ᠰᠢ ᠶᠢᠨ ᠫᠢᠩ ᠵᠡᠭᠦᠨ ᠲᠢᠮᠦᠷ ᠤᠨ ᠶᠡᠷᠦᠩᠬᠡᠶᠢᠯᠡᠭᠴᠢ ᠤᠷᠲ᠋ᠠ ᠲᠠᠢ ᠬᠡᠯᠡᠯᠴᠡᠭᠡ ᠬᠢᠪᠡ
ᠨᠡᠶᠢᠲᠡᠯᠡᠭᠰᠡᠨ ᠴᠠᠭ᠄
2024/7/30
      ᠰᠢᠨᠬᠤᠸᠠ ᠬᠤᠷᠢᠶᠠᠨ ᠤ ᠪᠡᠭᠡᠵᠢᠩ ᠤᠨ 7 ᠰᠠᠷ᠎ᠠ ᠶᠢᠨ 29 ᠤ ᠴᠠᠭᠢᠯᠭᠠᠨ ᠮᠡᠳᠡᠭᠡ   7 ᠰᠠᠷ᠎ᠠ ᠶᠢᠨ 29 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠳᠠᠬᠢ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠢᠷᠡᠭᠰᠡᠨ ᠵᠡᠭᠦᠨ ᠲᠢᠮᠤᠷ ᠤᠨ ᠶᠡᠷᠦᠩᠬᠡᠶᠢᠯᠡᠭᠴᠢ ᠤᠷᠲ᠋ᠠ ᠲᠠᠢ ᠬᠡᠯᠡᠯᠴᠡᠭᠡ ᠬᠢᠪᠡ᠃      7 ᠰᠠᠷ᠎ᠠ ᠶᠢᠨ 29 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠳᠠᠬᠢ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠢᠷᠡᠭᠰᠡᠨ ᠵᠡᠭᠦᠨ ᠲᠢᠮᠤᠷ ᠤᠨ ᠶᠡᠷᠦᠩᠬᠡᠶᠢᠯᠡᠭᠴᠢ ᠤᠷᠲ᠋ᠠ ᠲᠠᠢ ᠬᠡᠯᠡᠯᠴᠡᠭᠡ ᠬᠢᠪᠡ᠃      ᠰᠢᠨᠬᠤᠸᠠ ᠬᠤᠷᠢᠶᠠᠨ ᠤ  ᠰᠤᠷᠪᠤᠯᠵᠢᠯᠠᠬᠴᠢ  ᠯᠢ ᠰᠢᠤᠸᠠᠢ ᠷᠧᠨ  ᠰᠡᠭᠦᠳᠡᠷᠯᠡᠪᠡ      ᠰᠢ ᠶᠢᠨ ᠫᠢᠩ᠂ ᠶᠡᠷᠦᠩᠬᠡᠶᠢᠯᠡᠭᠴᠢ ᠠᠪᠤᠭᠠᠢ ᠪᠣᠯ ᠵᠡᠭᠦᠨ ᠲᠢᠮᠤᠷ ᠤᠨ ᠤᠯᠤᠰ ᠪᠠᠶᠢᠭᠤᠯᠤᠭᠰᠠᠨ ᠥᠷᠯᠥᠭ ᠭᠠᠪᠢᠶᠠᠲᠠᠨ ᠪᠠ ᠳᠤᠮᠳᠠᠳᠤ ᠤᠯᠤᠰ ᠪᠣᠯᠣᠨ ᠵᠡᠭᠦᠨ ᠲᠢᠮᠤᠷ ᠤᠨ ᠨᠥᠭᠦᠷᠰᠡᠭ ᠦᠢᠯᠡᠰ ᠤᠨ ᠰᠠᠭᠤᠷᠢᠯᠠᠭᠴᠢ ᠮᠥᠨ᠂ ᠲᠠᠨ ᠤ ᠠᠶᠢᠯᠴᠢᠯᠠᠯᠲᠠ ᠪᠣᠯ ᠵᠡᠭᠦᠨ ᠲᠢᠮᠤᠷ ᠤᠨ ᠶᠡᠷᠦᠩᠬᠡᠶᠢᠯᠡᠭᠴᠢ ᠠᠩᠬ᠎ᠠ ᠤᠳᠠᠭ᠎ᠠ ᠳᠤᠮᠳᠠᠳᠤ ᠤᠯᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠵᠦ ᠪᠠᠶᠢᠭ᠎ᠠ ᠶᠠᠪᠤᠳᠠᠯ ᠪᠣᠯᠬᠤᠷ ᠴᠢᠬᠤᠯᠠ ᠲᠡᠦᠬᠡᠲᠦ ᠠᠴᠢ ᠬᠤᠯᠪᠣᠭᠳᠠᠯ ᠲᠠᠢ ᠶᠤᠮ᠃ ᠳᠤᠮᠳᠠᠳᠤ ᠤᠯᠤᠰ ᠪᠣᠯᠣᠨ ᠵᠡᠭᠦᠨ ᠲᠢᠮᠦᠷ ᠤᠨ ᠤᠯᠠᠮᠵᠢᠯᠠᠯᠲᠤ ᠨᠥᠬᠦᠷᠯᠡᠯ ᠥᠨᠢ ᠤᠳᠠᠭᠠᠨ ᠲᠡᠦᠬᠡ ᠲᠠᠢ ᠶᠤᠮ᠂ ᠳᠤᠮᠳᠠᠳᠤ ᠤᠯᠤᠰ ᠬᠠᠮᠤᠭ ᠡᠷᠲᠡ ᠵᠡᠭᠦᠨ ᠲᠢᠮᠦᠷ ᠤᠨ ᠲᠤᠰᠠᠭᠠᠷ ᠲᠣᠭᠲᠠᠨᠢᠯ ᠢ ᠮᠡᠳᠡᠷᠡᠭᠰᠡᠨ ᠪᠥᠭᠡᠳ ᠵᠡᠭᠦᠨ ᠲᠢᠮᠦᠷ ᠲᠠᠢ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ ᠶᠤᠮ᠃ ᠬᠠᠷᠢᠯᠴᠠᠭ᠎ᠠ ᠪᠠᠶᠢᠭᠤᠯᠤᠭᠰᠠᠨ ᠠᠴᠠ ᠨᠠᠭᠠᠰᠢ᠂ ᠬᠤᠶᠠᠷ ᠤᠯᠤᠰ ᠢᠶᠠᠷ ᠢᠶᠠᠨ ᠢᠮᠠᠭᠲᠠ ᠴᠢᠩ ᠦᠨᠡᠨᠴᠢ ᠪᠠᠷ ᠬᠠᠨᠳᠤᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠠᠳᠠᠯᠢ ᠪᠤᠰᠤ ᠤᠯᠤᠰ ᠲᠦᠷᠦ ᠶᠢᠨ ᠪᠠᠶᠢᠭᠤᠯᠤᠯ᠂ ᠬᠥᠭᠵᠢᠯᠲᠡ ᠶᠢᠨ ᠲᠦᠪᠰᠢᠨ᠂ ᠲᠡᠦᠬᠡ ᠰᠣᠶᠣᠯ ᠤᠨ ᠤᠯᠤᠰ ᠤᠳ ᠤᠨ ᠬᠠᠷᠢᠯᠴᠠᠨ ᠬᠦᠨᠳᠦᠳᠬᠡᠬᠦ᠂ ᠨᠠᠶᠢᠷᠠᠮᠳᠠᠯ ᠢᠶᠠᠷ ᠵᠡᠷᠭᠡᠴᠡᠨ ᠣᠷᠣᠰᠢᠬᠤ᠂ ᠬᠠᠮᠲᠤ ᠪᠠᠷ ᠬᠥᠭᠵᠢᠬᠦ ᠶᠢᠨ ᠬᠡᠪ ᠳᠠᠭᠤᠷᠢᠶᠠᠯ ᠪᠣᠯᠵᠠᠢ᠃ ᠬᠤᠶᠠᠷ ᠭᠠᠷᠠᠭ ᠤᠨ ᠡᠮᠦᠨ᠎ᠡ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠠᠮᠵᠢᠯᠲᠠ ᠲᠠᠢ ᠬᠤᠷᠠᠯᠳᠤᠵᠤ᠂ ᠳᠤᠮᠳᠠᠳᠤ ᠤᠯᠤᠰ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠴᠢᠨᠠᠷ ᠰᠠᠶᠢᠲᠠᠢ ᠬᠥᠭᠵᠢᠯᠲᠡ ᠪᠣᠯᠣᠨ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠠᠬᠢᠭᠤᠯᠬᠤ ᠪᠠᠷ ᠪᠣᠯᠪᠠ᠂ ᠡᠨᠡ ᠨᠢ ᠪᠦᠭᠦ ᠪᠥᠮᠪᠥᠷᠴᠡᠭ ᠤᠨ ᠠᠵᠤ ᠠᠬᠤᠢ ᠶᠢᠨ ᠬᠥᠭᠵᠢᠯᠲᠡ ᠪᠣᠯᠣᠨ ᠬᠤᠶᠠᠷ ᠤᠯᠤᠰ ᠤᠨ ᠬᠠᠮᠲᠤᠷᠠᠯᠴᠠᠭ᠎ᠠ ᠳᠤ ᠰᠢᠨ᠎ᠡ ᠬᠥᠳᠡᠯᠭᠡᠭᠴᠢ ᠬᠦᠴᠦᠨ᠂ ᠰᠢᠨ᠎ᠡ ᠠᠵᠠ ᠲᠣᠭᠢᠶᠠᠯ ᠠᠪᠴᠢᠷᠠᠬᠤ ᠪᠣᠯᠣᠨ᠎ᠠ᠃ ᠳᠤᠮᠳᠠᠳᠤ ᠤᠯᠤᠰ ᠳᠤᠷᠠᠲᠠᠶ᠎ᠠ ᠵᠡᠭᠦᠨ ᠲᠢᠮᠦᠷ ᠲᠠᠢ ᠬᠠᠮᠲᠤ ᠪᠠᠷ ᠬᠤᠶᠠᠷ ᠤᠯᠤᠰ ᠤᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢᠨ ᠲᠠᠰᠤᠷᠠᠯᠳᠠ ᠦᠭᠡᠢ ᠰᠢᠨ᠎ᠡ ᠳᠡᠭᠲᠡᠷ ᠲᠤ ᠭᠠᠷᠬᠤ ᠶᠢ ᠠᠬᠢᠭᠤᠯᠵᠤ᠂ ᠬᠤᠶᠠᠷ ᠤᠯᠤᠰ ᠤᠨ ᠠᠷᠠᠳ ᠲᠦᠮᠡᠨ ᠳᠤ ᠨᠡᠩ ᠰᠠᠶᠢᠨ ᠪᠤᠶᠠᠨ ᠦᠢᠯᠡᠳᠦᠨ᠎ᠡ ᠭᠡᠵᠦ ᠵᠢᠭᠠᠵᠤ ᠭᠠᠷᠭᠠᠪᠠ       ᠰᠢ ᠶᠢᠨ ᠫᠢᠩ᠂ ᠳᠤᠮᠳᠠᠳᠤ ᠤᠯᠤᠰ ᠳᠤᠷᠠᠲᠠᠶ᠎ᠠ ᠵᠡᠭᠦᠨ ᠲᠢᠮᠤᠷ ᠯᠤᠭ᠎ᠠ ᠬᠠᠮᠲᠤ ᠪᠠᠷ᠂ ︽ᠭᠤᠷᠪᠠᠨ ᠨᠡᠩ ᠥᠨᠳᠥᠷ︾ ᠬᠠᠷᠠᠯᠲᠠ ᠲᠡᠶᠢᠰᠢ ᠬᠤᠶᠠᠷ ᠲᠠᠯ᠎ᠠ ᠶᠢᠨ ᠬᠠᠷᠢᠯᠴᠠᠭ᠎ᠠ ᠶᠢᠨ ᠤᠷᠳᠤ ᠬᠤᠭᠤᠴᠠᠭ᠎ᠠ ᠪᠠᠷ ᠲᠣᠭᠲᠠᠭᠤᠨ ᠢᠶᠠᠷ ᠬᠥᠭᠵᠢᠬᠦ ᠶᠢ ᠬᠥᠲᠥᠯᠥᠨ ᠳᠠᠭᠠᠭᠤᠯᠤᠨ᠎ᠠ᠃ ᠨᠢᠭᠡ ᠳᠤ᠂ ᠬᠠᠷᠢᠯᠴᠠᠨ ᠳᠡᠮᠵᠢᠵᠦ᠂ ᠨᠡᠩ ᠥᠨᠳᠥᠷ ᠲᠦᠪᠰᠢᠨ ᠪᠦᠬᠦᠢ ᠬᠤᠶᠠᠷ ᠲᠠᠯ᠎ᠠ ᠶᠢᠨ ᠬᠠᠷᠢᠯᠴᠠᠭ᠎ᠠ ᠶᠢ ᠪᠠᠶᠢᠭᠤᠯᠤᠨ᠎ᠠ᠃ ᠳᠤᠮᠳᠠᠳᠤ ᠤᠯᠤᠰ ᠵᠡᠭᠦᠨ ᠲᠢᠮᠦᠷ ᠤᠨ ᠤᠯᠤᠰ ᠤᠨ ᠨᠢᠭᠡᠳᠦᠯ ᠪᠣᠯᠣᠨ ᠨᠡᠶᠢᠭᠡᠮ ᠤᠨ ᠲᠣᠭᠲᠠᠭᠤᠨ ᠢ ᠬᠠᠮᠠᠭᠠᠯᠠᠬᠤ ᠴᠢᠷᠮᠠᠶᠢᠯᠭ᠎ᠠ ᠶᠢ ᠡᠷᠡᠰ ᠳᠡᠮᠵᠢᠵᠦ᠂ ᠳᠤᠷᠠᠲᠠᠶ᠎ᠠ ᠵᠡᠭᠦᠨ ᠲᠢᠮᠦᠷ ᠯᠤᠭ᠎ᠠ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭ᠎ᠠ ᠪᠣᠯᠣᠨ ᠬᠥᠭᠵᠢᠯᠲᠡ ᠶᠢᠨ ᠬᠠᠮᠲᠤᠷᠠᠯᠴᠠᠭ᠎ᠠ ᠪᠠᠨ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠬᠤᠶᠠᠷ ᠤᠯᠤᠰ ᠤᠨ ᠡᠷᠬᠡ ᠮᠡᠳᠡᠯ ᠪᠣᠯᠣᠨ ᠠᠮᠤᠷ ᠲᠦᠪᠰᠢᠨ ᠤ ᠠᠰᠢᠭ ᠲᠤᠰᠠ ᠶᠢ ᠰᠠᠶᠢᠲᠤᠷ ᠬᠠᠮᠠᠭᠠᠯᠠᠵᠤ᠂ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠬᠠᠮᠲᠤ ᠪᠠᠷ ᠪᠠᠶᠢᠭᠤᠯᠬᠤ ᠶᠡᠭᠡ ᠴᠢᠭᠯᠡᠯ ᠢᠶᠠᠷ ᠤᠷᠤᠭᠰᠢᠯᠠᠨ᠎ᠠ᠃ ᠬᠤᠶᠠᠷ ᠲᠤ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠶᠢ ᠪᠠᠷᠢᠮᠲᠠᠯᠠᠵᠤ᠂ ᠨᠡᠩ ᠴᠢᠨᠠᠷ ᠰᠠᠶᠢᠲᠠᠢ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠥᠷᠨᠢᠭᠦᠯᠦᠨ᠎ᠡ᠃ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠠᠮᠤ ᠪᠤᠳᠠᠭ᠎ᠠ ᠪᠠᠨ ᠥᠪᠡᠰᠤᠪᠡᠨ ᠬᠠᠩᠭᠠᠬᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠵᠡᠷᠭᠡ ᠳᠥᠷᠪᠡᠨ ᠶᠡᠭᠡ ᠭᠤᠣᠯᠳᠠᠯᠭ᠎ᠠ ᠲᠠᠢ ᠬᠦᠷᠢᠶᠡᠨ ᠤ ᠬᠠᠮᠲᠤᠷᠠᠯᠴᠠᠭ᠎ᠠ ᠶᠢᠨ ᠲᠣᠭᠤᠷᠢᠨ ᠳᠤ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠬᠠᠮᠲᠤᠷᠠᠯᠴᠠᠭᠠᠨ ᠤ ᠲᠥᠯᠦᠪᠵᠢᠭᠦᠯᠭᠡ ᠳᠤ ᠭᠠᠷ ᠤᠨ ᠥᠰᠥᠭ ᠵᠢᠷᠤᠬᠤ ᠪᠠᠷ ᠠᠵᠠ ᠲᠣᠭᠢᠶᠠᠯ ᠪᠤᠯᠭᠠᠵᠤ᠂ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠵᠣᠯᠭᠠᠯᠴᠠᠭ᠎ᠠ ᠶᠢ ᠴᠢᠩᠭᠠᠳᠬᠠᠵᠤ᠂ ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ᠂ ᠤᠰᠤ ᠠᠷᠪᠢᠯᠠᠬᠤ ᠤᠰᠤᠯᠠᠯᠲᠠ᠂ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠵᠡᠷᠭᠡ ᠬᠦᠷᠢᠶᠡᠨ ᠤ ᠲᠤᠷᠰᠢᠯᠭ᠎ᠠ ᠮᠡᠷᠭᠡᠵᠢᠯ ᠢ ᠬᠤᠪᠢᠶᠠᠯᠴᠠᠵᠤ᠂ ᠤᠰᠤᠨ ᠲᠤᠲᠤᠷᠭ᠎ᠠ ᠳᠠᠷᠢᠵᠤ ᠪᠣᠶᠢᠵᠢᠭᠤᠯᠬᠤ ᠵᠡᠷᠭᠡ ᠲᠠᠷᠢᠶᠠᠯᠠᠩ ᠤᠨ ᠬᠠᠮᠲᠤᠷᠠᠯᠴᠠᠭ᠎ᠠ ᠶᠢ ᠰᠠᠶᠢᠲᠤᠷ ᠬᠡᠷᠡᠭᠵᠢᠭᠦᠯᠵᠦ᠂ ᠵᠢᠭᠠᠰᠤᠨ ᠠᠵᠤ ᠠᠬᠤᠢ᠂ ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠬᠦ ᠵᠡᠷᠭᠡ ᠬᠠᠮᠲᠤᠷᠠᠯᠴᠠᠭ᠎ᠠ ᠶᠢ ᠠᠬᠢᠭᠤᠯᠵᠤ᠂ ᠵᠡᠭᠦᠨ ᠲᠢᠮᠤᠷ ᠤᠨ ᠠᠵᠤ ᠠᠬᠤᠢ ᠶᠢᠨ ᠪᠡᠶ᠎ᠡ ᠪᠠᠨ ᠳᠠᠭᠠᠭᠠᠭᠰᠠᠨ ᠪᠠ ᠣᠯᠠᠨ ᠡᠰᠢᠵᠢᠭᠰᠡᠨ ᠬᠥᠭᠵᠢᠯᠲᠡ ᠳᠤ ᠬᠦᠴᠦᠨ ᠨᠡᠮᠡᠷᠢᠯᠡᠨ᠎ᠡ᠃ ᠭᠤᠷᠪᠠ ᠳᠤ᠂ ᠬᠥᠭᠵᠢᠵᠦ ᠪᠠᠶᠢᠭ᠎ᠠ ᠤᠯᠤᠰ ᠤᠳ ᠤᠨ ᠦᠢᠯᠡᠰ ᠢ ᠬᠠᠮᠲᠤ ᠪᠠᠷ ᠠᠬᠢᠭᠤᠯᠵᠤ᠂ ᠨᠡᠩ ᠥᠨᠳᠥᠷ ᠲᠡᠰ ᠳᠠᠪᠬᠤᠷᠭ᠎ᠠ ᠶᠢᠨ ᠤᠯᠠᠨ ᠲᠠᠯᠠᠲᠤ  ᠬᠠᠮᠵᠢᠯᠴᠠᠭ᠎ᠠ ᠶᠢ ᠥᠷᠨᠢᠭᠦᠯᠵᠦ᠂ ᠨᠠᠶᠢᠷᠠᠮᠳᠠᠯ ᠢᠶᠠᠷ ᠵᠡᠷᠭᠡᠴᠡᠨ ᠣᠷᠣᠰᠢᠬᠤ ᠲᠠᠪᠤᠨ ᠵᠠᠷᠴᠢᠮ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ᠂ ᠳᠡᠯᠡᠬᠡᠢ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ ᠵᠡᠷᠭᠡ ᠤᠯᠠᠨ ᠲᠠᠯᠠᠲᠤ ᠲᠠᠪᠴᠠᠩ ᠳᠠᠬᠢ ᠵᠣᠬᠢᠴᠠᠭᠤᠯᠭ᠎ᠠ ᠬᠠᠮᠵᠢᠯᠴᠠᠭ᠎ᠠ ᠪᠠᠨ ᠴᠢᠩᠭᠠᠳᠬᠠᠵᠤ᠂ ᠡᠷᠬᠡ ᠲᠡᠭᠰᠢ ᠡᠮᠬᠢ ᠵᠢᠷᠤᠮ ᠲᠠᠢ ᠳᠡᠯᠡᠬᠡᠢ ᠶᠢᠨ ᠤᠯᠠᠨ ᠲᠤᠶᠢᠯᠵᠢᠯ᠂ ᠲᠦᠭᠡᠮᠡᠯ ᠬᠠᠷᠠᠭᠠᠯᠵᠠᠯ ᠲᠠᠢ ᠪᠠᠭᠲᠠᠭᠠᠮᠵᠢᠲᠠᠢ ᠠᠵᠤ ᠠᠬᠤᠢ ᠶᠢᠨ ᠳᠡᠯᠡᠬᠡᠶᠢᠴᠢᠯᠡᠯᠲᠡ ᠶᠢ ᠬᠠᠮᠲᠤ ᠪᠠᠷ ᠰᠠᠨᠠᠭᠠᠴᠢᠯᠠᠵᠤ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠤᠨ᠎ᠠ᠃ ᠳᠤᠮᠳᠠᠳᠤ ᠤᠯᠤᠰ ᠪᠠᠰᠠ ᠳᠤᠷᠠᠲᠠᠶ᠎ᠠ ᠳᠤᠮᠳᠠᠳᠤ ᠤᠯᠤᠰ — ᠫᠣᠷᠲ᠋ᠦ᠋ᠭᠠᠯ ᠬᠡᠯᠡᠨ ᠤ ᠤᠯᠤᠰ ᠤᠳ ᠤᠨ ᠠᠵᠤ ᠠᠬᠤᠢ ᠠᠷᠠᠯᠵᠢᠶᠠᠨ ᠤ ᠬᠠᠮᠲᠤᠷᠠᠯᠴᠠᠭᠠᠨ ᠤ ᠶᠠᠷᠢᠶᠠᠨ ᠤ ᠲᠠᠪᠴᠠᠩ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠠᠮᠤ ᠪᠤᠳᠠᠭ᠎ᠠ ᠲᠠᠷᠢᠶᠠᠯᠠᠩ ᠤᠨ ᠵᠣᠬᠢᠶᠠᠨ ᠪᠠᠶᠢᠭᠤᠯᠤᠯᠲᠠ ᠵᠡᠷᠭᠡ ᠪᠣᠷᠣ ᠲᠥᠯᠥᠪ ᠤᠨ ᠳᠣᠲᠣᠷ᠎ᠠ ᠵᠡᠭᠦᠨ ᠲᠢᠮᠦᠷ ᠯᠤᠭ᠎ᠠ ᠨᠡᠩ ᠤᠯᠠᠨ ᠬᠤᠶᠠᠷ ᠲᠠᠯ᠎ᠠ ᠶᠢᠨ᠂ ᠭᠤᠷᠪᠠᠨ ᠲᠠᠯ᠎ᠠ ᠶᠢᠨ ᠬᠠᠮᠲᠤᠷᠠᠯᠴᠠᠭ᠎ᠠ ᠶᠢ ᠥᠷᠨᠢᠭᠦᠯᠦᠨ᠎ᠡ ᠭᠡᠵᠦ ᠴᠢᠬᠤᠯᠠᠴᠢᠯᠠᠪᠠ᠃      ᠤᠷᠲ᠋ᠠ᠂ 1976 ᠣᠨ ᠠᠴᠠ ᠨᠠᠭᠠᠰᠢ ᠪᠢ ᠳᠤᠮᠳᠠᠳᠤ ᠤᠯᠤᠰ ᠲᠤ ᠤᠯᠠᠨ ᠤᠳᠠᠭ᠎ᠠ ᠠᠶᠢᠯᠴᠢᠯᠠᠵᠤ᠂ ᠳᠤᠮᠳᠠᠳᠤ ᠤᠯᠤᠰ ᠤᠨ ᠲᠡᠭᠷᠢ ᠭᠠᠵᠠᠷ ᠢ ᠳᠣᠩᠰᠣᠯᠭᠠᠮ᠎ᠠ ᠬᠤᠪᠢᠷᠠᠯᠲᠠ ᠶᠢ ᠪᠡᠶ᠎ᠡ ᠪᠠᠷ ᠢᠶᠠᠨ ᠭᠡᠷᠡᠴᠢᠯᠡᠪᠡ᠃ ᠲᠡᠷᠢᠭᠦᠯᠡᠭᠴᠢ ᠰᠢ ᠶᠢᠨ ᠫᠢᠩ ᠤᠨ ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ ᠬᠠᠷᠢᠴᠠᠯᠠᠰᠢ ᠦᠭᠡᠢ ᠶᠠᠳᠠᠭᠤ ᠬᠦᠴᠢᠷᠳᠡᠯ ᠢ ᠠᠷᠢᠯᠭᠠᠵᠤ᠂ ᠬᠥᠮᠥᠨ ᠲᠥᠷᠥᠯᠬᠢᠲᠡᠨ ᠤ ᠭᠠᠶᠢᠬᠠᠮᠰᠢᠭ ᠬᠡᠮᠡᠭᠳᠡᠪᠡ᠃ ᠭᠦᠨᠵᠡᠭᠡᠢ ᠤᠯᠠᠷᠢᠨ ᠬᠤᠪᠢᠰᠴᠤ ᠪᠠᠶᠢᠭ᠎ᠠ ᠳᠡᠯᠡᠬᠡᠢ ᠶᠢᠨ ᠪᠠᠶᠢᠳᠠᠯ ᠤᠨ ᠡᠮᠦᠨ᠎ᠡ᠂ ᠳᠤᠮᠳᠠᠳᠤ ᠤᠯᠤᠰ ᠤᠯᠠᠨ ᠲᠠᠯᠠᠲᠤ ᠦᠵᠡᠯ ᠢ ᠡᠷᠡᠰ ᠬᠠᠮᠠᠭᠠᠯᠠᠵᠤ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠪᠠ ᠠᠯᠢ ᠤᠯᠠᠨ ᠴᠢᠬᠤᠯᠠ ᠪᠦᠭᠦ ᠪᠥᠮᠪᠥᠷᠴᠡᠭ ᠤᠨ ᠰᠠᠨᠠᠭᠠᠴᠢᠯᠠᠭ᠎ᠠ ᠶᠢ ᠳᠤᠷᠠᠳᠤᠭᠰᠠᠨ ᠪᠥᠭᠡᠳ ᠰᠠᠦ᠋ᠳᠢ ᠠᠷᠠᠪ ᠢᠷᠠᠨ ᠵᠢᠴᠢ ᠫᠠᠯᠧᠰᠲ᠋ᠠᠶᠢᠨ ᠤ ᠡᠯ᠎ᠡ ᠪᠦᠯᠦᠭ ᠤᠨ ᠡᠶᠡᠳᠡᠬᠦ ᠶᠢ ᠠᠬᠢᠭᠤᠯᠵᠤ᠂ ᠭᠠᠵᠠᠷ ᠣᠷᠣᠨ ᠪᠣᠯᠣᠨ ᠳᠡᠯᠡᠬᠡᠢ ᠶᠢᠨ ᠡᠩᠬᠡ ᠲᠠᠶᠢᠪᠤᠩ ᠪᠣᠯᠣᠨ ᠬᠥᠭᠵᠢᠯᠲᠡ ᠶᠢᠨ ᠦᠢᠯᠡᠰ ᠲᠤ ᠴᠢᠬᠤᠯᠠ ᠬᠤᠪᠢ ᠨᠡᠮᠡᠷᠢ ᠦᠵᠡᠭᠦᠯᠵᠦ᠂ ᠳᠤᠮᠳᠠᠳᠤ ᠤᠯᠤᠰ ᠤᠨ ᠡᠩᠬᠡ ᠲᠠᠶᠢᠪᠤᠩ ᠂ ᠬᠠᠷᠢᠭᠤᠴᠠᠯᠭ᠎ᠠ ᠲᠠᠢ ᠪᠦᠭᠦ ᠪᠥᠮᠪᠥᠷᠴᠡᠭ ᠤᠨ ᠲᠣᠮᠣ ᠤᠯᠤᠰ ᠪᠣᠯᠤᠭᠰᠠᠨ ᠤ ᠬᠤᠪᠢ ᠳᠠᠬᠢ ᠦᠢᠯᠡᠳᠦᠯ ᠪᠣᠯᠣᠨ ᠨᠥᠯᠥᠭᠡᠯᠡᠬᠦ ᠬᠦᠴᠦᠨ ᠢ ᠢᠯᠡᠷᠡᠭᠦᠯᠵᠡᠢ᠃ ᠳᠤᠮᠳᠠᠳᠤ ᠤᠯᠤᠰ ᠤᠷᠳᠤ ᠬᠤᠭᠤᠴᠠᠭᠠᠨ ᠤ ᠲᠤᠷᠰᠢ ᠵᠡᠭᠦᠨ ᠲᠢᠮᠤᠷ ᠤᠨ ᠠᠵᠤ ᠠᠬᠤᠢ ᠨᠡᠶᠢᠭᠡᠮ ᠤᠨ ᠬᠥᠭᠵᠢᠯᠲᠡ ᠵᠢᠴᠢ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠬᠤ ᠳᠤ ᠡᠷᠬᠢᠮ ᠨᠠᠨᠳᠢᠨ ᠳᠡᠮᠵᠢᠯᠭᠡ ᠦᠵᠡᠭᠦᠯᠦᠭᠰᠡᠨ ᠳᠤ ᠲᠠᠯᠠᠷᠬᠠᠵᠤ ᠪᠠᠶᠢᠨ᠎ᠠ᠃ ᠵᠡᠭᠦᠨ ᠲᠢᠮᠦᠷ ᠳᠤᠮᠳᠠᠳᠤ ᠤᠯᠤᠰ ᠯᠤᠭ᠎ᠠ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠴᠠᠭ᠎ᠠ ᠪᠠᠨ ᠤᠯᠠᠮ ᠨᠢᠭᠡ ᠠᠯᠬᠤᠮ ᠪᠠᠬᠢᠵᠢᠭᠦᠯᠦᠨ ᠬᠥᠭᠵᠢᠭᠦᠯᠵᠦ᠂ ᠠᠮᠤ ᠪᠤᠳᠠᠭᠠᠨ ᠤ ᠠᠮᠤᠷ ᠲᠦᠪᠰᠢᠨ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠵᠡᠷᠭᠡ ᠬᠦᠷᠢᠶᠡᠨ ᠳᠠᠬᠢ ᠬᠠᠮᠵᠢᠯᠴᠠᠭ᠎ᠠ ᠪᠠᠨ ᠴᠢᠩᠭᠠᠳᠬᠠᠵᠤ᠂ ᠵᠡᠭᠦᠨ ᠲᠢᠮᠦᠷ ᠤᠨ ᠤᠯᠤᠰ ᠤᠨ ᠪᠡᠶ᠎ᠡ ᠪᠠᠨ ᠳᠠᠭᠠᠭᠠᠵᠤ ᠬᠥᠭᠵᠢᠬᠦ ᠶᠢ ᠪᠡᠶᠡᠯᠡᠭᠦᠯᠬᠦ ᠳᠤ ᠬᠦᠴᠦᠨ ᠨᠡᠮᠡᠷᠢᠯᠡᠬᠦ ᠶᠢ ᠬᠦᠰᠡᠵᠦ ᠪᠤᠢ᠃ ᠵᠡᠭᠦᠨ ᠲᠢᠮᠦᠷ ᠨᠢᠭᠡ ᠳᠤᠮᠳᠠᠳᠤ ᠤᠯᠤᠰ ᠪᠠᠶᠢᠬᠤ ᠵᠠᠷᠴᠢᠮ ᠢ ᠡᠷᠡᠰ ᠪᠠᠷᠢᠮᠲᠠᠯᠠᠵᠤ᠂ ᠲᠠᠶᠢᠸᠠᠨ ᠪᠣᠯ ᠳᠤᠮᠳᠠᠳᠤ ᠤᠯᠤᠰ ᠤᠨ ᠨᠤᠲᠤᠭ ᠳᠡᠪᠢᠰᠬᠡᠷ ᠤᠨ ᠰᠠᠯᠵᠤ ᠪᠣᠯᠣᠰᠢ ᠦᠭᠡᠢ ᠨᠢᠭᠡ ᠬᠡᠰᠡᠭ ᠮᠥᠨ ᠬᠡᠮᠡᠨ ᠦᠵᠡᠵᠦ᠂ ︽ᠲᠠᠶᠢᠸᠠᠨ ᠢ ᠲᠤᠰᠠᠭᠠᠷ ᠲᠣᠭᠲᠠᠨᠢᠭᠤᠯᠬᠤ︾ ᠶᠢ ᠡᠰᠡᠷᠭᠦᠴᠡᠵᠦ᠂ ᠭᠠᠳᠠᠭᠠᠳᠤ ᠶᠢᠨ ᠬᠦᠴᠦᠨ ᠤ ᠭᠠᠷ ᠲᠦᠷᠦᠭᠦ ᠶᠢ ᠡᠰᠡᠷᠭᠦᠴᠡᠵᠦ᠂ ᠳᠤᠮᠳᠠᠳᠤ ᠤᠯᠤᠰ ᠤᠨ ᠤᠯᠤᠰ ᠤᠨ ᠡᠷᠬᠡ ᠮᠡᠳᠡᠯ ᠪᠠ ᠨᠤᠲᠤᠭ ᠳᠡᠪᠢᠰᠬᠡᠷ ᠤᠨ ᠪᠦᠷᠢᠨ ᠪᠦᠲᠦᠨ ᠪᠠᠶᠢᠬᠤ ᠶᠢ ᠬᠠᠮᠠᠭᠠᠯᠠᠬᠤ ᠠᠯᠢᠪᠠ ᠴᠢᠷᠮᠠᠶᠢᠯᠭ᠎ᠠ ᠶᠢ ᠲᠡᠮᠵᠢᠨ᠎ᠡ᠃ ᠡᠮᠦᠨᠡᠲᠦ ᠲᠠᠩᠭᠢᠰ ᠤᠨ ᠠᠰᠠᠭᠤᠳᠠᠯ ᠢ ᠲᠤᠬᠠᠢ ᠶᠢᠨ ᠤᠯᠤᠰ ᠤᠳ ᠬᠡᠯᠡᠯᠴᠡᠭᠡ ᠬᠢᠬᠦ ᠪᠠᠷ ᠳᠠᠮᠵᠢᠭᠤᠯᠤᠨ ᠪᠡᠶ᠎ᠡ ᠪᠠᠨ ᠳᠠᠭᠠᠭᠠᠵᠤ ᠰᠢᠢᠳᠪᠦᠷᠢᠯᠡᠪᠡᠯ ᠵᠣᠬᠢᠨ᠎ᠠ᠂ ᠵᠡᠭᠦᠨ ᠲᠢᠮᠦᠷ ᠳᠤᠷᠠᠲᠠᠶ᠎ᠠ ᠳᠤᠮᠳᠠᠳᠤ ᠤᠯᠤᠰ ᠵᠡᠷᠭᠡ ᠭᠠᠵᠠᠷ ᠣᠷᠣᠨ ᠤ ᠡᠯ᠎ᠡ ᠤᠯᠤᠰ ᠲᠠᠢ ᠬᠠᠮᠲᠤ ᠪᠠᠷ ᠡᠮᠦᠨᠡᠲᠦ ᠲᠠᠩᠭᠢᠰ ᠤᠨ ᠡᠩᠬᠡ ᠲᠠᠶᠢᠪᠤᠩ ᠲᠣᠭᠲᠠᠭᠤᠨ ᠪᠠᠶᠢᠳᠠᠯ ᠢ ᠬᠠᠮᠠᠭᠠᠯᠠᠨ᠎ᠠ᠃ ᠪᠢ ᠲᠡᠷᠢᠭᠦᠯᠡᠭᠴᠢ ᠰᠢ ᠶᠢᠨ ᠫᠢᠩ ᠤᠨ ᠳᠤᠷᠠᠳᠤᠭᠰᠠᠨ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠠᠤᠭ᠎ᠠ ᠶᠡᠭᠡ ᠣᠶᠢᠯᠠᠭᠠᠭᠳᠠᠬᠤᠨ ᠢ ᠳᠡᠭᠡᠳᠦ ᠬᠡᠮᠵᠢᠶ᠎ᠡ ᠪᠠᠷ ᠮᠠᠭᠲᠠᠨ ᠰᠠᠶᠢᠰᠢᠶᠠᠵᠤ ᠪᠠᠶᠢᠨ᠎ᠠ᠂ ᠡᠨᠡ ᠨᠢ ᠡᠷᠲᠡᠨ ᠤ ᠳᠣᠷᠣᠨᠠᠳᠠᠬᠢᠨ ᠤ ᠪᠣᠯᠪᠠᠰᠤᠨ ᠤ ᠤᠶᠤᠨ ᠤᠬᠠᠭᠠᠨ ᠢ ᠢᠯᠡᠷᠡᠭᠦᠯᠵᠦ᠂ ᠳᠤᠷᠠᠲᠠᠶ᠎ᠠ ᠳᠤᠮᠳᠠᠳᠤ ᠤᠯᠤᠰ ᠯᠤᠭ᠎ᠠ ᠤᠯᠠᠨ ᠲᠠᠯᠠᠲᠤ ᠪᠣᠷᠣ ᠲᠥᠯᠥᠪ ᠤᠨ ᠳᠣᠣᠷ᠎ᠠ ᠣᠯᠣᠯᠴᠠᠭ᠎ᠠ ᠬᠠᠮᠵᠢᠯᠴᠠᠭ᠎ᠠ ᠪᠠᠨ ᠨᠢᠭᠲᠠᠷᠠᠭᠤᠯᠤᠨ᠎ᠠ ᠭᠡᠵᠦ ᠢᠯᠡᠳᠬᠡᠪᠡ᠃      ᠬᠡᠯᠡᠯᠴᠡᠭᠡ ᠲᠡᠭᠦᠰᠦᠭᠰᠡᠨ ᠤ ᠲᠠᠷᠠᠭ᠎ᠠ᠂ ᠬᠤᠶᠠᠷ ᠤᠯᠤᠰ ᠤᠨ ᠲᠡᠷᠢᠭᠦᠨ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠬᠠᠮᠲᠤᠷᠠᠯᠴᠠᠭᠠᠨ ᠤ ᠲᠥᠯᠦᠪᠵᠢᠭᠦᠯᠭᠡ ᠪᠣᠯᠣᠨ ᠬᠥᠳᠡᠭᠡ ᠠᠵᠤ ᠠᠬᠤᠢ᠂ ᠨᠣᠭᠤᠭᠠᠨ ᠬᠥᠭᠵᠢᠯᠲᠡ᠂ ᠳ᠋ᠢᠵᠢᠲ᠋ᠠᠯ ᠠᠵᠤ ᠠᠬᠤᠢ᠂ ᠠᠭᠠᠷ ᠤᠨ ᠲᠡᠭᠡᠭᠡᠪᠦᠷᠢ ᠵᠡᠷᠭᠡ ᠬᠦᠷᠢᠶᠡᠨ ᠤ ᠤᠯᠠᠨ ᠵᠦᠢᠯ ᠤᠨ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠳᠤ ᠭᠠᠷ ᠤᠨ ᠦᠰᠦᠭ ᠵᠢᠷᠤᠬᠤ ᠶᠢ ᠬᠠᠮᠲᠤ ᠪᠠᠷ ᠭᠡᠷᠡᠴᠢᠯᠡᠪᠡ᠃      ᠬᠤᠶᠠᠷ ᠲᠠᠯ᠎ᠠ ᠪᠠᠷ ᠢᠶᠠᠨ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠣᠯᠣᠨ ᠪᠦᠭᠦᠳᠡ ᠨᠠᠶᠢᠷᠠᠮᠳᠠᠬᠤ ᠵᠡᠭᠦᠨ ᠲᠢᠮᠤᠷ ᠤᠯᠤᠰ ᠤᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢ ᠭᠦᠨᠵᠡᠭᠡᠶᠢᠷᠡᠭᠦᠯᠬᠦ ᠲᠤᠬᠠᠢ ᠬᠠᠮᠲᠤᠷᠠᠭᠰᠠᠨ ᠢᠯᠡᠷᠬᠡᠶᠢᠯᠡᠯᠲᠡ︾ ᠶᠢ ᠨᠡᠶᠢᠲᠡᠯᠡᠪᠡ᠃      ᠬᠡᠯᠡᠯᠴᠡᠭᠡ ᠬᠢᠬᠦ ᠠᠴᠠ ᠡᠮᠦᠨ᠎ᠡ᠂ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠤᠨ ᠬᠤᠶᠢᠲᠤ ᠶᠡᠭᠡ ᠲᠢᠩᠬᠢᠮ ᠳᠤ ᠤᠷᠲ᠋ᠠ ᠶᠢ ᠤᠭᠲᠤᠬᠤ ᠶᠣᠰᠣᠯᠠᠯ ᠶᠠᠪᠤᠭᠳᠠᠭᠤᠯᠪᠠ᠃      ᠲᠢᠶᠠᠨ ᠠᠨ ᠮᠧᠨ ᠠᠭᠤᠳᠠᠮ ᠲᠠᠯᠠᠪᠠᠢ ᠳᠤ ᠶᠣᠰᠣᠯᠠᠯ ᠤᠨ ᠫᠤᠤ ᠶᠢ 21 ᠳᠤᠤᠭᠠᠷᠭᠠᠵᠤ᠂ ᠶᠣᠰᠣᠯᠠᠯ ᠤᠨ ᠴᠡᠷᠢᠭ ᠮᠥᠷᠯᠡᠨ ᠵᠣᠭᠰᠣᠵᠤ ᠬᠦᠨᠳᠦᠳᠬᠡᠯ ᠳᠡᠪᠰᠢᠭᠦᠯᠪᠡ᠃ ᠬᠤᠶᠠᠷ ᠤᠯᠤᠰ ᠤᠨ ᠲᠡᠷᠢᠭᠦᠨ ᠰᠢᠯᠭᠠᠨ ᠦᠵᠡᠬᠦ ᠲᠠᠶᠢᠰᠠᠨ ᠳᠤ ᠭᠠᠷᠴᠤ᠂ ᠴᠡᠷᠢᠭ ᠤᠨ ᠬᠥᠭᠵᠢᠮ ᠤᠨ ᠪᠦᠯᠭᠦᠮ ᠳᠤᠮᠳᠠᠳᠤ ᠤᠯᠤᠰ ᠪᠣᠯᠣᠨ ᠵᠡᠭᠦᠨ ᠲᠢᠮᠦᠷ ᠬᠤᠶᠠᠷ ᠤᠯᠤᠰ ᠤᠨ ᠤᠯᠤᠰ ᠤᠨ ᠰᠦᠯᠳᠡ ᠳᠠᠭᠤᠤ ᠶᠢ ᠬᠥᠭᠵᠢᠮᠳᠡᠪᠡ᠃ ᠤᠷᠲ᠋ᠠ ᠰᠢ ᠶᠢᠨ ᠫᠢᠩ ᠤᠨ ᠪᠠᠷ᠎ᠠ ᠪᠤᠯᠤᠯᠭ᠎ᠠ ᠲᠠᠢ ᠪᠠᠷ ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠤᠨ ᠶᠣᠰᠣᠯᠠᠯ ᠤᠨ ᠠᠩᠭᠢ ᠶᠢ ᠰᠢᠯᠭᠠᠨ ᠦᠵᠡᠭᠰᠡᠨ ᠪᠥᠭᠡᠳ ᠵᠢᠭᠰᠠᠭᠠᠯ ᠢ ᠰᠣᠨᠢᠷᠬᠠᠵᠠᠢ᠃      ᠲᠤᠰ ᠡᠳᠦᠷ ᠤᠨ ᠦᠳᠡ ᠳᠤ᠂ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠤᠨ ᠰᠢᠵᠢᠷ ᠠᠯᠳᠠᠨ ᠶᠡᠭᠡ ᠲᠢᠩᠬᠢᠮ ᠳᠤ ᠤᠷᠲ᠋ᠠ ᠶᠢ ᠤᠭᠲᠤᠬᠤ ᠳᠠᠶᠢᠯᠠᠯᠭ᠎ᠠ ᠬᠢᠪᠡ᠃      ᠸᠠᠩ ᠢ ᠳᠡᠭᠡᠷᠡᠬᠢ ᠠᠵᠢᠯᠯᠠᠭ᠎ᠠ ᠳᠤ ᠣᠷᠣᠯᠴᠠᠵᠠᠢ᠃ 
ᠢᠷᠡᠯᠲᠡ᠄ ᠥᠪᠥᠷ ᠮᠤᠩᠭᠤᠯ ᠤᠨ ᠵᠠᠰᠠᠭ ᠤᠨ ᠣᠷᠳᠤᠨ