ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ ᠶᠢᠨ ︽ᠠᠶᠢᠮᠠᠭ ᠬᠤᠲᠠ ᠶᠢᠨ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠬᠢᠨᠠᠨ ᠬᠡᠮᠵᠢᠵᠦ ᠬᠢᠨᠠᠨ ᠬᠠᠮᠢᠶᠠᠷᠬᠤ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢᠨ ᠲᠤᠬᠠᠶ ᠵᠢᠯᠣᠭᠤᠳᠬᠤ ᠰᠠᠨᠠᠯ︾ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2024/7/26
ᠡᠯ᠎ᠡ ᠠᠶᠢᠮᠠᠭ ᠬᠤᠲᠠ ᠪᠠ ᠮᠠᠨᠵᠤᠤᠷ ᠬᠤᠲᠠ᠂ ᠡᠷᠢᠶᠡᠨ ᠬᠤᠲᠠ ᠶᠢᠨ ᠷᠠᠳᠢᠣ᠋ ᠲᠧᠯᠸᠢᠰ ᠤᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ᠄  ᠠᠶᠢᠮᠠᠭ ᠬᠤᠲᠠ ᠶᠢᠨ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠬᠢᠨᠠᠨ ᠬᠠᠮᠢᠶᠠᠷᠬᠤ ᠰᠢᠰᠲ᠋ᠧᠮ ᠤᠨ ᠵᠢᠷᠤᠮᠵᠢᠭᠰᠠᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠮᠠᠨ ᠤ ᠣᠷᠣᠨ ᠤ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠬᠢᠨᠠᠨ ᠬᠡᠮᠵᠢᠵᠦ ᠬᠢᠨᠠᠨ ᠬᠠᠮᠢᠶᠠᠷᠬᠤ ᠴᠢᠳᠠᠪᠤᠷᠢ ᠪᠠ ᠲᠦᠪᠰᠢᠨ ᠢ ᠳᠡᠭᠡᠭᠰᠢᠯᠡᠭᠦᠯᠬᠦ ᠶᠢᠨ ᠲᠤᠰᠠᠳᠠ᠂ ᠡᠳᠦᠭᠡ ︽ᠠᠶᠢᠮᠠᠭ ᠬᠤᠲᠠ ᠶᠢᠨ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠬᠢᠨᠠᠨ ᠬᠡᠮᠵᠢᠵᠦ ᠬᠢᠨᠠᠨ ᠬᠠᠮᠢᠶᠠᠷᠬᠤ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢᠨ ᠲᠤᠬᠠᠶ ᠵᠢᠯᠣᠭᠤᠳᠬᠤ ᠰᠠᠨᠠᠯ︾ ᠢ ᠲᠠ ᠨᠠᠷ ᠲᠤ ᠳᠠᠷᠤᠮᠠᠯᠯᠠᠨ ᠲᠠᠷᠬᠠᠭᠠᠪᠠ᠃ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠬᠢᠨᠠᠮᠠᠭᠠᠶ ᠲᠤᠭᠤᠰᠢᠯᠠᠭᠤᠯᠤᠨ ᠬᠡᠷᠡᠭᠵᠢᠭᠦᠯᠲᠦᠭᠡᠶ᠃  ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠷᠠᠳᠢᠣ᠋ ᠲᠧᠯᠸᠢᠰ ᠤᠨ ᠲᠤᠪᠴᠢᠶ᠎ᠠ2024 ᠣᠨ ᠤ 6 ᠳ᠋ᠤᠭᠠᠷ ᠰᠠᠷ᠎ᠠ ᠶᠢᠨ 19 ᠤ ᠡᠳᠦᠷ    ᠠᠶᠢᠮᠠᠭ ᠬᠤᠲᠠ ᠶᠢᠨ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠬᠢᠨᠠᠨ ᠬᠡᠮᠵᠢᠵᠦ ᠬᠢᠨᠠᠨ ᠬᠠᠮᠢᠶᠠᠷᠬᠤ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢᠨ ᠲᠤᠬᠠᠢ ᠵᠢᠯᠣᠭᠤᠳᠬᠤ ᠰᠠᠨᠠᠯ   ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠬᠢᠨᠠᠨ ᠬᠡᠮᠵᠢᠵᠦ ᠬᠢᠨᠠᠨ ᠬᠠᠮᠢᠶᠠᠷᠬᠤ ᠠᠵᠢᠯ ᠪᠣᠯ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠠᠵᠢᠯ ᠲᠥᠷᠥᠯ ᠤᠨ ᠡᠷᠡᠭᠦᠯ ᠪᠥᠭᠡᠳ ᠡᠮᠬᠢ ᠵᠢᠷᠤᠮ ᠲᠠᠢ ᠬᠥᠭᠵᠢᠬᠦ ᠶᠢ ᠠᠬᠢᠭᠤᠯᠵᠤ᠂ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠵᠥᠪ ᠤᠯᠤᠰ ᠲᠥᠷᠥ ᠶᠢᠨ ᠴᠢᠭᠯᠡᠯ᠂ ᠶᠠᠷᠢᠶ᠎ᠠ ᠬᠡᠯᠡᠯᠴᠡᠭᠡᠨ ᠤ ᠤᠳᠤᠷᠢᠳᠤᠮᠵᠢ᠂ ᠥᠷᠲᠡᠭ ᠤᠨ ᠬᠠᠨᠳᠤᠰᠢ ᠶᠢ ᠪᠠᠷᠢᠮᠲᠠᠯᠠᠬᠤ ᠶᠢ ᠦᠨᠡᠨ ᠬᠦ ᠪᠠᠲᠤᠯᠠᠵᠤ᠂ ᠤᠯᠤᠰ ᠲᠥᠷᠥ ᠶᠢᠨ ᠠᠮᠤᠷ ᠲᠦᠪᠰᠢᠨ᠂ ᠰᠣᠶᠣᠯ ᠤᠨ ᠠᠮᠤᠷ ᠲᠦᠪᠰᠢᠨ ᠪᠠ ᠦᠵᠡᠯ ᠤᠬᠠᠮᠰᠠᠷ ᠤᠨ ᠬᠡᠯᠪᠡᠷᠢ ᠶᠢᠨ ᠠᠮᠤᠷ ᠲᠦᠪᠰᠢᠨ ᠢ ᠬᠠᠮᠠᠭᠠᠯᠠᠬᠤ ᠴᠢᠬᠤᠯᠠ ᠭᠤᠭᠴᠤᠭ᠎ᠠ ᠮᠥᠨ᠃ ᠠᠶᠢᠮᠠᠭ ᠬᠤᠲᠠ ᠶᠢᠨ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠬᠢᠨᠠᠨ ᠬᠡᠮᠵᠢᠵᠦ ᠬᠢᠨᠠᠨ ᠬᠠᠮᠢᠶᠠᠷᠬᠤ ᠰᠢᠰᠲ᠋ᠧᠮ ᠤᠨ ᠵᠢᠷᠤᠮᠵᠢᠭᠰᠠᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢᠨ ᠲᠤᠰᠠᠳᠠ᠂ ︽ᠪᠥᠬᠦ ᠤᠯᠤᠰ ᠤᠨ ᠷᠠᠳᠢᠣ᠋ ᠲᠧᠯᠸᠢᠰ ᠬᠢᠭᠡᠳ ᠦᠵᠡᠵᠦ ᠰᠣᠨᠣᠰᠬᠤ ᠰᠢᠨ᠎ᠡ ᠵᠠᠭᠤᠴᠢᠯᠠᠭᠤᠷ ᠤᠨ ᠬᠢᠨᠠᠨ ᠬᠡᠮᠵᠢᠵᠦ ᠬᠢᠨᠠᠨ ᠬᠠᠮᠢᠶᠠᠷᠬᠤ ᠶᠡᠷᠦᠩᠬᠡᠶ ᠬᠥᠭᠵᠢᠯᠲᠡ ᠶᠢᠨ ᠲᠥᠯᠥᠪᠵᠢᠭᠦᠯᠭᠡ ︵2019 ᠣᠨ — 2025 ᠣᠨ︶︾ ᠵᠡᠷᠭᠡ ᠶᠢ ᠦᠨᠳᠦᠰᠦᠯᠡᠨ᠂ ᠪᠣᠳᠠᠲᠠᠶ ᠲᠠᠢ ᠪᠠᠨ ᠤᠶᠠᠯᠳᠤᠭᠤᠯᠤᠨ᠂ ᠳᠣᠤᠷᠠᠬᠢ ᠮᠡᠲᠦ ᠵᠢᠯᠣᠭᠤᠳᠬᠤ ᠰᠠᠨᠠᠯ ︵ᠳᠣᠷᠣᠭᠰᠢ ︽ᠰᠠᠨᠠᠯ︾ ᠭᠡᠵᠦ ᠲᠣᠪᠴᠢᠯᠠᠨ᠎ᠠ︶ ᠢ ᠳᠤᠷᠠᠳᠤᠨ ᠭᠠᠷᠭᠠᠪᠠ᠃  ᠨᠢᠭᠡ᠂ ᠵᠢᠯᠣᠭᠤᠳᠬᠤ ᠦᠵᠡᠯ ᠰᠠᠨᠠᠭ᠎ᠠ  ᠰᠢ ᠶᠢᠨ ᠫᠢᠩ ᠤᠨ ᠰᠤᠶᠤᠯ ᠤᠨ ᠦᠵᠡᠯ ᠰᠠᠨᠠᠭ᠎ᠠ ᠶᠢ ᠭᠦᠨᠵᠡᠬᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠦ᠂ ᠠᠷᠠᠳ ᠲᠦᠮᠡᠨ ᠢᠶᠠᠷ ᠭᠤᠤᠯ ᠪᠤᠯᠭᠠᠬᠤ ᠭᠦᠭᠵᠢᠯᠳᠡ ᠶᠢᠨ ᠦᠵᠡᠯ ᠰᠠᠨᠠᠭ᠎ᠠ ᠶᠢ ᠪᠠᠷᠢᠮᠳᠠᠯᠠᠨ᠂ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠭᠦᠭᠵᠢᠯᠳᠡ ᠶᠢᠨ ᠰᠢᠨ᠎ᠠ ᠬᠠᠨᠳᠤᠰᠢ ᠳᠤ ᠵᠤᠬᠢᠴᠠᠭᠤᠯᠤᠨ᠂ ᠷᠠᠳᠢᠤ᠋ ᠲᠧᠯᠸᠢᠰ ᠤᠨ ᠭᠦᠭᠵᠢᠯᠳᠡ ᠶᠢᠨ ᠰᠢᠨ᠎ᠠ ᠡᠭᠦᠷᠬᠡ ᠶᠢᠨ ᠲᠤᠭᠤᠷᠢᠨ ᠳᠤ ︽ᠲᠦᠷᠢᠮ ᠤᠨ ᠵᠢᠷᠤᠮᠵᠢᠭᠤᠨ᠂ ᠲᠤᠨᠨᠳᠠᠴᠠ ᠶᠢᠨ ᠠᠵᠢᠯᠯᠠᠭᠠᠨ᠂ ᠮᠡᠷᠬᠡᠵᠢᠯ ᠤᠨ ᠪᠠᠷᠢᠮᠵᠢᠶ᠎ᠠ᠂ ᠰᠤᠳᠤᠯᠤᠨ ᠮᠠᠭᠠᠳᠯᠠᠵᠦ ᠵᠠᠳᠠᠯᠬᠤ᠂ ᠪᠠᠴᠢᠮ ᠪᠠᠶᠢᠳᠠᠯ ᠢ ᠠᠷᠭᠠᠴᠠᠭᠠᠨ ᠰᠶᠢᠳᠪᠦᠷᠢᠯᠡᠬᠦ︾ ᠬᠢᠨᠠᠨ ᠬᠡᠮᠵᠢᠵᠦ ᠬᠢᠨᠠᠨ ᠬᠠᠮᠢᠶᠠᠷᠬᠤ ᠲᠣᠭᠲᠠᠯᠴᠠᠭ᠎ᠠ ᠶᠢ ᠴᠢᠷᠮᠠᠶᠢᠨ ᠪᠠᠶᠢᠭᠤᠯᠵᠦ᠂ ᠬᠢᠨᠠᠨ ᠬᠡᠮᠵᠢᠵᠦ ᠬᠢᠨᠠᠨ ᠬᠠᠮᠢᠶᠠᠷᠬᠤ ᠰᠢᠰᠲ᠋ᠧᠮ ᠤᠨ ᠰᠦᠯᠵᠢᠶᠡᠵᠢᠯᠳᠡ᠂ ᠤᠶᠤᠨᠴᠢᠯᠠᠯᠳᠠ᠂ ᠬᠠᠮᠵᠢᠯᠴᠠᠭᠤᠯᠬᠤ ᠬᠢᠷᠢ ᠬᠡᠮᠵᠢᠶ᠎ᠡ ᠶᠢ ᠲᠠᠰᠤᠷᠠᠯᠳᠠ ᠦᠬᠡᠢ ᠲᠡᠬᠡᠭᠰᠢᠯᠡᠬᠦᠯᠦᠨ᠂ ᠬᠢᠨᠠᠨ ᠬᠡᠮᠵᠢᠵᠦ ᠬᠢᠨᠠᠨ ᠬᠠᠮᠢᠶᠠᠷᠬᠤ ᠬᠠᠮᠵᠢᠯᠴᠠᠬᠤ ᠠᠵᠢᠯᠯᠠᠭᠠᠨ ᠤ ᠭᠦᠴᠦᠨ ᠢ ᠭᠦᠢᠴᠡᠳ ᠪᠠᠳᠠᠷᠠᠭᠤᠯᠤᠨ᠂ ᠬᠢᠨᠠᠨ ᠬᠡᠮᠵᠢᠵᠦ ᠬᠢᠨᠠᠨ ᠬᠠᠮᠢᠶᠠᠷᠬᠤ ᠬᠠᠮᠵᠢᠯᠴᠠᠨ ᠠᠵᠢᠯᠯᠠᠬᠤ ᠭᠦᠴᠦᠨ ᠴᠢᠳᠠᠪᠤᠷᠢ ᠶᠢ ᠲᠡᠬᠡᠭᠰᠢᠯᠡᠬᠦᠯᠦᠨ᠂ ᠬᠤᠤᠷ ᠭᠦᠨᠦᠬᠡᠯ ᠲᠠᠢ ᠮᠡᠳᠡᠭᠡ ᠵᠠᠩᠬᠢ ᠪᠠ ᠰᠢᠰᠲ᠋ᠧᠮ ᠤᠨ ᠰᠠᠭᠠᠳ ᠭᠠᠷᠬᠤ ᠠᠰᠠᠭᠤᠳᠠᠯ ᠢ ᠴᠠᠭ ᠲᠤᠬᠠᠢ ᠳᠤ ᠨᠢ ᠢᠯᠡᠷᠡᠬᠦᠯᠦᠨ᠂ ᠤᠷᠢᠳᠴᠢᠯᠠᠨ ᠰᠡᠷᠡᠮᠵᠢᠯᠡᠭᠦᠯᠵᠦ᠂ ᠰᠶᠢᠳᠪᠦᠷᠢᠯᠡᠵᠦ᠂ ᠷᠠᠳᠢᠤ᠋ ᠲᠧᠯᠸᠢᠰ ᠪᠠ ᠰᠦᠯᠵᠢᠶᠡᠨ ᠤ ᠦᠵᠡᠵᠦ ᠰᠤᠨᠤᠰᠬᠤ ᠶᠢᠨ ᠴᠢᠨᠠᠷ ᠰᠠᠶᠢᠳᠠᠢ ᠰᠢᠨ᠎ᠠ ᠶᠢ ᠡᠭᠦᠳᠬᠦ ᠴᠢᠨᠠᠷᠳᠠᠢ ᠭᠦᠭᠵᠢᠯᠳᠡ ᠶᠢ ᠪᠠᠲᠤᠯᠠᠨ᠎ᠠ᠃  ᠬᠤᠶᠠᠷ᠂ ᠦᠨᠳᠦᠰᠦᠨ ᠵᠠᠷᠴᠢᠮ  ᠨᠢᠭᠡ ᠳᠤ ᠂ ᠲᠡᠷᠢᠭᠦᠨ ᠤ ᠴᠢᠨᠠᠷᠲᠠᠢ ᠵᠠᠷᠴᠢᠮ ᠢ ᠪᠠᠷᠢᠮᠲᠠᠯᠠᠨ᠎ᠠ᠃ ᠲᠥᠯᠥᠭᠡᠯᠡᠭᠴᠢᠳ ᠤᠨ ᠭᠤᠣᠯ ᠤᠷᠤᠰᠬᠠᠯ ᠤᠨ ᠬᠥᠭᠵᠢᠯᠲᠡ ᠶᠢᠨ ᠴᠢᠭᠯᠡᠯ ᠤᠨ ᠮᠡᠷᠭᠡᠵᠢᠯ ᠤᠨ ᠰᠢᠰᠲ᠋ᠧᠮ ᠤᠨ ᠪᠦᠲᠦᠴᠡ ᠶᠢ ᠬᠡᠷᠡᠭᠯᠡᠵᠦ᠂ ᠰᠢᠨ᠎ᠡ ᠮᠡᠷᠭᠡᠵᠢᠯ᠂ ᠰᠢᠨ᠎ᠡ ᠦᠢᠯᠡᠳᠬᠦᠨ᠂ ᠰᠢᠨ᠎ᠡ ᠡᠵᠡᠩᠨᠡᠯᠲᠡ ᠶᠢᠨ ᠪᠠᠶᠢᠳᠠᠯ ᠢ ᠬᠢᠨᠠᠨ ᠬᠡᠮᠵᠢᠵᠦ ᠬᠢᠨᠠᠨ ᠬᠠᠮᠢᠶᠠᠷᠬᠤ ᠰᠢᠰᠲ᠋ᠧᠮ ᠤᠨ ᠪᠦᠲᠦᠭᠡᠨ ᠪᠠᠶᠢᠭᠤᠯᠤᠯᠲᠠ ᠳᠤᠮᠳᠠᠬᠢ ᠬᠡᠷᠡᠭᠯᠡᠯᠲᠡ ᠶᠢ ᠠᠬᠢᠭᠤᠯᠵᠤ᠂ ᠠᠶᠢᠮᠠᠭ ᠬᠤᠲᠠ ᠶᠢᠨ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠬᠢᠨᠠᠨ ᠬᠡᠮᠵᠢᠵᠦ ᠬᠢᠨᠠᠨ ᠬᠠᠮᠢᠶᠠᠷᠬᠤ ᠴᠢᠳᠠᠪᠤᠷᠢ ᠪᠠ ᠲᠦᠪᠰᠢᠨ ᠢ ᠳᠡᠭᠡᠭᠰᠢᠯᠡᠭᠦᠯᠦᠨ᠎ᠡ᠃  ᠬᠤᠶᠠᠷ ᠲᠤ ᠂ ᠵᠢᠷᠤᠮᠵᠢᠯ ᠤᠨ ᠴᠢᠨᠠᠷᠲᠠᠶ ᠵᠠᠷᠴᠢᠮ ᠢ ᠪᠠᠷᠢᠮᠲᠠᠯᠠᠨ᠎ᠠ᠃ ᠤᠯᠤᠰ ᠤᠨ ᠬᠤᠯᠪᠣᠭᠳᠠᠯ ᠪᠥᠬᠦᠶ ᠮᠡᠷᠭᠡᠵᠢᠯ ᠤᠨ ᠪᠠᠷᠢᠮᠵᠢᠶ᠎ᠠ ᠪᠠ ᠠᠵᠢᠯ ᠲᠥᠷᠥᠯ ᠤᠨ ᠵᠢᠷᠤᠮᠵᠢᠯ ᠶᠣᠰᠣᠭᠠᠷ᠂ ᠳ᠋ᠠᠶᠢᠲ᠋ᠠ ᠶᠢᠨ ᠵᠠᠯᠭᠠᠭᠠᠰᠤ ᠶᠢᠨ ᠬᠡᠯᠡᠯᠴᠡᠭᠡᠷ ᠢ ᠪᠠᠷᠢᠮᠵᠢᠶᠠᠵᠢᠭᠤᠯᠬᠤ ᠵᠡᠷᠭᠡ ᠠᠷᠭ᠎ᠠ ᠪᠠᠷᠢᠯ ᠢᠶᠠᠷ ᠳᠠᠮᠵᠢᠭᠤᠯᠤᠨ᠂ ᠭᠤᠤᠯ ᠤᠷᠤᠰᠬᠠᠯ ᠤᠨ ᠲᠥᠬᠦᠭᠡᠷᠦᠮᠵᠢ ᠪᠠ ᠣᠲᠣ ᠶᠢᠨ ᠪᠠᠶᠢᠭ᠎ᠠ ᠲᠥᠬᠦᠭᠡᠷᠦᠮᠵᠢ ᠶᠢ ᠪᠥᠬᠦ ᠲᠠᠯ᠎ᠠ ᠪᠠᠷ ᠵᠣᠬᠢᠴᠠᠭᠤᠯᠤᠨ᠂ ᠡᠯ᠎ᠡ ᠱᠠᠲᠤᠨ ᠤ ᠬᠢᠨᠠᠨ ᠬᠡᠮᠵᠢᠵᠦ ᠬᠢᠨᠠᠨ ᠬᠠᠮᠢᠶᠠᠷᠬᠤ ᠲᠠᠪᠴᠠᠩ ᠤᠨ ᠬᠢᠨᠠᠨ ᠬᠡᠮᠵᠢᠭᠰᠡᠨ ᠲᠤᠭ᠎ᠠ ᠪᠠᠷᠢᠮᠲᠠ ᠶᠢᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ ᠪᠡᠶᠡᠯᠡᠭᠦᠯᠦᠨ᠎ᠡ᠃  ᠭᠤᠷᠪᠠ ᠳᠤ᠂ ᠥᠷᠭᠡᠳᠭᠡᠯ ᠤᠨ ᠴᠢᠨᠠᠷᠲᠠᠢ ᠵᠠᠷᠴᠢᠮ ᠢ ᠪᠠᠷᠢᠮᠲᠠᠯᠠᠨ᠎ᠠ᠃ ᠬᠡᠰᠡᠭᠴᠢᠯᠡᠭᠰᠡᠨ ᠵᠢᠷᠤᠭ ᠲᠥᠯᠥᠪᠯᠡᠭᠡ ᠪᠣᠯᠤᠨ ᠲᠠᠷᠬᠠᠮᠠᠯ ᠪᠦᠲᠦᠴᠡ ᠶᠢ ᠬᠡᠷᠡᠭᠯᠡᠨ᠂ ᠬᠢᠨᠠᠨ ᠬᠡᠮᠵᠢᠵᠦ ᠬᠢᠨᠠᠨ ᠬᠠᠮᠢᠶᠠᠷᠬᠤ ᠰᠢᠰᠲ᠋ᠧᠮ ᠢ ᠥᠷᠭᠡᠳᠬᠡᠬᠦ ᠰᠠᠶᠢᠨ ᠰᠠᠶᠢᠬᠠᠨ ᠴᠢᠳᠠᠮᠵᠢ ᠲᠠᠢ ᠪᠣᠯᠭᠠᠵᠤ᠂ ᠰᠢᠨ᠎ᠡ ᠪᠠᠷ ᠨᠡᠮᠡᠭᠳᠡᠭᠰᠡᠨ ᠲᠥᠬᠦᠭᠡᠷᠦᠮᠵᠢ ᠪᠣᠯᠤᠨ ᠲᠤᠬᠠᠶᠢᠯᠠᠭᠰᠠᠨ ᠠᠵᠢᠯ ᠢ ᠥᠷᠭᠡᠳᠬᠡᠬᠦ ᠬᠡᠷᠡᠭᠴᠡᠭᠡ ᠱᠠᠭᠠᠷᠳᠠᠯᠭ᠎ᠠ ᠳᠤ ᠵᠣᠬᠢᠴᠠᠭᠤᠯᠤᠨ᠂ ᠬᠢᠨᠠᠨ ᠬᠡᠮᠵᠢᠵᠦ ᠬᠢᠨᠠᠨ ᠬᠠᠮᠢᠶᠠᠷᠬᠤ ᠠᠵᠢᠯ ᠤᠨ ᠤᠷᠲᠤ ᠬᠤᠭᠤᠴᠠᠭᠠᠨ ᠤ ᠬᠥᠭᠵᠢᠯᠲᠡ ᠶᠢᠨ ᠱᠠᠭᠠᠷᠳᠠᠯᠭ᠎ᠠ ᠶᠢ ᠬᠠᠩᠭᠠᠨ᠎ᠠ᠃  ᠲᠦᠷᠪᠡ ᠳᠤ᠂ ᠠᠶᠤᠯᠭᠦᠶ ᠶᠢᠨ ᠴᠢᠨᠠᠷᠲᠠᠢ ᠵᠠᠷᠴᠢᠮ ᠢ ᠪᠠᠷᠢᠮᠲᠠᠯᠠᠨ᠎ᠠ᠃ ᠬᠢᠨᠠᠨ ᠬᠡᠮᠵᠢᠵᠦ ᠬᠢᠨᠠᠨ ᠬᠠᠮᠢᠶᠠᠷᠬᠤ ᠰᠢᠰᠲ᠋ᠧᠮ ᠤᠨ ᠳᠣᠲᠣᠭᠠᠳᠤ ᠳᠤ ᠵᠣᠬᠢᠴᠠᠩᠭᠤᠶ ᠠᠮᠤᠷ ᠲᠦᠪᠰᠢᠨ ᠤ ᠠᠷᠭ᠎ᠠ ᠪᠣᠳᠣᠯᠭ᠎ᠠ ᠶᠢ ᠪᠠᠶᠢᠷᠢᠯᠠᠭᠤᠯᠬᠤ ᠪᠠᠷ ᠳᠠᠮᠵᠢᠭᠤᠯᠤᠨ᠂ ᠰᠢᠰᠲ᠋ᠧᠮ ᠤᠨ ᠢᠯᠡᠭᠦᠳᠡᠯ᠂ ᠲᠤᠭ᠎ᠠ ᠪᠠᠷᠢᠮᠲᠠ ᠶᠢ ᠲᠤᠰᠠᠭᠠᠷᠯᠠᠬᠤ᠂ ᠲᠤᠰᠠᠭᠠᠷ ᠠᠵᠢᠯᠯᠠᠭᠤᠯᠬᠤ ᠵᠡᠷᠭᠡ ᠠᠷᠭ᠎ᠠ ᠬᠡᠯᠪᠡᠷᠢ ᠶᠢ ᠬᠡᠷᠡᠭᠯᠡᠵᠦ᠂ ᠪᠡᠯᠡᠳᠬᠡᠮᠵᠢ ᠶᠢᠨ ᠠᠮᠤᠷ ᠲᠦᠪᠰᠢᠨ᠂ ᠲᠤᠭ᠎ᠠ ᠪᠠᠷᠢᠮᠲᠠ ᠶᠢᠨ ᠠᠮᠤᠷ ᠲᠦᠪᠰᠢᠨ᠂ ᠠᠵᠢᠯᠯᠠᠭᠠᠨ ᠤ ᠠᠮᠤᠷ ᠲᠦᠪᠰᠢᠨ᠂ ᠰᠦᠯᠵᠢᠶᠡᠨ ᠤ ᠠᠮᠤᠷ ᠲᠦᠪᠰᠢᠨ ᠢ ᠪᠡᠶᠡᠯᠡᠭᠦᠯᠦᠨ᠎ᠡ᠃  ᠭᠤᠷᠪᠠ᠂ ᠪᠦᠲᠦᠭᠡᠨ ᠪᠠᠶᠢᠭᠤᠯᠤᠯᠲᠠ ᠶᠢᠨ ᠬᠠᠷᠠᠯᠲᠠ  ᠠᠶᠢᠮᠠᠭ ᠬᠤᠲᠠ ᠶᠢᠨ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠬᠢᠨᠠᠨ ᠬᠡᠮᠵᠢᠵᠦ ᠬᠢᠨᠠᠨ ᠬᠠᠮᠢᠶᠠᠷᠬᠤ ᠰᠢᠰᠲ᠋ᠧᠮ ᠢ ᠪᠠᠶᠢᠭᠤᠯᠤᠨ ᠪᠦᠷᠢᠨᠰᠢᠬᠦᠯᠵᠦ᠂ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠬᠢᠨᠠᠨ ᠬᠡᠮᠵᠢᠵᠦ ᠬᠢᠨᠠᠨ ᠬᠠᠮᠢᠶᠠᠷᠬᠤ ᠬᠢᠷᠢ ᠬᠡᠮᠵᠢᠶ᠎ᠡ ᠶᠢ ᠦᠨᠡᠨ ᠬᠦ ᠳᠡᠭᠡᠭᠰᠢᠯᠡᠭᠦᠯᠦᠨ᠂ ᠠᠵᠢᠯ ᠲᠥᠷᠥᠯ ᠤᠨ ᠵᠠᠰᠠᠯᠲᠠ ᠶᠢᠨ ᠲᠣᠭᠲᠠᠯᠴᠠᠭ᠎ᠠ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠤᠨ᠎ᠠ᠃  ︵ᠨᠢᠭᠡ︶ ᠡᠬᠢ ᠪᠠᠶᠠᠯᠢᠭ ᠢ ᠬᠠᠮᠲᠤ ᠪᠠᠷ ᠭᠦᠷᠳᠡᠬᠦ᠂ ᠬᠠᠷᠢᠯᠴᠠᠨ ᠬᠤᠯᠪᠤᠭᠠᠯᠠᠵᠦ ᠬᠠᠷᠢᠯᠴᠠᠨ ᠨᠡᠪᠳᠡᠷᠡᠯᠴᠡᠬᠦ᠂ ᠤᠶᠤᠨᠴᠢ ᠬᠠᠮᠵᠢᠯᠴᠬᠠᠰᠠᠨ ᠬᠢᠨᠠᠨ  ᠬᠡᠮᠵᠢᠵᠦ ᠬᠢᠨᠠᠨ ᠬᠠᠮᠢᠶᠠᠷᠬᠤ ᠰᠢᠰᠲ᠋ᠧᠮ ᠢ ᠪᠠᠶᠢᠭᠤᠯᠵᠦ᠂ ᠮᠡᠳᠡᠭᠡ ᠵᠠᠩᠬᠢᠵᠢᠯᠳᠠ ᠶᠢᠨ ᠮᠡᠷᠬᠡᠵᠢᠯ ᠤᠨ ᠠᠷᠭ᠎ᠠ ᠪᠠᠷᠢᠯ ᠢ ᠠᠰᠢᠨᠨᠯᠠᠨ᠂ ᠷᠠᠳᠢᠤ᠋ ᠲᠧᠯᠸᠢᠰ ᠪᠠ ᠲᠤᠤᠷ ᠰᠦᠯᠵᠢᠶ᠎ᠡ ᠶᠢᠨ ᠦᠵᠡᠵᠦ ᠰᠤᠨᠤᠰᠬᠤ ᠠᠳᠠᠯᠢ ᠪᠤᠰᠤ ᠵᠠᠭᠤᠴᠢᠯᠠᠭᠤᠷ ᠤᠨ ᠬᠡᠯᠪᠡᠷᠢ ᠶᠢᠨ ᠲᠠᠮᠵᠢᠭᠤᠯᠬᠤ ᠦᠷ᠎ᠡ ᠪᠦᠳᠦᠮᠵᠢ᠂ ᠲᠠᠮᠵᠢᠭᠤᠯᠬᠤ ᠠᠭᠤᠯᠭ᠎ᠠ ᠶᠢ ᠬᠢᠨᠠᠨ ᠬᠠᠮᠢᠶᠠᠷᠬᠤ ᠶᠢ ᠪᠡᠶᠡᠯᠡᠬᠦᠯᠦᠨ᠎ᠠ᠃  ︵ᠬᠤᠶᠠᠷ︶ ᠲᠥᠯᠥᠪᠵᠢᠭᠦᠯᠦᠨ ᠪᠠᠶᠢᠷᠢᠯᠠᠭᠤᠯᠬᠤ ᠶᠢ ᠴᠢᠩᠭᠠᠷᠠᠭᠤᠯᠵᠤ᠂ ᠬᠠᠮ ᠵᠠᠭᠤᠴᠢᠯᠠᠭᠤᠷ᠂ ᠪᠥᠬᠦ ᠡᠵᠡᠩᠨᠡᠯᠲᠡ ᠶᠢᠨ ᠬᠡᠯᠪᠡᠷᠢ ᠶᠢᠨ ᠬᠢᠨᠠᠨ ᠬᠡᠮᠵᠢᠵᠦ ᠬᠢᠨᠠᠨ ᠬᠠᠮᠢᠶᠠᠷᠬᠤ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢ ᠠᠯᠬᠤᠮ ᠠᠯᠬᠤᠮ ᠢᠶᠠᠷ ᠠᠬᠢᠭᠤᠯᠵᠤ᠂ ︽ᠲᠤᠬᠠᠶᠢᠯᠠᠭᠰᠠᠨ ᠠᠵᠢᠯ ᠢ ᠬᠠᠮᠢᠭ᠎ᠠ ᠬᠦᠷᠲᠡᠯ᠎ᠡ ᠤᠷᠲᠤᠳᠬᠠᠪᠠᠯ ᠬᠢᠨᠠᠨ ᠬᠡᠮᠵᠢᠵᠦ ᠬᠢᠨᠠᠨ ᠬᠠᠮᠢᠶᠠᠷᠬᠤ ᠶᠢ ᠲᠡᠨᠳᠡ ᠬᠦᠷᠲᠡᠯ᠎ᠡ ᠪᠦᠷᠬᠦᠭᠦᠯᠬᠦ︾ ᠶᠢ ᠪᠡᠶᠡᠯᠡᠭᠦᠯᠦᠨ᠎ᠡ᠃  ︵ᠭᠤᠷᠪᠠ︶ ᠬᠢᠨᠠᠨ ᠬᠡᠮᠵᠢᠵᠦ ᠬᠢᠨᠠᠨ ᠬᠠᠮᠢᠶᠠᠷᠬᠤ ᠦᠷ᠎ᠡ ᠳ᠋ᠦᠩ ᠤᠨ ᠬᠡᠷᠡᠭᠯᠡᠯᠲᠡ ᠶᠢ ᠴᠢᠩᠭᠠᠷᠠᠭᠤᠯᠵᠤ᠂ ᠷᠠᠳᠢᠣ᠋ ᠲᠧᠯᠸᠢᠰ ᠪᠣᠯᠤᠨ ᠰᠦᠯᠵᠢᠶᠡᠨ ᠤ ᠦᠵᠡᠵᠦ ᠰᠣᠨᠣᠰᠬᠤ ᠠᠵᠢᠯ ᠲᠥᠷᠥᠯ ᠤᠨ ᠵᠠᠰᠠᠯᠲᠠ ᠳᠤᠮᠳᠠᠬᠢ ᠬᠢᠨᠠᠨ ᠬᠡᠮᠵᠢᠵᠦ ᠬᠢᠨᠠᠨ ᠬᠠᠮᠢᠶᠠᠷᠬᠤ ᠪᠠᠲᠤᠯᠠᠭ᠎ᠠ ᠶᠢᠨ ᠴᠢᠨᠠᠷᠲᠠᠶ ᠦᠢᠯᠡᠳᠦᠯ ᠢ ᠭᠦᠢᠴᠡᠳ ᠪᠠᠳᠠᠷᠠᠭᠤᠯᠤᠨ᠎ᠠ᠃  ᠳᠥᠷᠪᠡ᠂ ᠬᠡᠷᠡᠭᠯᠡᠬᠦ ᠬᠡᠪᠴᠢᠶ᠎ᠡ  ᠲᠣᠰ ︽ᠰᠠᠨᠠᠯ︾ ᠨᠢ ᠪᠥᠬᠦ ᠣᠷᠣᠨ ᠤ ᠡᠯ᠎ᠡ ᠠᠶᠢᠮᠠᠭ ᠬᠤᠲᠠ ᠶᠢᠨ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠬᠢᠨᠠᠨ ᠬᠡᠮᠵᠢᠵᠦ ᠬᠢᠨᠠᠨ ᠬᠠᠮᠢᠶᠠᠷᠬᠤ ᠰᠢᠰᠲ᠋ᠧᠮ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠭᠳᠡᠨ᠎ᠡ᠃  ᠲᠠᠪᠤ᠂ ᠬᠢᠨᠠᠨ ᠬᠡᠮᠵᠢᠵᠦ ᠬᠢᠨᠠᠨ ᠬᠠᠮᠢᠶᠠᠷᠬᠤ ᠰᠢᠰᠲ᠋ᠧᠮ ᠤᠨ ᠴᠢᠳᠠᠮᠵᠢ  ᠡᠯ᠎ᠡ ᠠᠶᠢᠮᠠᠭ ᠬᠤᠲᠠ ᠶᠢᠨ ᠷᠠᠳᠢᠣ᠋ ᠲᠧᠯᠸᠢᠰ ᠪᠣᠯᠤᠨ ᠰᠦᠯᠵᠢᠶᠡᠨ ᠤ ᠦᠵᠡᠵᠦ ᠰᠣᠨᠣᠰᠬᠤ ᠬᠢᠨᠠᠨ ᠬᠡᠮᠵᠢᠵᠦ ᠬᠢᠨᠠᠨ ᠬᠠᠮᠢᠶᠠᠷᠬᠤ ᠰᠢᠰᠲ᠋ᠧᠮ ᠨᠢ ᠲᠤᠰ ᠱᠠᠲᠤᠨ ᠤ ᠪᠠ ᠬᠠᠷᠢᠶ᠎ᠠ ᠬᠤᠰᠢᠭᠤ᠂ ᠰᠢᠶᠠᠨ᠂ ᠲᠣᠭᠤᠷᠢᠭ ᠤᠨ ᠷᠠᠳᠢᠣ᠋ ᠲᠧᠯᠸᠢᠰ ᠪᠣᠯᠤᠨ ᠰᠦᠯᠵᠢᠶᠡᠨ ᠤ ᠦᠵᠡᠵᠦ ᠰᠣᠨᠣᠰᠬᠤ ᠬᠢᠨᠠᠨ ᠬᠡᠮᠵᠢᠵᠦ ᠬᠢᠨᠠᠨ ᠬᠠᠮᠢᠶᠠᠷᠬᠤ ᠶᠢ ᠪᠡᠶᠡᠯᠡᠭᠦᠯᠦᠨ᠎ᠡ᠃  ︵ᠨᠢᠭᠡ︶ ᠤᠲᠠᠰᠤ ᠦᠭᠡᠢ ᠷᠠᠳᠢᠣ᠋ ᠲᠧᠯᠸᠢᠰ ᠤᠨ ᠬᠢᠨᠠᠨ ᠬᠡᠮᠵᠢᠯᠲᠡ  ᠷᠠᠳᠢᠣ᠋ ᠨᠡᠪᠲᠡᠷᠡᠭᠦᠯᠭᠡ ᠲᠧᠯᠸᠢᠰ ᠤᠨ ᠬᠢᠨᠠᠨ ᠬᠡᠮᠵᠢᠬᠦ ᠰᠢᠰᠲ᠋ᠧᠮ ᠢ ᠪᠦᠲᠦᠭᠡᠨ ᠪᠠᠶᠢᠭᠤᠯᠤᠨ᠎ᠠ᠃ ᠷᠠᠳᠢᠣ᠋ ᠨᠡᠪᠲᠡᠷᠡᠭᠦᠯᠭᠡ ᠲᠧᠯᠸᠢᠰ ᠤᠨ ᠳᠠᠮᠵᠢᠭᠤᠯᠤᠨ ᠪᠦᠷᠬᠦᠭᠦᠯᠬᠦ ᠲᠣᠤᠷ ᠤᠨ ᠳᠣᠬᠢᠶ᠎ᠠ ᠶᠢ ᠴᠠᠭ ᠲᠤᠬᠠᠶ ᠳᠤ ᠨᠢ ᠴᠤᠭᠯᠠᠭᠤᠯᠵᠤ᠂ ᠷᠠᠳᠢᠣ᠋ ᠲᠧᠯᠸᠢᠰ ᠤᠨ ᠳᠠᠮᠵᠢᠭᠤᠯᠤᠨ ᠪᠦᠷᠬᠦᠭᠦᠯᠬᠦ ᠰᠦᠯᠵᠢᠶᠡᠨ ᠤ ᠳᠠᠪᠲᠠᠮᠵᠢ ᠶᠢ ᠬᠡᠷᠡᠭᠯᠡᠵᠦ ᠪᠠᠶᠢᠭ᠎ᠠ ᠪᠠᠶᠢᠳᠠᠯ᠂ ᠫᠷᠤᠭ᠍ᠷᠠᠮ ᠤᠨ ᠨᠡᠪᠲᠡᠷᠡᠭᠦᠯᠭᠡ ᠶᠢᠨ ᠶᠠᠰᠤ ᠴᠢᠨᠠᠷ ᠪᠠ ᠦᠷ᠎ᠡ ᠪᠦᠲᠦᠮᠵᠢ ᠶᠢ ᠨᠠᠷᠢᠯᠢᠭ ᠣᠨᠣᠪᠴᠢᠲᠠᠢ ᠪᠠᠷ ᠬᠢᠨᠠᠨ ᠬᠡᠮᠵᠢᠵᠦ᠂ ᠠᠮᠤᠷ ᠲᠦᠪᠰᠢᠨ ᠢᠶᠠᠷ ᠨᠡᠪᠲᠡᠷᠡᠭᠦᠯᠬᠦ ᠪᠠ ᠷᠠᠳᠢᠣ᠋ ᠲᠧᠯᠸᠢᠰ ᠤᠨ ᠳᠠᠪᠲᠠᠮᠵᠢ ᠶᠢ ᠬᠠᠤᠯᠢ ᠪᠤᠰᠤ ᠪᠠᠷ ᠡᠵᠡᠯᠡᠭᠰᠡᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠠᠭ ᠲᠤᠬᠠᠶ ᠳᠤ ᠨᠢ ᠣᠨᠣᠪᠴᠢᠲᠠᠶ ᠮᠠᠭᠠᠳᠯᠠᠨ ᠲᠣᠭᠲᠠᠭᠠᠵᠤ᠂ ᠡᠯ᠎ᠡ ᠱᠠᠲᠤᠨ ᠤ ᠷᠠᠳᠢᠣ᠋ ᠲᠧᠯᠸᠢᠰ ᠤᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠠᠮᠤᠷ ᠲᠦᠪᠰᠢᠨ ᠨᠡᠪᠲᠡᠷᠡᠭᠦᠯᠭᠡ ᠶᠢ ᠬᠢᠨᠠᠨ ᠬᠠᠮᠢᠶᠠᠷᠬᠤ᠂ ᠳᠠᠮᠵᠢᠭᠤᠯᠬᠤ ᠡᠮᠬᠢ ᠳᠢᠭᠯᠢᠮ ᠢ ᠬᠢᠨᠠᠨ ᠬᠠᠮᠢᠶᠠᠷᠬᠤ ᠵᠡᠷᠭᠡ ᠲᠠᠯ᠎ᠠ ᠪᠠᠷ ᠬᠦᠴᠦᠲᠡᠶ ᠲᠤᠯᠭᠠᠭᠤᠷᠢᠯᠠᠯ ᠬᠠᠩᠭᠠᠵᠤ᠂ ᠷᠠᠳᠢᠣ᠋ ᠲᠧᠯᠸᠢᠰ ᠤᠨ ᠫᠷᠤᠭ᠍ᠷᠠᠮ ᠤᠨ ᠠᠮᠤᠷ ᠲᠦᠪᠰᠢᠨ ᠴᠢᠨᠠᠷ ᠰᠠᠶᠢᠲᠠᠶ ᠨᠡᠪᠲᠡᠷᠡᠭᠦᠯᠬᠦ ᠶᠢ ᠦᠨᠡᠨ ᠬᠦ ᠪᠠᠲᠤᠯᠠᠵᠤ᠂ ᠷᠠᠳᠢᠣ᠋ ᠲᠧᠯᠸᠢᠰ ᠤᠨ ᠷᠠᠳᠢᠣ᠋ ᠶᠢᠨ ᠡᠮᠬᠢ ᠳᠢᠭᠯᠢᠮ ᠢ ᠦᠨᠡᠨ ᠬᠦ ᠬᠠᠮᠠᠭᠠᠯᠠᠨ᠎ᠠ᠃  ︵ᠬᠤᠶᠠᠷ︶ ᠤᠲᠠᠰᠤᠲᠤ ᠷᠠᠳᠢᠣ᠋ ᠲᠧᠯᠸᠢᠰ ᠤᠨ ᠬᠢᠨᠠᠨ ᠬᠡᠮᠵᠢᠯᠲᠡ  ᠤᠲᠠᠰᠤᠲᠤ ᠷᠠᠳᠢᠣ᠋ ᠲᠧᠯᠸᠢᠰ ᠤᠨ ᠬᠢᠨᠠᠨ ᠬᠡᠮᠵᠢᠬᠦ ᠰᠢᠰᠲ᠋ᠧᠮ ᠢ ᠪᠦᠲᠦᠭᠡᠨ ᠪᠠᠶᠢᠭᠤᠯᠤᠨ᠎ᠠ᠃ ᠤᠲᠠᠰᠤᠲᠤ ᠷᠠᠳᠢᠣ᠋ ᠲᠧᠯᠸᠢᠰ ᠤᠨ ᠳᠣᠬᠢᠶ᠎ᠠ ᠶᠢ ᠴᠤᠭᠯᠠᠭᠤᠯᠬᠤ᠂ ᠡᠭᠡᠭᠦᠯᠦᠨ ᠳᠠᠮᠵᠢᠭᠤᠯᠬᠤ᠂ ᠬᠠᠳᠠᠭᠠᠯᠠᠬᠤ᠂ ᠵᠠᠳᠠᠯᠬᠤ᠂ ᠰᠢᠢᠳᠪᠦᠷᠢᠯᠡᠬᠦ ᠪᠠᠷ ᠳᠠᠮᠵᠢᠭᠤᠯᠤᠨ᠂ ᠬᠠᠷᠢᠶ᠎ᠠ ᠣᠷᠣᠨ ᠤ ᠳᠣᠲᠣᠷᠠᠬᠢ ᠤᠲᠠᠰᠤᠲᠤ ᠷᠠᠳᠢᠣ᠋ ᠲᠧᠯᠸᠢᠰ ᠤᠨ ᠰᠦᠯᠵᠢᠶᠡᠨ ᠤ ᠮᠡᠷᠭᠡᠵᠢᠯ ᠤᠨ ᠶᠠᠰᠤ ᠴᠢᠨᠠᠷ᠂ ᠲᠤᠬᠠᠶᠢᠯᠠᠭᠰᠠᠨ ᠠᠵᠢᠯ ᠤᠨ ᠡᠮᠬᠢ ᠵᠢᠷᠤᠮ᠂ ᠠᠵᠢᠯᠯᠠᠭᠠᠨ ᠤ ᠪᠠᠶᠢᠳᠠᠯ᠂ ᠠᠮᠤᠷ ᠲᠦᠪᠰᠢᠨ ᠤ ᠪᠠᠶᠢᠳᠠᠯ᠂ ᠠᠵᠢᠯᠯᠠᠭᠤᠯᠵᠤ ᠡᠵᠡᠩᠨᠡᠬᠦ ᠦᠢᠯᠡᠴᠢᠯᠡᠭᠡᠨ ᠤ ᠶᠠᠰᠤ ᠴᠢᠨᠠᠷ ᠢ ᠬᠢᠨᠠᠨ ᠬᠡᠮᠵᠢᠬᠦ ᠶᠢ ᠪᠡᠶᠡᠯᠡᠭᠦᠯᠵᠦ᠂ ᠵᠠᠳᠠᠯᠤᠨ ᠰᠤᠳᠤᠯᠵᠤ ᠮᠠᠭᠠᠳᠯᠠᠬᠤ ᠪᠠ ᠦᠨᠡᠯᠡᠨ ᠵᠢᠱᠢᠵᠦ ᠤᠷᠢᠳᠴᠢᠯᠠᠨ ᠰᠡᠷᠡᠮᠵᠢᠯᠡᠭᠦᠯᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃  ︵ᠭᠤᠷᠪᠠ︶ ᠷᠠᠳᠢᠣ᠋ ᠲᠧᠯᠸᠢᠰ ᠤᠨ ᠫᠷᠦᠭᠷᠡᠮ ᠤᠨ ᠠᠭᠤᠯᠭ᠎ᠠ ᠶᠢᠨ ᠬᠢᠨᠠᠨ ᠬᠡᠮᠵᠢᠯᠲᠡ  ᠷᠠᠳᠢᠣ᠋ ᠲᠧᠯᠸᠢᠰ ᠤᠨ ᠫᠷᠤᠭ᠍ᠷᠠᠮ ᠤᠨ ᠠᠭᠤᠯᠭ᠎ᠠ ᠶᠢᠨ ᠬᠢᠨᠠᠨ ᠬᠡᠮᠵᠢᠬᠦ ᠰᠢᠰᠲ᠋ᠧᠮ ᠢ ᠪᠦᠲᠦᠭᠡᠨ ᠪᠠᠶᠢᠭᠤᠯᠤᠨ᠎ᠠ᠃ ᠷᠠᠳᠢᠤ᠋ ᠲᠧᠯᠸᠢᠰ ᠤᠨ ᠫᠷᠤᠭ᠍ᠷᠠᠮ ︵ᠵᠠᠷ ᠮᠡᠳᠡᠭᠡ ᠶᠢ ᠪᠠᠭᠲᠠᠭᠠᠨ᠎ᠠ︶᠂ ᠭᠤᠤᠯ ᠰᠡᠳᠦᠪᠳᠤ ᠭᠤᠤᠯ ᠱᠤᠭᠤᠮ ᠤᠨ ᠤᠬᠠᠭᠤᠯᠭ᠎ᠠ᠂ ᠰᠤᠨᠢᠨ ᠮᠡᠳᠡᠭᠡᠯᠡᠯ ᠤᠨ ᠬᠢᠨᠠᠨ ᠬᠡᠮᠵᠢᠬᠦ ᠡᠷᠴᠢᠮ ᠢ ᠴᠢᠩᠭᠠᠷᠠᠭᠤᠯᠵᠤ᠂ ᠷᠠᠳᠢᠤ᠋ ᠲᠧᠯᠸᠢᠰ ᠤᠨ ᠠᠭᠤᠯᠭ᠎ᠠ ᠶᠢᠨ ᠠᠮᠤᠷ ᠲᠦᠪᠰᠢᠨ ᠢ ᠪᠠᠳᠤᠯᠠᠬᠤ ᠪᠠ ᠤᠬᠠᠭᠤᠯᠭ᠎ᠠ ᠶᠢᠨ ᠠᠵᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢ ᠪᠠᠲᠤᠯᠠᠨ᠎ᠠ᠃ ᠳᠠᠭᠤ ᠳᠦᠷᠰᠦ ᠰᠢᠩᠭᠡᠭᠡᠯᠲᠡ ᠂ ᠭᠡᠷᠡᠯ ᠵᠢᠷᠤᠭ᠂ ᠢᠯᠭᠠᠬᠤ ᠲᠡᠮᠳᠡᠭ᠂ ᠬᠥᠮᠦᠨ ᠤ ᠨᠢᠭᠤᠷ ᠵᠡᠷᠭᠡ ᠮᠡᠳᠡᠭᠡ ᠵᠠᠩᠭᠢ ᠶᠢ ᠣᠶᠤᠨᠴᠢ ᠪᠠᠷ ᠢᠯᠭᠠᠨ ᠲᠠᠨᠢᠬᠤ ᠮᠡᠷᠭᠡᠵᠢᠯ ᠢ ᠬᠡᠷᠡᠭᠯᠡᠨ᠂ ᠲᠣᠭᠲᠠᠭᠠᠯ ᠠᠴᠠ ᠵᠥᠷᠢᠴᠡᠭᠰᠡᠨ ᠵᠠᠷ ᠮᠡᠳᠡᠭᠡ᠂ ᠲᠣᠭᠲᠠᠭᠠᠯ ᠠᠴᠠ ᠵᠥᠷᠢᠴᠡᠭᠰᠡᠨ ᠫᠷᠤᠭ᠍ᠷᠠᠮ ᠢ ᠬᠢᠨᠠᠨ ᠬᠡᠮᠵᠢᠬᠦ ᠶᠢ ᠪᠡᠶᠡᠯᠡᠭᠦᠯᠵᠦ᠂ ᠲᠧᠯᠸᠢᠰ ᠤᠨ ᠫᠷᠤᠭ᠍ᠷᠠᠮ ᠳᠤ ᠬᠤᠴᠣᠷᠤᠭᠰᠠᠨ ᠨᠣᠶᠠᠳ᠂ ᠮᠠᠭᠤ ᠤᠷᠠᠯᠢᠭᠴᠢᠨ ᠤ ᠵᠢᠷᠤᠭ ᠢ ᠵᠢᠭᠰᠠᠭᠠᠨ ᠪᠠᠶᠢᠴᠠᠭᠠᠨ᠎ᠠ᠃ ᠷᠠᠳᠢᠣ᠋ ᠲᠧᠯᠸᠢᠰ ᠬᠤᠷᠢᠶ᠎ᠠ ᠶᠢᠨ ᠲᠡᠮᠳᠡᠭ᠂ ᠳᠠᠭᠤᠳᠠᠯᠭ᠎ᠠ ᠶᠢᠨ ᠨᠣᠮᠧᠷ ᠢ ᠬᠢᠨᠠᠨ ᠬᠡᠮᠵᠢᠬᠦ ᠶᠢ ᠴᠢᠩᠭᠠᠳᠬᠠᠵᠤ᠂ ᠲᠣᠭᠲᠠᠭᠠᠯ ᠠᠴᠠ ᠵᠦᠷᠢᠴᠡᠭᠰᠡᠨ ᠥᠷᠲᠡᠭᠡ ᠶᠢᠨ ᠲᠡᠮᠳᠡᠭ᠂ ᠳᠠᠭᠤᠳᠠᠯᠭ᠎ᠠ ᠶᠢᠨ ᠨᠣᠮᠧᠷ ᠢ ᠬᠤᠪᠢᠷᠠᠭᠤᠯᠬᠤ ᠦᠢᠯᠡ ᠠᠵᠢᠯᠯᠠᠭ᠎ᠠ ᠶᠢ ᠴᠠᠭ ᠲᠤᠬᠠᠶ ᠳᠤ ᠨᠢ ᠢᠯᠡᠷᠡᠭᠦᠯᠦᠨ᠎ᠡ᠃  ︵ᠲᠦᠷᠪᠡ︶ ᠰᠦᠯᠵᠢᠶᠡᠨ ᠤ ᠦᠵᠡᠵᠦ ᠰᠣᠨᠣᠰᠬᠤ ᠫᠷᠤᠭ᠍ᠷᠠᠮ ᠤᠨ ᠬᠢᠨᠠᠨ ᠬᠡᠮᠵᠢᠯᠲᠡ  ᠰᠦᠯᠵᠢᠶᠡᠨ ᠤ ᠦᠵᠡᠵᠦ ᠰᠣᠨᠣᠰᠬᠤ ᠫᠷᠤᠭ᠍ᠷᠠᠮ ᠤᠨ ᠬᠢᠨᠠᠨ ᠬᠡᠮᠵᠢᠬᠦ ᠰᠢᠰᠲ᠋ᠧᠮ ᠢ ᠪᠦᠲᠦᠭᠡᠨ ᠪᠠᠶᠢᠭᠤᠯᠤᠨ᠎ᠠ᠃ ᠵᠣᠬᠢᠶᠠᠮᠠᠯ ᠣᠶᠤᠨ ᠂ ᠲᠣᠮᠣ ᠳ᠋ᠠᠶᠢᠲ᠋ᠠ ᠶᠢ ᠵᠠᠳᠠᠯᠤᠨ ᠰᠢᠢᠳᠪᠦᠷᠢᠯᠡᠬᠦ ᠵᠡᠷᠭᠡ ᠲᠡᠷᠢᠭᠦᠨ ᠤ ᠮᠡᠷᠭᠡᠵᠢᠯ ᠤᠨ ᠠᠷᠭ᠎ᠠ ᠪᠠᠷᠢᠯ ᠢ ᠭᠦᠢᠴᠡᠳ ᠬᠡᠷᠡᠭᠯᠡᠨ᠂ ᠬᠠᠷᠢᠶ᠎ᠠ ᠣᠷᠣᠨ ᠤ ᠳᠣᠲᠣᠷᠠᠬᠢ ᠦᠵᠡᠵᠦ ᠰᠣᠨᠣᠰᠬᠤ ᠫᠷᠤᠭ᠍ᠷᠠᠮ ᠤᠨ ᠰᠦᠯᠵᠢᠶ᠎ᠡ᠂ ᠦᠵᠡᠵᠦ ᠰᠣᠨᠣᠰᠬᠤ ᠰᠢᠯᠵᠢᠮᠡᠯ ᠬᠡᠷᠡᠭᠯᠡᠭᠴᠢ ᠶᠢᠨ ᠦᠵᠦᠭᠦᠷ ᠪᠠ ᠷᠠᠳᠢᠣ᠋ ᠲᠧᠯᠸᠢᠰ ᠤᠨ ᠨᠡᠪᠲᠡᠷᠡᠭᠦᠯᠬᠦ ᠪᠠᠶᠢᠭᠤᠯᠤᠮᠵᠢ ᠶᠢᠨ ᠡᠷᠭᠢᠯᠡᠭᠰᠡᠨ ᠡᠯ᠎ᠡ ᠲᠥᠷᠥᠯ ᠤᠨ ᠰᠢᠨ᠎ᠡ ᠵᠠᠭᠤᠴᠢᠯᠠᠭᠤᠷ ᠤᠨ ᠲᠠᠪᠴᠠᠩ᠂ ᠲᠠᠩᠰᠠᠨ ᠨᠣᠮᠧᠷ ᠢ ᠬᠢᠨᠠᠨ ᠬᠡᠮᠵᠢᠬᠦ ᠶᠢ ᠪᠡᠶᠡᠯᠡᠭᠦᠯᠵᠦ᠂ ᠫᠷᠤᠭ᠍ᠷᠠᠮ ᠤᠨ ᠳᠠᠮᠵᠢᠭᠤᠯᠭ᠎ᠠ ᠶᠢᠨ ᠲᠤᠭ᠎ᠠ ᠬᠡᠮᠵᠢᠶ᠎ᠡ᠂ ᠬᠥᠳᠡᠯᠦᠩᠭᠦᠶ ᠪᠠᠶᠢᠳᠠᠯ᠂ ᠬᠦᠷᠢᠶ᠎ᠡ ᠬᠡᠪᠴᠢᠶ᠎ᠡ᠂ ᠨᠥᠯᠥᠭᠡ ᠵᠡᠷᠭᠡ ᠪᠠᠶᠢᠳᠠᠯ ᠢ ᠣᠨᠣᠪᠴᠢᠲᠠᠶ ᠡᠵᠡᠮᠰᠢᠨ᠂ ᠰᠦᠯᠵᠢᠶᠡᠨ ᠤ ᠦᠵᠡᠵᠦ ᠰᠣᠨᠣᠰᠬᠤ ᠫᠷᠤᠭ᠍ᠷᠠᠮ ᠤᠨ ᠬᠢᠨᠠᠨ ᠬᠠᠮᠢᠶᠠᠷᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃  ︵ᠲᠠᠪᠤ︶ ᠰᠦᠯᠵᠢᠶᠡᠨ ᠤ ᠠᠮᠤᠷ ᠲᠦᠪᠰᠢᠨ ᠤ ᠬᠢᠨᠠᠨ ᠬᠡᠮᠵᠢᠯᠲᠡ  ᠷᠠᠳᠢᠣ᠋ ᠲᠧᠯᠸᠢᠰ ᠤᠨ ᠰᠦᠯᠵᠢᠶᠡᠨ ᠤ ᠠᠮᠤᠷ ᠲᠦᠪᠰᠢᠨ ᠤ ᠬᠢᠨᠠᠨ ᠬᠡᠮᠵᠢᠬᠦ ᠰᠢᠰᠲ᠋ᠧᠮ ᠢ ᠪᠦᠲᠦᠭᠡᠨ ᠪᠠᠶᠢᠭᠤᠯᠤᠨ᠎ᠠ᠃ ᠬᠠᠷᠢᠶ᠎ᠠ ᠣᠷᠣᠨ ᠤ ᠷᠠᠳᠢᠣ᠋ ᠲᠧᠯᠸᠢᠰ ᠤᠨ ᠫᠷᠤᠭ᠍ᠷᠠᠮ ᠢ ᠦᠢᠯᠡᠳᠬᠦ᠂ ᠨᠡᠪᠲᠡᠷᠡᠭᠦᠯᠬᠦ᠂ ᠳᠠᠮᠵᠢᠭᠤᠯᠬᠤ᠂ ᠬᠢᠨᠠᠨ ᠬᠡᠮᠵᠢᠬᠦ ᠵᠡᠷᠭᠡ ᠭᠤᠭᠴᠤᠭ᠎ᠠ ᠵᠢᠴᠢ ᠬᠤᠯᠪᠣᠭᠳᠠᠯ ᠪᠥᠬᠦᠶ ᠪᠤᠰᠤᠳ ᠴᠢᠬᠤᠯᠠ ᠮᠡᠳᠡᠭᠡ ᠵᠠᠩᠭᠢ ᠶᠢᠨ ᠰᠢᠰᠲ᠋ᠧᠮ ᠤᠨ ᠰᠦᠯᠵᠢᠶᠡᠨ ᠤ ᠠᠮᠤᠷ ᠲᠦᠪᠰᠢᠨ ᠤ ᠬᠢᠨᠠᠨ  ᠬᠡᠮᠵᠢᠯᠲᠡ ᠶᠢ ᠴᠢᠩᠭᠠᠳᠬᠠᠵᠤ᠂ ᠷᠠᠳᠢᠣ᠋ ᠲᠧᠯᠸᠢᠰ ᠤᠨ ᠰᠦᠯᠵᠢᠶ᠎ᠡ ᠪᠠ ᠲᠤᠭ᠎ᠠ ᠪᠠᠷᠢᠮᠲᠠ ᠶᠢᠨ ᠪᠠᠶᠢᠳᠠᠯ ᠢ ᠮᠡᠳᠡᠷᠡᠬᠦ᠂ ᠵᠠᠷᠯᠠᠨ ᠰᠡᠷᠡᠮᠵᠢᠯᠡᠭᠦᠯᠬᠦ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ᠂ ᠲᠦᠭᠰᠢᠭᠦᠷᠢ ᠶᠢ ᠦᠨᠡᠯᠡᠨ ᠵᠢᠱᠢᠬᠦ ᠵᠡᠷᠭᠡ ᠠᠵᠢᠯ ᠢ ᠰᠠᠶᠢᠲᠤᠷ ᠬᠢᠵᠦ᠂ ᠰᠦᠯᠵᠢᠶᠡᠨ ᠤ ᠠᠮᠤᠷ ᠲᠦᠪᠰᠢᠨ ᠤ ᠬᠢᠨᠠᠨ ᠬᠡᠮᠵᠢᠬᠦ ᠴᠢᠳᠠᠪᠤᠷᠢ ᠶᠢ ᠳᠡᠭᠡᠭᠰᠢᠯᠡᠭᠦᠯᠦᠨ᠂ ᠠᠶᠢᠮᠠᠭ ᠬᠤᠲᠠ ᠶᠢᠨ ᠷᠠᠳᠢᠣ᠋ ᠲᠧᠯᠸᠢᠰ ᠤᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠰᠦᠯᠵᠢᠶᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠴᠢᠩᠭᠠᠳᠬᠠᠬᠤ ᠳᠤ ᠬᠦᠴᠦᠲᠡᠶ ᠲᠤᠯᠭᠠᠭᠤᠷᠢᠯᠠᠯ ᠬᠠᠩᠭᠠᠨ᠎ᠠ᠃  ︵ᠵᠢᠷᠭᠤᠭ᠎ᠠ︶ ᠠᠮᠤᠷ ᠲᠦᠪᠰᠢᠨ ᠨᠡᠪᠲᠡᠷᠡᠭᠦᠯᠭᠡ ᠶᠢᠨ ᠲᠣᠬᠢᠷᠠᠭᠤᠯᠭ᠎ᠠ  ᠷᠠᠳᠢᠣ᠋ ᠲᠧᠯᠸᠢᠰ ᠤᠨ ᠠᠮᠤᠷ ᠲᠦᠪᠰᠢᠨ ᠨᠡᠪᠳᠡᠷᠡᠭᠦᠯᠭᠡ ᠶᠢᠨ ᠲᠣᠬᠢᠷᠠᠭᠤᠯᠭ᠎ᠠ ᠶᠢᠨ ᠰᠢᠰᠲ᠋ᠧᠮ ᠢ ᠪᠦᠲᠦᠭᠡᠨ ᠪᠠᠶᠢᠭᠤᠯᠤᠨ᠎ᠠ᠃ ᠷᠠᠳᠢᠣ᠋ ᠲᠧᠯᠸᠢᠰ ᠤᠨ ᠠᠮᠤᠷ ᠲᠦᠪᠰᠢᠨ ᠨᠡᠪᠲᠡᠷᠡᠭᠦᠯᠭᠡ ᠶᠢ ᠵᠢᠯᠣᠭᠤᠳᠤᠨ ᠲᠣᠬᠢᠷᠠᠭᠤᠯᠬᠤ ᠰᠢᠰᠲ᠋ᠧᠮ᠂ ᠠᠮᠤᠷ ᠲᠦᠪᠰᠢᠨ ᠨᠡᠪᠲᠡᠷᠡᠭᠦᠯᠭᠡ ᠶᠢ ᠨᠡᠪᠲᠡᠷᠡᠭᠦᠯᠬᠦ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠨᠡᠶᠢᠲᠡᠯᠡᠬᠦ ᠰᠢᠰᠲ᠋ᠧᠮ᠂ ᠶᠡᠷᠦᠩᠬᠡᠶᠢᠯᠡᠭᠰᠡᠨ ᠵᠢᠵᠢᠭᠦᠷᠯᠡᠨ ᠰᠠᠬᠢᠬᠤ ᠳᠦᠷᠢᠮ᠂ ᠬᠢᠨᠠᠯᠲᠠ ᠲᠠᠯᠪᠢᠵᠤ ᠵᠠᠭᠠᠯᠳᠤᠬᠤ ᠵᠣᠬᠢᠴᠠᠮᠵᠢ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃ ᠲᠦᠷᠭᠡᠨ ᠪᠥᠭᠡᠳ ᠰᠠᠭᠠᠳ ᠦᠭᠡᠢ ᠲᠣᠬᠢᠷᠠᠭᠤᠯᠬᠤ ᠮᠡᠳᠡᠭᠡ ᠵᠠᠩᠭᠢ ᠶᠢᠨ ᠳᠠᠮᠵᠢᠭᠤᠯᠬᠤ ᠰᠦᠯᠵᠢᠶ᠎ᠡ᠂ ᠴᠢᠮᠡᠭᠡ ᠬᠤᠯᠪᠣᠭᠠᠨ ᠤ ᠰᠢᠰᠲ᠋ᠧᠮ ᠢ ᠪᠠᠶᠢᠭᠤᠯᠵᠤ᠂ ᠡᠯ᠎ᠡ ᠱᠠᠲᠤᠨ ᠤ ᠵᠢᠯᠣᠭᠤᠳᠤᠨ ᠲᠣᠬᠢᠷᠠᠭᠤᠯᠬᠤ ᠰᠢᠰᠲ᠋ᠧᠮ ᠯᠦᠭᠡ ᠬᠢᠨᠠᠨ ᠬᠡᠮᠵᠢᠵᠦ ᠬᠢᠨᠠᠨ ᠬᠠᠮᠢᠶᠠᠷᠬᠤ ᠮᠡᠳᠡᠭᠡ ᠵᠠᠩᠭᠢ ᠶᠢ ᠬᠠᠮᠲᠤ ᠪᠠᠷ ᠬᠦᠷᠲᠡᠵᠦ ᠂ ᠪᠠᠴᠢᠮ ᠪᠠᠶᠢᠳᠠᠯ ᠢ ᠠᠷᠭᠠᠴᠠᠭᠠᠬᠤ ᠲᠣᠬᠢᠷᠠᠭᠤᠯᠤᠯᠲᠠ ᠶᠢ ᠴᠠᠭ ᠲᠤᠬᠠᠶ ᠳᠤ ᠨᠢ ᠣᠨᠣᠪᠴᠢᠲᠠᠶ ᠪᠠ ᠥᠨᠳᠥᠷ ᠦᠷ᠎ᠡ ᠪᠦᠲᠦᠮᠵᠢᠲᠡᠶ ᠪᠠᠶᠢᠯᠭᠠᠬᠤ ᠶᠢ ᠦᠨᠡᠨ ᠬᠦ  ᠪᠠᠲᠤᠯᠠᠨ᠎ᠠ᠃ ᠰᠦᠯᠵᠢᠶᠡᠨ ᠤ ᠦᠵᠡᠵᠦ ᠰᠣᠨᠣᠰᠬᠤ ᠪᠠᠴᠢᠮ ᠪᠠᠶᠢᠳᠠᠯ ᠢ ᠠᠷᠭᠠᠴᠠᠭᠠᠨ ᠵᠢᠯᠣᠭᠤᠳᠤᠨ ᠲᠣᠬᠢᠷᠠᠭᠤᠯᠬᠤ ᠵᠣᠬᠢᠴᠠᠮᠵᠢ ᠶᠢ ᠪᠠᠶᠢᠭᠤᠯᠵᠤ᠂ ᠰᠦᠯᠵᠢᠶᠡᠨ ᠤ ᠦᠵᠡᠵᠦ ᠰᠣᠨᠣᠰᠬᠤ ᠪᠠᠴᠢᠮ ᠪᠠᠶᠢᠳᠠᠯ ᠢ ᠠᠷᠭᠠᠴᠠᠭᠠᠨ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠴᠢᠳᠠᠪᠤᠷᠢ ᠶᠢ ᠴᠢᠩᠭᠠᠳᠬᠠᠨ᠎ᠠ᠃  ᠵᠢᠷᠭᠤᠭ᠎ᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ  ︵ᠨᠢᠭᠡ︶ ᠵᠤᠬᠢᠴᠠᠮᠵᠢ ᠶᠢᠨ ᠪᠠᠳᠤᠯᠠᠭ᠎ᠠ  ᠤᠯᠤᠰ ᠪᠠ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠬᠢᠨᠠᠨ ᠬᠠᠮᠢᠶᠠᠷᠬᠤ ᠠᠵᠢᠯ ᠢ ᠴᠢᠩᠭᠠᠳᠬᠠᠬᠤ ᠲᠤᠬᠠᠶ ᠱᠠᠭᠠᠷᠳᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠬᠢᠨᠠᠨ ᠬᠡᠮᠵᠢᠵᠦ ᠬᠢᠨᠠᠨ ᠬᠠᠮᠢᠶᠠᠷᠬᠤ ᠠᠵᠢᠯ ᠤᠨ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠡᠷᠴᠢᠮ ᠢ ᠴᠢᠩᠭᠠᠷᠠᠭᠤᠯᠤᠨ᠎ᠠ᠃ ᠷᠠᠳᠢᠣ᠋ ᠲᠧᠯᠸᠢᠰ ᠪᠣᠯᠤᠨ ᠰᠦᠯᠵᠢᠶᠡᠨ ᠤ ᠦᠵᠡᠵᠦ ᠰᠣᠨᠣᠰᠬᠤ ᠬᠢᠨᠠᠨ ᠬᠡᠮᠵᠢᠵᠦ ᠬᠢᠨᠠᠨ ᠬᠠᠮᠢᠶᠠᠷᠬᠤ ᠪᠠᠶᠢᠭᠤᠯᠤᠮᠵᠢ ᠶᠢᠨ ᠪᠦᠲᠦᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠬᠢᠨᠠᠨ ᠬᠡᠮᠵᠢᠵᠦ ᠬᠢᠨᠠᠨ ᠬᠠᠮᠢᠶᠠᠷᠬᠤ ᠬᠠᠮᠢᠶᠠᠷᠤᠯᠲᠠ ᠶᠢᠨ ᠵᠠᠭᠪᠤᠷ ᠪᠣᠯᠤᠨ ᠠᠵᠢᠯ ᠤᠨ ᠵᠣᠬᠢᠴᠠᠮᠵᠢ ᠶᠢ ᠪᠠᠶᠢᠭᠤᠯᠤᠨ ᠲᠡᠭᠦᠯᠳᠡᠷᠵᠢᠭᠦᠯᠵᠦ᠂ ᠷᠠᠳᠢᠣ᠋ ᠲᠧᠯᠸᠢᠰ ᠪᠣᠯᠤᠨ ᠰᠦᠯᠵᠢᠶᠡᠨ ᠤ ᠦᠵᠡᠵᠦ ᠰᠣᠨᠣᠰᠬᠤ ᠪᠦᠲᠦᠮᠵᠢᠲᠡᠶ ᠬᠢᠨᠠᠨ ᠬᠡᠮᠵᠢᠵᠦ ᠬᠢᠨᠠᠨ ᠬᠠᠮᠢᠶᠠᠷᠬᠤ ᠶᠢ ᠪᠠᠲᠤᠯᠠᠨ᠎ᠠ᠃  ︵ᠬᠤᠶᠠᠷ︶ ᠮᠡᠷᠭᠡᠵᠢᠯ ᠤᠨ ᠪᠠᠲᠤᠯᠠᠭ᠎ᠠ  ᠬᠢᠨᠠᠨ ᠬᠡᠮᠵᠢᠵᠦ ᠬᠢᠨᠠᠨ ᠬᠠᠮᠢᠶᠠᠷᠬᠤ ᠶᠢ ᠪᠦᠲᠦᠭᠡᠨ ᠪᠠᠶᠢᠭᠤᠯᠬᠤ ᠪᠠᠷᠢᠮᠵᠢᠶ᠎ᠠ᠂ ᠮᠡᠷᠭᠡᠵᠢᠯ ᠤᠨ ᠪᠠᠷᠢᠮᠵᠢᠶ᠎ᠠ ᠪᠠ ᠠᠵᠢᠯ ᠲᠥᠷᠥᠯ ᠤᠨ ᠵᠢᠷᠤᠮᠵᠢᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠢᠳᠡᠪᠬᠢᠲᠡᠶ ᠠᠬᠢᠭᠤᠯᠵᠤ᠂ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠬᠢᠨᠠᠨ ᠬᠡᠮᠵᠢᠵᠦ ᠬᠢᠨᠠᠨ ᠬᠠᠮᠢᠶᠠᠷᠬᠤ ᠰᠢᠰᠲ᠋ᠧᠮ ᠤᠨ ᠪᠦᠲᠦᠭᠡᠨ ᠪᠠᠶᠢᠭᠤᠯᠤᠯᠲᠠ᠂ ᠮᠡᠷᠭᠡᠵᠢᠯ ᠤᠨ ᠬᠠᠮᠠᠭᠠᠯᠠᠯᠲᠠ ᠶᠢᠨ ᠪᠠᠷᠢᠮᠵᠢᠶᠠᠵᠢᠭᠤᠯᠤᠯᠲᠠ᠂ ᠵᠢᠷᠤᠮᠵᠢᠭᠤᠯᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠬᠢᠨᠠᠨ ᠬᠡᠮᠵᠢᠵᠦ ᠬᠢᠨᠠᠨ ᠬᠠᠮᠢᠶᠠᠷᠬᠤ ᠠᠵᠢᠯ ᠤᠨ ᠰᠢᠨᠵᠢᠯᠡᠬᠦ ᠤᠬᠠᠭᠠᠨᠴᠢ ᠴᠢᠨᠠᠷ ᠢ ᠳᠡᠭᠡᠭᠰᠢᠯᠡᠭᠦᠯᠦᠨ᠎ᠡ᠃ 5G᠂ ᠡᠭᠦᠯᠡᠨ ᠪᠤᠳᠤᠯᠲᠠ᠂ ᠲᠣᠮᠣ ᠳ᠋ᠠᠶᠢᠲ᠋ᠠ᠂ ᠵᠣᠬᠢᠶᠠᠮᠠᠯ ᠣᠶᠤᠨ ᠂ ᠴᠥᠷᠬᠡᠯᠡᠭᠡ ᠳ᠋ᠠᠶᠢᠲ᠋ᠠ ᠵᠡᠷᠭᠡ ᠰᠢᠨ᠎ᠡ ᠮᠡᠷᠭᠡᠵᠢᠯ ᠤᠨ ᠬᠢᠨᠠᠨ ᠬᠡᠮᠵᠢᠵᠦ ᠬᠢᠨᠠᠨ ᠬᠠᠮᠢᠶᠠᠷᠬᠤ ᠰᠢᠰᠲ᠋ᠧᠮ ᠳᠤ ᠬᠡᠷᠡᠭᠯᠡᠬᠦ ᠶᠢ ᠠᠬᠢᠭᠤᠯᠵᠤ᠂ ᠬᠢᠨᠠᠨ ᠬᠡᠮᠵᠢᠵᠦ ᠬᠢᠨᠠᠨ ᠬᠠᠮᠢᠶᠠᠷᠬᠤ ᠶᠡᠷᠦᠩᠬᠡᠶᠢᠯᠡᠭᠰᠡᠨ ᠪᠣᠳᠠᠲᠤ ᠬᠦᠴᠦᠨ ᠪᠠ ᠮᠡᠷᠭᠡᠵᠢᠯ ᠤᠨ ᠪᠠᠲᠤᠯᠠᠭ᠎ᠠ ᠶᠢᠨ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃  ︵ᠭᠤᠷᠪᠠ︶ ᠴᠢᠳᠠᠪᠤᠷᠢᠳᠠᠨ ᠤ ᠪᠠᠳᠤᠯᠠᠭ᠎ᠠ  ᠴᠢᠳᠠᠪᠤᠷᠢᠲᠠᠨ ᠤ ᠡᠩᠨᠡᠭᠡ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠤᠷᠮᠠᠰᠢᠭᠤᠯᠬᠤ ᠵᠣᠬᠢᠴᠠᠮᠵᠢ ᠶᠢ ᠲᠡᠭᠦᠯᠳᠡᠷᠵᠢᠭᠦᠯᠦᠨ᠂ ᠡᠩᠨᠡᠭᠡ ᠶᠢᠨ ᠢᠳᠡᠪᠬᠢᠵᠢᠯ᠂ ᠰᠠᠨᠠᠭᠠᠴᠢᠯᠠᠭᠠᠲᠤ ᠴᠢᠨᠠᠷ ᠢ ᠳᠠᠶᠢᠴᠢᠯᠠᠵᠤ᠂ ᠬᠢᠨᠠᠨ ᠬᠡᠮᠵᠢᠵᠦ ᠬᠢᠨᠠᠨ ᠬᠠᠮᠢᠶᠠᠷᠬᠤ ᠪᠣᠯᠪᠠᠰᠤᠷᠠᠯ ᠤᠨ ᠲᠦᠷᠢᠮ ᠢ ᠪᠠᠷᠢᠮᠲᠠᠯᠠᠨ ᠲᠡᠭᠦᠯᠳᠡᠷᠵᠢᠭᠦᠯᠵᠦ᠂ ᠲᠣᠰ ᠱᠠᠲᠤᠨ ᠤ ᠬᠢᠨᠠᠨ ᠬᠡᠮᠵᠢᠵᠦ ᠬᠢᠨᠠᠨ ᠬᠠᠮᠢᠶᠠᠷᠬᠤ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠤᠨ ᠣᠨᠴᠠᠯᠢᠭ ᠲᠠᠢ ᠤᠶᠠᠯᠳᠤᠭᠤᠯᠤᠨ᠂ ᠲᠣᠭᠲᠠᠮᠠᠯ ᠬᠤᠭᠤᠴᠠᠭ᠎ᠠ ᠲᠠᠢ ᠪᠠᠷ ᠪᠣᠯᠪᠠᠰᠤᠷᠠᠭᠤᠯᠬᠤ ᠪᠠ ᠴᠠᠭ ᠲᠣᠭᠲᠠᠭᠠᠬᠤ ᠰᠣᠷᠢᠯᠲᠠ ᠶᠢ ᠥᠷᠨᠢᠭᠦᠯᠵᠦ᠂ ᠠᠵᠢᠯᠲᠠᠨ ᠪᠠ ᠰᠢᠰᠲ᠋ᠧᠮ ᠤᠨ ᠲᠦᠷᠭᠡᠨ ᠲᠤᠰᠬᠠᠬᠤ᠂ ᠴᠠᠭ ᠲᠤᠬᠠᠶ ᠳᠤ ᠨᠢ ᠳᠠᠭᠠᠬᠤ ᠶᠢ ᠦᠨᠡᠨ ᠬᠦ ᠪᠠᠲᠤᠯᠠᠵᠤ᠂ ᠬᠢᠨᠠᠨ ᠬᠡᠮᠵᠢᠵᠦ ᠬᠢᠨᠠᠨ ᠬᠠᠮᠢᠶᠠᠷᠬᠤ ᠠᠵᠢᠯ ᠤᠨ ᠥᠨᠳᠥᠷ ᠪᠦᠲᠦᠮᠵᠢᠲᠡᠶ᠂ ᠴᠢᠨᠠᠷ ᠰᠠᠶᠢᠲᠠᠶ ᠥᠷᠨᠢᠬᠦ ᠶᠢ ᠪᠠᠲᠤᠯᠠᠨ᠎ᠠ᠃  ︵ᠲᠦᠷᠪᠡ︶ ᠪᠡᠯᠡ ᠮᠦᠡᠭᠭᠦᠨ ᠤ ᠪᠠᠳᠤᠯᠠᠭ᠎ᠠ  ᠲᠤᠰ ᠱᠠᠲᠤᠨ ᠤ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠯᠦᠭᠡ ᠶᠢᠨ ᠨᠡᠪᠲᠡᠷᠡᠯᠴᠡᠨ ᠵᠣᠬᠢᠴᠠᠭᠤᠯᠬᠤ ᠪᠠᠨ ᠴᠢᠩᠭᠠᠳᠬᠠᠵᠤ᠂ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠳᠡᠮᠵᠢᠯᠭᠡ ᠶᠢ ᠢᠳᠡᠪᠬᠢᠯᠡᠨ ᠣᠯᠵᠤ᠂ ᠬᠢᠨᠠᠨ ᠬᠡᠮᠵᠢᠵᠦ ᠬᠢᠨᠠᠨ ᠬᠠᠮᠢᠶᠠᠷᠬᠤ ᠭᠤᠤᠯᠳᠠᠯᠭ᠎ᠠ ᠲᠠᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠤᠷᠤᠭᠰᠢᠲᠠᠶ ᠬᠡᠷᠡᠭᠵᠢᠭᠦᠯᠦᠭᠳᠡᠬᠦ ᠶᠢ ᠦᠨᠡᠨ ᠬᠦ ᠪᠠᠲᠤᠯᠠᠨ᠎ᠠ ᠃ ᠷᠠᠳᠢᠣ᠋ ᠲᠧᠯᠸᠢᠰ ᠪᠣᠯᠤᠨ ᠰᠦᠯᠵᠢᠶᠡᠨ ᠤ ᠦᠵᠡᠵᠦ ᠰᠣᠨᠣᠰᠬᠤ ᠬᠢᠨᠠᠨ ᠬᠡᠮᠵᠢᠵᠦ ᠬᠢᠨᠠᠨ ᠬᠠᠮᠢᠶᠠᠷᠬᠤ ᠡᠳ᠋ ᠤᠨ ᠵᠠᠰᠠᠭ ᠤᠨ ᠪᠠᠲᠤᠯᠠᠭ᠎ᠠ ᠶᠢᠨ ᠵᠣᠬᠢᠴᠠᠮᠵᠢ  ᠶᠢ ᠪᠠᠶᠢᠭᠤᠯᠤᠨ ᠲᠡᠭᠦᠯᠳᠡᠷᠵᠢᠭᠦᠯᠵᠦ᠂ ᠬᠢᠨᠠᠨ ᠬᠡᠮᠵᠢᠵᠦ ᠬᠢᠨᠠᠨ ᠬᠠᠮᠢᠶᠠᠷᠬᠤ ᠰᠢᠰᠲ᠋ᠧᠮ ᠤᠨ ᠪᠦᠲᠦᠭᠡᠨ ᠪᠠᠶᠢᠭᠤᠯᠤᠯᠲᠠ᠂ ᠠᠵᠢᠯᠯᠠᠭᠠᠨ ᠪᠠ ᠬᠠᠮᠠᠭᠠᠯᠠᠯᠲᠠ ᠶᠢ ᠪᠠᠲᠤᠯᠠᠨ᠎ᠠ᠃  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ ᠶᠢᠨ ︽ᠠᠶᠢᠮᠠᠭ ᠬᠤᠲᠠ ᠶᠢᠨ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠬᠢᠨᠠᠨ ᠬᠡᠮᠵᠢᠵᠦ ᠬᠢᠨᠠᠨ ᠬᠠᠮᠢᠶᠠᠷᠬᠤ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢᠨ ᠲᠤᠬᠠᠶ ᠵᠢᠯᠣᠭᠤᠳᠬᠤ ᠰᠠᠨᠠᠯ︾ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ  
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠷᠠᠳᠢᠤ᠋ ᠲᠧᠯᠸᠢᠰ ᠤᠨ ᠲᠤᠪᠴᠢᠶ᠎ᠠ