ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶ᠎ᠠ ᠬᠤᠷᠠᠯ ᠬᠤᠷᠠᠯᠳᠤᠭᠤᠯᠵᠤ᠂ ᠣᠳᠣᠬᠠᠨ ᠤ ᠠᠵᠤ ᠠᠬᠤᠢ ᠶᠢᠨ ᠪᠠᠶᠢᠳᠠᠯ ᠪᠠ ᠠᠵᠤ ᠠᠬᠤᠢ ᠶᠢᠨ ᠠᠵᠢᠯ ᠢ ᠵᠠᠳᠠᠯᠤᠨ ᠰᠤᠳᠤᠯᠵᠤ ︽ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠲᠣᠭᠲᠠᠭᠠᠯ ᠤᠳ︾ ᠢ ᠬᠢᠨᠠᠨ ᠵᠥᠪᠯᠡᠪᠡ  ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠭᠢᠯᠡᠵᠠᠢ
ᠨᠡᠶᠢᠲᠡᠯᠡᠭᠰᠡᠨ ᠴᠠᠭ᠄
2024/7/31
  ᠰᠢᠨᠬᠤᠸᠠ ᠬᠤᠷᠢᠶᠠᠨ ᠤ ᠪᠡᠭᠡᠵᠢᠩ ᠤᠨ 7 ᠰᠠᠷ᠎ᠠ ᠶᠢᠨ 30 ᠤ ᠴᠠᠭᠢᠯᠭᠠᠨ ᠮᠡᠳᠡᠭᠡ   ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶ᠎ᠠ 7 ᠰᠠᠷ᠎ᠠ ᠶᠢᠨ 30 ᠤ ᠡᠳᠦᠷ ᠬᠤᠷᠠᠯ ᠬᠤᠷᠠᠯᠳᠤᠭᠤᠯᠵᠤ ᠂ ᠣᠳᠣᠬᠠᠨ ᠤ ᠠᠵᠤ ᠠᠬᠤᠢ ᠶᠢᠨ ᠪᠠᠶᠢᠳᠠᠯ ᠢ ᠵᠠᠳᠠᠯᠤᠨ ᠰᠤᠳᠤᠯᠵᠤ ᠂ ᠳᠣᠣᠷ᠎ᠠ ᠬᠠᠭᠠᠰ ᠵᠢᠯ ᠤᠨ ᠠᠵᠤ ᠠᠬᠤᠢ ᠶᠢᠨ ᠠᠵᠢᠯ ᠢ ᠪᠠᠶᠢᠷᠢᠯᠠᠭᠤᠯᠵᠤ ᠂ ︽ᠬᠡᠯᠪᠡᠷᠢᠴᠢ  ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠲᠣᠭᠲᠠᠭᠠᠯ ᠤᠳ ︾ ᠢ ᠬᠢᠨᠠᠨ  ᠵᠥᠪᠯᠡᠪᠡ ᠃ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠭᠢᠯᠡᠪᠡ ᠃  ᠬᠤᠷᠠᠯ ᠠᠴᠠ ᠂ ᠵᠢᠯ ᠤᠨ ᠡᠬᠢᠨ ᠠᠴᠠ ᠨᠠᠭᠠᠰᠢ ᠂ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠬᠦᠴᠢᠷ ᠢ ᠰᠥᠷᠦᠨ ᠤᠷᠤᠭᠰᠢᠯᠠᠵᠤ ᠂ ᠢᠳᠡᠪᠬᠢᠲᠡᠢ ᠵᠢᠳᠬᠦᠯ ᠴᠢᠷᠮᠠᠶᠢᠯᠭ᠎ᠠ ᠭᠠᠷᠭᠠᠵᠤ ᠂ ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶᠢᠷᠡᠭᠦᠯᠵᠦ ᠂ ᠬᠤᠷᠸ᠎ᠠ ᠡᠵᠡᠮᠰᠢᠯ ᠲᠣᠬᠢᠷᠠᠭᠤᠯᠭ᠎ᠠ ᠶᠢ ᠴᠢᠩᠭᠠᠳᠬᠠᠵᠤ ᠂ ᠠᠶᠤᠯ ᠲᠦᠭᠰᠢᠭᠦᠷᠢ ᠥᠷᠢᠰᠦᠯᠳᠦᠭᠡᠨ ᠢ ᠪᠦᠲᠦᠮᠵᠢᠲᠡᠢ ᠠᠷᠭᠠᠴᠠᠭᠠᠵᠤ ᠂  ᠠᠵᠤ ᠠᠬᠤᠢ ᠶᠢᠨ ᠡᠷᠭᠢᠯᠲᠡ ᠶᠡᠷᠦᠩᠬᠡᠢ ᠳᠡᠭᠡᠨ ᠲᠣᠭᠲᠠᠭᠤᠨ ᠪᠠᠶᠢᠵᠤ ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠂ ᠦᠷᠭᠦᠯᠵᠢᠯᠡᠨ ᠰᠠᠶᠢᠵᠢᠷᠠᠬᠤ ᠬᠠᠨᠳᠤᠰᠢ ᠪᠠᠨ ᠪᠠᠲᠤᠯᠠᠵᠤ ᠂ ᠰᠢᠨ᠎ᠡ ᠬᠥᠳᠡᠯᠭᠡᠭᠴᠢ ᠡᠨᠧᠷᠭᠢ ᠰᠢᠨ᠎ᠡ ᠳᠠᠪᠠᠭᠤᠯᠢᠭ ᠢ ᠲᠦᠷᠭᠡᠨ ᠪᠣᠶᠢᠵᠢᠭᠤᠯᠵᠤ ᠂ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠵᠤ ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠪᠠᠲᠤᠯᠠᠵᠠᠢ ᠭᠡᠵᠦ ᠦᠵᠡᠪᠡ ᠃  ᠬᠤᠷᠠᠯ ᠠᠴᠠ ᠂ ᠣᠳᠣᠬᠠᠨ ᠳᠤ ᠭᠠᠳᠠᠭᠠᠳᠤ ᠣᠷᠴᠢᠨ ᠨᠥᠬᠦᠴᠡᠯ ᠤᠨ ᠬᠤᠪᠢᠷᠠᠯᠲᠠ ᠠᠴᠠ ᠪᠣᠯᠤᠭᠰᠠᠨ ᠠᠰᠢᠭ ᠦᠭᠡᠢ ᠨᠥᠯᠥᠭᠡ ᠨᠡᠮᠡᠭᠳᠡᠵᠦ ᠂ ᠤᠯᠤᠰ ᠤᠨ ᠳᠣᠲᠣᠭᠠᠳᠤ ᠶᠢᠨ ᠪᠦᠲᠦᠮᠵᠢᠲᠡᠢ ᠬᠡᠷᠡᠭᠴᠡᠭᠡ ᠬᠦᠷᠦᠯᠴᠡᠬᠦ ᠦᠭᠡᠢ ᠂ ᠠᠵᠤ ᠠᠬᠤᠢ ᠶᠢᠨ ᠡᠷᠭᠢᠯᠲᠡ ᠳᠤ ᠵᠠᠳᠠᠷᠠᠯ ᠭᠠᠷᠴᠤ ᠂ ᠭᠤᠣᠯᠳᠠᠯᠭ᠎ᠠ ᠲᠠᠢ ᠬᠦᠷᠢᠶᠡᠨ ᠤ ᠠᠶᠤᠯ ᠲᠦᠭᠰᠢᠭᠦᠷᠢ ᠭᠡᠮ ᠰᠣᠭᠤᠭ ᠮᠥᠨ ᠬᠦ ᠨᠡᠯᠢᠶᠡᠳ ᠤᠯᠠᠨ ᠪᠠᠶᠢᠵᠤ ᠂ ᠰᠢᠨ᠎ᠡ ᠬᠠᠭᠤᠴᠢᠨ ᠬᠥᠳᠡᠯᠭᠡᠭᠴᠢ ᠡᠨᠧᠷᠭᠢ ᠶᠢᠨ ᠰᠣᠯᠢᠭᠳᠠᠯ ᠳᠤ ᠡᠪᠡᠷᠰᠢᠶᠡᠯ ᠣᠷᠣᠰᠢᠵᠤ ᠪᠠᠶᠢᠨ᠎ᠠ ᠃ ᠡᠳᠡᠭᠡᠷ ᠪᠣᠯ ᠬᠥᠭᠵᠢᠯᠲᠡ ᠶᠢᠨ ᠳᠤᠮᠳᠠᠬᠢ ᠂ ᠭᠡᠯᠪᠡᠷᠢ ᠶᠢ ᠬᠤᠪᠢᠷᠠᠭᠤᠯᠬᠤ ᠳᠤᠮᠳᠠᠬᠢ ᠠᠰᠠᠭᠤᠳᠠᠯ ᠪᠣᠯᠣᠨ᠎ᠠ ᠂ ᠪᠢᠳᠡ ᠲᠦᠭᠰᠢᠭᠦᠷᠢ ᠶᠢᠨ ᠤᠬᠠᠮᠰᠠᠷ ᠪᠣᠯᠣᠨ ᠬᠤᠷᠢᠭ᠎ᠠ ᠱᠤᠭᠤᠮ ᠤᠨ ᠰᠡᠳᠬᠢᠬᠦᠢ ᠪᠠᠨ ᠴᠢᠩᠭᠠᠳᠬᠠᠵᠤ ᠂ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠠᠷᠭᠠᠴᠠᠭᠠᠬᠤ ᠪᠥᠭᠡᠳ ᠪᠠᠰᠠ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢᠶᠠᠨ ᠪᠠᠲᠤᠯᠠᠵᠤ ᠂ ᠬᠥᠭᠵᠢᠯᠲᠡ ᠶᠢᠨ ᠢᠲᠡᠭᠡᠯ ᠢᠶᠠᠨ ᠪᠠᠲᠤᠳᠬᠠᠵᠤ ᠂ ᠳᠤᠮᠳᠠᠳᠤ ᠤᠯᠤᠰ ᠤᠨ ᠠᠵᠤ ᠠᠬᠤᠢ ᠶᠢᠨ ᠰᠠᠶᠢᠵᠢᠷᠠᠯᠲᠠ ᠶᠢᠨ  ᠤᠨᠤᠯ ᠢ ᠳᠠᠭᠤᠷᠢᠰᠤᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ ᠃  ᠬᠤᠷᠠᠯ ᠠᠴᠠ ᠂ ᠳᠣᠣᠷ᠎ᠠ ᠬᠠᠭᠠᠰ ᠵᠢᠯ ᠤᠨ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠡᠭᠦᠷᠭᠡ ᠮᠠᠰᠢ ᠬᠦᠨᠳᠦ ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠂ ᠭᠤᠷᠪᠠᠳᠤᠭᠠᠷ ᠪᠦᠭᠦᠳᠠ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠵᠤ ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠂ ᠵᠥᠪ ᠤᠨᠤᠪᠴᠢᠳᠠᠢ ᠂ ᠪᠦᠭᠦ ᠲᠠᠯ᠎ᠠ ᠪᠠᠷ ᠲᠤᠭᠤᠰᠢᠯᠠᠭᠤᠯᠵᠤ ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠨ ᠢᠶᠠᠷ ᠪᠠᠶᠢᠭᠤᠯᠵᠤ ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠵᠦ ᠂ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠵᠤ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠠᠢ ᠤᠶᠠᠯᠳᠤᠭᠤᠯᠤᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠵᠦ ᠂ ᠬᠤᠷᠸ᠎ᠠ ᠡᠵᠡᠮᠰᠢᠯ ᠲᠣᠬᠢᠷᠠᠭᠤᠯᠭ᠎ᠠ ᠶᠢᠨ ᠡᠷᠴᠢᠮ ᠢ ᠴᠢᠩᠭᠠᠷᠠᠭᠤᠯᠵᠤ ᠂ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠤᠯᠭᠠᠬᠤ ᠶᠢ ᠭᠦᠨᠵᠡᠭᠡᠶᠢᠷᠡᠭᠦᠯᠵᠦ ᠂ ᠳᠣᠲᠣᠭᠠᠳᠤ ᠬᠡᠷᠡᠭᠴᠡᠭᠡ ᠶᠢᠨ ᠲᠠᠯᠳᠠ ᠬᠦᠴᠦᠨ ᠢ ᠭᠦᠨᠵᠡᠭᠡᠢ ᠠᠭᠤᠳᠠᠯᠵᠤ ᠂ ᠰᠢᠨ᠎ᠡ ᠬᠥᠳᠡᠯᠭᠡᠭᠴᠢ ᠡᠨᠧᠷᠭᠢ ᠰᠢᠨ᠎ᠡ ᠳᠠᠪᠠᠭᠤᠯᠢᠭ ᠢ ᠲᠠᠰᠤᠷᠠᠯᠲᠠ ᠦᠭᠡᠢ ᠴᠢᠩᠭᠠᠳᠬᠠᠵᠤ ᠂ ᠡᠵᠡᠩᠨᠡᠯᠲᠡ ᠶᠢᠨ ᠭᠤᠣᠯ ᠴᠣᠭᠴᠠ ᠶᠢᠨ ᠠᠮᠢᠳᠤᠯᠢᠭ ᠬᠦᠴᠦᠨ ᠢ ᠨᠡᠮᠡᠭᠳᠡᠭᠦᠯᠵᠦ ᠂ ᠵᠠᠬ᠎ᠠ ᠳᠡᠯᠭᠡᠭᠦᠷ ᠤᠨ ᠵᠢᠱᠢᠯᠲᠡ ᠶᠢ ᠲᠣᠭᠲᠠᠪᠤᠷᠢᠵᠢᠭᠤᠯᠬᠤ ᠂ ᠨᠡᠶᠢᠭᠡᠮ ᠤᠨ ᠢᠲᠡᠭᠡᠯ ᠢ ᠨᠡᠮᠡᠭᠳᠡᠭᠦᠯᠵᠦ ᠂ ᠠᠵᠤ ᠠᠬᠤᠢ ᠶᠢᠨ ᠦᠷᠭᠦᠯᠵᠢᠯᠡᠨ ᠳᠡᠭᠡᠭᠰᠢᠯᠡᠵᠦ ᠰᠠᠶᠢᠵᠢᠷᠠᠬᠤ ᠬᠠᠨᠳᠤᠰᠢ ᠶᠢ ᠴᠢᠩᠭᠠᠳᠬᠠᠵᠤ ᠂ ᠠᠷᠠᠳ ᠤᠨ ᠠᠮᠢᠳᠤᠷᠠᠯ ᠢ ᠦᠨᠡᠨ ᠬᠦ ᠪᠠᠲᠤᠯᠠᠨ ᠰᠠᠶᠢᠵᠢᠷᠠᠭᠤᠯᠵᠤ ᠂ ᠨᠡᠶᠢᠭᠡᠮ ᠤᠨ ᠲᠣᠭᠲᠠᠭᠤᠨ ᠪᠠᠶᠢᠳᠠᠯ ᠢ ᠪᠠᠲᠤᠯᠠᠵᠤ ᠂ ᠪᠦᠭᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢ ᠡᠷᠡᠰ ᠭᠤᠶᠢᠪᠢᠰᠢ ᠦᠭᠡᠢ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ ᠃  ᠬᠤᠷᠠᠯ ᠠᠴᠠ ᠂ ᠥᠭᠡᠷᠡᠴᠢᠯᠡᠯᠲᠡ ᠪᠠᠷ ᠬᠥᠳᠡᠯᠭᠡᠭᠴᠢ ᠬᠦᠴᠦᠨ ᠪᠤᠯᠭᠠᠵᠤ ᠨᠡᠮᠡᠭᠳᠡᠯ ᠢ ᠲᠣᠭᠲᠠᠪᠤᠷᠢᠵᠢᠭᠤᠯᠬᠤ ᠂ ᠪᠦᠲᠦᠴᠡ ᠶᠢ ᠲᠣᠬᠢᠷᠠᠭᠤᠯᠬᠤ ᠂ ᠠᠶᠤᠯ ᠲᠦᠭᠰᠢᠭᠦᠷᠢ ᠶᠢ ᠰᠡᠷᠭᠡᠶᠢᠯᠡᠬᠦ ᠶᠢ ᠠᠬᠢᠭᠤᠯᠵᠤ ᠂ ᠠᠵᠤ ᠠᠬᠤᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢᠨ ᠬᠥᠲᠥᠯᠥᠮᠵᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ ᠂ ᠨᠥᠬᠦᠴᠡᠯ ᠪᠣᠯᠪᠠᠰᠤᠷᠠᠩᠭᠤᠢ ᠂ ᠪᠣᠳᠠᠲᠠᠢ ᠨᠠᠶᠢᠳᠠᠪᠤᠷᠢᠵᠢᠭᠤᠯᠤᠭᠳᠠᠵᠤ ᠳᠡᠶᠢᠯᠬᠦᠶᠢᠴᠡ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠴᠠᠭ ᠲᠤᠬᠠᠢ ᠳᠤᠨᠢ ᠭᠠᠷᠭᠠᠬᠤ ᠬᠡᠷᠡᠭᠲᠡᠢ ᠃ ︽ ᠬᠤᠶᠠᠷ ᠥᠴᠥᠬᠡᠨ ᠴᠦ ᠭᠤᠶᠢᠪᠢᠰᠢ ᠦᠭᠡᠢ ︾ ᠶᠢ ᠪᠠᠷᠢᠮᠲᠠᠯᠠᠨ ᠨᠠᠶᠢᠳᠠᠪᠤᠷᠢᠵᠢᠭᠤᠯᠵᠤ ᠂ ᠡᠯ᠎ᠡ ᠵᠦᠢᠯ ᠤᠨ ᠥᠮᠴᠢᠯᠡᠯ ᠤᠨ ᠠᠵᠤ ᠠᠬᠤᠢ ᠶᠢᠨ ᠳᠠᠪᠠᠭᠤᠯᠢᠭ ᠲᠠᠯ᠎ᠠ ᠪᠠᠷ ᠢᠶᠠᠨ ᠬᠠᠷᠢᠯᠴᠠᠨ ᠨᠥᠬᠦᠪᠦᠷᠢᠯᠡᠬᠦ ᠂ ᠬᠠᠮᠲᠤ ᠪᠠᠷ ᠬᠥᠭᠵᠢᠬᠦ ᠶᠢ ᠠᠬᠢᠭᠤᠯᠵᠤ ᠂ ᠥᠮᠴᠢᠯᠡᠯ ᠤᠨ ᠡᠷᠬᠡ ᠶᠢᠨ ᠬᠠᠮᠠᠭᠠᠯᠠᠯᠲᠠ ᠂ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠂ ᠳᠠᠮᠫᠤᠷᠠᠵᠤ ᠤᠬᠤᠷᠢᠨ ᠭᠠᠷᠬᠤ ᠵᠡᠷᠭᠡ ᠵᠠᠬ᠎ᠠ ᠳᠡᠯᠭᠡᠭᠦᠷ ᠤᠨ ᠠᠵᠤ ᠠᠬᠤᠢ ᠶᠢᠨ ᠰᠠᠭᠤᠷᠢ ᠳᠦᠷᠢᠮ ᠢ ᠲᠡᠭᠦᠯᠳᠡᠷᠵᠢᠭᠦᠯᠵᠦ ᠂ ᠵᠠᠷᠢᠮ ᠭᠠᠵᠠᠷ ᠣᠷᠣᠨ ᠤ ᠵᠠᠰᠠᠭ ᠵᠠᠬᠢᠷᠭᠠᠨ ᠂ ᠡᠷᠡᠭᠦᠦ ᠶᠢᠨ ᠬᠡᠷᠡᠭ ᠤᠨ ᠠᠷᠭ᠎ᠠ ᠪᠠᠷᠢᠯ ᠢ ᠠᠰᠢᠭᠯᠠᠨ ᠠᠵᠤ ᠠᠬᠤᠢ ᠶᠢᠨ ᠵᠠᠭᠤᠷᠠᠯᠳᠤᠭᠠᠨ ᠳᠤ ᠭᠠᠷ ᠲᠦᠷᠦᠭᠦ ᠶᠢ ᠰᠡᠷᠭᠡᠶᠢᠯᠡᠨ ᠵᠠᠯᠠᠷᠠᠭᠤᠯᠬᠤ ᠬᠡᠷᠡᠭᠲᠡᠢ ᠃ ᠠᠵᠤ ᠠᠬᠤᠶᠢᠯᠠᠯᠲᠠᠨ ᠤ ᠵᠣᠷᠢᠭ ᠰᠠᠨᠠᠭ᠎ᠠ ᠶᠢ ᠪᠠᠳᠠᠷᠠᠭᠤᠯᠵᠤ ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠ ᠡᠷᠬᠡ ᠲᠡᠭᠰᠢ ᠪᠠᠷ ᠥᠷᠢᠰᠦᠯᠳᠦᠬᠦ ᠳᠤᠮᠳᠠ ᠨᠡᠩ ᠤᠯᠠᠨ ᠳᠡᠯᠡᠬᠡᠢ ᠶᠢᠨ ᠲᠡᠷᠢᠭᠦᠨ ᠵᠡᠷᠭᠡ ᠶᠢᠨ ᠠᠵᠤ ᠠᠬᠤᠶᠢᠯᠠᠯ ᠢ ᠲᠦᠷᠭᠡᠨ ᠢᠶᠠᠷ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠃  ᠬᠤᠷᠠᠯ ᠠᠴᠠ ᠂ ᠬᠤᠷᠸ᠎ᠠ ᠲᠦᠷᠦ ᠶᠢᠨ ᠪᠣᠳᠣᠯᠭ᠎ᠠ ᠶᠢᠨ ᠲᠠᠯ᠎ᠠ ᠪᠠᠷ ᠦᠷᠭᠦᠯᠵᠢᠯᠡᠨ ᠬᠦᠴᠦᠯᠡᠵᠦ ᠂ ᠨᠡᠩ ᠢᠯᠡᠭᠦᠦ ᠬᠦᠴᠦ ᠨᠡᠮᠡᠷᠢᠯᠡᠬᠦ ᠬᠡᠷᠡᠭᠲᠡᠢ ᠃ ᠰᠥᠷᠬᠦ ᠦᠶᠡᠯᠡᠯ ᠤᠨ ᠬᠤᠭᠤᠴᠠᠭᠠᠨ ᠤ ᠲᠣᠬᠢᠷᠠᠭᠤᠯᠤᠯᠲᠠ ᠶᠢ ᠴᠢᠩᠭᠠᠳᠬᠠᠨ ᠂ ᠡᠳ᠋ ᠤᠨ ᠵᠠᠰᠠᠭ ᠤᠨ ᠢᠳᠡᠪᠬᠢᠲᠡᠢ ᠲᠥᠷᠥ ᠶᠢᠨ ᠪᠣᠳᠣᠯᠭ᠎ᠠ ᠪᠠ ᠵᠣᠭᠤᠰᠤᠨ ᠤ ᠲᠣᠭᠲᠠᠭᠤᠨ ᠲᠥᠷᠥ ᠶᠢᠨ ᠪᠣᠳᠣᠯᠭ᠎ᠠ ᠶᠢ ᠰᠠᠶᠢᠲᠤᠷ ᠬᠡᠷᠡᠭᠵᠢᠭᠦᠯᠵᠦ ᠂ ᠨᠢᠭᠡᠨᠲᠡ ᠲᠣᠭᠲᠠᠭᠠᠭᠰᠠᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠪᠦᠭᠦ ᠲᠠᠯ᠎ᠠ ᠪᠠᠷ ᠲᠦᠷᠭᠡᠨ ᠨᠠᠶᠢᠳᠠᠪᠤᠷᠢᠵᠢᠭᠤᠯᠵᠤ ᠂ ᠡᠷᠲᠡᠬᠡᠨ ᠨᠥᠭᠡᠴᠡᠯᠡᠬᠦ ᠶᠢᠨ ᠬᠠᠮᠲᠤ ᠬᠡᠮᠵᠢᠶ᠎ᠡ ᠶᠢ ᠨᠡᠮᠡᠭᠳᠡᠭᠦᠯᠬᠦ‍ ᠨᠢᠭᠡ ᠪᠦᠯᠦᠭ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠴᠠᠭ ᠲᠤᠨᠢ ᠲᠣᠬᠢᠷᠠᠭᠤᠯᠤᠨ ᠨᠡᠶᠢᠲᠡᠯᠡᠬᠦ ᠬᠡᠷᠡᠭᠲᠡᠢ ᠃ ᠲᠤᠰᠬᠠᠢ ᠵᠢᠭᠡᠯᠡᠯᠭᠡ ᠶᠢ ᠲᠠᠷᠬᠠᠭᠠᠵᠤ ᠬᠡᠷᠡᠭᠯᠡᠬᠦ ᠠᠬᠢᠴᠠ ᠶᠢ ᠲᠦᠷᠭᠡᠳᠬᠡᠵᠦ ᠂ ᠣᠷᠳᠣ ᠬᠤᠭᠤᠴᠠᠭᠠᠨ ᠤ ᠤᠯᠤᠰ ᠤᠨ ᠣᠨᠴᠠ ᠵᠢᠭᠡᠯᠡᠯᠭᠡ ᠶᠢ ᠰᠠᠶᠢᠲᠤᠷ ᠬᠡᠷᠡᠭᠯᠡᠵᠦ ᠂ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠪᠠ ᠭᠤᠣᠯᠳᠠᠯᠭ᠎ᠠ ᠲᠠᠢ ᠬᠦᠷᠢᠶᠡᠨ ᠤ ᠠᠮᠤᠷ ᠲᠦᠪᠰᠢᠨ ᠤ ᠴᠢᠳᠠᠪᠤᠷᠢ ᠶᠢᠨ ᠪᠠᠶᠢᠭᠤᠯᠤᠯᠲᠠ ᠶᠢ ᠳᠡᠮᠵᠢᠵᠦ ᠂ ᠶᠡᠭᠡ ᠬᠡᠪᠴᠢᠶᠡᠨ ᠤ ᠲᠥᠬᠦᠭᠡᠷᠦᠮᠵᠢ ᠶᠢ ᠰᠢᠨᠡᠳᠬᠡᠬᠦ ᠪᠠ ᠶᠡᠭᠡ ᠬᠡᠮᠵᠢᠶᠡᠨ ᠤ ᠪᠥᠬᠡᠯᠢᠭ ᠬᠡᠷᠡᠭᠯᠡᠭᠡᠨ ᠤ ᠵᠦᠢᠯ ᠢ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠨᠠᠩ ᠡᠷᠴᠢᠮ ᠲᠠᠢ ᠠᠬᠢᠭᠤᠯᠬᠤ ᠬᠡᠷᠡᠭᠲᠡᠢ ᠃ ᠡᠳ᠋ ᠤᠨ ᠵᠠᠰᠠᠭ ᠤᠨ ᠵᠠᠷᠤᠯᠭ᠎ᠠ ᠶᠢᠨ ᠪᠦᠲᠦᠴᠡ ᠶᠢ ᠰᠢᠯᠢᠳᠡᠭᠵᠢᠭᠦᠯᠵᠦ ᠂ ︽ ᠭᠤᠷᠪᠠ ᠶᠢ ᠪᠠᠲᠤᠯᠠᠬᠤ ︾ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ ᠃ ᠵᠣᠭᠤᠰᠤᠨ ᠤ ᠲᠦᠷᠦ ᠶᠢᠨ ᠪᠣᠳᠣᠯᠭ᠎ᠠ ᠶᠢᠨ ᠤᠯᠠᠨ ᠵᠦᠢᠯ ᠤᠨ ᠪᠠᠭᠠᠵᠢ ᠶᠢ ᠶᠡᠷᠦᠩᠬᠡᠶᠢᠯᠡᠨ ᠬᠡᠷᠡᠭᠯᠡᠵᠦ ᠂ ᠮᠥᠩᠭᠦᠨ ᠭᠦᠢᠯᠭᠡᠭᠡᠨ ᠤ ᠪᠣᠳᠠᠲᠤ ᠴᠣᠭᠴᠠ ᠶᠢᠨ ᠠᠵᠤ ᠠᠬᠤᠢ ᠶᠢ ᠳᠡᠮᠵᠢᠬᠦ ᠡᠷᠴᠢᠮ ᠢ ᠴᠢᠩᠭᠠᠷᠠᠭᠤᠯᠤᠨ ᠂ ᠨᠡᠶᠢᠭᠡᠮ ᠤᠨ ᠶᠡᠷᠦᠩᠬᠡᠶᠢᠯᠡᠭᠰᠡᠨ ᠪᠡᠯᠡ ᠲᠣᠬᠢᠷᠠᠭᠤᠯᠭ᠎ᠠ ᠶᠢᠨ ᠥᠪᠡᠷ ᠤᠨ ᠦᠷᠳᠡᠭ ᠤᠨ ᠲᠣᠭᠲᠠᠭᠤᠨ ᠪᠠᠶᠢᠬᠤ ᠶᠢᠨ ᠵᠡᠷᠭᠡ ᠳᠤ ᠪᠠᠭᠤᠷᠠᠬᠤ ᠶᠢ ᠠᠬᠢᠭᠤᠯᠬᠤ ᠬᠡᠷᠡᠭᠲᠡᠢ ᠃ ᠠᠷᠠᠳ ᠤᠨ ᠵᠣᠭᠤᠰᠤᠨ ᠤ ᠭᠤᠪᠢᠭᠤᠯᠭ᠎ᠠ ᠶᠢᠨ ᠨᠤᠷᠮ᠎ᠠ ᠶᠢᠨ ᠵᠦᠢ ᠵᠣᠬᠢᠰᠲᠠᠢ ᠪᠥᠭᠡᠳ ᠲᠡᠩᠴᠡᠭᠦᠷᠢᠲᠡᠢ ᠲᠦᠪᠰᠢᠨ ᠳᠤ ᠦᠨᠳᠦᠰᠦᠨ ᠳᠡᠭᠡᠨ ᠲᠣᠭᠲᠠᠪᠤᠷᠢᠲᠠᠢ ᠪᠠᠶᠢᠬᠤ ᠶᠢ ᠪᠠᠲᠤᠯᠠᠬᠤ ᠬᠡᠷᠡᠭᠲᠡᠢ ᠃ ᠬᠤᠷᠸ᠎ᠠ ᠲᠦᠷᠦ ᠶᠢᠨ ᠪᠣᠳᠣᠯᠭ᠎ᠠ ᠶᠢᠨ ᠬᠠᠨᠳᠤᠰᠢ ᠶᠢᠨ ᠨᠢᠭᠡᠳᠦᠯᠲᠦ ᠴᠢᠨᠠᠷ ᠢ ᠦᠨᠡᠨ ᠬᠦ ᠴᠢᠩᠭᠠᠳᠬᠠᠵᠤ ᠂ ᠡᠯ᠎ᠡ ᠲᠠᠯ᠎ᠠ ᠶᠢᠨ ᠴᠢᠨᠠᠷ ᠰᠠᠶᠢᠲᠠᠢ ᠬᠥᠭᠵᠢᠯᠲᠡ ᠶᠢ ᠬᠠᠮᠲᠤ ᠪᠠᠷ ᠠᠬᠢᠭᠤᠯᠬᠤ ᠬᠦᠴᠦᠷᠬᠡᠭ ᠶᠡᠭᠡ ᠬᠠᠮᠲᠤᠷᠠᠯ ᠬᠦᠴᠦᠨ ᠢ ᠪᠦᠷᠢᠯᠳᠦᠭᠦᠯᠬᠦ ᠬᠡᠷᠡᠭᠲᠡᠢ ᠃ ᠠᠵᠤ ᠠᠬᠤᠢ ᠶᠢᠨ ᠲᠣᠮᠣ ᠮᠤᠵᠢ ᠶᠢᠨ ᠨᠢᠷᠤᠭᠤ ᠲᠤᠯᠭᠠᠭᠤᠷᠢ ᠶᠢᠨ ᠦᠢᠯᠡᠳᠦᠯ ᠢ ᠦᠷᠭᠦᠯᠵᠢᠯᠡᠨ ᠰᠠᠶᠢᠲᠤᠷ ᠪᠠᠳᠠᠷᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ ᠃  ᠬᠤᠷᠠᠯ ᠠᠴᠠ ᠂ ᠬᠡᠷᠡᠭᠯᠡᠭᠡ ᠶᠢ ᠬᠥᠭᠵᠢᠭᠡᠬᠦ ᠪᠠᠷ ᠭᠤᠣᠯᠳᠠᠯᠭ᠎ᠠ ᠪᠣᠯᠭᠠᠨ ᠤᠯᠤᠰ ᠤᠨ ᠳᠣᠲᠣᠭᠠᠳᠤ ᠶᠢᠨ ᠬᠡᠷᠡᠭᠴᠡᠭᠡ ᠶᠢ ᠥᠷᠭᠡᠳᠬᠡᠵᠦ ᠂ ᠠᠵᠤ ᠠᠬᠤᠢ ᠶᠢᠨ ᠲᠦᠷᠦ ᠶᠢᠨ ᠪᠣᠳᠣᠯᠭ᠎ᠠ ᠶᠢᠨ ᠬᠦᠴᠦᠯᠡᠬᠦ ᠴᠡᠭ ᠢ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠂ ᠬᠡᠷᠡᠭᠯᠡᠭᠡ ᠶᠢ ᠠᠬᠢᠭᠤᠯᠬᠤ ᠲᠡᠶᠢᠰᠢ ᠨᠡᠩ ᠢᠯᠡᠭᠦᠦ ᠬᠠᠨᠳᠤᠭᠤᠯᠵᠤ ᠂ ᠤᠯᠠᠨ ᠠᠷᠭ᠎ᠠ ᠵᠠᠮ ᠢᠶᠠᠷ ᠰᠠᠭᠤᠭᠠᠯᠢ ᠠᠷᠠᠳ ᠤᠨ ᠣᠷᠣᠯᠭ᠎ᠠ ᠶᠢ ᠨᠡᠮᠡᠭᠳᠡᠭᠦᠯᠵᠦ ᠂ ᠳᠤᠮᠳᠠ ᠳᠣᠣᠷ᠎ᠠ ᠣᠷᠣᠯᠭ᠎ᠠ ᠲᠠᠢ ᠬᠥᠮᠥᠰ ᠤᠨ ᠬᠡᠷᠡᠭᠯᠡᠭᠡᠨ ᠤ ᠴᠢᠳᠠᠪᠤᠷᠢ ᠪᠣᠯᠣᠨ ᠬᠦᠰᠡᠯ ᠢ ᠨᠡᠮᠡᠭᠳᠡᠭᠦᠯᠵᠦ ᠂ ᠦᠢᠯᠡᠴᠢᠯᠡᠭᠡᠨ ᠤ  ᠬᠡᠷᠡᠭᠯᠡᠭᠡ ᠶᠢ ᠥᠷᠭᠡᠳᠬᠡᠨ ᠲᠡᠰ ᠳᠡᠪᠰᠢᠭᠦᠯᠬᠦ ᠴᠢᠬᠤᠯᠠ ᠭᠠᠷᠳᠠᠴᠠ ᠪᠤᠯᠭᠠᠵᠤ ᠂ ᠰᠣᠶᠣᠯ ᠵᠢᠭᠤᠯᠴᠢᠯᠠᠯ ᠂ ᠨᠠᠰᠤᠵᠢᠯ ᠤᠨ ᠠᠰᠠᠷᠠᠮᠵᠢ ᠂ ᠨᠢᠯᠬ᠎ᠠ ᠬᠡᠦᠬᠡᠳ ᠢ ᠬᠥᠮᠥᠵᠢᠭᠦᠯᠬᠦ ᠂ ᠭᠡᠷ ᠠᠬᠤᠢ ᠵᠡᠷᠭᠡ ᠬᠡᠷᠡᠭᠯᠡᠭᠡ ᠶᠢ ᠳᠡᠮᠵᠢᠬᠦ ᠬᠡᠷᠡᠭᠲᠡᠢ ᠃ ᠠᠷᠠᠳ ᠤᠨ ᠪᠡᠯᠡ ᠣᠷᠣᠭᠤᠯᠤᠯᠲᠠ ᠶᠢᠨ ᠢᠳᠡᠪᠬᠢᠵᠢᠯ ᠢ ᠤᠯᠠᠮ ᠳᠠᠶᠢᠴᠢᠯᠠᠵᠤ ᠂ ᠪᠦᠲᠦᠮᠵᠢᠲᠡᠶ ᠪᠡᠯᠡ ᠣᠷᠣᠭᠤᠯᠤᠯᠲᠠ ᠶᠢ ᠥᠷᠭᠡᠳᠬᠡᠬᠦ ᠬᠡᠷᠡᠭᠲᠡᠢ ᠭᠡᠵᠦ ᠴᠢᠬᠤᠯᠠᠴᠢᠯᠠᠪᠠ ᠃  ᠬᠤᠷᠠᠯ ᠠᠴᠠ ᠂ ᠰᠢᠨ᠎ᠡ ᠪᠠᠷ ᠬᠥᠭᠵᠢᠭᠰᠡᠨ ᠠᠵᠤ ᠦᠢᠯᠡᠰ ᠪᠣᠯᠣᠨ ᠢᠷᠡᠭᠡᠳᠦᠢ ᠶᠢᠨ ᠠᠵᠤ ᠦᠢᠯᠡᠰ ᠢ ᠪᠣᠶᠢᠵᠢᠭᠤᠯᠤᠨ ᠪᠤᠵᠠᠭᠠᠶᠢᠷᠠᠭᠤᠯᠬᠤ ᠬᠡᠷᠡᠭᠲᠡᠢ ᠃ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠨ ᠬᠦᠴᠦᠷᠬᠡᠭᠵᠢᠬᠦ ᠶᠢ ᠶᠡᠭᠡ ᠪᠠᠷ ᠠᠬᠢᠭᠤᠯᠵᠤ ᠂ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠣᠭᠤᠮᠲᠠ ᠰᠢᠪᠲᠤᠯᠬᠤ ᠶᠢ ᠴᠢᠩᠭᠠᠳᠬᠠᠵᠤ ᠂ ᠤᠯᠠᠮᠵᠢᠯᠠᠯᠲᠤ ᠠᠵᠤ ᠦᠢᠯᠡᠰ ᠤᠨ ᠭᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠠᠬᠢᠭᠤᠯᠬᠤ ᠬᠡᠷᠡᠭᠲᠡᠢ ᠃ ᠲᠦᠷᠭᠡᠨ ᠬᠥᠭᠵᠢᠵᠦ ᠪᠠᠶᠢᠭ᠎ᠠ ᠠᠵᠤ ᠠᠬᠤᠶᠢᠯᠠᠯ ᠂ ᠵᠠᠬ᠎ᠠ ᠳᠤ ᠭᠠᠷᠤᠭ᠎ᠠ ᠦᠭᠡᠢ ᠦᠢᠯᠡᠰ ᠪᠣᠰᠬᠠᠭᠴᠢ ᠠᠵᠤ ᠠᠬᠤᠶᠢᠯᠠᠯ ᠢ ᠬᠦᠴᠦᠲᠡᠢ ᠪᠥᠭᠡᠳ ᠪᠦᠲᠦᠮᠵᠢᠲᠡᠶ ᠳᠡᠮᠵᠢᠨ ᠬᠥᠭᠵᠢᠭᠦᠯᠬᠦ ᠬᠡᠷᠡᠭᠲᠡᠢ ᠃ ᠠᠵᠢᠯ ᠲᠥᠷᠥᠯ ᠤᠨ ᠥᠪᠡᠷ ᠢ ᠪᠠᠨ ᠱᠠᠭᠠᠷᠳᠠᠬᠤ ᠶᠢ ᠴᠢᠩᠭᠠᠳᠬᠠᠵᠤ ᠂ ︽ ᠬᠤᠮᠢᠷᠠᠭ᠎ᠠ ︾ ᠮᠠᠭᠤ ᠣᠷᠴᠢᠯᠲᠤ ᠥᠷᠢᠰᠦᠯᠳᠦᠭᠡᠨ ᠢ ᠰᠡᠷᠭᠡᠶᠢᠯᠡᠬᠦ ᠬᠡᠷᠡᠭᠲᠡᠢ ᠃ ᠵᠠᠬ᠎ᠠ ᠳᠡᠯᠭᠡᠭᠦᠷ ᠤᠨ ᠰᠢᠯᠢᠳᠡᠭ ᠨᠢ ᠦᠯᠡᠳᠡᠵᠦ ᠰᠢᠭᠠᠷᠤ ᠨᠢ ᠰᠢᠭᠰᠢᠭᠳᠡᠬᠦ ᠲᠣᠭᠲᠠᠴᠠ ᠶᠢ ᠴᠢᠩᠭᠠᠳᠬᠠᠵᠤ ᠂ ᠬᠤᠴᠤᠷᠤᠩᠭᠤᠢ ᠳᠣᠣᠷ᠎ᠠ ᠪᠦᠲᠦᠮᠵᠢᠲᠡᠢ ᠦᠢᠯᠡᠳᠪᠦᠷᠢᠯᠡᠯ ᠤᠨ ᠴᠢᠳᠠᠪᠤᠷᠢ ᠶᠢᠨ ᠤᠬᠤᠷᠢᠨ ᠭᠠᠷᠬᠤ ᠠᠷᠭ᠎ᠠ ᠵᠠᠮ ᠢ ᠰᠢᠯᠤᠭᠤᠳᠬᠠᠬᠤ ᠬᠡᠷᠡᠭᠲᠡᠢ ᠭᠡᠵᠦ ᠵᠢᠭᠠᠵᠤ ᠭᠠᠷᠭᠠᠪᠠ ᠃  ᠬᠤᠷᠠᠯ ᠠᠴᠠ ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠠᠬᠢᠭᠤᠯᠵᠤ ᠂ ᠵᠠᠬ᠎ᠠ ᠳᠡᠯᠭᠡᠭᠦᠷᠴᠢᠯᠡᠭᠰᠡᠨ ᠂ ᠬᠠᠤᠯᠢᠵᠢᠭᠰᠠᠨ ᠂ ᠳᠡᠯᠡᠬᠡᠶᠢᠵᠢᠭᠰᠡᠨ ᠲᠡᠷᠢᠭᠦᠨ ᠵᠡᠷᠭᠡ ᠶᠢᠨ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠤᠯᠠᠮ ᠨᠢᠭᠡ ᠠᠯᠬᠤᠮ ᠪᠤᠢ ᠪᠤᠯᠭᠠᠵᠤ ᠂ ᠪᠠᠶᠢᠭᠤᠯᠤᠯ ᠤᠨ ᠮᠠᠶ᠋ᠢᠭ ᠤᠨ ᠨᠡᠭᠡᠭᠡᠯᠲᠡ ᠶᠢ ᠯᠠᠪᠳᠠᠭᠤᠨ  ᠥᠷᠭᠡᠳᠬᠡᠵᠦ ᠂ ᠦᠢᠯᠡᠳᠬᠦ ᠦᠢᠯᠡᠰ ᠤᠨ ᠬᠦᠷᠢᠶᠡᠨ ᠳᠠᠬᠢ ᠭᠠᠳᠠᠭᠠᠳᠤ ᠪᠡᠯᠡ ᠶᠢ ᠣᠷᠣᠭᠤᠯᠬᠤ ᠶᠢ ᠵᠥᠪᠰᠢᠶᠡᠷᠡᠬᠦ ᠬᠢᠵᠠᠭᠠᠷᠯᠠᠯ ᠤᠨ ᠠᠷᠭ᠎ᠠ ᠬᠡᠮᠵᠢᠶ᠎ᠡ ᠶᠢᠨ ︽ᠲᠡᠭ ᠪᠤᠯᠭᠠᠬᠤ ︾ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ ᠂ ᠰᠢᠨ᠎ᠡ ᠨᠢᠭᠡ ᠡᠭᠡᠯᠵᠢ ᠶᠢᠨ ᠦᠢᠯᠡᠴᠢᠯᠡᠭᠡᠨ ᠤ ᠦᠢᠯᠡᠰ ᠤᠨ ᠨᠡᠭᠡᠭᠡᠯᠲᠡ ᠶᠢ ᠥᠷᠭᠡᠳᠬᠡᠬᠦ ᠲᠤᠷᠰᠢᠯᠲᠠ ᠶᠢᠨ ᠴᠡᠭ ᠤᠨ ᠠᠷᠭ᠎ᠠ ᠬᠡᠮᠵᠢᠶ᠎ᠡ ᠶᠢ ᠲᠣᠭᠲᠠᠭᠠᠵᠤ ᠂ ᠭᠠᠳᠠᠭᠠᠳᠤ ᠪᠡᠯᠡ ᠶᠢ ᠠᠰᠢᠭᠯᠠᠬᠤ ᠠᠵᠤ ᠠᠬᠤᠶᠢᠯᠠᠯ ᠤᠨ ᠲᠣᠭᠲᠠᠭᠤᠨ ᠳᠡᠭᠡᠭᠰᠢᠯᠡᠬᠦ ᠶᠢ ᠠᠬᠢᠭᠤᠯᠬᠤ ᠬᠡᠷᠡᠭᠲᠡᠢ ᠃ ᠭᠠᠳᠠᠭᠠᠳᠤ ᠠᠷᠠᠯᠵᠢᠶᠠᠨ ᠤ ᠬᠥᠭᠵᠢᠯᠲᠡ ᠶᠢᠨ ᠰᠢᠨ᠎ᠡ ᠬᠥᠳᠡᠯᠭᠡᠭᠴᠢ ᠡᠨᠧᠷᠭᠢ ᠶᠢ ᠢᠳᠡᠪᠬᠢᠲᠡᠢ ᠪᠣᠶᠢᠵᠢᠭᠤᠯᠵᠤ ᠂ ᠵᠠᠪᠰᠠᠷ ᠤᠨ ᠪᠦᠲᠦᠭᠡᠭᠳᠡᠬᠦᠨ ᠤ ᠠᠷᠠᠯᠵᠢᠶ᠎ᠠ ᠂ ᠪᠣᠬᠢᠷᠳᠤᠯ ᠦᠭᠡᠢ ᠠᠷᠠᠯᠵᠢᠶ᠎ᠠ ᠶᠢ ᠥᠷᠭᠡᠳᠬᠡᠬᠦ ᠬᠡᠷᠡᠭᠲᠡᠢ ᠃ ︽ ᠨᠢᠭᠡ ᠪᠦᠰᠡ ᠨᠢᠭᠡ ᠵᠠᠮ ︾ ᠢ ᠴᠢᠨᠠᠷ ᠰᠠᠶᠢᠲᠠᠢ ᠬᠠᠮᠲᠤ ᠪᠠᠷ ᠪᠦᠲᠦᠭᠡᠨ ᠪᠠᠶᠢᠭᠤᠯᠬᠤ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ ᠃  ᠬᠤᠷᠠᠯ ᠠᠴᠠ ᠂ ᠭᠤᠣᠯᠳᠠᠯᠭ᠎ᠠ ᠲᠠᠢ ᠬᠦᠷᠢᠶᠡᠨ ᠤ ᠠᠶᠤᠯ ᠲᠦᠭᠰᠢᠭᠦᠷᠢ ᠶᠢ ᠦᠷᠭᠦᠯᠵᠢᠯᠡᠨ ᠰᠡᠷᠭᠡᠶᠢᠯᠡᠨ ᠠᠷᠢᠯᠭᠠᠬᠤ ᠬᠡᠷᠡᠭᠲᠡᠢ ᠃ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠬᠤ ᠰᠢᠨ᠎ᠡ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ ᠂ ᠬᠠᠳᠠᠭᠠᠯᠠᠭᠳᠠᠴᠠ ᠶᠢ ᠰᠢᠩᠭᠡᠭᠡᠬᠦ ᠪᠠ ᠨᠡᠮᠡᠭᠳᠡᠯ ᠢ ᠰᠢᠯᠢᠳᠡᠭᠵᠢᠭᠦᠯᠬᠦ ᠶᠢ ᠤᠶᠠᠯᠳᠤᠭᠤᠯᠬᠤ ᠶᠢ ᠪᠠᠷᠢᠮᠲᠠᠯᠠᠨ ᠂ ᠬᠠᠳᠠᠭᠠᠯᠠᠭᠳᠠᠵᠤ ᠪᠠᠶᠢᠭ᠎ᠠ ᠲᠠᠸᠠᠷ ᠤᠨ ᠭᠡᠷ ᠪᠠᠶᠢᠰᠢᠩ ᠢ ᠬᠤᠳᠠᠯᠳᠤᠨ ᠠᠪᠴᠤ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠪᠣᠯᠭᠠᠨ ᠬᠡᠷᠡᠭᠯᠡᠬᠦ ᠶᠢ ᠢᠳᠡᠪᠬᠢᠲᠡᠢ ᠳᠡᠮᠵᠢᠵᠦ ᠂ ᠪᠠᠲᠤᠯᠠᠨ ᠲᠤᠰᠢᠶᠠᠬᠤ ᠭᠡᠷ ᠪᠠᠶᠢᠰᠢᠩ ᠤᠨ ᠠᠵᠢᠯ ᠢ ᠤᠯᠠᠮ ᠰᠠᠶᠢᠲᠤᠷ ᠬᠢᠵᠦ ᠂ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠬᠥᠭᠵᠢᠯᠲᠡ ᠶᠢᠨ ᠰᠢᠨ᠎ᠡ ᠵᠠᠭᠪᠤᠷ ᠢ ᠲᠦᠷᠭᠡᠨ ᠪᠠᠶᠢᠭᠤᠯᠬᠤ ᠬᠡᠷᠡᠭᠲᠡᠢ ᠃ ᠣᠷᠣᠨ ᠨᠤᠲᠤᠭ ᠤᠨ ᠥᠷᠢ ᠥᠭᠴᠡᠭᠡ ᠶᠢ ᠠᠷᠢᠯᠭᠠᠬᠤ ᠬᠠᠮ ᠲᠥᠰᠥᠯ ᠢ ᠲᠡᠭᠦᠯᠳᠡᠷᠵᠢᠭᠦᠯᠦᠨ ᠨᠠᠶᠢᠳᠠᠪᠤᠷᠢᠵᠢᠭᠤᠯᠵᠤ ᠂ ᠨᠥᠬᠦᠴᠡᠯ ᠪᠦᠷᠢᠯᠳᠦᠭᠦᠯᠵᠦ ᠪᠠᠶᠢᠭᠠᠳ ᠣᠷᠣᠨ ᠨᠤᠲᠤᠭ ᠤᠨ ᠪᠡᠯᠡ ᠲᠣᠬᠢᠷᠠᠭᠤᠯᠬᠤ ᠲᠠᠪᠴᠠᠩ ᠤᠨ ᠥᠷᠢ ᠥᠭᠴᠡᠭᠡ ᠶᠢᠨ ᠠᠶᠤᠯ ᠲᠦᠭᠰᠢᠭᠦᠷᠢ ᠶᠢ ᠲᠦᠷᠭᠡᠨ ᠠᠷᠢᠯᠭᠠᠬᠤ ᠬᠡᠷᠡᠭᠲᠡᠢ ᠃ ᠠᠶᠤᠯ ᠲᠦᠭᠰᠢᠭᠦᠷᠢ ᠶᠢ ᠰᠡᠷᠭᠡᠶᠢᠯᠡᠬᠦ ᠂ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠂ ᠬᠥᠭᠵᠢᠯᠲᠡ ᠶᠢ ᠠᠬᠢᠭᠤᠯᠬᠤ ᠶᠢ ᠨᠢᠭᠡᠳᠦᠯᠲᠡᠢ ᠲᠥᠯᠥᠪᠯᠡᠨ ᠂ ᠪᠡᠯᠡ ᠣᠷᠣᠭᠤᠯᠤᠭᠴᠢᠳ ᠤᠨ ᠢᠲᠡᠭᠡᠯ ᠵᠣᠷᠢᠭ ᠢ ᠬᠥᠪᠴᠢᠯᠡᠵᠦ ᠂ ᠬᠥᠷᠥᠩᠭᠡ ᠶᠢᠨ ᠵᠠᠬ᠎ᠠ ᠳᠡᠯᠭᠡᠭᠦᠷ ᠤᠨ ᠳᠣᠲᠣᠭᠠᠳᠤ ᠶᠢᠨ ᠲᠣᠭᠲᠠᠪᠤᠷᠢᠲᠤ ᠴᠢᠨᠠᠷ ᠢ ᠳᠡᠭᠡᠭᠰᠢᠯᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ ᠃  ᠬᠤᠷᠠᠯ ᠠᠴᠠ ᠂ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠪᠠᠲᠤᠲᠠᠢ ᠠᠬᠢᠭᠤᠯᠵᠤ ᠂ ᠶᠠᠳᠠᠭᠤ ᠠᠴᠠ ᠠᠩᠭᠢᠵᠢᠷᠠᠭᠤᠯᠵᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ ᠂ ᠬᠥᠳᠡᠭᠡ ᠲᠣᠰᠬᠤᠨ ᠤ ᠬᠥᠮᠥᠨ ᠠᠮᠠ ᠶᠢᠨ ᠬᠡᠪᠴᠢᠶᠡᠵᠢᠯ ᠤᠨ ᠴᠢᠨᠠᠷᠲᠠᠢ ᠳᠠᠭᠢᠨ ᠶᠠᠳᠠᠭᠤᠷᠠᠬᠤ ᠦᠭᠡᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ ᠃ ᠲᠠᠷᠢᠶᠠᠨ ᠭᠠᠵᠠᠷ ᠢ ᠬᠠᠮᠠᠭᠠᠯᠠᠬᠤ ᠪᠠ ᠶᠠᠰᠤ ᠴᠢᠨᠠᠷ ᠢ ᠳᠡᠭᠡᠭᠰᠢᠯᠡᠭᠦᠯᠭᠦ ᠶᠢ ᠴᠢᠩᠭᠠᠳᠬᠠᠵᠤ ᠂ ᠲᠠᠷᠢᠶᠠᠯᠠᠩ ᠤᠨ ᠦᠢᠯᠡᠳᠪᠦᠷᠢᠯᠡᠯ ᠢ ᠰᠠᠶᠢᠲᠤᠷ ᠠᠳᠬᠤᠵᠤ ᠂ ᠪᠦᠭᠦ ᠵᠢᠯ ᠤᠨ ᠠᠮᠤ ᠪᠤᠳᠠᠭᠠᠨ ᠤ ᠡᠯᠪᠡᠭ ᠬᠤᠷᠢᠶᠠᠯᠲᠠ ᠶᠢ ᠴᠢᠷᠮᠠᠶᠢᠨ ᠣᠯᠬᠤ ᠬᠡᠷᠡᠭᠲᠡᠢ ᠭᠡᠵᠦ ᠵᠢᠭᠠᠵᠤ ᠭᠠᠷᠭᠠᠪᠠ ᠃  ᠬᠤᠷᠠᠯ ᠠᠴᠠ ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ ᠃ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠦᠷᠦ ᠶᠢᠨ ᠪᠣᠳᠣᠯᠭ᠎ᠠ ᠶᠢ ᠴᠢᠩᠭᠠᠳᠬᠠᠵᠤ ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠵᠡᠷᠭᠡ ᠭᠤᠣᠯᠳᠠᠯᠭ᠎ᠠ ᠲᠠᠢ ᠬᠥᠮᠥᠰ ᠲᠤ ᠠᠵᠢᠯ ᠣᠯᠭᠤᠬᠤ ᠶᠢ ᠰᠠᠶᠢᠲᠤᠷ ᠬᠢᠬᠦ ᠬᠡᠷᠡᠭᠲᠡᠢ ᠃ ᠣᠷᠣᠯᠭ᠎ᠠ ᠪᠠᠭᠠᠲᠠᠢ ᠬᠥᠮᠥᠨ ᠠᠮᠠ ᠶᠢ ᠠᠪᠤᠷᠠᠨ ᠲᠤᠰᠠᠯᠠᠵᠤ ᠬᠠᠪᠰᠤᠷᠤᠨ ᠲᠡᠳᠬᠦᠬᠦ ᠶᠢ ᠴᠢᠩᠭᠠᠳᠬᠠᠵᠤ ᠂ ᠨᠡᠶᠢᠭᠡᠮ ᠤᠨ ᠪᠠᠲᠤᠯᠠᠭ᠎ᠠ ᠶᠢᠨ ᠲᠣᠣᠷ ᠢ ᠨᠢᠭᠲᠠ ᠰᠦᠯᠵᠢᠬᠦ ᠬᠡᠷᠡᠭᠲᠡᠢ ᠃ ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠨ ᠭᠠᠮᠰᠢᠭ ᠠᠴᠠ ᠠᠪᠤᠷᠠᠬᠤ ᠠᠵᠢᠯ ᠢ ᠪᠦᠭᠦ ᠬᠦᠴᠦ ᠪᠠᠷ ᠢᠶᠠᠨ ᠰᠠᠶᠢᠲᠤᠷ ᠬᠢᠵᠦ ᠂ ᠤᠷᠭᠢᠯ ᠬᠤᠭᠤᠴᠠᠭ᠎ᠠ ᠶᠢ ᠤᠭᠲᠤᠵᠤ ᠵᠤᠨ ᠢ ᠥᠩᠭᠡᠷᠡᠭᠦᠯᠬᠦ ᠬᠤᠭᠤᠴᠠᠭᠠᠨ ᠤ ᠡᠨᠧᠷᠭᠢ ᠴᠠᠭᠢᠯᠭᠠᠨ ᠬᠦᠴᠦᠨ ᠤ ᠬᠠᠩᠭᠠᠯᠭ᠎ᠠ ᠶᠢ ᠰᠠᠶᠢᠲᠤᠷ ᠬᠢᠵᠦ ᠂ ᠠᠶᠤᠯᠭᠦᠢ ᠦᠢᠯᠡᠳᠪᠦᠷᠢᠯᠡᠯ ᠢ ᠰᠠᠶᠢᠲᠤᠷ ᠠᠳᠬᠤᠵᠤ ᠂ ᠢᠳᠡᠭᠡᠨ ᠤ ᠠᠮᠤᠷ ᠲᠦᠪᠰᠢᠨ ᠂ ᠨᠡᠶᠢᠭᠡᠮ ᠤᠨ ᠠᠮᠤᠷ ᠲᠦᠪᠰᠢᠨ ᠵᠡᠷᠭᠡ ᠠᠰᠠᠭᠤᠳᠠᠯ ᠢ ᠨᠠᠷᠢᠨ ᠬᠢᠨᠠᠮᠠᠭᠠᠢ ᠰᠢᠢᠳᠪᠦᠷᠢᠯᠡᠬᠦ ᠬᠡᠷᠡᠭᠲᠡᠢ ᠃ ᠪᠣᠬᠢᠷᠳᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠭᠦᠨᠵᠡᠭᠡᠢ ᠰᠠᠶᠢᠲᠤᠷ ᠬᠢᠵᠦ ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠤᠷᠭᠢᠯ ᠬᠡᠮᠵᠢᠭᠳᠡᠯ ᠳᠤ ᠬᠦᠷᠬᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ ᠃ ︽ ᠠᠷᠪᠠᠨ ᠲᠠᠪᠤᠳᠤᠭᠠᠷ ᠲᠠᠪᠤᠨ ᠵᠢᠯ ︾ ᠤᠨ ᠲᠥᠯᠦᠪᠵᠢᠭᠦᠯᠭᠡ ᠶᠢᠨ ᠡᠮᠦᠨᠡᠬᠢ ᠬᠤᠭᠤᠴᠠᠭᠠᠨ ᠤ ᠰᠤᠳᠤᠯᠤᠨ ᠲᠥᠰᠥᠪᠯᠡᠬᠦ ᠠᠵᠢᠯ ᠢ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃  ᠬᠤᠷᠠᠯ ᠠᠴᠠ ᠂ ᠬᠡᠯᠪᠡᠷᠢᠴᠢ ᠦᠵᠡᠯ ᠂ ᠨᠣᠶᠠᠨᠴᠢ ᠰᠤᠷᠲᠠᠯ ᠪᠣᠯ ᠠᠷᠬᠠᠭ ᠭᠡᠮ ᠮᠥᠨ ᠂ ᠡᠷᠬᠡᠪᠰᠢ ᠶᠡᠭᠡ ᠬᠦᠴᠦ ᠣᠷᠣᠭᠤᠯᠵᠤ ᠪᠠᠶᠢᠭᠠᠳ ᠡᠷᠡᠰ ᠵᠠᠯᠠᠷᠠᠭᠤᠯᠬᠤ ᠬᠡᠷᠡᠭᠲᠡᠢ ᠃ ᠦᠨᠳᠦᠰᠦᠨ ᠱᠠᠲᠤ ᠪᠣᠯ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ︽ ᠡᠴᠦᠰ ᠤᠨ ᠨᠢᠭᠡ ᠺᠢᠯᠣᠮᠧᠲᠷ ︾ ᠪᠣᠯᠣᠨ᠎ᠠ ᠂ ᠬᠡᠯᠪᠡᠷᠢᠴᠢ ᠦᠵᠡᠯ ᠂ ᠨᠣᠶᠠᠨᠴᠢ ᠰᠤᠷᠲᠠᠯ ᠳᠤ ᠬᠦᠯᠢᠶᠡᠰᠦᠯᠡᠭᠳᠡᠵᠦ ᠪᠤᠯᠬᠤ ᠦᠭᠡᠢ ᠃ ᠲᠥᠪ ᠤᠨ ᠱᠦᠵᠢ ᠨᠠᠷ ᠤᠨ ᠭᠠᠵᠠᠷ ᠤᠨ  ᠬᠢᠨ ᠴᠥᠬᠦᠷᠡᠰᠢ ᠦᠭᠡᠢ ᠠᠳᠬᠤᠵᠤ ᠂ ᠲᠥᠪ ᠤᠨ ᠲᠡᠰ ᠳᠠᠪᠬᠤᠷᠭ᠎ᠠ ᠠᠴᠠ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠲᠤᠰᠬᠠᠢ ᠠᠵᠢᠯ ᠤᠨ ᠲᠣᠭᠲᠠᠴᠠ ᠶᠢ ᠲᠣᠭᠲᠠᠭᠰᠠᠨ ᠬᠤᠭᠤᠴᠠᠭ᠎ᠠ ᠲᠠᠢ ᠪᠠᠷ ᠱᠠᠯᠠᠪᠳᠠᠭᠤᠯᠤᠨ ᠪᠠᠶᠢᠴᠠᠭᠠᠵᠤ ᠂ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠡᠯ᠎ᠡ ᠰᠠᠯᠠᠭ᠎ᠠ ᠮᠥᠴᠢᠷ ᠂ ᠡᠯ᠎ᠡ ᠮᠤᠵᠢ ᠶᠢᠨ ᠱᠠᠲᠤᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ ᠬᠢᠨ ᠠᠵᠢᠯ ᠢᠶᠠᠨ ᠲᠣᠬᠢᠷᠠᠭᠤᠯᠤᠨ ᠪᠠᠶᠢᠷᠢᠯᠠᠭᠤᠯᠬᠤ ᠳᠠᠭᠠᠨ ᠦᠨᠡᠨ ᠠᠴᠠ ᠵᠥᠪ ᠢ ᠡᠷᠢᠵᠦ ᠂ ᠮᠤᠵᠢ ᠠᠴᠠ ᠳᠣᠷᠣᠭᠰᠢᠬᠢ ᠡᠯ᠎ᠡ ᠱᠠᠲᠤᠨ ᠤ ᠨᠠᠮ ᠤᠨ ᠬᠤᠷᠢᠶᠠᠨ ᠤ ᠬᠢᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠵᠦ ᠂ ᠡᠯ᠎ᠡ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠬᠢᠨ ᠬᠢᠨᠠᠯᠲᠠ ᠲᠠᠯᠪᠢᠵᠤ ᠬᠡᠷᠡᠭᠵᠢᠭᠦᠯᠬᠦ ᠪᠠᠨ ᠴᠢᠩᠭᠠᠳᠬᠠᠬᠤ ᠬᠡᠷᠡᠭᠲᠡᠢ ᠭᠡᠵᠦ ᠵᠢᠭᠠᠵᠤ ᠭᠠᠷᠭᠠᠪᠠ ᠃  ᠬᠤᠷᠠᠯ ᠠᠴᠠ ᠂ ᠳᠦᠷᠢᠮ ᠤᠨ ᠪᠠᠶᠢᠭᠤᠯᠤᠯᠲᠠ ᠬᠢᠭᠡᠳ ᠬᠡᠷᠡᠭᠵᠢᠭᠦᠯᠦᠯᠲᠡ ᠶᠢ ᠴᠢᠩᠭᠠᠳᠬᠠᠵᠤ ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠪᠠ ᠡᠨᠧᠷᠭᠢ ᠣᠯᠭᠤᠬᠤ ᠶᠢ ᠨᠢᠭᠡᠳᠦᠯᠲᠡᠢ ᠲᠥᠯᠥᠪᠵᠢᠭᠦᠯᠵᠦ ᠂ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠤᠯᠠᠮ ᠴᠢᠩᠭ᠎ᠠ ᠨᠠᠶᠢᠳᠠᠪᠤᠷᠢᠵᠢᠭᠤᠯᠵᠤ ᠂ ᠦᠷᠭᠦᠯᠵᠢᠯᠡᠨ ᠪᠢᠴᠢᠭ ᠮᠠᠲ᠋ᠧᠷᠢᠶᠠᠯ ᠢ ᠴᠣᠮᠬᠠᠳᠬᠠᠵᠤ ᠬᠤᠷᠠᠯ ᠢ ᠴᠥᠭᠡᠳᠬᠡᠵᠦ ᠂ ᠱᠠᠯᠠᠪᠳᠠᠭᠤᠯᠤᠨ ᠪᠠᠶᠢᠴᠠᠭᠠᠬᠤ ᠬᠢᠨᠠᠨ ᠪᠠᠶᠢᠴᠠᠭᠠᠬᠤ ᠰᠢᠯᠭᠠᠨ ᠦᠨᠡᠯᠡᠬᠦ ᠶᠢ ᠨᠢᠭᠡᠳᠦᠯᠲᠡᠢ ᠲᠥᠯᠥᠪᠵᠢᠭᠦᠯᠦᠨ ᠵᠢᠷᠤᠮᠵᠢᠭᠤᠯᠵᠤ ᠂ ᠨᠤᠷᠰᠢᠭᠤᠨ ᠠᠰᠠᠭᠤᠳᠠᠯ ᠢ ᠦᠨᠡᠨ ᠬᠦ ᠰᠢᠢᠳᠪᠦᠷᠢᠯᠡᠵᠦ ᠂ ᠦᠨᠳᠦᠰᠦᠨ ᠱᠠᠲᠤᠨ ᠠᠴᠠ ᠺᠠᠳ᠋ᠷ ᠵᠢᠭᠡᠯᠡᠨ ᠬᠡᠷᠡᠭᠯᠡᠬᠦ ᠶᠢ ᠴᠢᠩᠭ᠎ᠠ ᠵᠢᠷᠤᠮᠵᠢᠭᠤᠯᠵᠤ ᠂ ᠵᠠᠰᠠᠭ ᠤᠨ ᠶᠠᠪᠤᠳᠠᠯ ᠤᠨ ᠰᠢᠯᠵᠢᠮᠡᠯ ᠢᠨᠲ᠋ᠧᠷ ᠰᠦᠯᠵᠢᠶᠡᠨ ᠤ ᠬᠡᠷᠡᠭᠯᠡᠭᠡᠨ ᠤ ᠫᠷᠣᠭ᠍ᠷᠠᠮ ᠤᠨ ᠵᠢᠷᠤᠮᠵᠢᠬᠰᠠᠨ ᠬᠠᠮᠢᠶᠠᠷᠤᠯᠲᠠ ᠶᠢ ᠴᠢᠩᠭᠠᠳᠬᠠᠵᠤ ᠂ ︽ ᠬᠤᠷᠤᠭᠤᠨ ᠦᠵᠦᠭᠦᠷ ᠲᠠᠬᠢ ᠬᠡᠯᠪᠡᠷᠢᠴᠢ  ᠦᠵᠡᠯ ︾ ᠢ ᠴᠡᠭᠴᠡᠯᠡᠨ ᠵᠠᠰᠠᠵᠤ ᠂ ᠦᠨᠳᠦᠰᠦᠨ ᠱᠠᠲᠤᠨ ᠤ ᠡᠷᠬᠡ ᠬᠠᠷᠢᠭᠤᠴᠠᠯᠭ᠎ᠠ ᠶᠢ ᠤᠯᠠᠮ ᠰᠢᠯᠤᠭᠤᠳᠬᠠᠵᠤ ᠂ ᠡᠬᠢ ᠪᠠᠶᠠᠯᠢᠭ ᠂ ᠦᠢᠯᠡᠴᠢᠯᠡᠭᠡ ᠂ ᠬᠠᠮᠢᠶᠠᠷᠤᠯᠲᠠ ᠶᠢ ᠦᠨᠳᠦᠰᠦᠨ ᠱᠠᠲᠤᠨ ᠳᠤ ᠭᠦᠨᠵᠡᠭᠡᠶᠢᠷᠡᠭᠦᠯᠬᠦ ᠶᠢ ᠠᠬᠢᠭᠤᠯᠵᠤ ᠂ ᠦᠯᠢᠭᠡᠷ ᠵᠢᠱᠢᠶ᠎ᠡ ᠶᠢ ᠡᠭᠦᠳᠦᠨ ᠪᠠᠶᠢᠭᠤᠯᠬᠤ ᠪᠠ ᠪᠠᠷᠢᠮᠵᠢᠶ᠎ᠠ ᠳᠤ ᠬᠦᠷᠭᠡᠬᠦ ᠠᠵᠢᠯᠯᠠᠭ᠎ᠠ ᠶᠢ ᠴᠣᠮᠬᠠᠳᠬᠠᠵᠤ ᠂ ᠦᠯᠢᠭᠡᠷ ᠵᠢᠱᠢᠶ᠎ᠡ ᠶᠢ ᠡᠭᠦᠳᠦᠨ ᠪᠠᠶᠢᠭᠤᠯᠬᠤ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠬᠤ ᠬᠡᠷᠡᠭᠲᠡᠢ ᠃ ᠨᠠᠮ ᠤᠨ ᠭᠡᠰᠢᠭᠦᠨ ᠺᠠᠳ᠋ᠷᠴᠤᠳ ᠢᠯᠠᠩᠭᠤᠶ᠎ᠠ ᠦᠨᠳᠦᠰᠦᠨ ᠱᠠᠲᠤᠨ ᠤ ᠤᠯᠠᠨ ᠲᠦᠮᠡᠨ ᠤ ᠲᠤᠰᠬᠠᠯ ᠶᠡᠬᠡᠲᠡᠢ ᠲᠣᠪᠣᠶᠢᠮ᠎ᠠ ᠠᠰᠠᠭᠤᠳᠠᠯ ᠢ ᠨᠢᠭᠡ ᠶᠢ ᠣᠯᠵᠤ ᠮᠡᠳᠡᠪᠡᠯ ᠨᠢᠭᠡ ᠶᠢ ᠴᠡᠭᠴᠡᠯᠡᠨ ᠵᠠᠰᠠᠬᠤ ᠭᠡᠷᠡᠭᠲᠡᠢ︔ ᠵᠣᠭᠢᠬᠤ ᠨᠡᠶᠢᠲᠡᠯᠢᠭ ᠴᠢᠨᠠᠷᠲᠠᠢ ᠂ ᠲᠦᠭᠡᠮᠡᠯ ᠴᠢᠨᠠᠷᠲᠠᠢ ᠠᠰᠠᠭᠤᠳᠠᠯ ᠢ ᠬᠦᠴᠦᠨ ᠢᠶᠠᠨ ᠲᠥᠪᠯᠡᠷᠡᠭᠦᠯᠦᠨ ᠲᠤᠰᠬᠠᠢ ᠴᠡᠭᠴᠡᠯᠡᠨ ᠵᠠᠰᠠᠬᠤ ᠪᠠ ᠴᠡᠪᠡᠷᠯᠡᠨ ᠠᠷᠢᠯᠭᠠᠵᠤ ᠂ ᠦᠨᠳᠦᠰᠦᠨ ᠱᠠᠲᠤ ᠶᠢ ᠬᠡᠯᠪᠡᠷᠢᠴᠢ ᠦᠵᠡᠯ ᠂ ᠨᠣᠶᠠᠨᠴᠢ ᠰᠤᠷᠲᠠᠯ ᠤᠨ ᠬᠦᠯᠢᠶᠡᠰᠦᠯᠡᠯ ᠠᠴᠠ ᠦᠨᠡᠨ ᠬᠦ ᠮᠤᠯᠲᠤᠷᠠᠭᠤᠯᠵᠤ ᠂ ᠥᠷᠭᠡᠨ ᠤᠯᠠᠨ ᠨᠠᠮ ᠤᠨ ᠭᠡᠰᠢᠭᠦᠨ ᠂ ᠺᠠᠳ᠋ᠷ ᠢ ᠬᠥᠲᠥᠯᠥᠨ ᠵᠢᠯᠤᠭᠤᠳᠴᠤ ᠪᠠᠶᠢᠭᠠᠳ ᠵᠥᠪ ᠠᠵᠢᠯ ᠤᠨ ᠠᠮᠵᠢᠯᠲᠠ ᠶᠢᠨ ᠦᠵᠡᠯᠲᠡ ᠶᠢ ᠪᠤᠢ ᠪᠤᠯᠭᠠᠵᠤ ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠵᠤ ᠂ ᠨᠡᠩ ᠤᠯᠠᠨ ᠤᠶᠤᠨ ᠴᠢᠳᠠᠯ ᠢᠶᠠᠷ ᠨᠠᠶᠢᠳᠠᠪᠤᠷᠢᠵᠢᠭᠤᠯᠤᠯᠲᠠ ᠶᠢ ᠠᠳᠬᠤᠬᠤ ᠬᠡᠷᠡᠭᠲᠡᠢ ᠭᠡᠵᠦ ᠴᠢᠬᠤᠯᠠᠴᠢᠯᠠᠪᠠ ᠃ 
ᠢᠷᠡᠯᠲᠡ᠄ ᠥᠪᠥᠷ ᠮᠤᠩᠭᠤᠯ ᠤᠨ ᠵᠠᠰᠠᠭ ᠤᠨ ᠣᠷᠳᠤᠨ