ᠮᠠᠨ ᠤ ᠲᠣᠪᠴᠢᠶ᠎ᠠ ᠲᠠᠪᠤᠨ ᠵᠦᠢᠯ ᠤᠨ ᠠᠷᠭ᠎ᠠ ᠬᠡᠮᠵᠢᠶ᠎ᠡ ᠪᠠᠷ ᠪᠥᠬᠦ ᠬᠡᠮᠵᠢᠶᠡᠨ ᠤ ᠪᠠᠭᠤᠳᠠᠯ ᠪᠠ ᠨᠠᠰᠤᠲᠠᠨ ᠢ ᠠᠰᠠᠷᠠᠬᠤ ᠬᠦᠷᠢᠶᠡᠯᠡᠩ ᠤᠨ ᠲᠧᠯᠸᠢᠰ ᠤᠨ ᠪᠤᠳᠤᠯᠢᠶᠠᠨᠲᠤ ᠠᠵᠢᠯᠯᠠᠭᠠᠨ ᠤ ᠲᠤᠰᠬᠠᠶ ᠵᠠᠰᠠᠯᠲᠠ ᠶᠢᠨ ᠠᠵᠢᠯ ᠢ ᠯᠠᠪᠳᠠᠭᠤᠨ ᠪᠠᠲᠤᠲᠠᠶ ᠠᠬᠢᠭᠤᠯᠪᠠ
ᠨᠡᠶᠢᠲᠡᠯᠡᠭᠰᠡᠨ ᠴᠠᠭ᠄
2024/7/29
  7 ᠳ᠋ᠤᠭᠠᠷ ᠰᠠᠷ᠎ᠠ ᠠᠴᠠ ᠨᠠᠭᠠᠰᠢ᠂ ᠪᠠᠭᠤᠳᠠᠯ ᠤᠨ ᠲᠧᠯᠸᠢᠰ ᠤᠨ ᠪᠤᠳᠤᠯᠢᠶᠠᠨᠲᠤ ᠠᠵᠢᠯᠯᠠᠭᠠᠨ ᠤ ᠲᠤᠰᠬᠠᠶ ᠵᠠᠰᠠᠯᠲᠠ ᠶᠢᠨ ᠠᠵᠢᠯ ᠨᠢ ᠪᠥᠬᠦ ᠬᠡᠮᠵᠢᠶᠡᠨ ᠤ ᠵᠠᠰᠠᠯᠲᠠ ᠶᠢᠨ ᠠᠵᠢᠯ ᠤᠨ ᠱᠠᠲᠤᠨ ᠳᠤ ᠣᠷᠣᠵᠤ᠂ ᠮᠠᠨ ᠤ ᠲᠣᠪᠴᠢᠶ᠎ᠠ ᠳᠡᠭᠡᠷ᠎ᠡ ᠨᠢᠭᠡ ᠱᠠᠲᠤᠨ ᠤ ᠠᠵᠢᠯ ᠤᠨ ᠲᠤᠷᠰᠢᠯᠭ᠎ᠠ ᠪᠠᠨ ᠨᠠᠷᠢᠨ ᠬᠢᠨᠠᠮᠠᠭᠠᠶ ᠪᠣᠯᠪᠠᠰᠤᠷᠠᠭᠤᠯᠤᠨ ᠳ᠋ᠦᠩᠨᠡᠵᠦ᠂ ᠲᠣᠪᠤᠶᠢᠮ᠎ᠠ ᠵᠥᠷᠢᠴᠡᠯ ᠪᠠ ᠦᠨᠳᠦᠰᠦᠨ ᠱᠠᠲᠤᠨ ᠤ ᠪᠣᠳᠠᠲᠠᠶ ᠬᠦᠴᠢᠷᠳᠡᠯ ᠳᠤ ᠴᠢᠭᠯᠡᠭᠦᠯᠦᠨ᠂ ᠲᠠᠪᠤᠨ ᠵᠦᠢᠯ ᠤᠨ ᠠᠷᠭ᠎ᠠ ᠬᠡᠮᠵᠢᠶ᠎ᠡ ᠶᠢ ᠭᠦᠨᠵᠡᠭᠡᠶ ᠰᠤᠳᠤᠯᠤᠨ ᠪᠠᠶᠢᠷᠢᠯᠠᠭᠤᠯᠵᠤ᠂ ᠰᠢᠨ᠎ᠡ ᠶᠢ ᠡᠭᠦᠳᠴᠦ᠂ 930 ᠡᠭᠦᠷᠭᠡ ᠶᠢᠨ ᠱᠠᠲᠤ ᠦᠶ᠎ᠡ ᠶᠢᠨ ᠵᠠᠰᠠᠯᠲᠠ ᠶᠢᠨ ᠠᠵᠢᠯ ᠢ ᠯᠠᠪᠳᠠᠭᠤᠨ ᠪᠠᠲᠤᠲᠠᠶ ᠠᠬᠢᠭᠤᠯᠪᠠ᠃  ᠨᠢᠭᠡ ᠳᠤ᠂ ᠥᠷᠭᠡᠨ ᠢᠶᠠᠷ ᠲᠠᠶᠢᠴᠢᠯᠠᠵᠤ᠂ ᠬᠦᠴᠦᠨ ᠴᠢᠳᠠᠯ ᠢ ᠨᠢᠭᠲᠠᠷᠠᠭᠤᠯᠪᠠ᠃ ᠰᠠᠨᠠᠭᠠᠴᠢᠯᠠᠭ᠎ᠠ ᠶᠢᠨ ᠪᠢᠴᠢᠭ ᠭᠠᠷᠭᠠᠵᠤ᠂ ᠲᠣᠪᠴᠢᠶᠠᠨ ᠤ ᠬᠠᠷᠢᠶ᠎ᠠ ᠨᠢᠭᠡᠴᠢ ᠶᠢᠨ ᠰᠠᠶᠢᠨ ᠳᠤᠷᠠᠴᠤᠳ ᠢ ᠳᠠᠶᠢᠴᠢᠯᠠᠨ ᠲᠤᠰᠬᠠᠶ ᠵᠠᠰᠠᠯᠲᠠ ᠳᠤ ᠰᠢᠭᠤᠳ ᠣᠷᠣᠯᠴᠠᠭᠤᠯᠵᠤ᠂ ᠣᠷᠣᠨ ᠤ ᠳᠣᠲᠣᠷ᠎ᠠ ᠭᠠᠳᠠᠭᠰᠢ ᠭᠠᠷᠬᠤ ᠶᠢ ᠠᠰᠢᠭᠯᠠᠨ ᠣᠷᠣᠵᠤ ᠰᠠᠭᠤᠭᠰᠠᠨ ᠪᠠᠭᠤᠳᠠᠯ ᠢ ᠵᠢᠭᠰᠠᠭᠠᠨ ᠪᠠᠶᠢᠴᠠᠭᠠᠵᠤ᠂ ᠲᠤᠰᠬᠠᠶ ᠵᠠᠰᠠᠯᠲᠠ ᠶᠢᠨ ᠬᠦᠴᠦᠨ ᠢ ᠨᠥᠬᠦᠪᠥᠷᠢᠯᠡᠬᠦ ᠶᠢ ᠤᠷᠢᠶᠠᠯᠠᠪᠠ᠃  ᠬᠤᠶᠠᠷ ᠲᠤ᠂ ᠠᠵᠢᠯ ᠲᠥᠷᠥᠯ ᠢᠶᠠᠷ ᠳᠡᠮᠵᠢᠵᠦ᠂ ᠦᠨᠳᠦᠰᠦᠨ ᠱᠠᠲᠤᠨ ᠳᠤ ᠦᠢᠯᠡᠴᠢᠯᠡᠪᠡ᠃ ᠵᠣᠬᠢᠶᠠᠨ ᠪᠠᠶᠢᠭᠤᠯᠬᠤ ᠲᠣᠪᠴᠢᠶ᠎ᠠ ᠶᠢᠨ ᠤᠯᠠᠮᠵᠢᠯᠠᠨ ᠳᠠᠮᠵᠢᠭᠤᠯᠬᠤ ᠲᠥᠪ ᠢ ᠪᠥᠬᠦ ᠣᠷᠣᠨ ᠤ ᠤᠲᠠᠰᠤ ᠥᠬᠡᠶ ᠰᠠᠴᠤᠷᠠᠭᠤᠯᠬᠤ 68 ᠥᠷᠲᠡᠭᠡ ᠪᠠ ᠳᠤᠮᠳᠠᠳᠤ ᠤᠯᠤᠰ ᠤᠨ ᠷᠠᠳᠢᠣ᠋ ᠲᠧᠯᠸᠢᠰ ᠤᠨ ᠥᠪᠥᠷ ᠮᠣᠩᠭᠤᠯ ᠤᠨ ᠰᠦᠯᠵᠢᠶᠡᠨ ᠤ ᠬᠢᠵᠠᠭᠠᠷᠲᠤ ᠺᠣᠮᠫᠠᠨᠢ ᠶᠢᠨ ᠡᠯ᠎ᠡ ᠬᠤᠪᠢᠶᠠᠷᠢ ᠪᠠᠶᠢᠭᠤᠯᠤᠮᠵᠢ ᠨᠡᠶᠢᠲᠡ 230 ᠬᠥᠮᠦᠨ ᠪᠠᠶᠢᠵᠤ᠂ ᠪᠥᠬᠦ ᠣᠷᠣᠨ ᠤ 12 ᠠᠶᠢᠮᠠᠭ ᠬᠤᠲᠠ᠂ 103 ᠬᠤᠰᠢᠭᠤ ᠰᠢᠶᠠᠨ ᠲᠣᠭᠤᠷᠢᠭ ᠤᠨ ᠵᠠᠰᠠᠯᠲᠠ ᠶᠢᠨ ᠲᠤᠰᠬᠠᠶ ᠠᠩᠭᠢ ᠶᠢ ᠠᠵᠢᠯ ᠲᠥᠷᠥᠯ ᠢᠶᠠᠷ ᠳᠡᠮᠵᠢᠵᠦ᠂ ᠦᠨᠳᠦᠰᠦᠨ ᠱᠠᠲᠤᠨ ᠤ ᠵᠠᠰᠠᠯᠲᠠ ᠶᠢᠨ ᠠᠵᠢᠯᠲᠠᠨ ᠬᠦᠷᠦᠯᠴᠡᠬᠦ ᠥᠬᠡᠶ ᠪᠠᠶᠢᠬᠤ ᠬᠦᠴᠢᠷ ᠠᠰᠠᠭᠤᠳᠠᠯ ᠢ ᠤᠯᠠᠮ ᠨᠢᠭᠡ ᠠᠯᠬᠤᠮ ᠰᠢᠢᠳᠪᠦᠷᠢᠯᠡᠪᠡ᠃  ᠭᠤᠷᠪᠠ ᠳᠤ᠂ ᠲᠥᠪᠯᠡᠷᠡᠭᠦᠯᠦᠨ ᠪᠣᠭᠤᠮᠲᠠ ᠰᠢᠪᠲᠤᠯᠵᠤ᠂ ᠵᠠᠰᠠᠯᠲᠠ ᠶᠢ ᠲᠦᠷᠭᠡᠳᠭᠡᠪᠡ᠃ ᠮᠡᠳᠡᠭᠳᠡᠯ ᠢ ᠳᠠᠷᠤᠮᠠᠯᠯᠠᠨ ᠲᠠᠷᠬᠠᠭᠠᠵᠤ ᠪᠥᠬᠦ ᠬᠡᠮᠵᠢᠶᠡᠨ ᠤ ᠪᠠᠭᠤᠳᠠᠯ ᠤᠨ ᠲᠧᠯᠸᠢᠰ ᠤᠨ ᠪᠤᠳᠤᠯᠢᠶᠠᠨᠲᠤ ᠠᠵᠢᠯᠯᠠᠭᠠᠨ ᠤ ᠲᠤᠰᠬᠠᠶ ᠵᠠᠰᠠᠯᠲᠠ ᠶᠢᠨ ᠲᠥᠪᠯᠡᠷᠡᠭᠦᠯᠦᠨ ᠪᠣᠭᠤᠮᠲᠠ ᠰᠢᠪᠲᠤᠯᠬᠤ ᠠᠵᠢᠯᠯᠠᠭ᠎ᠠ ᠶᠢ ᠪᠠᠶᠢᠷᠢᠯᠠᠭᠤᠯᠤᠨ ᠥᠷᠨᠢᠭᠦᠯᠵᠦ᠂ 7 ᠳ᠋ᠤᠭᠠᠷ ᠰᠠᠷ᠎ᠠ ᠶᠢᠨ ᠬᠤᠷᠢᠳ ᠠᠴᠠ 8 ᠳ᠋ᠤᠭᠠᠷ ᠰᠠᠷ᠎ᠠ ᠶᠢᠨ ᠡᠬᠢ ᠪᠣᠯᠲᠠᠯ᠎ᠠ᠂ ᠠᠵᠢᠯ ᠲᠥᠷᠥᠯ ᠤᠨ ᠰᠢᠰᠲ᠋ᠧᠮ ᠢᠶᠠᠷ ᠢᠶᠠᠨ ᠲᠤᠰᠠᠯᠠᠬᠤ ᠬᠥᠮᠦᠰ ᠪᠣᠯᠤᠨ ᠲᠣᠰ ᠭᠠᠵᠠᠷ ᠤᠨ ᠲᠤᠰᠬᠠᠶ ᠠᠩᠭᠢ ᠶᠢᠨ ᠪᠣᠭᠤᠮᠲᠠ ᠰᠢᠪᠲᠤᠯᠬᠤ ᠳᠤᠭᠤᠶᠢᠯᠠᠩ ᠢ ᠪᠠᠶᠢᠭᠤᠯᠵᠤ᠂ 8 ᠳ᠋ᠤᠭᠠᠷ ᠰᠠᠷ᠎ᠠ ᠶᠢᠨ ᠡᠬᠢ ᠪᠠᠷ ᠨᠢᠭᠡᠳ ᠨᠢᠭᠡ ᠪᠠᠷ ᠵᠢᠭᠰᠠᠭᠠᠨ ᠪᠠᠶᠢᠴᠠᠭᠠᠵᠤ ᠰᠤᠷᠪᠤᠯᠵᠢᠯᠠᠬᠤ ᠪᠠ ᠵᠠᠰᠠᠬᠤ ᠠᠵᠢᠯ ᠢ ᠪᠡᠶᠡᠯᠡᠭᠦᠯᠬᠦ ᠪᠠᠷ ᠴᠢᠷᠮᠠᠶᠢᠨ᠎ᠠ᠃  ᠲᠦᠷᠪᠡ ᠳᠤ᠂ ᠪᠣᠯᠪᠠᠰᠤᠷᠠᠯ ᠢ ᠴᠢᠩᠭᠠᠳᠬᠠᠵᠤ᠂ ᠶᠡᠷᠦᠩᠬᠡᠶᠢᠯᠡᠨ ᠵᠠᠰᠠᠪᠠ᠃ 7 ᠳ᠋ᠤᠭᠠᠷ ᠰᠠᠷ᠎ᠠ ᠶᠢᠨ 26 ᠤ ᠡᠳᠦᠷ ᠲᠤᠰᠬᠠᠶ ᠵᠠᠰᠠᠯᠲᠠ ᠶᠢᠨ ᠲᠥᠪᠯᠡᠷᠡᠭᠦᠯᠦᠨ ᠪᠣᠭᠤᠮᠲᠠ ᠰᠢᠪᠲᠤᠯᠬᠤ ᠳᠠᠶᠢᠴᠢᠯᠠᠯᠲᠠ ᠪᠣᠯᠪᠠᠰᠤᠷᠠᠯ ᠤᠨ ᠬᠤᠷᠠᠯ ᠢ ᠬᠤᠷᠠᠯᠳᠤᠭᠤᠯᠵᠤ᠂ ᠨᠠᠰᠤᠲᠠᠨ ᠢ ᠠᠰᠠᠷᠠᠬᠤ ᠬᠦᠷᠢᠶᠡᠯᠡᠩ ᠤᠨ ᠵᠠᠰᠠᠯᠲᠠ ᠵᠢᠴᠢ ᠬᠠᠤᠯᠢ ᠪᠤᠰᠤ ᠬᠢᠯᠢ ᠶᠢᠨ ᠭᠠᠳᠠᠨᠠᠬᠢ ᠫᠷᠤᠭ᠍ᠷᠠᠮ ᠢ ᠵᠠᠰᠠᠬᠤ᠂ ᠠᠮᠤᠷ ᠲᠦᠪᠰᠢᠨ ᠢᠶᠠᠷ ᠨᠡᠪᠲᠡᠷᠡᠭᠦᠯᠬᠦ ᠪᠠ ᠰᠦᠯᠵᠢᠶᠡᠨ ᠤ ᠠᠮᠤᠷ ᠲᠦᠪᠰᠢᠨ ᠵᠡᠷᠭᠡ ᠠᠵᠢᠯ ᠲᠥᠷᠥᠯ ᠤᠨ ᠬᠠᠮᠢᠶᠠᠷᠤᠯᠲᠠ ᠶᠢᠨ ᠱᠠᠭᠠᠷᠳᠠᠯᠭ᠎ᠠ ᠶᠢ ᠨᠢᠭᠡᠳᠦᠯᠲᠡᠶ ᠲᠥᠯᠥᠪᠯᠡᠨ ᠵᠠᠰᠠᠵᠤ᠂ ᠪᠣᠯᠪᠠᠰᠤᠷᠠᠯ ᠤᠨ ᠶᠠᠰᠤ ᠴᠢᠨᠠᠷ ᠦᠷ᠎ᠡ ᠪᠦᠲᠦᠮᠵᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠲᠥᠪᠯᠡᠷᠡᠭᠦᠯᠦᠨ ᠪᠣᠭᠤᠮᠲᠠ ᠰᠢᠪᠲᠤᠯᠬᠤ ᠱᠠᠲᠤᠨ ᠳᠤ ᠶᠡᠷᠦᠩᠬᠡᠶᠢᠯᠡᠨ ᠵᠠᠰᠠᠬᠤ ᠶᠢ ᠥᠷᠨᠢᠭᠦᠯᠪᠡ᠃  ᠲᠠᠪᠤ ᠳᠤ᠂ ᠵᠠᠰᠠᠵᠤ ᠦᠨᠡᠯᠡᠬᠦ ᠳᠤ ᠪᠠᠶᠢᠳᠠᠯ ᠢ ᠣᠶᠢᠯᠠᠭᠠᠵᠤ᠂ ᠨᠢᠭᠡ ᠯᠡ ᠳᠡᠭᠡᠷ᠎ᠡ ᠪᠣᠳᠠᠲᠠᠶᠢᠵᠢᠭᠤᠯᠪᠠ᠃ ᠠᠵᠢᠯ ᠤᠨ ᠶᠠᠪᠤᠴᠠ ᠪᠠᠨ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠲᠤᠬᠠᠶ ᠶᠢᠨ ᠭᠠᠵᠠᠷ ᠲᠤ ᠨᠢ ᠬᠦᠷᠴᠦ ᠰᠤᠷᠪᠤᠯᠵᠢᠯᠠᠬᠤ ᠳᠤᠮᠳᠠ ᠨᠢᠭᠡᠨᠲᠡ ᠪᠠᠷᠢᠮᠵᠢᠶ᠎ᠠ ᠳᠤ ᠬᠦᠷᠭᠡᠨ ᠵᠠᠰᠠᠭᠰᠠᠨ ᠪᠠᠭᠤᠳᠠᠯ ᠳᠤ ᠲᠤᠬᠠᠶ ᠶᠢᠨ ᠲᠠᠯᠠᠪᠤᠷ ᠤᠨ ᠦᠨᠡᠯᠡᠨ ᠵᠢᠱᠢᠯᠲᠡ ᠬᠢᠵᠦ᠂ ᠦᠨᠡᠯᠡᠨ ᠵᠢᠱᠢᠵᠦ ᠬᠢᠨᠠᠨ ᠪᠠᠶᠢᠴᠠᠭᠠᠬᠤ ᠬᠦᠰᠦᠨᠦᠭ ᠢ ᠲᠠᠭᠯᠠᠵᠤ᠂ ᠰᠡᠭᠦᠳᠡᠷᠯᠡᠬᠦ ᠮᠠᠰᠢᠨ ᠢᠶᠠᠷ ᠰᠡᠭᠦᠳᠡᠷᠯᠡᠨ᠎ᠡ᠃ ᠪᠠᠭᠤᠳᠠᠯ ᠤᠨ ᠬᠠᠭᠤᠴᠢᠨ ᠲᠧᠯᠸᠢᠰ ᠤᠨ ᠲᠠᠪᠳᠠᠮᠵᠢ ᠬᠤᠷᠢᠶᠠᠭᠤᠷ᠂ ᠲᠧᠯᠸᠢᠰ ᠪᠠ ᠬᠠᠭᠤᠴᠢᠨ ᠲᠧᠯᠸᠢᠰ ᠤᠨ ᠮᠡᠳᠡᠭᠡ ᠵᠠᠩᠭᠢ ᠶᠢᠨ ᠦᠢᠯᠡᠴᠢᠯᠡᠭᠡᠨ ᠤ ᠰᠢᠰᠲ᠋ᠧᠮ ᠢ ᠵᠡᠷᠭᠡ ᠪᠠᠷ ᠣᠶᠢᠯᠠᠭᠠᠵᠤ᠂ ᠤᠳᠠᠯ ᠥᠬᠡᠶ ᠥᠷᠨᠢᠭᠦᠯᠬᠦ ᠪᠠᠷ ᠪᠠᠶᠢᠭ᠎ᠠ ᠬᠠᠭᠤᠴᠢᠨ ᠦᠵᠦᠭᠦᠷᠯᠢᠭ ᠢ ᠰᠢᠨᠡᠳᠬᠡᠨ ᠰᠣᠯᠢᠬᠤ ᠠᠵᠢᠯ ᠳᠤ ᠣᠨᠣᠪᠴᠢᠲᠠᠶ ᠦᠨᠳᠦᠰᠦᠯᠡᠯ ᠬᠠᠩᠭᠠᠵᠤ᠂ ᠦᠨᠳᠦᠰᠦᠨ ᠱᠠᠲᠤᠨ ᠤ ᠠᠵᠢᠯ ᠤᠨ ᠳᠠᠷᠤᠭᠠᠰᠤ ᠶᠢ ᠪᠠᠭᠠᠰᠬᠠᠨ᠎ᠠ᠃︵ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠭᠠᠵᠠᠷ︶ 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠷᠠᠳᠢᠤ᠋ ᠲᠧᠯᠸᠢᠰ ᠤᠨ ᠲᠤᠪᠴᠢᠶ᠎ᠠ