| | | | | | ᠰᠢᠨᠬᠤᠸᠠ ᠬᠤᠷᠢᠶᠠᠨ ᠤ ᠪᠡᠭᠡᠵᠢᠩ ᠤᠨ 7 ᠰᠠᠷ᠎ᠠ ᠶᠢᠨ 22 ᠤᠨ ᠴᠠᠭᠢᠯᠭᠠᠨ ᠮᠡᠳᠡᠭᠡ ᠨᠡᠶᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠭᠦ | ᠲᠠᠯ᠎ᠠ ᠪᠠᠷ ᠪᠠᠶᠢᠭᠤᠯᠤᠨ ᠪᠦᠲᠦᠭᠡᠵᠦ ᠂ ᠬᠤᠶᠠᠳᠤᠭᠠᠷ ᠵᠠᠭᠤᠨ ᠵᠢᠯ ᠤᠨ ᠲᠡᠮᠡᠴᠡᠯ ᠤᠨ ᠬᠠᠷᠠᠯᠲᠠ ᠶᠢ ᠪᠡᠶᠡᠯᠡᠭᠦᠯᠬᠦ ᠲᠡᠶᠢᠰᠢ ᠡᠷᠡᠮᠡᠬᠡᠶᠢᠯᠡᠨ ᠤᠷᠤᠭᠰᠢᠯᠠᠬᠤ ᠳᠤᠮᠳᠠ ᠂ ᠨᠠᠮ | ᠪᠣᠯᠣᠨ ᠤᠯᠤᠰ ᠪᠠᠰᠠ ᠨᠢᠭᠡᠨ ᠲᠡᠦᠬᠡᠲᠦ ᠴᠢᠨᠠᠷᠲᠠᠢ ᠴᠠᠭ ᠮᠥᠴᠡ ᠶᠢ ᠤᠭᠲᠤᠨ ᠠᠪᠤᠯ᠎ᠠ — | 2024 ᠣᠨ ᠤ 7 ᠰᠠᠷ᠎ᠠ ᠶᠢᠨ 18 ᠤ ᠦᠳᠡ ᠶᠢᠨ ᠬᠤᠶᠢᠨ᠎ᠠ ᠂ ᠨᠢᠵᠢᠭᠢᠨᠡᠭᠰᠡᠨ ᠠᠯᠠᠭ᠎ᠠ ᠲᠡᠰᠢᠯᠲᠡ ᠶᠢᠨ ᠳᠤᠮᠳᠠ ᠂ ᠨᠠᠮ ᠤᠨ ᠬᠤᠷᠢᠳᠤᠭᠠᠷ ᠬᠤᠭᠤᠴᠠᠭᠠᠨ ᠤ | ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠠᠴᠠ ︽ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠵᠦ ᠂ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠲᠣᠭᠲᠠᠭᠠᠯ︾ ᠢ ᠵᠢᠩᠬᠢᠨᠢ ᠪᠠᠷ ᠪᠠᠲᠤᠯᠠᠪᠠ ᠃ | ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠬᠦ ᠲᠡᠦᠬᠡ ᠶᠢᠨ ᠵᠠᠩᠭᠢᠯᠠᠭ᠎ᠠ ᠳᠡᠭᠡᠷ᠎ᠡ ᠵᠣᠭᠰᠣᠵᠤ ᠂ ᠪᠠᠰᠠ ᠨᠢᠭᠡ ᠤᠳᠠᠭ᠎ᠠ ᠶᠢᠨ ᠬᠥᠰᠢᠶ᠎ᠡ ᠳᠤᠷᠠᠰᠬᠠᠯ ᠤᠨ | ᠠᠴᠢ ᠬᠤᠯᠪᠣᠭᠳᠠᠯ ᠲᠠᠢ ᠴᠢᠬᠤᠯᠠ ᠬᠤᠷᠠᠯ ᠠᠮᠵᠢᠯᠲᠠ ᠲᠠᠢ ᠬᠤᠷᠠᠯᠳᠤᠵᠤ ᠂ ᠰᠢᠨ᠎ᠡ ᠴᠠᠭ ᠦᠶ᠎ᠡ ᠰᠢᠨ᠎ᠡ ᠠᠶᠠᠨ ᠵᠠᠮ ᠳᠤ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ | ᠲᠠᠯ᠎ᠠ ᠪᠠᠷ ᠭᠦᠨᠵᠡᠭᠡᠶᠢᠷᠡᠭᠦᠯᠬᠦ ᠤᠷᠤᠭᠰᠢᠯᠠᠯᠲᠠ ᠶᠢᠨ ᠪᠦᠷᠢᠶ᠎ᠡ ᠲᠤᠮᠳᠠᠳᠤ ᠶᠢᠨ ᠡᠬᠡ ᠭᠠᠵᠠᠷ ᠲᠤ ᠬᠠᠩᠭᠢᠨᠠᠯ᠎ᠠ ᠃ | ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶ᠎ᠠ ᠪᠦᠭᠦ ᠨᠠᠮ ᠪᠦᠭᠦ ᠴᠡᠷᠢᠭ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ | ᠲᠦᠮᠡᠨ ᠢ ᠪᠦᠯᠬᠦᠮᠳᠡᠭᠦᠯᠦᠨ ᠳᠠᠭᠠᠭᠤᠯᠵᠤ ᠴᠢᠩ ᠵᠣᠷᠢᠭ ᠬᠤᠪᠢᠷᠠᠰᠢ ᠦᠭᠡᠢ ᠪᠠᠷ ᠵᠣᠷᠢᠭᠲᠠᠢ ᠪᠠᠷ ᠤᠷᠤᠭᠰᠢᠯᠠᠵᠤ ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ | ᠲᠠᠯ᠎ᠠ ᠪᠠᠷ ᠭᠦᠨᠵᠡᠭᠡᠶᠢᠷᠡᠭᠦᠯᠬᠦ ᠪᠠᠷ ᠳᠠᠮᠵᠢᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠠᠷᠠᠭᠤᠯ ᠢᠷᠡᠭᠡᠳᠦᠢ ᠶᠢ ᠨᠡᠭᠡᠭᠡᠵᠦ ᠂ ᠬᠦᠴᠦᠷᠬᠡᠭ ᠤᠯᠤᠰ ᠤᠨ | ᠪᠦᠲᠦᠭᠡᠨ ᠪᠠᠶᠢᠭᠤᠯᠤᠯᠲᠠ ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠲᠠᠰᠤᠷᠠᠯᠲᠠ ᠦᠭᠡᠢ ᠠᠬᠢᠭᠤᠯᠪᠠ ᠃ | ᠥᠭᠡᠷᠡᠴᠢᠯᠡᠯᠲᠡ ᠶᠢᠨ ᠲᠤᠭ ᠢ ᠥᠨᠳᠥᠷ ᠮᠠᠨᠳᠤᠭᠤᠯᠵᠤ ᠴᠠᠭ ᠦᠶ᠎ᠡ ᠶᠢᠨ ᠰᠡᠳᠦᠪ ᠲᠤ ᠬᠠᠷᠢᠭᠤᠯᠲᠠ ᠥᠭᠭᠦᠨ᠎ᠡ — ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢ ᠨᠥᠯᠥᠭᠡᠯᠡᠬᠦ ᠪᠠᠶᠢᠭᠤᠯᠤᠯ ᠲᠣᠭᠲᠠᠴᠠ ᠶᠢᠨ ᠠᠰᠠᠭᠤᠳᠠᠯ ᠢ ᠬᠦᠴᠦᠯᠡᠨ ᠰᠢᠢᠳᠪᠦᠷᠢᠯᠡᠵᠦ ᠂ ᠥᠭᠡᠷᠡᠴᠢᠯᠡᠯᠲᠡ ᠨᠡᠭᠡᠭᠡᠯᠲᠡ ᠭᠡᠬᠦ ᠴᠢᠬᠤᠯᠠ ᠡᠷᠳᠡᠨᠢ ᠶᠢ | ᠰᠠᠶᠢᠲᠤᠷ ᠬᠡᠷᠡᠭᠯᠡᠵᠦ ᠂ ᠥᠭᠡᠷᠡᠴᠢᠯᠡᠯᠲᠡ ᠶᠢ ᠡᠴᠦᠰ ᠲᠤᠨᠢ ᠲᠤᠯᠲᠠᠯ᠎ᠠ ᠬᠢᠨ᠎ᠡ | 2024 ᠣᠨ ᠤ 4 ᠰᠠᠷ᠎ᠠ ᠶᠢᠨ ᠡᠴᠦᠰ ᠢᠶᠠᠷ ᠂ ᠨᠢᠭᠡᠨ ᠴᠢᠬᠤᠯᠠ ᠮᠡᠳᠡᠭᠡ ᠰᠢᠨᠬᠤᠸᠠ ᠬᠤᠷᠢᠶᠠᠨ ᠤ ᠴᠠᠭᠢᠯᠭᠠᠨ ᠳᠣᠯᠭᠢᠶᠠᠨ ᠢᠶᠠᠷ ᠳᠠᠮᠵᠢᠨ ᠬᠥᠬᠡᠮᠥ᠋ᠷᠡᠨ ᠤ ᠡᠮᠦᠨ᠎ᠡ | ᠤᠮᠠᠷ᠎ᠠ ᠳᠤ ᠲᠠᠷᠬᠠᠪᠠ — | ︽ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶ᠎ᠠ 4 ᠰᠠᠷ᠎ᠠ ᠶᠢᠨ 30 ᠤ ᠡᠳᠦᠷ ᠬᠤᠷᠠᠯ ᠬᠤᠷᠠᠯᠳᠤᠭᠤᠯᠵᠤ ᠂ ᠡᠨᠡ ᠵᠢᠯ ᠤᠨ 7 ᠰᠠᠷ᠎ᠠ ᠳᠤ | ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠠ ᠬᠤᠷᠠᠯ ᠢ ᠬᠤᠷᠠᠯᠳᠤᠭᠤᠯᠵᠤ ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ | ᠲᠠᠯ᠎ᠠ ᠪᠠᠷ ᠭᠦᠨᠵᠡᠭᠡᠶᠢᠷᠡᠭᠦᠯᠵᠦ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠠᠰᠠᠭᠤᠳᠠᠯ ᠢ ᠭᠤᠣᠯᠳᠠᠯᠭ᠎ᠠ ᠲᠠᠢ ᠰᠤᠳᠤᠯᠬᠤ ᠪᠠᠷ ᠲᠣᠭᠲᠠᠪᠠ︾ ᠃ | | ︽ᠳᠤᠮᠳᠠᠳᠤ ᠤᠯᠤᠰ ᠤᠨ ᠤᠯᠤᠰ ᠲᠥᠷᠥ ᠶᠢᠨ ᠠᠵᠢᠯ ᠤᠨ ᠳᠠᠷᠠᠭᠠᠯᠠᠯ ᠤᠨ ᠬᠦᠰᠦᠨᠦᠭᠲᠦ ᠳᠡᠭᠡᠷᠡᠬᠢ ᠬᠠᠮᠤᠭ ᠤᠨ ᠴᠢᠬᠤᠯᠠ ᠬᠤᠷᠠᠯ ᠤᠨ ᠨᠢᠭᠡ︾ ᠂ ︽ | ᠥᠭᠡᠷᠡᠴᠢᠯᠡᠯᠲᠡ ᠨᠡᠭᠡᠭᠡᠯᠲᠡ ᠬᠢᠭᠰᠡᠨ ᠠᠴᠠ ᠨᠠᠭᠠᠰᠢ ᠂ ᠤᠳᠠᠭ᠎ᠠ ᠪᠦᠷᠢ ᠶᠢᠨ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠨᠢ ᠴᠥᠮ ᠥᠭᠡᠷᠡᠴᠢᠯᠡᠯᠲᠡ ᠶᠢᠨ | ᠵᠥᠪᠯᠡᠬᠦ ᠵᠦᠢᠯ ᠳᠤ ᠠᠩᠬᠠᠷᠤᠯ ᠢᠶᠠᠨ ᠲᠥᠪᠯᠡᠷᠡᠭᠦᠯᠵᠦ ᠂ ᠳᠤᠮᠳᠠᠳᠤ ᠤᠯᠤᠰ ᠤᠨ ᠢᠷᠡᠭᠡᠳᠦᠢ ᠶᠢᠨ ᠲᠠᠪᠤ ᠠᠴᠠ ᠠᠷᠪᠠᠨ ᠵᠢᠯ ᠤᠨ ᠬᠥᠭᠵᠢᠯᠲᠡ ᠶᠢ ᠤᠬᠠᠭᠠᠯᠠᠨ ᠲᠥᠯᠥᠪᠯᠡᠵᠦ | ᠪᠠᠶᠢᠷᠢᠯᠠᠭᠤᠯᠤᠯᠲᠠ ᠬᠢᠭᠰᠡᠨ ᠪᠠᠶᠢᠨ᠎ᠠ ᠂ ᠡᠶᠢᠮᠦ ᠠᠴᠠ ᠬᠥᠮᠥᠰ ᠨᠡᠩ ᠢᠯᠡᠭᠦᠦ ᠬᠦᠰᠡᠨ ᠬᠦᠯᠢᠶᠡᠨ᠎ᠡ︾ ᠁ ᠤᠯᠤᠰ ᠤᠨ ᠳᠣᠲᠣᠭᠠᠳᠤ ᠭᠠᠳᠠᠭᠠᠳᠤ ᠶᠢᠨ ᠠᠩᠬᠠᠷᠤᠯ ᠤᠨ | ᠬᠠᠷᠠᠴᠠ ᠨᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠡᠦᠬᠡᠨ ᠳᠡᠭᠡᠷᠡᠬᠢ ᠪᠠᠰᠠ ᠨᠢᠭᠡ ᠤᠳᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ — | ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠳᠤ ᠲᠥᠪᠯᠡᠷᠡᠭᠰᠡᠨ ᠪᠠᠶᠢᠨ᠎ᠠ ᠃ | ᠲᠥᠪ ᠬᠤᠷᠢᠶᠠᠨ ᠤ ᠭᠤᠷᠪᠠᠳᠤᠭᠠᠷ ᠪᠦᠭᠦᠳᠠ ᠬᠤᠷᠠᠯ ᠨᠢ ᠲᠦᠭ ᠲᠦᠮᠡᠨ ᠳᠤᠮᠳᠠᠳᠤ ᠶᠢᠨ ᠬᠥᠪᠡᠭᠦᠳ ᠥᠬᠢᠳ ᠤᠨ ᠰᠡᠳᠬᠢᠯ ᠳᠤ ᠬᠦᠨᠳᠦ ᠴᠢᠬᠤᠯᠠ ᠬᠤᠪᠢ ᠶᠢᠨ | ᠵᠢᠩ ᠢ ᠡᠵᠡᠯᠡᠬᠦ ᠶᠤᠮ ᠃ | ᠨᠠᠮ ᠤᠨ ᠠᠷᠪᠠᠨ ᠨᠢᠭᠡᠳᠦᠭᠡᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠠ ᠬᠤᠷᠠᠯ ᠪᠣᠯ ᠴᠠᠭ ᠦᠶ᠎ᠡ ᠶᠢ ᠵᠠᠭᠠᠭᠯᠠᠵᠤ᠂ ᠥᠭᠡᠷᠡᠴᠢᠯᠡᠯᠲᠡ | ᠨᠡᠭᠡᠭᠡᠯᠲᠡ ᠪᠠ ᠨᠡᠶᠢᠭᠡᠮ ᠵᠢᠷᠤᠮ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠰᠢᠨ᠎ᠡ ᠴᠠᠭ ᠦᠶ᠎ᠡ ᠶᠢ ᠨᠡᠭᠡᠭᠡᠪᠡ ᠃ | ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠠᠴᠠ ᠨᠠᠭᠠᠰᠢ ᠂ ᠶᠡᠷᠦᠩᠬᠡᠢ ᠱᠦᠵᠢ ᠰᠢ ᠶᠢᠨ ᠫᠢᠩ ᠠᠭᠤᠤ | ᠶᠡᠭᠡ ᠲᠡᠦᠬᠡ ᠶᠢᠨ ᠰᠠᠨᠠᠭᠠᠴᠢᠯᠠᠭᠠᠲᠤ ᠴᠢᠨᠠᠷ ᠂ ᠯᠤᠲᠤ ᠶᠡᠭᠡ ᠤᠯᠤᠰ ᠲᠥᠷᠥ ᠶᠢᠨ ᠰᠥᠰᠥ ᠵᠣᠷᠢᠭ᠂ ᠪᠠᠲᠤ ᠴᠢᠩᠭ᠎ᠠ ᠬᠠᠷᠢᠭᠤᠴᠠᠯᠭ᠎ᠠ ᠡᠭᠦᠷᠭᠡᠯᠡᠯ ᠢᠶᠠᠷ ᠥᠭᠡᠷᠡᠴᠢᠯᠡᠯᠲᠡ ᠶᠢ | ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠶᠢ ᠪᠡᠶ᠎ᠡ ᠪᠠᠷ ᠢᠶᠠᠨ ᠤᠬᠠᠭᠠᠯᠠᠨ ᠲᠥᠯᠥᠪᠯᠡᠵᠦ ᠂ ᠪᠡᠶ᠎ᠡ ᠪᠠᠷ ᠢᠶᠠᠨ ᠪᠠᠶᠢᠷᠢᠯᠠᠭᠤᠯᠵᠤ ᠂ ᠪᠡᠶ᠎ᠡ ᠪᠠᠷ ᠢᠶᠠᠨ ᠲᠦᠯᠬᠢᠨ ᠠᠬᠢᠭᠤᠯᠵᠤ ᠂ ᠪᠦᠭᠦ | ᠨᠠᠮ ᠪᠦᠭᠦ ᠴᠡᠷᠢᠭ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠳᠠᠭᠠᠭᠤᠯᠤᠨ ᠤᠷᠢᠳ ᠡᠮᠦᠨ᠎ᠡ ᠪᠠᠶᠢᠭ᠎ᠠ ᠦᠭᠡᠢ ᠡᠷᠴᠢᠮ ᠢᠶᠠᠷ ᠠᠵᠢᠯ ᠦᠢᠯᠡᠰ ᠤᠨ | ᠬᠥᠭᠵᠢᠯᠲᠡ ᠶᠢᠨ ᠰᠢᠨ᠎ᠡ ᠣᠷᠣᠨ ᠵᠠᠢ ᠶᠢ ᠨᠡᠭᠡᠭᠡᠵᠦ ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠰᠥᠷᠴᠦ ᠪᠣᠯᠣᠰᠢ ᠦᠭᠡᠢ ᠲᠡᠦᠬᠡᠨ | ᠶᠠᠪᠤᠴᠠ ᠳᠤ ᠣᠷᠣᠪᠠ ᠃ | ᠳᠡᠯᠡᠬᠡᠢ ᠳ᠋ᠠᠬᠢᠨ ᠢ ᠪᠠᠷᠠᠯᠠᠬᠤᠶ᠎ᠠ ᠂ ᠠᠯᠢ ᠴᠤ ᠤᠯᠤᠰ ᠪᠠ ᠲᠦᠷᠦ ᠶᠢᠨ ᠨᠠᠮ ᠭᠡᠳ ᠡᠶᠢᠮᠦ ᠤᠯᠤᠰ ᠲᠦᠷᠦ ᠶᠢᠨ ᠰᠥᠰᠥ ᠵᠣᠷᠢᠭ ᠪᠠ ᠲᠡᠦᠬᠡᠨ ᠡᠭᠦᠷᠭᠡᠯᠡᠯ ᠢᠶᠠᠷ ᠂ | ᠳᠠᠯᠠᠶᠢᠴᠠ ᠶᠡᠬᠡᠲᠡᠢ ᠡᠷᠡᠰ ᠰᠢᠭᠤᠷᠬᠠᠢ ᠪᠠᠷ ᠂ ᠬᠢᠲᠤᠭᠠᠨ ᠢᠷ ᠢ ᠳᠣᠲᠣᠭᠰᠢ ᠪᠠᠨ ᠬᠠᠨᠳᠤᠭᠤᠯᠵᠤ ᠥᠪᠡᠷ ᠤᠨ ᠪᠡᠶ᠎ᠡ ᠳᠡᠭᠡᠨ ᠬᠤᠪᠢᠰᠬᠠᠯ ᠬᠢᠵᠦ ᠴᠢᠳᠠᠭᠰᠠᠨ ᠦᠭᠡᠢ ᠶᠤᠮ ᠂ | ᠠᠯᠢ ᠴᠤ ᠤᠯᠤᠰ ᠪᠠ ᠲᠦᠷᠦ ᠶᠢᠨ ᠨᠠᠮ ᠭᠡᠳ ᠡᠶᠢᠮᠦ ᠣᠬᠤᠷᠬᠠᠨ ᠬᠤᠭᠤᠴᠠᠭᠠᠨ ᠳᠤ ᠡᠶᠢᠮᠦ ᠶᠡᠭᠡ ᠬᠡᠪᠴᠢᠶ᠎ᠡ ᠂ ᠡᠶᠢᠮᠦ ᠶᠡᠭᠡ ᠬᠡᠮᠵᠢᠶ᠎ᠡ ᠂ ᠡᠶᠢᠮᠦ ᠶᠡᠭᠡ ᠡᠷᠴᠢᠮ ᠲᠠᠢ | ᠥᠭᠡᠷᠡᠴᠢᠯᠡᠯᠲᠡ ᠶᠢ ᠲᠦᠯᠬᠢᠨ ᠠᠬᠢᠭᠤᠯᠵᠤ ᠴᠢᠳᠠᠭᠰᠠᠨ ᠦᠭᠡᠢ ᠶᠤᠮ ᠂ ᠠᠯᠢ ᠴᠤ ᠤᠯᠤᠰ ᠪᠠ ᠲᠦᠷᠦ ᠶᠢᠨ ᠨᠠᠮ ᠭᠡᠳ ᠥᠭᠡᠷᠡᠴᠢᠯᠡᠯᠲᠡ ᠶᠢᠨ ᠠᠬᠢᠴᠠ ᠳᠤᠮᠳᠠ ᠡᠶᠢᠮᠦ | ᠲᠡᠦᠬᠡᠲᠦ ᠴᠢᠨᠠᠷᠲᠠᠢ ᠬᠤᠪᠢᠰᠤᠯᠲᠠ ᠶᠢ ᠣᠯᠵᠤ ᠂ ᠰᠢᠰᠲ᠋ᠧᠮᠲᠦ ᠴᠢᠨᠠᠷᠲᠠᠢ ᠪᠠᠷ ᠲᠠᠭᠢᠨ ᠴᠣᠭᠴᠠᠯᠠᠨ ᠪᠠᠶᠢᠭᠤᠯᠵᠤ ᠂ ᠪᠦᠬᠦᠯᠢ ᠴᠣᠭᠴᠠ ᠶᠢᠨ ᠴᠢᠨᠠᠷᠲᠠᠢ ᠪᠠᠷ ᠲᠠᠭᠢᠨ | ᠪᠠᠶᠢᠭᠤᠯᠵᠤ ᠴᠢᠳᠠᠭᠰᠠᠨ ᠦᠭᠡᠢ ᠶᠤᠮ ᠃ | ᠰᠢᠨ᠎ᠡ ᠴᠠᠭ ᠦᠶ᠎ᠡ ᠠᠴᠠ ᠨᠠᠭᠠᠰᠢᠬᠢ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠦᠭᠰᠡᠨ ᠠᠮᠵᠢᠯᠲᠠ ᠲᠠᠢ ᠦᠢᠯᠡᠳᠦᠯᠭᠡ ᠪᠣᠯᠣᠨ ᠠᠭᠤᠤ ᠶᠡᠭᠡ ᠠᠮᠵᠢᠯᠲᠠ | ᠪᠦᠲᠦᠮᠵᠢ ᠶᠢ ᠡᠷᠭᠢᠴᠡᠭᠦᠯᠬᠦᠶ᠎ᠡ ᠂ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠴᠤ ᠴᠠᠭ ᠦᠶ᠎ᠡ ᠶᠢ ᠵᠠᠭᠠᠭᠯᠠᠵᠤ ᠂ | ᠰᠢᠨ᠎ᠡ ᠴᠠᠭ ᠦᠶ᠎ᠡ ᠶᠢᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠂ ᠥᠭᠡᠷᠡᠴᠢᠯᠡᠯᠲᠡ ᠶᠢ ᠰᠢᠰᠲ᠋ᠧᠮ ᠲᠠᠢ ᠪᠦᠬᠦᠯᠢ ᠴᠣᠭᠴᠠ ᠪᠠᠷ ᠲᠥᠯᠥᠪᠯᠡᠨ ᠲᠦᠯᠬᠢᠨ | ᠠᠬᠢᠭᠤᠯᠬᠤ ᠰᠢᠨ᠎ᠡ ᠠᠶᠠᠨ ᠵᠠᠮ ᠢ ᠡᠬᠢᠯᠡᠭᠦᠯᠵᠦ ᠂ ᠮᠠᠨ ᠤ ᠤᠯᠤᠰ ᠤᠨ ᠥᠭᠡᠷᠡᠴᠢᠯᠡᠯᠲᠡ ᠨᠡᠭᠡᠭᠡᠯᠲᠡ ᠶᠢᠨ ᠴᠣ ᠰᠢᠨ᠎ᠡ ᠪᠠᠶᠢᠳᠠᠯ ᠢ ᠨᠡᠭᠡᠭᠡᠪᠡ ᠃ | ᠴᠠᠭ ᠮᠥᠴᠡ ᠪᠣᠯ ᠦᠨᠡᠨᠴᠢ ᠰᠢᠳᠤᠷᠭᠤ ᠭᠡᠷᠡᠴᠢᠯᠡᠭᠴᠢ ᠂ ᠠᠷᠠᠳ ᠲᠦᠮᠡᠨ ᠪᠣᠯ ᠠᠭᠤᠤ ᠶᠡᠭᠡ ᠪᠢᠴᠢᠭᠯᠡᠭᠴᠢ ᠃ | 2022 ᠣᠨ ᠤ ᠠᠯᠳᠠᠨ ᠨᠠᠮᠤᠷ ᠂ ᠶᠡᠷᠦᠩᠬᠡᠢ ᠱᠦᠵᠢ ᠰᠢ ᠶᠢᠨ ᠫᠢᠩ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠡᠭᠡᠨ ᠳᠡᠯᠡᠬᠡᠢ ᠳ᠋ᠠᠬᠢᠨ ᠳᠤ ᠲᠥᠪ | ᠴᠢᠩᠭ᠎ᠠ ᠪᠠᠷ ᠲᠤᠩᠬᠠᠭᠯᠠᠪᠠ — | ︽ ᠤᠳᠤ ᠠᠴᠠ ᠡᠬᠢᠯᠡᠨ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠤᠣᠯ ᠡᠭᠦᠷᠭᠡ ᠪᠣᠯ ᠳᠠᠷᠤᠢ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ | ᠲᠦᠮᠡᠨ ᠢ ᠪᠦᠯᠬᠦᠮᠳᠡᠭᠦᠯᠦᠨ ᠳᠠᠭᠠᠭᠤᠯᠵᠤ ᠨᠡᠶᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠭᠦ ᠲᠠᠯ᠎ᠠ ᠪᠠᠷ ᠪᠠᠶᠢᠭᠤᠯᠤᠨ ᠪᠦᠲᠦᠭᠡᠵᠦ ᠂ ᠬᠤᠶᠠᠳᠤᠭᠠᠷ | ᠵᠠᠭᠤᠨ ᠵᠢᠯ ᠤᠨ ᠲᠡᠮᠡᠴᠡᠯ ᠤᠨ ᠬᠠᠷᠠᠯᠲᠠ ᠶᠢ ᠪᠡᠶᠡᠯᠡᠭᠦᠯᠵᠦ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ | ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠲᠦᠯᠬᠢᠨ ᠠᠬᠢᠭᠤᠯᠬᠤ ᠶᠠᠪᠤᠳᠠᠯ ᠪᠣᠯᠣᠨ᠎ᠠ ︾ ᠃ | ᠰᠡᠷᠭᠦᠨ ᠮᠠᠨᠳᠤᠯᠲᠠ ᠶᠢᠨ ᠰᠦᠷ ᠳᠠᠯᠠᠶᠢᠴᠠᠲᠠᠢ ᠠᠶᠠᠯᠠᠯ ᠨᠢ ᠪᠠᠰᠠ ᠨᠢᠭᠡᠨ ᠴᠣ ᠰᠢᠨ᠎ᠡ ᠲᠡᠮᠡᠴᠡᠯ ᠤᠨ ᠬᠠᠷᠠᠯᠲᠠ ᠪᠠᠶᠢᠷᠢᠯᠠᠯ ᠢ ᠲᠣᠳᠣᠷᠬᠠᠶᠢᠯᠠᠪᠠ ᠃ | ︽ ᠰᠢᠨ᠎ᠡ ᠠᠶᠠᠨ ᠵᠠᠮ ᠳᠤ ᠂ ᠶᠠᠭᠤᠨ ᠳᠤ ᠲᠦᠰᠢᠭᠯᠡᠨ ᠤᠯᠠᠮ ᠨᠢᠭᠡ ᠠᠯᠬᠤᠮ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠂ ᠳᠤᠮᠳᠠᠳᠤ ᠶᠢᠨ | ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠲᠦᠯᠬᠢᠨ ᠠᠬᠢᠭᠤᠯᠬᠤ ᠬᠦᠴᠦᠷᠬᠡᠭ ᠶᠡᠭᠡ ᠬᠦᠴᠦᠨ ᠢ ᠬᠤᠷᠠᠮᠳᠤᠭᠤᠯᠬᠤ ᠪᠤᠢ ︖ ᠬᠠᠷᠢᠭᠤᠯᠲᠠ ᠨᠢ ᠳᠠᠷᠤᠢ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠳᠤ ᠲᠦᠰᠢᠭᠯᠡᠨ᠎ᠡ ︾ ᠃ ᠶᠡᠷᠦᠩᠬᠡᠢ ᠱᠦᠵᠢ ᠰᠢ ᠶᠢᠨ ᠫᠢᠩ ᠮᠠᠷᠺᠰ ᠤᠨ ᠦᠵᠡᠯ ᠤᠨ ᠤᠯᠤᠰ ᠲᠥᠷᠥᠴᠢᠨ ᠂ | ᠪᠣᠳᠣᠯᠭᠠᠲᠠᠨ ᠂ ᠪᠠᠶᠢᠯᠳᠤᠬᠤ ᠪᠣᠳᠣᠯᠭᠠᠲᠠᠨ ᠤ ᠭᠦᠨᠵᠡᠭᠡᠢ ᠠᠵᠢᠭᠯᠠᠬᠤ ᠴᠢᠳᠠᠪᠤᠷᠢ ᠂ ᠬᠤᠷᠴᠠ ᠰᠡᠷᠭᠡᠭ ᠮᠠᠭᠠᠳᠯᠠᠬᠤ ᠴᠢᠳᠠᠪᠤᠷᠢ ᠂ ᠤᠨᠤᠯ ᠤᠨ ᠪᠦᠲᠦᠭᠡᠯᠴᠢ ᠴᠢᠳᠠᠪᠤᠷᠢ ᠪᠠᠷ | ᠤᠷᠤᠭᠰᠢᠯᠠᠯᠲᠠ ᠶᠢᠨ ᠴᠢᠭᠯᠡᠯ ᠢ ᠲᠣᠳᠣᠷᠬᠠᠢ ᠵᠢᠭᠠᠵᠤ ᠥᠭᠭᠦᠭᠰᠡᠨ ᠪᠠᠶᠢᠨ᠎ᠠ ᠃ | ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭ᠎ᠠ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ | ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠵᠠᠩᠭᠢᠯᠠᠭ᠎ᠠ ᠶᠢᠨ ᠴᠠᠭ ᠬᠤᠭᠤᠴᠠᠭ᠎ᠠ ᠪᠣᠯᠣᠨ᠎ᠠ᠃ ᠪᠢᠳᠡᠨ ᠳᠤ | ᠲᠤᠯᠭᠠᠷᠠᠵᠤ ᠪᠠᠶᠢᠭ᠎ᠠ ᠪᠠᠶᠢᠳᠠᠯ ᠣᠷᠴᠢᠨ ᠨᠥᠬᠦᠴᠡᠯ ᠤᠷᠢᠳ ᠡᠮᠦᠨ᠎ᠡ ᠪᠠᠶᠢᠭ᠎ᠠ ᠦᠭᠡᠢ ᠨᠠᠷᠢᠨ ᠪᠤᠳᠤᠯᠢᠶᠠᠨᠲᠠᠢ ᠪᠠᠶᠢᠵᠤ᠂ ᠡᠭᠦᠷᠭᠡᠯᠡᠵᠦ ᠪᠠᠶᠢᠭ᠎ᠠ ᠥᠭᠡᠷᠡᠴᠢᠯᠡᠯᠲᠡ | ᠬᠥᠭᠵᠢᠯᠲᠡ ᠶᠢᠨ ᠡᠭᠦᠷᠭᠡ ᠤᠷᠢᠳ ᠡᠮᠦᠨ᠎ᠡ ᠪᠠᠶᠢᠭ᠎ᠠ ᠦᠭᠡᠢ ᠪᠡᠷᠬᠡ ᠬᠠᠲᠠᠭᠤᠵᠢᠯᠲᠠᠢ ᠪᠠᠶᠢᠵᠤ᠂ ᠳᠤᠮᠳᠠᠳᠤ ᠤᠯᠤᠰ ᠤᠨ ᠠᠰᠠᠭᠤᠯᠲᠠ᠂ ᠳᠡᠯᠡᠬᠡᠢ ᠶᠢᠨ ᠠᠰᠠᠭᠤᠯᠲᠠ᠂ ᠠᠷᠠᠳ | ᠲᠦᠮᠡᠨ ᠤ ᠠᠰᠠᠭᠤᠯᠲᠠ᠂ ᠴᠠᠭ ᠦᠶ᠎ᠡ ᠶᠢᠨ ᠠᠰᠠᠭᠤᠯᠲᠠ ᠨᠢ ᠪᠢᠳᠡᠨ ᠳᠤ ᠨᠡᠩ ᠪᠡᠷᠬᠡ ᠬᠠᠲᠠᠭᠤᠵᠢᠯᠲᠠᠢ ᠰᠢᠯᠭᠠᠯᠲᠠ ᠶᠢᠨ ᠰᠡᠳᠦᠪ ᠳᠤᠷᠠᠳᠤᠭᠰᠠᠨ ᠪᠠᠶᠢᠨ᠎ᠠ᠃ | ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠬᠦ ᠵᠠᠩᠭᠢᠯᠠᠭ᠎ᠠ ᠶᠢᠨ ᠴᠠᠭ ᠦᠶ᠎ᠡ ᠳᠤ᠂ ᠬᠡᠷᠬᠢᠨ 14 ᠳ᠋ᠦᠩᠰᠢᠭᠤᠷ ᠭᠠᠷᠤᠢ ᠳᠤᠮᠳᠠᠳᠤ ᠤᠯᠤᠰ ᠤᠨ ᠠᠷᠠᠳ | ᠲᠦᠮᠡᠨ ᠢ ᠪᠦᠯᠬᠦᠮᠳᠡᠭᠦᠯᠦᠨ ᠳᠠᠭᠠᠭᠤᠯᠵᠤ ᠬᠦᠴᠢᠷ ᠢ ᠰᠥᠷᠦᠨ ᠤᠷᠤᠭᠰᠢᠯᠠᠵᠤ᠂ ᠦᠷᠭᠦᠯᠵᠢᠯᠡᠨ ᠲᠡᠮᠡᠴᠡᠵᠦ᠂ ᠠᠶᠤᠯ ᠲᠦᠭᠰᠢᠭᠦᠷᠢ ᠶᠢᠨ ᠳᠤᠮᠳᠠ ᠰᠢᠨ᠎ᠡ ᠠᠵᠠ ᠲᠣᠭᠢᠶᠠᠯ ᠢ | ᠪᠤᠢ ᠪᠤᠯᠭᠠᠵᠤ᠂ ᠬᠤᠪᠢᠷᠠᠯᠲᠠ ᠶᠢᠨ ᠳᠤᠮᠳᠠ ᠰᠢᠨ᠎ᠡ ᠪᠠᠶᠢᠳᠠᠯ ᠢ ᠡᠭᠦᠳᠬᠦ ᠪᠤᠢ︖ | ᠠᠷᠠᠳ ᠲᠦᠮᠡᠨ ᠳᠤᠮᠳᠠᠳᠤ ᠤᠯᠤᠰ ᠤᠨ ᠡᠪ ᠬᠠᠮᠲᠤᠴᠤᠳ ᠤᠨ ᠰᠣᠩᠭᠤᠯᠲᠠ ᠶᠢ ᠬᠦᠰᠡᠨ ᠪᠠᠷᠠᠯᠠᠵᠤ᠂ ᠴᠠᠭ ᠦᠶ᠎ᠡ ᠳᠤᠮᠳᠠᠳᠤ ᠤᠯᠤᠰ ᠤᠨ ᠡᠪ ᠬᠠᠮᠲᠤᠴᠤᠳ ᠤᠨ | ᠬᠠᠷᠢᠭᠤᠯᠲᠠ ᠶᠢᠨ ᠬᠠᠭᠤᠳᠠᠰᠤ ᠶᠢ ᠬᠠᠷᠠᠵᠤ ᠪᠠᠶᠢᠨ᠎ᠠ᠃ | ᠡᠨᠡ ᠤᠳᠠᠭ᠎ᠠ ᠶᠢᠨ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠳᠡᠭᠡᠷ᠎ᠡ ᠶᠠᠮᠠᠷ ᠵᠥᠪᠯᠡᠬᠦ ᠵᠦᠢᠯ ᠢ ᠰᠤᠳᠤᠯᠬᠤ᠂ ᠶᠠᠮᠠᠷ ᠲᠣᠭᠲᠠᠭᠠᠯ ᠭᠠᠷᠭᠠᠬᠤ᠂ ᠶᠠᠮᠠᠷ | ᠠᠷᠭ᠎ᠠ ᠬᠡᠮᠵᠢᠶ᠎ᠡ ᠠᠪᠬᠤ᠂ ᠶᠠᠮᠠᠷ ᠳᠣᠬᠢᠶ᠎ᠠ ᠲᠡᠮᠳᠡᠭ ᠢ ᠳᠠᠮᠵᠢᠭᠤᠯᠬᠤ ᠪᠤᠢ᠂ ᠨᠠᠮ ᠤᠨ ᠬᠤᠷᠢᠳᠤᠭᠠᠷ ᠶᠡᠭᠡ ᠬᠤᠷᠠᠯ ᠲᠡᠭᠦᠰᠦᠭᠰᠡᠨ ᠤ ᠳᠠᠷᠠᠭ᠎ᠠ ᠶᠡᠷᠦᠩᠬᠡᠢ ᠱᠦᠵᠢ ᠰᠢ ᠶᠢᠨ | ᠫᠢᠩ ᠳᠠᠷᠤᠢ ᠡᠨᠡ ᠲᠤᠬᠠᠢ ᠭᠦᠨᠵᠡᠭᠡᠢ ᠪᠣᠳᠣᠯᠬᠢᠯᠠᠭᠰᠠᠨ ᠪᠠᠶᠢᠪᠠ᠃ | ︽ᠥᠭᠡᠷᠡᠴᠢᠯᠡᠯᠲᠡ ᠨᠡᠭᠡᠭᠡᠯᠲᠡ ᠪᠣᠯᠣᠨ ᠨᠡᠶᠢᠭᠡᠮ ᠵᠢᠷᠤᠮ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠰᠢᠨ᠎ᠡ ᠴᠠᠭ ᠦᠶ᠎ᠡ ᠳᠤ ᠂ ᠮᠠᠨ ᠤ ᠤᠯᠤᠰ ᠲᠣᠮᠣ | ᠠᠯᠬᠤᠭ᠎ᠠ ᠪᠠᠷ ᠴᠠᠭ ᠦᠶ᠎ᠡ ᠶᠢ ᠬᠥᠭᠡᠭᠡᠵᠦ ᠭᠦᠢᠴᠡᠭᠰᠡᠨ ᠨᠢ ᠥᠭᠡᠷᠡᠴᠢᠯᠡᠯᠲᠡ ᠨᠡᠭᠡᠭᠡᠯᠲᠡ ᠳᠤ ᠲᠦᠰᠢᠭᠯᠡᠭᠰᠡᠨ ᠶᠤᠮ︾᠃ | ︽ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠨᠠᠮ ᠪᠣᠯᠣᠨ ᠤᠯᠤᠰ ᠤᠨ ᠠᠵᠢᠯ ᠦᠢᠯᠡᠰ ᠲᠡᠦᠬᠡᠲᠦ ᠴᠢᠨᠠᠷᠲᠠᠢ ᠠᠮᠵᠢᠯᠲᠠ ᠣᠯᠵᠤ᠂ ᠲᠡᠦᠬᠡᠲᠦ | ᠴᠢᠨᠠᠷᠲᠠᠢ ᠬᠤᠪᠢᠰᠤᠯᠲᠠ ᠭᠠᠷᠤᠭᠰᠠᠨ ᠨᠢ ᠮᠥᠨ ᠴᠦ ᠥᠭᠡᠷᠡᠴᠢᠯᠡᠯᠲᠡ ᠨᠡᠭᠡᠭᠡᠯᠲᠡ ᠳᠤ ᠲᠦᠰᠢᠭᠯᠡᠭᠰᠡᠨ ᠶᠤᠮ︾᠃ | ︽ᠰᠢᠨ᠎ᠡ ᠴᠠᠭ ᠦᠶ᠎ᠡ ᠰᠢᠨ᠎ᠡ ᠠᠶᠠᠨ ᠵᠠᠮ ᠳᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠰᠢᠨ᠎ᠡ ᠪᠠᠶᠢᠳᠠᠯ ᠢ | ᠡᠭᠦᠳᠬᠦ ᠳᠤ ᠮᠥᠨ ᠯᠡ ᠥᠭᠡᠷᠡᠴᠢᠯᠡᠯᠲᠡ ᠨᠡᠭᠡᠭᠡᠯᠲᠡ ᠳᠤ ᠲᠦᠰᠢᠭᠯᠡᠬᠦ ᠬᠡᠷᠡᠭᠲᠡᠢ︾᠃ | ᠥᠨᠳᠥᠷ ᠲᠤ ᠵᠣᠭᠰᠣᠨ ᠠᠯᠤᠰ ᠢ ᠪᠠᠷᠠᠯᠠᠵᠥ᠂ ᠡᠭᠦᠯᠡ ᠰᠠᠷᠨᠢᠵᠤ ᠡᠳᠦᠷ ᠴᠡᠯᠮᠡᠭᠵᠢᠭᠦᠶᠡ᠂ ᠶᠡᠷᠦᠩᠬᠡᠢ ᠱᠦᠵᠢ ᠰᠢ ᠶᠢᠨ ᠫᠢᠩ ᠤᠨ ᠮᠠᠭᠠᠳᠯᠠᠯᠲᠠ ᠴᠠᠴᠠᠨ ᠰᠡᠷᠭᠡᠭ | ᠪᠥᠭᠡᠳ ᠡᠷᠡᠰ ᠪᠠᠲᠤ ᠪᠠᠶᠢᠯ᠎ᠠ᠃ | ᠲᠡᠦᠬᠡ ᠶᠢᠨ ᠤᠷᠤᠭᠰᠢᠯᠠᠯᠲᠠ ᠶᠢᠨ ᠯᠣᠭᠢᠭ ᠳᠤᠮᠳᠠ ᠤᠷᠤᠭᠰᠢᠯᠠᠪᠠᠯ ᠰᠠᠶ᠋ᠢ ᠬᠥᠮᠥᠨ ᠤ ᠶᠢᠷᠲᠢᠨᠴᠦ ᠶᠢᠨ ᠵᠥᠪ ᠵᠠᠮ ᠢᠶᠠᠷ ᠵᠠᠮᠨᠠᠵᠤ᠂ ᠴᠠᠭ ᠦᠶ᠎ᠡ ᠶᠢᠨ | ᠬᠥᠭᠵᠢᠯᠲᠡ ᠶᠢᠨ ᠤᠷᠤᠰᠬᠠᠯ ᠳᠤᠮᠳᠠ ᠬᠥᠭᠵᠢᠪᠡᠯ ᠰᠠᠶ᠋ᠢ ᠨᠡᠩ ᠥᠨᠳᠥᠷ ᠲᠤ ᠭᠠᠷᠴᠤ ᠴᠢᠳᠠᠨ᠎ᠠ - | ᠬᠥᠮᠥᠰ ᠤᠨ ᠰᠡᠳᠬᠢᠯ ᠢ ᠨᠢᠭᠲᠠᠷᠠᠭᠤᠯᠵᠤ᠂ ᠬᠦᠴᠦᠨ ᠴᠢᠳᠠᠯ ᠢ ᠬᠤᠷᠠᠮᠳᠤᠭᠤᠯᠵᠤ᠂ ᠰᠢᠨ᠎ᠡ ᠴᠠᠭ ᠦᠶ᠎ᠡ ᠰᠢᠨ᠎ᠡ ᠠᠶᠠᠨ ᠵᠠᠮ ᠳᠠᠬᠢ ᠨᠠᠮ ᠤᠨ ᠭᠤᠣᠯ ᠡᠭᠦᠷᠭᠡ ᠶᠢ | ᠪᠡᠶᠡᠯᠡᠭᠦᠯᠬᠦ ᠳᠤ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠶᠠᠪᠤᠳᠠᠯ ᠲᠤᠯᠭᠠᠮ ᠱᠠᠭᠠᠷᠳᠠᠭᠳᠠᠵᠤ ᠪᠠᠶᠢᠨ᠎ᠠ︔ ᠳᠤᠮᠳᠠᠳᠤ ᠤᠯᠤᠰ ᠤᠨ | ᠣᠨᠴᠠᠯᠢᠭ ᠪᠦᠬᠦᠢ ᠨᠡᠶᠢᠭᠡᠮ ᠵᠢᠷᠤᠮ ᠤᠨ ᠪᠠᠶᠢᠭᠤᠯᠤᠯ ᠢ ᠲᠡᠭᠦᠯᠳᠡᠷᠵᠢᠭᠦᠯᠦᠨ ᠬᠥᠭᠵᠢᠭᠦᠯᠵᠦ᠂ ᠲᠦᠷᠦ ᠶᠢ ᠵᠠᠰᠠᠬᠤ ᠰᠢᠰᠲ᠋ᠧᠮ ᠪᠣᠯᠣᠨ ᠵᠠᠰᠠᠬᠤ ᠴᠢᠳᠠᠪᠤᠷᠢ ᠶᠢᠨ | ᠣᠳᠣᠬᠢᠴᠢᠯᠠᠯᠲᠠ ᠶᠢ ᠠᠬᠢᠭᠤᠯᠬᠤ ᠳᠤ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠶᠠᠪᠤᠳᠠᠯ ᠲᠤᠯᠭᠠᠮ ᠱᠠᠭᠠᠷᠳᠠᠭᠳᠠᠵᠤ ᠪᠠᠶᠢᠨ᠎ᠠ︔ | ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠮᠠᠨ ᠤ ᠤᠯᠤᠰ ᠤᠨ ᠨᠡᠶᠢᠭᠡᠮ ᠤᠨ ᠭᠤᠣᠯ ᠵᠥᠷᠢᠴᠡᠯ ᠤᠨ ᠬᠤᠪᠢᠷᠠᠯᠲᠠ ᠳᠤ ᠨᠡᠩ ᠰᠠᠶᠢᠲᠤᠷ ᠵᠣᠬᠢᠴᠠᠬᠤ ᠳᠤ ᠂ | ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠶᠠᠪᠤᠳᠠᠯ ᠲᠤᠯᠭᠠᠮ ᠱᠠᠭᠠᠷᠳᠠᠭᠳᠠᠵᠤ ᠪᠠᠶᠢᠨ᠎ᠠ︔ | ᠬᠦᠨᠳᠦ ᠶᠡᠭᠡ ᠠᠶᠤᠯ ᠲᠦᠭᠰᠢᠭᠦᠷᠢ ᠰᠢᠯᠭᠠᠯᠲᠠ ᠶᠢ ᠠᠷᠭᠠᠴᠠᠵᠤ ᠂ ᠨᠠᠮ ᠪᠣᠯᠣᠨ ᠤᠯᠤᠰ ᠤᠨ ᠠᠵᠢᠯ ᠦᠢᠯᠡᠰ ᠤᠨ ᠲᠣᠭᠲᠠᠭᠤᠨ ᠢᠶᠠᠷ ᠬᠤᠯᠠ ᠠᠶᠠᠯᠠᠬᠤ ᠶᠢ ᠲᠦᠯᠬᠢᠨ | ᠠᠬᠢᠭᠤᠯᠬᠤ ᠳᠤ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠶᠠᠪᠤᠳᠠᠯ ᠲᠤᠯᠭᠠᠮ ᠱᠠᠭᠠᠷᠳᠠᠭᠳᠠᠵᠤ ᠪᠠᠶᠢᠨ᠎ᠠ ᠁ | 2023 ᠣᠨ ᠤ 11 ᠰᠠᠷ᠎ᠠ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ | ᠬᠤᠷᠢᠶ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶ᠎ᠠ ᠤᠷᠢᠳ ᠬᠤᠵᠢᠳ ᠬᠤᠷᠠᠯ ᠬᠤᠷᠠᠯᠳᠤᠭᠤᠯᠵᠤ᠂ ᠴᠢᠬᠤᠯᠠ | ᠶᠡᠭᠡ ᠠᠴᠢ ᠬᠤᠯᠪᠣᠭᠳᠠᠯ ᠲᠠᠢ᠂ ᠠᠯᠤᠰ ᠭᠡᠲᠦ ᠶᠢᠨ ᠨᠥᠯᠥᠭᠡ ᠲᠠᠢ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠭᠠᠷᠭᠠᠪᠠ — ᠨᠠᠮ ᠤᠨ ᠬᠤᠷᠢᠳᠤᠭᠠᠷ ᠬᠤᠭᠤᠴᠠᠭᠠᠨ ᠤ | ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠠᠴᠠ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠵᠦ ᠂ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠠᠰᠠᠭᠤᠳᠠᠯ ᠢ ᠭᠤᠣᠯᠳᠠᠯᠭ᠎ᠠ ᠲᠠᠢ ᠰᠤᠳᠤᠯᠬᠤ ᠶᠢᠨ ᠬᠠᠮᠲᠤ ᠲᠣᠭᠲᠠᠭᠠᠯ ᠭᠠᠷᠭᠠᠨ᠎ᠠ᠃ | ᠡᠭᠦᠨ ᠤ ᠬᠠᠮᠲᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠪᠢᠴᠢᠭ ᠮᠠᠲ᠋ᠧᠷᠢᠶᠠᠯ ᠲᠤᠭᠤᠷᠪᠢᠬᠤ | ᠳᠤᠭᠤᠶᠢᠯᠠᠩ ᠢ ᠪᠠᠶᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠪᠢᠴᠢᠭ ᠮᠠᠲ᠋ᠧᠷᠢᠶᠠᠯ ᠲᠤᠭᠤᠷᠪᠢᠬᠤ ᠳᠤᠭᠤᠶᠢᠯᠠᠩ ᠤᠨ ᠳᠠᠷᠤᠭ᠎ᠠ ᠶᠢᠨ ᠲᠤᠰᠢᠶᠠᠯ ᠢ ᠪᠡᠶ᠎ᠡ ᠪᠠᠷ ᠢᠶᠠᠨ | ᠡᠭᠦᠷᠭᠡᠯᠡᠵᠡᠢ᠃ | ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠭᠤᠣᠯ ᠰᠡᠳᠦᠪ ᠢ ᠶᠠᠭᠤᠨ ᠳᠤ ᠥᠭᠡᠷᠡᠴᠢᠯᠡᠯᠲᠡ ᠶᠢ ᠤᠯᠠᠮ | ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠪᠠᠷ ᠲᠣᠭᠲᠠᠭᠠᠭᠰᠠᠨ ᠪᠤᠢ︖ | ᠶᠡᠷᠦᠩᠬᠡᠢ ᠱᠦᠵᠢ ᠰᠢ ᠶᠢᠨ ᠫᠢᠩ᠄︽ᠤᠯᠤᠰ ᠤᠨ ᠳᠣᠲᠣᠭᠠᠳᠤ ᠭᠠᠳᠠᠭᠠᠳᠤ ᠳᠤ ᠪᠢᠳᠡᠨ ᠤ ᠥᠭᠡᠷᠡᠴᠢᠯᠡᠯᠲᠡ ᠨᠡᠭᠡᠭᠡᠯᠲᠡ ᠶᠢᠨ ᠲᠤᠭ ᠢ ᠡᠷᠡᠰ ᠭᠤᠶᠢᠪᠢᠰᠢ ᠦᠭᠡᠢ | ᠥᠨᠳᠥᠷ ᠮᠠᠨᠳᠤᠭᠤᠯᠬᠤ ᠴᠢᠩᠭ᠎ᠠ ᠳᠣᠬᠢᠶ᠎ᠠ ᠶᠢ ᠳᠠᠮᠵᠢᠭᠤᠯᠬᠤ ᠬᠡᠷᠡᠭᠲᠡᠢ︾ ᠭᠡᠵᠦ ᠨᠢᠭᠡ ᠯᠡ ᠦᠭᠡ ᠪᠠᠷ ᠭᠤᠣᠯ ᠰᠠᠨᠠᠭ᠎ᠠ ᠶᠢ ᠨᠢ ᠨᠡᠪᠲᠡ ᠬᠡᠯᠡᠪᠡ᠃ | ᠲᠡᠦᠬᠡ ᠶᠢᠨ ᠠᠯᠤᠰ ᠤᠨ ᠲᠥᠯᠥᠪ ᠢ ᠨᠡᠭᠡᠭᠡᠨ᠂ ᠨᠠᠮ ᠪᠣᠯᠣᠨ ᠤᠯᠤᠰ ᠤᠨ ᠠᠵᠢᠯ ᠦᠢᠯᠡᠰ ᠤᠨ ᠬᠥᠭᠵᠢᠯᠲᠡ ᠶᠢᠨ ᠪᠦᠭᠦ ᠲᠠᠯ᠎ᠠ ᠠᠴᠠ ᠪᠠᠷᠠᠯᠠᠪᠠᠯ᠂ ᠡᠨᠡ ᠬᠦ ᠭᠤᠣᠯ | ᠰᠡᠳᠦᠪ ᠲᠤ ᠠᠭᠤᠯᠤᠭᠳᠠᠵᠤ ᠪᠠᠶᠢᠭ᠎ᠠ ᠭᠦᠨ ᠤᠳᠬ᠎ᠠ ᠠᠭᠤᠯᠭ᠎ᠠ ᠶᠢ ᠨᠡᠩ ᠢᠯᠡᠭᠦᠦ ᠣᠶᠢᠯᠠᠭᠠᠵᠤ ᠴᠢᠳᠠᠨ᠎ᠠ᠃ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠲᠦᠯᠬᠢᠨ ᠠᠬᠢᠭᠤᠯᠬᠤ ᠳᠤ ᠡᠷᠬᠡᠪᠰᠢ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ | ᠬᠡᠷᠡᠭᠲᠡᠢ — | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯ ᠤᠷᠢᠳ ᠡᠮᠦᠨ᠎ᠡ ᠪᠠᠶᠢᠭ᠎ᠠ ᠦᠭᠡᠢ ᠡᠭᠦᠳᠦᠯᠲᠡ ᠶᠢᠨ ᠴᠢᠨᠠᠷᠲᠠᠢ ᠦᠢᠯᠡᠰ ᠮᠥᠨ᠂ ᠬᠠᠲᠠᠭᠤ ᠪᠡᠷᠬᠡ ᠴᠢᠨᠠᠷ | ᠪᠣᠯᠣᠨ ᠨᠠᠷᠢᠨ ᠪᠤᠳᠤᠯᠢᠶᠠᠨᠲᠤ ᠴᠢᠨᠠᠷ ᠤᠷᠢᠳ ᠡᠮᠦᠨ᠎ᠡ ᠪᠠᠶᠢᠭ᠎ᠠ ᠦᠭᠡᠢ ᠶᠤᠮ᠂ ᠤᠷᠤᠭᠰᠢᠯᠠᠯᠲᠠ ᠶᠢᠨ ᠵᠠᠮ ᠳᠡᠭᠡᠷ᠎ᠡ ᠡᠯ᠎ᠡ ᠵᠦᠢᠯ ᠤᠨ ᠲᠤᠬᠳᠠᠭᠠᠯᠳᠤ ᠪᠤᠰᠤ᠂ ᠲᠥᠰᠥᠭᠡᠯᠡᠬᠦᠶ᠎ᠡ | ᠪᠡᠷᠬᠡ ᠠᠶᠤᠯ ᠲᠦᠭᠰᠢᠭᠦᠷᠢ ᠥᠷᠢᠰᠦᠯᠳᠦᠭᠡᠨ ᠲᠤᠯᠭᠠᠷᠠᠬᠤ ᠨᠢ ᠵᠠᠶᠢᠯᠠᠰᠢ ᠦᠭᠡᠢ ᠶᠤᠮ᠃ ᠣᠳᠣᠬᠠᠨ ᠳᠤ᠂ ᠳᠡᠯᠡᠬᠡᠢ ᠳ᠋ᠠᠬᠢᠨ ᠤ ᠵᠠᠭᠤᠨ ᠵᠢᠯ ᠤᠨ ᠬᠤᠪᠢᠷᠠᠯᠲᠠ ᠲᠦᠷᠭᠡᠨ | ᠬᠥᠭᠵᠢᠵᠦ᠂ ᠰᠢᠨ᠎ᠡ ᠨᠢᠭᠡ ᠡᠭᠡᠯᠵᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠪᠢᠰᠬᠠᠯ ᠪᠣᠯᠣᠨ ᠠᠵᠤ ᠦᠢᠯᠡᠰ ᠤᠨ ᠬᠤᠪᠢᠰᠤᠯᠲᠠ ᠭᠦᠨᠵᠡᠭᠡᠶᠢᠷᠡᠨ ᠬᠥᠭᠵᠢᠵᠦ᠂ | ᠳᠡᠯᠡᠬᠡᠢ ᠳ᠋ᠠᠬᠢᠨ ᠰᠢᠨ᠎ᠡ ᠲᠣᠭᠲᠠᠭᠤᠨ ᠪᠤᠰᠤ ᠬᠤᠪᠢᠰᠤᠯᠲᠠ ᠶᠢᠨ ᠬᠤᠭᠤᠴᠠᠭᠠᠨ ᠳᠤ ᠣᠷᠣᠪᠠ᠃ ᠮᠠᠨ ᠤ ᠤᠯᠤᠰ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠠᠵᠠ | ᠲᠣᠭᠢᠶᠠᠯ ᠪᠣᠯᠣᠨ ᠠᠶᠤᠯ ᠲᠦᠭᠰᠢᠭᠦᠷᠢ ᠥᠷᠢᠰᠦᠯᠳᠦᠭᠡᠨ ᠵᠡᠷᠭᠡ ᠪᠠᠷ ᠣᠷᠣᠰᠢᠵᠤ᠂ ᠬᠥᠭᠵᠢᠯᠲᠡ ᠶᠢᠨ ᠲᠡᠩᠴᠡᠭᠦᠷᠢ ᠦᠭᠡᠢ ᠭᠦᠢᠴᠡᠳ ᠦᠭᠡᠢ ᠪᠠᠶᠢᠬᠤ ᠠᠰᠠᠭᠤᠳᠠᠯ ᠮᠥᠨ | ᠲᠣᠪᠣᠶᠢᠮ᠎ᠠ ᠣᠷᠣᠰᠢᠵᠤ᠂ ᠴᠥᠭᠡᠨ ᠪᠤᠰᠤ ᠭᠦᠨ ᠳᠠᠪᠬᠤᠷᠭ᠎ᠠ ᠶᠢᠨ ᠵᠥᠷᠢᠴᠡᠯ ᠠᠴᠠ ᠵᠠᠶᠢᠯᠠᠵᠤ ᠳᠡᠶᠢᠯᠭᠦ ᠦᠭᠡᠢ᠂ ᠲᠣᠭᠤᠷᠢᠵᠤ ᠭᠠᠷᠴᠤ ᠳᠡᠶᠢᠯᠭᠦ ᠦᠭᠡᠢ ᠶᠤᠮ᠃ ᠡᠳᠡᠭᠡᠷ | ᠵᠥᠷᠢᠴᠡᠯ ᠠᠰᠠᠭᠤᠳᠠᠯ ᠢ ᠰᠢᠢᠳᠪᠦᠷᠢᠯᠡᠵᠦ᠂ ᠬᠠᠷᠢᠭᠤᠯᠲᠠ ᠥᠭᠬᠦ ᠳᠤ ᠡᠷᠬᠡᠪᠰᠢ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠳᠤ | ᠲᠦᠰᠢᠭᠯᠡᠬᠦ ᠬᠡᠷᠡᠭᠲᠡᠢ᠃ | ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠳᠤ ᠡᠷᠬᠡᠪᠰᠢ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠳᠤ ᠠᠩᠬᠠᠷᠤᠯ ᠢᠶᠠᠨ ᠲᠥᠪᠯᠡᠷᠡᠭᠦᠯᠬᠦ | ᠬᠡᠷᠡᠭᠲᠡᠢ — | ᠨᠠᠮ ᠤᠨ ᠭᠤᠣᠯ ᠡᠭᠦᠷᠭᠡ ᠲᠠᠢ ᠤᠶᠠᠯᠳᠤᠭᠤᠯᠤᠨ ᠥᠭᠡᠷᠡᠴᠢᠯᠡᠯᠲᠡ ᠶᠢ ᠲᠥᠯᠥᠪᠯᠡᠵᠦ ᠪᠠᠶᠢᠷᠢᠯᠠᠭᠤᠯᠬᠤ ᠪᠣᠯ ᠨᠠᠮ ᠠᠴᠠ ᠥᠭᠡᠷᠡᠴᠢᠯᠡᠯᠲᠡ ᠨᠡᠭᠡᠭᠡᠯᠲᠡ ᠶᠢ | ᠤᠳᠤᠷᠢᠳᠤᠭᠰᠠᠨ ᠠᠮᠵᠢᠯᠲᠠᠲᠠᠢ ᠲᠤᠷᠰᠢᠯᠭ᠎ᠠ ᠮᠥᠨ᠃ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ | ᠦᠨᠳᠦᠰᠦᠲᠡᠨ ᠤ ᠰᠡᠷᠭᠦᠨ ᠮᠠᠨᠳᠤᠯᠳᠠ ᠶᠢᠨ ᠠᠭᠤᠤ ᠦᠢᠯᠡᠰ ᠶᠢ ᠪᠦᠭᠦ ᠲᠠᠯ᠎ᠠ ᠪᠠᠷ ᠲᠦᠯᠬᠢᠨ ᠠᠬᠢᠭᠤᠯᠬᠤ ᠪᠣᠯ ᠰᠢᠨ᠎ᠡ ᠴᠠᠭ ᠦᠶ᠎ᠡ ᠰᠢᠨ᠎ᠡ ᠠᠶᠠᠨ ᠳᠠᠬᠢ ᠨᠠᠮ ᠤᠨ ᠭᠤᠣᠯ | ᠡᠭᠦᠷᠭᠡ ᠮᠥᠨ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠳᠤ ᠡᠷᠬᠡᠪᠰᠢ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ | ᠲᠦᠯᠬᠢᠨ ᠠᠬᠢᠭᠤᠯᠬᠤ ᠲᠠᠢ ᠨᠢᠭᠲᠠ ᠤᠶᠠᠯᠳᠤᠭᠤᠯᠤᠨ ᠲᠥᠰᠥᠪᠯᠡᠨ ᠥᠷᠨᠢᠭᠦᠯᠵᠦ᠂ ᠬᠠᠷᠠᠯᠲᠠ ᠲᠣᠳᠣᠷᠬᠠᠢ᠂ ᠴᠢᠭᠯᠡᠯᠲᠡ ᠲᠠᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ | ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠬᠢᠭᠡᠳ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ᠂ | ᠨᠢᠭᠲᠠ ᠤᠶᠠᠯᠳᠤᠭᠤᠯᠵᠤ᠂ ᠳᠣᠲᠣᠭᠠᠳᠤ ᠨᠢᠭᠡᠳᠦᠯ ᠲᠠᠢ ᠪᠠᠶᠢᠬᠤ ᠬᠡᠷᠡᠭᠲᠡᠢ᠃ | ᠶᠠᠭ ᠶᠡᠷᠦᠩᠬᠡᠢ ᠱᠦᠵᠢ ᠰᠢ ᠶᠢᠨ ᠫᠢᠩ ᠤᠨ ᠬᠡᠯᠡᠭᠰᠡᠨᠴᠢᠯᠡᠨ᠄ ︽ᠨᠠᠮ ᠤᠨ ᠬᠤᠷᠢᠳᠤᠭᠠᠷ ᠶᠡᠭᠡ ᠬᠤᠷᠠᠯ ᠠᠴᠠ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢ ᠠᠬᠢᠭᠤᠯᠬᠤ ᠲᠤᠬᠠᠢ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠬᠢᠵᠡᠢ᠃ ᠡᠳᠡᠭᠡᠷ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ | ᠪᠣᠳᠠᠲᠠᠢ ᠳᠤ ᠨᠠᠶᠢᠳᠠᠪᠤᠷᠢᠵᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠵᠢᠷᠤᠭ ᠲᠥᠰᠥᠪ ᠢ ᠪᠣᠳᠠᠲᠤ ᠠᠬᠤᠢ ᠪᠣᠯᠭᠠᠨ ᠬᠤᠪᠢᠷᠠᠭᠤᠯᠬᠤ ᠶᠢᠨ | ᠦᠨᠳᠦᠰᠦ ᠨᠢ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠡᠯ᠎ᠡ ᠲᠠᠯ᠎ᠠ ᠶᠢᠨ ᠪᠠᠶᠢᠭᠤᠯᠤᠯ ᠲᠣᠭᠲᠠᠴᠠ ᠶᠢ ᠲᠠᠰᠤᠷᠠᠯᠳᠠ ᠦᠭᠡᠢ | ᠲᠡᠭᠦᠯᠳᠡᠷᠵᠢᠭᠦᠯᠦᠨ᠂ ᠡᠯ᠎ᠡ ᠵᠦᠢᠯ ᠤᠨ ᠬᠠᠷᠰᠢ ᠰᠠᠭᠠᠳ ᠢ ᠠᠷᠢᠯᠭᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠳᠤ ᠲᠠᠰᠤᠷᠠᠯᠳᠠ ᠦᠭᠡᠢ ᠠᠮᠢᠵᠢᠷᠠᠯ ᠤᠨ | ᠬᠦᠴᠦᠨ ᠪᠠ ᠬᠥᠳᠡᠯᠭᠡᠬᠦ ᠬᠦᠴᠦᠨ ᠨᠡᠮᠡᠷᠢᠯᠡᠬᠦ ᠳᠤ ᠪᠠᠶᠢᠨ᠎ᠠ︾᠃ | ᠲᠥᠯᠥᠪᠯᠡᠭᠡ ᠬᠥᠲᠥᠯᠪᠦᠷᠢ ᠶᠢ ᠲᠣᠭᠲᠠᠭᠠᠵᠤ᠂ ᠢᠯᠠᠯᠲᠠ ᠶᠢᠨ ᠡᠷᠴᠢᠨ ᠳᠡᠭᠡᠷ᠎ᠡ ᠤᠷᠤᠭᠰᠢᠯᠠᠨ᠎ᠠ᠃ | ᠤᠳᠠᠭ᠎ᠠ ᠪᠦᠷᠢ ᠶᠢᠨ ᠪᠠᠶᠢᠴᠠᠭᠠᠨ ᠰᠤᠳᠤᠯᠤᠯᠲᠠ᠂ ᠤᠳᠠᠭ᠎ᠠ ᠪᠦᠷᠢ ᠶᠢᠨ ᠶᠠᠷᠢᠯᠴᠠᠭ᠎ᠠ ᠰᠣᠯᠢᠯᠴᠠᠭ᠎ᠠ ᠳᠤᠮᠳᠠ᠂ ᠶᠡᠷᠦᠩᠬᠡᠢ ᠱᠦᠵᠢ ᠰᠢ ᠶᠢᠨ ᠫᠢᠩ ᠥᠭᠡᠷᠡᠴᠢᠯᠡᠯᠲᠡ ᠶᠢ | ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠶᠢᠨ ᠴᠢᠬᠤᠯᠠ ᠶᠡᠭᠡ ᠠᠴᠢ | ᠬᠤᠯᠪᠣᠭᠳᠠᠯ᠂ ᠵᠢᠯᠤᠭᠤᠳᠬᠤ ᠵᠠᠷᠴᠢᠮ᠂ ᠬᠠᠷᠠᠯᠲᠠ ᠡᠭᠦᠷᠭᠡ᠂ ᠴᠢᠬᠤᠯᠠ ᠶᠡᠭᠡ ᠠᠷᠭ᠎ᠠ ᠬᠡᠮᠵᠢᠶ᠎ᠡ᠂ ᠰᠢᠨᠵᠢᠯᠡᠬᠦ ᠤᠬᠠᠭᠠᠨᠴᠢ ᠠᠷᠭ᠎ᠠ ᠵᠠᠮ ᠵᠡᠷᠭᠡ ᠴᠢᠬᠤᠯᠠ ᠶᠡᠭᠡ ᠣᠨᠣᠯ ᠤᠨ ᠪᠠ | ᠦᠢᠯᠡᠳᠦᠯᠭᠡ ᠶᠢᠨ ᠠᠰᠠᠭᠤᠳᠠᠯ ᠢ ᠭᠦᠨᠵᠡᠭᠡᠢ ᠲᠣᠳᠣᠷᠬᠠᠶᠢᠯᠠᠨ ᠥᠭᠦᠯᠡᠵᠦ᠂ ᠪᠦᠭᠦᠳᠡ ᠬᠤᠷᠠᠯ ᠤᠨ ᠪᠢᠴᠢᠭ ᠮᠠᠲ᠋ᠧᠷᠢᠶᠠᠯ ᠢ ᠲᠤᠭᠤᠷᠪᠢᠬᠤ ᠠᠵᠢᠯ ᠢ ᠰᠠᠶᠢᠲᠤᠷ ᠬᠢᠬᠦ ᠳᠤ | ᠬᠦᠴᠦᠲᠡᠢ ᠵᠢᠯᠣᠭᠤᠳᠤᠯᠭ᠎ᠠ ᠬᠠᠩᠭᠠᠪᠠ᠃ | ᠶᠡᠷᠦᠩᠬᠡᠢ ᠱᠦᠵᠢ ᠰᠢ ᠶᠢᠨ ᠫᠢᠩ᠂ ᠪᠦᠭᠦᠳᠠ ᠬᠤᠷᠠᠯ ᠠᠴᠠ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠰᠢᠢᠳᠪᠦᠷᠢᠯᠡᠬᠦ ᠴᠢᠬᠤᠯᠠᠲᠠᠢ | ᠴᠢᠬᠤᠯᠠ ᠶᠡᠭᠡ ᠪᠠᠶᠢᠭᠤᠯᠤᠯ ᠲᠣᠭᠲᠠᠴᠠ ᠶᠢᠨ ᠠᠰᠠᠭᠤᠳᠠᠯ᠂ ᠭᠦᠨ ᠳᠠᠪᠬᠤᠷᠭ᠎ᠠ ᠶᠢᠨ ᠵᠥᠷᠢᠴᠡᠯ ᠪᠣᠯᠣᠨ ᠠᠰᠠᠭᠤᠳᠠᠯ ᠢ ᠠᠳᠬᠤᠵᠤ᠂ ᠭᠦᠨᠵᠡᠭᠡᠢ ᠰᠤᠳᠤᠯᠵᠤ᠂ ᠲᠠᠨᠢᠯᠲᠠ ᠪᠠᠨ | ᠭᠦᠨᠵᠡᠭᠡᠶᠢᠷᠡᠭᠦᠯᠵᠦ᠂ ᠵᠠᠩᠭᠢᠯᠠᠭ᠎ᠠ ᠶᠢ ᠣᠨᠣᠪᠴᠢᠲᠠᠢ ᠡᠷᠢᠵᠦ᠂ ᠥᠭᠡᠷᠡᠴᠢᠯᠡᠯᠲᠡ ᠶᠢᠨ ᠪᠠᠶᠢᠯᠳᠤᠬᠤ ᠪᠣᠳᠣᠯᠭ᠎ᠠ ᠶᠢᠨ ᠭᠤᠣᠯᠳᠠᠯᠭ᠎ᠠ᠂ ᠤᠷᠢᠳ ᠢᠶᠠᠷ ᠪᠣᠳᠣᠯᠬᠢᠯᠠᠬᠤ ᠲᠡᠰ | ᠳᠠᠷᠠᠭᠠᠯᠠᠯ᠂ ᠭᠤᠣᠯ ᠰᠢᠪᠲᠤᠯᠬᠤ ᠴᠢᠭᠯᠡᠯ᠂ ᠠᠵᠢᠯ ᠤᠨ ᠲᠣᠭᠲᠠᠴᠠ᠂ ᠠᠬᠢᠭᠤᠯᠬᠤ ᠠᠷᠭ᠎ᠠ ᠭᠡᠯᠪᠡᠷᠢ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠡᠨᠡ ᠬᠦ ᠰᠠᠭᠤᠷᠢᠨ | ᠳᠡᠭᠡᠷ᠎ᠡ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠶᠡᠷᠦᠩᠬᠡᠢ ᠪᠠᠶᠢᠷᠢᠯᠠᠭᠤᠯᠤᠯᠲᠠ ᠶᠢ ᠪᠦᠷᠢᠯᠳᠦᠭᠦᠯᠬᠦ ᠬᠡᠷᠡᠭᠲᠡᠢ ᠭᠡᠵᠦ ᠲᠣᠳᠣᠷᠬᠠᠢ ᠵᠢᠭᠠᠵᠤ ᠭᠠᠷᠭᠠᠪᠠ᠃ | ︽ᠴᠠᠭ ᠦᠶ᠎ᠡ ᠶᠢᠨ ᠬᠥᠭᠵᠢᠯᠲᠡ ᠶᠢᠨ ᠰᠢᠨ᠎ᠡ ᠬᠠᠨᠳᠤᠰᠢ᠂ ᠦᠢᠯᠡᠳᠦᠯᠭᠡ ᠶᠢᠨ ᠬᠥᠭᠵᠢᠯᠲᠡ ᠶᠢᠨ ᠰᠢᠨ᠎ᠡ ᠱᠠᠭᠠᠷᠳᠠᠯᠭ᠎ᠠ᠂ ᠠᠷᠠᠳ ᠤᠯᠠᠨ ᠤ ᠰᠢᠨ᠎ᠡ ᠬᠦᠰᠡᠯ | ᠡᠷᠡᠮᠡᠯᠵᠡᠯ ᠳᠤ ᠨᠡᠶᠢᠴᠡᠭᠦᠯᠵᠦ᠂ ᠥᠭᠡᠷᠡᠴᠢᠯᠡᠯᠲᠡ ᠶᠢ ᠡᠴᠦᠰ ᠲᠤᠨᠢ ᠲᠤᠯᠲᠠᠯ᠎ᠠ ᠬᠢᠬᠦ ᠡᠷᠡᠰ ᠵᠣᠷᠢᠭ ᠢᠶᠠᠷ᠂ ᠲᠣᠭᠤᠷᠢᠵᠤ ᠭᠠᠷᠬᠤ ᠦᠭᠡᠢ᠂ ᠵᠠᠶᠢᠯᠠᠭᠤᠯᠬᠤ ᠦᠭᠡᠢ ᠪᠠᠶᠢᠵᠤ᠂ | ᠦᠨᠡᠨ ᠬᠦ ᠬᠢᠵᠦ᠂ ᠬᠠᠲᠠᠭᠤ ᠲᠠᠢ ᠬᠠᠯᠳᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠤᠷᠤᠭᠰᠢᠲᠠᠢ ᠶᠠᠪᠤᠭᠳᠠᠬᠤ ᠶᠢ ᠬᠠᠷᠰᠢᠯᠠᠬᠤ ᠠᠯᠢᠪᠠ ᠪᠠᠶᠢᠭᠤᠯᠤᠯ | ᠲᠣᠭᠲᠠᠴᠠ ᠶᠢᠨ ᠬᠠᠷᠰᠢ ᠰᠠᠭᠠᠳ ᠪᠣᠯᠣᠨ ᠬᠢᠵᠠᠭᠠᠷᠯᠠᠬᠤ ᠬᠦᠴᠦᠨ ᠵᠦᠢᠯ ᠢ ᠡᠷᠡᠰ ᠠᠷᠢᠯᠭᠠᠵᠤ᠂ ᠤᠨᠢᠨ ᠳᠡᠭᠡᠷ᠎ᠡ ᠨᠢ ᠬᠦᠴᠦᠯᠡᠵᠦ᠂ ᠬᠠᠮᠵᠢᠯᠴᠠᠨ ᠬᠦᠴᠦᠯᠡᠵᠦ᠂ | ᠦᠷᠭᠦᠯᠵᠢᠯᠡᠨ ᠬᠦᠴᠦᠯᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠯᠠᠪᠳᠠᠭᠤᠨ ᠪᠠᠲᠤᠲᠠᠢ ᠠᠬᠢᠭᠤᠯᠬᠤ ᠠᠮᠢᠳᠤᠯᠢᠭ ᠪᠠᠶᠢᠳᠠᠯ ᠢ ᠴᠢᠷᠮᠠᠶᠢᠨ | ᠪᠦᠷᠢᠯᠳᠦᠭᠦᠯᠬᠦ ᠬᠡᠷᠡᠭᠲᠡᠢ︾᠃ | ᠥᠭᠡᠷᠡᠴᠢᠯᠡᠯᠲᠡ ᠶᠢᠨ ᠲᠤᠭ ᠢ ᠥᠨᠳᠥᠷ ᠮᠠᠨᠳᠤᠭᠤᠯᠵᠤ᠂ ᠴᠠᠭ ᠦᠶ᠎ᠡ ᠶᠢᠨ ᠶᠡᠭᠡ ᠤᠷᠤᠰᠬᠠᠯ ᠬᠤᠷᠢᠭᠯᠠᠭᠳᠠᠰᠢ ᠦᠭᠡᠢ ᠶᠤᠮ᠃ | ᠤᠯᠠᠨ ᠲᠦᠮᠡᠨ ᠤ ᠤᠶᠤᠨ ᠤᠬᠠᠭᠠᠨ ᠠᠷᠠᠳ ᠤᠨ ᠰᠠᠨᠠᠭ᠎ᠠ ᠶᠢ ᠲᠥᠪᠯᠡᠷᠡᠭᠦᠯᠵᠦ ᠢᠲᠡᠭᠡᠯ ᠵᠣᠷᠢᠭ ᠬᠠᠮᠲᠤ ᠶᠢᠨ ᠲᠠᠨᠢᠯᠲᠠ ᠶᠢ ᠨᠢᠭᠲᠠᠷᠠᠭᠤᠯᠤᠨ᠎ᠠ — ᠪᠢᠴᠢᠭ | ᠮᠠᠲ᠋ᠧᠷᠢᠶᠠᠯ ᠢ ᠲᠤᠭᠤᠷᠪᠢᠬᠤ ᠠᠵᠢᠯ ᠢᠮᠠᠭᠲᠠ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶᠠᠨ ᠤ ᠤᠳᠤᠷᠢᠳᠤᠯᠭ᠎ᠠ ᠳᠣᠣᠷ᠎ᠠ ᠶᠠᠪᠤᠭᠳᠠᠵᠤ᠂ | ᠠᠷᠠᠳᠴᠢᠯᠠᠯ ᠢ ᠪᠠᠳᠠᠷᠠᠭᠤᠯᠵᠤ᠂ ᠤᠯᠠᠨ ᠤ ᠤᠶᠤᠨ ᠤᠬᠠᠭᠠᠨ ᠢ ᠲᠥᠪᠯᠡᠷᠡᠭᠦᠯᠬᠦ ᠶᠢ ᠪᠦᠭᠦ ᠶᠠᠪᠤᠴᠠ ᠳᠤ ᠲᠤᠭᠤᠰᠢᠯᠠᠭᠤᠯᠪᠠ | 2023 ᠣᠨ ᠤ 12 ᠰᠠᠷ᠎ᠠ ᠶᠢᠨ 8 ᠤ ᠡᠳᠦᠷ᠂ ᠪᠡᠭᠡᠵᠢᠩ ᠤᠨ ᠵᠥᠩ ᠨᠠᠨ ᠬᠠᠢ ᠳᠤ᠃ ᠶᠡᠷᠦᠩᠬᠡᠢ ᠱᠦᠵᠢ ᠰᠢ ᠶᠢᠨ ᠫᠢᠩ ᠨᠠᠮ ᠤᠨ ᠬᠤᠷᠢᠳᠤᠭᠠᠷ ᠬᠤᠭᠤᠴᠠᠭᠠᠨ ᠤ | ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠪᠢᠴᠢᠭ ᠮᠠᠲ᠋ᠧᠷᠢᠶᠠᠯ ᠢ ᠲᠤᠭᠤᠷᠪᠢᠬᠤ ᠳᠤᠭᠤᠶᠢᠯᠠᠩ ᠤᠨ ᠠᠩᠬᠠᠳᠤᠭᠠᠷ ᠪᠦᠭᠦᠳᠡ ᠬᠤᠷᠠᠯ ᠢ ᠡᠷᠭᠢᠯᠡᠨ | ᠬᠤᠷᠠᠯᠳᠤᠭᠤᠯᠪᠠ᠃ | ︽ᠨᠠᠮ ᠤᠨ ᠲᠥᠪ ᠬᠤᠷᠢᠶ᠎ᠠ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠪᠢᠴᠢᠭ ᠮᠠᠲ᠋ᠧᠷᠢᠶᠠᠯ ᠢ | ᠲᠤᠭᠤᠷᠪᠢᠬᠤ ᠡᠨᠡ ᠬᠦ ᠴᠢᠬᠤᠯᠠ ᠶᠡᠭᠡ ᠡᠭᠦᠷᠭᠡ ᠶᠢ ᠤᠯᠠᠨ ᠳᠤ ᠲᠤᠰᠢᠶᠠᠭᠰᠠᠨ ᠨᠢ ᠤᠯᠠᠨ ᠳᠤ ᠭᠦᠢᠴᠡᠳ ᠢᠲᠡᠭᠡᠭᠰᠡᠨ ᠶᠠᠪᠤᠳᠠᠯ ᠪᠤᠯᠬᠤ ᠪᠥᠭᠡᠳ ᠪᠠᠰᠠ ᠴᠤ ᠤᠯᠠᠨ ᠤ | ᠢᠷᠠᠭᠤ ᠠᠯᠳᠠᠷ ᠪᠠ ᠬᠠᠷᠢᠭᠤᠴᠠᠯᠭ᠎ᠠ ᠪᠤᠯᠬᠤ ᠶᠤᠮ︾᠃ ᠲᠤᠬᠠᠢ ᠶᠢᠨ ᠲᠠᠯᠠᠪᠠᠢ ᠳᠤ ᠪᠠᠶᠢᠭᠰᠠᠨ 70 ᠭᠠᠷᠤᠢ ᠪᠢᠴᠢᠭ ᠮᠠᠲ᠋ᠧᠷᠢᠶᠠᠯ ᠲᠤᠭᠤᠷᠪᠢᠬᠤ ᠳᠤᠭᠤᠶᠢᠯᠠᠩ ᠤᠨ | ᠨᠥᠬᠦᠳ ᠤᠨ ᠡᠮᠦᠨ᠎ᠡ᠂ ᠶᠡᠷᠦᠩᠬᠡᠢ ᠱᠦᠵᠢ ᠰᠢ ᠶᠢᠨ ᠫᠢᠩ᠄ ︽ᠤᠯᠠᠨ ᠢᠶᠠᠷ ᠢᠶᠠᠨ ᠨᠠᠮ ᠳᠠᠭᠠᠨ ᠦᠨᠡᠨᠴᠢ ᠰᠢᠳᠤᠷᠭᠤ᠂ ᠳᠡᠭᠡᠳᠦ ᠬᠡᠮᠵᠢᠶ᠎ᠡ ᠪᠠᠷ ᠬᠠᠷᠢᠭᠤᠴᠠᠬᠤ ᠵᠣᠷᠢᠭ | ᠰᠠᠨᠠᠭ᠎ᠠ ᠪᠠᠷ᠂ ᠰᠡᠳᠬᠢᠯ ᠢᠶᠠᠨ ᠨᠢᠭᠲᠠᠷᠠᠭᠤᠯᠤᠨ ᠬᠦᠴᠦᠨ ᠢᠶᠠᠨ ᠲᠥᠪᠯᠡᠷᠡᠭᠦᠯᠵᠦ᠂ ᠯᠠᠪᠳᠠᠭᠤᠨ ᠪᠠᠲᠤᠲᠠᠢ ᠠᠵᠢᠯᠯᠠᠵᠤ᠂ ᠨᠠᠮ ᠤᠨ ᠲᠥᠪ ᠬᠤᠷᠢᠶᠠᠨ ᠤ ᠲᠤᠰᠢᠶᠠᠭᠰᠠᠨ ᠪᠦᠭᠦᠳᠠ | ᠬᠤᠷᠠᠯ ᠤᠨ ᠪᠢᠴᠢᠭ ᠮᠠᠲ᠋ᠧᠷᠢᠶᠠᠯ ᠲᠤᠭᠤᠷᠪᠢᠬᠤ ᠡᠭᠦᠷᠭᠡ ᠶᠢ ᠪᠡᠶᠡᠯᠡᠭᠦᠯᠬᠦ ᠶᠢ ᠬᠦᠰᠡᠵᠦ ᠪᠠᠶᠢᠨ᠎ᠠ︾ ᠭᠡᠵᠦ ᠱᠠᠭᠠᠷᠳᠠᠯᠭ᠎ᠠ ᠳᠤᠷᠠᠳᠪᠠ᠃ | ᠡᠭᠦᠨ ᠠᠴᠠ ᠬᠤᠶᠢᠰᠢᠬᠢ 200 ᠭᠠᠷᠤᠢ ᠡᠳᠦᠷ ᠬᠤᠨᠤᠭ ᠤᠳ ᠲᠤ᠂ ᠪᠢᠴᠢᠭ ᠮᠠᠲ᠋ᠧᠷᠢᠶᠠᠯ ᠲᠤᠭᠤᠷᠪᠢᠬᠤ ᠠᠵᠢᠯ ᠪᠠᠴᠢᠮ ᠶᠠᠭᠠᠷᠠᠯᠲᠠᠢ ᠶᠠᠪᠤᠭᠳᠠᠵᠤ᠂ ᠰᠢᠨ᠎ᠡ ᠴᠠᠭ | ᠦᠶ᠎ᠡ ᠰᠢᠨ᠎ᠡ ᠠᠶᠠᠨ ᠳᠤ ᠪᠦᠭᠦ ᠨᠠᠮ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠦᠷ ᠳᠠᠯᠠᠶᠢᠴᠠᠲᠠᠢ ᠬᠦᠴᠦᠨ ᠢ ᠨᠢᠭᠲᠠᠷᠠᠭᠤᠯᠵᠤ ᠳᠡᠶᠢᠯᠭᠦ | ᠥᠭᠡᠷᠡᠴᠢᠯᠡᠯᠲᠡ ᠶᠢᠨ ᠪᠢᠴᠢᠭ ᠮᠠᠲ᠋ᠧᠷᠢᠶᠠᠯ ᠢ ᠪᠦᠭᠦ ᠬᠦᠴᠦᠨ ᠢᠶᠠᠷ ᠢᠶᠠᠨ ᠭᠠᠷᠭᠠᠪᠠ᠃ | ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠶᠢ ᠥᠭᠡᠷᠡᠴᠢᠯᠡᠯᠲᠡ ᠨᠡᠭᠡᠭᠡᠯᠲᠡ ᠬᠢᠭᠰᠡᠨ 40 ᠭᠠᠷᠤᠢ ᠵᠢᠯ ᠢᠯᠠᠩᠭᠤᠶ᠎ᠠ ᠰᠢᠨ᠎ᠡ | ᠴᠠᠭ ᠦᠶ᠎ᠡ ᠠᠴᠠ ᠨᠠᠭᠠᠰᠢᠬᠢ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠠᠵᠢᠯ ᠴᠢᠬᠤᠯᠠ ᠶᠡᠭᠡ ᠠᠮᠵᠢᠯᠲᠠ ᠣᠯᠣᠭᠰᠠᠨ ᠰᠠᠭᠤᠷᠢᠨ ᠳᠡᠭᠡᠷ᠎ᠡ ᠠᠬᠢᠭᠤᠯᠤᠭᠰᠠᠨ | ᠶᠤᠮ᠃ ᠪᠢᠴᠢᠭ ᠮᠠᠲ᠋ᠧᠷᠢᠶᠠᠯ ᠲᠤᠭᠤᠷᠪᠢᠬᠤ ᠠᠵᠢᠯ ᠡᠬᠢᠯᠡᠭᠰᠡᠨ ᠡᠬᠢᠨ ᠤ ᠦᠶ᠎ᠡ ᠳᠤ᠂ ᠤᠯᠠᠨ ᠢᠶᠠᠷ ᠢᠶᠠᠨ᠄ ᠡᠯ᠎ᠡ ᠬᠦᠷᠢᠶᠡᠨ ᠳᠤ ᠲᠤᠯᠭᠠᠷᠠᠵᠤ ᠪᠠᠶᠢᠭ᠎ᠠ ᠭᠤᠣᠯ ᠠᠰᠠᠭᠤᠳᠠᠯ ᠨᠢ | ᠴᠣᠬᠤᠮ ᠶᠠᠭᠤ ᠪᠤᠢ︖ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠶᠠᠮᠠᠷ ᠶᠠᠮᠠᠷ ᠪᠠᠶᠢᠭᠤᠯᠤᠯ ᠲᠣᠭᠲᠠᠴᠠ ᠶᠢᠨ ᠠᠰᠠᠭᠤᠳᠠᠯ᠂ ᠭᠦᠨ | ᠳᠠᠪᠬᠤᠷᠭ᠎ᠠ ᠶᠢᠨ ᠵᠥᠷᠢᠴᠡᠯ ᠪᠠ ᠠᠰᠠᠭᠤᠳᠠᠯ ᠢ ᠰᠢᠢᠳᠪᠦᠷᠢᠯᠡᠬᠦ ᠴᠢᠬᠤᠯᠠᠲᠠᠢ ᠪᠤᠢ︖ | ︽ᠨᠠᠮ ᠤᠨ ᠲᠥᠪ ᠬᠤᠷᠢᠶ᠎ᠠ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠬᠢᠬᠦ ᠳᠡᠭᠡᠨ ᠴᠥᠮ ᠠᠷᠠᠳᠴᠢᠯᠠᠯ ᠢ ᠥᠷᠭᠡᠨ ᠢᠶᠠᠷ ᠪᠠᠳᠠᠷᠠᠭᠤᠯᠵᠤ᠂ ᠪᠦᠭᠦ | ᠨᠠᠮ ᠪᠦᠭᠦ ᠤᠯᠤᠰ ᠤᠨ ᠤᠶᠤᠨ ᠤᠬᠠᠭᠠᠨ ᠢ ᠲᠥᠪᠯᠡᠷᠡᠭᠦᠯᠳᠡᠭ᠃ ᠡᠨᠡ ᠪᠣᠯ ᠪᠠᠰᠠ ᠴᠤ ᠮᠠᠨ ᠤ ᠨᠠᠮ ᠤᠨ ᠴᠢᠬᠤᠯᠠ ᠪᠢᠴᠢᠭ ᠮᠠᠲ᠋ᠧᠷᠢᠶᠠᠯ ᠢ ᠲᠤᠭᠤᠷᠪᠢᠨ ᠪᠢᠴᠢᠭᠰᠡᠨ ᠨᠢᠭᠡᠨ | ᠠᠮᠵᠢᠯᠲᠠ ᠲᠠᠢ ᠲᠤᠷᠰᠢᠯᠭ᠎ᠠ ᠮᠥᠨ︾᠃ ᠶᠡᠷᠦᠩᠬᠡᠢ ᠱᠦᠵᠢ ᠰᠢ ᠶᠢᠨ ᠫᠢᠩ᠄ ︽ᠠᠷᠠᠳᠴᠢᠯᠠᠯ ᠢ ᠪᠠᠳᠠᠷᠠᠭᠤᠯᠵᠤ᠂ ᠤᠯᠠᠨ ᠤ ᠤᠶᠤᠨ ᠤᠬᠠᠭᠠᠨ ᠢ ᠲᠥᠪᠯᠡᠷᠡᠭᠦᠯᠬᠦ ᠶᠢ ᠪᠢᠴᠢᠭ | ᠮᠠᠲ᠋ᠧᠷᠢᠶᠠᠯ ᠲᠤᠭᠤᠷᠪᠢᠬᠤ ᠠᠵᠢᠯ ᠤᠨ ᠪᠦᠭᠦ ᠶᠠᠪᠤᠴᠠ ᠳᠤ ᠲᠤᠭᠤᠰᠢᠯᠠᠭᠤᠯᠬᠤ ᠬᠡᠷᠡᠭᠲᠡᠢ︾ ᠭᠡᠵᠦ ᠣᠯᠠᠨᠲᠠ ᠴᠢᠬᠤᠯᠠᠴᠢᠯᠠᠪᠠ᠃ | 2023 ᠣᠨ ᠤ 11 ᠰᠠᠷ᠎ᠠ ᠶᠢᠨ ᠰᠡᠭᠦᠯᠴᠢ ᠪᠠᠷ᠂ ᠨᠠᠮ ᠤᠨ ᠲᠥᠪ ᠬᠤᠷᠢᠶ᠎ᠠ ᠮᠡᠳᠡᠭᠳᠡᠯ ᠪᠠᠭᠤᠯᠭᠠᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ | ᠭᠤᠷᠪᠠᠳᠤᠭᠠᠷ ᠪᠦᠭᠦᠳᠡ ᠬᠤᠷᠠᠯ ᠤᠨ ᠵᠥᠪᠯᠡᠬᠦ ᠵᠦᠢᠯ ᠤᠨ ᠲᠤᠬᠠᠢ ᠨᠠᠮ ᠤᠨ ᠳᠣᠲᠣᠭᠠᠳᠤ ᠶᠢᠨ ᠵᠣᠬᠢᠬᠤ ᠬᠡᠪᠴᠢᠶᠡᠨ ᠠᠴᠠ ᠰᠠᠨᠠᠯ ᠬᠤᠷᠢᠶᠠᠪᠠ᠃ ᠡᠭᠦᠨ ᠤ ᠬᠠᠮᠲᠤ ᠵᠣᠬᠢᠬᠤ | ᠠᠷᠭ᠎ᠠ ᠮᠠᠶ᠋ᠢᠭ ᠢᠶᠠᠷ ᠳᠠᠮᠵᠢᠭᠤᠯᠤᠨ ᠨᠠᠮ ᠤᠨ ᠭᠠᠳᠠᠨᠠᠬᠢ ᠬᠡᠰᠡᠭ ᠬᠥᠮᠥᠰ ᠤᠨ ᠰᠠᠨᠠᠯ ᠰᠠᠨᠠᠭᠤᠯᠭ᠎ᠠ ᠶᠢ ᠬᠤᠷᠢᠶᠠᠪᠠ᠃ | ᠤᠳᠠᠯ ᠦᠭᠡᠢ᠂ ᠨᠠᠮ ᠤᠨ ᠪᠠᠶᠢᠳᠠᠯ ᠤᠯᠤᠰ ᠤᠨ ᠪᠠᠶᠢᠳᠠᠯ ᠳᠡᠯᠡᠬᠡᠢ ᠶᠢᠨ ᠪᠠᠶᠢᠳᠠᠯ ᠤᠨ ᠲᠤᠬᠠᠢ ᠪᠠᠶᠢᠴᠠᠭᠠᠨ ᠰᠤᠳᠤᠯᠤᠯᠲᠠ ᠪᠠ ᠪᠣᠳᠣᠯᠬᠢᠯᠠᠯ ᠢ ᠡᠪᠦᠷᠯᠡᠨ᠂ ᠡᠯ᠎ᠡ | ᠲᠠᠯ᠎ᠠ ᠶᠢᠨ ᠣᠶᠤᠨ ᠤᠬᠠᠭᠠᠨ ᠢ ᠨᠢᠭᠲᠠᠷᠠᠭᠤᠯᠵᠤ᠂ 111 ᠬᠤᠪᠢ ᠰᠠᠨᠠᠯ ᠪᠠ ᠰᠠᠨᠠᠭᠤᠯᠭ᠎ᠠ ᠳᠥᠷᠪᠡᠨ ᠵᠦᠭ ᠨᠠᠢᠮᠠᠨ ᠵᠣᠪᠬᠢᠰ ᠠᠴᠠ ᠴᠤᠭᠯᠠᠷᠠᠪᠠ᠃ | ᠤᠷᠢᠳ ᠢᠶᠠᠷ ᠪᠠᠶᠢᠴᠠᠭᠠᠨ ᠰᠤᠳᠤᠯᠵᠤ᠂ ᠰᠠᠨᠠᠭ᠎ᠠ ᠨᠢ ᠲᠤᠭᠤᠷᠪᠢᠬᠤ ᠠᠴᠠ ᠡᠮᠦᠨ᠎ᠡ ᠪᠠᠶᠢᠳᠠᠭ᠃ | ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠳᠤ ᠡᠷᠬᠡᠪᠰᠢ ᠭᠦᠨᠵᠡᠭᠡᠢ ᠪᠠᠶᠢᠴᠠᠭᠠᠨ ᠰᠤᠳᠤᠯᠤᠯᠲᠠ ᠬᠢᠭᠰᠡᠨ ᠰᠠᠭᠤᠷᠢᠨ ᠳᠡᠭᠡᠷ᠎ᠡ᠂ | ᠪᠠᠶᠢᠳᠠᠯ ᠢ ᠲᠣᠳᠣᠷᠬᠠᠢ ᠣᠶᠢᠯᠠᠭᠠᠵᠤ᠂ ᠠᠰᠠᠭᠤᠳᠠᠯ ᠢ ᠣᠨᠣᠪᠴᠢᠲᠠᠢ ᠡᠷᠢᠨ ᠣᠯᠵᠤ᠂ ᠬᠠᠷᠠᠯᠲᠠ ᠲᠠᠢ ᠪᠠᠷ ᠬᠦᠴᠦᠯᠡᠵᠦ᠂ ᠨᠠᠷᠢᠯᠢᠭ ᠣᠨᠣᠴᠠᠲᠠᠢ ᠪᠠᠷ ᠰᠢᠢᠳᠪᠦᠷᠢᠯᠡᠬᠦ ᠬᠡᠷᠡᠭᠲᠡᠢ᠃ | ᠲᠠᠷᠢᠶᠠᠨ ᠭᠠᠵᠠᠷ ᠦᠩᠵᠢᠨ ᠰᠢᠮᠡᠵᠢᠵᠦ᠂ ᠨᠣᠮᠢᠨ ᠤᠰᠤ ᠳᠣᠯᠭᠢᠶᠠᠯᠠᠨ ᠤᠷᠤᠰᠤᠨ᠎ᠠ᠃ 2024 ᠣᠨ ᠤ 3 ᠰᠠᠷ᠎ᠠ ᠶᠢᠨ 19 ᠤ ᠡᠳᠦᠷ᠂ ᠶᠠᠭ ᠬᠠᠪᠤᠷ ᠤᠨ | ᠲᠠᠷᠢᠶᠠᠯᠠᠭ᠎ᠠ ᠶᠢᠨ ᠪᠡᠯᠡᠳᠬᠡᠯ ᠤᠨ ᠴᠠᠭ ᠮᠥᠴᠡ ᠳᠤ᠂ ᠶᠡᠷᠦᠩᠬᠡᠢ ᠱᠦᠵᠢ ᠰᠢ ᠶᠢᠨ ᠫᠢᠩ ᠬᠤᠨᠠᠨ ᠮᠤᠵᠢ ᠶᠢᠨ ᠴᠠᠩᠳᠧ ᠬᠤᠳᠠ ᠶᠢᠨ ᠳ᠋ᠢᠩᠴᠧᠩ ᠲᠣᠭᠤᠷᠢᠭ ᠤᠨ ᠰᠢᠶᠧ | ᠵᠢᠶᠠ ᠫᠦ᠋ ᠪᠠᠯᠭᠠᠰᠤ ᠶᠢᠨ ᠠᠮᠤ ᠪᠤᠳᠠᠭᠠᠨ ᠤ ᠦᠢᠯᠡᠳᠪᠦᠷᠢᠯᠡᠯ ᠤᠨ ᠲᠦᠮᠡᠨ ᠮᠦ ᠶᠢᠨ ᠶᠡᠷᠦᠩᠬᠡᠶᠢᠯᠡᠭᠰᠡᠨ ᠵᠢᠱᠢᠶ᠎ᠡ ᠦᠵᠡᠭᠦᠯᠭᠦ ᠲᠣᠭᠤᠷᠢᠭ ᠲᠤ ᠬᠦᠷᠴᠦ᠂ ᠲᠠᠷᠢᠶᠠᠯᠠᠩ ᠤᠨ | ᠪᠠᠶᠢᠳᠠᠯ ᠢ ᠨᠠᠷᠢᠨ ᠪᠠᠶᠢᠴᠠᠭᠠᠨ ᠦᠵᠡᠵᠦ᠂ ᠠᠮᠤ ᠪᠤᠳᠠᠭ᠎ᠠ ᠲᠠᠷᠢᠬᠤ ᠲᠣᠮᠣ ᠡᠷᠦᠭᠡ᠂ ᠲᠠᠷᠢᠶᠠᠯᠠᠩ ᠤᠨ ᠮᠡᠷᠭᠡᠵᠢᠯᠲᠡᠨ ᠵᠡᠷᠭᠡ ᠲᠠᠢ ᠳᠣᠲᠣᠨᠣ ᠪᠠᠷ ᠶᠠᠷᠢᠯᠴᠠᠪᠠ ᠁ | ᠬᠠᠪᠤᠷ ᠤᠨ ᠲᠠᠷᠢᠶᠠᠯᠠᠭ᠎ᠠ᠂ ᠵᠤᠨ ᠤ ᠠᠷᠠᠴᠢᠯᠠᠭ᠎ᠠ᠂ ᠨᠠᠮᠤᠷ ᠤᠨ ᠬᠤᠷᠢᠶᠠᠯᠲᠠ᠂ ᠡᠪᠦᠯ ᠤᠨ ᠬᠠᠳᠠᠭᠠᠯᠠᠮᠵᠢ ᠭᠡᠳᠡᠭ᠂ ᠶᠡᠷᠦᠩᠬᠡᠢ ᠱᠦᠵᠢ ᠰᠢ ᠶᠢᠨ ᠫᠢᠩ ᠤᠯᠠᠨ ᠤᠳᠠᠭ᠎ᠠ | ᠣᠷᠣᠨ ᠨᠤᠲᠤᠭ ᠢᠶᠠᠷ ᠰᠢᠨᠵᠢᠯᠡᠨ ᠪᠠᠶᠢᠴᠠᠭᠠᠬᠤ ᠳᠠᠭᠠᠨ ︽ᠳᠤᠮᠳᠠᠳᠤ ᠤᠯᠤᠰ ᠤᠨ ᠪᠤᠳᠠᠭᠠᠨ ᠠᠶᠠᠭ᠎ᠠ︾ ᠶᠢ ᠠᠩᠬᠠᠷᠴᠤ᠂ ᠥᠷᠭᠡᠨ ᠠᠭᠤᠳᠠᠮ ᠡᠬᠡ ᠭᠠᠵᠠᠷ ᠲᠤ ᠵᠣᠭᠰᠣᠨ | ᠲᠠᠷᠢᠶᠠᠯᠠᠩ ᠢ ᠬᠦᠴᠦᠷᠬᠡᠭᠵᠢᠭᠦᠯᠵᠦ ᠲᠠᠷᠢᠶᠠᠴᠢᠳ ᠲᠤ ᠠᠰᠢᠭ ᠬᠦᠷᠲᠡᠭᠡᠵᠦ ᠲᠠᠷᠢᠶᠠᠴᠢᠳ ᠢ ᠪᠠᠶᠠᠵᠢᠭᠤᠯᠬᠤ ᠪᠠ ᠬᠥᠳᠡᠭᠡ ᠲᠣᠰᠬᠤᠨ ᠤ ᠥᠭᠡᠷᠡᠴᠢᠯᠡᠯᠲᠡ ᠶᠢᠨ | ᠠᠰᠠᠭᠤᠳᠠᠯ ᠢ ᠪᠣᠳᠣᠯᠬᠢᠯᠠᠪᠠ᠃ | ᠰᠡᠳᠬᠢᠯ ᠰᠢᠭᠤᠳᠤᠨ ᠰᠤᠳᠤᠯᠵᠤ᠂ ᠥᠭᠡᠷᠡᠴᠢᠯᠡᠯᠲᠡ ᠨᠡᠭᠡᠭᠡᠯᠲᠡ ᠶᠢᠨ ᠠᠭᠤᠤ ᠶᠡᠭᠡ ᠦᠢᠯᠡᠳᠦᠯᠭᠡ ᠠᠴᠠ ᠬᠠᠷᠢᠭᠤᠯᠲᠠ ᠣᠯᠣᠨ᠎ᠠ — ᠶᠡᠷᠦᠩᠬᠡᠢ ᠱᠦᠵᠢ ᠰᠢ ᠶᠢᠨ | ᠫᠢᠩ ᠪᠡᠶ᠎ᠡ ᠪᠠᠷ ᠢᠶᠠᠨ ᠣᠷᠣᠯᠴᠠᠵᠤ ᠴᠢᠷᠮᠠᠶᠢᠨ ᠬᠢᠵᠦ᠂ ᠲᠦᠷᠦᠭᠦᠯᠡᠨ ᠦᠯᠢᠭᠡᠷ ᠳᠠᠭᠤᠷᠢᠶᠠᠯ ᠦᠵᠡᠭᠦᠯᠪᠡ᠃ | ᠶᠡᠷᠦᠩᠬᠡᠢ ᠱᠦᠵᠢ ᠶᠢᠨ ᠵᠢᠭᠠᠭᠰᠠᠨ ᠴᠢᠭᠯᠡᠯ ᠢᠶᠠᠷ᠂ ᠪᠢᠴᠢᠭ ᠮᠠᠲ᠋ᠧᠷᠢᠶᠠᠯ ᠲᠤᠭᠤᠷᠪᠢᠬᠤ ᠳᠤᠭᠤᠶᠢᠯᠠᠩ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠢᠯᠠᠩᠭᠤᠶ᠎ᠠ ᠶᠡᠷᠦᠩᠬᠡᠢ ᠱᠦᠵᠢ ᠰᠢ ᠶᠢᠨ ᠫᠢᠩ ᠤᠨ ᠥᠭᠡᠷᠡᠴᠢᠯᠡᠯᠲᠡ ᠶᠢ ᠪᠦᠭᠦ ᠲᠠᠯ᠎ᠠ ᠪᠠᠷ | ᠭᠦᠨᠵᠡᠭᠡᠶᠢᠷᠡᠭᠦᠯᠬᠦ ᠲᠤᠬᠠᠢ ᠠᠯᠢ ᠤᠯᠠᠨ ᠰᠢᠨ᠎ᠡ ᠦᠵᠡᠯ ᠰᠠᠨᠠᠭ᠎ᠠ᠂ ᠰᠢᠨ᠎ᠡ ᠦᠵᠡᠯᠲᠡ᠂ ᠰᠢᠨ᠎ᠡ ᠨᠤᠲᠠᠯᠠᠯᠲᠠ ᠶᠢ ᠦᠷᠭᠦᠯᠵᠢᠯᠡᠨ ᠭᠦᠨᠵᠡᠭᠡᠢ ᠰᠤᠷᠤᠯᠴᠠᠨ ᠣᠶᠢᠯᠠᠭᠠᠵᠤ᠂ | ᠶᠡᠷᠦᠩᠬᠡᠢ ᠱᠦᠵᠢ ᠶᠢᠨ ᠦᠵᠡᠯ ᠰᠠᠨᠠᠭ᠎ᠠ᠂ ᠨᠠᠮ ᠤᠨ ᠲᠥᠪ ᠬᠤᠷᠢᠶᠠᠨ ᠤ ᠵᠣᠷᠢᠯᠲᠠ᠂ ᠰᠢᠨ᠎ᠡ ᠴᠠᠭ ᠦᠶ᠎ᠡ ᠶᠢᠨ ᠱᠠᠭᠠᠷᠳᠠᠯᠭ᠎ᠠ ᠶᠢ ᠥᠭᠡᠷᠡᠴᠢᠯᠡᠯᠲᠡ ᠶᠢ ᠪᠦᠭᠦ ᠲᠠᠯ᠎ᠠ ᠪᠠᠷ | ᠭᠦᠨᠵᠡᠭᠡᠶᠢᠷᠡᠭᠦᠯᠬᠦ ᠪᠠᠷ ᠳᠠᠮᠵᠢᠭᠤᠯᠤᠨ ᠪᠣᠳᠠᠲᠠᠢ ᠨᠠᠶᠢᠳᠠᠪᠤᠷᠢᠵᠢᠭᠤᠯᠬᠤ ᠶᠢ ᠰᠤᠳᠤᠯᠤᠨ ᠪᠣᠳᠣᠯᠬᠢᠯᠠᠪᠠ᠃ | ᠡᠭᠦᠨ ᠤ ᠬᠠᠮᠲᠤ᠂ ᠶᠡᠷᠦᠩᠬᠡᠢ ᠱᠦᠵᠢ ᠰᠢ ᠶᠢᠨ ᠫᠢᠩ ᠤᠨ ᠱᠠᠭᠠᠷᠳᠠᠯᠭ᠎ᠠ ᠪᠠ ᠨᠠᠮ ᠤᠨ ᠲᠥᠪ ᠬᠤᠷᠢᠶᠠᠨ ᠤ ᠲᠣᠬᠢᠷᠠᠭᠤᠯᠤᠯᠲᠠ ᠶᠣᠰᠣᠭᠠᠷ᠂ ᠪᠢᠴᠢᠭ ᠮᠠᠲ᠋ᠧᠷᠢᠶᠠᠯ | ᠲᠤᠭᠤᠷᠪᠢᠬᠤ ᠳᠤᠭᠤᠶᠢᠯᠠᠩ ᠪᠠᠶᠢᠴᠠᠭᠠᠨ ᠰᠤᠳᠤᠯᠤᠯᠲᠠ ᠶᠢ ᠨᠠᠷᠢᠨ ᠬᠢᠨᠠᠮᠠᠭᠠᠢ ᠥᠷᠨᠢᠭᠦᠯᠵᠦ᠂ ᠪᠠᠶᠢᠴᠠᠭᠠᠨ ᠰᠤᠳᠤᠯᠤᠯᠲᠠ ᠬᠢᠬᠦ ᠳᠤᠮᠳᠠ ᠪᠠᠨ ᠤᠯᠠᠮ ᠨᠢᠭᠡ ᠠᠯᠬᠤᠮ | ᠭᠦᠨᠵᠡᠭᠡᠢ ᠰᠡᠳᠬᠢᠨ ᠪᠣᠳᠣᠯᠬᠢᠯᠠᠵᠤ᠂ ᠰᠢᠩᠭᠡᠬᠡᠨ ᠠᠪᠴᠤ᠂ ᠡᠯ᠎ᠡ ᠲᠠᠯ᠎ᠠ ᠶᠢᠨ ᠣᠶᠤᠨ ᠤᠬᠠᠭᠠᠨ ᠢ ᠬᠤᠷᠠᠮᠳᠤᠭᠤᠯᠵᠤ᠂ ᠨᠠᠩ ᠲᠥᠪᠯᠡᠷᠡᠩᠭᠦᠢ ᠥᠭᠡᠷᠡᠴᠢᠯᠡᠯᠲᠡ ᠶᠢᠨ ᠠᠩᠬᠠᠷᠤᠯ | ᠤᠨ ᠴᠡᠭ ᠢ ᠪᠤᠶ ᠪᠣᠯᠭᠠᠪᠠ᠃ | 2023 ᠣᠨ ᠤ 12 ᠰᠠᠷ᠎ᠠ ᠳᠤ᠂ ᠪᠦᠭᠦᠳᠡ ᠬᠤᠷᠠᠯ ᠤᠨ ᠭᠤᠣᠯᠳᠠᠯᠭ᠎ᠠ ᠲᠠᠢ ᠰᠡᠳᠦᠪ ᠤᠨ ᠪᠠᠶᠢᠴᠠᠭᠠᠨ ᠰᠤᠳᠤᠯᠤᠯᠲᠠ ᠪᠠᠶᠢᠷᠢᠯᠠᠭᠤᠯᠤᠯᠲᠠ ᠶᠢᠨ ᠬᠤᠷᠠᠯ ᠢ | ᠬᠤᠷᠠᠯᠳᠤᠭᠤᠯᠵᠤ᠂ ᠲᠥᠪ ᠤᠨ 55 ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠨᠢᠭᠡᠴᠢ ᠶᠢ ᠲᠣᠬᠢᠷᠠᠭᠤᠯᠵᠤ 38 ᠭᠤᠣᠯᠳᠠᠯᠭ᠎ᠠ ᠲᠠᠢ ᠰᠡᠳᠦᠪ ᠤᠨ ᠲᠤᠬᠠᠢ ᠪᠠᠶᠢᠴᠠᠭᠠᠨ | ᠰᠤᠳᠤᠯᠤᠯᠲᠠ ᠭᠢᠯᠭᠡᠵᠦ᠂ ᠡᠭᠦᠨ ᠤ ᠳᠠᠷᠠᠭ᠎ᠠ 78 ᠬᠤᠪᠢ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠭᠠᠷᠭᠠᠪᠠ;ᠡᠭᠦᠨ ᠤ ᠬᠠᠮᠲᠤ 16 ᠪᠠᠶᠢᠴᠠᠭᠠᠨ ᠰᠤᠳᠤᠯᠬᠤ | ᠳᠤᠭᠤᠶᠢᠯᠠᠩ ᠪᠠᠶᠢᠭᠤᠯᠵᠤ᠂ ᠡᠯ᠎ᠡ ᠮᠤᠵᠢ ᠣᠷᠣᠨ ᠬᠤᠲᠠ᠂ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠪᠠ ᠲᠥᠪ ᠤᠨ ᠬᠤᠯᠪᠣᠭᠳᠠᠯ | ᠪᠦᠬᠦᠢ ᠰᠠᠯᠠᠭ᠎ᠠ ᠮᠥᠴᠢᠷ᠂ ᠨᠢᠭᠡᠴᠢ ᠳᠤ ᠬᠦᠷᠴᠦ ᠪᠠᠶᠢᠴᠠᠭᠠᠨ ᠰᠤᠳᠤᠯᠤᠯᠲᠠ ᠬᠢᠪᠡ᠃ | 2023 ᠣᠨ ᠤ 12 ᠰᠠᠷ᠎ᠠ ᠶᠢᠨ ᠰᠡᠭᠦᠯᠴᠢ ᠠᠴᠠ ᠡᠬᠢᠯᠡᠨ᠂ ᠪᠦᠭᠦᠳᠡ ᠬᠤᠷᠠᠯ ᠤᠨ ᠵᠥᠪᠯᠡᠬᠦ ᠰᠡᠳᠦᠪ ᠤᠨ ᠲᠤᠬᠠᠢ ᠨᠠᠮ ᠪᠣᠯᠣᠨ ᠤᠯᠤᠰ ᠤᠨ ᠬᠤᠯᠪᠣᠭᠳᠠᠯ ᠪᠦᠬᠦᠢ | ᠤᠳᠤᠷᠢᠳᠬᠤ ᠨᠥᠬᠦᠳ ᠵᠢᠴᠢ ᠮᠤᠵᠢ ᠶᠠᠮᠤᠨ ᠤ ᠲᠠᠰ ᠤᠨ ᠭᠤᠣᠯ ᠤᠳᠤᠷᠢᠳᠬᠤ ᠨᠥᠬᠦᠳ ᠤᠨ ᠰᠠᠨᠠᠯ ᠢ ᠰᠣᠨᠣᠰᠴᠤ᠂ ᠨᠢᠭᠡᠳ ᠨᠢᠭᠡ ᠪᠠᠷ ᠲᠤᠰᠠᠭᠠᠷ ᠰᠤᠷᠪᠤᠯᠵᠢᠯᠠᠨ | ᠶᠠᠷᠢᠯᠴᠠᠭᠰᠠᠨ ᠪᠥᠭᠡᠳ ᠨᠢᠭᠡ ᠬᠥᠮᠥᠨ ᠨᠢᠭᠡ ᠡᠬᠡ ᠪᠢᠴᠢᠭ ᠤᠨ ᠰᠣᠷᠪᠤᠯᠵᠢᠯᠠᠭ᠎ᠠ ᠶᠢᠨ ᠲᠡᠮᠳᠡᠭᠯᠡᠯ ᠲᠠᠢ ᠪᠣᠯᠪᠠ᠃ | ᠶᠡᠷᠦᠩᠬᠡᠢ ᠱᠦᠵᠢ ᠰᠢ ᠶᠢᠨ ᠫᠢᠩ ᠨᠠᠮ ᠪᠣᠯᠣᠨ ᠤᠯᠤᠰ ᠤᠨ ᠤᠳᠤᠷᠢᠳᠬᠤ ᠨᠥᠬᠦᠳ ᠤᠨ ᠰᠠᠨᠠᠯ ᠵᠢᠴᠢ ᠮᠤᠵᠢ ᠶᠠᠮᠤᠨ ᠤ ᠲᠡᠰ ᠤᠨ ᠭᠤᠣᠯ ᠬᠠᠷᠢᠭᠤᠴᠠᠯᠭᠠᠲᠠᠨ | ᠨᠥᠬᠦᠳ ᠤᠨ ᠰᠤᠷᠪᠤᠯᠵᠢᠯᠠᠭᠰᠠᠨ ᠮᠡᠳᠡᠭᠦᠯᠦᠯᠲᠡ ᠶᠢ ᠨᠢᠭᠡᠳ ᠨᠢᠭᠡ ᠪᠠᠷ ᠬᠢᠨᠠᠨ ᠦᠵᠡᠵᠦ᠂ ᠴᠢᠬᠤᠯᠠ ᠰᠠᠨᠠᠯ ᠰᠠᠨᠠᠭᠤᠯᠭ᠎ᠠ ᠳᠤ ᠪᠠᠰᠠ ᠴᠣᠬᠤᠯᠠᠪᠤᠷᠢ ᠬᠢᠵᠡᠢ᠃ | ᠰᠢᠭᠤᠳ ᠪᠠᠶᠢᠴᠠᠭᠠᠨ ᠰᠤᠳᠤᠯᠤᠯᠲᠠ ᠬᠢᠬᠦ᠂ ᠰᠠᠯᠠᠭ᠎ᠠ ᠮᠥᠴᠢᠷ ᠪᠣᠯᠣᠨ ᠪᠠᠶᠢᠭᠤᠯᠤᠮᠵᠢ ᠳᠤ ᠨᠠᠶᠢᠳᠠᠨ ᠪᠠᠶᠢᠴᠠᠭᠠᠨ ᠰᠤᠳᠤᠯᠤᠯᠲᠠ ᠬᠢᠬᠦ᠂ ᠲᠤᠰᠬᠠᠢ ᠰᠡᠳᠦᠪ ᠢᠶᠠᠷ | ᠨᠤᠲᠠᠯᠠᠯᠲᠠ ᠬᠢᠬᠦ᠂ ᠲᠤᠰᠬᠠᠢ ᠮᠡᠷᠭᠡᠵᠢᠯᠲᠡᠨ ᠤ ᠰᠠᠨᠠᠯ ᠢ ᠰᠣᠨᠣᠰᠬᠤ ᠁ ᠠᠯᠢ ᠤᠯᠠᠨ ᠴᠢᠬᠤᠯᠠ ᠶᠡᠭᠡ ᠥᠭᠡᠷᠡᠴᠢᠯᠡᠯᠲᠡ ᠶᠢᠨ ᠰᠡᠳᠦᠪ ᠨᠢ ᠶᠠᠭ ᠡᠶᠢᠮᠦᠷᠬᠦᠦ ᠪᠠᠶᠢᠴᠠᠭᠠᠨ | ᠰᠤᠳᠤᠯᠤᠯᠲᠠ ᠶᠢᠨ ᠶᠠᠪᠤᠴᠠ ᠳᠤ ᠲᠠᠰᠤᠷᠠᠯᠳᠠ ᠦᠭᠡᠢ ᠬᠠᠷᠢᠭᠤᠯᠲᠠ ᠥᠭᠭᠦᠭᠰᠡᠨ ᠪᠠᠶᠢᠨ᠎ᠠ᠃ | ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠳᠤ ᠶᠠᠮᠠᠷ ᠴᠢᠭᠯᠡᠯ ᠲᠡᠶᠢᠰᠢ ᠶᠠᠪᠤᠬᠤ ᠪᠣᠯ ᠦᠨᠳᠦᠰᠦᠨ ᠴᠢᠨᠠᠷᠲᠠᠢ ᠠᠰᠠᠭᠤᠳᠠᠯ | ᠮᠥᠨ᠃ | | ᠡᠭᠦᠨ ᠳᠤ᠂ ᠶᠡᠷᠦᠩᠬᠡᠢ ᠱᠦᠵᠢ ᠰᠢ ᠶᠢᠨ ᠫᠢᠩ᠄︽ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ ᠬᠡᠷᠡᠭᠲᠡᠢ᠂ ᠥᠭᠡᠷᠡᠴᠢᠯᠡᠯᠲᠡ ᠶᠢ ᠶᠠᠭᠠᠬᠢᠵᠤ ᠥᠭᠡᠷᠡᠴᠢᠯᠡᠭᠰᠡᠨ ᠴᠦ᠂ | ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠬᠤ᠂ ᠮᠠᠷᠺᠰ ᠤᠨ ᠦᠵᠡᠯ ᠢ ᠪᠠᠷᠢᠮᠲᠠᠯᠠᠬᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ | ᠵᠠᠮ ᠢ ᠪᠠᠷᠢᠮᠲᠠᠯᠠᠬᠤ᠂ ᠠᠷᠠᠳ ᠤᠨ ᠠᠷᠠᠳᠴᠢᠯᠠᠭᠰᠠᠨ ᠳᠠᠷᠤᠩᠭᠤᠶᠢᠯᠠᠬᠤ ᠵᠠᠰᠠᠭ ᠢ ᠪᠠᠷᠢᠮᠲᠠᠯᠠᠬᠤ ᠵᠡᠷᠭᠡ ᠦᠨᠳᠦᠰᠦᠨ ᠵᠦᠢᠯ ᠢ ᠶᠠᠭᠠᠬᠢᠭᠰᠠᠨ ᠴᠤ ᠭᠤᠶᠢᠪᠢᠯᠵᠠᠭᠤᠯᠵᠤ ᠪᠤᠯᠬᠤ | ᠦᠭᠡᠢ᠂ ᠡᠭᠦᠨ ᠤ ᠵᠡᠷᠭᠡ ᠪᠠᠷ ᠵᠣᠷᠢᠭᠲᠠᠢ ᠪᠠᠷ ᠰᠢᠨ᠎ᠡ ᠶᠢ ᠡᠭᠦᠳᠴᠦ᠂ ᠥᠭᠡᠷᠡᠴᠢᠯᠡᠬᠦ ᠴᠢᠬᠤᠯᠠᠲᠠᠢ ᠥᠭᠡᠷᠡᠴᠢᠯᠡᠵᠦ ᠳᠡᠶᠢᠯᠭᠦ ᠶᠢ ᠨᠢ ᠰᠠᠶᠢᠲᠤᠷ ᠥᠭᠡᠷᠡᠴᠢᠯᠡᠵᠦ᠂ ᠲᠤᠭᠤᠰᠢᠲᠠᠢ | ᠥᠭᠡᠷᠡᠴᠢᠯᠡᠵᠦ᠂ ᠬᠠᠷᠠᠯᠲᠠ ᠪᠠᠨ ᠲᠣᠭᠲᠠᠭᠠᠪᠠᠯ ᠡᠷᠡᠰ ᠭᠤᠶᠢᠪᠢᠰᠢ ᠦᠭᠡᠢ ᠠᠳᠬᠤᠬᠤ ᠬᠡᠷᠡᠭᠲᠡᠢ︾ ᠭᠡᠵᠦ ᠡᠷᠡᠰ ᠪᠠᠲᠤ ᠬᠡᠯᠡᠪᠡ᠃ | | ᠶᠡᠷᠦᠩᠬᠡᠢ ᠱᠦᠵᠢ ᠰᠢ ᠶᠢᠨ ᠫᠢᠩ ᠤᠨ ᠰᠡᠳᠬᠢᠯ ᠳᠤ ᠪᠦᠭᠦᠳᠡ ᠬᠤᠷᠠᠯ ᠤᠨ ᠲᠣᠭᠲᠠᠭᠠᠯ ᠨᠢ ︽ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ | ᠭᠦᠨᠵᠡᠭᠡᠶᠢᠷᠡᠭᠦᠯᠬᠦ ᠳᠤ ᠪᠦᠭᠦ ᠲᠠᠯ᠎ᠠ ᠶᠢᠨ ᠴᠢᠨᠠᠷᠲᠠᠢ᠂ ᠬᠥᠲᠥᠯᠥᠨ ᠳᠠᠭᠠᠭᠤᠯᠬᠤ ᠴᠢᠨᠠᠷᠲᠠᠢ ᠦᠢᠯᠡᠳᠦᠯ ᠦᠵᠡᠭᠦᠯᠵᠦ ᠪᠠᠶᠢᠬᠤ ᠪᠢᠴᠢᠭ ᠮᠠᠲ᠋ᠧᠷᠢᠶᠠᠯ ᠪᠣᠯᠣᠨ᠎ᠠ᠂ ᠡᠷᠬᠡᠪᠰᠢ | ᠭᠤᠣᠯᠳᠠᠯᠭ᠎ᠠ ᠶᠢ ᠨᠡᠩ ᠳᠤᠪᠤᠶᠢᠯᠭᠠᠵᠤ᠂ ᠭᠤᠣᠯᠳᠠᠯᠭ᠎ᠠ ᠪᠠᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠳᠤ ᠬᠤᠯᠪᠣᠭᠳᠠᠬᠤ ᠪᠠᠶᠢᠯᠳᠤᠬᠤ ᠪᠣᠳᠣᠯᠭ᠎ᠠ ᠶᠢᠨ | ᠴᠢᠨᠠᠷᠲᠠᠢ ᠴᠢᠬᠤᠯᠠ ᠶᠡᠭᠡ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠳᠡᠭᠡᠷ᠎ᠡ ᠲᠠᠯᠪᠢᠬᠤ ᠬᠡᠷᠡᠭᠲᠡᠢ︾ ᠃ | ︽ᠡᠩ ᠤᠨ ᠴᠢᠨᠠᠷᠲᠠᠢ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠪᠢᠴᠢᠬᠦ ᠦᠭᠡᠢ᠂ ᠬᠥᠭᠵᠢᠯᠲᠡ ᠶᠢᠨ ᠴᠢᠨᠠᠷᠲᠠᠢ ᠠᠷᠭ᠎ᠠ ᠬᠡᠮᠵᠢᠶ᠎ᠡ ᠶᠢ ᠪᠢᠴᠢᠬᠦ ᠦᠭᠡᠢ᠂ ᠲᠥᠪ ᠠᠴᠠ | ᠨᠢᠭᠡᠨᠲᠡ ᠪᠠᠶᠢᠷᠢᠯᠠᠭᠤᠯᠤᠭᠰᠠᠨ ᠶᠠᠭ ᠬᠡᠷᠡᠭᠵᠢᠭᠦᠯᠵᠦ ᠪᠠᠶᠢᠭ᠎ᠠ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠪᠢᠴᠢᠬᠦ ᠦᠭᠡᠢ ᠪᠠᠶᠢᠵᠤ᠂ ᠲᠣᠭᠲᠠᠭᠠᠯ ᠤᠨ ᠨᠣᠣᠷᠠᠭ ᠤᠨ | ᠥᠭᠡᠷᠡᠴᠢᠯᠡᠯᠲᠡ ᠶᠢᠨ ᠶᠠᠰᠤ ᠴᠢᠨᠠᠷ ᠢ ᠨᠠᠩ ᠭᠦᠢᠴᠡᠳ᠂ ᠥᠭᠡᠷᠡᠴᠢᠯᠡᠯᠲᠡ ᠶᠢᠨ ᠦᠨᠦᠷ ᠠᠮᠲᠠ ᠶᠢ ᠨᠠᠩ ᠥᠳᠬᠡᠨ ᠪᠤᠯᠭᠠᠬᠤ ᠪᠠᠷ ᠴᠢᠷᠮᠠᠶᠢᠨ᠎ᠠ︾᠃ | ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ᠂ ᠬᠠᠮᠢᠶ᠎ᠠ ᠪᠦᠬᠦᠢ ᠴᠢᠬᠤᠯᠠ ᠪᠢᠴᠢᠭ ᠮᠠᠲ᠋ᠧᠷᠢᠶᠠᠯ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠡᠯ᠎ᠡ | ᠨᠢᠭᠡᠴᠢ ᠶᠢᠨ ᠬᠠᠷᠢᠭᠤ ᠲᠤᠰᠬᠠᠭᠰᠠᠨ ᠰᠠᠨᠠᠯ ᠰᠠᠨᠠᠭᠤᠯᠭ᠎ᠠ᠂ ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ᠂ ᠰᠣᠷᠪᠤᠯᠵᠢᠯᠠᠭ᠎ᠠ ᠶᠢᠨ ᠮᠠᠲ᠋ᠧᠷᠢᠶᠠᠯ᠂ | ᠰᠡᠳᠦᠪ ᠤᠨ ᠰᠤᠳᠤᠯᠭᠠᠨ ᠤ ᠮᠡᠳᠡᠭᠦᠯᠦᠯᠲᠡ ᠵᠡᠷᠭᠡ ᠮᠠᠲ᠋ᠧᠷᠢᠶᠠᠯ ᠠᠴᠠ ᠬᠤᠯᠪᠣᠭᠳᠠᠯ ᠪᠦᠬᠦᠢ ᠬᠦᠷᠢᠶᠡᠨ ᠤ ᠴᠢᠬᠤᠯᠠ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ | ᠰᠢᠰᠲ᠋ᠧᠮ ᠲᠠᠢ ᠡᠮᠬᠢᠯᠡᠵᠦ᠂ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢᠨ ᠡᠬᠡ ᠲᠠᠩᠰᠠ ᠪᠠ ᠨᠠᠷᠢᠨ ᠲᠠᠩᠰᠠ ᠶᠢ ᠬᠤᠷᠢᠶᠠᠩᠭᠤᠶᠢᠯᠠᠨ ᠪᠦᠷᠢᠯᠳᠦᠭᠦᠯᠵᠦ᠂ ᠲᠣᠭᠲᠠᠭᠠᠯ ᠤᠨ | ᠨᠣᠣᠷᠠᠭ ᠢ ᠲᠤᠭᠤᠷᠪᠢᠬᠤ ᠳᠤ ᠪᠠᠲᠤ ᠪᠠᠬᠢ ᠣᠨᠣᠯ ᠪᠠ ᠦᠢᠯᠡᠳᠦᠯᠭᠡ ᠶᠢᠨ ᠦᠨᠳᠦᠰᠦᠯᠡᠯ ᠬᠠᠩᠭᠠᠪᠠ᠃ | ᠤᠭᠢ ᠶᠢ ᠨᠢ ᠰᠢᠯᠢᠵᠦ᠂ ᠵᠠᠩᠭᠢᠯᠠᠭ᠎ᠠ ᠶᠢ ᠨᠢ ᠰᠣᠩᠭᠤᠪᠠ᠃ ᠳᠠᠭᠢᠨ ᠳᠠᠪᠲᠠᠨ ᠠᠳᠠᠯᠢᠳᠬᠠᠨ ᠰᠣᠩᠭᠤᠬᠤ᠂ ᠰᠤᠳᠤᠯᠤᠨ ᠨᠤᠲᠠᠯᠠᠬᠤ ᠪᠠᠷ ᠳᠡᠮᠵᠢᠨ᠂ ᠪᠠᠶᠢᠯᠳᠤᠬᠤ | ᠪᠣᠳᠣᠯᠭ᠎ᠠ ᠶᠢᠨ ᠴᠢᠨᠠᠷ᠂ ᠪᠠᠷᠠᠯᠠᠯᠲᠤ ᠴᠢᠨᠠᠷ ᠢ ᠳᠣᠪᠤᠶᠢᠯᠭᠠᠬᠤ ᠶᠢᠨ ᠬᠠᠮᠲᠤ᠂ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢᠨ ᠴᠢᠭᠯᠡᠭᠦᠯᠦᠯᠲᠦ ᠴᠢᠨᠠᠷ᠂ ᠬᠡᠷᠡᠭᠵᠢᠭᠦᠯᠵᠦ | ᠪᠣᠯᠬᠤᠶᠢᠴᠠ ᠴᠢᠨᠠᠷ ᠢ ᠴᠢᠬᠤᠯᠠᠴᠢᠯᠠᠵᠤ᠂ ᠨᠠᠮ ᠪᠠ ᠤᠯᠤᠰ ᠤᠨ ᠠᠵᠢᠯ ᠦᠢᠯᠡᠰ ᠤᠨ ᠬᠥᠭᠵᠢᠯᠲᠡ ᠳᠤ ᠬᠠᠮᠤᠭ ᠱᠠᠭᠠᠷᠳᠠᠵᠤ ᠪᠠᠶᠢᠭ᠎ᠠ᠂ ᠠᠷᠠᠳ ᠣᠯᠠᠨ ᠤ ᠬᠠᠮᠤᠭ ᠤᠨ | ᠬᠦᠰᠡᠵᠦ ᠪᠠᠶᠢᠭ᠎ᠠ᠂ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ ᠳᠤ ᠬᠠᠮᠤᠭ ᠤᠨ ᠲᠤᠯᠭᠠᠮ ᠪᠠᠶᠢᠭ᠎ᠠ᠂ ᠪᠣᠳᠠᠲᠤ ᠨᠥᠬᠦᠴᠡᠯ ᠬᠠᠮᠤᠭ ᠤᠨ ᠪᠦᠷᠢᠳᠦᠭᠰᠡᠨ | ᠴᠢᠬᠤᠯᠠ ᠶᠡᠭᠡ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠪᠢᠴᠢᠭ ᠮᠠᠲ᠋ᠧᠷᠢᠶᠠᠯ ᠳᠤ ᠣᠷᠣᠭᠤᠯᠪᠠ᠃ | ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠰᠤᠳᠤᠯᠤᠨ ᠨᠤᠲᠠᠯᠠᠬᠤ ᠠᠵᠢᠯ ᠢ ᠰᠠᠶᠢᠲᠤᠷ ᠬᠢᠬᠦ ᠲᠤᠬᠠᠢ ᠴᠢᠬᠤᠯᠠ | ᠵᠢᠭᠠᠪᠤᠷᠢ ᠶᠢᠨ ᠱᠠᠭᠠᠷᠳᠠᠯᠭ᠎ᠠ ᠶᠢ ᠦᠨᠳᠦᠰᠦᠯᠡᠨ᠂ ᠤᠷᠢᠳ ᠬᠤᠵᠢᠳ 21 ᠵᠦᠢᠯ ᠤᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢᠨ ᠲᠤᠬᠠᠢ 53 ᠰᠠᠯᠠᠭ᠎ᠠ ᠮᠥᠴᠢᠷ ᠪᠠ | ᠨᠢᠭᠡᠴᠢ ᠳᠤ ᠨᠠᠶᠢᠳᠠᠵᠤ ᠨᠤᠲᠠᠯᠠᠯᠲᠠ ᠬᠢᠯᠭᠡᠬᠦ ᠶᠢᠨ ᠬᠠᠮᠲᠤ ᠨᠤᠲᠠᠯᠠᠯᠲᠠ ᠶᠢᠨ ᠦᠷ᠎ᠡ ᠳ᠋ᠦᠩ ᠢ ᠦᠨᠳᠦᠰᠦᠯᠡᠨ ᠢᠯᠭᠠᠨ ᠰᠣᠩᠭᠤᠵᠤ ᠭᠠᠷᠭᠠᠪᠠ — | ᠬᠠᠮᠲᠤ ᠶᠢᠨ ᠲᠠᠨᠢᠯᠲᠠ ᠨᠡᠯᠢᠶᠡᠳ ᠥᠨᠳᠥᠷ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠬᠠᠮᠢᠶ᠎ᠠ ᠪᠦᠬᠦᠢ ᠰᠠᠯᠠᠭ᠎ᠠ ᠮᠥᠴᠢᠷ ᠪᠠ ᠨᠢᠭᠡᠴᠢ ᠴᠥᠮ ᠵᠥᠪᠰᠢᠶᠡᠷᠡᠵᠦ | ᠪᠠᠶᠢᠬᠤ ᠪᠠᠨ ᠢᠯᠡᠳᠬᠡᠵᠦ᠂ ᠡᠷᠡᠰ ᠰᠢᠭᠤᠷᠬᠠᠢ ᠪᠠᠷ ᠣᠷᠣᠭᠤᠯᠪᠠ︔ | ᠬᠠᠮᠲᠤ ᠶᠢᠨ ᠲᠠᠨᠢᠯᠲᠠ ᠨᠡᠯᠢᠶᠡᠳ ᠥᠨᠳᠥᠷ ᠪᠤᠯᠪᠠᠴᠤ ᠪᠣᠳᠠᠲᠠᠢ ᠢᠯᠡᠳᠬᠡᠬᠦ ᠲᠠᠯ᠎ᠠ ᠪᠠᠷ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠴᠢᠬᠤᠯᠠᠲᠠᠢ ᠥᠭᠡᠷᠡᠴᠢᠯᠡᠯᠲᠡ ᠶᠢᠨ | ᠠᠷᠭ᠎ᠠ ᠬᠡᠮᠵᠢᠶ᠎ᠡ ᠶᠢ ᠬᠠᠮᠢᠶ᠎ᠠ ᠪᠦᠬᠦᠢ ᠰᠠᠨᠠᠯ ᠰᠠᠨᠠᠭᠤᠯᠭ᠎ᠠ ᠶᠢ ᠦᠨᠳᠦᠰᠦᠯᠡᠨ ᠬᠢᠨᠠᠮᠠᠭᠠᠢ ᠰᠤᠳᠤᠯᠤᠨ ᠰᠢᠩᠭᠡᠭᠡᠵᠦ᠂ ᠥᠭᠦᠯᠡᠯᠲᠡ ᠳᠤ ᠵᠠᠰᠠᠪᠤᠷᠢ ᠣᠷᠣᠭᠤᠯᠤᠨ | ᠲᠡᠭᠦᠯᠳᠡᠷᠵᠢᠭᠦᠯᠪᠡ᠃ | 2024 ᠣᠨ ᠤ 5 ᠰᠠᠷ᠎ᠠ ᠶᠢᠨ 7 ᠤ ᠡᠳᠦᠷ᠂ ᠲᠣᠭᠲᠠᠭᠠᠯ ᠤᠨ ᠰᠠᠨᠠᠯ ᠬᠤᠷᠢᠶᠠᠬᠤ ᠨᠣᠣᠷᠠᠭ ᠢ ᠳᠣᠷᠣᠭᠰᠢ ᠲᠠᠷᠬᠠᠭᠠᠵᠤ᠂ ᠡᠯ᠎ᠡ ᠲᠠᠯ᠎ᠠ ᠶᠢᠨ ᠬᠢᠨ ᠤ ᠰᠠᠨᠠᠯ ᠢ | ᠥᠷᠭᠡᠨ ᠢᠶᠠᠷ ᠬᠤᠷᠢᠶᠠᠪᠠ᠃ | ︽ᠥᠨᠥᠳᠥᠷ ᠶᠠᠷᠢᠯᠴᠠᠬᠤ ᠬᠤᠷᠠᠯ ᠬᠤᠷᠠᠯᠳᠤᠭᠤᠯᠵᠤ ᠪᠠᠶᠢᠭ᠎ᠠ ᠨᠢ ᠣᠯᠠᠨ ᠤ ᠰᠠᠨᠠᠯ ᠰᠠᠨᠠᠭᠤᠯᠭ᠎ᠠ ᠶᠢ ᠨᠢᠭᠤᠷᠲᠠᠨ ᠰᠣᠨᠣᠰᠤᠶ᠎ᠠ ᠭᠡᠰᠡᠨ ᠶᠤᠮ︾᠃ 5 ᠰᠠᠷ᠎ᠠ ᠶᠢᠨ 20 ᠤ | ᠡᠳᠦᠷ᠂ ᠶᠡᠷᠦᠩᠬᠡᠢ ᠱᠦᠵᠢ ᠰᠢ ᠶᠢᠨ ᠫᠢᠩ ᠨᠠᠮ ᠤᠨ ᠭᠠᠳᠠᠨᠠᠬᠢ ᠬᠥᠮᠥᠰ ᠤᠨ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠡᠯ᠎ᠡ ᠠᠷᠠᠳᠴᠢᠯᠠᠭᠰᠠᠨ ᠨᠠᠮ ᠪᠦᠯᠦᠭ ᠤᠨ | ᠲᠥᠪ ᠬᠤᠷᠢᠶ᠎ᠠ᠂ ᠪᠦᠭᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ ᠬᠠᠷᠢᠭᠤᠴᠠᠯᠭᠠᠲᠠᠨ ᠪᠣᠯᠣᠨ ᠨᠠᠮ ᠪᠦᠯᠦᠭ ᠤᠨ ᠪᠤᠰᠤ ᠬᠥᠮᠥᠰ ᠤᠨ | ᠲᠥᠯᠥᠭᠡᠯᠡᠭᠴᠢᠳ ᠤᠨ ᠲᠣᠭᠲᠠᠭᠠᠯ ᠤᠨ ᠨᠣᠣᠷᠠᠭ ᠤᠨ ᠲᠤᠬᠠᠢ ᠰᠠᠨᠠᠯ ᠰᠠᠨᠠᠭᠤᠯᠭ᠎ᠠ ᠶᠢ ᠰᠣᠨᠣᠰᠪᠠ᠃ | ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠶᠢᠨ ᠫᠢᠩ ᠨᠠᠷᠢᠨ ᠬᠢᠨᠠᠮᠠᠭᠠᠢ ᠲᠡᠮᠳᠡᠭᠯᠡᠵᠦ᠂ ᠪᠠᠶᠢᠨ ᠪᠠᠶᠢᠨ ᠦᠭᠡ ᠡᠯᠭᠦᠵᠦ᠂ ᠤᠯᠠᠨ ᠲᠠᠢ ᠰᠠᠨᠠᠯ ᠢᠶᠠᠨ ᠭᠦᠨᠵᠡᠭᠡᠢ | ᠰᠣᠯᠢᠯᠴᠠᠪᠠ᠃ ᠬᠤᠷᠠᠯ ᠲᠡᠭᠦᠰᠬᠦ ᠦᠶ᠎ᠡ ᠳᠤ᠂ ᠶᠡᠷᠦᠩᠬᠡᠢ ᠱᠦᠵᠢ᠄ ︽ᠥᠨᠥᠳᠥᠷ ᠤᠨ ᠶᠠᠷᠢᠯᠴᠠᠬᠤ ᠬᠤᠷᠠᠯ ᠤᠨ ᠲᠠᠷᠠᠭ᠎ᠠ᠂ ᠤᠯᠠᠨ ᠢᠶᠠᠷ ᠢᠶᠠᠨ ᠦᠷᠭᠦᠯᠵᠢᠯᠡᠨ ᠭᠦᠨᠵᠡᠭᠡᠢ | ᠪᠣᠳᠣᠯᠬᠢᠯᠠᠨ ᠰᠤᠳᠤᠯᠵᠤ᠂ ᠡᠯ᠎ᠡ ᠬᠦᠷᠢᠶᠡᠨ ᠤ ᠠᠩᠬᠠᠷᠤᠭᠤᠰᠢᠲᠠᠢ ᠪᠠᠶᠢᠳᠠᠯ ᠪᠣᠯᠣᠨ ᠡᠯ᠎ᠡ ᠲᠠᠯ᠎ᠠ ᠶᠢᠨ ᠲᠤᠰᠬᠠᠯ ᠨᠡᠯᠢᠶᠡᠳ ᠲᠥᠪᠯᠡᠷᠡᠩᠭᠦᠢ ᠪᠠᠶᠢᠭ᠎ᠠ ᠰᠠᠨᠠᠯ ᠰᠠᠨᠠᠭᠤᠯᠭ᠎ᠠ ᠶᠢ | ᠴᠤᠭᠯᠠᠭᠤᠯᠵᠤ᠂ ᠴᠠᠭ ᠲᠤᠬᠠᠢ ᠳᠤᠨᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠳᠤ ᠲᠤᠰᠬᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ | ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠢ ᠰᠠᠶᠢᠲᠤᠷ ᠬᠤᠷᠠᠯᠳᠤᠭᠤᠯᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠵᠡᠭᠡᠶ᠎ᠡ︾ | ᠭᠡᠵᠦ ᠵᠠᠬᠢᠪᠠ᠃ | ᠬᠡᠳᠦᠨ ᠡᠳᠦᠷ ᠤᠨ ᠳᠠᠷᠠᠭ᠎ᠠ᠂ ᠶᠡᠷᠦᠩᠬᠡᠢ ᠱᠦᠵᠢ ᠰᠢ ᠶᠢᠨ ᠫᠢᠩ ᠪᠠᠰᠠ ᠱᠠᠨᠳᠦ᠋ᠩ ᠤᠨ ᠵᠢᠨᠠᠨ ᠳᠤ ᠠᠵᠤ ᠠᠬᠤᠶᠢᠯᠠᠯ ᠪᠣᠯᠣᠨ ᠲᠤᠰᠬᠠᠢ ᠮᠡᠷᠭᠡᠵᠢᠯᠲᠡᠨ ᠤ ᠶᠠᠷᠢᠯᠴᠠᠬᠤ | ᠬᠤᠷᠠᠯ ᠢ ᠡᠷᠭᠢᠯᠡᠨ ᠬᠤᠷᠠᠯᠳᠤᠭᠤᠯᠵᠤ᠂ ᠤᠯᠠᠨ ᠤ ᠴᠠᠭᠢᠯᠭᠠᠨ ᠬᠦᠴᠦᠨ ᠤ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠠᠶᠤᠯ ᠲᠦᠭᠰᠢᠭᠦᠷᠢ ᠶᠢᠨ ᠪᠡᠯᠡ | ᠣᠷᠣᠭᠤᠯᠤᠯᠲᠠ ᠶᠢ ᠬᠥᠭᠵᠢᠭᠦᠯᠬᠦ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠢᠶᠠᠷ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠳᠡᠭᠡᠭᠰᠢᠯᠡᠭᠦᠯᠭᠦ᠂ ᠭᠠᠳᠠᠭᠠᠳᠤ ᠪᠡᠯᠡ ᠶᠢᠨ | ᠠᠵᠤ ᠠᠬᠤᠶᠢᠯᠠᠯ ᠤᠨ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠵᠡᠷᠭᠡ ᠲᠠᠯ᠎ᠠ ᠶᠢᠨ ᠰᠠᠨᠠᠯ ᠰᠠᠨᠠᠭᠤᠯᠭ᠎ᠠ ᠶᠢ ᠰᠣᠨᠣᠰᠪᠠ᠃ | ᠶᠠᠷᠢᠯᠴᠠᠬᠤ ᠬᠤᠷᠠᠯ ᠳᠤ ᠣᠷᠣᠯᠴᠠᠬᠰᠠᠨ ᠠᠵᠤ ᠠᠬᠤᠶᠢᠯᠠᠯ ᠤᠨ ᠲᠥᠯᠥᠭᠡᠯᠡᠭᠴᠢᠳ ᠲᠤ ᠤᠯᠤᠰ ᠤᠨ ᠥᠮᠴᠢᠯᠡᠯᠲᠦ ᠠᠵᠤ ᠠᠬᠤᠶᠢᠯᠠᠯ᠂ ᠠᠷᠠᠳ ᠤᠨ ᠡᠵᠡᠩᠨᠡᠯᠲᠡ ᠶᠢᠨ | ᠠᠵᠤ ᠠᠬᠤᠶᠢᠯᠠᠯ ᠤᠨ ᠲᠥᠯᠥᠭᠡᠯᠡᠭᠴᠢ ᠪᠠᠶᠢᠬᠤ ᠪᠠᠷ ᠪᠠᠷᠠᠬᠤ ᠦᠭᠡᠢ᠂ ᠪᠠᠰᠠ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠲᠥᠯᠥᠭᠡᠯᠡᠭᠴᠢ ᠪᠠᠶᠢᠵᠤ᠂ ᠥᠭᠡᠷᠡᠴᠢᠯᠡᠯᠲᠡ ᠶᠢᠨ | ᠪᠢᠴᠢᠭ ᠮᠠᠲ᠋ᠧᠷᠢᠶᠠᠯ ᠨᠡᠶᠢᠲᠡᠯᠡᠬᠦ ᠳᠤ ᠠᠷᠠᠳ ᠤᠨ ᠰᠠᠨᠠᠭ᠎ᠠ ᠪᠣᠯᠣᠨ ᠣᠶᠤᠨ ᠤᠬᠠᠭᠠᠨ ᠬᠠᠮᠤᠭ ᠤᠨ ᠥᠷᠭᠡᠨ ᠳᠡᠯᠭᠡᠷ ᠲᠥᠪᠯᠡᠷᠡᠵᠦ ᠪᠠᠶᠢᠬᠤ ᠶᠢ ᠨᠠᠷᠢᠨ ᠨᠢᠮᠪᠠᠢ ᠬᠥᠮᠥᠰ | ᠮᠡᠳᠡᠵᠦ ᠪᠣᠯᠣᠨ᠎ᠠ᠃ | ᠭᠡᠳᠦ ᠤᠳᠠᠭ᠎ᠠ ᠳᠡᠪᠰᠢᠭᠦᠯᠵᠦ ᠲᠠᠭᠢᠨ ᠳᠠᠪᠲᠠᠨ ᠵᠠᠰᠠᠪᠤᠷᠢ ᠣᠷᠣᠭᠤᠯᠪᠠ᠃ 7 ᠰᠠᠷ᠎ᠠ ᠭᠠᠷᠤᠢ ᠶᠢᠨ ᠬᠤᠭᠤᠴᠠᠭᠠᠨ ᠳᠤ᠂ ᠲᠣᠭᠲᠠᠭᠠᠯ ᠤᠨ ᠨᠣᠣᠷᠠᠭ ᠢ ᠨᠠᠷᠢᠨ ᠬᠢᠨᠠᠮᠠᠭᠠᠢ | ᠲᠤᠩᠭᠠᠨ ᠪᠣᠳᠣᠯᠬᠢᠯᠠᠵᠤ᠂ ᠨᠠᠷᠢᠨ ᠨᠢᠮᠪᠠᠢ ᠨᠠᠶᠢᠷᠠᠭᠤᠯᠤᠨ ᠪᠢᠴᠢᠵᠦ᠂ ᠶᠠᠪᠤᠴᠠ ᠶᠢᠨ ᠨᠣᠣᠷᠠᠭ ᠨᠢ 38 ᠤᠳᠠᠭ᠎ᠠ ᠪᠣᠯᠪᠠ᠃ ᠴᠢᠬᠤᠯᠠ ᠶᠡᠭᠡ ᠨᠤᠲᠠᠯᠠᠯᠲᠠ᠂ ᠴᠢᠬᠤᠯᠠ ᠶᠡᠭᠡ | ᠠᠷᠭ᠎ᠠ ᠬᠡᠮᠵᠢᠶ᠎ᠡ ᠠᠴᠠ᠂ ᠦᠰᠦᠭ ᠪᠢᠴᠢᠭ ᠢᠶᠠᠷ ᠢᠯᠡᠳᠬᠡᠬᠦ᠂ ᠦᠭᠡ ᠥᠭᠦᠯᠡᠪᠦᠷᠢ ᠬᠡᠷᠡᠭᠯᠡᠬᠦ ᠭᠦᠷᠲᠡᠯ᠎ᠡ᠂ ᠪᠣᠳᠠᠲᠠᠢ ᠶᠢ ᠡᠷᠬᠢᠮᠯᠡᠨ ᠴᠢᠩᠭ᠎ᠠ ᠨᠢᠮᠪᠠᠢ᠂ ᠨᠠᠷᠢᠯᠢᠭ ᠣᠨᠣᠪᠴᠢᠲᠠᠢ | ᠨᠠᠶᠢᠳᠠᠪᠤᠷᠢᠵᠢᠭᠤᠯᠬᠤ ᠪᠠᠷ ᠬᠦᠴᠦᠯᠡᠨ ᠴᠢᠷᠮᠠᠶᠢᠪᠠ᠃ | 5 ᠰᠠᠷ᠎ᠠ ᠶᠢᠨ 30 ᠤ ᠡᠳᠦᠷ ᠪᠤᠯᠲᠠᠯ᠎ᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠡᠯ᠎ᠡ ᠲᠠᠯ᠎ᠠ ᠶᠢᠨ ᠬᠢᠨ ᠨᠡᠶᠢᠲᠡ 1911 ᠵᠤᠷᠪᠤᠰ ᠰᠠᠨᠠᠯ ᠳᠤᠷᠠᠳᠴᠤ᠂ | ᠳᠠᠪᠬᠤᠷᠳᠠᠭᠰᠠᠨ ᠰᠠᠨᠠᠯ ᠢ ᠬᠠᠰᠤᠵᠤ ᠭᠠᠷᠭᠠᠭᠠᠳ 1756 ᠵᠤᠷᠪᠤᠰ ᠪᠣᠯᠭᠠᠪᠠ᠂ ᠡᠭᠦᠨ ᠳᠤ ᠵᠠᠷᠴᠢᠮᠲᠤ ᠰᠠᠨᠠᠯ 135 ᠵᠤᠷᠪᠤᠰ᠂ ᠪᠣᠳᠠᠲᠠᠢ ᠵᠠᠰᠠᠪᠤᠷᠢ ᠣᠷᠣᠭᠤᠯᠬᠤ ᠰᠠᠨᠠᠯ | 1621 ᠵᠤᠷᠪᠤᠰ ᠪᠤᠶ᠃ | ᠡᠳᠡᠭᠡᠷ ᠰᠠᠨᠠᠯ ᠪᠠ ᠰᠠᠨᠠᠭᠤᠯᠭ᠎ᠠ ᠶᠢ ᠬᠢᠨᠠᠮᠠᠭᠠᠢ ᠰᠤᠳᠤᠯᠵᠤ᠂ ᠰᠢᠩᠭᠡᠬᠡᠨ ᠠᠪᠴᠤ ᠪᠤᠯᠬᠤ ᠶᠢ ᠨᠢ ᠠᠯᠢ ᠴᠢᠳᠠᠬᠤ ᠪᠠᠷ ᠰᠢᠩᠭᠡᠬᠡᠨ ᠠᠪᠴᠤ᠂ 221 ᠭᠠᠵᠠᠷ ᠲᠤ | ᠵᠠᠰᠠᠪᠤᠷᠢ ᠣᠷᠣᠭᠤᠯᠪᠠ᠃ | ᠲᠣᠭᠲᠠᠭᠠᠯ ᠢ ᠲᠤᠭᠤᠷᠪᠢᠬᠤ ᠶᠠᠪᠤᠴᠠ ᠪᠣᠯ ᠥᠭᠡᠷᠡᠴᠢᠯᠡᠯᠲᠡ ᠶᠢ ᠤᠬᠠᠭᠠᠯᠠᠨ ᠲᠥᠯᠥᠪᠯᠡᠵᠦ᠂ ᠥᠭᠡᠷᠡᠴᠢᠯᠡᠯᠲᠡ ᠶᠢ ᠲᠦᠯᠬᠢᠨ ᠠᠬᠢᠭᠤᠯᠬᠤ ᠶᠠᠪᠤᠴᠠ ᠮᠥᠨ᠂ ᠪᠠᠰᠠ ᠴᠤ | ᠬᠥᠮᠥᠰ ᠤᠨ ᠰᠡᠳᠬᠢᠯ ᠢ ᠵᠣᠷᠢᠭᠵᠢᠭᠤᠯᠵᠤ᠂ ᠲᠡᠮᠡᠴᠡᠯ ᠤᠨ ᠵᠣᠷᠢᠭ ᠢ ᠬᠥᠭᠵᠢᠭᠡᠬᠦ ᠶᠠᠪᠤᠴᠠ ᠮᠥᠨ᠃ | ᠡᠨᠡ ᠬᠤᠭᠤᠴᠠᠭᠠᠨ ᠳᠤ᠂ ᠶᠡᠷᠦᠩᠬᠡᠢ ᠱᠦᠵᠢ ᠰᠢ ᠶᠢᠨ ᠫᠢᠩ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ 3 | ᠤᠳᠠᠭ᠎ᠠ ᠡᠷᠭᠢᠯᠡᠨ ᠬᠤᠷᠠᠯᠳᠤᠭᠤᠯᠵᠤ᠂ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠷᠠᠯ ᠢ 2 ᠤᠳᠠᠭ᠎ᠠ ᠡᠷᠭᠢᠯᠡᠨ ᠬᠤᠷᠠᠯᠳᠤᠭᠤᠯᠵᠤ ᠪᠦᠭᠦᠳᠡ | ᠬᠤᠷᠠᠯ ᠤᠨ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠢ ᠬᠢᠨᠠᠨ ᠵᠥᠪᠯᠡᠵᠦ᠂ ᠪᠢᠴᠢᠭ ᠮᠠᠲ᠋ᠧᠷᠢᠶᠠᠯ ᠲᠤᠭᠤᠷᠪᠢᠬᠤ ᠳᠤᠭᠤᠶᠢᠯᠠᠩ ᠤᠨ ᠳᠡᠭᠡᠭᠰᠢ ᠮᠡᠳᠡᠭᠦᠯᠦᠭᠰᠡᠨ ᠨᠣᠣᠷᠠᠭ | ᠪᠦᠭᠦᠨ ᠢ ᠨᠠᠷᠢᠨ ᠨᠢᠮᠪᠠᠢ ᠬᠢᠨᠠᠨ ᠦᠵᠡᠵᠦ᠂ ᠣᠯᠠᠨ ᠤᠳᠠᠭ᠎ᠠ ᠴᠢᠬᠤᠯᠠ ᠵᠢᠭᠠᠪᠤᠷᠢ ᠴᠣᠬᠤᠯᠠᠪᠤᠷᠢ ᠥᠭᠴᠡᠢ᠃ | ᠤᠳᠠᠭ᠎ᠠ ᠳᠠᠷᠠᠭᠠᠯᠠᠨ ᠨᠠᠷᠢᠪᠴᠢᠯᠠᠨ ᠲᠤᠩᠭᠠᠵᠤ᠂ ᠨᠤᠲᠠᠯᠠᠵᠤ᠂ ᠰᠤᠳᠤᠯᠵᠤ᠂ ᠤᠳᠠᠭ᠎ᠠ ᠳᠠᠷᠠᠭᠠᠯᠠᠨ ᠵᠠᠰᠠᠪᠤᠷᠢ ᠣᠷᠣᠭᠤᠯᠵᠤ᠂ ᠪᠠᠶᠠᠯᠢᠭᠵᠢᠭᠤᠯᠵᠤ᠂ ᠲᠡᠭᠦᠯᠳᠡᠷᠵᠢᠭᠦᠯᠵᠦ᠂ | ᠲᠣᠭᠲᠠᠭᠠᠯ ᠤᠨ ᠨᠣᠣᠷᠠᠭ ᠨᠢ ᠡᠳᠦᠷ ᠰᠥᠨᠢ ᠦᠭᠡᠢ ᠦᠷᠭᠦᠯᠵᠢᠯᠡᠨ ᠳᠠᠪᠲᠠᠭᠰᠠᠭᠠᠷ ᠪᠠᠶᠢᠵᠤ ᠡᠳᠦᠷ ᠢᠷᠡᠬᠦᠶ᠎ᠡ ᠪᠣᠯᠪᠠᠰᠤᠷᠠᠩᠭᠤᠢ ᠪᠣᠯᠪᠠ᠃ | | 7 ᠰᠠᠷ᠎ᠠ ᠶᠢᠨ 15 ᠤ ᠦᠳᠡ ᠶᠢᠨ ᠡᠮᠦᠨ᠎ᠡ᠂ ᠡᠨᠡ ᠬᠦ ᠲᠡᠦᠬᠡᠲᠦ ᠡᠭᠦᠷᠭᠡ ᠶᠢ ᠡᠭᠦᠷᠭᠡᠯᠡᠵᠦ᠂ ᠨᠠᠮ ᠤᠨ ᠰᠡᠳᠬᠢᠯ ᠠᠷᠠᠳ ᠤᠨ ᠰᠠᠨᠠᠭ᠎ᠠ ᠶᠢ ᠨᠢᠭᠲᠠᠷᠠᠭᠤᠯᠤᠭᠰᠠᠨ | ᠪᠢᠴᠢᠭ ᠮᠠᠲ᠋ᠧᠷᠢᠶᠠᠯ ᠢ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠠ ᠬᠤᠷᠠᠯ ᠳᠤ ᠣᠷᠣᠯᠴᠠᠬᠰᠠᠨ ᠨᠥᠬᠦᠳ ᠤᠨ ᠡᠮᠦᠨ᠎ᠡ | ᠲᠠᠯᠪᠢᠪᠠ᠃ ᠶᠡᠷᠦᠩᠬᠡᠢ ᠱᠦᠵᠢ ᠰᠢ ᠶᠢᠨ ᠫᠢᠩ ︽ᠲᠣᠭᠲᠠᠭᠠᠯ ︵ᠶᠠᠷᠢᠯᠴᠠᠬᠤ ᠨᠣᠣᠷᠠᠭ︶︾ ᠤᠨ ᠲᠤᠬᠠᠢ ᠪᠦᠭᠦᠳᠡ ᠬᠤᠷᠠᠯ ᠳᠤ ᠲᠣᠳᠣᠷᠬᠠᠶᠢᠯᠠᠯᠲᠠ ᠬᠢᠪᠡ᠃ | ᠲᠥᠪ ᠬᠤᠷᠢᠶᠠᠨ ᠤ 199 ᠭᠡᠰᠢᠭᠦᠨ᠂ ᠲᠥᠪ ᠬᠤᠷᠢᠶᠠᠨ ᠤ 165 ᠣᠷᠣᠯᠠᠭᠴᠢ ᠭᠡᠰᠢᠭᠦᠨ᠂ ᠪᠠᠰᠠ ᠬᠤᠷᠠᠯ ᠳᠤ ᠰᠤᠯᠠ ᠣᠷᠣᠯᠴᠠᠬᠰᠠᠨ ᠨᠥᠬᠦᠳ 10 ᠳᠤᠭᠤᠶᠢᠯᠠᠩ | ᠬᠤᠪᠢᠶᠠᠵᠤ᠂ ᠰᠠᠨᠠᠯ ᠢᠶᠠᠨ ᠭᠦᠨᠵᠡᠭᠡᠢ ᠰᠣᠯᠢᠯᠴᠠᠨ ᠶᠠᠷᠢᠯᠴᠠᠵᠤ᠂ ᠰᠠᠨᠠᠯ ᠰᠠᠨᠠᠭᠤᠯᠭ᠎ᠠ ᠳᠤᠷᠠᠳᠪᠠ᠃ | ᠭᠦᠢᠴᠡᠳ ᠶᠠᠷᠢᠯᠴᠠᠬᠤ ᠪᠠᠷ ᠳᠠᠮᠵᠢᠭᠠᠳ ᠬᠤᠷᠠᠯ ᠳᠤ ᠣᠷᠣᠯᠴᠠᠬᠰᠠᠨ ᠨᠥᠬᠦᠳ ᠵᠠᠰᠠᠪᠤᠷᠢ ᠣᠷᠣᠭᠤᠯᠬᠤ ᠰᠠᠨᠠᠯ ᠢ 205 ᠵᠤᠷᠪᠤᠰ ᠳᠤᠷᠠᠳᠪᠠ᠃ ᠪᠢᠴᠢᠭ ᠮᠠᠲ᠋ᠧᠷᠢᠶᠠᠯ | ᠲᠤᠭᠤᠷᠪᠢᠬᠤ ᠳᠤᠭᠤᠶᠢᠯᠠᠩ ᠡᠳᠡᠭᠡᠷ ᠰᠠᠨᠠᠯ ᠰᠠᠨᠠᠭᠤᠯᠭ᠎ᠠ ᠶᠢ ᠦᠨᠳᠦᠰᠦᠯᠡᠨ᠂ ᠶᠠᠷᠢᠯᠴᠠᠬᠤ ᠨᠣᠣᠷᠠᠭ ᠲᠤ ᠵᠠᠰᠠᠪᠤᠷᠢ ᠣᠷᠣᠭᠤᠯᠬᠤ ᠰᠠᠨᠠᠭᠤᠯᠭ᠎ᠠ ᠳᠤᠷᠠᠳᠪᠠ᠃ | 7 ᠰᠠᠷ᠎ᠠ ᠶᠢᠨ 17 ᠤ ᠣᠷᠣᠢ᠂ ᠶᠡᠷᠦᠩᠬᠡᠢ ᠱᠦᠵᠢ ᠰᠢ ᠶᠢᠨ ᠫᠢᠩ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠬᠤᠷᠢᠶᠠᠨ ᠤ | ᠬᠤᠷᠠᠯ ᠢ ᠡᠷᠭᠢᠯᠡᠨ ᠬᠤᠷᠠᠯᠳᠤᠭᠤᠯᠵᠤ᠂ ᠪᠦᠭᠦᠳᠡ ᠬᠤᠷᠠᠯ ᠤᠨ ᠡᠯ᠎ᠡ ᠳᠤᠭᠤᠶᠢᠯᠠᠩ ᠤᠨ ᠶᠠᠷᠢᠯᠴᠠᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠪᠣᠯᠣᠨ ᠪᠢᠴᠢᠭ ᠮᠠᠲ᠋ᠧᠷᠢᠶᠠᠯ | ᠲᠤᠭᠤᠷᠪᠢᠬᠤ ᠳᠤᠭᠤᠶᠢᠯᠠᠩ ᠤᠨ ᠵᠠᠰᠠᠪᠤᠷᠢ ᠣᠷᠣᠭᠤᠯᠬᠤ ᠰᠠᠨᠠᠭᠤᠯᠭ᠎ᠠ ᠶᠢ ᠰᠣᠨᠣᠰᠴᠤ᠂ ᠲᠣᠭᠲᠠᠭᠠᠯ ᠤᠨ ᠨᠣᠣᠷᠠᠭ ᠲᠤ 25 ᠭᠠᠵᠠᠷ ᠵᠠᠰᠠᠪᠤᠷᠢ ᠣᠷᠣᠭᠤᠯᠵᠠᠢ᠃ ᠵᠠᠰᠠᠪᠤᠷᠢ | ᠣᠷᠣᠭᠤᠯᠤᠭᠰᠠᠨ ᠨᠣᠣᠷᠠᠭ ᠢ 18 ᠤ ᠡᠳᠦᠷ ᠤᠨ ᠦᠳᠡ ᠶᠢᠨ ᠡᠮᠦᠨ᠎ᠡ ᠳᠠᠬᠢᠨᠲᠠ ᠪᠦᠭᠦᠳᠡ ᠬᠤᠷᠠᠯ ᠳᠤ ᠳᠡᠪᠰᠢᠭᠦᠯᠵᠦ ᠳᠤᠭᠤᠶᠢᠯᠠᠩ ᠬᠤᠪᠢᠶᠠᠨ ᠰᠠᠨᠠᠯ ᠬᠤᠷᠢᠶᠠᠭᠰᠠᠨ ᠤ | ᠳᠠᠷᠠᠭ᠎ᠠ ᠪᠠᠰᠠ 2 ᠭᠠᠵᠠᠷ ᠲᠤ ᠵᠠᠰᠠᠪᠤᠷᠢ ᠣᠷᠣᠭᠤᠯᠵᠤ᠂ ︽ᠲᠣᠭᠲᠠᠭᠠᠯ︾ ᠤᠨ ᠲᠥᠰᠥᠯ ᠢ ᠪᠦᠷᠢᠯᠳᠦᠭᠦᠯᠪᠡ᠃ | ᠬᠤᠷᠠᠯ ᠳᠤ ᠣᠷᠣᠯᠴᠠᠬᠰᠠᠨ ᠨᠥᠬᠦᠳ᠂ ︽ᠲᠣᠭᠲᠠᠭᠠᠯ︾ ᠤᠨ ᠭᠤᠣᠯ ᠰᠡᠳᠦᠪ ᠢᠯᠡ ᠲᠣᠳᠣ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠪᠠᠶᠢᠷᠢᠯᠠᠭᠤᠯᠤᠯᠲᠠ | ᠵᠣᠬᠢᠰᠲᠠᠢ᠂ ᠭᠤᠣᠯᠳᠠᠯᠭ᠎ᠠ ᠲᠣᠪᠣᠶᠢᠮ᠎ᠠ᠂ ᠴᠢᠭᠯᠡᠯ ᠲᠣᠳᠣᠷᠬᠠᠢ᠂ ᠠᠷᠭ᠎ᠠ ᠬᠡᠮᠵᠢᠶ᠎ᠡ ᠪᠣᠳᠠᠲᠠᠢ ᠪᠠᠶᠢᠵᠤ᠂ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ | ᠬᠤᠷᠢᠶᠠᠨ ᠤ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ | ᠡᠷᠡᠰ ᠪᠠᠲᠤ ᠵᠣᠷᠢᠭ᠂ ᠤᠯᠤᠰ ᠲᠦᠷᠦ ᠶᠢᠨ ᠡᠭᠦᠷᠭᠡᠯᠡᠯ ᠪᠠ ᠲᠡᠦᠬᠡ ᠶᠢᠨ ᠰᠠᠨᠠᠭᠠᠴᠢᠯᠠᠭ᠎ᠠ ᠶᠢ ᠭᠦᠢᠴᠡᠳ ᠢᠯᠡᠷᠡᠭᠦᠯᠵᠦ᠂ ᠰᠢᠨ᠎ᠡ ᠴᠠᠭ ᠦᠶ᠎ᠡ ᠰᠢᠨ᠎ᠡ ᠠᠶᠠᠨ ᠳᠤ ᠶᠠᠮᠠᠷ | ᠲᠤᠭ ᠢ ᠮᠠᠨᠳᠤᠭᠤᠯᠬᠤ᠂ ᠶᠠᠮᠠᠷ ᠵᠠᠮ ᠢᠶᠠᠷ ᠵᠠᠮᠨᠠᠬᠤ ᠲᠤᠬᠠᠢ ᠲᠠᠭᠢᠨ ᠲᠤᠩᠬᠠᠭᠯᠠᠵᠤ᠂ ᠯᠠᠪᠲᠠᠢ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ | ᠰᠡᠷᠭᠦᠨ ᠮᠠᠨᠳᠤᠯᠲᠠ ᠶᠢᠨ ᠠᠭᠤᠤ ᠦᠢᠯᠡᠰ ᠲᠤ ᠬᠦᠴᠦᠷᠬᠡᠭ ᠶᠡᠭᠡ ᠬᠥᠳᠡᠯᠭᠡᠭᠴᠢ ᠬᠦᠴᠦᠨ ᠨᠡᠮᠡᠷᠢᠯᠡᠬᠦ ᠪᠣᠯᠣᠨ᠎ᠠ ᠭᠡᠵᠦ ᠰᠠᠨᠠᠯ ᠨᠢᠭᠡᠲᠡᠢ ᠢᠯᠡᠳᠬᠡᠪᠡ᠃ | ᠬᠤᠷᠠᠯ ᠳᠤ ᠣᠷᠣᠯᠴᠠᠬᠰᠠᠨ ᠨᠥᠬᠦᠳ᠂ ᠰᠢᠨ᠎ᠡ ᠴᠠᠭ ᠦᠶ᠎ᠡ ᠠᠴᠠ ᠨᠠᠭᠠᠰᠢᠬᠢ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠦᠭᠰᠡᠨ ᠠᠮᠵᠢᠯᠲᠠ ᠲᠠᠢ | ᠦᠢᠯᠡᠳᠦᠯᠭᠡ ᠪᠣᠯᠣᠨ ᠠᠭᠤᠤ ᠶᠡᠭᠡ ᠠᠮᠵᠢᠯᠲᠠ ᠶᠢᠨ ᠰᠠᠭᠤᠷᠢᠨ ᠳᠡᠭᠡᠷ᠎ᠡ ᠦᠷᠭᠦᠯᠵᠢᠯᠡᠨ ᠤᠷᠤᠭᠰᠢᠯᠠᠬᠤ ᠳᠤ ᠢᠲᠡᠭᠡᠯ ᠵᠣᠷᠢᠭ ᠲᠡᠭᠦᠯᠳᠡᠷ ᠪᠠᠶᠢᠨ᠎ᠠ᠃ ᠶᠡᠷᠦᠩᠬᠡᠢ ᠱᠦᠵᠢ ᠰᠢ | ᠶᠢᠨ ᠫᠢᠩ ᠨᠠᠮ ᠤᠨ ᠲᠥᠪ ᠬᠤᠷᠢᠶᠠᠨ ᠤ ᠭᠤᠣᠯᠯᠠᠭᠴᠢ᠂ ᠪᠦᠭᠦ ᠨᠠᠮ ᠤᠨ ᠭᠤᠣᠯᠯᠠᠭᠴᠢ ᠳᠠᠭᠠᠭᠤᠯᠤᠭᠴᠢ ᠵᠠᠯᠠᠭᠤᠷᠴᠢᠨ ᠪᠣᠯᠤᠭᠰᠠᠨ ᠤ ᠬᠤᠪᠢ ᠳᠤ᠂ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠵᠢᠯᠣᠭᠤᠳᠤᠯᠭ᠎ᠠ ᠳᠣᠣᠷ᠎ᠠ᠂ | ᠳᠤᠮᠳᠠᠳᠤ ᠤᠯᠤᠰ ᠨᠡᠷᠡᠮᠵᠢᠲᠦ ᠲᠣᠮᠣ ᠬᠥᠯᠭᠡ ᠣᠩᠭᠤᠴᠠ ᠯᠠᠪᠲᠠᠢ ᠳᠠᠪᠠᠯᠭᠠᠨ ᠢ ᠵᠦᠰᠦᠨ ᠤᠷᠤᠭᠰᠢᠯᠠᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ | ᠭᠦᠨᠵᠡᠭᠡᠶᠢᠷᠡᠭᠦᠯᠬᠦ ᠪᠠᠷ ᠳᠠᠮᠵᠢᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠭᠡᠭᠡᠨ ᠰᠠᠷᠠᠭᠤᠯ ᠢᠷᠡᠭᠡᠳᠦᠢ ᠶᠢ ᠨᠡᠭᠡᠭᠡᠬᠦ ᠪᠣᠯᠣᠨ᠎ᠠ ᠭᠡᠵᠦ ᠰᠠᠨᠠᠯ ᠨᠢᠭᠡᠲᠡᠢ | ᠦᠵᠡᠪᠡ᠃ | ᠥᠭᠡᠷᠡᠴᠢᠯᠡᠯᠲᠡ ᠶᠢᠨ ᠠᠤᠭ᠎ᠠ ᠲᠥᠰᠥᠪ ᠢ ᠵᠢᠷᠤᠭᠯᠠᠵᠤ ᠴᠠᠭ ᠦᠶ᠎ᠡ ᠶᠢᠨ ᠰᠢᠨ᠎ᠡ ᠬᠠᠭᠤᠳᠠᠰᠤ ᠶᠢ ᠲᠠᠭᠢᠨ ᠪᠢᠴᠢᠭᠯᠡᠨ᠎ᠡ — ᠬᠠᠳᠠᠭᠠᠰᠤ ᠬᠠᠳᠠᠬᠤ ᠵᠣᠷᠢᠭ | ᠰᠠᠨᠠᠭ᠎ᠠ ᠪᠠᠷ ᠥᠭᠡᠷᠡᠴᠢᠯᠡᠯᠲᠡ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ | ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠬᠦᠴᠦᠷᠬᠡᠭ ᠶᠡᠭᠡ ᠬᠦᠴᠦᠨ ᠪᠣᠯᠭᠠᠨ | ᠬᠤᠪᠢᠷᠠᠭᠤᠯᠤᠨ᠎ᠠ | ︽ᠪᠠᠲᠤᠯᠠᠭᠳᠠᠯ᠎ᠠ︕︾ | 7 ᠰᠠᠷ᠎ᠠ ᠶᠢᠨ 18 ᠤ ᠦᠳᠡ ᠶᠢᠨ ᠬᠤᠶᠢᠨ᠎ᠠ᠂ ᠠᠷᠠᠳ ᠤᠨ ᠶᠡᠭᠡ ᠬᠤᠷᠠᠯ ᠤᠨ ᠲᠠᠩᠬᠢᠮ ᠳᠤ᠃ ᠶᠡᠷᠦᠩᠬᠡᠢ ᠱᠦᠵᠢ ᠰᠢ ᠶᠢᠨ ᠫᠢᠩ ᠤᠨ ᠶᠠᠷᠢᠶ᠎ᠠ ᠳᠠᠭᠤᠰᠬᠤ ᠶᠢ | ᠳᠠᠭᠠᠯᠳᠤᠨ᠂ ᠬᠤᠷᠠᠯ ᠤᠨ ᠲᠠᠯᠠᠪᠠᠢ ᠳᠤ ᠨᠢᠵᠢᠭᠢᠨᠡᠲᠡᠯ᠎ᠡ ᠠᠯᠠᠭ᠎ᠠ ᠲᠠᠰᠢᠪᠠ᠃ | ᠡᠨᠡ ᠪᠣᠯ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠠᠴᠠ ᠨᠠᠭᠠᠰᠢᠬᠢ ᠥᠭᠡᠷᠡᠴᠢᠯᠡᠯᠲᠡ ᠶᠢ ᠪᠦᠭᠦ | ᠲᠠᠯ᠎ᠠ ᠪᠠᠷ ᠭᠦᠨᠵᠡᠭᠡᠶᠢᠷᠡᠭᠦᠯᠦᠭᠰᠡᠨ ᠦᠢᠯᠡᠳᠦᠯᠭᠡ ᠶᠢᠨ ᠦᠷᠭᠦᠯᠵᠢᠯᠡᠯ ᠮᠥᠨ᠂ ᠪᠠᠰᠠ ᠴᠤ ᠰᠢᠨ᠎ᠡ ᠠᠶᠠᠨ ᠳᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ | ᠠᠬᠢᠭᠤᠯᠬᠤ ᠴᠠᠭ ᠦᠶ᠎ᠡ ᠶᠢᠨ ᠰᠢᠨ᠎ᠡ ᠬᠠᠭᠤᠳᠠᠰᠤ ᠮᠥᠨ᠃ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ | ᠦᠢᠯᠡᠰ ᠢ ᠠᠬᠢᠭᠤᠯᠬᠤ ᠵᠠᠩᠭᠢᠯᠠᠭ᠎ᠠ ᠶᠢᠨ ᠴᠠᠭ ᠦᠶ᠎ᠡ ᠳᠤ᠂ ︽ᠲᠣᠭᠲᠠᠭᠠᠯ︾ ᠨᠢ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠲᠤᠯᠭᠠᠷᠠᠵᠤ | ᠪᠠᠶᠢᠭ᠎ᠠ ᠰᠢᠨ᠎ᠡ ᠪᠠᠶᠢᠳᠠᠯ ᠰᠢᠨ᠎ᠡ ᠠᠰᠠᠭᠤᠳᠠᠯ ᠢ ᠭᠦᠨᠵᠡᠭᠡᠢ ᠵᠠᠳᠠᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠲᠣᠭᠤᠷᠢᠨ ᠳᠤ ᠥᠭᠡᠷᠡᠴᠢᠯᠡᠯᠲᠡ ᠶᠢ | ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠶᠡᠷᠦᠩᠬᠡᠢ ᠪᠠᠶᠢᠷᠢᠯᠠᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠤᠬᠠᠭᠠᠯᠠᠨ ᠲᠥᠯᠥᠪᠯᠡᠵᠦ᠂ ᠰᠢᠨ᠎ᠡ | ᠠᠶᠠᠨ ᠳᠠᠭᠠᠨ ᠥᠭᠡᠷᠡᠴᠢᠯᠡᠯᠲᠡ ᠨᠡᠭᠡᠭᠡᠯᠲᠡ ᠶᠢᠨ ᠠᠭᠤᠤ ᠶᠡᠭᠡ ᠲᠤᠭ ᠢ ᠥᠨᠳᠥᠷ ᠮᠠᠨᠳᠤᠭᠤᠯᠵᠠᠢ᠃ | 2 ᠲᠦᠮᠡ ᠭᠠᠷᠤᠢ ᠦᠰᠦᠭ ᠲᠠᠢ ᠪᠢᠴᠢᠭ ᠮᠠᠲ᠋ᠧᠷᠢᠶᠠᠯ ᠨᠢ ᠵᠠᠭᠤᠨ ᠵᠢᠯ ᠤᠨ ᠲᠣᠮᠣ ᠨᠠᠮ ᠤᠨ ᠵᠣᠷᠢᠭ ᠪᠣᠰᠤᠭ᠎ᠠ ᠵᠢᠪᠬᠤᠭ᠎ᠠ ᠲᠡᠭᠦᠯᠳᠡᠷ᠂ ᠴᠥᠬᠦᠷᠡᠰᠢ ᠦᠭᠡᠢ | ᠯᠠᠪᠳᠠᠭᠤᠨ ᠪᠠᠲᠤᠲᠠᠢ ᠵᠠᠮᠨᠠᠬᠤ ᠥᠭᠡᠷᠡᠴᠢᠯᠡᠯᠲᠡ ᠶᠢᠨ ᠠᠤᠭ᠎ᠠ ᠲᠥᠰᠥᠪ ᠢ ᠵᠢᠷᠤᠭᠯᠠᠵᠤ᠂ ᠳᠤᠮᠳᠠᠳᠤ ᠶᠢᠨ ᠬᠥᠪᠡᠭᠦᠳ ᠥᠬᠢᠳ ᠤᠨ ᠡᠷᠡᠯᠬᠡᠭᠯᠡᠨ ᠤᠷᠤᠭᠰᠢᠯᠠᠵᠤ᠂ ᠡᠷᠡᠯᠬᠡᠭᠯᠡᠨ | ᠲᠡᠮᠡᠴᠡᠬᠦ ᠢᠳᠡ ᠬᠦᠴᠦᠲᠡᠢ ᠠᠯᠬᠤᠭ᠎ᠠ ᠶᠢ ᠭᠡᠷᠡᠴᠢᠯᠡᠪᠡ᠃ | ︽ᠲᠣᠭᠲᠠᠭᠠᠯ︾ ᠨᠢ ᠨᠡᠶᠢᠳᠡ 15 ᠪᠦᠯᠦᠭ ᠪᠠᠶᠢᠵᠤ᠂ ︽1 + 13 + 1︾ ᠭᠤᠷᠪᠠᠨ ᠶᠡᠭᠡ ᠬᠡᠰᠡᠭ ᠬᠤᠪᠢᠶᠠᠪᠠ᠃ ᠨᠢᠭᠡᠳᠦᠭᠡᠷ ᠶᠡᠭᠡ ᠬᠡᠰᠡᠭ ᠪᠣᠯ ᠶᠡᠷᠦᠩᠬᠡᠢ | ᠥᠭᠦᠯᠡᠯᠲᠡ ᠮᠥᠨ᠂ ᠭᠤᠣᠯᠳᠠᠭᠤ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢ ᠠᠬᠢᠭᠤᠯᠬᠤ ᠶᠢᠨ ᠴᠢᠬᠤᠯᠠ ᠶᠡᠭᠡ ᠠᠴᠢ ᠬᠤᠯᠪᠣᠭᠳᠠᠯ ᠪᠠ ᠶᠡᠷᠦᠩᠬᠡᠢ ᠱᠠᠭᠠᠷᠳᠠᠯᠭ᠎ᠠ ᠶᠢ ᠲᠣᠳᠣᠷᠬᠠᠶᠢᠯᠠᠨ ᠥᠭᠦᠯᠡᠪᠡ᠃ ᠬᠤᠶᠠᠳᠤᠭᠠᠷ ᠶᠡᠭᠡ ᠬᠡᠰᠡᠭ ᠨᠢ | ᠬᠤᠪᠢᠶᠠᠷᠢ ᠥᠭᠦᠯᠡᠯᠲᠡ ᠪᠠᠶᠢᠵᠤ᠂ ᠠᠵᠤ ᠠᠬᠤᠢ ᠶᠢᠨ ᠪᠠᠶᠢᠭᠤᠯᠤᠯ ᠤᠨ ᠥᠭᠡᠷᠡᠴᠢᠯᠡᠯᠲᠡ ᠪᠠᠷ ᠵᠢᠯᠣᠭᠤᠳᠤᠮᠵᠢ ᠪᠤᠯᠭᠠᠵᠤ᠂ ᠡᠯ᠎ᠡ ᠬᠦᠷᠢᠶ᠎ᠡ ᠡᠯ᠎ᠡ ᠲᠠᠯ᠎ᠠ ᠶᠢᠨ | ᠥᠭᠡᠷᠡᠴᠢᠯᠡᠯᠲᠡ ᠶᠢ ᠪᠦᠭᠦ ᠲᠠᠯ᠎ᠠ ᠪᠠᠷ ᠪᠠᠶᠢᠷᠢᠯᠠᠭᠤᠯᠪᠠ᠃ ᠭᠤᠷᠪᠠᠳᠤᠭᠠᠷ ᠶᠡᠭᠡ ᠬᠡᠰᠡᠭ ᠲᠤ ᠭᠤᠣᠯᠳᠠᠭᠤ ᠥᠭᠡᠷᠡᠴᠢᠯᠡᠯᠲᠡ ᠳᠠᠬᠢ ᠨᠠᠮ ᠤᠨ ᠤᠳᠤᠷᠢᠳᠤᠯᠭ᠎ᠠ ᠶᠢ | ᠴᠢᠩᠭᠠᠳᠬᠠᠵᠤ᠂ ᠨᠠᠮ ᠤᠨ ᠪᠠᠶᠢᠭᠤᠯᠤᠯᠲᠠ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠢ ᠶᠠᠷᠢᠪᠠ᠃ | ᠲᠣᠭᠲᠠᠭᠠᠯ ᠤᠨ ᠨᠣᠣᠷᠠᠭ ᠨᠡᠶᠢᠲᠡ 60 ᠵᠤᠷᠪᠤᠰ ᠪᠠᠶᠢᠵᠤ᠂ ᠶᠠᠭ ᠰᠠᠶᠢᠬᠠᠨ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ | ᠪᠦᠭᠦᠳᠡ ᠬᠤᠷᠠᠯ ᠤᠨ 60 ᠵᠤᠷᠪᠤᠰ ᠠᠷᠭ᠎ᠠ ᠬᠡᠮᠵᠢᠶ᠎ᠡ ᠯᠦᠭᠡ ᠠᠪᠴᠠᠯᠳᠤᠨ ᠵᠣᠯᠭᠠᠯᠳᠤᠬᠤ ᠶᠢᠨ ᠬᠠᠮᠲᠤ ᠪᠠᠰᠠ ᠣᠨᠣᠯ ᠪᠠ ᠦᠢᠯᠡᠳᠦᠯᠭᠡ ᠶᠢᠨ ᠲᠠᠯ᠎ᠠ ᠪᠠᠷ ᠢᠯᠡ ᠲᠣᠳᠣ | ᠣᠨᠴᠠᠯᠢᠭ ᠢ ᠢᠯᠡᠷᠡᠭᠦᠯᠦᠭᠰᠡᠨ ᠢ ᠬᠥᠮᠥᠰ ᠠᠩᠬᠠᠷᠴᠤ ᠣᠯᠵᠠᠢ᠃ | ᠬᠠᠷᠠᠯᠲᠠ ᠪᠠᠷ ᠤᠳᠤᠷᠢᠳᠤᠮᠵᠢ ᠪᠤᠯᠭᠠᠬᠤ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠭᠤᠣᠯ ᠰᠡᠳᠦᠪ ᠢ ᠲᠤᠭᠤᠰᠢᠯᠠᠭᠤᠯᠤᠨ | ᠢᠯᠡᠷᠡᠭᠦᠯᠪᠡ — | ᠲᠡᠦᠬᠡ ᠶᠢᠨ ᠰᠢᠨ᠎ᠡ ᠭᠠᠷᠤᠭ᠎ᠠ ᠳᠤ ᠵᠣᠭᠰᠣᠵᠤ᠂︽ᠲᠣᠭᠲᠠᠭᠠᠯ︾ ᠳᠤ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠶᠡᠷᠦᠩᠬᠡᠢ | ᠬᠠᠷᠠᠯᠲᠠ ᠶᠢ ᠲᠣᠳᠣᠷᠬᠠᠶᠢᠯᠠᠪᠠ᠄ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠪᠠᠶᠢᠭᠤᠯᠤᠯ ᠢ ᠦᠷᠭᠦᠯᠵᠢᠯᠡᠨ ᠲᠡᠭᠦᠯᠳᠡᠷᠵᠢᠭᠦᠯᠦᠨ ᠬᠥᠭᠵᠢᠭᠦᠯᠵᠦ᠂ | ᠲᠦᠷᠤ ᠶᠢ ᠵᠠᠰᠠᠬᠤ ᠰᠢᠰᠲ᠋ᠧᠮ ᠪᠣᠯᠣᠨ ᠵᠠᠰᠠᠬᠤ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠤᠨ᠎ᠠ᠃ 2035 ᠣᠨ ᠪᠤᠯᠬᠤ ᠳᠤ᠂ ᠥᠨᠳᠥᠷ ᠲᠦᠪᠰᠢᠨ ᠪᠦᠬᠦᠢ ᠨᠡᠶᠢᠭᠡᠮ | ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠪᠠᠶᠢᠭᠤᠯᠤᠯ ᠢ ᠪᠦᠭᠦ ᠲᠠᠯ᠎ᠠ ᠪᠠᠷ ᠪᠠᠶᠢᠭᠤᠯᠵᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ | ᠪᠠᠶᠢᠭᠤᠯᠤᠯ ᠢ ᠨᠠᠩ ᠲᠡᠭᠦᠯᠳᠡᠷᠵᠢᠭᠦᠯᠵᠦ᠂ ᠲᠦᠷᠦ ᠶᠢ ᠵᠠᠰᠠᠬᠤ ᠰᠢᠰᠲ᠋ᠧᠮ ᠪᠣᠯᠣᠨ ᠵᠠᠰᠠᠬᠤ ᠴᠢᠳᠠᠪᠤᠷᠢ ᠶᠢᠨ ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠵᠦ᠂ | ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠵᠦ᠂ ᠲᠣᠰ ᠵᠠᠭᠤᠨ ᠤ ᠳᠤᠮᠳᠠᠴᠢ ᠪᠤᠯᠬᠤ ᠳᠤ ᠨᠡᠶᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ | ᠤᠯᠤᠰ ᠢ ᠪᠦᠭᠦ ᠲᠠᠯ᠎ᠠ ᠪᠠᠷ ᠪᠠᠶᠢᠭᠤᠯᠤᠨ ᠪᠦᠲᠦᠭᠡᠬᠦ ᠳᠤ ᠪᠠᠲᠤ ᠪᠠᠬᠢ ᠰᠠᠭᠤᠷᠢ ᠲᠠᠯᠪᠢᠨ᠎ᠠ᠃ | ᠡᠨᠡ ᠬᠦ ᠶᠡᠷᠦᠩᠬᠡᠢ ᠬᠠᠷᠠᠯᠲᠠ ᠨᠢ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠠᠴᠠ ᠲᠣᠭᠲᠠᠭᠠᠭᠰᠠᠨ | ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠶᠡᠷᠦᠩᠬᠡᠢ ᠬᠠᠷᠠᠯᠲᠠ ᠲᠠᠢ ᠤᠯᠠᠮᠵᠢᠯᠠᠯ ᠨᠢᠭᠡᠲᠡᠢ ᠪᠥᠭᠡᠳ ᠪᠠᠰᠠ ᠨᠠᠮ ᠤᠨ ᠬᠤᠷᠢᠳᠤᠭᠠᠷ ᠶᠡᠭᠡ ᠬᠤᠷᠠᠯ ᠠᠴᠠ | ᠭᠠᠷᠭᠠᠭᠰᠠᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠲᠠᠢ ᠠᠪᠴᠠᠯᠳᠤᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠳᠤ | ᠬᠠᠷᠠᠯᠲᠠ ᠶᠢᠨ ᠤᠳᠤᠷᠢᠳᠤᠮᠵᠢ ᠶᠢ ᠤᠯᠠᠮ ᠨᠢᠭᠡ ᠠᠯᠬᠤᠮ ᠲᠣᠳᠣᠷᠬᠠᠶᠢᠯᠠᠭᠰᠠᠨ ᠪᠠᠶᠢᠨ᠎ᠠ᠃ | ︽ᠲᠣᠭᠲᠠᠭᠠᠯ︾ ᠨᠢ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠪᠠᠶᠢᠯᠳᠤᠬᠤ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠲᠠᠢ ᠨᠢᠭᠲᠠ ᠤᠶᠠᠯᠳᠤᠭᠤᠯᠤᠨ ᠨᠠᠷᠢᠨ ᠨᠢᠮᠪᠠᠢ ᠲᠥᠯᠥᠪᠯᠡᠵᠦ᠂ ᠥᠨᠳᠥᠷ ᠲᠦᠪᠰᠢᠨ ᠪᠦᠬᠦᠢ ᠨᠡᠶᠢᠭᠡᠮ ᠵᠢᠷᠤᠮ ᠤᠨ ᠵᠠᠬ᠎ᠠ | ᠳᠡᠯᠭᠡᠭᠦᠷ ᠤᠨ ᠠᠵᠤ ᠠᠬᠤᠢ ᠶᠢᠨ ᠪᠠᠶᠢᠭᠤᠯᠤᠯ ᠢ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠪᠦᠭᠦ ᠶᠠᠪᠤᠴᠠ ᠶᠢᠨ ᠠᠷᠠᠳ ᠤᠨ ᠠᠷᠠᠳᠴᠢᠯᠠᠯ ᠢ ᠬᠥᠭᠵᠢᠭᠦᠯᠬᠦ ᠳᠤ | ᠠᠩᠬᠠᠷᠤᠯ ᠢᠶᠠᠨ ᠲᠥᠪᠯᠡᠷᠡᠭᠦᠯᠵᠦ᠂ ᠨᠡᠶᠢᠭᠡᠮ ᠵᠢᠷᠤᠮᠲᠤ ᠰᠣᠶᠣᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ | ᠲᠦᠮᠡᠨ ᠤ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠭᠦ ᠳᠤ ᠠᠩᠬᠠᠷᠤᠯ ᠢᠶᠠᠨ ᠲᠥᠪᠯᠡᠷᠡᠭᠦᠯᠵᠦ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ ᠪᠦᠲᠦᠭᠡᠨ | ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠨᠡᠩ ᠥᠨᠳᠥᠷ ᠲᠦᠪᠰᠢᠨ ᠪᠦᠬᠦᠢ ᠠᠮᠤᠷ ᠠᠮᠤᠭᠤᠯᠠᠩ ᠳᠤᠮᠳᠠᠳᠤ ᠤᠯᠤᠰ ᠢ ᠪᠦᠲᠦᠭᠡᠨ ᠪᠠᠶᠢᠭᠤᠯᠬᠤ ᠳᠤ | ᠠᠩᠬᠠᠷᠤᠯ ᠢᠶᠠᠨ ᠲᠥᠪᠯᠡᠷᠡᠭᠦᠯᠵᠦ᠂ ᠨᠠᠮ ᠤᠨ ᠤᠳᠤᠷᠢᠳᠬᠤ ᠬᠢᠷᠢ ᠬᠡᠮᠵᠢᠶ᠎ᠡ ᠪᠠ ᠤᠷᠳᠤ ᠬᠤᠭᠤᠴᠠᠭ᠎ᠠ ᠪᠠᠷ ᠲᠦᠷᠦ ᠪᠠᠷᠢᠬᠤ ᠴᠢᠳᠠᠪᠤᠷᠢ ᠶᠢ ᠳᠡᠭᠡᠭᠰᠢᠯᠡᠭᠦᠯᠭᠦ ᠳᠤ | ᠠᠩᠬᠠᠷᠤᠯ ᠢᠶᠠᠨ ᠲᠥᠪᠯᠡᠷᠡᠭᠦᠯᠬᠦ ︽ᠲᠤᠯᠤᠭᠠᠨ ᠠᠩᠬᠠᠷᠤᠯ ᠢᠶᠠᠨ ᠲᠥᠪᠯᠡᠷᠡᠭᠦᠯᠬᠦ︾ ᠶᠢ ᠳᠤᠷᠠᠳᠴᠤ᠂ ᠶᠡᠷᠦᠩᠬᠡᠢ ᠳᠡᠭᠡᠨ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢ ᠠᠬᠢᠭᠤᠯᠬᠤ ᠪᠠᠶᠢᠯᠳᠤᠬᠤ ᠪᠣᠳᠣᠯᠭ᠎ᠠ ᠶᠢᠨ ᠭᠤᠣᠯᠳᠠᠯᠭ᠎ᠠ ᠶᠢ ᠬᠠᠮᠤᠷᠤᠭᠰᠠᠨ ᠪᠠᠶᠢᠨ᠎ᠠ᠃ | ᠥᠭᠡᠷᠡᠴᠢᠯᠡᠯᠲᠡ ᠶᠢᠨ ᠬᠥᠯᠭᠡ ᠣᠩᠭᠤᠴᠠ ᠶᠢᠨ ᠯᠠᠪᠳᠠᠭᠤᠨ ᠢᠶᠠᠷ ᠤᠷᠤᠭᠰᠢᠯᠠᠬᠤ ᠶᠢ ᠦᠨᠡᠨ ᠬᠦ ᠪᠠᠲᠤᠯᠠᠵᠤ᠂ ︽ᠲᠣᠭᠲᠠᠭᠠᠯ︾ ᠳᠤ ᠥᠭᠡᠷᠡᠴᠢᠯᠡᠯᠲᠡ ᠶᠢ ᠤᠯᠠᠮ ᠨᠢᠭᠡ | ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠳᠤ ᠡᠷᠬᠡᠪᠰᠢ︽ᠵᠢᠷᠭᠤᠭ᠎ᠠ ᠶᠢ ᠪᠠᠷᠢᠮᠲᠠᠯᠠᠬᠤ︾ ᠵᠠᠷᠴᠢᠮ ᠢ ᠰᠠᠶᠢᠲᠤᠷ ᠲᠤᠭᠤᠰᠢᠯᠠᠭᠤᠯᠬᠤ ᠬᠡᠷᠡᠭᠲᠡᠢ ᠭᠡᠵᠦ ᠳᠤᠷᠠᠳᠪᠠ᠄ ᠨᠠᠮ ᠤᠨ | ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠠᠷᠠᠳ ᠲᠦᠮᠡᠨ ᠢᠶᠠᠷ ᠭᠤᠣᠯ ᠪᠤᠯᠭᠠᠬᠤ ᠶᠢ ᠪᠠᠷᠢᠮᠲᠠᠯᠠᠵᠤ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ ᠶᠢ | ᠪᠠᠷᠢᠮᠲᠠᠯᠠᠵᠤ᠂ ᠳᠦᠷᠢᠮ ᠤᠨ ᠪᠠᠶᠢᠭᠤᠯᠤᠯᠲᠠ ᠪᠠᠷ ᠭᠤᠣᠯ ᠰᠢᠵᠢᠮ ᠪᠤᠯᠭᠠᠬᠤ ᠶᠢ ᠪᠠᠷᠢᠮᠲᠠᠯᠠᠵᠤ᠂ ᠪᠦᠭᠦ ᠲᠠᠯ᠎ᠠ ᠪᠠᠷ ᠬᠠᠤᠯᠢ ᠶᠣᠰᠣᠭᠠᠷ ᠤᠯᠤᠰ ᠢᠶᠠᠨ ᠵᠠᠰᠠᠬᠤ ᠶᠢ ᠪᠠᠷᠢᠮᠲᠠᠯᠠᠵᠤ᠂ | ᠰᠢᠰᠲ᠋ᠧᠮ ᠤᠨ ᠦᠵᠡᠯᠲᠡ ᠶᠢ ᠪᠠᠷᠢᠮᠲᠠᠯᠠᠨ᠎ᠠ᠃ | ︽ᠵᠢᠷᠭᠤᠭ᠎ᠠ ᠶᠢ ᠪᠠᠷᠢᠮᠲᠠᠯᠠᠬᠤ︾ ᠵᠠᠷᠴᠢᠮ ᠪᠣᠯ ᠥᠭᠡᠷᠡᠴᠢᠯᠡᠯᠲᠡ ᠨᠡᠭᠡᠭᠡᠯᠲᠡ ᠬᠢᠭᠰᠡᠨ ᠠᠴᠠ ᠨᠠᠭᠠᠰᠢ ᠢᠯᠠᠩᠭᠤᠶ᠎ᠠ ᠰᠢᠨ᠎ᠡ ᠴᠠᠭ ᠦᠶ᠎ᠡ ᠳᠤ ᠥᠭᠡᠷᠡᠴᠢᠯᠡᠯᠲᠡ ᠶᠢ ᠪᠦᠭᠦ | ᠲᠠᠯ᠎ᠠ ᠪᠠᠷ ᠭᠦᠨᠵᠡᠭᠡᠶᠢᠷᠡᠭᠦᠯᠦᠭᠰᠡᠨ ᠡᠷᠬᠢᠮ ᠨᠠᠨᠳᠢᠨ ᠲᠤᠷᠰᠢᠯᠭ᠎ᠠ ᠶᠢᠨ ᠰᠢᠨᠵᠢᠯᠡᠬᠦ ᠤᠬᠠᠭᠠᠨᠴᠢ ᠳ᠋ᠦᠩᠨᠡᠯᠲᠡ ᠮᠥᠨ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ | ᠲᠠᠯ᠎ᠠ ᠪᠠᠷ ᠭᠦᠨᠵᠡᠭᠡᠶᠢᠷᠡᠭᠦᠯᠬᠦ ᠳᠤᠮᠳᠠ ᠡᠷᠬᠡᠪᠰᠢ ᠨᠠᠷᠢᠨ ᠬᠢᠨᠠᠮᠠᠭᠠᠢ ᠲᠤᠭᠤᠰᠢᠯᠠᠭᠤᠯᠬᠤ ᠬᠡᠷᠡᠭᠲᠡᠢ᠃ | ᠥᠭᠡᠷᠡᠴᠢᠯᠡᠯᠲᠡ ᠶᠢᠨ ᠭᠤᠣᠯᠳᠠᠯᠭ᠎ᠠ ᠶᠢ ᠳᠣᠪᠤᠶᠢᠯᠭᠠᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠵᠠᠩᠭᠢᠯᠠᠭ᠎ᠠ ᠶᠢ | ᠠᠳᠬᠤᠪᠠ — | ᠠᠵᠤ ᠠᠬᠤᠢ ᠶᠢᠨ ᠪᠠᠶᠢᠭᠤᠯᠤᠯ ᠤᠨ ᠥᠭᠡᠷᠡᠴᠢᠯᠡᠯᠲᠡ ᠪᠣᠯ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠬᠥᠲᠥᠯᠥᠮᠵᠢ | ᠮᠥᠨ᠃ ︽ᠲᠣᠭᠲᠠᠭᠠᠯ︾ ᠤᠨ13 ᠬᠡᠰᠡᠭ ᠤᠨ ᠬᠤᠪᠢᠶᠠᠷᠢ ᠥᠭᠦᠯᠡᠯᠲᠡ ᠶᠢᠨ ᠳᠣᠲᠣᠷ᠎ᠠ᠂ ᠠᠵᠤ ᠠᠬᠤᠢ ᠶᠢᠨ ᠬᠦᠷᠢᠶᠡᠨ ᠳᠤ ᠬᠤᠯᠪᠣᠭᠳᠠᠬᠤ ᠨᠢ ᠳᠠᠷᠤᠢ 6 ᠬᠡᠰᠡᠭ ᠪᠠᠶᠢᠵᠤ᠂ | ᠴᠢᠬᠤᠯᠠ ᠬᠤᠪᠢ ᠶᠢᠨ ᠵᠢᠩ ᠲᠠᠢ ᠪᠠᠶᠢᠬᠤ ᠶᠢ ᠭᠦᠢᠴᠡᠳ ᠣᠯᠵᠤ ᠬᠠᠷᠠᠵᠤ ᠪᠣᠯᠣᠨ᠎ᠠ᠃ | ︽ᠲᠣᠭᠲᠠᠭᠠᠯ︾ ᠳᠤ ᠥᠨᠳᠥᠷ ᠬᠢᠷᠢ ᠲᠦᠪᠰᠢᠨ ᠪᠦᠬᠦᠢ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠪᠠᠶᠢᠭᠤᠯᠤᠯ ᠢ ᠪᠠᠶᠢᠭᠤᠯᠬᠤ ᠶᠢ ᠲᠣᠪᠣᠶᠢᠮ᠎ᠠ | ᠪᠠᠶᠢᠷᠢᠨ ᠳᠤ ᠲᠠᠯᠪᠢᠵᠤ᠂ ᠠᠵᠤ ᠠᠬᠤᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢᠨ ᠭᠤᠣᠯᠳᠠᠯᠭ᠎ᠠ ᠲᠠᠢ ᠬᠦᠷᠢᠶ᠎ᠡ ᠪᠠ ᠵᠠᠩᠭᠢᠯᠠᠭ᠎ᠠ ᠶᠢᠨ ᠭᠤᠭᠴᠤᠭ᠎ᠠ ᠶᠢ ᠠᠳᠬᠤᠵᠤ᠂ | ᠪᠤᠰᠤᠳ ᠥᠭᠡᠷᠡᠴᠢᠯᠡᠯᠲᠡ ᠶᠢ ᠬᠥᠲᠥᠯᠥᠨ ᠳᠠᠶᠢᠴᠢᠯᠠᠪᠠ᠄ | ᠤᠯᠤᠰ ᠤᠨ ᠥᠮᠴᠢᠯᠡᠯ ᠤᠨ ᠠᠵᠤ ᠠᠬᠤᠢ ᠶᠢᠨ ᠪᠠᠶᠢᠷᠢᠯᠠᠭᠤᠯᠤᠯᠲᠠ ᠶᠢ ᠰᠢᠯᠢᠳᠡᠭᠵᠢᠭᠦᠯᠬᠦ ᠪᠠ ᠪᠦᠲᠦᠴᠡ ᠶᠢ ᠲᠣᠬᠢᠷᠠᠭᠤᠯᠬᠤ ᠶᠢ ᠲᠦᠯᠬᠢᠨ ᠠᠬᠢᠭᠤᠯᠵᠤ᠂ ᠠᠷᠠᠳ ᠤᠨ | ᠡᠵᠡᠩᠨᠡᠯᠲᠡ ᠶᠢᠨ ᠠᠵᠤ ᠠᠬᠤᠢ ᠶᠢ ᠠᠬᠢᠭᠤᠯᠬᠤ ᠬᠠᠤᠯᠢ ᠶᠢ ᠲᠣᠭᠲᠠᠭᠠᠵᠤ᠂ ᠵᠠᠰᠠᠭ ᠵᠠᠬᠢᠷᠭ᠎ᠠ᠂ ᠡᠷᠡᠭᠦᠦ ᠶᠢᠨ ᠬᠡᠷᠡᠭ ᠤᠨ ᠠᠷᠭ᠎ᠠ ᠪᠠᠷᠢᠯ ᠢ ᠠᠰᠢᠭᠯᠠᠨ ᠠᠵᠤ ᠠᠬᠤᠢ ᠶᠢᠨ | ᠵᠠᠭᠤᠷᠠᠯᠳᠤᠭᠠᠨ ᠳᠤ ᠭᠠᠷ ᠲᠦᠷᠦᠭᠦ ᠶᠢ ᠰᠡᠷᠭᠡᠶᠢᠯᠡᠨ ᠵᠠᠯᠠᠷᠠᠭᠤᠯᠵᠤ᠂ ᠪᠦᠭᠦ ᠤᠯᠤᠰ ᠤᠨ ᠨᠢᠭᠡᠳᠦᠯᠲᠡᠢ ᠵᠠᠬ᠎ᠠ ᠳᠡᠯᠭᠡᠭᠦᠷ ᠪᠠ ᠭᠤᠣᠯᠴᠢ ᠥᠷᠢᠰᠦᠯᠳᠦᠭᠡᠨ ᠢ ᠬᠠᠷᠰᠢᠯᠠᠬᠤ ᠡᠯ᠎ᠡ | ᠵᠦᠢᠯ ᠤᠨ ᠲᠣᠭᠲᠠᠭᠠᠯ ᠪᠠ ᠠᠷᠭ᠎ᠠ ᠬᠢᠳᠡᠯ ᠢ ᠴᠡᠪᠡᠷᠯᠡᠨ ᠬᠦᠴᠦᠨ ᠦᠭᠡᠢ ᠪᠤᠯᠭᠠᠵᠤ᠂ ᠡᠯ᠎ᠡ ᠵᠦᠢᠯ ᠤᠨ ᠥᠮᠴᠢᠯᠡᠯ ᠤᠨ ᠠᠵᠤ ᠠᠬᠤᠢ ᠶᠢᠨ ᠥᠮᠴᠢᠯᠡᠬᠦ ᠡᠷᠬᠡ ᠪᠠ ᠬᠠᠤᠯᠢ | ᠶᠣᠰᠣᠨ ᠤ ᠠᠰᠢᠭ ᠲᠤᠰᠠ ᠳᠤ ᠬᠠᠯᠳᠠᠭᠰᠠᠨ ᠦᠢᠯᠡ ᠠᠵᠢᠯᠯᠠᠭ᠎ᠠ ᠳᠤ ᠠᠳᠠᠯᠢ ᠬᠠᠷᠢᠭᠤᠴᠠᠯᠭ᠎ᠠ ᠨᠡᠬᠡᠮᠵᠢᠯᠡᠵᠦ ᠶᠠᠯ᠎ᠠ ᠣᠨᠣᠭᠳᠠᠭᠤᠯᠵᠤ ᠠᠳᠠᠯᠢ ᠰᠢᠢᠳᠬᠡᠯ ᠥᠭᠭᠦᠨ᠎ᠡ ᠁ | ᠡᠭᠦᠨ ᠤ ᠵᠡᠷᠭᠡ ᠪᠠᠷ᠂ ︽ᠲᠣᠭᠲᠠᠭᠠᠯ︾ ᠳᠤ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ | ᠪᠠᠶᠢᠭᠤᠯᠤᠯ ᠲᠣᠭᠲᠠᠴᠠ ᠶᠢ ᠪᠦᠷᠢᠨᠰᠢᠭᠦᠯᠵᠦ᠂ ᠰᠢᠨ᠎ᠡ ᠬᠦᠷᠢᠶ᠎ᠡ ᠰᠢᠨ᠎ᠡ ᠤᠷᠤᠯᠳᠤᠭᠠᠨ ᠤ ᠵᠠᠮ ᠤᠨ ᠳᠦᠷᠢᠮ ᠤᠨ ᠬᠠᠩᠭᠠᠯᠭ᠎ᠠ ᠶᠢ ᠴᠢᠩᠭᠠᠳᠬᠠᠵᠤ᠂ ᠢᠷᠡᠭᠡᠳᠦᠢ ᠶᠢᠨ ᠠᠵᠤ | ᠦᠢᠯᠡᠰ ᠤᠨ ᠣᠷᠣᠭᠤᠯᠤᠯᠲᠠ ᠶᠢᠨ ᠨᠡᠮᠡᠭᠳᠡᠯ ᠤᠨ ᠲᠣᠭᠲᠠᠴᠠ ᠶᠢ ᠪᠠᠶᠢᠭᠤᠯᠵᠤ᠂ ᠡᠳ᠋ ᠤᠨ ᠵᠠᠰᠠᠭ ᠭᠠᠶᠢᠯᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ | ᠣᠷᠣᠨ ᠨᠤᠲᠤᠭ ᠤᠨ ᠪᠡᠶ᠎ᠡ ᠪᠠᠨ ᠳᠠᠭᠠᠭᠠᠭᠰᠠᠨ ᠡᠳ᠋ ᠤᠨ ᠬᠦᠴᠦᠨ ᠢ ᠨᠡᠮᠡᠭᠳᠡᠭᠦᠯᠵᠦ᠂ ᠣᠷᠣᠨ ᠨᠤᠲᠤᠭ ᠤᠨ ᠭᠠᠶᠢᠯᠢ ᠶᠢᠨ ᠢᠷᠡᠯᠲᠡ ᠶᠢ ᠥᠷᠭᠡᠳᠬᠡᠬᠦ ᠵᠡᠷᠭᠡ ᠠᠷᠭ᠎ᠠ | ᠬᠡᠮᠵᠢᠶ᠎ᠡ ᠶᠢ ᠳᠤᠷᠠᠳᠴᠤ᠂ ᠥᠭᠡᠷᠡᠴᠢᠯᠡᠯᠲᠡ ᠪᠠᠷ ᠬᠥᠭᠵᠢᠯᠲᠡ ᠶᠢᠨ ᠬᠥᠳᠡᠯᠭᠡᠭᠴᠢ ᠡᠨᠧᠷᠭᠢ ᠶᠢ ᠤᠯᠠᠮ ᠨᠢᠭᠡ ᠠᠯᠬᠤᠮ ᠪᠤᠶ ᠪᠤᠯᠭᠠᠵᠤ᠂ ᠠᠵᠤ ᠠᠬᠤᠢ ᠶᠢᠨ ᠠᠮᠢᠵᠢᠷᠠᠯ ᠤᠨ | ᠬᠦᠴᠦᠨ ᠢ ᠬᠥᠭᠵᠢᠭᠡᠨ᠎ᠡ ᠭᠡᠵᠦ ᠳᠤᠷᠠᠳᠪᠠ᠃ | ᠵᠥᠪᠭᠡᠨ ᠠᠵᠤ ᠠᠬᠤᠢ ᠶᠢᠨ ᠬᠦᠷᠢᠶ᠎ᠡ᠂ ᠤᠯᠤᠰ ᠲᠦᠷᠦ᠂ ᠰᠣᠶᠣᠯ᠂ ᠨᠡᠶᠢᠭᠡᠮ᠂ ᠠᠮᠢ ᠠᠬᠤᠢ ᠶᠢᠨ ᠪᠣᠯᠪᠠᠰᠤᠨ᠂ ᠤᠯᠤᠰ ᠤᠨ ᠠᠮᠤᠷ ᠲᠦᠪᠰᠢᠨ᠂ ᠤᠯᠤᠰ ᠤᠨ ᠪᠠᠲᠤᠯᠠᠨ | ᠬᠠᠮᠠᠭᠠᠯᠠᠯᠲᠠ ᠪᠠ ᠴᠡᠷᠢᠭ ᠠᠩᠭᠢ ᠪᠠᠷ ᠵᠣᠬᠰᠣᠬᠤ ᠦᠭᠡᠢ ᠁ ︽ᠲᠣᠭᠲᠠᠭᠠᠯ︾ ᠨᠢ ᠬᠡᠷᠡᠭᠴᠡᠭᠡ ᠪᠠᠷ ᠤᠳᠤᠷᠢᠳᠤᠮᠵᠢ ᠪᠤᠯᠭᠠᠬᠤ ᠪᠠ ᠠᠰᠠᠭᠤᠳᠠᠯ ᠢᠶᠠᠷ ᠤᠳᠤᠷᠢᠳᠤᠮᠵᠢ | ᠪᠤᠯᠭᠠᠬᠤ ᠶᠢ ᠬᠠᠷᠢᠯᠴᠠᠨ ᠨᠢᠭᠡᠳᠬᠡᠬᠦ ᠶᠢ ᠪᠠᠷᠢᠮᠲᠠᠯᠠᠵᠤ᠂ ᠭᠤᠣᠯ ᠵᠥᠷᠢᠴᠡᠯ ᠢ ᠠᠳᠬᠤᠵᠤ᠂ ᠪᠠᠷᠠᠯᠠᠯᠳᠤ ᠴᠢᠨᠠᠷ᠂ ᠬᠡᠷᠡᠭᠵᠢᠭᠦᠯᠵᠦ ᠪᠣᠯᠬᠤᠶᠢᠴᠠ ᠴᠢᠨᠠᠷ ᠢ ᠴᠢᠩᠭᠠᠳᠬᠠᠵᠤ᠂ | ᠥᠭᠡᠷᠡᠴᠢᠯᠡᠯᠲᠡ ᠪᠠᠷ ᠳᠠᠮᠵᠢᠭᠤᠯᠤᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠲᠤᠯᠭᠠᠷᠠᠵᠤ ᠪᠠᠶᠢᠭ᠎ᠠ ᠡᠯ᠎ᠡ ᠲᠠᠯ᠎ᠠ ᠶᠢᠨ ᠠᠰᠠᠭᠤᠳᠠᠯ ᠪᠠ | ᠠᠶᠤᠯ ᠲᠦᠭᠰᠢᠭᠦᠷᠢ ᠥᠷᠢᠰᠦᠯᠳᠦᠭᠡᠨ ᠢ ᠪᠦᠲᠦᠮᠵᠢᠲᠡᠶ ᠠᠷᠢᠯᠭᠠᠵᠤ᠂ ᠦᠢᠯᠡᠳᠪᠦᠷᠢᠯᠡᠯ ᠤᠨ ᠬᠠᠷᠢᠴᠠᠭ᠎ᠠ ᠪᠠ ᠦᠢᠯᠡᠳᠪᠦᠷᠢᠯᠡᠯ ᠤᠨ ᠬᠦᠴᠦᠨ᠂ ᠳᠡᠭᠡᠳᠦ ᠳᠠᠪᠬᠤᠷᠭ᠎ᠠ ᠪᠠ ᠠᠵᠤ | ᠠᠬᠤᠢ ᠶᠢᠨ ᠰᠠᠭᠤᠷᠢ᠂ ᠲᠦᠷᠦ ᠶᠢᠨ ᠵᠠᠰᠠᠯᠲᠠ ᠪᠠ ᠨᠡᠶᠢᠭᠡᠮ ᠤᠨ ᠬᠥᠭᠵᠢᠯᠲᠡ ᠶᠢᠨ ᠨᠡᠩ ᠰᠠᠶᠢᠨ ᠵᠣᠬᠢᠴᠠᠯᠳᠤᠬᠤ ᠶᠢ ᠠᠬᠢᠭᠤᠯᠪᠠ᠃ | ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠵᠤ᠂ ᠠᠷᠠᠳ ᠲᠦᠮᠡᠨ ᠤ ᠪᠦᠬᠦᠯᠢ ᠴᠣᠭᠴᠠ ᠶᠢᠨ ᠠᠰᠢᠭ ᠲᠤᠰᠠ᠂ ᠦᠨᠳᠦᠰᠦᠨ ᠠᠰᠢᠭ ᠲᠤᠰᠠ᠂ ᠠᠯᠤᠰ ᠭᠡᠳᠦ ᠶᠢᠨ | ᠠᠰᠢᠭ ᠲᠤᠰᠠ ᠠᠴᠠ ᠡᠭᠦᠰᠴᠦ ᠥᠭᠡᠷᠡᠴᠢᠯᠡᠯᠲᠡ ᠶᠢ ᠤᠬᠠᠭᠠᠯᠠᠨ ᠲᠥᠯᠥᠪᠯᠡᠵᠦ ᠠᠬᠢᠭᠤᠯᠪᠠ — | ︽ᠲᠣᠭᠲᠠᠭᠠᠯ︾ ᠤᠨ ᠪᠦᠭᠦ ᠠᠭᠤᠯᠭ᠎ᠠ ᠶᠢ ᠦᠵᠡᠬᠦ ᠳᠤ᠂ ᠰᠤᠷᠤᠬᠴᠢᠳ ᠤᠨ ᠳᠠᠳᠤᠯᠭ᠎ᠠ ᠦᠢᠯᠡᠳᠦᠯᠭᠡ ᠬᠢᠬᠦ ᠡᠨᠡ ᠬᠦ ᠶᠠᠯᠢᠮ ᠦᠭᠡᠢ ᠪᠠᠭ᠎ᠠ ᠶᠠᠪᠤᠳᠠᠯ ᠢ ᠴᠤ | ᠲᠥᠪ ᠤᠨ ᠪᠢᠴᠢᠭ ᠮᠠᠲ᠋ᠧᠷᠢᠶᠠᠯ ᠳᠤ ᠪᠢᠴᠢᠵᠦ ᠣᠷᠣᠭᠤᠯᠪᠠ᠃ | ᠠᠷᠠᠳ ᠤᠯᠠᠨ ᠶᠠᠭᠤ ᠶᠢ ᠬᠠᠯᠠᠮᠵᠢᠯᠠᠵᠤ᠂ ᠶᠠᠭᠤ ᠶᠢ ᠬᠦᠰᠡᠵᠦ ᠪᠠᠶᠢᠪᠠᠯ᠂ ᠥᠭᠡᠷᠡᠴᠢᠯᠡᠯᠲᠡ ᠳᠠᠷᠤᠢ ᠶᠠᠭᠤ ᠶᠢ ᠠᠳᠬᠤᠵᠤ᠂ ᠶᠠᠭᠤ ᠶᠢ ᠠᠬᠢᠭᠤᠯᠬᠤ ᠬᠡᠷᠡᠭᠲᠡᠢ᠃ | ︽ᠲᠣᠭᠲᠠᠭᠠᠯ︾ ᠳᠤ ᠳᠤᠷᠠᠳᠤᠭᠰᠠᠨ ᠠᠯᠢ ᠤᠯᠠᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠪᠣᠯ ᠬᠥᠭᠵᠢᠯᠲᠡ ᠶᠢᠨ ᠬᠡᠷᠡᠭᠴᠡᠭᠡ᠂ ᠨᠡᠩ ᠴᠤ ᠠᠷᠠᠳ ᠤᠨ ᠰᠡᠳᠬᠢᠯ ᠤᠨ | ᠬᠠᠨᠳᠤᠰᠢ ᠪᠠᠶᠢᠵᠤ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠲᠠᠰᠤᠷᠠᠯᠳᠠ ᠦᠭᠡᠢ ᠬᠠᠩᠭᠠᠨ᠎ᠠ᠄ | ᠠᠮᠢᠳᠤᠯᠢᠭ ᠢᠶᠠᠷ ᠠᠵᠢᠯ ᠣᠯᠣᠭᠰᠠᠳ᠂ ᠬᠥᠯᠥᠰᠦᠨ ᠲᠠᠷᠢᠶᠠᠴᠢᠳ᠂ ᠰᠢᠨ᠎ᠡ ᠭᠡᠯᠪᠡᠷᠢ ᠪᠠᠶᠢᠳᠠᠯ ᠢᠶᠠᠷ ᠠᠵᠢᠯ ᠣᠯᠣᠭᠰᠠᠳ ᠤᠨ ᠨᠡᠶᠢᠭᠡᠮ ᠤᠨ ᠪᠠᠲᠤᠯᠠᠭ᠎ᠠ ᠶᠢᠨ | ᠳᠦᠷᠢᠮ ᠢ ᠪᠦᠷᠢᠨᠰᠢᠭᠦᠯᠵᠦ᠂ ᠠᠵᠢᠯ ᠣᠯᠣᠭᠰᠠᠨ ᠭᠠᠵᠠᠷ ᠲᠠᠭᠠᠨ ᠳᠠᠭᠠᠳᠬᠠᠯ ᠳᠤ ᠣᠷᠤᠯᠴᠠᠬᠤ ᠡᠷᠦᠭᠡ ᠠᠮᠠ ᠶᠢᠨ ᠬᠠᠷᠢᠶ᠎ᠠ ᠶᠢᠨ ᠬᠢᠵᠠᠭᠠᠷᠯᠠᠯ ᠢ ᠪᠦᠭᠦ ᠲᠠᠯ᠎ᠠ ᠪᠠᠷ ᠬᠦᠴᠦᠨ | ᠦᠭᠡᠢ ᠪᠤᠯᠭᠠᠵᠤ᠂ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠬᠥᠭᠵᠢᠯᠲᠡ ᠶᠢᠨ ᠰᠢᠨ᠎ᠡ ᠵᠠᠭᠪᠤᠷ ᠢ ᠲᠦᠷᠭᠡᠯᠡᠨ ᠪᠠᠶᠢᠭᠤᠯᠵᠤ᠂ ᠬᠥᠮᠥᠨ ᠠᠮᠠ ᠶᠢᠨ ᠬᠥᠭᠵᠢᠯᠲᠡ ᠶᠢ | ᠳᠡᠮᠵᠢᠬᠦ ᠪᠠ ᠦᠢᠯᠡᠴᠢᠯᠡᠬᠦ ᠰᠢᠰᠲ᠋ᠧᠮ ᠢ ᠪᠦᠷᠢᠨᠰᠢᠭᠦᠯᠵᠦ᠂ ᠬᠡᠦᠬᠡᠳ ᠠᠪᠬᠤ ᠶᠢ ᠳᠡᠮᠵᠢᠬᠦ ᠲᠥᠷᠥ ᠶᠢᠨ ᠪᠣᠳᠣᠯᠭ᠎ᠠ ᠶᠢᠨ ᠰᠢᠰᠲ᠋ᠧᠮ ᠪᠠ ᠤᠷᠮᠠᠰᠢᠭᠤᠯᠬᠤ ᠲᠣᠭᠲᠠᠴᠠ ᠶᠢ | ᠲᠡᠭᠦᠯᠳᠡᠷᠵᠢᠭᠦᠯᠵᠦ᠂ ᠰᠠᠶᠢᠨ ᠳᠤᠷ᠎ᠠ ᠶᠢᠨ᠂ ᠠᠮᠢᠳᠤᠯᠢᠭ ᠪᠠᠶᠢᠯᠭᠠᠬᠤ ᠵᠠᠷᠴᠢᠮ ᠶᠣᠰᠣᠭᠠᠷ ᠬᠠᠤᠯᠢ ᠪᠠᠷ ᠲᠣᠭᠲᠠᠭᠠᠭᠰᠠᠨ ᠠᠵᠢᠯ ᠠᠴᠠ ᠪᠠᠨ ᠪᠠᠭᠤᠵᠤ ᠠᠮᠠᠷᠠᠬᠤ ᠨᠠᠰᠤ ᠶᠢ | ᠠᠭᠠᠵᠢᠮ ᠢᠶᠠᠷ ᠱᠠᠲᠤᠯᠠᠨ ᠬᠤᠶᠢᠰᠢᠯᠠᠭᠤᠯᠬᠤ ᠥᠭᠡᠷᠡᠴᠢᠯᠡᠯᠲᠡ ᠶᠢ ᠯᠠᠪᠳᠠᠭᠤᠨ ᠪᠥᠭᠡᠳ ᠡᠮᠬᠢ ᠵᠢᠷᠤᠮ ᠲᠠᠢ ᠪᠠᠷ ᠠᠬᠢᠭᠤᠯᠤᠨ᠎ᠠ ᠁ | ᠠᠷᠠᠳ ᠲᠦᠮᠡᠨ ᠢᠶᠠᠷ ᠭᠤᠣᠯ ᠪᠤᠯᠭᠠᠬᠤ ᠬᠥᠭᠵᠢᠯᠲᠡ ᠶᠢᠨ ᠦᠵᠡᠯ ᠰᠠᠨᠠᠭ᠎ᠠ ᠨᠢ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ | ᠳᠤᠮᠳᠠ ᠨᠡᠩ ᠭᠡᠷᠡᠯ ᠭᠢᠯᠪᠠᠭ᠎ᠠ ᠪᠠᠨ ᠰᠠᠴᠤᠷᠠᠭᠤᠯᠤᠨ᠎ᠠ᠃ | ᠰᠢᠰᠲ᠋ᠧᠮᠵᠢᠨ ᠬᠤᠷᠠᠬᠤ ᠶᠢ ᠴᠢᠬᠤᠯᠠᠴᠢᠯᠠᠵᠤ᠂ ᠡᠯ᠎ᠡ ᠲᠠᠯ᠎ᠠ ᠶᠢᠨ ᠥᠭᠡᠷᠡᠴᠢᠯᠡᠯᠲᠡ ᠬᠠᠷᠢᠯᠴᠠᠨ ᠬᠠᠮᠵᠢᠯᠴᠠᠵᠤ᠂ ᠬᠠᠮᠵᠢᠯᠴᠠᠨ ᠥᠨᠳᠥᠷ ᠪᠦᠲᠦᠮᠵᠢᠲᠡᠶ ᠪᠣᠯᠪᠠ — | ᠮᠡᠷᠭᠡᠨ ᠪᠣᠳᠣᠯᠭᠠᠲᠠᠳ ᠪᠠᠶᠢᠳᠠᠯ ᠢ ᠰᠦᠪᠡᠭᠴᠢᠯᠡᠵᠦ᠂ ᠮᠡᠷᠭᠡᠨ ᠪᠣᠳᠣᠯᠭᠠᠲᠠᠳ ᠠᠯᠤᠰ ᠢ ᠵᠣᠷᠢᠨ᠎ᠠ᠃ ᠨᠠᠮ ᠪᠣᠯᠣᠨ ᠤᠯᠤᠰ ᠤᠨ ᠠᠵᠢᠯ ᠦᠢᠯᠡᠰ ᠤᠨ ᠬᠥᠭᠵᠢᠯᠲᠡ ᠳᠤ | ᠪᠦᠭᠦ ᠲᠠᠯ᠎ᠠ ᠶᠢᠨ ᠴᠢᠨᠠᠷᠲᠠᠢ ᠪᠠ ᠠᠯᠤᠰ ᠭᠡᠲᠦ ᠶᠢᠨ ᠴᠢᠨᠠᠷᠲᠠᠢ ᠵᠢᠯᠤᠭᠤᠳᠬᠤ ᠦᠢᠯᠡᠳᠦᠯ ᠲᠠᠢ ᠤᠯᠤᠰ ᠲᠥᠷᠥ ᠶᠢᠨ ᠪᠢᠴᠢᠭ ᠮᠠᠲ᠋ᠧᠷᠢᠶᠠᠯ ᠪᠣᠯᠤᠭᠰᠠᠨ ᠤ ᠬᠤᠪᠢ ᠳᠤ᠂ | ︽ᠲᠣᠭᠲᠠᠭᠠᠯ︾ ᠳᠤ ᠨᠠᠮ ᠪᠣᠯᠣᠨ ᠤᠯᠤᠰ ᠤᠨ ᠠᠵᠢᠯ ᠤᠨ ᠶᠡᠭᠡ ᠲᠠᠯ᠎ᠠ ᠠᠴᠠ ᠡᠭᠦᠰᠴᠦ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠳᠤᠷᠠᠳᠴᠤ᠂ ᠰᠠᠭᠤᠷᠢ ᠴᠢᠨᠠᠷᠲᠠᠢ ᠪᠠ | ᠬᠥᠲᠥᠯᠥᠮᠵᠢ ᠶᠢᠨ ᠦᠢᠯᠡᠳᠦᠯ ᠲᠠᠢ ᠴᠢᠬᠤᠯᠠ ᠶᠡᠭᠡ ᠠᠷᠭ᠎ᠠ ᠬᠡᠮᠵᠢᠶ᠎ᠡ ᠶᠢ ᠲᠥᠯᠥᠪᠵᠢᠭᠦᠯᠵᠦ᠂ ᠡᠯ᠎ᠡ ᠵᠦᠢᠯ ᠤᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠵᠣᠬᠢᠴᠠᠭᠤᠯᠤᠨ | ᠲᠥᠭᠦᠷᠵᠢᠭᠦᠯᠭᠦ ᠶᠢ ᠴᠢᠩᠭᠠᠳᠬᠠᠵᠤ᠂ ᠬᠤᠯᠪᠣᠭᠳᠠᠯ ᠪᠦᠬᠦᠢ ᠬᠦᠷᠢᠶᠡᠨ ᠤ ᠣᠶᠢᠷᠠᠯᠴᠠᠭ᠎ᠠ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠡᠮᠬᠢᠯᠡᠨ ᠨᠡᠶᠢᠯᠡᠭᠦᠯᠬᠦ ᠶᠢ | ᠴᠢᠩᠭᠠᠳᠬᠠᠪᠠ᠃ | ︽ᠲᠣᠭᠲᠠᠭᠠᠯ︾ ᠤᠨ ᠨᠢᠭᠡᠨ ᠢᠯᠡ ᠲᠣᠳᠣ ᠣᠨᠴᠠᠯᠢᠭ ᠪᠣᠯ ᠳᠠᠷᠤᠢ ᠰᠢᠰᠲ᠋ᠧᠮᠵᠢᠭᠦᠯᠦᠨ ᠬᠤᠷᠠᠭᠤᠯᠬᠤ ᠶᠢ ᠨᠡᠩ ᠢᠯᠡᠭᠦᠦ ᠴᠢᠬᠤᠯᠠᠴᠢᠯᠠᠵᠤ᠂ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠬᠠᠷᠠᠯᠲᠠ ᠡᠭᠦᠷᠭᠡ ᠪᠠ ᠴᠢᠬᠤᠯᠠ ᠶᠡᠭᠡ ᠠᠰᠠᠭᠤᠳᠠᠯ ᠢᠶᠠᠷ ᠤᠳᠤᠷᠢᠳᠤᠮᠵᠢ ᠪᠤᠯᠭᠠᠵᠤ᠂︽ᠲᠠᠪᠤ ᠶᠢ ᠨᠢᠭᠡ ᠴᠣᠭᠴᠠᠵᠢᠭᠤᠯᠬᠤ︾ | ᠶᠡᠷᠦᠩᠬᠡᠢ ᠪᠠᠶᠢᠷᠢᠯᠠᠭᠤᠯᠤᠯᠲᠠ ᠶᠢ ᠨᠢᠭᠡᠳᠦᠯᠲᠡᠢ ᠲᠥᠯᠥᠪᠯᠡᠨ ᠠᠬᠢᠭᠤᠯᠬᠤ᠂ ︽ᠲᠦᠷᠪᠡᠨ ᠪᠦᠭᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ | ᠵᠣᠬᠢᠴᠠᠭᠤᠯᠤᠨ ᠠᠬᠢᠭᠤᠯᠬᠤ ᠪᠣᠷᠣ ᠲᠥᠯᠥᠪ ᠤᠨ ᠳᠣᠣᠷ᠎ᠠ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠶᠢ ᠤᠬᠠᠭᠠᠯᠠᠨ ᠲᠥᠯᠥᠪᠯᠡᠵᠦ᠂ | ᠥᠭᠡᠷᠡᠴᠢᠯᠡᠯᠲᠡ ᠶᠢᠨ ᠪᠦᠬᠦᠯᠢ ᠴᠣᠭᠴᠠ ᠶᠢᠨ ᠲᠥᠯᠦᠪᠵᠢᠭᠦᠯᠭᠡ᠂ ᠰᠢᠰᠲ᠋ᠧᠮ ᠤᠨ ᠪᠠᠶᠢᠷᠢᠯᠠᠭᠤᠯᠤᠯᠲᠠ ᠶᠢ ᠴᠢᠩᠭᠠᠳᠬᠠᠵᠤ᠂ ᠥᠭᠡᠷᠡᠴᠢᠯᠡᠯᠲᠡ ᠶᠢᠨ ᠨᠡᠩ ᠢᠯᠡᠭᠦᠦ ᠤᠶᠤᠨ | ᠤᠬᠠᠭᠠᠨ ᠬᠦᠴᠦᠨ ᠴᠢᠳᠠᠯ ᠢᠶᠠᠨ ᠨᠢᠭᠲᠠᠷᠠᠭᠤᠯᠵᠤ᠂ ᠬᠠᠮᠵᠢᠯᠴᠠᠨ ᠥᠨᠳᠥᠷ ᠪᠦᠲᠦᠮᠵᠢᠲᠡᠢ ᠪᠤᠯᠬᠤ ᠶᠢ ᠦᠨᠡᠨ ᠬᠦ ᠪᠠᠲᠤᠯᠠᠬᠤ ᠶᠠᠪᠤᠳᠠᠯ ᠪᠣᠯᠣᠨ᠎ᠠ᠃ | ︽ᠪᠦᠭᠦ ᠲᠠᠯ᠎ᠠ ᠪᠠᠷ ᠰᠢᠨ᠎ᠡ ᠶᠢ ᠡᠭᠦᠳᠬᠦ ᠶᠢ ᠳᠡᠮᠵᠢᠬᠦ ᠪᠠᠶᠢᠭᠤᠯᠤᠯ ᠲᠣᠭᠲᠠᠴᠠ ᠶᠢ ᠪᠠᠶᠢᠭᠤᠯᠬᠤ︾ ᠪᠠᠷ ᠵᠢᠱᠢᠶᠡᠯᠡᠪᠡᠯ᠂ ︽ᠲᠣᠭᠲᠠᠭᠠᠯ︾ ᠨᠢ ᠰᠤᠷᠭᠠᠨ ᠬᠥᠮᠦᠵᠢᠯ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠤ ᠪᠠᠶᠢᠭᠤᠯᠤᠯ ᠲᠣᠭᠲᠠᠴᠠ ᠶᠢ ᠨᠢᠭᠡ ᠴᠣᠭᠴᠠᠵᠢᠭᠤᠯᠬᠤ ᠥᠭᠡᠷᠡᠴᠢᠯᠡᠯᠲᠡ ᠶᠢ ᠨᠢᠭᠡᠳᠦᠯᠲᠡᠢ ᠲᠥᠯᠥᠪᠯᠡᠨ | ᠠᠬᠢᠭᠤᠯᠵᠤ᠂ ᠡᠯ᠎ᠡ ᠬᠦᠷᠢᠶ᠎ᠡ ᠡᠯ᠎ᠡ ᠬᠡᠰᠡᠭ ᠤᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢᠨ ᠠᠳᠠᠯᠢ ᠴᠢᠭᠯᠡᠯ ᠢᠶᠠᠷ ᠬᠦᠴᠦᠯᠡᠬᠦ ᠶᠢ ᠠᠬᠢᠭᠤᠯᠵᠤ᠂ ᠬᠠᠮᠲᠤᠷᠠᠯ ᠬᠦᠴᠦᠨ ᠢ | ᠪᠦᠷᠢᠯᠳᠦᠭᠦᠯᠵᠦ᠂ ᠤᠯᠤᠰ ᠤᠨ ᠰᠢᠨ᠎ᠡ ᠶᠢ ᠡᠭᠦᠳᠬᠦ ᠰᠢᠰᠲ᠋ᠧᠮ ᠤᠨ ᠪᠦᠬᠦᠯᠢ ᠴᠣᠭᠴᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ | ᠤᠯᠤᠰ ᠲᠥᠷᠥ ᠶᠢᠨ ᠪᠠᠲᠤᠯᠠᠭ᠎ᠠ ᠶᠢ ᠴᠢᠩᠭᠠᠳᠬᠠᠵᠤ᠂ ᠨᠠᠮ ᠤᠨ ᠥᠪᠡᠷ ᠤᠨ ᠪᠡᠶ᠎ᠡ ᠶᠢᠨ ᠬᠤᠪᠢᠰᠬᠠᠯ ᠢᠶᠠᠷ ᠠᠭᠤᠤ ᠶᠡᠭᠡ ᠨᠡᠶᠢᠭᠡᠮ ᠤᠨ ᠬᠤᠪᠢᠰᠬᠠᠯ ᠢ ᠬᠥᠲᠥᠯᠥᠨ | ᠳᠠᠭᠠᠭᠤᠯᠤᠨ᠎ᠠ — | ᠳᠤᠮᠳᠠᠳᠤ ᠤᠯᠤᠰ ᠤᠨ ᠤᠴᠢᠷ ᠶᠠᠪᠤᠳᠠᠯ ᠢ ᠰᠠᠶᠢᠲᠤᠷ ᠬᠢᠬᠦ ᠶᠢᠨ ᠵᠠᠩᠭᠢᠯᠠᠭ᠎ᠠ ᠨᠢ ᠨᠠᠮ ᠳᠤ ᠪᠤᠢ᠃ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ | ᠭᠦᠨᠵᠡᠭᠡᠶᠢᠷᠡᠭᠦᠯᠦᠨ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠲᠦᠯᠬᠢᠨ ᠠᠬᠢᠭᠤᠯᠬᠤ ᠳᠤ ᠡᠷᠬᠡᠪᠰᠢ ᠨᠠᠮ ᠤᠨ ᠤᠳᠤᠷᠢᠳᠬᠤ ᠬᠢᠷᠢ ᠬᠡᠮᠵᠢᠶ᠎ᠡ ᠶᠢ | ᠲᠠᠰᠤᠷᠠᠯᠳᠠ ᠦᠭᠡᠢ ᠳᠡᠭᠡᠭᠰᠢᠯᠡᠭᠦᠯᠵᠦ᠂ ᠨᠠᠮ ᠤᠨ ᠪᠠᠶᠢᠭᠤᠯᠤᠯᠲᠠ ᠶᠢ ᠦᠨᠡᠨ ᠬᠦ ᠴᠢᠩᠭᠠᠳᠬᠠᠨ ᠰᠠᠶᠢᠵᠢᠷᠠᠭᠤᠯᠬᠤ ᠬᠡᠷᠡᠭᠲᠡᠢ᠃ | ︽ᠲᠣᠭᠲᠠᠭᠠᠯ︾ ᠳᠤ ᠲᠤᠰᠬᠠᠶᠢᠯᠠᠨ ᠨᠢᠭᠡ ᠬᠡᠰᠡᠭ ᠢᠶᠠᠷ ᠨᠠᠮ ᠤᠨ ᠤᠳᠤᠷᠢᠳᠤᠯᠭ᠎ᠠ ᠪᠠ ᠨᠠᠮ ᠤᠨ ᠪᠠᠶᠢᠭᠤᠯᠤᠯᠲᠠ ᠶᠢᠨ ᠳᠦᠷᠢᠮ ᠤᠨ ᠥᠭᠡᠷᠡᠴᠢᠯᠡᠯᠲᠡ ᠶᠢ | ᠪᠠᠶᠢᠷᠢᠯᠠᠭᠤᠯᠵᠤ ᠂ ᠨᠠᠮ ᠤᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠬᠤ ᠶᠢ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠶᠢᠨ | ᠤᠯᠤᠰ ᠲᠦᠷᠦ ᠶᠢᠨ ᠵᠢᠯᠣᠭᠤᠳᠤᠯᠭ᠎ᠠ ᠪᠠ ᠤᠯᠤᠰ ᠲᠦᠷᠦ ᠶᠢᠨ ᠪᠠᠲᠤᠯᠠᠭ᠎ᠠ ᠪᠤᠯᠭᠠᠬᠰᠠᠨ ᠪᠥᠭᠡᠳ ᠪᠠᠰᠠ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠰᠢᠨ᠎ᠡ | ᠠᠭᠤᠤ ᠶᠡᠭᠡ ᠢᠨᠵᠧᠨᠧᠷᠢᠩ ᠢ ᠦᠷᠭᠦᠯᠵᠢᠯᠡᠨ ᠠᠬᠢᠭᠤᠯᠪᠠ᠃ | ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠭᠡᠯᠪᠡᠷᠢ | ᠶᠢᠨ ᠦᠵᠡᠯ᠂ ᠨᠣᠶᠠᠨᠴᠢ ᠰᠤᠷᠲᠠᠯ ᠢ ᠰᠡᠷᠭᠡᠶᠢᠯᠡᠨ ᠵᠠᠰᠠᠬᠤ ᠳᠦᠷᠢᠮ ᠲᠣᠭᠲᠠᠴᠠ ᠶᠢ ᠪᠦᠷᠢᠨᠰᠢᠭᠦᠯᠵᠦ᠂ ᠲᠥᠪ ᠪᠤᠰᠤ ᠰᠤᠷᠲᠠᠯ ᠪᠣᠯᠣᠨ ᠢᠯᠵᠢᠷᠡᠯ ᠤᠨ ᠠᠰᠠᠭᠤᠳᠠᠯ ᠢ | ᠬᠠᠮᠲᠤ ᠪᠠᠷ ᠪᠠᠶᠢᠴᠠᠭᠠᠵᠤ ᠬᠠᠮᠲᠤ ᠪᠠᠷ ᠵᠠᠰᠠᠬᠤ ᠲᠣᠭᠲᠠᠴᠠ ᠶᠢ ᠪᠦᠷᠢᠨᠰᠢᠭᠦᠯᠵᠦ᠂ ᠰᠢᠨ᠎ᠡ ᠭᠡᠯᠪᠡᠷᠢ ᠶᠢᠨ ᠢᠯᠵᠢᠷᠡᠯ ᠪᠣᠯᠣᠨ ᠲᠠᠯᠳᠠ ᠢᠯᠵᠢᠷᠡᠯ ᠢ ᠰᠡᠷᠭᠡᠶᠢᠯᠡᠨ ᠵᠠᠰᠠᠬᠤ | ᠪᠦᠲᠦᠮᠵᠢᠲᠡᠢ ᠠᠷᠭ᠎ᠠ ᠶᠢ ᠪᠠᠶᠠᠯᠢᠭᠵᠢᠭᠤᠯᠤᠨ᠎ᠠ ᠁ ᠠᠯᠢ ᠤᠯᠠᠨ ᠴᠢᠬᠤᠯᠠ ᠶᠡᠭᠡ ᠠᠷᠭ᠎ᠠ ᠬᠡᠮᠵᠢᠶ᠎ᠡ ᠨᠢ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠴᠥᠬᠦᠷᠡᠰᠢ | ᠦᠭᠡᠢ ᠠᠬᠢᠭᠤᠯᠬᠤ ᠡᠷᠡᠰ ᠪᠠᠲᠤ ᠪᠠ ᠰᠡᠷᠭᠡᠭ ᠴᠢᠨᠠᠷ ᠢ ᠭᠦᠢᠴᠡᠳ ᠢᠯᠡᠷᠡᠭᠦᠯᠪᠡ᠃ | ᠥᠭᠡᠷᠡᠴᠢᠯᠡᠯᠲᠡ ᠶᠢᠨ ᠬᠠᠯᠠᠭᠤᠨ ᠥᠷᠨᠢᠯᠲᠡ ᠭᠠᠷᠴᠤ᠂ ᠬᠡᠩᠭᠡᠷᠭᠡ ᠳᠡᠯᠡᠳᠦᠨ ᠭᠠᠪᠰᠢᠭᠠᠶᠢᠯᠠᠨ ᠮᠣᠷᠳᠠᠪᠠ᠃ ᠭᠡᠲᠡᠯ᠎ᠡ᠂ ᠬᠡᠷᠪᠡ ᠰᠡᠳᠬᠢᠯ ᠰᠢᠭᠤᠳᠤᠨ | ᠨᠠᠶᠢᠳᠠᠪᠤᠷᠢᠵᠢᠭᠤᠯᠤᠯᠲᠠ ᠶᠢ ᠠᠳᠬᠤᠬᠤ ᠦᠭᠡᠢ ᠪᠣᠯ ᠬᠡᠳᠦᠢ ᠰᠠᠶᠢᠨ ᠬᠠᠷᠠᠯᠲᠠ᠂ ᠬᠡᠳᠦᠢ ᠰᠠᠶᠢᠨ ᠵᠢᠷᠤᠭ ᠲᠥᠰᠥᠪ ᠴᠦ ᠲᠣᠯᠢᠨ ᠳᠠᠬᠢ ᠴᠡᠴᠡᠭ᠂ ᠤᠰᠤᠨ ᠳᠠᠬᠢ ᠰᠠᠷ᠎ᠠ | ᠲᠡᠳᠦᠢ ᠯᠡ ᠪᠤᠯᠬᠤ ᠶᠤᠮ᠃ | ︽ᠲᠣᠭᠲᠠᠭᠠᠯ︾ ᠤᠨ 60 ᠵᠦᠢᠯ ᠳᠠᠬᠢ ᠬᠠᠮᠤᠭ ᠤᠨ ᠰᠡᠭᠦᠯᠴᠢ ᠶᠢᠨ ᠨᠢᠭᠡ ᠵᠦᠢᠯ ᠳᠤ︽ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠥᠭᠡᠷᠡᠴᠢᠯᠡᠯᠲᠡ ᠶᠢᠨ | ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠢ︾ ᠭᠡᠵᠦ ᠣᠨᠴᠠᠭᠠᠶᠢᠯᠠᠨ ᠴᠢᠬᠤᠯᠠᠴᠢᠯᠠᠪᠠ᠃ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠨᠢᠭᠡ ᠵᠢᠷᠤᠭ | ᠲᠥᠰᠥᠪ ᠢ ᠲᠤᠭᠤᠰᠢᠲᠠᠢ ᠵᠢᠷᠤᠭᠯᠠᠵᠤ᠂ ᠨᠢᠭᠡ ᠨᠢᠭᠡ ᠠᠯᠬᠤᠮ ᠢᠶᠠᠷ ᠠᠵᠢᠯᠯᠠᠪᠠᠯ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ | ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠲᠦᠯᠬᠢᠨ ᠠᠬᠢᠭᠤᠯᠬᠤ ᠬᠦᠴᠦᠷᠬᠡᠭ ᠶᠡᠭᠡ ᠬᠦᠴᠦᠨ ᠪᠣᠯᠭᠠᠨ | ᠬᠤᠪᠢᠷᠠᠭᠤᠯᠵᠤ ᠯᠠᠪᠲᠠᠢ ᠴᠢᠳᠠᠬᠤ ᠶᠤᠮ᠃ | ᠲᠤᠭ ᠡᠷᠭᠦᠨ ᠴᠢᠭᠯᠡᠯ ᠢ ᠲᠣᠭᠲᠠᠭᠠᠬᠤ ᠲᠤᠩᠬᠠᠭ ᠪᠢᠴᠢᠭ ᠮᠥᠨ᠂ ᠪᠠᠰᠠ ᠴᠤ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ ᠵᠠᠮ ᠤᠨ ᠵᠢᠷᠤᠭ ᠮᠥᠨ᠃ ︽ᠲᠣᠭᠲᠠᠭᠠᠯ︾ | ᠨᠢ ᠮᠠᠨ ᠤ ᠨᠠᠮ ᠤᠨ ᠣᠷᠣᠰᠢᠵᠤ ᠪᠠᠶᠢᠭ᠎ᠠ ᠴᠠᠭ ᠦᠶ᠎ᠡ ᠶᠢᠨ ᠣᠷᠴᠢᠨ ᠨᠥᠬᠦᠴᠡᠯ᠂ ᠠᠶᠤᠯ ᠲᠦᠭᠰᠢᠭᠦᠷᠢ ᠥᠷᠢᠰᠦᠯᠳᠦᠭᠡᠨ᠂ ᠪᠠᠶᠢᠯᠳᠤᠬᠤ ᠪᠣᠳᠣᠯᠭ᠎ᠠ ᠶᠢᠨ ᠴᠢᠭᠯᠡᠯ ᠤᠨ | ᠲᠤᠬᠠᠢ ᠣᠨᠣᠪᠴᠢᠲᠠᠢ ᠮᠠᠭᠠᠳᠯᠠᠯᠲᠠ ᠶᠢ ᠨᠢᠭᠲᠠᠷᠠᠭᠤᠯᠵᠤ᠂ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠴᠢᠬᠤᠯᠠ ᠶᠡᠭᠡ ᠵᠠᠷᠴᠢᠮ᠂ ᠶᠡᠷᠦᠩᠬᠡᠢ ᠬᠠᠷᠠᠯᠲᠠ᠂ ᠭᠤᠣᠯ | ᠰᠢᠪᠲᠤᠯᠬᠤ ᠴᠢᠭᠯᠡᠯ ᠤᠨ ᠲᠤᠬᠠᠢ ᠭᠦᠨᠵᠡᠭᠡᠢ ᠡᠵᠡᠮᠳᠡᠯ ᠢ ᠨᠢᠭᠲᠠᠷᠠᠭᠤᠯᠵᠤ᠂ ᠥᠭᠡᠷᠡᠴᠢᠯᠡᠯᠲᠡ ᠶᠢ ᠡᠴᠦᠰ ᠲᠤᠨᠢ ᠲᠤᠯᠲᠠᠯ᠎ᠠ ᠬᠢᠬᠦ ᠭᠦᠨᠵᠡᠭᠡᠢ ᠪᠣᠳᠣᠯᠬᠢᠯᠠᠯ ᠪᠠ ᠡᠷᠴᠢ | ᠵᠣᠷᠢᠭ ᠢ ᠨᠢᠭᠲᠠᠷᠠᠭᠤᠯᠵᠠᠢ᠃ | ᠲᠡᠦᠬᠡ ᠶᠢᠨ ᠤᠷᠭᠢᠯ ᠳᠤ ᠵᠣᠭᠰᠣᠨ ᠡᠷᠭᠢᠨ ᠬᠠᠷᠠᠬᠤᠶ᠎ᠠ᠂ ᠥᠭᠡᠷᠡᠴᠢᠯᠡᠯᠲᠡ ᠨᠡᠭᠡᠭᠡᠯᠲᠡ ᠪᠠ ᠨᠡᠶᠢᠭᠡᠮ ᠵᠢᠷᠤᠮ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ | ᠰᠢᠨ᠎ᠡ ᠴᠠᠭ ᠦᠶ᠎ᠡ ᠶᠢ ᠨᠡᠭᠡᠭᠡᠬᠦ ᠠᠴᠠ ᠰᠢᠨ᠎ᠡ ᠴᠠᠭ ᠦᠶ᠎ᠡ ᠳᠤ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ᠂ ᠥᠭᠡᠷᠡᠴᠢᠯᠡᠯᠲᠡ ᠶᠢ ᠪᠦᠭᠦ ᠲᠠᠯ᠎ᠠ ᠪᠠᠷ | ᠰᠢᠰᠲ᠋ᠧᠮ ᠲᠠᠢ ᠪᠦᠬᠦᠯᠢ ᠴᠣᠭᠴᠠ ᠪᠠᠷ ᠲᠥᠯᠥᠪᠯᠡᠨ ᠠᠬᠢᠭᠤᠯᠬᠤ ᠰᠢᠨ᠎ᠡ ᠠᠶᠠᠨ ᠢ ᠡᠬᠢᠯᠡᠭᠦᠯᠬᠦ ᠭᠦᠷᠲᠡᠯ᠎ᠡ᠂ ᠲᠠᠭᠢᠭᠠᠳ ᠥᠭᠡᠷᠡᠴᠢᠯᠡᠯᠲᠡ ᠶᠢ ᠪᠦᠭᠦ ᠲᠠᠯ᠎ᠠ ᠪᠠᠷ | ᠭᠦᠨᠵᠡᠭᠡᠶᠢᠷᠡᠭᠦᠯᠬᠦ ᠶᠢ ᠥᠷᠭᠡᠴᠡ ᠪᠠ ᠭᠦᠨᠴᠡ ᠲᠡᠶᠢᠰᠢ ᠠᠬᠢᠭᠤᠯᠬᠤ ᠭᠦᠷᠲᠡᠯ᠎ᠡ᠂ ᠭᠤᠷᠪᠠ ᠤᠳᠠᠭ᠎ᠠ ᠶᠢᠨ ︽ᠭᠤᠷᠪᠠᠳᠤᠭᠠᠷ ᠪᠦᠭᠦᠳᠠ ᠬᠤᠷᠠᠯ︾ ᠨᠢ ᠢᠮᠠᠭᠲᠠ᠂ ᠤᠳᠤᠮ | ᠤᠯᠠᠮᠵᠢᠯᠠᠯ ᠨᠢᠭᠡᠲᠡᠢ ᠶᠤᠮ᠄ | — ᠳᠤᠮᠳᠠᠳᠤ ᠤᠯᠤᠰ ᠤᠨ ᠡᠪ ᠬᠠᠮᠲᠤᠴᠤᠳ ᠤᠨ ᠤᠷᠤᠭᠰᠢᠯᠠᠯᠲᠠ ᠶᠢᠨ ᠡᠷᠴᠢ ᠵᠣᠷᠢᠭ ᠬᠤᠪᠢᠷᠠᠰᠢ ᠦᠭᠡᠢ᠃ ᠡᠯ᠎ᠡ ᠵᠦᠢᠯ ᠤᠨ ᠠᠶᠤᠯ ᠲᠦᠭᠰᠢᠭᠦᠷᠢ | ᠰᠢᠯᠭᠠᠯᠲᠠ ᠶᠢᠨ ᠡᠮᠦᠨ᠎ᠡ᠂ ᠪᠢᠳᠡ ᠵᠣᠷᠢᠭ ᠮᠣᠬᠤᠬᠤ ᠦᠭᠡᠢ᠂ ᠵᠠᠮ ᠬᠤᠪᠢᠷᠠᠬᠤ ᠦᠭᠡᠢ ᠪᠠᠶᠢᠵᠤ᠂ ᠪᠠᠷᠠᠭᠠᠨ ᠡᠭᠦᠯᠡ ᠬᠠᠷᠠᠭ᠎ᠠ ᠬᠠᠯᠬᠠᠯᠠᠬᠤ ᠠᠴᠠ ᠠᠶᠤᠬᠤ ᠦᠭᠡᠢ ᠪᠠᠶᠢᠵᠤ᠂ | ᠳᠤᠮᠳᠠᠳᠤ ᠤᠯᠤᠰ ᠤᠨ ᠬᠥᠭᠵᠢᠯᠲᠡ ᠲᠠᠪᠰᠢᠯᠳᠠ ᠶᠢᠨ ᠬᠤᠪᠢ ᠵᠠᠶᠠᠭ᠎ᠠ ᠶᠢ ᠥᠪᠡᠷ ᠤᠨ ᠭᠠᠷ ᠲᠠᠭᠠᠨ ᠪᠠᠲᠤ ᠡᠵᠡᠮᠳᠡᠨ᠎ᠡ᠃ | — ᠦᠨᠡᠨ ᠠᠴᠠ ᠵᠥᠪ ᠢ ᠡᠷᠢᠬᠦ ᠶᠢ ᠢᠮᠠᠭᠲᠠ ᠪᠠᠷᠢᠮᠲᠠᠯᠠᠵᠤ᠂ ᠬᠠᠷᠠᠯᠲᠠ ᠪᠠᠲᠤ ᠴᠢᠩᠭ᠎ᠠ ᠲᠦᠷᠭᠡᠨ ᠪᠥᠭᠡᠳ ᠯᠠᠪᠳᠠᠭᠤᠨ ᠢᠶᠠᠷ ᠤᠷᠤᠭᠰᠢᠯᠠᠨ᠎ᠠ᠃ | ᠥᠭᠡᠷᠡᠴᠢᠯᠡᠯᠲᠡ ᠶᠢᠨ ᠠᠬᠢᠴᠠ ᠳᠤ ᠨᠢᠭᠡᠨᠲᠡ ᠭᠠᠷᠤᠭᠰᠠᠨ ᠪᠠ ᠭᠠᠷᠴᠤ ᠮᠡᠳᠡᠬᠦ ᠠᠰᠠᠭᠤᠳᠠᠯ ᠢ ︽ᠶᠠᠭᠠᠷᠠᠤ ᠰᠠᠨᠳᠤᠷᠤᠤ︾᠂ ︽ᠬᠡᠢ ᠬᠤᠭᠤᠰᠤᠨ ᠠᠮᠠᠯᠠᠯᠲᠠ︾ ᠬᠢᠬᠦ ᠦᠭᠡᠢ᠂ | ᠬᠠᠷᠢᠨ ᠬᠦᠴᠢᠷ ᠪᠡᠷᠬᠡᠰᠢᠶᠡᠯ ᠢ ᠨᠢᠭᠡᠳ ᠨᠢᠭᠡ ᠪᠠᠷ ᠢᠯᠠᠨ ᠳᠠᠪᠠᠵᠤ᠂ ᠠᠰᠠᠭᠤᠳᠠᠯ ᠢ ᠨᠢᠭᠡᠳ ᠨᠢᠭᠡ ᠪᠠᠷ ᠰᠢᠢᠳᠪᠦᠷᠢᠯᠡᠵᠦ᠂ ᠵᠣᠷᠢᠭᠲᠠᠢ ᠪᠠᠷ ᠠᠷᠭ᠎ᠠ ᠭᠠᠷᠭᠠᠬᠤ ᠪᠥᠭᠡᠳ ᠪᠠᠰᠠ | ᠴᠢᠳᠠᠮᠠᠭᠠᠢ ᠪᠠᠷ ᠠᠷᠭᠠᠴᠠᠭᠠᠨ᠎ᠠ᠃ | — ᠠᠷᠠᠳ ᠣᠯᠠᠨ ᠤ ᠶᠠᠪᠤᠳᠠᠯ ᠢ ᠬᠡᠵᠢᠶᠡᠳᠡ ᠬᠠᠮᠤᠭ ᠤᠨ ᠴᠢᠬᠤᠯᠠ ᠶᠠᠪᠤᠳᠠᠯ ᠪᠣᠯᠭᠠᠨ᠎ᠠ᠃ ᠠᠯᠢᠪᠠ ᠪᠦᠭᠦᠨ ᠠᠷᠠᠳ ᠲᠦᠮᠡᠨ ᠤ ᠲᠥᠯᠥᠭᠡ ᠪᠠᠶᠢᠬᠤ ᠶᠢ | ᠪᠠᠷᠢᠮᠲᠠᠯᠠᠵᠤ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠪᠠᠷ ᠡᠭᠦᠰᠦᠯᠲᠡ ᠪᠠ ᠦᠷ᠎ᠡ ᠳ᠋ᠦᠩ | ᠪᠤᠯᠭᠠᠵᠤ᠂ ᠠᠷᠠᠳ ᠲᠦᠮᠡᠨ ᠢᠶᠠᠷ ᠭᠤᠣᠯ ᠪᠤᠯᠭᠠᠬᠤ ᠶᠢ ᠥᠭᠡᠷᠡᠴᠢᠯᠡᠯᠲᠡ ᠶᠢ ᠠᠬᠢᠭᠤᠯᠬᠤ᠂ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠰᠢᠯᠭᠠᠬᠤ ᠯᠣᠭᠢᠭ ᠤᠨ ᠭᠠᠷᠤᠭ᠎ᠠ ᠪᠠ | ᠦᠷᠳᠡᠭ ᠤᠨ ᠲᠦᠰᠢᠭ ᠪᠤᠯᠭᠠᠬᠤ ᠶᠢ ᠪᠠᠷᠢᠮᠲᠠᠯᠠᠨ᠎ᠠ᠃ | — ᠪᠠᠲᠤ ᠴᠢᠩᠭ᠎ᠠ ᠤᠳᠤᠷᠢᠳᠬᠤ ᠭᠤᠣᠯᠯᠠᠭᠴᠢ ᠶᠢ ᠳᠠᠪᠲᠠᠨ ᠪᠣᠯᠪᠠᠰᠤᠷᠠᠭᠤᠯᠤᠨ᠎ᠠ᠃ ᠨᠠᠮ ᠤᠨ ᠥᠪᠡᠷ ᠤᠨ ᠪᠡᠶ᠎ᠡ ᠶᠢᠨ ᠬᠤᠪᠢᠰᠬᠠᠯ ᠢᠶᠠᠷ ᠨᠡᠶᠢᠭᠡᠮ ᠤᠨ | ᠬᠤᠪᠢᠰᠬᠠᠯ ᠢ ᠬᠥᠲᠥᠯᠥᠨ ᠳᠠᠭᠠᠭᠤᠯᠬᠤ ᠳᠡᠭᠡᠳᠦ ᠬᠡᠮᠵᠢᠶᠡᠨ ᠤ ᠤᠬᠠᠮᠰᠠᠷ ᠢ ᠢᠮᠠᠭᠲᠠ ᠪᠠᠷᠢᠮᠲᠠᠯᠠᠵᠤ᠂ ᠥᠭᠡᠷᠡᠴᠢᠯᠡᠯᠲᠡ ᠶᠢᠨ ᠵᠣᠷᠢᠭ ᠰᠠᠨᠠᠭ᠎ᠠ ᠪᠣᠯᠣᠨ ᠴᠢᠩᠭ᠎ᠠ | ᠪᠠᠷᠢᠮᠵᠢᠶ᠎ᠠ ᠪᠠᠷ ᠨᠠᠮ ᠢ ᠬᠠᠮᠢᠶᠠᠷᠴᠤ ᠨᠠᠮ ᠢ ᠵᠠᠰᠠᠬᠤ ᠶᠢ ᠪᠠᠷᠢᠮᠲᠠᠯᠠᠵᠤ᠂ ᠮᠠᠨ ᠤ ᠨᠠᠮ ᠤᠨ ᠲᠠᠰᠤᠷᠠᠯᠳᠠ ᠦᠭᠡᠢ ᠢᠯᠠᠯᠲᠠ ᠠᠴᠠ ᠰᠢᠨ᠎ᠡ ᠢᠯᠠᠯᠲᠠ ᠲᠡᠶᠢᠰᠢ ᠤᠷᠤᠭᠰᠢᠯᠠᠬᠤ ᠶᠢ | ᠦᠨᠡᠨ ᠬᠦ ᠪᠠᠲᠤᠯᠠᠬᠤ ᠬᠡᠷᠡᠭᠲᠡᠢ᠃ | ᠥᠨᠳᠥᠷ ᠤᠷᠭᠢᠯ ᠳᠤᠷ ᠳᠠᠬᠢᠨᠲᠠ ᠠᠪᠠᠷᠢᠨ ᠰᠢᠨ᠎ᠡ ᠣᠷᠴᠢᠯᠠᠩ ᠢ ᠨᠡᠭᠡᠭᠡᠵᠦ᠂ ᠵᠣᠷᠢᠭᠲᠠᠢ ᠪᠠᠷ ᠳᠠᠷᠪᠠᠭᠤᠯ ᠬᠡᠶᠢᠰᠬᠡᠨ ᠤᠷᠤᠰᠬᠠᠯ ᠤᠨ ᠡᠮᠦᠨ᠎ᠡ ᠵᠣᠭᠰᠣᠪᠠ᠃ | ᠪᠦᠭᠦ ᠨᠠᠮ ᠪᠦᠭᠦ ᠴᠡᠷᠢᠭ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ | ᠬᠤᠷᠢᠶᠠᠨ ᠤ ᠲᠣᠭᠤᠷᠢᠨ ᠳᠤ ᠨᠡᠩ ᠢᠯᠡᠭᠦᠦ ᠨᠢᠭᠲᠠᠷᠠᠨ ᠪᠦᠯᠬᠦᠮᠳᠡᠵᠦ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ | ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠲᠣᠭᠲᠠᠭᠠᠯ︾ ᠤᠨ ︽ᠤᠳᠬᠠᠴᠢᠯᠠᠭᠰᠠᠨ ᠵᠢᠷᠤᠭ︾ ᠢ ᠲᠠᠰᠤᠷᠠᠯᠳᠠ ᠦᠭᠡᠢ ︽ᠭᠤᠶᠢᠳᠠ | ᠵᠢᠷᠤᠭ︾᠂ ︽ᠪᠠᠷᠢᠯᠭ᠎ᠠ ᠶᠢᠨ ᠵᠢᠷᠤᠭ︾ ᠪᠣᠯᠭᠠᠨ ᠬᠤᠪᠢᠷᠠᠭᠤᠯᠪᠠᠯ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠶᠠᠪᠤᠳᠠᠯ ᠯᠠᠪᠲᠠᠢ | ᠲᠦᠷᠭᠡᠨ ᠪᠥᠭᠡᠳ ᠯᠠᠪᠳᠠᠭᠤᠨ ᠢᠶᠠᠷ ᠠᠬᠢᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠯᠠᠪᠲᠠᠢ ᠲᠣᠮᠣ ᠠᠯᠬᠤᠮ ᠢᠶᠠᠷ ᠠᠬᠢᠵᠤ᠂ ᠳᠤᠮᠳᠠᠳᠤ ᠶᠢᠨ | ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠯᠠᠪᠲᠠᠢ ᠨᠡᠩ ᠭᠡᠭᠡᠨ ᠰᠠᠷᠠᠭᠤᠯ ᠠᠯᠤᠰ ᠢᠷᠡᠭᠡᠳᠦᠢ ᠲᠠᠢ ᠪᠤᠯᠬᠤ ᠶᠤᠮ︕ | |