ᠥᠪᠥᠷ ᠮᠣᠩᠭᠤᠯ ᠤᠨ ᠴᠢᠤᠸᠠᠨ ᠰᠢᠩ ᠤᠳᠬ᠎ᠠ ᠤᠷᠠᠯᠢᠭ ᠤᠨ ᠳᠠᠮᠵᠢᠭᠤᠯᠭ᠎ᠠ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠷᠠᠳᠢᠣ᠋ ᠲᠧᠯᠸᠢᠰ ᠤᠨ ᠫᠷᠤᠭ᠍ᠷᠠᠮ ᠦᠢᠯᠡᠳᠴᠦ ᠡᠵᠡᠩᠨᠡᠬᠦ ᠲᠤᠬᠠᠶᠢᠯᠠᠭᠰᠠᠨ ᠠᠵᠢᠯ ᠥᠷᠨᠢᠭᠦᠯᠬᠦ ᠶᠢ ᠵᠥᠪᠰᠢᠶᠡᠷᠡᠬᠦ ᠲᠤᠬᠠᠶ ᠴᠣᠬᠤᠯᠠᠪᠤᠷᠢ
ᠨᠡᠶᠢᠲᠡᠯᠡᠭᠰᠡᠨ ᠴᠠᠭ᠄
2024/7/25
ᠥᠪᠥᠷ ᠣᠩᠭᠤᠯ ᠤᠨ ᠴᠢᠤᠸᠠᠨ ᠰᠢᠩ ᠤᠳᠬ᠎ᠠ ᠤᠷᠠᠯᠢᠭ ᠤᠨ ᠳᠠᠮᠵᠢᠭᠤᠯᠭ᠎ᠠ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ᠄  ᠲᠠᠨ ᠤ ᠺᠣᠮᠫᠠᠨᠢ ᠶᠢᠨ ᠷᠠᠳᠢᠣ᠋ ᠲᠧᠯᠸᠢᠰ ᠤᠨ ᠫᠷᠤᠭ᠍ᠷᠠᠮ ᠦᠢᠯᠡᠳᠴᠦ ᠡᠵᠡᠩᠨᠡᠬᠦ ᠲᠤᠬᠠᠶᠢᠯᠠᠭᠰᠠᠨ ᠠᠵᠢᠯ ᠦᠷᠨᠢᠭᠦᠯᠬᠦ ᠶᠢ ᠭᠤᠶᠤᠴᠢᠯᠠᠬᠤ ᠮᠠᠲ᠋ᠧᠷᠢᠶᠠᠯ ᠢ ᠲᠤᠰᠤᠯ᠎ᠠ᠃ ᠰᠤᠳᠤᠯᠤᠯᠲᠠ ᠪᠠᠷ ᠳᠠᠮᠵᠢᠭᠠᠳ᠂ ᠡᠳᠦᠭᠡ ᠳᠣᠤᠷᠠᠬᠢ ᠮᠡᠲᠦ ᠴᠤᠬᠤᠯᠠᠪᠤᠷᠢᠯᠠᠪᠠ᠃  ᠨᠢᠭᠡ᠂ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ ︽ᠷᠠᠳᠢᠣ᠋ ᠲᠧᠯᠸᠢᠰ ᠤᠨ ᠫᠷᠤᠭ᠍ᠷᠠᠮ ᠦᠢᠯᠡᠳᠴᠦ ᠡᠵᠡᠩᠨᠡᠬᠦ ᠬᠠᠮᠢᠶᠠᠷᠤᠯᠲᠠ ᠶᠢᠨ ᠲᠣᠭᠲᠠᠭᠠᠯ︾ ︵ᠶᠡᠷᠦᠩᠬᠡᠶ ᠲᠣᠪᠴᠢᠶ᠎ᠠ ᠶᠢᠨ ᠵᠠᠷᠯᠢᠭ 34 ᠳ᠋ᠦ᠋ᠭᠡᠷ ᠲᠣᠭᠠᠲᠤ︶ ᠤᠨ ᠬᠠᠮᠢᠶ᠎ᠠ ᠪᠥᠬᠦᠶ ᠲᠣᠭᠲᠠᠭᠠᠯ ᠢ ᠦᠨᠳᠦᠰᠦᠯᠡᠨ᠂ ᠲᠠᠨ ᠤ ᠺᠣᠮᠫᠠᠨᠢ ᠶᠢᠨ ᠷᠠᠳᠢᠣ᠋ ᠲᠧᠯᠸᠢᠰ ᠤᠨ ᠫᠷᠤᠭ᠍ᠷᠠᠮ ᠦᠢᠯᠡᠳᠴᠦ ᠡᠵᠡᠩᠨᠡᠬᠦ ᠲᠤᠬᠠᠶᠢᠯᠠᠭᠰᠠᠨ ᠠᠵᠢᠯ ᠥᠷᠨᠢᠭᠦᠯᠬᠦ ᠶᠢ ᠵᠥᠪᠰᠢᠶᠡᠷᠡᠬᠦ ᠶᠢᠨ ᠬᠠᠮᠲᠤ ︽ᠷᠠᠳᠢᠣ᠋ ᠲᠧᠯᠸᠢᠰ ᠤᠨ ᠫᠷᠤᠭ᠍ᠷᠠᠮ ᠦᠢᠯᠡᠳᠴᠦ ᠡᠵᠡᠩᠨᠡᠬᠦ ᠵᠥᠪᠰᠢᠶᠡᠷᠡᠯ ᠤᠨ ᠦᠨᠡᠮᠯᠡᠯ︾ ᠲᠠᠷᠬᠠᠭᠠᠵᠤ᠂ ᠳ᠋ᠤᠭᠠᠷ᠄ ︵ᠥᠪᠥᠷ ᠮᠣᠩᠭᠤᠯ︶ ᠦᠰᠦᠭ 588 ᠳ᠋ᠤᠭᠠᠷ ᠲᠣᠭᠠᠲᠤ᠂ ᠬᠦᠴᠦᠨ ᠲᠠᠢ ᠬᠤᠭᠤᠴᠠᠭ᠎ᠠ᠄ 2024 ᠣᠨ ᠤ 7 ᠳ᠋ᠤᠭᠠᠷ  ᠰᠠᠷ᠎ᠠ ᠶᠢᠨ 25 ᠤ ᠡᠳᠦᠷ ᠠᠴᠠ 2026 ᠣᠨ ᠤ 7 ᠳ᠋ᠤᠭᠠᠷ  ᠰᠠᠷ᠎ᠠ ᠶᠢᠨ  24 ᠤ ᠡᠳᠦᠷ ᠪᠣᠯᠲᠠᠯ᠎ᠠ᠃  ᠬᠤᠶᠠᠷ᠂ ᠷᠠᠳᠢᠣ᠋ ᠲᠧᠯᠸᠢᠰ ᠤᠨ ᠫᠷᠤᠭ᠍ᠷᠠᠮ ᠦᠢᠯᠡᠳᠴᠦ ᠡᠵᠡᠩᠨᠡᠬᠦ ᠬᠡᠪᠴᠢᠶ᠎ᠡ᠄ ᠲᠤᠰᠬᠠᠶ ᠰᠡᠳᠦᠪ᠂ ᠲᠤᠰᠬᠠᠶ ᠪᠤᠯᠤᠩ᠂ ᠶᠡᠷᠦᠩᠬᠡᠶᠢᠯᠡᠭᠰᠡᠨ ᠤᠷᠠᠯᠢᠭ᠂ ᠺᠠᠷᠲ᠋ᠣᠨ ᠺᠢᠨᠣ᠋ ᠂ ᠷᠠᠳᠢᠣ᠋ ᠵᠦᠴᠦᠭᠡ᠂ ᠲᠧᠯᠸᠢᠰ ᠵᠦᠴᠦᠭᠡ ᠵᠡᠷᠭᠡ ᠷᠠᠳᠢᠣ᠋ ᠲᠧᠯᠸᠢᠰ ᠤᠨ ᠫᠷᠤᠭ᠍ᠷᠠᠮ ᠢ ᠦᠢᠯᠡᠳᠬᠦ ᠪᠠ ᠫᠷᠤᠭ᠍ᠷᠠᠮ ᠤᠨ ᠬᠡᠪᠯᠡᠯ ᠤᠨ ᠡᠷᠬᠡ ᠶᠢ ᠠᠷᠠᠯᠵᠢᠶᠠᠯᠠᠬᠤ ᠪᠠ ᠣᠷᠣᠯᠠᠨ ᠠᠷᠠᠯᠵᠢᠶᠠᠯᠠᠬᠤ᠃ ᠡᠵᠡᠩᠨᠡᠯᠲᠡ ᠶᠢᠨ ᠠᠷᠭ᠎ᠠ ᠬᠡᠯᠪᠡᠷᠢ᠄ ᠦᠢᠯᠡᠳᠬᠦ᠂ ᠬᠠᠭᠤᠯᠪᠤᠷᠢᠯᠠᠬᠤ᠂ ᠲᠠᠷᠬᠠᠭᠠᠬᠤ᠃  ᠭᠤᠷᠪᠠ᠂ ᠲᠠᠨ ᠤ ᠺᠣᠮᠫᠠᠨᠢ ︽ᠷᠠᠳᠢᠣ᠋ ᠲᠧᠯᠸᠢᠰ ᠤᠨ ᠫᠷᠤᠭ᠍ᠷᠠᠮ ᠦᠢᠯᠡᠳᠴᠦ ᠡᠵᠡᠩᠨᠡᠬᠦ ᠵᠥᠪᠰᠢᠶᠡᠷᠡᠯ ᠤᠨ ᠦᠨᠡᠮᠯᠡᠯ︾ ᠤᠨ ᠬᠢᠨᠠᠨ ᠵᠥᠪᠰᠢᠶᠡᠷᠡᠭᠰᠡᠨ ᠦᠢᠯᠡᠳᠴᠦ ᠡᠵᠡᠩᠨᠡᠬᠦ ᠬᠡᠪᠴᠢᠶ᠎ᠡ ᠶᠢ ᠴᠢᠩᠭ᠎ᠠ ᠵᠢᠷᠤᠮᠯᠠᠨ ᠲᠤᠬᠠᠶᠢᠯᠠᠭᠰᠠᠨ ᠠᠵᠢᠯ ᠤᠨ ᠠᠵᠢᠯᠯᠠᠭ᠎ᠠ ᠥᠷᠨᠢᠭᠦᠯᠵᠦ᠂ ᠦᠢᠯᠡᠳᠴᠦ ᠡᠵᠡᠩᠨᠡᠬᠦ ᠠᠵᠢᠯᠯᠠᠭ᠎ᠠ ᠳᠤ ᠡᠷᠬᠡᠪᠰᠢ ᠤᠯᠤᠰ ᠤᠨ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠵᠢᠷᠤᠮᠯᠠᠬᠤ ᠬᠡᠷᠡᠭᠲᠡᠶ᠃ ᠲᠤᠬᠠᠢ ᠶᠢᠨ ᠴᠠᠭ ᠤᠨ ᠤᠯᠤᠰ ᠲᠥᠷᠥ ᠶᠢᠨ ᠰᠣᠨᠢᠨ ᠮᠡᠳᠡᠭᠡ ᠵᠢᠴᠢ ᠠᠳᠠᠯᠢ ᠲᠥᠷᠥᠯ ᠤᠨ ᠲᠤᠰᠬᠠᠢ ᠰᠡᠳᠦᠪ᠂ ᠲᠤᠰᠬᠠᠢ ᠪᠤᠯᠤᠩ ᠵᠡᠷᠭᠡ ᠷᠠᠳᠢᠣ᠋ ᠲᠧᠯᠸᠢᠰ ᠤᠨ ᠫᠷᠤᠭ᠍ᠷᠠᠮ ᠢ ᠦᠢᠯᠡᠳᠴᠦ ᠪᠣᠯᠬᠤ ᠦᠭᠡᠢ᠃ ᠺᠠᠷᠲ᠋ᠣᠨ ᠺᠢᠨᠣ᠋᠂ ᠲᠧᠯᠸᠢᠰ ᠵᠦᠴᠦᠭᠡ ᠵᠣᠬᠢᠶᠠᠬᠤ ᠳᠤ ᠪᠠᠨ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ ᠪᠠᠷ ᠬᠢᠨᠠᠨ ᠬᠠᠷᠭᠤᠭᠤᠯᠬᠤ ᠶᠢᠨ ᠬᠠᠮᠲᠤ ᠬᠠᠮᠢᠶ᠎ᠠ ᠪᠦᠬᠦᠢ ᠭᠠᠷᠳᠠᠮ ᠢ ᠭᠦᠢᠴᠡᠳᠬᠡᠬᠦ ᠬᠡᠷᠡᠭᠲᠡᠶ᠃  ᠲᠦᠷᠪᠡ᠂ ᠨᠡᠶᠢᠳᠡᠯᠡᠭᠰᠡᠨ ︽ᠷᠠᠳᠢᠤ᠋ ᠲᠧᠯᠸᠢᠰ ᠤᠨ ᠫᠷᠤᠭ᠍ᠷᠠᠮ ᠢ ᠦᠢᠯᠡᠳᠴᠤ ᠡᠵᠡᠩᠨᠡᠬᠦ ᠵᠦᠪᠰᠢᠶᠡᠷᠡᠯ ᠤᠨ ᠦᠨᠡᠮᠯᠡᠯ︾ ᠢ ᠶᠠᠮᠠᠷᠪᠠ ᠠᠷᠭ᠎ᠠ ᠬᠡᠯᠪᠡᠷᠢ ᠪᠠᠷ ᠪᠠᠯᠠᠯᠬᠤ᠂ ᠲᠦᠷᠢᠶᠡᠰᠦᠯᠡᠬᠦ᠂ ᠰᠢᠯᠵᠢᠭᠦᠯᠬᠦ᠂ ᠬᠤᠳᠠᠯᠳᠤᠬᠤ ᠪᠠ ᠬᠠᠭᠤᠷᠮᠠᠭ ᠢᠶᠠᠷ ᠵᠤᠬᠢᠶᠠᠬᠤ ᠶᠢ ᠴᠢᠩᠭ᠎ᠠ ᠬᠤᠷᠢᠭᠯᠠᠨ᠎ᠠ᠃ ︽ᠷᠠᠳᠢᠣ᠋ ᠲᠧᠯᠸᠢᠰ ᠤᠨ ᠫᠷᠤᠭ᠍ᠷᠠᠮ ᠦᠢᠯᠡᠳᠴᠦ ᠡᠵᠡᠩᠨᠡᠬᠦ ᠵᠥᠪᠰᠢᠶᠡᠷᠡᠯ ᠤᠨ ᠦᠨᠡᠮᠯᠡᠯ︾ ᠳᠤ ᠲᠣᠳᠣᠷᠬᠠᠶᠢᠯᠠᠭᠰᠠᠨ ᠦᠢᠯᠡᠳᠬᠦ ᠪᠠᠶᠢᠭᠤᠯᠤᠮᠵᠢ ᠶᠢᠨ ᠨᠡᠷᠡᠶᠢᠳᠦᠯ᠂ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ᠂ ᠬᠠᠶ᠋ᠢᠭ ᠪᠠ ᠲᠦᠷᠢᠮ ᠵᠡᠷᠭᠡ ᠵᠦᠢᠯᠡᠰ ᠲᠤ ᠬᠤᠪᠢᠷᠠᠯᠲᠠ ᠭᠠᠷᠪᠠᠯ᠂ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ ᠳᠤ ᠮᠡᠳᠡᠭᠦᠯᠦᠨ ᠬᠤᠪᠢᠷᠠᠭᠤᠯᠬᠤ ᠶᠢ ᠬᠢᠨᠠᠨ ᠵᠥᠪᠰᠢᠶᠡᠷᠡᠭᠦᠯᠬᠦ ᠭᠠᠷᠳᠠᠮ ᠢ ᠭᠦᠢᠴᠡᠳᠭᠡᠨ᠎ᠡ︔ ᠷᠠᠳᠢᠣ᠋ ᠲᠧᠯᠸᠢᠰ ᠤᠨ ᠫᠷᠤᠭ᠍ᠷᠠᠮ ᠦᠢᠯᠡᠳᠴᠦ ᠡᠵᠡᠩᠨᠡᠬᠦ ᠠᠵᠢᠯᠯᠠᠭ᠎ᠠ ᠶᠢ ᠵᠣᠭᠰᠣᠭᠠᠬᠤ ᠳᠤ 1 ᠭᠠᠷᠠᠭ ᠤᠨ ᠳᠣᠲᠣᠷ᠎ᠠ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ ᠳᠤ ᠬᠦᠷᠴᠦ ᠬᠦᠴᠦᠨ ᠥᠬᠡᠶ ᠪᠣᠯᠭᠠᠬᠤ ᠭᠠᠷᠳᠠᠮ ᠢ ᠭᠦᠢᠴᠡᠳᠭᠡᠬᠦ ᠬᠡᠷᠡᠭᠲᠡᠶ᠃  ᠲᠠᠪᠤ᠂ ᠷᠠᠳᠢᠣ᠋ ᠲᠧᠯᠸᠢᠰ ᠤᠨ ᠫᠷᠤᠭ᠍ᠷᠠᠮ ᠦᠢᠯᠡᠳᠬᠦ ᠳᠤ ᠪᠠᠨ᠂ ᠭᠠᠳᠠᠭᠠᠳᠤ ᠶᠢᠨ ᠬᠤᠳᠠᠯᠳᠤᠭᠠᠴᠢᠨ ᠤ ᠲᠤᠰᠠᠭᠠᠷ ᠪᠡᠯᠡ ᠣᠷᠣᠭᠤᠯᠤᠭᠰᠠᠨ ᠠᠵᠤ ᠠᠬᠤᠶᠢᠯᠠᠯ ᠪᠤᠶᠤ ᠳᠤᠮᠳᠠᠳᠤ ᠭᠠᠳᠠᠭᠠᠳᠤ ᠶᠢᠨ ᠪᠡᠯᠡ ᠨᠡᠶᠢᠯᠡᠭᠦᠯᠦᠭᠰᠡᠨ᠂ ᠬᠤᠷᠰᠢᠭᠰᠠᠨ ᠠᠵᠤ ᠠᠬᠤᠶᠢᠯᠠᠯ ᠪᠣᠯᠤᠨ ᠬᠢᠯᠢ ᠶᠢᠨ ᠭᠠᠳᠠᠨᠠᠬᠢ ᠬᠥᠮᠦᠰ ᠤᠨ ᠦᠢᠯᠡᠳᠬᠦ ᠠᠵᠢᠯ ᠳᠤ ᠣᠷᠣᠯᠴᠠᠬᠤ ᠶᠢ ᠴᠢᠩᠭ᠎ᠠ ᠬᠤᠷᠢᠭᠯᠠᠨ᠎ᠠ᠃  ᠵᠢᠷᠭᠤᠭ᠎ᠠ᠂ ᠷᠠᠳᠢᠣ᠋ ᠲᠧᠯᠸᠢᠰ ᠤᠨ ᠫᠷᠤᠭ᠍ᠷᠠᠮ ᠢ ᠭᠠᠳᠠᠭᠠᠳᠤ ᠳᠤ ᠭᠠᠷᠭᠠᠬᠤ ᠪᠤᠶᠤ ᠬᠢᠯᠢ ᠶᠢᠨ ᠭᠠᠳᠠᠨ᠎ᠠ ᠭᠠᠷᠭᠠᠨ ᠦᠵᠡᠭᠦᠯᠵᠦ ᠨᠡᠪᠲᠡᠷᠡᠭᠦᠯᠬᠦ ᠠᠵᠢᠯᠯᠠᠭ᠎ᠠ ᠳᠤ ᠣᠷᠤᠯᠴᠠᠭᠤᠯᠪᠠᠯ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ ᠳᠤ ᠤᠷᠢᠳᠴᠢᠯᠠᠨ ᠮᠡᠳᠡᠭᠦᠯᠬᠦ ᠬᠡᠷᠡᠭᠲᠡᠶ᠃  ᠴᠤᠬᠤᠯᠠᠪᠤᠷᠢᠯᠠᠪᠠ᠃  ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠷᠠᠳᠢᠣ᠋ ᠲᠧᠯᠸᠢᠰ ᠤᠨ ᠲᠤᠪᠴᠢᠶ᠎ᠠ2024 ᠣᠨ ᠤ 7 ᠳ᠋ᠤᠭᠠᠷ ᠰᠠᠷ᠎ᠠ ᠶᠢᠨ 25 ᠤ ᠡᠳᠦᠷ 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠷᠠᠳᠢᠣ᠋ ᠲᠧᠯᠸᠢᠰ ᠤᠨ ᠲᠤᠪᠴᠢᠶ᠎ᠠ