ᠣᠳᠣᠬᠠᠨ ᠤ ᠠᠵᠤ ᠠᠬᠤᠢ ᠶᠢᠨ ᠪᠠᠶᠢᠳᠠᠯ ᠪᠠ ᠳᠣᠣᠷ᠎ᠠ ᠬᠠᠭᠠᠰ ᠵᠢᠯ ᠤᠨ ᠠᠵᠤ ᠠᠬᠤᠢ ᠶᠢᠨ ᠠᠵᠢᠯ ᠤᠨ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠨᠠᠮ ᠤᠨ ᠭᠠᠳᠠᠨᠠᠬᠢ ᠬᠥᠮᠥᠰ ᠤᠨ ᠶᠠᠷᠢᠯᠴᠠᠬᠤ ᠬᠤᠷᠠᠯ ᠬᠤᠷᠠᠯᠳᠤᠭᠤᠯᠪᠠ  ᠰᠢ ᠶᠢᠨ ᠫᠢᠩ ᠬᠤᠷᠠᠯ ᠢ ᠡᠷᠭᠢᠯᠡᠭᠰᠡᠨ ᠪᠥᠭᠡᠳ ᠴᠢᠬᠤᠯᠠ ᠶᠠᠷᠢᠶ᠎ᠠ ᠲᠠᠯᠪᠢᠪᠠ  ᠯᠢ ᠴᠢᠶᠠᠩ ᠬᠤᠯᠪᠣᠭᠳᠠᠯ ᠪᠦᠬᠦᠢ ᠪᠠᠶᠢᠳᠠᠯ ᠢ ᠮᠡᠳᠡᠭᠳᠡᠵᠦ ᠸᠠᠩ ᠬᠤ᠋ ᠨᠢᠩ  ᠼᠠᠢ ᠴᠢ  ᠳ᠋ᠢᠩ ᠰᠢᠤᠸᠠᠢ ᠰᠢᠶᠠᠩ ᠬᠤᠷᠠᠯ ᠳᠤ ᠣᠷᠣᠯᠴᠠᠵᠠᠢ
ᠨᠡᠶᠢᠲᠡᠯᠡᠭᠰᠡᠨ ᠴᠠᠭ᠄
2024/7/31
      ᠰᠢᠨᠬᠤᠸᠠ ᠬᠤᠷᠢᠶᠠᠨ ᠤ ᠪᠡᠭᠡᠵᠢᠩ ᠤᠨ 7 ᠰᠠᠷ᠎ᠠ ᠶᠢᠨ 30 ᠤ ᠴᠠᠭᠢᠯᠭᠠᠨ ᠮᠡᠳᠡᠭᠡ   7 ᠰᠠᠷ᠎ᠠ ᠶᠢᠨ 26 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠵᠥᠩ ᠨᠠᠨ ᠬᠠᠢ ᠳᠤ ᠨᠠᠮ ᠤᠨ ᠭᠠᠳᠠᠨᠠᠬᠢ ᠬᠥᠮᠥᠰ ᠤᠨ ᠶᠠᠷᠢᠯᠴᠠᠬᠤ ᠬᠤᠷᠠᠯ ᠬᠤᠷᠠᠯᠳᠤᠭᠤᠯᠵᠤ᠂ ᠣᠳᠣᠬᠠᠨ ᠤ ᠠᠵᠤ ᠠᠬᠤᠢ ᠶᠢᠨ ᠪᠠᠶᠢᠳᠠᠯ ᠪᠠ ᠳᠣᠣᠷ᠎ᠠ ᠬᠠᠭᠠᠰ ᠵᠢᠯ ᠤᠨ ᠠᠵᠤ ᠠᠬᠤᠢ ᠶᠢᠨ ᠠᠵᠢᠯ ᠤᠨ ᠲᠤᠬᠠᠢ ᠡᠯ᠎ᠡ ᠠᠷᠠᠳᠴᠢᠯᠠᠭᠰᠠᠨ ᠨᠠᠮ ᠪᠦᠯᠦᠭ ᠤᠨ ᠲᠥᠪ ᠬᠤᠷᠢᠶ᠎ᠠ᠂ ᠪᠦᠭᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ ᠬᠠᠷᠢᠭᠤᠴᠠᠯᠭᠠᠲᠠᠨ ᠪᠠ ᠨᠠᠮ ᠪᠦᠯᠦᠭ ᠤᠨ ᠪᠤᠰᠤ ᠬᠥᠮᠥᠰ ᠤᠨ ᠲᠥᠯᠥᠭᠡᠯᠡᠭᠴᠢ ᠶᠢᠨ ᠰᠠᠨᠠᠯ ᠰᠠᠨᠠᠭᠤᠯᠭ᠎ᠠ ᠶᠢ ᠰᠣᠨᠣᠰᠪᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ ᠰᠢ ᠶᠢᠨ ᠫᠢᠩ ᠶᠠᠷᠢᠯᠴᠠᠬᠤ ᠬᠤᠷᠠᠯ ᠢ ᠡᠷᠭᠢᠯᠡᠭᠰᠡᠨ ᠪᠥᠭᠡᠳ ᠴᠢᠬᠤᠯᠠ ᠶᠠᠷᠢᠶ᠎ᠠ ᠲᠠᠯᠪᠢᠵᠤ᠂ ᠳᠣᠣᠷ᠎ᠠ ᠬᠠᠭᠠᠰ ᠵᠢᠯ ᠤᠨ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠦᠭᠦᠳᠡ ᠬᠤᠷᠠᠯ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠵᠥᠪ ᠤᠨᠤᠪᠴᠢᠳᠠᠢ᠂ ᠪᠦᠭᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠵᠤ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠵᠦ᠂ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠠᠢ ᠤᠶᠠᠯᠳᠤᠭᠤᠯᠤᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠬᠤᠷᠸ᠎ᠠ ᠡᠵᠡᠮᠰᠢᠯ ᠲᠣᠬᠢᠷᠠᠭᠤᠯᠭ᠎ᠠ ᠶᠢᠨ ᠡᠷᠴᠢᠮ ᠢ ᠴᠢᠩᠭᠠᠷᠠᠭᠤᠯᠵᠤ᠂ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠤᠯᠭᠠᠬᠤ ᠶᠢ ᠭᠦᠨᠵᠡᠭᠡᠶᠢᠷᠡᠭᠦᠯᠦᠨ᠂ ᠳᠣᠲᠣᠭᠠᠳᠤ ᠬᠡᠷᠡᠭᠴᠡᠭᠡ ᠶᠢᠨ ᠲᠠᠯᠳᠠ ᠬᠦᠴᠦᠨ ᠢ ᠭᠦᠨᠵᠡᠭᠡᠢ ᠠᠭᠤᠳᠠᠯᠵᠤ᠂ ᠰᠢᠨ᠎ᠡ ᠬᠥᠳᠡᠯᠭᠡᠬᠦ ᠡᠨᠧᠷᠭᠢ ᠰᠢᠨ᠎ᠡ ᠳᠠᠪᠠᠭᠤᠯᠢᠭ ᠢ ᠲᠠᠰᠤᠷᠠᠯᠲᠠ ᠦᠭᠡᠢ ᠴᠢᠩᠭᠠᠳᠬᠠᠵᠤ᠂ ᠡᠵᠡᠩᠨᠡᠯᠲᠡ ᠶᠢᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠨᠡᠮᠡᠭᠳᠡᠭᠦᠯᠵᠦ᠂ ᠵᠠᠬ᠎ᠠ ᠳᠡᠯᠭᠡᠭᠦᠷ ᠤᠨ ᠵᠢᠱᠢᠯᠲᠡ ᠶᠢ ᠲᠣᠭᠲᠠᠪᠤᠷᠢᠵᠢᠭᠤᠯᠤᠨ᠂ ᠨᠡᠶᠢᠭᠡᠮ ᠤᠨ ᠢᠲᠡᠭᠡᠯ ᠢ ᠨᠡᠮᠡᠭᠳᠡᠭᠦᠯᠵᠦ᠂ ᠠᠵᠤ ᠠᠬᠤᠢ ᠶᠢᠨ ᠦᠷᠭᠦᠯᠵᠢᠯᠡᠨ ᠳᠡᠭᠡᠭᠰᠢᠯᠡᠵᠦ ᠰᠠᠶᠢᠵᠢᠷᠠᠬᠤ ᠬᠠᠨᠳᠤᠰᠢ ᠶᠢ ᠴᠢᠩᠭᠠᠳᠬᠠᠵᠤ᠂ ᠠᠷᠠᠳ ᠤᠨ ᠠᠮᠢᠳᠤᠷᠠᠯ ᠢ ᠦᠨᠡᠨ ᠬᠦ ᠪᠠᠲᠤᠯᠠᠨ ᠰᠠᠶᠢᠵᠢᠷᠠᠭᠤᠯᠵᠤ᠂ ᠨᠡᠶᠢᠭᠡᠮ ᠤᠨ ᠲᠣᠭᠲᠠᠭᠤᠨ ᠪᠠᠶᠢᠳᠠᠯ ᠢ ᠪᠠᠲᠤᠯᠠᠵᠤ᠂ ᠪᠦᠭᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠶᠢ ᠡᠷᠡᠰ ᠭᠤᠶᠢᠪᠢᠰᠢ ᠦᠭᠡᠢ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃      ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ ᠯᠢ ᠴᠢᠶᠠᠩ᠂ ᠸᠠᠩ ᠬᠤ᠋ ᠨᠢᠩ᠂ ᠼᠠᠢ ᠴᠢ᠂ ᠳ᠋ᠢᠩ ᠰᠢᠤᠸᠠᠢ ᠰᠢᠶᠠᠩ ᠶᠠᠷᠢᠯᠴᠠᠬᠤ ᠬᠤᠷᠠᠯ ᠳᠤ ᠣᠷᠣᠯᠴᠠᠪᠠ᠃ ᠯᠢ ᠴᠢᠶᠠᠩ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠨᠠᠶᠢᠳᠠᠯᠭ᠎ᠠ ᠪᠠᠷ ᠳᠡᠭᠡᠷ᠎ᠡ ᠬᠠᠭᠠᠰ ᠵᠢᠯ ᠤᠨ ᠠᠵᠤ ᠠᠬᠤᠢ ᠶᠢᠨ ᠠᠵᠢᠯ ᠤᠨ ᠬᠤᠯᠪᠣᠭᠳᠠᠯ ᠪᠦᠬᠦᠢ ᠪᠠᠶᠢᠳᠠᠯ ᠢ ᠮᠡᠳᠡᠭᠳᠡᠵᠦ᠂ ᠳᠣᠣᠷ᠎ᠠ ᠬᠠᠭᠠᠰ ᠵᠢᠯ ᠤᠨ ᠠᠵᠤ ᠠᠬᠤᠢ ᠶᠢᠨ ᠠᠵᠢᠯ ᠤᠨ ᠬᠤᠯᠪᠣᠭᠳᠠᠯ ᠪᠦᠬᠦᠢ ᠪᠣᠳᠣᠯᠬᠢᠯᠠᠯ ᠢ ᠲᠠᠨᠢᠯᠴᠠᠭᠤᠯᠪᠠ᠃      ᠶᠠᠷᠢᠯᠴᠠᠬᠤ ᠬᠤᠷᠠᠯ ᠳᠡᠭᠡᠷ᠎ᠡ᠂ ᠳᠤᠮᠳᠠᠳᠤ ᠤᠯᠤᠰ ᠤᠨ ᠭᠤᠮᠢᠨᠳᠠᠩ ᠤᠨ ᠬᠤᠪᠢᠰᠬᠠᠯᠲᠤ ᠬᠤᠷᠢᠶ᠎ᠠ ᠶᠢᠨ ᠲᠥᠪ ᠬᠤᠷᠢᠶᠠᠨ ᠤ ᠲᠡᠷᠢᠭᠦᠯᠡᠭᠴᠢ ᠵᠧᠩ ᠵᠢᠶᠠᠨ ᠪᠠᠩ᠂ ᠳᠤᠮᠳᠠᠳᠤ ᠤᠯᠤᠰ ᠤᠨ ᠠᠷᠠᠳᠴᠢᠯᠠᠭᠰᠠᠨ ᠬᠤᠯᠪᠤᠭ᠎ᠠ ᠶᠢᠨ ᠲᠥᠪ ᠬᠤᠷᠢᠶᠠᠨ ᠤ ᠲᠡᠷᠢᠭᠦᠯᠡᠭᠴᠢ ᠳ᠋ᠢᠩ ᠵᠦᠩ ᠯᠢ᠂ ᠳᠤᠮᠳᠠᠳᠤ ᠤᠯᠤᠰ ᠤᠨ ᠠᠷᠠᠳᠴᠢᠯᠠᠯ ᠢᠶᠠᠷ ᠤᠯᠤᠰ ᠢᠶᠠᠨ ᠪᠠᠶᠢᠭᠤᠯᠬᠤ ᠬᠤᠷᠠᠯ ᠤᠨ ᠲᠥᠪ ᠬᠤᠷᠢᠶᠠᠨ ᠤ ᠲᠡᠷᠢᠭᠦᠯᠡᠭᠴᠢ ᠬᠤᠤ ᠮᠢᠩ ᠶᠢᠨ᠂ ᠳᠤᠮᠳᠠᠳᠤ ᠤᠯᠤᠰ ᠤᠨ ᠠᠷᠠᠳᠴᠢᠯᠠᠯ ᠢᠶᠠᠷ ᠠᠬᠢᠭᠤᠯᠬᠤ ᠬᠤᠷᠠᠯ ᠤᠨ ᠲᠥᠪ ᠬᠤᠷᠢᠶᠠᠨ ᠤ ᠲᠡᠷᠢᠭᠦᠯᠡᠭᠴᠢ ᠼᠠᠢ ᠳ᠋ᠠ ᠹᠧᠩ᠂ ᠳᠤᠮᠳᠠᠳᠤ ᠤᠯᠤᠰ ᠤᠨ ᠲᠠᠷᠢᠶᠠᠴᠢᠨ ᠠᠵᠢᠯᠴᠢᠨ ᠤ ᠠᠷᠠᠳᠴᠢᠯᠠᠭᠰᠠᠨ ᠨᠠᠮ ᠤᠨ ᠲᠥᠪ ᠬᠤᠷᠢᠶᠠᠨ ᠤ ᠲᠡᠷᠢᠭᠦᠯᠡᠭᠴᠢ ᠾᠧ ᠸᠧᠢ᠂ ᡁᠢᠭᠦ᠋ᠩᠳᠠᠩ ᠨᠠᠮ ᠤᠨ ᠲᠥᠪ ᠬᠤᠷᠢᠶᠠᠨ ᠤ ᠲᠡᠷᠢᠭᠦᠯᠡᠭᠴᠢ ᠵᠢᠶᠠᠩ ᠽᠦᠸᠧ ᠵᠢᠶᠦ᠋ᠨ᠂ ︽9 · 3︾ ᠤ ᠡᠷᠳᠡᠮ ᠰᠢᠨᠵᠢᠯᠡᠭᠡᠨ ᠤ ᠨᠡᠶᠢᠭᠡᠮᠯᠢᠭ ᠤᠨ ᠲᠥᠪ ᠬᠤᠷᠢᠶᠠᠨ ᠤ ᠲᠡᠷᠢᠭᠦᠯᠡᠭᠴᠢ ᠦ᠋ ᠸᠧᠢ ᠬᠤᠸᠠ᠂ ᠲᠠᠶᠢᠸᠠᠨ ᠤ ᠠᠷᠠᠳᠴᠢᠯᠠᠯ ᠢᠶᠠᠷ ᠥᠪᠡᠷᠲᠡᠭᠡᠨ ᠵᠠᠰᠠᠬᠤ ᠬᠤᠯᠪᠤᠭ᠎ᠠ ᠶᠢᠨ ᠲᠥᠪ ᠬᠤᠷᠢᠶᠠᠨ ᠤ ᠲᠡᠷᠢᠭᠦᠯᠡᠭᠴᠢ ᠰᠦ᠋ ᠬᠤᠢ᠂ ᠪᠦᠭᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ ᠲᠡᠷᠢᠭᠦᠯᠡᠭᠴᠢ ᠭᠤᠤ ᠶᠦᠨ ᠯᠦᠩ᠂ ᠨᠠᠮ ᠪᠦᠯᠦᠭ ᠤᠨ ᠪᠤᠰᠤ ᠬᠥᠮᠥᠰ ᠤᠨ ᠲᠥᠯᠥᠭᠡᠯᠡᠭᠴᠢ ᠧᠦ ᠶᠠᠩ ᠴᠠᠩ ᠴᠢᠶᠦ᠋ᠩ ᠤᠷᠢᠳ ᠬᠤᠵᠢᠳ ᠦᠭᠡ ᠬᠡᠯᠡᠪᠡ᠃ ᠲᠡᠳᠡ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠣᠳᠣᠬᠠᠨ ᠤ ᠠᠵᠤ ᠠᠬᠤᠢ ᠶᠢᠨ ᠪᠠᠶᠢᠳᠠᠯ ᠤᠨ ᠲᠤᠬᠠᠢ ᠵᠠᠳᠠᠯᠤᠯᠲᠠ ᠮᠠᠭᠠᠳᠯᠠᠯᠲᠠ ᠪᠠ ᠳᠣᠣᠷ᠎ᠠ ᠬᠠᠭᠠᠰ ᠵᠢᠯ ᠤᠨ ᠠᠵᠤ ᠠᠬᠤᠢ ᠶᠢᠨ ᠠᠵᠢᠯ ᠤᠨ ᠲᠤᠬᠠᠢ ᠪᠣᠳᠣᠯᠬᠢᠯᠠᠯ ᠢ ᠪᠦᠷᠢᠮᠦᠰᠦᠨ ᠵᠥᠪᠰᠢᠶᠡᠷᠡᠵᠦ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠠᠬᠢᠭᠤᠯᠬᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠠᠵᠤ ᠦᠢᠯᠡᠰ ᠪᠠ ᠮᠡᠷᠭᠡᠵᠢᠯ ᠤᠨ ᠰᠠᠭᠤᠷᠢ ᠶᠢ ᠪᠠᠬᠢᠵᠢᠭᠦᠯᠬᠦ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠪᠠᠶᠢᠭᠠᠯᠢ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠥᠭᠡᠷᠡᠴᠢᠯᠡᠯᠲᠡ ᠶᠢ ᠠᠬᠢᠭᠤᠯᠬᠤ᠂ ᠠᠮᠢᠳᠤ ᠪᠣᠳᠠᠰ ᠤᠨ ᠦᠢᠯᠡᠳᠬᠦ ᠠᠵᠤ ᠦᠢᠯᠡᠰ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠬᠦ᠂ ᠡᠬᠡ ᠬᠠᠭᠤᠷᠠᠢ ᠳᠠᠬᠢ ᠲᠠᠶᠢᠸᠠᠨ ᠤ ᠪᠡᠯᠡ ᠶᠢᠨ ᠡᠯᠧᠺᠲᠷᠣᠨ ᠮᠡᠳᠡᠭᠡ ᠵᠠᠩᠭᠢ ᠶᠢᠨ ᠠᠵᠤ ᠦᠢᠯᠡᠰ ᠤᠨ ᠭᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠳᠡᠮᠵᠢᠬᠦ᠂ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠪᠠ ᠵᠠᠯᠠᠭᠤᠴᠤᠳ ᠤᠨ ᠠᠵᠢᠯ ᠣᠯᠭᠤᠯᠲᠠ ᠶᠢ ᠥᠷᠭᠡᠳᠬᠡᠬᠦ᠂ ᠬᠡᠷᠡᠭᠯᠡᠭᠡ ᠶᠢ ᠠᠬᠢᠭᠤᠯᠬᠤ ᠲᠦᠷᠦ ᠶᠢᠨ ᠪᠣᠳᠣᠯᠭ᠎ᠠ ᠶᠢᠨ ᠡᠷᠴᠢᠮ ᠢ ᠴᠢᠩᠭᠠᠷᠠᠭᠤᠯᠬᠤ᠂ ᠠᠵᠤ ᠠᠬᠤᠶᠢᠯᠠᠯ ᠪᠠ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠦᠢᠯᠡᠰ ᠤᠨ ᠡᠷᠡᠭᠦᠯ ᠢᠶᠠᠷ ᠬᠥᠭᠵᠢᠬᠦ ᠳᠤ ᠬᠦᠴᠦᠨ ᠨᠡᠮᠡᠷᠢᠯᠡᠬᠦ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢᠨ ᠢᠲᠡᠭᠡᠯ ᠵᠣᠷᠢᠭ ᠢ ᠴᠢᠨᠠᠭᠰᠢᠳᠠ ᠬᠥᠪᠴᠢᠯᠡᠬᠦ ᠵᠡᠷᠭᠡ ᠲᠠᠯ᠎ᠠ ᠪᠠᠷ ᠰᠠᠨᠠᠯ ᠰᠠᠨᠠᠭᠤᠯᠭ᠎ᠠ ᠳᠤᠷᠠᠳᠴᠠᠢ᠃      ᠤᠯᠠᠨ ᠤ ᠬᠡᠯᠡᠬᠦ ᠶᠢ ᠨᠠᠷᠢᠨ ᠬᠢᠨᠠᠮᠠᠭᠠᠢ ᠰᠣᠨᠣᠰᠤᠭᠰᠠᠨ ᠤ ᠳᠠᠷᠠᠭ᠎ᠠ᠂ ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ᠃ ᠲᠡᠷᠡ᠂ ᠡᠨᠡ ᠵᠢᠯ ᠤᠨ ᠳᠡᠭᠡᠷ᠎ᠡ ᠬᠠᠭᠠᠰ ᠵᠢᠯ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠨᠠᠷᠢᠨ ᠪᠤᠳᠤᠯᠢᠶᠠᠨᠲᠠᠢ ᠬᠤᠪᠢᠷᠠᠯᠲᠠ ᠶᠡᠬᠡᠲᠡᠢ ᠤᠯᠤᠰ ᠤᠨ ᠳᠣᠲᠣᠭᠠᠳᠤ ᠭᠠᠳᠠᠭᠠᠳᠤ ᠶᠢᠨ ᠪᠠᠶᠢᠳᠠᠯ ᠤᠨ ᠡᠮᠦᠨ᠎ᠡ᠂ ᠪᠢᠳᠡ ᠳᠠᠷᠤᠯᠲᠠ ᠶᠢ ᠲᠤᠯᠵᠤ᠂ ᠢᠳᠡᠪᠬᠢᠲᠡᠢ ᠵᠢᠳᠬᠦᠯ ᠴᠢᠷᠮᠠᠶᠢᠯᠭ᠎ᠠ ᠭᠠᠷᠭᠠᠵᠤ᠂ ᠬᠤᠷᠸ᠎ᠠ ᠡᠵᠡᠮᠰᠢᠯ ᠲᠣᠬᠢᠷᠠᠭᠤᠯᠭ᠎ᠠ ᠪᠠᠨ ᠴᠢᠩᠭᠠᠳᠬᠠᠵᠤ᠂ ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶᠢᠷᠡᠭᠦᠯᠵᠦ᠂ ᠠᠶᠤᠯ ᠲᠦᠭᠰᠢᠭᠦᠷᠢ ᠥᠷᠢᠰᠦᠯᠳᠦᠭᠡᠨ ᠢ ᠪᠦᠲᠦᠮᠵᠢᠲᠡᠶ ᠠᠷᠭᠠᠴᠠᠭᠠᠵᠤ᠂ ᠠᠵᠤ ᠠᠬᠤᠢ ᠦᠷᠭᠦᠯᠵᠢᠯᠡᠨ ᠰᠠᠶᠢᠵᠢᠷᠠᠬᠤ ᠬᠠᠨᠳᠤᠰᠢ ᠪᠠᠨ ᠪᠠᠲᠤᠯᠠᠵᠤ᠂ ᠴᠢᠨᠠᠷ ᠰᠠᠶᠢᠲᠠᠢ ᠬᠥᠭᠵᠢᠯᠲᠡ ᠪᠠᠰᠠ ᠨᠢᠭᠡ ᠰᠢᠨ᠎ᠡ ᠠᠯᠬᠤᠮ ᠢ ᠠᠯᠬᠤᠵᠠᠢ ᠭᠡᠵᠦ ᠢᠯᠡᠳᠬᠡᠪᠡ᠃      ᠰᠢ ᠶᠢᠨ ᠫᠢᠩ᠂ ᠣᠳᠣᠬᠠᠨ ᠳᠤ ᠮᠠᠨ ᠤ ᠤᠯᠤᠰ ᠤᠨ ᠠᠵᠤ ᠠᠬᠤᠢ ᠶᠢᠨ ᠬᠥᠭᠵᠢᠯᠲᠡ ᠳᠤ ᠵᠠᠷᠢᠮ ᠬᠦᠴᠢᠷᠳᠡᠯ ᠪᠣᠯᠣᠨ ᠠᠰᠠᠭᠤᠳᠠᠯ ᠲᠤᠯᠭᠠᠷᠠᠵᠤ ᠪᠠᠶᠢᠨ᠎ᠠ᠂ ᠡᠨᠡ ᠪᠣᠯ ᠬᠥᠭᠵᠢᠯᠲᠡ ᠶᠢᠨ ᠳᠤᠮᠳᠠᠬᠢ᠂ ᠭᠡᠯᠪᠡᠷᠢ ᠪᠠᠨ ᠬᠤᠪᠢᠷᠠᠭᠤᠯᠬᠤ ᠳᠤᠮᠳᠠᠬᠢ ᠠᠰᠠᠭᠤᠳᠠᠯ ᠪᠣᠯᠣᠨ᠎ᠠ᠂ ᠴᠢᠷᠮᠠᠶᠢᠯᠭ᠎ᠠ ᠪᠠᠷ ᠳᠠᠮᠵᠢᠨ ᠪᠦᠷᠢᠮᠦᠰᠦᠨ ᠢᠯᠠᠨ ᠳᠠᠪᠠᠵᠤ ᠪᠤᠯᠬᠤ ᠶᠤᠮ᠃ ᠪᠢᠳᠡ ᠬᠥᠭᠵᠢᠯᠲᠡ ᠶᠢᠨ ᠢᠲᠡᠭᠡᠯ ᠵᠣᠷᠢᠭ ᠢᠶᠠᠨ ᠪᠠᠲᠤᠳᠬᠠᠵᠤ᠂ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢᠶᠠᠨ ᠪᠠᠲᠤᠯᠠᠵᠤ᠂ ᠠᠰᠠᠭᠤᠳᠠᠯ ᠪᠣᠯᠣᠨ ᠥᠷᠢᠰᠦᠯᠳᠦᠭᠡᠨ ᠢ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠠᠷᠭᠠᠴᠠᠭᠠᠵᠤ᠂ ᠦᠨᠡᠨ ᠪᠣᠳᠠᠲᠠᠢ ᠴᠢᠨᠠᠷ ᠰᠠᠶᠢᠲᠠᠢ ᠬᠥᠭᠵᠢᠯᠲᠡ ᠶᠢᠨ ᠦᠷ᠎ᠡ ᠪᠦᠲᠦᠮᠵᠢ ᠪᠠᠷ ᠳᠤᠮᠳᠠᠳᠤ ᠤᠯᠤᠰ ᠤᠨ ᠠᠵᠤ ᠠᠬᠤᠢ ᠶᠢᠨ ᠰᠠᠶᠢᠵᠢᠷᠠᠯᠲᠠ ᠶᠢᠨ ᠣᠨᠣᠯ ᠢ ᠳᠠᠭᠤᠷᠢᠰᠤᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠰᠢ ᠶᠢᠨ ᠫᠢᠩ᠂ ᠳᠡᠭᠡᠷ᠎ᠡ ᠬᠠᠭᠠᠰ ᠵᠢᠯ ᠳᠤ᠂ ᠡᠯ᠎ᠡ ᠠᠷᠠᠳᠴᠢᠯᠠᠭᠰᠠᠨ ᠨᠠᠮ ᠪᠦᠯᠦᠭ ᠤᠨ ᠲᠥᠪ ᠬᠤᠷᠢᠶ᠎ᠠ ᠪᠣᠯᠣᠨ ᠨᠠᠮ ᠪᠦᠯᠦᠭ ᠤᠨ ᠪᠤᠰᠤ ᠬᠥᠮᠥᠰ ᠨᠠᠮ ᠪᠣᠯᠣᠨ ᠤᠯᠤᠰ ᠤᠨ ᠭᠤᠣᠯ ᠠᠵᠢᠯ ᠤᠨ ᠨᠢᠭᠲᠠ ᠲᠣᠭᠤᠷᠢᠨ ᠳᠤ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠢ ᠰᠢᠯᠤᠭᠤᠳᠬᠠᠬᠤ᠂ ᠤᠯᠤᠰ ᠤᠨ ᠰᠢᠨ᠎ᠡ ᠶᠢ ᠡᠭᠦᠳᠬᠦ ᠰᠢᠰᠲ᠋ᠧᠮ ᠤᠨ ᠪᠦᠬᠦᠯᠢ ᠴᠣᠭᠴᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠭᠦ᠂ ᠵᠣᠬᠢᠶᠠᠮᠠᠯ ᠤᠶᠤᠨ ᠴᠢᠳᠠᠪᠤᠷᠢ ᠪᠣᠯᠣᠨ ᠠᠵᠤ ᠠᠬᠤᠢ ᠨᠡᠶᠢᠭᠡᠮ ᠤᠨ ᠠᠭᠤᠰᠤᠯᠴᠠᠨ ᠬᠥᠭᠵᠢᠬᠦ ᠶᠢ ᠠᠬᠢᠭᠤᠯᠬᠤ᠂ ᠣᠷᠣᠨ ᠨᠤᠲᠤᠭ ᠤᠨ ᠡᠳ᠋ ᠤᠨ ᠵᠠᠰᠠᠭ ᠤᠨ ᠬᠦᠴᠢᠷᠳᠡᠯ ᠢ ᠨᠠᠮᠳᠠᠭᠤᠯᠬᠤ ᠵᠡᠷᠭᠡ ᠳᠤ ᠠᠩᠬᠠᠷᠤᠯ ᠢᠶᠠᠨ ᠲᠥᠪᠯᠡᠷᠡᠭᠦᠯᠦᠨ ᠠᠷᠭ᠎ᠠ ᠤᠬᠠᠭᠠᠨ ᠭᠠᠷᠭᠠᠵᠤ᠂ ᠬᠥᠬᠡᠮᠥ᠋ᠷᠡᠨ ᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠦᠷᠭᠦᠯᠵᠢᠯᠡᠨ ᠥᠷᠨᠢᠭᠦᠯᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠴᠢᠬᠤᠯᠠ ᠯᠠᠪᠯᠠᠯᠲᠠ ᠬᠠᠩᠭᠠᠵᠠᠢ ᠭᠡᠵᠦ ᠵᠢᠭᠠᠵᠤ ᠭᠠᠷᠭᠠᠪᠠ᠃ ᠲᠡᠷᠡ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠡᠮᠦᠨ᠎ᠡ ᠠᠴᠠ ᠤᠯᠠᠨ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠬᠤ ᠪᠠᠨ ᠢᠯᠡᠳᠬᠡᠪᠡ᠃      ᠰᠢ ᠶᠢᠨ ᠫᠢᠩ ᠡᠯ᠎ᠡ ᠠᠷᠠᠳᠴᠢᠯᠠᠭᠰᠠᠨ ᠨᠠᠮ ᠪᠦᠯᠦᠭ᠂ ᠪᠦᠭᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠪᠣᠯᠣᠨ ᠨᠠᠮ ᠪᠦᠯᠦᠭ ᠤᠨ ᠪᠤᠰᠤ ᠬᠥᠮᠥᠰ ᠲᠤ 3 ᠲᠠᠯ᠎ᠠ ᠶᠢᠨ ᠬᠦᠰᠡᠯ ᠳᠤᠷᠠᠳᠴᠠᠢ᠃ ᠨᠢᠭᠡ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠥᠷᠭᠡᠨ ᠤᠯᠠᠨ ᠪᠦᠷᠢᠯᠳᠦᠭᠦᠨ ᠪᠠ ᠬᠠᠷᠢᠯᠴᠠᠵᠤ ᠪᠠᠶᠢᠭ᠎ᠠ ᠤᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠂ ᠴᠢᠬᠤᠯᠠ ᠶᠡᠭᠡ ᠵᠠᠷᠴᠢᠮ ᠪᠠ ᠴᠢᠬᠤᠯᠠ ᠶᠡᠭᠡ ᠠᠷᠭ᠎ᠠ ᠬᠡᠮᠵᠢᠶ᠎ᠡ ᠶᠢ ᠭᠦᠨᠵᠡᠭᠡᠢ ᠡᠵᠡᠮᠰᠢᠭᠦᠯᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠡᠶᠢᠭᠡᠮ ᠤᠨ ᠡᠯ᠎ᠡ ᠡᠲᠡᠭᠡᠳ ᠤᠨ ᠬᠠᠮᠲᠤ ᠶᠢᠨ ᠵᠣᠷᠢᠭ ᠰᠠᠨᠠᠭ᠎ᠠ ᠪᠠ ᠤᠬᠠᠮᠰᠠᠷᠲᠤ ᠠᠵᠢᠯᠯᠠᠭ᠎ᠠ ᠪᠣᠯᠭᠠᠨ ᠬᠤᠪᠢᠷᠠᠭᠤᠯᠬᠤ ᠬᠡᠷᠡᠭᠲᠡᠢ᠃ ᠬᠤᠶᠠᠷ ᠲᠤ᠂ ᠨᠢᠭᠡᠳᠦᠮᠡᠯ ᠹᠷᠣᠨᠲ ᠤᠨ ᠬᠠᠮᠲᠤ ᠶᠢᠨ ᠦᠵᠡᠯ ᠰᠠᠨᠠᠭ᠎ᠠ ᠤᠯᠤᠰ ᠲᠦᠷᠦ ᠶᠢᠨ ᠰᠠᠭᠤᠷᠢ ᠶᠢ ᠦᠷᠭᠦᠯᠵᠢᠯᠡᠨ ᠪᠠᠬᠢᠵᠢᠭᠦᠯᠵᠦ᠂ ᠦᠵᠡᠯ ᠰᠠᠨᠠᠭ᠎ᠠ ᠲᠠᠨᠢᠯᠲᠠ ᠪᠠᠨ ᠠᠵᠤ ᠠᠬᠤᠢ ᠶᠢᠨ ᠪᠠᠶᠢᠳᠠᠯ ᠤᠨ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠵᠠᠳᠠᠯᠤᠯᠲᠠ ᠮᠠᠭᠠᠳᠯᠠᠯᠲᠠ ᠳᠡᠭᠡᠷ᠎ᠡ ᠦᠨᠡᠨ ᠬᠦ ᠨᠢᠭᠡᠳᠬᠡᠵᠦ᠂ ᠪᠠᠶᠢᠳᠠᠯ ᠪᠠ ᠥᠭᠡᠷᠡᠴᠢᠯᠡᠯᠲᠡ ᠬᠥᠭᠵᠢᠯᠲᠡ ᠶᠢᠨ ᠳᠤᠮᠳᠠᠬᠢ ᠠᠰᠠᠭᠤᠳᠠᠯ ᠳᠤ ᠵᠥᠪ ᠢᠶᠠᠷ ᠬᠠᠨᠳᠤᠵᠤ᠂ ᠬᠦᠴᠦ ᠪᠠᠨ ᠬᠠᠮᠲᠤᠳᠬᠠᠨ ᠤᠷᠤᠭᠰᠢᠯᠠᠯᠲᠠ ᠶᠢᠨ ᠳᠤᠮᠳᠠᠬᠢ ᠡᠯ᠎ᠡ ᠵᠦᠢᠯ ᠤᠨ ᠠᠶᠤᠯ ᠲᠦᠭᠰᠢᠭᠦᠷᠢ ᠥᠷᠢᠰᠦᠯᠳᠦᠭᠡᠨ ᠢ ᠢᠯᠠᠨ ᠳᠠᠪᠠᠭ᠋ᠤ ᠬᠡᠷᠡᠭᠲᠡᠢ᠃ ᠭᠤᠷᠪᠠ ᠳᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠶᠢ ᠪᠡᠶᠡᠯᠡᠭᠦᠯᠬᠦ ᠳᠤ ᠦᠷᠭᠦᠯᠵᠢᠯᠡᠨ ᠠᠷᠭ᠎ᠠ ᠤᠬᠠᠭᠠᠨ ᠭᠠᠷᠭᠠᠵᠤ ᠬᠦᠴᠦᠨ ᠴᠢᠳᠠᠯ ᠢᠶᠠᠨ ᠡᠷᠭᠦᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠠᠴᠠ ᠳᠤᠷᠠᠳᠤᠭᠰᠠᠨ ᠴᠢᠬᠤᠯᠠ ᠶᠡᠭᠡ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠳᠤᠮᠳᠠᠬᠢ ᠴᠢᠬᠤᠯᠠ ᠶᠡᠭᠡ ᠠᠰᠠᠭᠤᠳᠠᠯ ᠵᠢᠴᠢ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢᠨ ᠡᠮᠦᠨᠡᠬᠢ ᠬᠤᠭᠤᠴᠠᠭᠠᠨ ᠤ ᠰᠤᠳᠤᠯᠤᠨ ᠲᠥᠯᠥᠪᠯᠡᠬᠦ ᠠᠵᠢᠯ ᠵᠡᠷᠭᠡ ᠲᠠᠢ ᠤᠶᠠᠯᠳᠤᠭᠤᠯᠤᠨ ᠪᠠᠶᠢᠴᠠᠭᠠᠨ ᠰᠤᠳᠤᠯᠤᠯᠲᠠ ᠶᠢ ᠭᠦᠨᠵᠡᠭᠡᠢ ᠥᠷᠨᠢᠭᠦᠯᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠯᠠᠪᠯᠠᠯᠲᠠ ᠬᠠᠩᠭᠠᠬᠤ ᠬᠡᠷᠡᠭᠲᠡᠢ ᠭᠡᠪᠡ᠃      ᠱᠢ ᠲᠠᠢ ᠹᠧᠩ᠂ ᠯᠢᠦ ᠭᠦᠸᠧ ᠵᠦᠩ᠂ ᠾᠧ ᠯᠢ ᠹᠧᠩ᠂ ᠵᠠᠩ ᠭᠦᠸᠧ ᠴᠢᠩ᠂ ᠦ᠋ ᠵᠧᠩ ᠯᠦᠩ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠶᠠᠷᠢᠯᠴᠠᠬᠤ ᠬᠤᠷᠠᠯ ᠳᠤ ᠣᠷᠣᠯᠴᠠᠪᠠ᠃      ᠶᠠᠷᠢᠯᠴᠠᠬᠤ ᠬᠤᠷᠠᠯ ᠳᠤ ᠣᠷᠣᠯᠴᠠᠬᠰᠠᠨ ᠨᠠᠮ ᠤᠨ ᠭᠠᠳᠠᠨᠠᠬᠢ ᠬᠥᠮᠥᠰ ᠲᠤ ᠪᠠᠰᠠ ᠱᠤᠤ ᠬᠤᠩ᠂ ᠾᠧ ᠪᠦᠦ ᠰᠢᠶᠠᠩ᠂ ᠸᠠᠩ ᠭᠤᠸᠠᠩ ᠴᠢᠶᠠᠨ᠂ ᠴᠢᠨ ᠪᠦᠸᠧ ᠶᠦᠩ᠂ ᠵᠦ ᠶᠦᠩ ᠰᠢᠨ᠂ ᠶᠠᠩ ᠵᠧᠨ ᠪᠣᠯᠣᠨ ᠵᠠᠩ ᠧᠨ ᠳ᠋ᠢ᠂ ᠵᠢᠶᠠᠩ ᠯᠢ ᠫᠢᠩ᠂ ᠠᠨ ᠯᠢ ᠵᠢᠶᠠ᠂ ᠯᠢ ᠯᠢᠨ ᠨᠠᠷ ᠪᠤᠢ᠃ 
ᠢᠷᠡᠯᠲᠡ᠄ ᠥᠪᠥᠷ ᠮᠤᠩᠭᠤᠯ ᠤᠨ ᠵᠠᠰᠠᠭ ᠤᠨ ᠣᠷᠳᠤᠨ