠪᠤᠷ ᠢ ᠬᠡᠷᠡᠭᠯᠡᠳᠡᠭ᠂ ᠡᠶᠢᠮᠦ ᠠᠴᠠ ᠰᠣᠨᠢᠨ ᠤ ᠠᠭᠤᠯᠭ᠎ᠠ ᠪᠣᠯᠤᠨ ᠷᠠᠳᠢᠣ᠋ ᠲᠧᠯᠸᠢᠰ ᠤᠨ ᠠᠭᠤᠯᠭ᠎ᠠ ᠶᠢᠨ ᠠᠭᠤᠰᠤᠯᠴᠠᠯ ᠳᠤᠮᠳᠠ ᠵᠠᠭᠤᠴᠢᠯᠠᠭᠤᠷ ᠤᠨ ᠠᠭᠤᠯᠭ᠎ᠠ ᠶᠢᠨ ᠲᠠᠯ᠎ᠠ ᠪᠠᠷ ᠰᠢᠨ᠎ᠡ ᠶᠢ ᠡᠭᠦᠳᠬᠦ ᠳᠤ ᠲᠤᠰᠠᠲᠠᠶ ᠪᠠᠶᠢᠵᠤ᠂ ᠣᠨᠴᠠᠭᠠᠶᠢᠯᠠᠨ ᠠᠭᠤᠯᠭ᠎ᠠ ᠶᠢᠨ ᠪᠦᠲᠦᠭᠡᠭᠳᠡᠬᠦᠨ ᠤ ᠭᠦᠨᠴᠡ᠂ ᠦᠵᠡᠭᠳᠡᠴᠡ ᠵᠡᠷᠭᠡ ᠪᠣᠯᠤᠨ᠎ᠠ᠃  ᠭᠤᠷᠪᠠᠳᠤᠭᠠᠷ ᠲᠤ᠂ ᠲᠤᠰᠬᠠᠢ ᠣᠷᠣᠨ ᠤ ᠳᠡᠰ ᠤᠨ ᠬᠤᠲᠠ ᠶᠢᠨ ᠵᠠᠭᠤᠴᠢᠯᠠᠭᠤᠷ ᠤᠨ ᠪᠠᠶᠢᠭᠤᠯᠤᠮᠵᠢ ᠵᠣᠬᠢᠴᠠᠮᠵᠢ ᠶᠢᠨ ᠰᠢᠨ᠎ᠡ ᠶᠢ ᠡᠭᠦᠳᠬᠦ ᠶᠢ ᠠᠬᠢᠭᠤᠯᠬᠤ ᠳᠤ ᠠᠰᠢᠭ ᠲᠠᠢ ᠃ ᠲᠤᠰᠬᠠᠶ ᠣᠷᠣᠨ ᠤ ᠳᠡᠰ ᠤᠨ ᠬᠤᠲᠠ ᠶᠢᠨ ᠬᠠᠮ ᠵᠠᠭᠤᠴᠢᠯᠠᠭᠤᠷ ᠤᠨ ᠲᠥᠪ ᠢ ᠪᠠᠶᠢᠭᠤᠯᠤᠭᠰᠠᠨ ᠤ ᠳᠠᠷᠠᠭ᠎ᠠ᠂ ᠬᠥᠮᠦᠨ ᠤ ᠬᠦᠴᠦᠨ᠂ ᠡᠳ᠋ ᠤᠨ ᠬᠦᠴᠦᠨ᠂ ᠪᠣᠳᠠᠰ ᠤᠨ ᠬᠦᠴᠦᠨ ᠴᠥᠮ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠶᠠᠪᠤᠳᠠᠯ ᠲᠤᠯᠭᠠᠷᠠᠵᠤ ᠪᠠᠶᠢᠨ᠎ᠠ᠂ ᠡᠨᠡ ᠬᠦ ᠶᠠᠪᠤᠴᠠ ᠳᠤ᠂ ᠣᠯᠠᠩᠬᠢ ᠵᠠᠭᠤᠴᠢᠯᠠᠭᠤᠷ ᠤᠨ ᠪᠠᠶᠢᠭᠤᠯᠤᠮᠵᠢ ᠨᠢ ᠢᠨᠲ᠋ᠧᠷ ᠰᠦᠯᠵᠢᠶᠡᠨ ᠤ ᠬᠠᠨᠳᠤᠰᠢ ᠳᠤ ᠵᠣᠬᠢᠴᠠᠵᠤ᠂ ᠠᠵᠢᠯᠯᠠᠬᠤ ᠲᠠᠰᠤᠭ ᠤᠨ ᠵᠠᠭᠪᠤᠷ᠂ ᠲᠥᠷᠥᠯ ᠵᠦᠢᠯ ᠤᠨ ᠳᠦᠷᠢᠮ ᠤᠨ ᠵᠠᠭᠪᠤᠷ ᠢ ᠶᠡᠭᠡ ᠪᠠᠷ ᠥᠷᠭᠡᠳᠬᠡᠬᠦ ᠨᠢ ᠵᠠᠭᠤᠴᠢᠯᠠᠭᠤᠷ ᠤᠨ ᠪᠠᠶᠢᠭᠤᠯᠤᠮᠵᠢ ᠶᠢᠨ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠬᠥᠭᠵᠢᠭᠡᠬᠦ ᠳᠤ ᠠᠰᠢᠭ ᠲᠠᠢ᠃  ᠤᠯᠤᠰ ᠤᠨ ᠵᠠᠭᠤᠴᠢᠯᠠᠭᠤᠷ ᠤᠨ ᠭᠦᠨᠵᠡᠭᠡᠶ ᠠᠭᠤᠰᠤᠯᠴᠠᠯ ᠤᠨ ᠲᠤᠬᠠᠶ ᠪᠠᠶᠢᠯᠳᠤᠬᠤ ᠪᠣᠳᠣᠯᠭ᠎ᠠ ᠶᠢᠨ ᠤᠳᠤᠷᠢᠳᠤᠮᠵᠢ ᠶᠢ ᠳᠠᠭᠠᠯᠳᠤᠨ᠂ ᠵᠠᠭᠤᠴᠢᠯᠠᠭᠤᠷ ᠤᠨ ᠠᠮᠢ ᠠᠬᠤᠶ ᠶᠢᠨ ᠬᠠᠷᠠᠭᠠᠰᠤ ᠠᠴᠠ ᠦᠵᠡᠪᠡᠯ᠂ ᠲᠤᠰᠬᠠᠶ ᠣᠷᠣᠨ ᠤ ᠳᠡᠰ ᠤᠨ ᠬᠤᠲᠠ ᠶᠢᠨ ᠬᠠᠮ ᠵᠠᠭᠤᠴᠢᠯᠠᠭᠤᠷ ᠤᠨ ᠲᠥᠪ ᠯᠠᠪᠲᠠᠶ ᠬᠠᠮ ᠵᠠᠭᠤᠴᠢᠯᠠᠭᠤᠷ ᠤᠨ ᠳᠠᠮᠵᠢᠭᠤᠯᠭ᠎ᠠ ᠶᠢᠨ ᠲᠣᠭᠲᠠᠯᠴᠠᠭᠠᠨ ᠤ ᠴᠢᠭᠯᠡᠯ ᠲᠡᠶᠢᠰᠢ ᠴᠣᠭᠴᠠᠯᠠᠨ ᠂ ᠭᠤᠤᠯ ᠶᠠᠷᠢᠶ᠎ᠠ ᠬᠡᠯᠡᠯᠴᠡᠭᠡᠨ ᠤ ᠬᠥᠲᠥᠯᠥᠨ ᠵᠢᠯᠣᠭᠤᠳᠬᠤ ᠴᠢᠬᠤᠯᠠ ᠵᠢᠭᠰᠠᠭᠠᠯ ᠤᠨ ᠭᠠᠵᠠᠷ ᠪᠣᠯᠵᠣ᠂ ᠢᠷᠡᠭᠡᠳᠦᠶ ᠶᠢᠨ ᠬᠥᠭᠵᠢᠯᠲᠡ ᠶᠢᠨ ᠢᠷᠡᠭᠡᠳᠦᠶ ᠨᠢ ᠨᠡᠯᠢᠶᠡᠳ ᠰᠠᠶᠢᠨ ᠪᠠᠶᠢᠨ᠎ᠠ᠃ 
ᠢᠷᠡᠯᠲᠡ᠄ ᠤᠯᠤᠰ ᠤᠨ ᠷᠠᠳᠢᠣ᠋ ᠲᠧᠯᠸᠢᠰ ᠤᠨ ᠤᠶᠤᠨ ᠤ ᠬᠦᠮᠦᠷᠭᠡ