ᠤᠯᠤᠰ ᠤᠨ ᠷᠠᠳᠢᠣ᠋ ᠲᠧᠯᠸᠢᠰ ᠤᠨ ᠶᠡᠷᠦᠩᠬᠡᠢ ᠲᠣᠪᠴᠢᠶ᠎ᠠ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/25
  ᠤᠯᠤᠰ ᠤᠨ ᠷᠠᠳᠢᠣ᠋ ᠲᠧᠯᠸᠢᠰ ᠤᠨ ᠶᠡᠷᠦᠩᠬᠡᠢ ᠲᠣᠪᠴᠢᠶ᠎ᠠ 7 ᠳ᠋ᠤᠭᠠᠷ ᠰᠠᠷ᠎ᠠ ᠶᠢᠨ 19 ᠤ ᠡᠳᠦᠷ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠬᠤᠷᠠᠯ ᠬᠤᠷᠠᠯᠳᠤᠭᠤᠯᠪᠠ᠃ ᠲᠥᠪ ᠤᠨ ᠤᠬᠠᠭᠤᠯᠬᠤ ᠬᠡᠯᠲᠡᠰ ᠤᠨ ᠳᠡᠳ᠋ ᠳᠠᠷᠤᠭ᠎ᠠ᠂ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠢ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠼᠤᠤ ᠱᠦ ᠮᠢᠨ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠢ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠵᠦ ᠶᠦᠩ ᠯᠸᠢ᠂ ᠳ᠋ᠦᠩ ᠰᠢᠨ᠂ ᠶᠠᠩ ᠭᠦᠸᠧ ᠷᠦᠢ ᠣᠷᠣᠯᠴᠠᠪᠠ᠃   ᠬᠤᠷᠠᠯ ᠠᠴᠠ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠬᠦ ᠲᠠᠯ᠎ᠠ ᠪᠠᠷ ᠠᠬᠢᠭᠤᠯᠬᠤ ᠵᠠᠩᠭᠢᠯᠠᠭ᠎ᠠ ᠶᠢᠨ ᠬᠤᠭᠤᠴᠠᠭᠠᠨ ᠳᠤ ᠬᠤᠷᠠᠯᠳᠤᠭᠰᠠᠨ ᠨᠢᠭᠡᠨ ᠤᠳᠠᠭ᠎ᠠ ᠶᠢᠨ ᠲᠦᠢᠯ ᠤᠨ ᠴᠢᠬᠤᠯᠠ ᠬᠤᠷᠠᠯ ᠪᠣᠯᠬᠤ ᠶᠢ ᠭᠦᠨᠵᠡᠭᠡᠢ ᠲᠠᠨᠢᠬᠤ ᠬᠡᠷᠡᠭᠲᠡᠢ᠃  ᠪᠥᠬᠦᠳᠡ ᠬᠤᠷᠠᠯ ᠠᠴᠠ ᠪᠠᠲᠤᠯᠠᠭᠰᠠᠨ ︽ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠲᠣᠭᠲᠠᠭᠠᠯ︾ ᠪᠣᠯ ᠰᠢᠨ᠎ᠡ ᠴᠠᠭ ᠦᠶ᠎ᠡ ᠰᠢᠨ᠎ᠡ ᠠᠶᠠᠨ ᠵᠠᠮ ᠳᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢ ᠠᠬᠢᠭᠤᠯᠬᠤ ᠥᠷᠭᠡᠴᠡ ᠪᠠ ᠭᠦᠨᠵᠡᠭᠡᠢ ᠤᠷᠤᠭᠰᠢᠯᠠᠯᠲᠠ ᠶᠢᠨ ᠶᠡᠷᠦᠩᠬᠡᠢ ᠲᠠᠶᠢᠴᠢᠯᠠᠯᠳᠠ᠂ ᠶᠡᠷᠦᠩᠬᠡᠢ ᠪᠠᠶᠢᠷᠢᠯᠠᠭᠤᠯᠤᠯᠲᠠ ᠮᠥᠨ᠂ ᠨᠠᠮ ᠤᠨ ᠲᠡᠦᠬᠡᠨ ᠳᠡᠭᠡᠷᠡᠬᠢ ᠪᠠᠰᠠ ᠨᠢᠭᠡᠨ ᠴᠢᠬᠤᠯᠠ ᠬᠥᠲᠥᠯᠪᠦᠷᠢ ᠶᠢᠨ ᠴᠢᠨᠠᠷᠲᠠᠢ ᠪᠢᠴᠢᠭ ᠮᠠᠲ᠋ᠧᠷᠢᠶᠠᠯ ᠮᠥᠨ ᠭᠡᠳᠡᠭ ᠢ ᠭᠦᠨᠵᠡᠭᠡᠢ ᠲᠠᠨᠢᠬᠤ ᠬᠡᠷᠡᠭᠲᠡᠢ᠃ ᠶᠡᠷᠦᠩᠬᠡᠶ ᠱᠦᠵᠢ ᠰᠢ ᠶᠢᠨ ᠫᠢᠩ ᠤᠨ ᠪᠥᠬᠦᠳᠡ ᠬᠤᠷᠠᠯ ᠳᠡᠭᠡᠷᠡᠬᠢ ᠴᠢᠬᠤᠯᠠ ᠶᠠᠷᠢᠶ᠎ᠠ ᠨᠢ ᠮᠠᠨ ᠤ ᠨᠠᠮ ᠤᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠪᠠ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ ᠵᠢᠮ᠎ᠡ ᠶᠣᠰᠣᠨ ᠤ ᠲᠤᠬᠠᠶ ᠲᠠᠨᠢᠯᠲᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠲᠠᠢ ᠨᠢᠭᠲᠠ ᠤᠶᠠᠯᠳᠤᠭᠤᠯᠤᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠳᠤ ᠰᠢᠨᠵᠢᠯᠡᠬᠦ ᠤᠬᠠᠭᠠᠨᠴᠢ ᠵᠦᠭᠯᠡᠭᠦᠷ ᠪᠠ ᠦᠨᠳᠦᠰᠦᠨ ᠵᠢᠷᠤᠮᠯᠠᠯ ᠭᠡᠮᠡᠨ ᠵᠢᠭᠠᠵᠤ ᠭᠠᠷᠭᠠᠪᠠ᠃  ᠬᠤᠷᠠᠯ ᠠᠴᠠ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠭᠠᠨ ᠴᠢᠩᠭ᠎ᠠ ᠠᠳᠬᠤᠵᠤ ᠂ ᠰᠤᠷᠤᠯᠴᠠᠬᠤ᠂ ᠤᠬᠠᠭᠤᠯᠬᠤ᠂ ᠲᠤᠭᠤᠰᠢᠯᠠᠭᠤᠯᠬᠤ ᠠᠵᠢᠯ ᠤᠨ ᠲᠥᠰᠦᠯ ᠢ ᠱᠠᠯᠠᠪᠳᠠᠨ ᠲᠣᠭᠲᠠᠭᠠᠵᠤ ᠬᠡᠷᠡᠭᠵᠢᠭᠦᠯᠬᠦ ᠬᠡᠷᠡᠭᠲᠡᠢ ᠭᠡᠵᠦ ᠴᠢᠬᠤᠯᠠᠴᠢᠯᠠᠵᠠᠢ᠃ ᠨᠢᠭᠡ ᠳᠤ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠬᠤ ᠬᠡᠷᠡᠭᠲᠡᠶ᠃ ᠣᠯᠠᠨ ᠵᠦᠢᠯ ᠤᠨ ᠬᠡᠯᠪᠡᠷᠢ ᠶᠢᠨ ᠰᠤᠷᠤᠯᠴᠠᠯᠭ᠎ᠠ ᠶᠢ ᠥᠷᠨᠢᠭᠦᠯᠵᠦ᠂ ᠰᠤᠷᠤᠯᠴᠠᠬᠤ ᠶᠣᠰᠣᠲᠠᠶ ᠶᠢ ᠨᠢ ᠴᠥᠮ ᠰᠤᠷᠤᠯᠴᠠᠵᠤ᠂ ᠪᠥᠬᠦ ᠠᠵᠢᠯᠲᠠᠨ ᠢ ᠬᠠᠮᠤᠷᠴᠤ᠂ ᠭᠦᠨᠵᠡᠭᠡᠶ ᠰᠤᠷᠤᠯᠴᠠᠨ ᠨᠡᠪᠲᠡᠷᠡᠲᠡᠯ᠎ᠡ ᠣᠶᠢᠯᠠᠭᠠᠵᠤ᠂ ᠤᠬᠠᠭᠠᠨ ᠢ ᠨᠢ ᠣᠯᠵᠤ ᠤᠴᠢᠷ ᠢ ᠢ ᠮᠡᠳᠡᠬᠦ ᠬᠡᠷᠡᠭᠲᠡᠶ᠃ ᠷᠠᠳᠢᠣ᠋ ᠲᠧᠯᠸᠢᠰ ᠤᠨ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠤᠨ ᠰᠤᠷᠤᠯᠴᠠᠯᠭ᠎ᠠ ᠥᠷᠨᠢᠭᠦᠯᠵᠦ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠪᠦᠬᠦᠳᠡ ᠬᠤᠷᠠᠯ ᠤᠨ ᠵᠣᠷᠢᠭ ᠰᠠᠨᠠᠭ᠎ᠠ ᠪᠠᠷ ᠲᠠᠷᠢᠬᠢ ᠲᠣᠯᠣᠭᠠᠢ ᠪᠠᠨ ᠵᠡᠪᠰᠡᠭᠯᠡᠵᠦ᠂ ᠦᠢᠯᠡᠳᠦᠯᠭᠡ ᠪᠠᠨ ᠵᠢᠯᠤᠭᠤᠳᠤᠭᠤᠯᠵᠤ᠂ ᠠᠵᠢᠯ ᠢᠶᠠᠨ ᠠᠬᠢᠭᠤᠯᠬᠤ ᠬᠡᠷᠡᠭᠲᠡᠢ᠃ ᠬᠤᠶᠠᠷ ᠲᠤ᠂ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠴᠢᠨᠠᠷ ᠰᠠᠶᠢᠲᠠᠢ ᠥᠨᠳᠥᠷ ᠪᠦᠲᠦᠮᠵᠢᠲᠡᠢ ᠤᠬᠠᠭᠤᠯᠤᠨ ᠲᠠᠶᠢᠯᠪᠤᠷᠢᠯᠠᠬᠤ ᠬᠡᠷᠡᠭᠲᠡᠢ᠃ ᠨᠠᠮ ᠤᠨ ᠲᠥᠪ ᠬᠤᠷᠢᠶ᠎ᠠ ᠪᠣᠯᠤᠨ ᠲᠥᠪ ᠤᠨ ᠤᠬᠠᠭᠤᠯᠬᠤ ᠬᠡᠯᠲᠡᠰ ᠤᠨ ᠪᠠᠶᠢᠷᠢᠯᠠᠭᠤᠯᠤᠯᠲᠠ ᠶᠣᠰᠣᠭᠠᠷ᠂ ᠷᠠᠳᠢᠣ᠋ ᠲᠧᠯᠸᠢᠰ ᠤᠨ ᠤᠨᠴᠠᠯᠢᠭᠳᠤ ᠳᠠᠪᠠᠭᠤᠯᠢᠭ ᠢ ᠪᠠᠳᠠᠷᠠᠭᠤᠯᠵᠤ᠂ ᠤᠬᠠᠭᠤᠯᠭ᠎ᠠ ᠶᠢᠨ ᠭᠤᠣᠯᠳᠠᠯᠭ᠎ᠠ ᠶᠢ ᠲᠤᠪᠤᠶᠢᠯᠭᠠᠨ᠂ ᠰᠦᠯᠵᠢᠶᠡᠨ ᠳᠡᠭᠡᠷᠡᠬᠢ ᠪᠠ ᠪᠣᠳᠠᠲᠤ ᠴᠣᠭᠴᠠ ᠶᠢ ᠨᠢᠭᠡᠳᠦᠯᠲᠡᠢ ᠲᠥᠯᠥᠪᠵᠢᠭᠦᠯᠵᠦ᠂ ᠠᠭᠤᠰᠤᠯᠴᠠᠨ ᠳᠠᠮᠵᠢᠭᠤᠯᠬᠤ ᠶᠢ ᠭᠦᠨᠵᠡᠭᠡᠶᠢᠷᠡᠭᠦᠯᠵᠦ᠂ ᠪᠣᠰᠤᠭ᠎ᠠ ᠴᠣᠭᠴᠠᠲᠤ᠂ ᠪᠦᠬᠦ ᠲᠠᠯ᠎ᠠ ᠶᠢᠨ᠂ ᠥᠨᠳᠥᠷ ᠪᠠᠷᠢᠮᠵᠢᠶᠠᠲᠤ᠂ ᠴᠢᠨᠠᠷ ᠰᠠᠶᠢᠲᠠᠢ ᠪᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠤᠬᠠᠭᠤᠯᠵᠤ᠂ ᠰᠠᠶᠢᠲᠤᠷ ᠲᠠᠶᠢᠯᠪᠤᠷᠢᠯᠠᠨ᠎ᠠ᠃ ᠷᠠᠳᠢᠣ᠋ ᠲᠧᠯᠸᠢᠰ ᠤᠨ ᠵᠠᠭᠤᠴᠢᠯᠠᠭᠤᠷ ᠪᠠ ᠰᠦᠯᠵᠢᠶᠡᠨ ᠤ ᠦᠵᠡᠵᠦ ᠰᠣᠨᠣᠰᠬᠤ ᠲᠠᠪᠴᠠᠩ ᠢ ᠪᠥᠬᠦᠳᠡ ᠬᠤᠷᠠᠯ ᠤᠨ ᠵᠣᠷᠢᠭ ᠰᠠᠨᠠᠭᠠᠨ ᠤ ᠤᠬᠠᠭᠤᠯᠭ᠎ᠠ ᠶᠢ ᠰᠠᠶᠢᠲᠤᠷ ᠥᠷᠨᠢᠭᠦᠯᠬᠦ ᠂ ᠣᠨᠣᠯ ᠤᠨ ᠫᠷᠤᠭ᠍ᠷᠠᠮ ᠵᠣᠬᠢᠶᠠᠵᠤ ᠨᠡᠪᠲᠡᠷᠡᠭᠦᠯᠬᠦ ᠂ ᠤᠳᠬ᠎ᠠ ᠤᠷᠠᠯᠢᠭ ᠤᠨ ᠤᠬᠠᠭᠤᠯᠭ᠎ᠠ ᠶᠢ ᠰᠠᠶᠢᠲᠤᠷ ᠬᠢᠬᠦ ᠂ ᠨᠠᠩ ᠣᠯᠠᠨ ᠵᠦᠷᠢᠶᠡᠴᠢᠯᠡᠭᠰᠡᠨ᠂ ᠬᠥᠩᠭᠡᠪᠴᠢᠯᠡᠭᠰᠡᠨ᠂ ᠪᠠᠭ᠎ᠠ ᠮᠥᠷᠲᠡᠭᠡᠨ ᠭᠤᠶᠤ ᠣᠬᠤᠷ ᠸᠢᠳᠢᠣ᠋᠂ ᠰᠦᠯᠵᠢᠶᠡᠨ ᠤ ᠪᠢᠴᠢᠯ ᠪᠠᠷᠢᠮᠲᠠᠲᠤ ᠹᠢᠯᠢᠮ᠂ ᠰᠦᠯᠵᠢᠶᠡᠨ ᠤ ᠪᠢᠴᠢᠯ ᠣᠬᠤᠷ ᠵᠦᠴᠦᠭᠡ ᠵᠡᠷᠭᠡ ᠰᠢᠨ᠎ᠡ ᠵᠠᠭᠤᠴᠢᠯᠠᠭᠤᠷ ᠤᠨ ᠦᠢᠯᠡᠳᠬᠦᠨ  ᠦᠢᠯᠡᠳᠬᠦ ᠶᠢ ᠵᠢᠯᠤᠭᠤᠳᠤᠨ ᠠᠬᠢᠭᠤᠯᠬᠤ ᠬᠡᠷᠡᠭᠲᠡᠢ᠃ ᠪᠦᠬᠦ ᠤᠯᠤᠰ ᠤᠨ ᠷᠠᠳᠢᠣ᠋ ᠲᠧᠯᠸᠢᠰ ᠤᠨ ᠰᠢᠨ᠎ᠡ ᠵᠠᠭᠤᠴᠢᠯᠠᠭᠤᠷ ᠤᠨ ᠬᠤᠯᠪᠣᠭ᠎ᠠ ᠶᠢᠨ ᠤᠬᠠᠭᠤᠯᠤᠨ ᠠᠬᠢᠭᠤᠯᠵᠤ ᠬᠤᠯᠪᠣᠭᠠᠯᠠᠨ ᠬᠥᠳᠡᠯᠦᠯᠴᠡᠬᠦ ᠦᠢᠯᠡᠳᠦᠯ ᠢ ᠰᠠᠶᠢᠲᠤᠷ ᠪᠠᠳᠠᠷᠠᠭᠤᠯᠬᠤ ᠬᠡᠷᠡᠭᠲᠡᠶ᠃ ᠭᠠᠳᠠᠭᠠᠳᠤ ᠤᠬᠠᠭᠤᠯᠭ᠎ᠠ ᠶᠢ ᠰᠠᠶᠢᠲᠤᠷ ᠬᠢᠵᠦ᠂ ᠳᠤᠮᠳᠠᠳᠤ ᠤᠯᠤᠰ ᠤᠨ ᠥᠭᠡᠷᠡᠴᠢᠯᠡᠯᠲᠡ ᠶᠢᠨ ᠦᠯᠢᠭᠡᠷ ᠢ ᠰᠠᠶᠢᠲᠤᠷ ᠶᠠᠷᠢᠬᠤ ᠬᠡᠷᠡᠭᠲᠡᠢ᠃  ᠭᠤᠷᠪᠠ ᠳᠤ᠂ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠷᠠᠳᠢᠣ᠋ ᠲᠧᠯᠸᠢᠰ ᠤᠨ ᠦᠵᠡᠵᠦ ᠰᠣᠨᠣᠰᠬᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠪᠠ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠤᠯᠤᠰ ᠲᠥᠷᠥ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ ᠪᠣᠯᠤᠨ ᠦᠢᠯᠡ ᠠᠵᠢᠯᠯᠠᠭ᠎ᠠ ᠶᠢᠨ ᠤᠬᠠᠮᠰᠠᠷ ᠢᠶᠠᠨ ᠴᠢᠩᠭᠠᠳᠬᠠᠵᠤ᠂ ᠵᠣᠭᠰᠣᠴᠠ ᠪᠠᠨ ᠳᠡᠭᠡᠭᠰᠢᠯᠡᠭᠦᠯᠦᠨ ᠷᠠᠳᠢᠣ᠋ ᠲᠧᠯᠸᠢᠰ ᠤᠨ ᠬᠦᠷᠢᠶᠡᠨ ᠤ ᠥᠭᠡᠷᠡᠴᠢᠯᠡᠯᠲᠡ ᠶᠢ ᠲᠥᠯᠥᠪᠵᠢᠭᠦᠯᠵᠦ᠂ ᠬᠦᠴᠦ ᠪᠠᠨ ᠲᠥᠪᠯᠡᠷᠡᠭᠦᠯᠦᠨ ᠭᠤᠣᠯᠳᠠᠯᠭ᠎ᠠ ᠲᠠᠢ ᠥᠭᠡᠷᠡᠴᠢᠯᠡᠯᠲᠡ ᠶᠢᠨ ᠡᠭᠦᠷᠭᠡ ᠶᠢ ᠰᠠᠶᠢᠲᠤᠷ ᠠᠳᠬᠤᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠵᠣᠷᠢᠭ ᠰᠠᠨᠠᠭ᠎ᠠ ᠪᠠᠷ ᠳᠣᠣᠷ᠎ᠠ ᠬᠠᠭᠠᠰ ᠵᠢᠯ ᠤᠨ ᠡᠯ᠎ᠡ ᠵᠦᠢᠯ ᠤᠨ ᠠᠵᠢᠯ ᠢ ᠰᠠᠶᠢᠲᠤᠷ ᠬᠢᠵᠦ᠂ ᠷᠠᠳᠢᠣ᠋ ᠲᠧᠯᠸᠢᠰ ᠪᠣᠯᠤᠨ ᠰᠦᠯᠵᠢᠶᠡᠨ ᠤ ᠦᠵᠡᠵᠦ ᠰᠣᠨᠣᠰᠬᠤ ᠥᠭᠡᠷᠡᠴᠢᠯᠡᠯᠲᠡ ᠶᠢ ᠲᠠᠰᠤᠷᠠᠯᠲᠠ ᠦᠭᠡᠢ ᠠᠬᠢᠭᠤᠯᠵᠤ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠠᠵᠢᠯ ᠲᠦᠷᠦᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠳᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠠᠬᠢᠭᠤᠯᠬᠤ ᠳᠤ ᠷᠠᠳᠢᠣ᠋ ᠲᠧᠯᠸᠢᠰ ᠰᠢᠨ᠎ᠡ ᠵᠠᠭᠤᠴᠢᠯᠠᠭᠤᠷ ᠨᠡᠩ ᠶᠡᠭᠡ ᠬᠤᠪᠢ ᠨᠡᠮᠡᠷᠢ ᠦᠵᠡᠭᠦᠯᠦᠨ᠎ᠡ᠃  ᠣᠶᠢᠷ᠎ᠠ ᠳᠤ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ ᠤᠳᠤᠷᠢᠳᠬᠤ ᠪᠠᠭ ᠠᠴᠠ ᠭᠠᠷᠤᠭᠰᠠᠨ ᠠᠬᠠᠮᠠᠳ ᠨᠥᠬᠦᠳ᠂ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ ᠪᠠᠶᠢᠭᠤᠯᠭ᠎ᠠ ᠶᠢᠨ ᠪᠥᠬᠦ ᠠᠯᠪᠠᠲᠠᠨ᠂ ᠰᠢᠭᠤᠳ ᠬᠠᠷᠢᠶ᠎ᠠ ᠨᠢᠭᠡᠴᠢ ᠶᠢᠨ ᠵᠤᠷᠭᠠᠨ ᠲᠣᠪᠴᠢᠶᠠᠨ ᠤ ᠲᠠᠰ ᠤᠨ ᠤᠳᠤᠷᠢᠳᠬᠤ ᠺᠠᠳ᠋ᠷ ᠬᠤᠷᠠᠯ ᠳᠤ ᠣᠷᠣᠯᠴᠠᠪᠠ᠃ 
ᠢᠷᠡᠯᠲᠡ᠄ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠢ ᠲᠣᠪᠴᠢᠶ᠎ᠠ