ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠪᠡᠭᠡᠵᠢᠩ ᠤᠨ ᠲᠣᠪᠴᠢᠶ᠎ᠠ ᠷᠠᠳᠢᠣ᠋ ᠲᠧᠯᠸᠢᠰ ᠤᠨ ᠦᠵᠡᠵᠦ ᠰᠣᠨᠣᠰᠬᠤ ᠴᠢᠨᠠᠷ ᠰᠠᠶᠢᠲᠠᠶ ᠬᠥᠭᠵᠢᠯᠲᠡ ᠶᠢ ᠦᠷᠭᠦᠯᠵᠢᠯᠡᠨ ᠠᠬᠢᠭᠤᠯᠪᠠ
ᠨᠡᠶᠢᠲᠡᠯᠡᠭᠰᠡᠨ ᠴᠠᠭ᠄
2024/7/31
  ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠠᠴᠠ ᠴᠢᠬᠤᠯᠠᠴᠢᠯᠠᠭᠰᠠᠨ ᠨᠢ᠂ ᠡᠷᠬᠡᠪᠰᠢ ᠤᠬᠠᠮᠰᠠᠷ ᠠᠴᠠ ᠪᠠᠨ ᠥᠭᠡᠷᠡᠴᠢᠯᠡᠯᠲᠡ ᠶᠢ ᠨᠡᠩ ᠲᠤᠪᠤᠶᠢᠮ᠎ᠠ ᠪᠠᠶᠢᠷᠢᠨ ᠳᠤ ᠲᠠᠯᠪᠢᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢ ᠲᠦᠯᠬᠢᠨ ᠠᠬᠢᠭᠤᠯᠬᠤ ᠲᠠᠢ ᠨᠢᠭᠲᠠ ᠤᠶᠠᠯᠳᠤᠭᠤᠯᠬᠤ ᠬᠡᠷᠡᠭᠲᠡᠶ᠃  ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠣᠯ ᠢᠮᠠᠭᠲᠠ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠬᠥᠭᠵᠢᠯᠲᠡ ᠶᠢᠨ ᠭᠤᠤᠯ ᠬᠥᠭ ᠠᠶᠠᠰ᠂ ᠬᠠᠮᠤᠭ ᠤᠨ ᠴᠢᠩᠭ᠎ᠠ ᠳᠠᠭᠤᠤ ᠪᠣᠯᠤᠨ᠎ᠠ᠃ 2024 ᠣᠨ ᠤ ᠳᠡᠭᠡᠳᠦ ᠬᠠᠭᠠᠰ ᠵᠢᠯ ᠳᠤ᠂ ᠪᠡᠭᠡᠵᠢᠩ ᠬᠤᠳᠠ ᠶᠢᠨ ᠷᠠᠳᠢᠣ᠋ ᠲᠧᠯᠸᠢᠰ ᠤᠨ ᠲᠤᠪᠴᠢᠶ᠎ᠠ ᠬᠡᠬᠦᠳᠡᠭ ᠴᠡᠭᠡᠵᠢᠨ ᠳᠤ ᠪᠠᠨ ᠶᠡᠭᠡ ᠲᠠᠯ᠎ᠠ ᠶᠢ ᠪᠠᠭᠲᠠᠭᠠᠵᠤ᠂ ᠶᠡᠭᠡ ᠬᠠᠨᠳᠤᠰᠢ ᠶᠢ ᠡᠵᠡᠮᠳᠡᠵᠦ᠂ ᠶᠡᠭᠡ ᠶᠠᠪᠤᠳᠠᠯ ᠢ ᠪᠣᠳᠣᠯᠬᠢᠯᠠᠵᠤ᠂ ᠭᠤᠣᠯ ᠪᠣᠯᠬᠤ ᠦᠵᠡᠯ ᠰᠠᠨᠠᠭ᠎ᠠ ᠶᠠᠷᠢᠶ᠎ᠠ ᠬᠡᠯᠡᠯᠴᠡᠭᠡᠨ ᠤ ᠬᠠᠮᠤᠭ ᠤᠨ ᠴᠢᠩᠭ᠎ᠠ ᠳᠠᠭᠤᠨ ᠢ ᠴᠢᠪᠬᠠᠳᠠᠵᠤ᠂ ︽ᠭᠤᠷᠪᠠᠨ ᠲᠥᠪᠯᠡᠷᠡᠯ︾ ᠤᠨ ᠢᠨᠵᠧᠨᠧᠷᠢᠩ ᠤᠨ ᠬᠠᠮ ᠠᠷᠭ᠎ᠠ ᠶᠢ ᠰᠠᠶᠢᠲᠤᠷ ᠬᠡᠷᠡᠭᠵᠢᠭᠦᠯᠵᠦ᠂ ︽ᠭᠤᠷᠪᠠᠨ ᠬᠤᠣᠰ ᠵᠠᠭᠪᠤᠷ︾ ᠤᠨ ᠠᠷᠭ᠎ᠠ ᠵᠠᠮ ᠢ ᠲᠦᠷᠭᠡᠳᠬᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠪᠡᠭᠡᠵᠢᠩ ᠤᠨ ᠬᠠᠭᠤᠳᠠᠰᠤ ᠶᠢ ᠪᠢᠴᠢᠭᠯᠡᠬᠦ ᠳᠤ ᠨᠡᠶᠢᠰᠯᠡᠯ ᠤᠨ ᠷᠠᠳᠢᠣ᠋ ᠲᠧᠯᠸᠢᠰ ᠤᠨ ᠲᠧᠯᠸᠢᠰ ᠤᠨ ᠨᠡᠩ ᠶᠡᠭᠡ ᠬᠤᠪᠢ ᠨᠡᠮᠡᠷᠢ ᠦᠵᠡᠭᠦᠯᠪᠡ᠃  ᠤᠯᠠᠨ ᠰᠤᠳᠤᠨ ᠪᠦᠲᠦᠭᠡᠯ ᠨᠢ ᠭᠠᠳᠠᠭᠰᠢ ᠭᠠᠷᠴᠤ ᠰᠢᠨ᠎ᠡ ᠴᠠᠭ ᠦᠶ᠎ᠡ ᠶᠢᠨ ᠭᠤᠣᠯ ᠤᠷᠤᠰᠬᠠᠯ ᠤᠨ ᠶᠠᠷᠢᠶ᠎ᠠ ᠬᠡᠯᠡᠯᠴᠡᠭᠡᠨ ᠤ ᠬᠠᠮᠤᠭ ᠤᠨ ᠴᠢᠩᠭ᠎ᠠ ᠳᠠᠭᠤᠨ ᠢ ᠬᠠᠩᠭᠢᠨᠠᠭᠤᠯᠪᠠ  ᠨᠢᠭᠡ ᠳᠤ ᠂ ᠭᠤᠤᠯ ᠰᠡᠳᠦᠪ ᠭᠤᠤᠯ ᠱᠤᠭᠤᠮ ᠢ ᠳᠣᠪᠤᠶᠢᠯᠭᠠᠵᠤ᠂ ᠤᠬᠠᠭᠤᠯᠭ᠎ᠠ ᠶᠢᠨ ᠬᠦᠷᠢᠶ᠎ᠡ ᠬᠡᠪᠴᠢᠶ᠎ᠡ ᠶᠢ ᠡᠪᠳᠡᠬᠦ ᠶᠢ ᠠᠬᠢᠭᠤᠯᠪᠠ᠃ ᠳᠡᠭᠡᠳᠦ ᠬᠠᠭᠠᠰ ᠵᠢᠯ ᠢᠶᠠᠨ ᠡᠷᠭᠢᠴᠡᠬᠦᠯᠬᠦ ᠳᠤ᠂ ᠪᠡᠭᠡᠵᠢᠩ ᠤᠨ ᠷᠠᠳᠢᠣ᠋ ᠲᠧᠯᠸᠢᠰ ᠤᠨ ︽ᠲᠡᠷᠢᠭᠦᠨ ᠵᠤᠷᠪᠤᠰ︾ ᠪᠣᠯᠤᠨ ᠰᠦᠯᠵᠢᠶᠡᠨ ᠤ ᠦᠵᠡᠵᠦ ᠰᠣᠨᠣᠰᠬᠤ ︽ᠲᠡᠷᠢᠭᠦᠨ ᠨᠢᠭᠤᠷ ᠲᠡᠷᠢᠭᠦᠨ ᠳᠡᠯᠭᠡᠴᠡ ᠲᠡᠷᠢᠭᠦᠨ ᠵᠣᠷᠪᠣᠰ ︾ ᠤᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠣᠬᠤᠷ ᠸᠢᠳᠢᠣ᠋ ︽ ᠲᠡᠷᠢᠭᠦᠨ ᠨᠢᠭᠤᠷ ᠲᠡᠷᠢᠭᠦᠨ ᠳᠡᠯᠭᠡᠴᠡ ᠲᠡᠷᠢᠭᠦᠨ ᠵᠣᠷᠪᠣᠰ ︾ ᠢᠨᠵᠧᠨᠧᠷᠢᠩ ᠢ ᠨᠠᠶᠢᠳᠠᠪᠤᠷᠢᠵᠢᠭᠤᠯᠵᠤ᠂ ᠣᠨᠣᠯ ᠤᠨ ᠫᠷᠤᠭ᠍ᠷᠠᠮ ︽ᠴᠢᠮ᠎ᠠ ᠲᠠᠢ ᠲᠠᠨᠢᠯᠴᠠᠭᠰᠠᠨ ᠨᠢ ᠦᠨᠡᠬᠡᠷ ᠰᠠᠶᠢᠬᠠᠨ — ᠶᠡᠷᠦᠩᠬᠡᠢ ᠱᠦᠵᠢ ᠱᠢ ᠶᠢᠨ ᠫᠢᠩ ᠤᠨ ᠨᠣᠮ ᠤᠨ ᠬᠠᠭᠤᠳᠠᠰᠤ︾ ᠶᠢᠨ ᠪᠦᠬᠦ ᠰᠦᠯᠵᠢᠶᠡᠨ ᠤ ᠬᠠᠶᠢᠭᠤᠷ ᠤᠨ ᠬᠡᠮᠵᠢᠶ᠎ᠡ ᠨᠢ 5.15 ᠳ᠋ᠦᠩᠰᠢᠭᠤᠷ ᠢ ᠳᠠᠪᠠᠵᠤ᠂ ᠪᠢᠴᠢᠯ ᠪᠠᠷᠢᠮᠲᠠᠲᠤ ᠺᠢᠨᠣ᠋ ︽ᠠᠷᠠᠳ ᠲᠦᠮᠡᠨ ᠤ ᠤᠳᠤᠷᠢᠳᠤᠭᠴᠢ — ᠮᠠᠤ ᠽᠧ ᠳ᠋ᠦᠩ ᠤᠨ 130 ᠭᠱᠠᠨ ︾ ᠤ ᠨᠡᠪᠲᠡᠷᠡᠭᠦᠯᠦᠭᠰᠡᠨ ᠬᠡᠮᠵᠢᠶ᠎ᠡ 8.3 ᠳ᠋ᠦᠩᠰᠢᠭᠤᠷ ᠪᠠᠶᠢᠵᠤ᠂ ᠬᠦᠴᠦᠷᠬᠡᠭ ᠶᠡᠭᠡ ᠤᠬᠠᠭᠤᠯᠭ᠎ᠠ ᠶᠢᠨ ᠰᠦᠷ ᠬᠦᠴᠦᠨ ᠢ ᠪᠦᠷᠢᠯᠳᠦᠭᠦᠯᠪᠡ᠃ ᠪᠡᠭᠡᠵᠢᠩ ᠲᠢᠶᠠᠨᠵᠢᠨ ᠡᡁᠧᠪᠸᠢ ᠶᠢᠨ ᠬᠠᠮᠵᠢᠯᠴᠠᠨ ᠬᠥᠭᠵᠢᠭᠰᠡᠨ ᠠᠷᠪᠠᠨ ᠵᠢᠯ ᠤᠨ ᠤᠢ ᠵᠡᠷᠭᠡ ᠴᠢᠬᠤᠯᠠ ᠶᠡᠭᠡ ᠭᠤᠣᠯ ᠰᠡᠳᠦᠪ᠂ ᠴᠢᠬᠤᠯᠠ ᠵᠠᠩᠭᠢᠯᠠᠭ᠎ᠠ ᠶᠢᠨ ᠴᠡᠭ ᠤᠨ ᠲᠣᠭᠤᠷᠢᠨ ᠳᠤ᠂ ︽ᠬᠠᠮᠵᠢᠯᠴᠠᠨ ᠬᠥᠭᠵᠢᠭᠰᠡᠨ ᠮᠢᠨᠦ ᠡᠨᠡ ᠠᠷᠪᠠᠨ ᠵᠢᠯ — ᠠᠷᠪᠠᠨ ᠵᠢᠯ ᠤᠨ ᠤᠢ ᠶᠢᠨ ᠠᠷᠪᠠᠨ ᠴᠠᠭ ᠤᠨ ᠬᠠᠮᠲᠤᠷᠠᠭᠰᠠᠨ ᠨᠡᠪᠲᠡᠷᠡᠭᠦᠯᠭᠡ︾᠂ ᠪᠠᠷᠢᠮᠲᠠᠲᠤ ᠺᠢᠨᠣ᠋ ︽ᠪᠡᠭᠡᠵᠢᠩ ᠲᠢᠶᠠᠨᠵᠢᠨ ᠡᡁᠧᠪᠸᠢ ᠶᠢᠨ ᠰᠠᠯᠠᠭ᠎ᠠ ᠬᠡᠯᠲᠡᠰ ᠰᠡᠳᠬᠢᠯ ᠨᠢᠭᠡᠲᠡᠢ︾ ᠵᠡᠷᠭᠡ ᠭᠤᠣᠯ ᠰᠡᠳᠦᠪᠲᠦ ᠤᠬᠠᠭᠤᠯᠭ᠎ᠠ ᠶᠢᠨ ᠰᠣᠳᠣᠨ ᠪᠦᠲᠦᠭᠡᠯ ᠢ ᠭᠠᠷᠭᠠᠵᠤ᠂ ᠨᠡᠶᠢᠰᠯᠡᠯ ᠪᠡᠭᠡᠵᠢᠩ ᠤᠨ ᠰᠢᠨ᠎ᠡ ᠳᠦᠷᠰᠦ ᠪᠠᠶᠢᠳᠠᠯ ᠰᠢᠨ᠎ᠡ ᠵᠢᠳᠬᠦᠯ ᠴᠢᠷᠮᠠᠶᠢᠯᠭ᠎ᠠ ᠶᠢ ᠠᠮᠢᠳᠤᠯᠢᠭ ᠢᠶᠠᠷ ᠢᠯᠡᠷᠡᠭᠦᠯᠪᠡ᠃  ᠬᠤᠶᠠᠷ ᠲᠤ᠂ ᠰᠣᠳᠣᠨ ᠪᠦᠲᠦᠭᠡᠯ  ᠢ ᠭᠠᠷᠭᠠᠵᠤ ᠂ ︽ᠪᠡᠭᠡᠵᠢᠩ ᠤᠨ ᠦᠵᠡᠵᠦ ᠰᠣᠨᠣᠰᠬᠤ︾ ᠨᠠᠷᠠᠲᠤ ᠲᠡᠮᠲᠡᠭᠲᠦ ᠶᠢᠨ ᠨᠥᠯᠥᠭᠡᠯᠡᠬᠦ ᠬᠦᠴᠦᠨ ᠢ ᠦᠷᠭᠦᠯᠵᠢᠯᠡᠨ ᠳᠡᠭᠡᠭᠰᠢᠯᠡᠭᠦᠯᠪᠡ᠃ ᠡᠭᠦᠨ ᠳᠤ᠂ ᠪᠡᠭᠡᠵᠢᠩ ᠬᠤᠲᠠ ᠶᠢᠨ ᠷᠠᠳᠢᠣ᠋ ᠲᠧᠯᠸᠢᠰ ᠤᠨ ᠲᠣᠪᠴᠢᠶ᠎ᠠ ᠠᠴᠠ ᠭᠤᠤᠯᠯᠠᠨ ᠠᠳᠬᠤᠵᠤ᠂ ᠭᠤᠷᠪᠠᠨ ᠵᠢᠯ ᠰᠢᠬᠠᠮ ᠨᠠᠷᠢᠨ ᠨᠢᠮᠪᠠᠶ ᠪᠠᠶᠢᠭᠤᠯᠤᠭᠰᠠᠨ ᠰᠦᠯᠵᠢᠶᠡᠨ ᠤ ᠵᠦᠴᠦᠭᠡ ︽ᠮᠢᠨᠦ ᠠᠯᠲᠠᠢ︾ ᠭᠠᠳᠠᠭᠰᠢ ᠭᠠᠷᠴᠤ᠂ ᠲᠥᠪ ᠲᠧᠯᠸᠢᠰ ᠤᠨ ᠨᠢᠭᠡ ᠢᠵᠢ ᠰᠢᠵᠢᠷ ᠠᠯᠲᠠᠨ ᠲᠠᠩᠰᠠ ᠡᠪᠬᠡᠮᠡᠯ ᠳᠤ ᠣᠷᠣᠵᠤ᠂ ᠨᠠᠩ ᠴᠤ ᠳ᠋ᠸᠦ ᠪᠠᠨ ᠳᠤ ᠬᠢ 2024 ᠣᠨ ᠤ ᠤᠯᠤᠰ ᠤᠨ ᠵᠦᠴᠦᠭᠡ ᠶᠢᠨ ᠬᠤᠪᠢ ᠲᠤᠭᠲᠠᠭᠠᠯᠲᠠ ᠳᠤ ᠲᠡᠷᠢᠭᠦᠨ ᠳᠤ ᠵᠢᠭᠰᠠᠭᠠᠭᠳᠠᠵᠠᠶ᠃ ᠡᠭᠦᠨ ᠤ ᠵᠡᠷᠭᠡᠴᠡᠭᠡ ︽ᠡᠮᠦᠨᠡᠲᠦ ᠣᠷᠣᠨ ᠳᠤ ᠢᠷᠡᠵᠦ ᠤᠮᠠᠷᠠᠰᠢ ᠶᠠᠪᠤᠬᠤ︾᠂ ︽ᠮᠸᠢ ᠭᠦᠢ ᠶᠢᠨ ᠦᠯᠢᠭᠡᠷ︾ ᠵᠡᠷᠭᠡ ᠨᠢ ᠴᠦ ᠦᠵᠡᠭᠴᠢᠳ ᠤᠨ ᠪᠠᠭ᠋ᠠᠷᠬᠠᠯ ᠢ ᠣᠯᠵᠠᠢ᠃ ᠡᠭᠦᠨ ᠠᠴᠠ ᠭᠠᠳᠠᠨ᠎ᠠ᠂ ᠪᠠᠷᠢᠮᠲᠠᠲᠤ ᠺᠢᠨᠣ᠋ ︽ᠤᠷᠲᠤ ᠴᠠᠭᠠᠨ ᠬᠡᠷᠡᠮ ᠤᠨ ᠳᠠᠷᠤᠭ᠎ᠠ︾ ᠂ ᠰᠦᠯᠵᠢᠶᠡᠨ ᠤ ᠺᠢᠨᠣ᠋ ︽ᠳ᠋ᠠ ᠯᠢ ᠬᠡᠶᠢᠳ ᠤᠨ ᠱᠤᠣ ᠴᠢᠩ︾  ᠨᠢ ᠴᠥᠮ ᠰᠠᠶᠢᠨ ᠮᠠᠭᠲᠠᠭᠠᠯ ᠢ ᠣᠯᠣᠭᠰᠠᠨ ᠪᠠᠶᠢᠨ᠎ᠠ᠃ ᠪᠢᠴᠢᠯ ᠣᠬᠤᠷ ᠵᠦᠴᠦᠭᠡ ᠶᠢᠨ ᠬᠦᠷᠢᠶᠡᠨ ᠳᠤ᠂ ᠪᠡᠭᠡᠵᠢᠩ ᠬᠤᠲᠠ ᠶᠢᠨ ᠷᠠᠳᠢᠣ᠋ ᠲᠧᠯᠸᠢᠰ ᠤᠨ ᠲᠣᠪᠴᠢᠶ᠎ᠠ ᠪᠠᠰᠠ ᠰᠣᠳᠣᠨ ᠪᠦᠲᠦᠭᠡᠯ ᠢ ᠢᠳᠡᠪᠬᠢᠲᠡᠶ ᠠᠬᠢᠭᠤᠯᠵᠤ᠂ ︽ᠭᠡᠷᠡᠯ ᠭᠢᠯᠪᠠᠭ᠎ᠠ ᠪᠠᠨ ᠰᠠᠴᠤᠷᠠᠭᠤᠯᠬᠤ︾ ᠲᠥᠯᠥᠪᠯᠡᠭᠡ ︽ ᠬᠤᠶᠠᠷ ᠬᠥᠮᠦᠨ ᠤ ᠠᠮᠢᠳᠤᠷᠠᠯ︾᠂ ︽ᠳᠠᠪᠠᠭᠠᠷᠠᠢ︕ ᠠ ᠵᠢᠦᠸᠠᠨ ︾ ᠵᠡᠷᠭᠡ 20 ᠰᠢᠯᠢᠳᠡᠭ ᠪᠦᠲᠦᠭᠡᠯ ᠨᠢ ︽ᠣᠬᠤᠷ ᠵᠦᠴᠦᠭᠡ ᠪᠡᠭᠡᠵᠢᠩ ᠢᠶᠠᠷ ᠵᠤᠭᠠᠴᠠᠬᠤ︾ ᠲᠥᠷᠥᠯ ᠵᠦᠢᠯ ᠢᠶᠠᠷ ᠳᠠᠮᠵᠢᠭᠤᠯᠤᠨ ᠰᠣᠶᠣᠯ ᠵᠢᠭᠤᠯᠴᠢᠯᠠᠯ ᠢ ᠠᠭᠤᠰᠤᠯᠴᠠᠭᠤᠯᠬᠤ ᠰᠢᠨ᠎ᠡ ᠵᠠᠭᠪᠤᠷ ᠢ ᠬᠠᠶᠢᠨ ᠰᠦᠪᠡᠭᠴᠢᠯᠡᠭᠰᠡᠨ ᠪᠠᠶᠢᠨ᠎ᠠ ᠃  ᠡᠭᠦᠨ ᠤ ᠬᠠᠮᠲᠤ᠂ ᠪᠡᠭᠡᠵᠢᠩ ᠬᠤᠲᠠ ᠶᠢᠨ ᠷᠠᠳᠢᠣ᠋ ᠲᠧᠯᠸᠢᠰ ᠤᠨ ᠲᠣᠪᠴᠢᠶ᠎ᠠ ︽ᠪᠡᠭᠡᠵᠢᠩ ᠤᠨ ᠦᠵᠡᠵᠦ ᠰᠣᠨᠣᠰᠬᠤ ᠶᠢᠨ ᠦᠪᠡᠳᠡᠭᠰᠢ ᠶᠡᠭᠡ ᠪᠠᠶᠠᠷ︾ ᠵᠡᠷᠭᠡ ᠰᠢᠷᠢᠰ ᠠᠵᠢᠯᠯᠠᠭ᠎ᠠ ᠪᠠᠷ ᠳᠠᠮᠵᠢᠭᠤᠯᠤᠨ᠂ ᠬᠤᠲᠠ ᠶᠢᠨ ᠠᠷᠠᠳ ᠲᠤ ᠪᠠᠶᠠᠯᠢᠭ ᠰᠠᠶᠢᠬᠠᠨ ᠦᠵᠡᠵᠦ ᠰᠣᠨᠣᠰᠬᠤ ᠦᠪᠡᠳᠡᠭᠰᠢ ᠳᠠᠶᠢᠯᠠᠯᠭ᠎ᠠ ᠬᠠᠩᠭᠠᠵᠤ᠂ ᠰᠦᠯᠵᠢᠶᠡᠨ ᠳᠡᠭᠡᠷ᠎ᠡ 1000 ᠭᠠᠷᠤᠶ ᠰᠢᠯᠢᠳᠡᠭ ᠪᠦᠲᠦᠭᠡᠯ ᠢ ᠮᠢᠩᠭ᠎ᠠ ᠭᠠᠷᠤᠶ ᠪᠦᠯᠦᠭ ᠨᠡᠪᠲᠡᠷᠡᠭᠦᠯᠵᠦ᠂  ᠦᠵᠡᠭᠰᠡᠨ ᠬᠡᠮᠵᠢᠶ᠎ᠡ ᠨᠡᠶᠢᠲᠡ 12.7 ᠳ᠋ᠦᠩᠰᠢᠭᠤᠷ ᠪᠣᠯᠵᠠᠶ᠃ ᠱᠠᠩᠨᠠᠯ ᠤᠨ ᠵᠦᠢᠯ ᠤᠨ ᠲᠠᠯ᠎ᠠ ᠪᠠᠷ᠂ ᠪᠡᠭᠡᠵᠢᠩ ᠬᠤᠲᠠ ᠶᠢᠨ ᠷᠠᠳᠢᠣ᠋ ᠲᠧᠯᠸᠢᠰ ᠤᠨ ᠲᠣᠪᠴᠢᠶ᠎ᠠ ᠴᠤ ︽ᠲᠠᠪᠤᠨ ᠨᠢᠭᠡ ᠢᠨᠵᠧᠨᠧᠷᠢᠩ︾ ᠤᠨ ᠱᠠᠩᠨᠠᠯ ᠢ ᠭᠤᠶᠤᠴᠢᠯᠠᠨ ᠮᠡᠳᠡᠭᠦᠯᠬᠦ ᠪᠠᠷ ᠢᠳᠡᠪᠬᠢᠲᠡᠶ ᠪᠡᠯᠡᠳᠬᠡᠵᠦ ᠪᠠᠶᠢᠬᠤ ᠪᠥᠭᠡᠳ ᠷᠠᠳᠢᠣ᠋ ᠺᠢᠨᠣ᠋ ᠲᠧᠯᠸᠢᠰ ᠤᠨ ᠴᠦᠨ ᠶᠠᠨ ᠱᠠᠩᠨᠠᠯ ᠢ ᠬᠢᠨᠠᠨ ᠲᠣᠭᠲᠠᠭᠠᠬᠤ ᠠᠵᠢᠯ ᠢ ᠡᠬᠢᠯᠡᠭᠦᠯᠵᠦ᠂ ︽ᠮᠠᠶ ᠯᠧ ᠲᠣᠰᠬᠤᠨ ᠳᠤ ᠢᠷᠡᠭᠰᠡᠨ ᠢ ᠪᠠᠶᠠᠷᠯᠠᠨ ᠤᠭᠲᠤᠶ᠎ᠠ︾ ᠵᠡᠷᠭᠡ 10 ᠪᠦᠯᠦᠭ ᠪᠡᠭᠡᠵᠢᠩ ᠤᠨ ᠪᠦᠲᠦᠭᠡᠯ ᠤᠨ 29 ᠳ᠋ᠦ᠋ᠭᠡᠷ ᠬᠤᠭᠤᠴᠠᠭᠠᠨ ᠤ ᠱᠠᠩᠬᠠᠶ ᠶᠢᠨ ᠲᠧᠯᠸᠢᠰ ᠤᠨ ᠨᠠᠶᠢᠷ ᠤᠨ ᠪᠠᠶ ᠢᠦᠶ ᠯᠠᠨ ᠱᠠᠩᠨᠠᠯ ᠳᠤ ᠣᠷᠣᠵᠤ᠂ ᠪᠡᠭᠡᠵᠢᠩ ᠤᠨ ᠺᠢᠨᠣ᠋ ᠲᠧᠯᠸᠢᠰ ᠤᠨ ᠵᠣᠬᠢᠶᠠᠨ ᠪᠦᠲᠦᠭᠡᠯᠭᠡ ᠶᠢᠨ ᠥᠨᠳᠥᠷ ᠲᠦᠪᠰᠢᠨ ᠪᠠ ᠪᠣᠳᠠᠲᠤ ᠬᠦᠴᠦᠨ ᠢ ᠢᠯᠡᠷᠡᠭᠦᠯᠪᠡ᠃  ᠭᠤᠷᠪᠠ ᠳᠤ᠂ ᠪᠦᠬᠦ ᠲᠠᠯ᠎ᠠ ᠳᠤ ᠢᠳᠡᠪᠬᠢᠲᠡᠢ ᠦᠢᠯᠡᠴᠢᠯᠡᠵᠦ᠂ ᠷᠠᠳᠢᠣ᠋ ᠲᠧᠯᠸᠢᠰ ᠤᠨ ᠣᠯᠠᠨ ᠤᠯᠤᠰ ᠤᠨ ᠳᠠᠮᠵᠢᠭᠤᠯᠭ᠎ᠠ ᠶᠢᠨ ᠰᠢᠨ᠎ᠡ ᠪᠠᠶᠢᠳᠠᠯ ᠢ ᠨᠡᠮᠡᠭᠳᠡᠭᠦᠯᠪᠡ ᠃ ᠪᠡᠭᠡᠵᠢᠩ ᠬᠤᠲᠠ ᠶᠢᠨ ᠷᠠᠳᠢᠣ᠋ ᠲᠧᠯᠸᠢᠰ ᠤᠨ ᠲᠣᠪᠴᠢᠶ᠎ᠠ ᠵᠢᠷᠭᠤᠳᠤᠭᠠᠷ ᠬᠤᠭᠤᠴᠠᠭᠠᠨ ᠤ ᠳᠤᠮᠳᠠᠳᠤ ᠠᠹᠷᠢᠺᠠ ᠶᠢᠨ ᠵᠠᠭᠤᠴᠢᠯᠠᠭᠤᠷ ᠤᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠬᠢᠭᠡᠳ ᠳᠤᠮᠳᠠᠳᠤ ᠠᠹᠷᠢᠺᠠ ᠶᠢᠨ ᠣᠶᠤᠨ ᠤ ᠬᠥᠮᠥᠷᠭᠡ ᠶᠢᠨ ᠳᠡᠭᠡᠳᠦ ᠲᠠᠰ ᠤᠨ ᠶᠠᠷᠢᠯᠴᠠᠭ᠎ᠠ ᠵᠡᠷᠭᠡ ᠣᠯᠠᠨ ᠤᠯᠤᠰ ᠤᠨ ᠴᠢᠬᠤᠯᠠ ᠠᠵᠢᠯᠯᠠᠭ᠎ᠠ ᠶᠢ ᠳᠡᠭᠡᠳᠦ ᠬᠡᠮᠵᠢᠶ᠎ᠡ ᠪᠠᠷ ᠪᠡᠯᠡᠳᠬᠡᠭᠰᠡᠨ ᠪᠥᠭᠡᠳ ︽ᠪᠡᠭᠡᠵᠢᠩ ᠤᠨ ᠰᠢᠨ᠎ᠡ ᠦᠵᠡᠵᠦ ᠰᠣᠨᠣᠰᠬᠤ ᠰᠥᠨᠢ︾ ᠠᠵᠢᠯᠯᠠᠭ᠎ᠠ ᠶᠢ ᠠᠮᠵᠢᠯᠲᠠ ᠲᠠᠢ ᠡᠷᠭᠢᠯᠡᠵᠦ᠂ ᠹᠷᠠᠨᠼᠢ᠂ ᠢᠲ᠋ᠠᠯᠢ ᠵᠡᠷᠭᠡ ᠭᠠᠵᠠᠷ ᠲᠤ ᠰᠢᠯᠢᠳᠡᠭ ᠺᠢᠨᠣ᠋ ᠲᠧᠯᠸᠢᠰ ᠵᠦᠴᠦᠭᠡ ᠶᠢᠨ ᠭᠠᠳᠠᠭᠠᠳᠤ ᠳᠤ ᠳᠡᠯᠭᠡᠨ ᠦᠵᠡᠭᠦᠯᠬᠦ ᠤᠯᠠᠷᠢᠯ ᠡᠷᠬᠢᠯᠡᠬᠦ ᠪᠠᠷ ᠳᠠᠮᠵᠢᠭᠤᠯᠤᠨ᠂ ᠪᠡᠭᠡᠵᠢᠩ ᠤᠨ ᠠᠵᠤ ᠦᠢᠯᠡᠰ ᠤᠨ ᠷᠢᠳᠢ ᠰᠢᠳᠢ ᠪᠠ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠳᠡᠯᠭᠡᠨ ᠦᠵᠡᠭᠦᠯᠵᠦ᠂ ᠭᠠᠳᠠᠭᠠᠳᠤ ᠶᠢᠨ ᠠᠵᠤ ᠠᠬᠤᠶᠢᠯᠠᠯ ᠤᠨ ᠪᠡᠭᠡᠵᠢᠩ ᠳᠤ ᠢᠷᠡᠵᠦ ᠬᠥᠭᠵᠢᠬᠦ ᠶᠢ ᠲᠠᠲᠠᠪᠠ᠃ ᠡᠭᠦᠨ ᠠᠴᠠ ᠭᠠᠳᠠᠨ᠎ᠠ᠂ ᠪᠡᠭᠡᠵᠢᠩ ᠬᠤᠲᠠ ᠪᠠᠰᠠ ᠣᠯᠠᠨ ᠤᠯᠤᠰ ᠤᠨ ᠳᠠᠮᠵᠢᠭᠤᠯᠭ᠎ᠠ ᠶᠢᠨ ᠲᠤᠰᠬᠠᠶ ᠪᠡᠯᠡ ᠮᠥᠩᠭᠦ ᠶᠢᠨ ᠳᠡᠮᠵᠢᠯᠭᠡ ᠪᠠᠨ ᠴᠢᠩᠭᠠᠳᠬᠠᠵᠤ᠂ 140 ᠭᠠᠷᠤᠶ ᠲᠥᠷᠥᠯ ᠵᠦᠢᠯ ᠢ ᠴᠤᠭᠯᠠᠭᠤᠯᠪᠠ᠃ ︽ᠮᠢᠨᠦ ᠠᠯᠲᠠᠢ︾ ᠪᠣᠯ ᠨᠡᠩ ᠴᠤ ᠭᠠᠨᠠ  ᠶᠢᠨ ᠲᠧᠯᠸᠢᠰ ᠵᠦᠴᠦᠭᠡ ᠶᠢᠨ ᠨᠠᠶᠢᠷ ᠤᠨ ᠡᠵᠡᠨ ᠤ ᠤᠷᠤᠯᠳᠤᠭᠠᠨ ᠳᠤ ᠣᠷᠣᠭᠰᠠᠨ ᠠᠩᠬᠠᠳᠠᠭᠴᠢ ᠬᠢᠲᠠᠳ ᠬᠡᠯᠡᠨ ᠤ ᠵᠦᠴᠦᠭᠡ ᠶᠢᠨ ᠲᠡᠭᠦᠪᠦᠷᠢ ᠪᠣᠯᠤᠨ᠎ᠠ᠃  ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠬᠥᠳᠡᠯᠭᠡᠭᠦᠷ ᠪᠣᠯᠭᠠᠬᠤ ᠶᠢ ᠪᠠᠷᠢᠮᠲᠠᠯᠠᠵᠤ᠂ ᠷᠠᠳᠢᠣ᠋ ᠲᠧᠯᠸᠢᠰ ᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠪᠤᠶᠢᠵᠢᠭᠤᠯᠤᠨ ᠪᠤᠵᠠᠭᠠᠶᠢᠷᠠᠭᠤᠯᠪᠠ  ᠨᠢᠭᠡ ᠳᠤ᠂ ᠥᠨᠳᠥᠷ ᠪᠠᠶᠢᠷᠢ ᠳᠤ ᠣᠨᠣᠪᠴᠢᠲᠠᠢ ᠬᠦᠴᠦᠯᠡᠵᠦ᠂ ᠬᠡᠳᠦ ᠥᠨᠳᠥᠷ ᠲᠤᠳᠤᠷᠠᠴᠠᠲᠤ ᠦᠵᠡᠵᠦ ᠰᠣᠨᠣᠰᠬᠤ ᠠᠵᠤ ᠦᠢᠯᠡᠰ ᠢ ᠪᠦᠬᠦ ᠲᠠᠯ᠎ᠠ ᠪᠠᠷ ᠲᠡᠰ ᠳᠡᠪᠰᠢᠭᠦᠯᠬᠦ ᠶᠢ ᠬᠦᠳᠦᠯᠦᠨ ᠵᠢᠯᠣᠭᠤᠳᠪᠠ᠃ ᠪᠡᠭᠡᠵᠢᠩ ᠬᠤᠲᠠ ᠶᠢᠨ ᠬᠡᠲᠦ ᠥᠨᠳᠥᠷ ᠲᠤᠳᠤᠷᠠᠴᠠᠲᠤ ᠲᠧᠯᠸᠢᠰ ᠤᠨ ᠪᠥᠬᠦ ᠠᠵᠤ ᠦᠢᠯᠡᠰ ᠤᠨ ᠬᠡᠯᠬᠢᠶ᠎ᠡ ᠶᠢ ᠰᠢᠯᠢᠳᠡᠭᠵᠢᠭᠦᠯᠦᠨ ᠲᠠᠰ ᠳᠡᠪᠰᠢᠭᠦᠯᠬᠦ ᠲᠤᠷᠰᠢᠯᠲᠠ ᠶᠢᠨ ᠴᠡᠭ ᠢ ᠡᠩ ᠲᠡᠷᠢᠭᠦᠨ ᠳᠤ ᠥᠷᠨᠢᠭᠦᠯᠦᠭᠰᠡᠨ ᠨᠢ ︽︿ᠳᠤᠮᠳᠠᠳᠤ ᠤᠯᠤᠰ ︵ᠪᠡᠭᠡᠵᠢᠩ︶ ᠤᠨ ᠬᠡᠲᠦ ᠥᠨᠳᠥᠷ ᠲᠤᠳᠤᠷᠠᠴᠠᠲᠤ ᠲᠧᠯᠸᠢᠰ ᠤᠨ ᠬᠤᠰᠢᠭᠤᠴᠢ ᠠᠵᠢᠯᠯᠠᠭᠠᠨ ᠤ ᠲᠥᠯᠥᠪᠯᠡᠭᠡ﹀ ᠶᠢᠨ ᠬᠠᠮᠲᠤᠷᠠᠯᠴᠠᠭᠠᠨ ᠤ ᠰᠠᠨᠠᠮᠵᠢ ᠶᠢᠨ ᠪᠢᠴᠢᠭ︾ ᠲᠤ ᠭᠠᠷ ᠤᠨ ᠥᠰᠥᠭ ᠵᠢᠷᠤᠭᠰᠠᠨ ᠨᠢ ᠬᠡᠲᠦ ᠥᠨᠳᠥᠷ ᠲᠤᠳᠤᠷᠠᠴᠠᠲᠤ ᠲᠧᠯᠸᠢᠰ ᠤᠨ ᠬᠥᠭᠵᠢᠯᠲᠡ ᠰᠢᠨ᠎ᠡ ᠱᠠᠲᠤᠨ ᠳᠤ ᠤᠷᠤᠭᠰᠠᠨ ᠢ ᠬᠠᠷᠠᠭᠤᠯᠵᠤ ᠪᠠᠶᠢᠨ᠎ᠠ᠃ ᠡᠭᠦᠨ ᠠᠴᠠ ᠭᠠᠳᠠᠨ᠎ᠠ᠂ ︽ᠪᠡᠭᠡᠵᠢᠩ ᠬᠤᠲᠠ ᠶᠢᠨ ᠬᠡᠲᠦ ᠥᠨᠳᠥᠷ ᠲᠤᠳᠤᠷᠠᠴᠠᠲᠤ ᠦᠵᠡᠵᠦ ᠰᠣᠨᠣᠰᠬᠤ ᠬᠤᠰᠢᠭᠤᠴᠢ ᠠᠵᠢᠯᠯᠠᠭᠠᠨ ᠤ ᠲᠥᠯᠥᠪᠯᠡᠭᠡ ︵2024 — 2026 ᠣᠨ︶︾ ᠶᠢ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠰᠠᠨ ᠪᠥᠭᠡᠳ ᠵᠢᠩᠬᠢᠨᠢ ᠪᠠᠷ ᠨᠡᠶᠢᠲᠡᠯᠡᠵᠦ᠂ ᠠᠵᠤ ᠦᠢᠯᠡᠰ ᠤᠨ ᠬᠥᠭᠵᠢᠯᠲᠡ ᠳᠤ ᠠᠤᠭ᠎ᠠ ᠲᠥᠰᠦᠪ ᠢ ᠵᠢᠷᠤᠭᠯᠠᠭᠰᠠᠨ ᠪᠠᠶᠢᠨ᠎ᠠ᠃ ᠵᠦᠩ ᠭᠤᠸᠠᠨ ᠼᠦᠨ ᠤ ᠶᠠᠷᠢᠶᠠᠨ ᠤ ᠲᠠᠪᠴᠠᠩ ᠤᠨ ᠣᠨ ᠤ ᠬᠤᠷᠠᠯ ᠪᠣᠯ ᠨᠡᠩ ᠴᠤ ᠬᠢᠯᠠᠰ ᠴᠡᠭ ᠤᠯᠠᠨ ᠢᠯᠡᠷᠡᠵᠤ᠂ ᠠᠩᠬ᠎ᠠ ᠤᠳᠠᠭ᠎ᠠ ᠪᠠᠶᠢᠭᠤᠯᠤᠭᠰᠠᠨ ᠬᠡᠳᠦ ᠥᠨᠳᠥᠷ ᠲᠤᠳᠤᠷᠠᠴᠠᠲᠤ ᠦᠵᠡᠵᠦ ᠰᠣᠨᠣᠰᠬᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠬᠥᠭᠵᠢᠯᠲᠡ ᠶᠢᠨ ᠶᠠᠷᠢᠶᠠᠨ ᠤ ᠲᠠᠪᠴᠠᠩ ᠪᠠᠶᠢᠵᠤ᠂ ᠨᠡᠶᠢᠭᠡᠮ ᠤᠨ ᠥᠷᠭᠡᠨ ᠳᠡᠯᠭᠡᠷ ᠶᠠᠷᠢᠯᠴᠠᠭ᠎ᠠ ᠶᠢ ᠬᠥᠭᠵᠢᠭᠡᠵᠦ᠂ ᠪᠢᠴᠢᠯ ᠪᠦᠷᠬᠡ ᠶᠢᠨ ᠶᠠᠷᠢᠶᠠᠨ ᠤ ᠰᠡᠳᠦᠪ ᠢ ᠲᠠᠪᠤᠨ ᠮᠢᠩᠭᠠᠨ ᠲᠦᠮᠡ ᠰᠢᠬᠠᠮ ᠤᠩᠰᠢᠪᠠ᠃  ᠬᠤᠶᠠᠷ ᠲᠤ᠂ ᠲᠤᠭᠴᠢ ᠲᠥᠷᠥᠯ ᠵᠦᠢᠯ ᠢ ᠪᠠᠶᠢᠭᠤᠯᠵᠤ᠂ ᠬᠡᠲᠦ ᠥᠨᠳᠥᠷ ᠲᠤᠳᠤᠷᠠᠴᠠᠲᠤ ᠦᠵᠡᠵᠦ ᠰᠣᠨᠣᠰᠬᠤ ᠠᠵᠤ ᠦᠢᠯᠡᠰ ᠤᠨ ᠲᠥᠪᠯᠡᠷᠡᠨ ᠬᠥᠭᠵᠢᠬᠦ ᠶᠢ ᠠᠬᠢᠭᠤᠯᠪᠠ᠃ ᠬᠤᠲᠠ ᠶᠢᠨ ᠲᠣᠭᠤᠷᠢᠭ ᠤᠨ ᠬᠢᠨ ᠲᠥᠪ ᠤᠨ ᠷᠠᠳᠢᠣ᠋ ᠲᠧᠯᠸᠢᠰ ᠤᠨ ᠶᠡᠷᠦᠩᠬᠡᠶ ᠬᠤᠷᠢᠶ᠎ᠠ ᠶᠢᠨ ᠬᠡᠲᠦ ᠥᠨᠳᠥᠷ ᠲᠤᠳᠤᠷᠠᠴᠠᠲᠤ ᠵᠢᠱᠢᠶ᠎ᠡ ᠦᠵᠡᠭᠦᠯᠬᠦ ᠬᠦᠷᠢᠶᠡᠯᠡᠩ ᠤᠨ ᠪᠥᠲᠥᠭᠡᠨ ᠪᠠᠶᠢᠭᠤᠯᠤᠯᠲᠠ ᠶᠢ ᠬᠠᠮᠲᠤᠷᠠᠨ ᠠᠬᠢᠭᠤᠯᠵᠤ᠂ ᠶᠢᠦ ᠺᠦ᠋ ᠳᠡᠭᠡᠳᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠭᠠᠴᠢᠯᠠᠭᠰᠠᠨ ᠦᠵᠡᠵᠦ ᠰᠣᠨᠣᠰᠬᠤ ᠲᠥᠪ ᠤᠨ ᠬᠤᠲᠠ ᠶᠢᠨ ᠳᠡᠳ᠋ ᠲᠥᠪ ᠲᠤ ᠨᠤᠲᠤᠭᠰᠢᠬᠤ ᠶᠢ ᠠᠬᠢᠭᠤᠯᠵᠤ᠂ ᠪᠡᠭᠡᠵᠢᠩ ᠤᠨ ᠷᠠᠳᠢᠣ᠋ ᠲᠧᠯᠸᠢᠰ ᠬᠤᠷᠢᠶ᠎ᠠ ᠶᠢᠨ 4K ᠬᠡᠲᠦ ᠥᠨᠳᠥᠷ ᠲᠤᠳᠤᠷᠠᠴᠠᠲᠤ ᠳᠦᠷᠢᠮᠲᠦ ᠨᠡᠪᠲᠡᠷᠡᠭᠦᠯᠬᠦ ᠲᠥᠬᠦᠭᠡᠷᠦᠮᠵᠢ ᠶᠢᠨ ᠰᠢᠰᠲ᠋ᠧᠮ ᠤᠨ ᠰᠢᠨᠡᠴᠢᠯᠡᠯᠲᠡ ᠶᠢᠨ ᠲᠥᠷᠥᠯ ᠵᠦᠢᠯ ᠤᠨ ᠲᠥᠷᠥᠯ ᠵᠦᠢᠯ ᠲᠣᠭᠲᠠᠭᠠᠬᠤ ᠶᠢ ᠪᠡᠶᠡᠯᠡᠭᠦᠯᠵᠦ᠂ ᠬᠡᠳᠦ ᠣᠷᠳᠣ ᠬᠤᠭᠤᠴᠠᠭᠠᠨ ᠤ ᠤᠯᠤᠰ ᠤᠨ ᠣᠨᠴᠠᠭᠠᠶ ᠵᠢᠭᠡᠯᠡᠯᠭᠡ ᠶᠢ ᠢᠳᠡᠪᠬᠢᠲᠡᠶ ᠭᠤᠶᠤᠴᠢᠯᠠᠨ ᠮᠡᠳᠡᠭᠦᠯᠵᠦ᠂ ᠡᠭᠦᠨ ᠤ ᠤᠯᠠᠮ ᠠᠴᠠ ᠪᠥᠬᠦ ᠬᠤᠲᠠ ᠶᠢᠨ ᠬᠡᠲᠦ ᠥᠨᠳᠥᠷ ᠲᠤᠳᠤᠷᠠᠴᠠᠲᠤ ᠦᠵᠡᠵᠦ ᠰᠣᠨᠣᠰᠬᠤ ᠠᠵᠤ ᠦᠢᠯᠡᠰ ᠤᠨ ᠰᠦᠷᠦᠭᠵᠢᠯᠲᠡ᠂ ᠳᠡᠭᠡᠳᠦ ᠲᠠᠰ ᠤᠨ ᠬᠥᠭᠵᠢᠯᠲᠡ ᠶᠢ ᠤᠯᠠᠮ ᠨᠢᠭᠡ ᠠᠯᠬᠤᠮ ᠳᠥᠯᠭᠢᠨ ᠠᠬᠢᠭᠤᠯᠬᠤ ᠪᠤᠯᠤᠨ᠎ᠠ᠃  ᠭᠤᠷᠪᠠ ᠳᠤ᠂ ᠠᠵᠤ ᠦᠢᠯᠡᠰ ᠤᠨ ᠠᠮᠢ ᠠᠬᠤᠢ ᠶᠢ ᠰᠢᠯᠢᠳᠡᠭᠵᠢᠭᠦᠯᠵᠦ᠂ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠪᠡ᠃ ︽ᠬᠤᠶᠠᠷ ᠲᠣᠭᠤᠷᠢᠭ︾ ᠤᠨ ᠪᠥᠲᠥᠭᠡᠨ ᠪᠠᠶᠢᠭᠤᠯᠤᠯᠲᠠ ᠶᠢᠨ ᠳᠠᠪᠠᠭᠤᠯᠢᠭ ᠲᠤ ᠲᠦᠰᠢᠭᠯᠡᠨ᠂ ᠪᠡᠭᠡᠵᠢᠩ ᠬᠤᠲᠠ ᠶᠢᠨ ᠷᠠᠳᠢᠣ᠋ ᠲᠧᠯᠸᠢᠰ ᠤᠨ ᠲᠣᠪᠴᠢᠶ᠎ᠠ ᠲᠥᠷᠥ ᠶᠢᠨ ᠪᠣᠳᠣᠯᠭ᠎ᠠ ᠶᠢᠨ ᠵᠣᠬᠢᠴᠠᠮᠵᠢ ᠶᠢᠨ ᠰᠢᠨ᠎ᠡ ᠶᠢ ᠡᠭᠦᠳᠬᠦ ᠶᠢ ᠢᠳᠡᠪᠬᠢᠲᠡᠶ ᠠᠬᠢᠭᠤᠯᠵᠤ᠂ ︽ᠰᠢᠨ᠎ᠡ ᠴᠠᠭ ᠦᠶ᠎ᠡ ᠶᠢᠨ ᠨᠡᠶᠢᠰᠯᠡᠯ ᠤᠨ ᠺᠢᠨᠣ᠋ ᠲᠧᠯᠸᠢᠰ ᠤᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠤᠬᠠᠶ ᠠᠷᠭ᠎ᠠ ᠬᠡᠮᠵᠢᠶ᠎ᠡ ᠨᠦᠭᠦᠳ︾ ᠢ ᠭᠦᠨᠵᠡᠭᠡᠶ ᠬᠡᠷᠡᠭᠵᠢᠭᠦᠯᠪᠡ᠃ ᠡᠭᠦᠨ ᠤ ᠬᠠᠮᠲᠤ᠂ ᠺᠢᠨᠣ᠋ ᠲᠧᠯᠸᠢᠰ ᠤᠨ ᠰᠡᠭᠦᠳᠡᠷᠯᠡᠨ ᠦᠢᠯᠡᠳᠬᠦ ᠦᠢᠯᠡᠴᠢᠯᠡᠭᠡᠨ ᠤ ᠵᠣᠬᠢᠴᠠᠮᠵᠢ ᠶᠢ ᠡᠬᠢᠯᠡᠭᠦᠯᠵᠦ᠂ ᠬᠤᠲᠠ ᠲᠣᠭᠤᠷᠢᠭ ᠤᠨ ᠬᠢᠨ ᠦᠢᠯᠡᠴᠢᠯᠡᠭᠡᠨ  ᠤ ᠵᠦᠭᠯᠡᠭᠦᠷ᠂ ᠦᠵᠡᠮᠵᠢ ᠰᠤᠨᠢᠷᠬᠠᠬᠤ ᠭᠠᠵᠠᠷ ᠤᠨ ᠨᠠᠷᠢᠨ ᠲᠠᠩᠰᠠ ᠵᠢᠴᠢ ᠲᠥᠷᠥ ᠶᠢᠨ ᠪᠣᠳᠣᠯᠭ᠎ᠠ ᠶᠢᠨ ᠡᠮᠬᠢᠳᠬᠡᠯ ᠢ ᠬᠤᠯᠪᠣᠭᠠᠯᠠᠨ ᠨᠠᠶᠢᠷᠠᠭᠤᠯᠤᠨ ᠵᠣᠬᠢᠶᠠᠬᠤ ᠶᠢᠨ ᠬᠠᠮᠲᠤ ︽ᠪᠡᠭᠡᠵᠢᠩ ᠤᠨ ᠥᠩᠭᠡ ᠦᠵᠡᠮᠵᠢ︾ ᠲᠣᠭᠠᠴᠢᠯᠠᠭᠰᠠᠨ ᠳᠦᠷᠰᠦ ᠰᠢᠩᠭᠡᠭᠡᠯᠲᠡ ᠶᠢᠨ ᠬᠥᠮᠥᠷᠭᠡ ᠶᠢ ᠪᠠᠶᠢᠭᠤᠯᠵᠤ᠂ ᠵᠦᠴᠦᠭᠡ ᠶᠢᠨ ᠳᠤᠭᠤᠶᠢᠯᠠᠩ ᠤᠨ ᠪᠡᠭᠡᠵᠢᠩ ᠳᠤ ᠰᠡᠭᠦᠳᠡᠷᠯᠡᠬᠦ ᠳᠤ ᠪᠥᠬᠦ ᠲᠠᠯ᠎ᠠ ᠶᠢᠨ᠂ ᠥᠨᠳᠥᠷ ᠦᠷ᠎ᠡ ᠪᠦᠲᠦᠮᠵᠢᠲᠡᠶ ᠮᠡᠳᠡᠭᠡ ᠵᠠᠩᠭᠢ ᠶᠢᠨ ᠵᠥᠪᠯᠡᠯᠭᠡ ᠥᠭᠬᠦ ᠪᠠ ᠰᠡᠭᠦᠳᠡᠷᠯᠡᠨ ᠵᠣᠬᠢᠴᠠᠭᠤᠯᠬᠤ ᠦᠢᠯᠡᠴᠢᠯᠡᠭᠡ ᠬᠠᠩᠭᠠᠵᠤ᠂ ᠪᠥᠬᠦ ᠬᠤᠲᠠ ᠶᠢᠨ 1000 ᠭᠠᠷᠤᠶ ᠰᠡᠭᠦᠳᠡᠷᠯᠡᠬᠦ ᠴᠡᠭ ᠢ ᠬᠠᠮᠤᠷᠪᠠ᠃ ᠡᠭᠦᠨ ᠠᠴᠠ ᠭᠠᠳᠠᠨ᠎ᠠ᠂ ︽3 + 5︾ ᠦᠵᠡᠵᠦ ᠰᠣᠨᠣᠰᠬᠤ ᠬᠦᠷᠢᠶᠡᠯᠡᠩ ᠲᠣᠭᠤᠷᠢᠭ ᠤᠨ ᠵᠢᠱᠢᠶ᠎ᠡ ᠦᠵᠡᠭᠦᠯᠬᠦ ᠦᠢᠯᠡᠳᠦᠯ ᠢᠯᠡᠷᠬᠡᠶ ᠪᠠᠶᠢᠵᠤ᠂ 1 ᠠᠵᠤ ᠠᠬᠤᠶᠢᠯᠠᠯ ᠨᠢ ︽ᠪᠥᠬᠦ ᠤᠯᠤᠰ ᠤᠨ ᠪᠤᠶᠢᠵᠢᠯᠲᠠ ᠶᠢᠨ ᠴᠢᠨᠠᠷᠲᠠᠶ ᠰᠣᠶᠣᠯ ᠤᠨ ᠠᠵᠤ ᠠᠬᠤᠶᠢᠯᠠᠯ ᠤᠨ 30 ᠬᠦᠴᠦᠷᠬᠡᠭ︾ ᠪᠣᠯᠪᠠ᠃  ᠵᠢᠭᠰᠠᠭᠠᠯ ᠤᠨ ᠭᠠᠵᠠᠷ ᠤᠨ ᠬᠠᠮᠢᠶᠠᠷᠤᠯᠲᠠ ᠶᠢ ᠪᠠᠲᠤᠳᠬᠠᠵᠤ᠂ ᠨᠡᠶᠢᠰᠯᠡᠯ ᠤᠨ ᠷᠠᠳᠢᠣ᠋ ᠲᠧᠯᠸᠢᠰ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠣᠭᠲᠠᠯᠴᠠᠭ᠎ᠠ ᠶᠢ ᠲᠡᠭᠦᠯᠳᠡᠷᠵᠢᠭᠦᠯᠪᠡ  ᠨᠢᠭᠡ ᠳᠤ᠂ ᠰᠦᠯᠵᠢᠶᠡᠨ ᠤ ᠵᠠᠰᠠᠯᠲᠠ ᠶᠢ ᠴᠢᠩᠭᠠᠳᠬᠠᠵᠤ᠂ ᠠᠮᠤᠷ ᠲᠦᠪᠰᠢᠨ ᠤ ᠪᠠᠲᠤᠯᠠᠭ᠎ᠠ ᠶᠢᠨ ᠴᠢᠳᠠᠪᠤᠷᠢ ᠶᠢ ᠪᠦᠬᠦ ᠲᠠᠯ᠎ᠠ ᠪᠠᠷ ᠴᠢᠩᠭᠠᠳᠬᠠᠪᠠ᠃ ᠪᠡᠭᠡᠵᠢᠩ ᠬᠤᠲᠠ ᠶᠢᠨ ᠷᠠᠳᠢᠣ᠋ ᠲᠧᠯᠸᠢᠰ ᠤᠨ ᠲᠣᠪᠴᠢᠶ᠎ᠠ ᠣᠬᠤᠷ ᠸᠢᠳᠢᠣ᠋᠂ ᠰᠢᠭᠤᠳ ᠨᠡᠪᠲᠡᠷᠡᠭᠦᠯᠭᠡ᠂ ᠪᠢᠴᠢᠯ ᠣᠬᠤᠷ ᠵᠦᠴᠦᠭᠡ ᠵᠡᠷᠭᠡ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠪᠠᠷ ᠴᠢᠷᠮᠠᠶᠢᠵᠤ᠂ 1270 ᠪᠦᠯᠦᠭ ᠲᠣᠭᠲᠠᠭᠠᠯ ᠠᠴᠠ ᠵᠥᠷᠢᠴᠡᠭᠰᠡᠨ ᠰᠦᠯᠵᠢᠶᠡᠨ ᠤ ᠪᠢᠴᠢᠯ ᠣᠬᠤᠷ ᠵᠦᠴᠦᠭᠡ ᠶᠢ ᠴᠡᠪᠡᠷᠯᠡᠵᠦ᠂ ᠲᠣᠭᠲᠠᠭᠠᠯ ᠠᠴᠠ ᠵᠥᠷᠢᠴᠡᠭᠰᠡᠨ 871 ᠲᠦᠮᠡᠨ ᠵᠣᠷᠪᠣᠰ ᠣᠬᠤᠷ ᠸᠢᠳᠢᠣ᠋ ᠶᠢ ᠰᠦᠯᠵᠢᠶᠡᠨ ᠠᠴᠠ ᠪᠠᠭᠤᠯᠭᠠᠵᠤ᠂ ᠲᠣᠭᠲᠠᠭᠠᠯ ᠠᠴᠠ ᠵᠥᠷᠢᠴᠡᠭᠰᠡᠨ 8.1 ᠲᠦᠮᠡᠨ ᠲᠠᠩᠰᠠᠨ ᠨᠣᠮᠧᠷ ᠢ ᠰᠢᠢᠳᠪᠦᠷᠢᠯᠡᠪᠡ᠃ ᠡᠭᠦᠨ ᠤ ᠬᠠᠮᠲᠤ᠂ ᠱᠠᠩᠬᠠᠶ᠂ ᠭᠤᠸᠠᠩᠳᠦ᠋ᠩ ᠲᠠᠢ ᠬᠠᠷᠢᠯᠴᠠᠵᠤ ᠨᠡᠪᠲᠡᠷᠡᠯᠴᠡᠬᠦ ᠵᠣᠬᠢᠴᠠᠮᠵᠢ ᠶᠢ ᠪᠠᠶᠢᠭᠤᠯᠤᠨ᠂ ᠳᠠᠩᠰᠠᠯᠠᠬᠤ ᠬᠠᠮᠢᠶᠠᠷᠤᠯᠲᠠ ᠠᠳᠠᠯᠢ ᠪᠠᠷᠢᠮᠵᠢᠶ᠎ᠠ᠂ ᠳᠦᠷᠢᠮ ᠠᠴᠠ ᠵᠥᠷᠢᠴᠡᠭᠰᠡᠨ ᠵᠦᠴᠦᠭᠡ ᠶᠢᠨ ᠬᠠᠭᠤᠳᠠᠰᠤ ᠶᠢ ᠬᠠᠮᠲᠤ ᠳᠤ ᠪᠠᠨ ᠬᠦᠷᠲᠡᠬᠦ ᠶᠢ ᠬᠡᠷᠡᠭᠵᠢᠭᠦᠯᠵᠦ᠂ ᠭᠤᠷᠪᠠᠨ ᠭᠠᠵᠠᠷ ᠤᠨ ᠪᠢᠴᠢᠯ ᠣᠬᠤᠷ ᠵᠦᠴᠦᠭᠡ ᠶᠢᠨ ᠬᠠᠮᠢᠶᠠᠷᠤᠯᠲᠠ ᠶᠢ ᠬᠡᠷᠡᠭᠵᠢᠭᠦᠯᠵᠡᠶ᠃  ᠬᠤᠶᠠᠷ ᠲᠤ᠂ ᠠᠷᠠᠳ ᠲᠦᠮᠡᠨ ᠤ ᠲᠥᠯᠥᠭᠡ ᠭᠡᠬᠦ ᠬᠠᠶᠢᠷ᠎ᠠ ᠰᠡᠳᠬᠢᠯᠭᠡ ᠶᠢ ᠪᠠᠷᠢᠮᠲᠠᠯᠠᠵᠤ᠂ ᠨᠡᠶᠢᠰᠯᠡᠯ ᠤᠨ ᠷᠠᠳᠢᠣ᠋ ᠲᠧᠯᠸᠢᠰ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠣᠭᠲᠠᠯᠴᠠᠭ᠎ᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠪᠡ᠃ ᠪᠥᠬᠦ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠷᠠᠳᠢᠣ᠋ ᠨᠡᠪᠲᠡᠷᠡᠭᠦᠯᠭᠡ ᠶᠢᠨ ᠲᠣᠭᠲᠠᠯᠴᠠᠭ᠎ᠠ ᠶᠢᠨ ᠪᠠᠶᠢᠭᠤᠯᠤᠯᠲᠠ ᠶᠢᠨ ᠠᠬᠢᠴᠠ ᠲᠦᠷᠭᠡᠳᠴᠦ᠂ ᠬᠤᠲᠠ ᠶᠢᠨ ᠱᠠᠲᠤᠨ ᠤ ᠲᠠᠪᠴᠠᠩ ᠢ ᠦᠨᠳᠦᠰᠦᠨ ᠳᠤ ᠪᠠᠨ ᠪᠠᠶᠢᠭᠤᠯᠬᠤ ᠶᠢᠨ ᠬᠠᠮᠲᠤ ᠤᠯᠤᠰ ᠤᠨ ᠪᠠᠴᠢᠮ ᠪᠠᠶᠢᠳᠠᠯ ᠢ ᠠᠷᠭᠠᠴᠠᠭᠠᠬᠤ ᠷᠠᠳᠢᠣ᠋ ᠨᠡᠪᠲᠡᠷᠡᠭᠦᠯᠭᠡ ᠶᠢᠨ ᠲᠠᠪᠴᠠᠩ᠂ ᠪᠡᠭᠡᠵᠢᠩ ᠬᠤᠲᠠ ᠶᠢᠨ ᠰᠡᠷᠡᠮᠵᠢᠯᠡᠭᠦᠯᠬᠦ ᠮᠡᠳᠡᠭᠡ ᠵᠠᠩᠭᠢ ᠨᠡᠶᠢᠲᠡᠯᠡᠬᠦ ᠲᠠᠪᠴᠠᠩ ᠯᠤᠭ᠎ᠠ ᠬᠤᠯᠪᠣᠭᠠᠯᠠᠨ ᠵᠣᠯᠭᠠᠭᠤᠯᠬᠤ ᠶᠢ ᠪᠡᠶᠡᠯᠡᠭᠦᠯᠵᠦ᠂ ᠡᠳᠦᠷ ᠲᠤᠲᠤᠮ ᠤᠨ ᠮᠡᠳᠡᠭᠡ ᠵᠠᠩᠭᠢ ᠨᠡᠶᠢᠲᠡᠯᠡᠬᠦ ᠴᠢᠳᠠᠪᠤᠷᠢ ᠶᠢ ᠠᠩᠬ᠎ᠠ ᠠᠯᠬᠤᠮ ᠪᠦᠷᠢᠯᠳᠦᠭᠦᠯᠵᠦ᠂ 7 ᠲᠤᠷᠰᠢᠯᠲᠠ ᠶᠢᠨ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠷᠠᠳᠢᠣ᠋ ᠨᠡᠪᠲᠡᠷᠡᠭᠦᠯᠭᠡ ᠶᠢᠨ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠪᠠ᠃ ᠲᠤᠰᠬᠠᠶ ᠵᠦᠢᠯ ᠢᠶᠠᠷ ᠵᠠᠰᠠᠬᠤ ᠠᠵᠢᠯ ᠢ ᠥᠨᠳᠥᠷ ᠪᠦᠲᠦᠮᠵᠢᠲᠡᠶ ᠪᠠᠷ ᠳᠥᠯᠭᠢᠨ ᠠᠬᠢᠭᠤᠯᠵᠤ᠂ ᠪᠠᠭᠤᠳᠠᠯ ᠤᠨ ᠲᠧᠯᠸᠢᠰ ᠤᠨ ᠪᠤᠳᠤᠯᠢᠶᠠᠨᠲᠤ ᠠᠵᠢᠯᠯᠠᠭᠠᠨ ᠤ ᠲᠤᠰᠬᠠᠶ ᠵᠦᠢᠯ ᠢᠶᠠᠷ ᠪᠥᠬᠦ ᠤᠯᠤᠰ ᠤᠨ ᠲᠤᠷᠰᠢᠯᠲᠠ ᠶᠢᠨ ᠠᠵᠢᠯ ᠢ ᠥᠨᠳᠥᠷ ᠪᠠᠷᠢᠮᠵᠢᠶ᠎ᠠ ᠪᠠᠷ ᠳᠥᠯᠭᠢᠨ ᠠᠬᠢᠭᠤᠯᠬᠤ ᠶᠢᠨ ᠬᠠᠮᠲᠤ ᠲᠧᠯᠸᠢᠰ ᠤᠨ ᠳᠠᠪᠲᠠᠨ ᠰᠦᠢᠳᠭᠡᠯ ᠬᠤᠷᠢᠶᠠᠬᠤ ᠵᠠᠰᠠᠯᠲᠠ ᠶᠢᠨ ᠦᠷ᠎ᠡ ᠪᠦᠲᠦᠭᠡᠯ ᠢ ᠪᠠᠬᠢᠵᠢᠭᠦᠯᠪᠡ ᠃ ᠪᠡᠭᠡᠵᠢᠩ ᠬᠤᠲᠠ ᠶᠢᠨ ᠷᠠᠳᠢᠣ᠋ ᠲᠧᠯᠸᠢᠰ ᠤᠨ ᠲᠣᠪᠴᠢᠶ᠎ᠠ ᠪᠠᠰᠠ ᠣᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠶᠢ ᠰᠢᠯᠢᠳᠡᠭᠵᠢᠭᠦᠯᠵᠦ᠂ ᠲᠦᠩᠵᠸᠦ ᠲᠣᠭᠤᠷᠢᠭ᠂ ᠮᠧᠨ ᠳᠧᠦ ᠭᠸᠦ ᠲᠣᠭᠤᠷᠢᠭ ᠤᠨ ᠷᠠᠳᠢᠣ᠋ ᠲᠧᠯᠸᠢᠰ ᠤᠨ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡᠨ ᠤ ᠪᠠᠷᠢᠮᠵᠢᠶᠠᠵᠢᠭᠤᠯᠤᠯᠲᠠ ᠶᠢᠨ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠰᠢᠨ᠎ᠡ ᠦᠵᠡᠵᠦ ᠰᠣᠨᠣᠰᠬᠤ ᠦᠢᠯᠡᠴᠢᠯᠡᠭᠡᠨ ᠤ ᠵᠢᠭᠰᠠᠭᠠᠯ ᠤᠨ ᠭᠠᠵᠠᠷ ᠢ ᠥᠷᠭᠡᠳᠬᠡᠨ ᠲᠡᠭᠦᠯᠳᠡᠷᠵᠢᠭᠦᠯᠬᠦ ᠶᠢᠨ ᠬᠠᠮᠲᠤ ᠰᠢᠨ᠎ᠡ ᠦᠵᠡᠵᠦ ᠰᠣᠨᠣᠰᠬᠤ ᠣᠯᠠᠨ ᠨᠡᠶᠢᠲᠡ ᠶᠢᠨ ᠦᠢᠯᠡᠴᠢᠯᠡᠭᠡᠨ ᠤ ᠵᠢᠱᠢᠶ᠎ᠡ ᠦᠵᠡᠭᠦᠯᠬᠦ ᠢᠨᠵᠧᠨᠧᠷᠢᠩ ᠢ ᠭᠦᠨᠵᠡᠭᠡᠶᠢᠷᠡᠭᠦᠯᠵᠦ᠂ ︽ᠰᠢᠨ᠎ᠡ ᠦᠵᠡᠵᠦ ᠰᠣᠨᠣᠰᠬᠤ ᠣᠷᠣᠨ ᠵᠠᠶ︾ ᠶᠢᠨ ᠮᠦᠽᠧᠶ ᠳᠤ ᠣᠷᠣᠬᠤ ᠵᠡᠷᠭᠡ ᠰᠢᠷᠢᠰ ᠠᠵᠢᠯᠯᠠᠭ᠎ᠠ ᠶᠢ ᠥᠷᠨᠢᠭᠦᠯᠪᠡ᠃  ᠭᠤᠷᠪᠠ ᠳᠤ᠂ ᠡᠬᠢ ᠪᠠᠶᠠᠯᠢᠭ ᠤᠨ ᠬᠦᠴᠦᠨ ᠵᠦᠢᠯ ᠢ ᠬᠤᠷᠠᠮᠳᠤᠭᠤᠯᠵᠤ᠂ ᠵᠠᠭᠤᠴᠢᠯᠠᠭᠤᠷ ᠤᠨ ᠠᠭᠤᠰᠤᠯᠴᠠᠨ ᠬᠥᠭᠵᠢᠬᠦ ᠶᠢ ᠦᠷᠭᠦᠯᠵᠢᠯᠡᠨ ᠭᠦᠨᠵᠡᠭᠡᠶᠢᠷᠡᠭᠦᠯᠪᠡ᠃ ᠪᠡᠭᠡᠵᠢᠩ ᠬᠤᠲᠠ ᠶᠢᠨ ᠷᠠᠳᠢᠣ᠋ ᠲᠧᠯᠸᠢᠰ ᠤᠨ ᠲᠣᠪᠴᠢᠶ᠎ᠠ ᠰᠢᠨ᠎ᠡ ᠦᠵᠡᠵᠦ ᠰᠣᠨᠣᠰᠬᠤ ᠵᠠᠭᠤᠴᠢᠯᠠᠭᠤᠷ ᠤᠨ ᠰᠢᠨ᠎ᠡ ᠶᠢ ᠡᠭᠦᠳᠬᠦ ᠪᠦᠲᠦᠭᠡᠯᠴᠢ ᠰᠡᠳᠬᠢᠮᠵᠢ ᠶᠢᠨ ᠤᠷᠤᠯᠳᠤᠭᠠᠨ ᠢ ᠢᠳᠡᠪᠬᠢᠲᠡᠶ ᠪᠡᠯᠡᠳᠬᠡᠵᠦ᠂ ᠪᠥᠬᠦ ᠤᠯᠤᠰ ᠢ ᠨᠥᠯᠥᠭᠡᠯᠡᠨ ᠳᠠᠭᠠᠭᠤᠯᠬᠤ ᠵᠠᠭᠤᠴᠢᠯᠠᠭᠤᠷ ᠤᠨ ᠠᠭᠤᠰᠤᠯᠴᠠᠨ ᠰᠣᠯᠢᠯᠴᠠᠬᠤ ᠲᠠᠪᠴᠠᠩ ᠢ ᠦᠷᠭᠦᠯᠵᠢᠯᠡᠨ ᠪᠣᠶ ᠪᠣᠯᠭᠠᠪᠠ︔ ᠵᠠᠭᠤᠴᠢᠯᠠᠭᠤᠷ ᠤᠨ ᠠᠭᠤᠰᠤᠯᠴᠠᠯ ᠤᠨ ᠨᠡᠶᠢᠲᠡᠯᠢᠭ ᠬᠡᠷᠡᠭ ᠤᠨ ᠵᠢᠱᠢᠶ᠎ᠡ ᠶᠢ ᠰᠣᠩᠭᠤᠨ ᠭᠠᠷᠭᠠᠵᠤ᠂ 65 ᠲᠥᠷᠥᠯ ᠵᠦᠢᠯ ᠢ ᠴᠤᠭᠯᠠᠭᠤᠯᠪᠠ︔ ᠦᠢᠯᠡᠳᠪᠦᠷᠢᠯᠡᠬᠦ ᠵᠢᠭᠠᠬᠤ ᠰᠤᠳᠤᠯᠬᠤ ᠬᠡᠷᠡᠭᠯᠡᠬᠦ ᠶᠢ ᠨᠡᠪᠲᠡᠷᠡᠭᠦᠯᠵᠦ᠂ 11 ᠵᠦᠢᠯ ᠤᠨ ᠰᠢᠯᠢᠳᠡᠭ ᠬᠠᠮ ᠵᠠᠭᠤᠴᠢᠯᠠᠭᠤᠷ ᠤᠨ ᠮᠡᠷᠭᠡᠵᠢᠯ ᠢ ᠨᠠᠶᠢᠳᠠᠪᠤᠷᠢᠵᠢᠭᠤᠯᠤᠨ ᠬᠡᠷᠡᠭᠯᠡᠬᠦ ᠶᠢ ᠠᠬᠢᠭᠤᠯᠵᠤ᠂ ︽ᠨᠢᠭᠡ ᠳᠤ ᠨᠢᠭᠡ︾ ᠶᠢᠨ ᠬᠠᠨᠳᠤᠯᠭᠠᠲᠤ ᠮᠡᠷᠭᠡᠵᠢᠯ ᠤᠨ ᠵᠢᠯᠣᠭᠤᠳᠣᠯᠭ᠎ᠠ ᠶᠢ ᠥᠷᠨᠢᠭᠦᠯᠵᠦ᠂ ᠵᠢᠱᠢᠶ᠎ᠡ ᠦᠵᠡᠭᠦᠯᠦᠨ ᠬᠥᠲᠥᠯᠦᠨ ᠳᠠᠭᠠᠭᠤᠯᠬᠤ ᠶᠢ ᠴᠢᠩᠭᠠᠷᠠᠭᠤᠯᠪᠠ︔ ᠪᠡᠭᠡᠵᠢᠩ ᠲᠢᠶᠠᠨᠵᠢᠨ ᠾᠧᠪᠸᠢ ᠷᠠᠳᠢᠣ᠋ ᠲᠧᠯᠸᠢᠰ ᠤᠨ ᠰᠢᠨ᠎ᠡ ᠵᠠᠭᠤᠴᠢᠯᠠᠭᠤᠷ ᠤᠨ ᠬᠠᠮᠵᠢᠯᠴᠠᠬᠤ ᠴᠣᠭᠴᠠ ᠶᠢ ᠵᠢᠩᠬᠢᠨᠢ ᠪᠠᠷ ᠪᠠᠶᠢᠭᠤᠯᠵᠤ᠂ ᠣᠷᠣᠨ ᠪᠦᠰᠡ ᠶᠢᠨ ᠵᠠᠭᠤᠴᠢᠯᠠᠭᠤᠷ ᠤᠨ ᠠᠭᠤᠰᠤᠯᠴᠠᠨ ᠬᠥᠭᠵᠢᠬᠦ ᠨᠡᠶᠢᠯᠡᠮᠡᠯ ᠬᠦᠴᠦᠨ ᠢ ᠲᠠᠰᠤᠷᠠᠯᠲᠠ ᠥᠬᠡᠶ ᠴᠢᠩᠭᠠᠳᠬᠠᠬᠤ ᠶᠢ ᠠᠬᠢᠭᠤᠯᠪᠠ᠃  2024 ᠣᠨ ᠤ 7 ᠳ᠋ᠤᠭᠠᠷ ᠰᠠᠷ᠎ᠠ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠢ ᠬᠤᠷᠠᠯᠳᠤᠪᠠ᠃ ᠪᠡᠭᠡᠵᠢᠩ ᠤᠨ ᠷᠠᠳᠢᠣ᠋ ᠲᠧᠯᠸᠢᠰ ᠬᠤᠷᠢᠶ᠎ᠠ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠶ ᠣᠶᠢᠯᠠᠭᠠᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠵᠤ᠂ ᠰᠠᠶᠢᠲᠤᠷ ᠤᠬᠠᠭᠤᠯᠵᠤ᠂ ᠰᠠᠶᠢᠲᠤᠷ ᠲᠤᠭᠤᠰᠢᠯᠠᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠭᠠᠵᠤ᠂ ᠵᠥᠪ ᠤᠯᠤᠰ ᠲᠦᠷᠦ ᠶᠢᠨ ᠴᠢᠭᠯᠡᠯ᠂ ᠶᠠᠷᠢᠶ᠎ᠠ ᠬᠡᠯᠡᠯᠴᠡᠭᠡᠨ ᠤ ᠤᠳᠤᠷᠢᠳᠤᠮᠵᠢ᠂ ᠦᠷᠳᠡᠭ ᠤᠨ ᠬᠠᠨᠳᠤᠰᠢ ᠶᠢ ᠡᠵᠡᠮᠳᠡᠵᠦ᠂ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠬᠤ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠵᠦ᠂ ᠰᠤᠷᠤᠯᠴᠠᠨ ᠲᠤᠭᠤᠰᠢᠯᠠᠭᠤᠯᠬᠤ ᠬᠠᠯᠠᠭᠤᠨ ᠥᠷᠨᠢᠯᠲᠡ ᠶᠢ ᠦᠳᠲᠡᠷ ᠲᠦᠷᠭᠡᠨ ᠪᠤᠢ ᠪᠣᠯᠭᠠᠪᠠ᠃  ᠳᠣᠣᠷᠠᠳᠤ ᠬᠠᠭᠠᠰ ᠵᠢᠯ ᠳᠤ᠂ ᠪᠡᠭᠡᠵᠢᠩ ᠬᠤᠳᠠ ᠶᠢᠨ ᠷᠠᠳᠢᠣ᠋ ᠲᠧᠯᠸᠢᠰ ᠤᠨ ᠲᠤᠪᠴᠢᠶ᠎ᠠ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭᠠᠨ ᠤ ᠵᠢᠯᠤᠭᠤᠳᠤᠯᠭ᠎ᠠ ᠳᠣᠣᠷ᠎ᠠ᠂ ᠰᠤᠷᠤᠯᠴᠠᠨ ᠰᠡᠳᠬᠢᠵᠦ ᠦᠢᠯᠡᠳᠦᠯᠭᠡᠵᠢᠭᠦᠯᠦᠨ ᠣᠶᠢᠯᠠᠭᠠᠬᠤ ᠶᠢ ᠪᠠᠷᠢᠮᠲᠠᠯᠠᠵᠤ᠂ ᠦᠨᠳᠦᠰᠦ ᠶᠢ ᠪᠠᠬᠢᠵᠢᠭᠦᠯᠦᠨ ᠰᠠᠭᠤᠷᠢ ᠶᠢ ᠪᠠᠬᠢᠵᠢᠭᠦᠯᠬᠦ ᠤᠯᠤᠰ ᠲᠦᠷᠦ ᠶᠢ ᠨᠡᠩ ᠰᠠᠶᠢᠲᠤᠷ ᠭᠦᠢᠴᠡᠳᠬᠡᠵᠦ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠨᠡᠶᠢᠰᠯᠡᠯ ᠤᠨ ᠷᠠᠳᠢᠣ᠋ ᠲᠧᠯᠸᠢᠰ ᠤᠨ ᠴᠢᠨᠠᠷ ᠰᠠᠶᠢᠲᠠᠢ ᠬᠥᠭᠵᠢᠯᠲᠡ ᠶᠢ ᠰᠢᠰᠲ᠋ᠧᠮ ᠲᠠᠢ ᠠᠬᠢᠭᠤᠯᠵᠤ᠂ ᠠᠭᠤᠯᠭ᠎ᠠ ᠶᠢᠨ ᠬᠦᠳᠦᠯᠦᠨ ᠳᠠᠭᠠᠭᠤᠯᠬᠤ ᠬᠦᠴᠦᠨ ᠢ ᠪᠤᠵᠠᠭᠠᠶᠢᠷᠠᠭᠤᠯᠵᠤ᠂ ᠬᠥᠭᠵᠢᠯᠲᠡ ᠶᠢᠨ ᠬᠥᠳᠡᠯᠭᠡᠬᠦ ᠬᠦᠴᠦᠨ ᠢ ᠬᠥᠭᠵᠢᠭᠡᠵᠦ᠂ ᠰᠠᠭᠤᠷᠢ ᠪᠠᠲᠤᠯᠠᠭ᠎ᠠ ᠶᠢᠨ ᠬᠦᠴᠦᠨ ᠢ ᠨᠡᠮᠡᠭᠳᠡᠭᠦᠯᠬᠦ ᠪᠣᠯᠤᠨ᠎ᠠ᠃ ᠪᠡᠭᠡᠵᠢᠩ ᠬᠤᠲᠠ ᠶᠢᠨ ᠷᠠᠳᠢᠣ᠋ ᠲᠧᠯᠸᠢᠰ ᠤᠨ ᠲᠣᠪᠴᠢᠶ᠎ᠠ ᠳᠣᠣᠷᠠᠳᠤ ᠬᠠᠭᠠᠰ ᠵᠢᠯ ᠤᠨ ᠠᠵᠢᠯ ᠢ ᠠᠬᠢᠭᠤᠯᠵᠤ᠂ ᠰᠢᠨ᠎ᠡ ᠭᠡᠷᠡᠯ ᠭᠢᠯᠪᠠᠭ᠎ᠠ ᠪᠠᠨ ᠰᠠᠴᠤᠷᠠᠭᠤᠯᠵᠤ᠂ ᠨᠡᠶᠢᠰᠯᠡᠯ ᠤᠨ ᠷᠠᠳᠢᠣ᠋ ᠲᠧᠯᠸᠢᠰ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠠᠪᠤᠴᠠ ᠳᠤ ᠨᠠᠩ ᠰᠦᠷ ᠳᠠᠯᠠᠶᠢᠴᠠᠲᠠᠶ ᠬᠦᠴᠦᠨ ᠴᠢᠳᠠᠯ ᠣᠯᠬᠤ ᠶᠢ ᠠᠬᠢᠭᠤᠯᠵᠤ᠂ ᠨᠠᠩ ᠬᠦᠴᠦᠷᠬᠡᠭ ᠬᠥᠳᠡᠯᠭᠡᠬᠦ ᠬᠦᠴᠦᠨ ᠢ ᠪᠠᠳᠠᠷᠠᠭᠤᠯᠤᠨ᠎ᠠ᠃ 
ᠢᠷᠡᠯᠲᠡ᠄ ᠤᠯᠤᠰ ᠤᠨ ᠷᠠᠳᠢᠣ᠋ ᠲᠧᠯᠸᠢᠰ ᠤᠨ ᠤᠶᠤᠨ ᠤ ᠬᠦᠮᠦᠷᠭᠡ