ᠰᠢ ᠶᠢᠨ ᠫᠢᠩ ᠢᠲ᠋ᠠᠯᠢ ᠶᠢᠨ ᠶᠡᠷᠦᠩᠬᠡᠢ ᠰᠠᠶᠢᠳ ᠮᠸᠶᠢᠯᠦ᠋ᠸᠧᠨᠢ ᠲᠠᠢ ᠠᠭᠤᠯᠵᠠᠪᠠ
ᠨᠡᠶᠢᠲᠡᠯᠡᠭᠰᠡᠨ ᠴᠠᠭ᠄
2024/7/31
  ᠰᠢᠨᠬᠤᠸᠠ ᠬᠤᠷᠢᠶᠠᠨ ᠤ ᠪᠡᠭᠡᠵᠢᠩ ᠤᠨ 7 ᠰᠠᠷ᠎ᠠ ᠶᠢᠨ 29 ᠤ ᠴᠠᠭᠢᠯᠭᠠᠨ ᠮᠡᠳᠡᠭᠡ  7 ᠰᠠᠷ᠎ᠠ ᠶᠢᠨ 29 ᠤ ᠦᠳᠡ ᠶᠢᠨ ᠬᠤᠶᠢᠨ᠎ᠠ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠳ᠋ᠢᠶᠣᠣ ᠢᠦᠢ  ᠲᠠᠢ ᠳᠠᠬᠢ ᠲᠦᠷᠦ ᠶᠢᠨ ᠵᠣᠴᠢᠳ ᠤᠨ ᠪᠠᠭᠤᠳᠠᠯ ᠳᠤ ᠳᠤᠮᠳᠠᠳᠤ ᠤᠯᠤᠰ ᠲᠤ ᠠᠯᠪᠠᠨ ᠶᠣᠰᠣᠨ ᠤ ᠠᠶᠢᠯᠴᠢᠯᠠᠯᠲᠠ ᠬᠢᠬᠦ ᠪᠠᠷ ᠢᠷᠡᠭᠰᠡᠨ ᠢᠲ᠋ᠠᠯᠢ ᠶᠢᠨ ᠶᠡᠷᠦᠩᠬᠡᠢ ᠰᠠᠶᠢᠳ ᠮᠸᠶᠢᠯᠦ᠋ᠸᠧᠨᠢ ᠲᠠᠢ ᠠᠭᠤᠯᠵᠠᠪᠠ ᠃  ᠰᠢ ᠶᠢᠨ ᠫᠢᠩ ᠂ ᠳᠤᠮᠳᠠᠳᠤ ᠤᠯᠤᠰ ᠪᠣᠯᠣᠨ ᠢᠲ᠋ᠠᠯᠢ ᠡᠷᠲᠡᠨ ᠤ ᠲᠣᠷᠭᠠᠨ ᠵᠠᠮ ᠤᠨ ᠬᠤᠶᠠᠷ ᠦᠵᠦᠭᠦᠷ ᠲᠤ ᠪᠠᠶᠢᠷᠢᠯᠠᠵᠤ ᠂ ᠬᠤᠶᠠᠷ ᠤᠯᠤᠰ ᠤᠨ ᠥᠨᠢ ᠤᠳᠠᠭᠠᠨ ᠲᠡᠦᠬᠡ ᠲᠠᠢ ᠨᠥᠭᠦᠷᠰᠡᠭ ᠶᠠᠪᠤᠯᠴᠠᠭ᠎ᠠ ᠨᠢ ᠳᠣᠷᠣᠨᠠᠳᠠᠬᠢᠨ ᠥᠷᠥᠨᠡᠳᠠᠬᠢᠨ ᠤ ᠪᠣᠯᠪᠠᠰᠤᠨ ᠤ ᠰᠣᠯᠢᠯᠴᠠᠭ᠎ᠠ ᠲᠣᠯᠢᠳᠠᠯ ᠪᠣᠯᠣᠨ ᠬᠥᠮᠥᠨ ᠲᠥᠷᠥᠯᠬᠢᠲᠡᠨ ᠤ ᠨᠡᠶᠢᠭᠡᠮ ᠤᠨ ᠬᠥᠭᠵᠢᠯᠲᠡ ᠲᠠᠪᠰᠢᠯᠳᠠ ᠳᠤ ᠴᠢᠬᠤᠯᠠ ᠬᠤᠪᠢ ᠨᠡᠮᠡᠷᠢ ᠦᠵᠡᠭᠦᠯᠵᠦ ᠂ ᠨᠠᠶᠢᠷᠠᠮᠳᠠᠯ ᠢᠶᠠᠷ ᠬᠠᠮᠲᠤᠷᠠᠯᠴᠠᠬᠤ ᠂ ᠨᠡᠭᠡᠭᠡᠯᠲᠡᠲᠡᠢ ᠪᠠᠭᠲᠠᠭᠠᠮᠵᠢᠲᠠᠢ ᠂ ᠬᠠᠷᠢᠯᠴᠠᠨ ᠰᠤᠷᠤᠯᠴᠠᠵᠤ ᠬᠠᠷᠢᠯᠴᠠᠨ ᠲᠣᠯᠢᠳᠠᠬᠤ ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠪᠠᠷ ᠭᠤᠣᠯ ᠪᠤᠯᠭᠠᠬᠰᠠᠨ ᠲᠣᠷᠭᠠᠨ ᠵᠠᠮ ᠤᠨ ᠵᠣᠷᠢᠭ ᠰᠠᠨᠠᠭ᠎ᠠ ᠪᠣᠯ ᠳᠤᠮᠳᠠᠳᠤ ᠢᠲ᠋ᠠᠯᠢ ᠬᠤᠶᠠᠷ ᠤᠯᠤᠰ ᠤᠨ ᠬᠠᠮᠲᠤ ᠶᠢᠨ ᠡᠳ᠋ ᠪᠠᠶᠠᠯᠢᠭ ᠮᠥᠨ ᠃ ᠣᠳᠣᠬᠠᠨ ᠳᠤ ᠂ ᠳᠡᠯᠡᠬᠡᠢ ᠳ᠋ᠠᠬᠢᠨ ᠤ ᠵᠠᠭᠤᠨ ᠵᠢᠯ ᠤᠨ ᠬᠤᠪᠢᠰᠤᠯᠲᠠ ᠲᠦᠷᠭᠡᠳᠦᠨ ᠂ ᠡᠯ᠎ᠡ ᠤᠯᠤᠰ ᠬᠠᠷᠢᠯᠴᠠᠨ ᠨᠡᠪᠲᠡᠷᠡᠯᠴᠡᠵᠦ ᠂ ᠪᠦᠯᠬᠦᠮᠳᠡᠪᠡᠯ ᠬᠠᠮᠲᠤ ᠪᠠᠷ ᠤᠷᠤᠭᠰᠢᠯᠠᠵᠤ ᠂ ᠪᠢᠲᠡᠭᠦᠮᠵᠢᠯᠡᠵᠦ ᠬᠠᠭᠠᠴᠠᠪᠠᠯ ᠪᠦᠷ ᠤᠬᠤᠷᠢᠬᠤ ᠪᠣᠯᠣᠨ᠎ᠠ ᠃ ᠳᠤᠮᠳᠠᠳᠤ ᠢᠲ᠋ᠠᠯᠢ ᠬᠤᠶᠠᠷ ᠤᠯᠤᠰ ᠲᠣᠷᠭᠠᠨ ᠵᠠᠮ ᠤᠨ ᠵᠣᠷᠢᠭ ᠰᠠᠨᠠᠭ᠎ᠠ ᠶᠢ ᠪᠠᠷᠢᠮᠲᠠᠯᠠᠨ ᠪᠠᠳᠠᠷᠠᠭᠤᠯᠵᠤ ᠂ ᠲᠡᠦᠬᠡ ᠶᠢᠨ ᠬᠠᠷᠠᠭᠠᠰᠤ ᠂ ᠪᠠᠶᠢᠯᠳᠤᠬᠤ ᠪᠣᠳᠣᠯᠭ᠎ᠠ ᠶᠢᠨ ᠥᠨᠳᠥᠷᠴᠡ ᠪᠣᠯᠣᠨ ᠠᠯᠤᠰ ᠭᠡᠳᠤ ᠶᠢᠨ ᠬᠠᠷᠠᠭᠠᠰᠤ ᠠᠴᠠ ᠬᠤᠶᠠᠷ ᠲᠠᠯ᠎ᠠ ᠶᠢᠨ ᠬᠠᠷᠢᠯᠴᠠᠭ᠎ᠠ ᠳᠤ ᠬᠠᠨᠳᠤᠬᠤ ᠪᠠ ᠬᠥᠭᠵᠢᠭᠦᠯᠵᠦ ᠂ ᠳᠤᠮᠳᠠᠳᠤ ᠢᠲ᠋ᠠᠯᠢ ᠶᠢᠨ ᠬᠠᠷᠢᠯᠴᠠᠭ᠎ᠠ ᠶᠢᠨ ᠯᠠᠪᠳᠠᠭᠤᠨ ᠢᠶᠠᠷ ᠬᠤᠯᠠ ᠠᠶᠠᠯᠠᠬᠤ ᠶᠢ ᠠᠬᠢᠭᠤᠯᠤᠶ᠎ᠠ ᠭᠡᠵᠦ ᠵᠢᠭᠠᠵᠤ ᠭᠠᠷᠭᠠᠪᠠ ᠃  ᠰᠢ ᠶᠢᠨ ᠫᠢᠩ ᠂ ᠳᠤᠮᠳᠠᠳᠤ ᠢᠲ᠋ᠠᠯᠢ ᠶᠢᠨ ᠬᠠᠷᠢᠯᠴᠠᠭ᠎ᠠ ᠡᠷᠡᠭᠦᠯ ᠲᠣᠭᠲᠠᠭᠤᠨ ᠢᠶᠠᠷ ᠬᠥᠭᠵᠢᠬᠦ ᠨᠢ ᠬᠤᠶᠠᠷ ᠪᠣᠯᠣᠨ ᠬᠤᠶᠠᠷ ᠤᠯᠤᠰ ᠤᠨ ᠠᠷᠠᠳ ᠲᠦᠮᠡᠨ ᠤ ᠬᠠᠮᠲᠤ ᠶᠢᠨ ᠠᠰᠢᠭ ᠲᠤᠰᠠ ᠲᠠᠢ ᠨᠡᠶᠢᠴᠡᠨ᠎ᠡ ᠃ ᠬᠡᠳᠦᠶᠢᠪᠡᠷ ᠣᠳᠣᠬᠠᠨ ᠤ ᠳᠡᠯᠡᠬᠡᠢ ᠶᠢᠨ ᠪᠠᠶᠢᠳᠠᠯ ᠦᠷᠭᠦᠯᠵᠢᠯᠡᠨ ᠭᠦᠨᠵᠡᠭᠡᠢ ᠬᠤᠪᠢᠰᠤᠭᠰᠠᠨ ᠴᠤ ᠳᠤᠮᠳᠠᠳᠤ ᠢᠲ᠋ᠠᠯᠢ ᠶᠢᠨ ᠬᠠᠷᠢᠯᠴᠠᠭ᠎ᠠ ᠶᠢ ᠴᠢᠬᠤᠯᠠᠴᠢᠯᠠᠨ ᠬᠥᠭᠵᠢᠭᠦᠯᠬᠦ ᠳᠤᠮᠳᠠᠳᠤ ᠤᠯᠤᠰ ᠤᠨ ᠬᠦᠰᠡᠯ ᠡᠷᠡᠮᠡᠯᠵᠡᠯ ᠬᠤᠪᠢᠷᠠᠭ᠎ᠠ ᠦᠭᠡᠢ ᠂ ᠳᠤᠮᠳᠠᠳᠤ ᠢᠲ᠋ᠠᠯᠢ ᠶᠢᠨ ᠬᠠᠷᠢᠯᠴᠠᠭ᠎ᠠ ᠶᠢᠨ ᠬᠠᠮᠲᠤᠷᠠᠯᠴᠠᠭ᠎ᠠ ᠬᠢᠵᠦ ᠬᠠᠮᠲᠤ ᠪᠠᠷ ᠠᠰᠢᠭ ᠭᠦᠷᠳᠡᠭᠦ ᠮᠥᠨ ᠴᠢᠨᠠᠷ ᠬᠤᠪᠢᠷᠠᠭ᠎ᠠ ᠦᠭᠡᠢ ᠂ ᠬᠤᠶᠠᠷ ᠤᠯᠤᠰ ᠤᠨ ᠠᠷᠠᠳ ᠲᠦᠮᠡᠨ ᠤ ᠨᠥᠭᠦᠷᠰᠡᠭ ᠬᠠᠶᠢᠷ᠎ᠠ ᠰᠡᠳᠬᠢᠯᠭᠡ ᠬᠤᠪᠢᠷᠠᠭ᠎ᠠ ᠦᠭᠡᠢ ᠃ ᠬᠤᠶᠠᠷ ᠲᠠᠯ᠎ᠠ ᠪᠠᠷ ᠢᠶᠠᠨ ᠨᠥᠭᠦᠷᠰᠡᠭ ᠶᠠᠪᠤᠯᠴᠠᠭ᠎ᠠ ᠶᠢᠨ ᠤᠯᠠᠮᠵᠢᠯᠠᠯ ᠢᠶᠠᠨ ᠦᠷᠭᠦᠯᠵᠢᠯᠡᠭᠦᠯᠵᠦ ᠂ ᠲᠤᠰ ᠲᠤᠰ ᠤᠨ ᠰᠣᠩᠭᠤᠭᠰᠠᠨ ᠬᠥᠭᠵᠢᠯᠲᠡ ᠶᠢᠨ ᠵᠠᠮ ᠢᠶᠠᠨ ᠦᠷᠭᠦᠯᠵᠢᠯᠡᠨ ᠣᠶᠢᠯᠠᠭᠠᠯᠴᠠᠵᠤ ᠬᠦᠨᠳᠦᠳᠬᠡᠶ᠎ᠡ ᠃ ᠳᠤᠮᠳᠠᠳᠤ ᠢᠲ᠋ᠠᠯᠢ ᠬᠤᠶᠠᠷ ᠤᠯᠤᠰ ᠤᠨ ᠠᠵᠤ ᠦᠢᠯᠡᠰ ᠤᠨ ᠳᠠᠪᠠᠭᠤᠯᠢᠭ ᠲᠠᠯ᠎ᠠ ᠪᠠᠷ ᠢᠶᠠᠨ ᠬᠠᠷᠢᠯᠴᠠᠨ ᠨᠥᠬᠦᠪᠦᠷᠢᠯᠡᠵᠦ ᠂ ᠬᠠᠷᠢᠯᠴᠠᠨ ᠠᠵᠠ ᠲᠣᠭᠢᠶᠠᠯ ᠪᠤᠯᠭᠠᠵᠤ ᠂ ᠬᠤᠶᠠᠷ ᠲᠠᠯ᠎ᠠ ᠪᠠᠷ ᠢᠶᠠᠨ ᠬᠠᠷᠢᠯᠴᠠᠨ ᠨᠡᠭᠡᠭᠡᠯᠲᠡ ᠬᠢᠵᠦ ᠬᠠᠮᠲᠤᠷᠠᠯᠴᠠᠬᠤ ᠶᠢ ᠪᠠᠷᠢᠮᠲᠠᠯᠠᠪᠠᠯ ᠵᠣᠬᠢᠨ᠎ᠠ ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠰᠠᠶ᠋ᠢᠬᠠᠨ ᠲᠡᠭᠦᠰᠪᠡ ᠂ ᠳᠤᠮᠳᠠᠳᠤ ᠤᠯᠤᠰ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠲᠠᠰᠤᠷᠠᠯᠲᠠ ᠦᠭᠡᠢ ᠠᠬᠢᠭᠤᠯᠵᠤ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠳᠤ ᠬᠦᠴᠦᠷᠬᠡᠭ ᠶᠡᠭᠡ ᠬᠥᠳᠡᠯᠭᠡᠭᠴᠢ ᠬᠦᠴᠦᠨ ᠣᠯᠭᠤᠬᠤ ᠪᠥᠭᠡᠳ ᠢᠲ᠋ᠠᠯᠢ ᠵᠡᠷᠭᠡ ᠡᠯ᠎ᠡ ᠤᠯᠤᠰ ᠯᠤᠭ᠎ᠠ ᠬᠠᠮᠲᠤᠷᠠᠯᠴᠠᠭ᠎ᠠ ᠪᠠᠨ ᠥᠷᠭᠡᠳᠬᠡᠬᠦ ᠳᠤ ᠰᠢᠨ᠎ᠡ ᠠᠵᠠ ᠲᠣᠭᠢᠶᠠᠯ ᠣᠯᠭᠤᠬᠤ ᠪᠣᠯᠣᠨ᠎ᠠ ᠃ ᠳᠤᠮᠳᠠᠳᠤ ᠤᠯᠤᠰ ᠳᠤᠷᠠᠲᠠᠶ᠎ᠠ ᠢᠲ᠋ᠠᠯᠢ ᠶᠢᠨ ᠬᠢᠨ ᠲᠠᠢ ᠠᠵᠤ ᠠᠬᠤᠢ ᠠᠷᠠᠯᠵᠢᠶᠠᠨ ᠤ ᠪᠡᠯᠡ ᠣᠷᠣᠭᠤᠯᠤᠯᠲᠠ ᠂ ᠠᠵᠤ ᠦᠢᠯᠡᠳᠪᠦᠷᠢ ᠶᠢᠨ ᠦᠢᠯᠡᠳᠬᠡᠯ ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠡᠭᠦᠳᠦᠯᠲᠡ ᠂ ᠭᠤᠷᠪᠠᠳᠠᠭᠴᠢ ᠲᠠᠯ᠎ᠠ ᠶᠢᠨ ᠵᠠᠬ᠎ᠠ ᠳᠡᠯᠭᠡᠭᠦᠷ ᠵᠡᠷᠭᠡ ᠤᠯᠠᠮᠵᠢᠯᠠᠯᠲᠤ ᠬᠠᠮᠲᠤᠷᠠᠯᠴᠠᠭ᠎ᠠ ᠶᠢ ᠰᠢᠯᠢᠳᠡᠭᠵᠢᠭᠦᠯᠦᠨ ᠳᠡᠰ ᠳᠡᠪᠰᠢᠭᠦᠯᠵᠦ ᠂ ᠴᠠᠭᠢᠯᠭᠠᠨ ᠭᠦᠳᠡᠯᠭᠡᠭᠦᠷᠲᠦ ᠮᠠᠰᠢᠨ ᠲᠡᠷᠭᠡ ᠂ ᠵᠣᠬᠢᠶᠠᠮᠠᠯ ᠤᠶᠤᠯᠢᠭ ᠵᠡᠷᠭᠡ ᠰᠢᠨ᠎ᠡ ᠪᠠᠷ ᠬᠥᠭᠵᠢᠭᠰᠡᠨ ᠬᠦᠷᠢᠶᠡᠨ ᠤ ᠬᠠᠮᠲᠤᠷᠠᠯᠴᠠᠭ᠎ᠠ ᠶᠢ ᠰᠤᠳᠤᠯᠤᠨ ᠶᠠᠷᠢᠯᠴᠠᠨ᠎ᠠ ᠃ ᠳᠤᠮᠳᠠᠳᠤ ᠤᠯᠤᠰ ᠢᠲ᠋ᠠᠯᠢ ᠶᠢᠨ ᠠᠵᠤ ᠠᠬᠤᠶᠢᠯᠠᠯ ᠤᠨ ᠳᠤᠮᠳᠠᠳᠤ ᠤᠯᠤᠰ ᠲᠤ ᠢᠷᠡᠵᠦ ᠪᠡᠯᠡ ᠣᠷᠣᠭᠤᠯᠬᠤ ᠶᠢ ᠪᠠᠶᠠᠷᠯᠠᠨ ᠤᠭᠲᠤᠵᠤ ᠂ ᠳᠤᠷᠠᠲᠠᠶ᠎ᠠ ᠢᠲ᠋ᠠᠯᠢ ᠶᠢᠨ ᠨᠠᠩ ᠣᠯᠠᠨ ᠴᠢᠨᠠᠷ ᠰᠠᠶᠢᠲᠠᠢ ᠦᠢᠯᠡᠳᠬᠦᠨ ᠢ ᠣᠷᠣᠭᠤᠯᠵᠤ ᠂ ᠢᠲ᠋ᠠᠯᠢ ᠶᠢᠨ ᠬᠢᠨ ᠳᠤᠮᠳᠠᠳᠤ ᠤᠯᠤᠰ ᠤᠨ ᠠᠵᠤ ᠠᠬᠤᠶᠢᠯᠠᠯ ᠤᠨ ᠢᠲ᠋ᠠᠯᠢ ᠳᠤ ᠬᠦᠷᠴᠦ ᠬᠥᠭᠵᠢᠬᠦ ᠳᠤ ᠡᠷᠬᠡ ᠲᠡᠭᠰᠢ ᠂ ᠢᠯᠡ ᠲᠣᠳᠣ ᠂ ᠠᠮᠤᠷ ᠲᠦᠪᠰᠢᠨ ᠂ ᠦᠯᠤ ᠭᠠᠳᠠᠭᠤᠷᠴᠢᠯᠠᠬᠤ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠬᠠᠩᠭᠠᠬᠤ ᠶᠢ ᠬᠦᠰᠡᠵᠦ ᠪᠠᠶᠢᠨ᠎ᠠ ᠃ ᠬᠤᠶᠠᠷ ᠲᠠᠯ᠎ᠠ ᠪᠠᠷ ᠢᠶᠠᠨ ᠪᠣᠯᠪᠠᠰᠤᠨ ᠢᠶᠠᠨ ᠬᠠᠷᠢᠯᠴᠠᠨ ᠲᠣᠯᠢᠳᠠᠭᠰᠠᠨ ᠦᠷ᠎ᠡ ᠪᠦᠲᠦᠭᠡᠯ ᠢᠶᠠᠨ ᠨᠠᠨᠳᠢᠩᠨᠠᠵᠤ ᠂ ᠰᠣᠶᠣᠯ ᠤᠨ ᠤᠯᠠᠮᠵᠢᠯᠠᠯ ᠪᠣᠯᠣᠨ ᠰᠢᠨ᠎ᠡ ᠶᠢ ᠡᠭᠦᠳᠬᠦ ᠶᠢᠨ ᠬᠤᠣᠰ ᠴᠢᠭᠯᠡᠯ ᠢᠶᠠᠷ ᠬᠠᠷᠢᠯᠴᠠᠨ ᠠᠬᠢᠭᠤᠯᠬᠤ ᠶᠢ ᠠᠬᠢᠭᠤᠯᠵᠤ ᠂ ᠬᠤᠶᠠᠷ ᠤᠯᠤᠰ ᠤᠨ ᠠᠷᠠᠳ ᠤᠨ ᠰᠡᠳᠬᠢᠯ ᠤᠨ ᠳᠣᠲᠣᠨᠣ ᠪᠠᠶᠢᠬᠤ ᠶᠢ ᠠᠬᠢᠭᠤᠯᠤᠶ᠎ᠠ ᠃ ᠳᠤᠮᠳᠠᠳᠤ ᠤᠯᠤᠰ ᠢᠲ᠋ᠠᠯᠢ ᠶᠢᠨ 2026 ᠣᠨ ᠤ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠢ ᠡᠷᠭᠢᠯᠡᠭᠦ ᠶᠢ ᠳᠡᠮᠵᠢᠨ᠎ᠠ ᠂ ᠢᠲ᠋ᠠᠯᠢ ᠶᠢᠨ ᠬᠢᠨ ᠳᠤᠮᠳᠠᠳᠤ ᠤᠯᠤᠰ ᠤᠨ ᠠᠷᠠᠳ ᠢᠷᠭᠡᠨ ᠤ ᠢᠲ᠋ᠠᠯᠢ ᠳᠤ ᠣᠴᠢᠬᠤ ᠳᠤ ᠲᠦᠭᠦᠮ ᠦᠵᠡᠭᠦᠯᠭᠦ ᠠᠷᠭ᠎ᠠ ᠬᠡᠮᠵᠢᠶ᠎ᠡ ᠬᠠᠩᠭᠠᠬᠤ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ ᠃  ᠰᠢ ᠶᠢᠨ ᠫᠢᠩ ᠂ ᠠᠵᠤ ᠠᠬᠤᠢ ᠶᠢᠨ ᠳᠡᠯᠡᠬᠡᠶᠢᠵᠢᠯᠲᠡ ᠶᠢᠨ ᠴᠠᠭ ᠦᠶ᠎ᠡ ᠳᠤ ᠂ ᠭᠠᠭᠴᠠ ᠬᠦ ᠪᠦᠭᠦ ᠪᠥᠮᠪᠥᠷᠴᠡᠭ ᠤᠨ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠨᠡᠭᠡᠭᠡᠯᠲᠡᠲᠤ ᠬᠠᠮᠲᠤᠷᠠᠯᠴᠠᠭ᠎ᠠ ᠶᠢ ᠪᠠᠷᠢᠮᠲᠠᠯᠠᠪᠠᠯ ᠰᠠᠶ᠋ᠢ ᠬᠠᠮᠲᠤ ᠪᠠᠷ ᠠᠰᠢᠭ ᠭᠦᠷᠳᠡᠭᠦ ᠬᠥᠭᠵᠢᠯᠲᠡ ᠶᠢ ᠠᠪᠴᠢᠷᠠᠵᠤ ᠴᠢᠳᠠᠨ᠎ᠠ ᠃ ᠳᠤᠮᠳᠠᠳᠤ ᠤᠯᠤᠰ ᠡᠩᠬᠡ ᠲᠠᠶᠢᠪᠤᠩ ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠪᠠᠷᠢᠮᠲᠠᠯᠠᠵᠤ ᠂ ᠶᠡᠷᠦ ᠠᠴᠠ ᠡᠵᠡᠷᠬᠡᠬᠦ ᠡᠷᠬᠡ ᠶᠢ ᠬᠥᠭᠡᠭᠡᠴᠡᠯᠳᠦᠬᠦ ᠦᠭᠡᠢ ᠂ ᠳᠤᠷᠠᠲᠠᠶ᠎ᠠ ᠡᠯ᠎ᠡ ᠤᠯᠤᠰ ᠯᠤᠭ᠎ᠠ ᠬᠥᠭᠵᠢᠯᠲᠡ ᠶᠢᠨ ᠠᠵᠠ ᠲᠣᠭᠢᠶᠠᠯ ᠢ ᠬᠤᠪᠢᠶᠠᠯᠴᠠᠨ᠎ᠠ ᠃ ᠢᠲ᠋ᠠᠯᠢ ᠶᠢᠨ ᠬᠢᠨ ᠳᠤᠮᠳᠠᠳᠤ ᠤᠯᠤᠰ ᠤᠨ ᠬᠥᠭᠵᠢᠯᠲᠡ ᠶᠢᠨ ᠣᠶᠢᠯᠠᠭᠠᠭᠳᠠᠬᠤᠨ ᠢ ᠣᠶᠢᠯᠠᠭᠠᠨ ᠳᠡᠮᠵᠢᠵᠦ ᠂ ᠳᠤᠮᠳᠠᠳᠤ ᠡᠸᠦ᠋ᠷᠦᠫᠡ ᠶᠢᠨ ᠶᠠᠷᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ ᠂ ᠳᠤᠮᠳᠠᠳᠤ ᠡᠸᠦ᠋ᠷᠦᠫᠡ ᠶᠢᠨ ᠬᠠᠷᠢᠯᠴᠠᠭ᠎ᠠ ᠶᠢᠨ ᠢᠳᠡᠪᠬᠢᠲᠡᠢ ᠲᠣᠭᠲᠠᠭᠤᠨ ᠢᠶᠠᠷ ᠬᠥᠭᠵᠢᠬᠦ ᠶᠢ ᠠᠬᠢᠭᠤᠯᠬᠤ ᠳᠤ ᠪᠦᠲᠦᠭᠡᠯᠴᠢ ᠴᠢᠨᠠᠷᠲᠠᠢ ᠦᠢᠯᠡᠳᠦᠯ ᠦᠵᠡᠭᠦᠯᠭᠦ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ ᠃  ᠮᠸᠶᠢᠯᠦ᠋ᠸᠧᠨᠢ ᠂ 2022 ᠣᠨ ᠤ 11 ᠰᠠᠷ᠎ᠠ ᠳᠤ ᠪᠠᠯᠢ ᠠᠷᠠᠯ ᠳᠤ ᠠᠭᠤᠯᠵᠠᠭᠰᠠᠨ ᠤ ᠳᠠᠷᠠᠭ᠎ᠠ ᠪᠣᠯᠵᠤᠭ᠎ᠠ ᠪᠠᠷ ᠳᠤᠮᠳᠠᠳᠤ ᠤᠯᠤᠰ ᠲᠤ ᠢᠷᠡᠵᠤ ᠠᠶᠢᠯᠴᠢᠯᠠᠬᠰᠠᠨ ᠳᠠᠭᠠᠨ ᠮᠠᠰᠢ ᠪᠠᠶᠠᠷ ᠲᠠᠢ ᠪᠠᠶᠢᠨ᠎ᠠ ᠃ ᠡᠨᠡ ᠵᠢᠯ ᠪᠣᠯ ᠢᠲ᠋ᠠᠯᠢ ᠳᠤᠮᠳᠠᠳᠤ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠪᠠᠶᠢᠭᠤᠯᠤᠭᠰᠠᠨ 20 ᠵᠢᠯ ᠤᠨ ᠤᠢ ᠪᠠ ᠮᠠᠷᠺᠤ • ᠫᠣᠯᠣ ᠶᠢᠨ ᠨᠠᠰᠤ ᠪᠠᠷᠠᠭᠰᠠᠨ 700 ᠵᠢᠯ ᠤᠨ ᠤᠢ ᠪᠣᠯᠣᠨ᠎ᠠ ᠃ ᠢᠲ᠋ᠠᠯᠢ ᠳᠤᠮᠳᠠᠳᠤ ᠬᠤᠶᠠᠷ ᠤᠯᠤᠰ ᠡᠷᠲᠡᠨ ᠤ ᠪᠣᠯᠪᠠᠰᠤᠨ ᠤᠯᠤᠰ ᠪᠣᠯᠤᠭᠰᠠᠨ ᠤ ᠬᠤᠪᠢ ᠳᠤ ᠂ ᠬᠠᠷᠢᠯᠴᠠᠨ ᠪᠠᠭ᠋ᠠᠷᠬᠠᠵᠤ ᠂ ᠬᠠᠷᠢᠯᠴᠠᠨ ᠲᠣᠯᠢ ᠪᠣᠯᠭᠠᠭᠰᠠᠭᠠᠷ ᠢᠷᠡᠵᠠᠢ ᠃ ᠣᠳᠣᠬᠠᠨ ᠤ ᠳᠡᠯᠡᠬᠡᠢ ᠶᠢᠨ ᠪᠠᠶᠢᠳᠠᠯ ᠭᠦᠨᠵᠡᠭᠡᠢ ᠤᠯᠠᠷᠢᠨ ᠬᠤᠪᠢᠷᠠᠵᠤ ᠪᠠᠶᠢᠨ᠎ᠠ ᠂ ᠳᠤᠮᠳᠠᠳᠤ ᠤᠯᠤᠰ ᠴᠢᠬᠤᠯᠠ ᠶᠡᠭᠡ ᠤᠯᠤᠰ ᠪᠣᠯᠤᠭᠰᠠᠨ ᠤ ᠬᠤᠪᠢ ᠳᠤ ᠂ ᠪᠦᠭᠦ ᠪᠥᠮᠪᠥᠷᠴᠡᠭ ᠤᠨ ᠴᠢᠨᠠᠷᠲᠠᠢ ᠥᠷᠢᠰᠦᠯᠳᠦᠭᠡᠨ ᠢ ᠠᠷᠭᠠᠴᠠᠬᠤ ᠲᠠᠯ᠎ᠠ ᠪᠠᠷ ᠬᠢ ᠦᠢᠯᠡᠳᠦᠯ ᠢ ᠣᠷᠣᠯᠠᠭᠤᠯᠵᠤ ᠪᠣᠯᠣᠰᠢ ᠦᠭᠡᠢ ᠶᠤᠮ ᠃ ᠢᠲ᠋ᠠᠯᠢ ᠶᠢᠨ ᠬᠢᠨ ᠳᠤᠮᠳᠠᠳᠤ ᠤᠯᠤᠰ ᠤᠨ ᠳᠡᠯᠡᠬᠡᠢ ᠳᠡᠭᠡᠷᠡᠬᠢ ᠪᠠᠶᠢᠷᠢ ᠰᠠᠭᠤᠷᠢ ᠪᠣᠯᠣᠨ ᠦᠢᠯᠡᠳᠦᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠂ ᠳᠤᠷᠠᠲᠠᠶ᠎ᠠ ᠥᠨᠢ ᠤᠳᠠᠭᠠᠨ ᠲᠡᠦᠬᠡ ᠲᠠᠢ ᠲᠣᠷᠭᠠᠨ ᠵᠠᠮ ᠤᠨ ᠵᠣᠷᠢᠭ ᠰᠠᠨᠠᠭ᠎ᠠ ᠶᠢ ᠤᠯᠠᠮᠵᠢᠯᠠᠨ ᠵᠠᠯᠭᠠᠮᠵᠢᠯᠠᠵᠤ ᠂ ᠳᠤᠮᠳᠠᠳᠤ ᠤᠯᠤᠰ ᠯᠤᠭ᠎ᠠ ᠨᠡᠩ ᠨᠢᠭᠲᠠ ᠂ ᠨᠡᠩ ᠥᠨᠳᠥᠷ ᠲᠦᠪᠰᠢᠨ ᠪᠦᠬᠦᠢ ᠬᠠᠨᠢᠲᠠᠨ ᠤ ᠬᠠᠷᠢᠯᠴᠠᠭ᠎ᠠ ᠶᠢ ᠬᠥᠭᠵᠢᠭᠦᠯᠵᠦ ᠂ ᠢᠲ᠋ᠠᠯᠢ ᠳᠤᠮᠳᠠᠳᠤ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢᠨ ᠰᠢᠨ᠎ᠡ ᠬᠠᠭᠤᠳᠠᠰᠤ ᠶᠢ ᠨᠡᠭᠡᠭᠡᠵᠦ ᠂ ᠳᠡᠯᠡᠬᠡᠢ ᠶᠢᠨ ᠡᠩᠬᠡ ᠲᠠᠶᠢᠪᠤᠩ ᠪᠣᠯᠣᠨ ᠲᠠᠪᠰᠢᠯᠳᠠ ᠳᠤ ᠰᠢᠨ᠎ᠡ ᠬᠤᠪᠢ ᠨᠡᠮᠡᠷᠢ ᠦᠵᠡᠭᠦᠯᠦᠨ᠎ᠡ ᠃ ᠢᠲ᠋ᠠᠯᠢ ᠶᠢᠨ ᠬᠢᠨ ᠨᠢᠭᠡ ᠳᠤᠮᠳᠠᠳᠤ ᠤᠯᠤᠰ ᠪᠠᠶᠢᠬᠤ ᠲᠦᠷᠦ ᠶᠢᠨ ᠪᠣᠳᠣᠯᠭ᠎ᠠ ᠶᠢ ᠪᠠᠷᠢᠮᠲᠠᠯᠠᠵᠤ ᠂ ᠳᠤᠮᠳᠠᠳᠤ ᠤᠯᠤᠰ ᠯᠤᠭ᠎ᠠ ᠶᠠᠷᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ ᠂ ᠨᠡᠩ ᠤᠯᠠᠨ ᠳᠠᠯᠳᠠ ᠬᠦᠴᠦᠨ ᠢ ᠠᠭᠤᠳᠠᠯᠵᠤ ᠂ ᠬᠤᠶᠠᠷ ᠤᠯᠤᠰ ᠤᠨ ᠠᠵᠤ ᠠᠬᠤᠢ ᠠᠷᠠᠯᠵᠢᠶᠠᠨ ᠤ ᠪᠡᠯᠡ ᠣᠷᠣᠭᠤᠯᠤᠯᠲᠠ ᠂ ᠴᠠᠭᠢᠯᠭᠠᠨ ᠭᠦᠳᠡᠯᠭᠡᠭᠦᠷᠲᠦ ᠮᠠᠰᠢᠨ ᠲᠡᠷᠭᠡ ᠂ ᠵᠣᠬᠢᠶᠠᠮᠠᠯ ᠤᠶᠤᠯᠢᠭ ᠵᠡᠷᠭᠡ ᠬᠦᠷᠢᠶᠡᠨ ᠤ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ ᠂ ᠰᠣᠶᠣᠯ ᠢᠷᠭᠡᠨᠰᠢᠯ ᠤᠨ ᠰᠣᠯᠢᠯᠴᠠᠭ᠎ᠠ ᠪᠠᠨ ᠨᠢᠭᠲᠠᠷᠠᠭᠤᠯᠵᠤ ᠂ ᠨᠡᠩ ᠤᠯᠠᠨ ᠢᠲ᠋ᠠᠯᠢ ᠶᠢᠨ ᠦᠢᠯᠡᠳᠬᠦᠨ ᠤ ᠳᠤᠮᠳᠠᠳᠤ ᠤᠯᠤᠰ ᠤᠨ ᠵᠠᠬ᠎ᠠ ᠳᠡᠯᠭᠡᠭᠦᠷ ᠲᠤ ᠣᠷᠣᠬᠤ ᠶᠢ ᠠᠬᠢᠭᠤᠯᠬᠤ ᠶᠢ ᠬᠦᠰᠡᠵᠦ ᠪᠠᠶᠢᠨ᠎ᠠ ᠃ ᠢᠲ᠋ᠠᠯᠢ ︽ ᠬᠠᠷᠢᠴᠠᠭ᠎ᠠ ᠪᠠᠨ ᠲᠠᠰᠤᠯᠬᠤ ᠬᠡᠯᠬᠢᠶ᠎ᠡ ᠪᠠᠨ ᠰᠠᠯᠭᠠᠬᠤ ︾ ᠪᠠ ᠬᠠᠮᠠᠭᠠᠯᠠᠬᠤ ᠦᠵᠡᠯ ᠢ ᠡᠰᠡᠷᠭᠦᠴᠡᠵᠦ ᠂ ᠳᠤᠷᠠᠲᠠᠶ᠎ᠠ ᠡᠸᠦ᠋ᠷᠦᠫᠡ ᠲᠢᠪ ᠤᠨ ᠤᠯᠤᠰ ᠤᠳ ᠤᠨ ᠬᠤᠯᠪᠤᠭ᠎ᠠ ᠪᠣᠯᠣᠨ ᠳᠤᠮᠳᠠᠳᠤ ᠤᠯᠤᠰ ᠤᠨ ᠬᠠᠷᠢᠯᠴᠠᠭ᠎ᠠ ᠶᠢᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠬᠤ ᠳᠤ ᠢᠳᠡᠪᠬᠢᠲᠡᠢ ᠦᠢᠯᠡᠳᠦᠯ ᠦᠵᠡᠭᠦᠯᠦᠨ᠎ᠡ ᠭᠡᠵᠦ ᠢᠯᠡᠳᠬᠡᠪᠡ ᠃  ᠬᠤᠶᠠᠷ ᠲᠠᠯ᠎ᠠ ᠪᠠᠷ ᠢᠶᠠᠨ ︽ ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠪᠣᠯᠣᠨ ᠪᠦᠭᠦᠳᠠ ᠨᠠᠶᠢᠷᠠᠮᠳᠠᠬᠤ ᠢᠲ᠋ᠠᠯᠢ ᠤᠯᠤᠰ ᠤᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢ ᠴᠢᠩᠭᠠᠳᠬᠠᠬᠤ ᠲᠤᠬᠠᠢ ᠠᠵᠢᠯᠯᠠᠭᠠᠨ ᠤ ᠲᠥᠯᠥᠪᠯᠡᠭᠡ ︵ 2024 — 2027 ᠣᠨ ︶ ︾ ᠶᠢ ᠨᠡᠶᠢᠲᠡᠯᠡᠪᠡ ᠃  ᠸᠠᠩ ᠢ ᠠᠭᠤᠯᠵᠠᠯᠲᠠ ᠳᠤ ᠣᠷᠣᠯᠴᠠᠵᠠᠢ ᠃ 
ᠢᠷᠡᠯᠲᠡ᠄ ᠥᠪᠥᠷ ᠮᠤᠩᠭᠤᠯ ᠤᠨ ᠵᠠᠰᠠᠭ ᠤᠨ ᠣᠷᠳᠤᠨ