| | | | | | ᠰᠢᠨᠬᠤᠸᠠ ᠬᠤᠷᠢᠶ᠎ᠠ ᠶᠢᠨ ᠠᠰᠲ᠋ᠠᠨᠠ ᠶᠢᠨ 7 ᠰᠠᠷ᠎ᠠ ᠶᠢᠨ 3 ᠤ ᠴᠠᠭᠢᠯᠭᠠᠨ ᠮᠡᠳᠡᠭᠡ ᠲᠤᠬᠠᠢ ᠶᠢᠨ ᠭᠠᠵᠠᠷ ᠤᠨ ᠴᠠᠭ ᠢᠶᠠᠷ 7 ᠰᠠᠷ᠎ᠠ ᠶᠢᠨ 3 ᠤ ᠦᠳᠡ ᠶᠢᠨ ᠡᠮᠦᠨ᠎ᠡ᠂ | ᠤᠯᠤᠰ ᠤᠨ ᠲᠡᠷᠢᠭᠦᠯᠡᠭᠴᠢ ᠰᠢ ᠶᠢᠨ ᠫᠢᠩ ᠠᠰᠲ᠋ᠠᠨᠠ ᠳᠠᠬᠢ ᠶᠡᠷᠦᠩᠬᠡᠶᠢᠯᠡᠭᠴᠢ ᠶᠢᠨ ᠣᠷᠳᠣᠨ ᠳᠤ ᠺᠠᠽᠠᠬᠰᠲ᠋ᠠᠨ ᠤ ᠶᠡᠷᠦᠩᠬᠡᠶᠢᠯᠡᠭᠴᠢ ᠲᠦᠸᠧᠺᠠᠶᠧᠹ ᠲᠠᠢ ᠬᠡᠯᠡᠯᠴᠡᠭᠡ ᠬᠢᠪᠡ᠃ | | ᠲᠤᠬᠠᠢ ᠶᠢᠨ ᠭᠠᠵᠠᠷ ᠤᠨ ᠴᠠᠭ ᠢᠶᠠᠷ 7 ᠰᠠᠷ᠎ᠠ ᠶᠢᠨ 3 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠠᠰᠲ᠋ᠠᠨᠠ ᠳᠠᠬᠢ | ᠶᠡᠷᠦᠩᠬᠡᠶᠢᠯᠡᠭᠴᠢ ᠶᠢᠨ ᠣᠷᠳᠣᠨ ᠳᠤ ᠺᠠᠽᠠᠬᠰᠲ᠋ᠠᠨ ᠤ ᠶᠡᠷᠦᠩᠬᠡᠶᠢᠯᠡᠭᠴᠢ ᠲᠦᠸᠧᠺᠠᠶᠧᠹ ᠲᠠᠢ ᠬᠡᠯᠡᠯᠴᠡᠭᠡ ᠬᠢᠪᠡ᠃ ᠲᠦᠸᠧᠺᠠᠶᠧᠹ ᠰᠢ ᠶᠢᠨ ᠫᠢᠩ ᠢ ᠤᠭᠲᠤᠬᠤ ᠦᠪᠡᠳᠡᠭᠰᠢ | ᠶᠣᠰᠣᠯᠠᠯ ᠶᠠᠪᠤᠭᠤᠯᠪᠠ᠃ ᠵᠢᠷᠤᠭ ᠪᠣᠯ ᠰᠢ ᠶᠢᠨ ᠫᠢᠩ ᠲᠦᠸᠧᠺᠠᠶᠧᠹ ᠤᠨ ᠪᠠᠷ᠎ᠠ ᠪᠤᠯᠤᠯᠭ᠎ᠠ ᠲᠠᠢ ᠪᠠᠷ ᠶᠣᠰᠣᠯᠠᠯ ᠤᠨ ᠠᠩᠭᠢ ᠶᠢ ᠰᠢᠯᠭᠠᠨ ᠦᠵᠡᠵᠦ ᠪᠠᠶᠢᠭ᠎ᠠ ᠨᠢ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠶᠤᠸᠠᠢ ᠶᠤᠸᠠᠢ ᠸᠧᠢ ᠰᠡᠭᠦᠳᠡᠷᠯᠡᠪᠡ | ᠲᠤᠬᠠᠢ ᠶᠢᠨ ᠭᠠᠵᠠᠷ ᠤᠨ ᠴᠠᠭ ᠢᠶᠠᠷ 7 ᠰᠠᠷ᠎ᠠ ᠶᠢᠨ 3 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠠᠰᠲ᠋ᠠᠨᠠ ᠳᠠᠬᠢ | ᠶᠡᠷᠦᠩᠬᠡᠶᠢᠯᠡᠭᠴᠢ ᠶᠢᠨ ᠣᠷᠳᠣᠨ ᠳᠤ ᠺᠠᠽᠠᠬᠰᠲ᠋ᠠᠨ ᠤ ᠶᠡᠷᠦᠩᠬᠡᠶᠢᠯᠡᠭᠴᠢ ᠲᠦᠸᠧᠺᠠᠶᠧᠹ ᠲᠠᠢ ᠬᠡᠯᠡᠯᠴᠡᠭᠡ ᠬᠢᠪᠡ᠃ ᠵᠢᠷᠤᠭ ᠪᠣᠯ ᠰᠢ ᠶᠢᠨ ᠫᠢᠩ ᠲᠦᠸᠧᠺᠠᠶᠧᠹ ᠲᠠᠢ ᠭᠠᠷ | ᠠᠳᠬᠤᠯᠴᠠᠵᠤ ᠪᠠᠶᠢᠭ᠎ᠠ ᠨᠢ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠫᠠᠩ ᠰᠢᠩ ᠯᠧᠢ ᠰᠡᠭᠦᠳᠡᠷᠯᠡᠪᠡ | ᠲᠤᠬᠠᠢ ᠶᠢᠨ ᠭᠠᠵᠠᠷ ᠤᠨ ᠴᠠᠭ ᠢᠶᠠᠷ 7 ᠰᠠᠷ᠎ᠠ ᠶᠢᠨ 3 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠠᠰᠲ᠋ᠠᠨᠠ ᠳᠠᠬᠢ | ᠶᠡᠷᠦᠩᠬᠡᠶᠢᠯᠡᠭᠴᠢ ᠶᠢᠨ ᠣᠷᠳᠣᠨ ᠳᠤ ᠺᠠᠽᠠᠬᠰᠲ᠋ᠠᠨ ᠤ ᠶᠡᠷᠦᠩᠬᠡᠶᠢᠯᠡᠭᠴᠢ ᠲᠦᠸᠧᠺᠠᠶᠧᠹ ᠲᠠᠢ ᠬᠡᠯᠡᠯᠴᠡᠭᠡ ᠬᠢᠪᠡ᠃ ᠬᠡᠯᠡᠯᠴᠡᠭᠡ ᠳᠠᠭᠤᠰᠤᠭᠰᠠᠨ ᠤ ᠲᠠᠷᠠᠭ᠋᠎ᠠ᠂ ᠬᠤᠶᠠᠷ | ᠤᠯᠤᠰ ᠤᠨ ᠲᠡᠷᠢᠭᠦᠨ ︽ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠪᠣᠯᠣᠨ ᠪᠦᠭᠦᠳᠠ ᠨᠠᠶᠢᠷᠠᠮᠳᠠᠬᠤ ᠺᠠᠽᠠᠬᠰᠲ᠋ᠠᠨ ᠤᠯᠤᠰ ᠤᠨ ᠬᠠᠮᠲᠤᠷᠠᠭᠰᠠᠨ ᠢᠯᠡᠷᠬᠡᠶᠢᠯᠡᠯᠲᠡ︾ | ᠳᠤ ᠬᠠᠮᠲᠤ ᠪᠠᠷ ᠭᠠᠷ ᠤᠨ ᠦᠰᠦᠭ ᠵᠢᠷᠤᠭᠰᠠᠨ ᠪᠥᠭᠡᠳ ᠠᠵᠤ ᠠᠬᠤᠢ ᠠᠷᠠᠯᠵᠢᠶ᠎ᠠ᠂ ᠬᠤᠯᠪᠣᠯᠳᠤᠨ ᠨᠡᠪᠲᠡᠷᠡᠯᠴᠡᠬᠦ᠂ ᠠᠭᠠᠷ ᠤᠨ ᠠᠶᠠᠯᠠᠯ ᠰᠠᠨᠰᠠᠷ ᠤᠨ ᠠᠶᠠᠯᠠᠯ᠂ ᠰᠤᠷᠭᠠᠨ | ᠬᠥᠮᠦᠵᠢᠯ᠂ ᠵᠠᠭᠤᠴᠢᠯᠠᠭᠤᠷ ᠵᠡᠷᠭᠡ ᠬᠦᠷᠢᠶᠡᠨ ᠤ ᠬᠡᠳᠦᠨ ᠠᠷᠪᠠᠨ ᠵᠦᠢᠯ ᠤᠨ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠢ ᠰᠣᠯᠢᠯᠴᠠᠬᠤ ᠶᠢ ᠬᠠᠮᠲᠤ ᠪᠠᠷ | ᠭᠡᠷᠡᠴᠢᠯᠡᠪᠡ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠵᠢᠦᠢ ᠫᠧᠩ ᠰᠡᠭᠦᠳᠡᠷᠯᠡᠪᠡ | ᠰᠢ ᠶᠢᠨ ᠫᠢᠩ ᠲᠡᠷᠭᠡ ᠪᠠᠷ ᠶᠡᠷᠦᠩᠬᠡᠶᠢᠯᠡᠭᠴᠢ ᠶᠢᠨ ᠣᠷᠳᠣᠨ ᠳᠤ ᠬᠦᠷᠬᠦ ᠳᠤ ᠶᠡᠷᠦᠩᠬᠡᠶᠢᠯᠡᠭᠴᠢ ᠲᠦᠸᠧᠺᠠᠶᠧᠹ ᠬᠠᠯᠠᠭᠤᠨ ᠢᠶᠠᠷ ᠤᠭᠲᠤᠯᠭ᠎ᠠ ᠬᠢᠪᠡ᠃ | ᠺᠠᠽᠠᠬᠰᠲ᠋ᠠᠨ ᠤ ᠠᠭᠠᠷ ᠤᠨ ᠴᠡᠷᠢᠭ ᠤᠨ ᠵᠢᠷᠭᠤᠭᠠᠨ ᠪᠠᠶᠢᠯᠳᠤᠭᠠᠨ ᠤ ᠨᠢᠰᠬᠡᠯ ᠶᠡᠷᠦᠩᠬᠡᠶᠢᠯᠡᠭᠴᠢ ᠶᠢᠨ ᠣᠷᠳᠣᠨ ᠤ ᠳᠡᠭᠡᠭᠦᠷ ᠨᠢᠰᠦᠨ ᠥᠩᠭᠡᠷᠡᠵᠦ᠂ ᠳᠤᠮᠳᠠᠳᠤ ᠤᠯᠤᠰ ᠤᠨ | ᠤᠯᠤᠰ ᠤᠨ ᠲᠤᠭ ᠢ ᠪᠡᠯᠭᠡᠳᠡᠭᠰᠡᠨ ᠤᠯᠠᠭᠠᠨ ᠰᠢᠷ᠎ᠠ ᠥᠩᠭᠡ ᠲᠠᠢ ᠪᠤᠳᠤᠭᠲᠤ ᠤᠳᠤᠭ᠎ᠠ ᠲᠠᠲᠠᠭᠤᠯᠵᠤ᠂ ᠬᠠᠮᠤᠭ ᠤᠨ ᠳᠡᠭᠡᠳᠦ ᠶᠣᠰᠣᠯᠠᠯ ᠢᠶᠠᠷ ᠰᠢ ᠶᠢᠨ ᠫᠢᠩ ᠤᠨ | ᠺᠠᠽᠠᠬᠰᠲ᠋ᠠᠨ ᠳᠤ ᠲᠥᠷᠥ ᠶᠢᠨ ᠶᠠᠪᠤᠳᠠᠯ ᠤᠨ ᠠᠶᠢᠯᠴᠢᠯᠠᠯᠲᠠ ᠬᠢᠭᠰᠡᠨ ᠢ ᠪᠠᠶᠠᠷᠯᠠᠨ ᠤᠭᠲᠤᠪᠠ᠃ | ᠲᠦᠸᠧᠺᠠᠶᠧᠹ ᠰᠢ ᠶᠢᠨ ᠫᠢᠩ ᠢ ᠤᠭᠲᠤᠬᠤ ᠦᠪᠡᠳᠡᠭᠰᠢ ᠶᠣᠰᠣᠯᠠᠯ ᠶᠠᠪᠤᠭᠤᠯᠪᠠ᠃ | ᠶᠡᠷᠦᠩᠬᠡᠶᠢᠯᠡᠭᠴᠢ ᠶᠢᠨ ᠣᠷᠳᠣᠨ ᠤ ᠶᠡᠭᠡ ᠲᠢᠩᠬᠢᠮ ᠰᠦᠷ ᠵᠢᠪᠬᠤᠯᠠᠩᠲᠠᠢ ᠪᠠᠶᠢᠵᠤ᠂ ᠶᠣᠰᠣᠯᠠᠯ ᠤᠨ ᠴᠡᠷᠢᠭ ᠰᠦᠷ ᠵᠢᠪᠬᠤᠭ᠎ᠠ ᠲᠠᠢ ᠪᠠᠶᠢᠯ᠎ᠠ᠃ ᠬᠤᠶᠠᠷ ᠤᠯᠤᠰ ᠤᠨ | ᠲᠡᠷᠢᠭᠦᠨ ᠬᠤᠶᠠᠷ ᠲᠠᠯ᠎ᠠ ᠶᠢᠨ ᠪᠠᠷ᠎ᠠ ᠪᠣᠯᠣᠭᠰᠠᠳ ᠲᠠᠢ ᠨᠢᠭᠡᠳ ᠨᠢᠭᠡ ᠪᠠᠷ ᠭᠠᠷ ᠠᠳᠬᠤᠨ ᠮᠡᠨᠳᠦᠴᠢᠯᠡᠪᠡ᠃ ᠬᠤᠶᠠᠷ ᠤᠯᠤᠰ ᠤᠨ ᠲᠡᠷᠢᠭᠦᠨ ᠰᠢᠯᠭᠠᠨ ᠦᠵᠡᠬᠦ | ᠲᠠᠶᠢᠰᠠᠨ ᠳᠤ ᠭᠠᠷᠴᠤ᠂ ᠴᠡᠷᠢᠭ ᠤᠨ ᠬᠥᠭᠵᠢᠮ ᠤᠨ ᠪᠦᠯᠭᠦᠮ ᠳᠤᠮᠳᠠᠳᠤ ᠺᠠᠽᠠᠬᠰᠲ᠋ᠠᠨ ᠬᠤᠶᠠᠷ ᠤᠯᠤᠰ ᠤᠨ ᠰᠦᠯᠳᠡ ᠳᠠᠭᠤᠤ ᠶᠢ ᠬᠥᠭᠵᠢᠮᠳᠡᠪᠡ᠃ ᠰᠢ ᠶᠢᠨ ᠫᠢᠩ | ᠲᠦᠸᠧᠺᠠᠶᠧᠹ ᠤᠨ ᠪᠠᠷ᠎ᠠ ᠪᠤᠯᠤᠯᠭ᠎ᠠ ᠲᠠᠢ ᠪᠠᠷ ᠶᠣᠰᠣᠯᠠᠯ ᠤᠨ ᠠᠩᠭᠢ ᠶᠢ ᠰᠢᠯᠭᠠᠨ ᠦᠵᠡᠪᠡ᠃ | ᠤᠭᠲᠤᠬᠤ ᠶᠣᠰᠣᠯᠠᠯ ᠤᠨ ᠳᠠᠷᠠᠭ᠎ᠠ᠂ ᠬᠤᠶᠠᠷ ᠤᠯᠤᠰ ᠤᠨ ᠲᠡᠷᠢᠭᠦᠨ ᠪᠠᠭ᠎ᠠ ᠬᠡᠪᠴᠢᠶᠡᠨ ᠤ ᠬᠡᠯᠡᠯᠴᠡᠭᠡ ᠬᠢᠪᠡ᠃ | ᠰᠢ ᠶᠢᠨ ᠫᠢᠩ᠂ ᠨᠢᠳᠤᠨᠤᠨ ᠪᠢ ᠶᠡᠷᠦᠩᠬᠡᠶᠢᠯᠡᠭᠴᠢ ᠲᠦᠸᠧᠺᠠᠶᠧᠹ ᠲᠠᠢ ᠰᠢ ᠠᠨ ᠪᠣᠯᠣᠨ ᠪᠡᠭᠡᠵᠢᠩ ᠳᠤ ᠬᠤᠶᠠᠷ ᠤᠳᠠᠭ᠎ᠠ ᠠᠭᠤᠯᠵᠠᠵᠤ᠂ ᠳᠤᠮᠳᠠᠳᠤ | ᠺᠠᠽᠠᠬᠰᠲ᠋ᠠᠨ ᠤ ᠬᠠᠷᠢᠯᠴᠠᠭ᠎ᠠ ᠶᠢᠨ ᠬᠥᠭᠵᠢᠯᠲᠡ ᠶᠢᠨ ᠲᠤᠬᠠᠢ ᠰᠢᠨ᠎ᠡ ᠪᠠᠶᠢᠷᠢᠯᠠᠭᠤᠯᠤᠯᠲᠠ ᠰᠢᠨ᠎ᠡ ᠲᠥᠯᠦᠪᠵᠢᠭᠦᠯᠭᠡ ᠬᠢᠵᠦ᠂ ᠳᠤᠮᠳᠠᠳᠤ ᠺᠠᠽᠠᠬᠰᠲ᠋ᠠᠨ ᠤ ᠬᠠᠷᠢᠯᠴᠠᠭ᠎ᠠ ᠶᠢᠨ | ︽ᠰᠢᠵᠢᠷ ᠠᠯᠳᠠᠨ 30 ᠵᠢᠯ︾ ᠤᠨ ᠲᠦᠷᠭᠡᠨ ᠬᠥᠭᠵᠢᠯᠲᠡ ᠶᠢ ᠬᠥᠲᠥᠯᠥᠨ ᠳᠠᠭᠠᠭᠤᠯᠪᠠ᠃ ᠳᠤᠮᠳᠠᠳᠤ ᠤᠯᠤᠰ ᠢᠮᠠᠭᠲᠠ ᠪᠠᠶᠢᠯᠳᠤᠬᠤ ᠪᠣᠳᠣᠯᠭ᠎ᠠ ᠶᠢᠨ ᠥᠨᠳᠥᠷᠴᠡ | ᠪᠣᠯᠣᠨ ᠠᠯᠤᠰ ᠭᠡᠳᠤ ᠶᠢᠨ ᠬᠠᠷᠠᠭᠠᠰᠤ ᠠᠴᠠ ᠳᠤᠮᠳᠠᠳᠤ ᠺᠠᠽᠠᠬᠰᠲ᠋ᠠᠨ ᠤ ᠬᠠᠷᠢᠯᠴᠠᠭ᠎ᠠ ᠳᠤ ᠬᠠᠨᠳᠤᠵᠤ᠂ ᠺᠠᠽᠠᠬᠰᠲ᠋ᠠᠨ ᠢ ᠳᠤᠮᠳᠠᠳᠤ ᠤᠯᠤᠰ ᠤᠨ ᠡᠷᠭᠢᠨ ᠲᠣᠭᠤᠷᠢᠨ ᠤ | ᠭᠠᠳᠠᠭᠠᠳᠤ ᠬᠠᠷᠢᠯᠴᠠᠭᠠᠨ ᠤ ᠲᠡᠷᠢᠭᠦᠨ ᠴᠢᠬᠤᠯᠠ ᠴᠢᠭᠯᠡᠯ ᠪᠣᠯᠣᠨ ᠳᠤᠮᠳᠠᠳᠤ ᠠᠽᠢᠶ᠎ᠠ ᠳᠠᠬᠢ ᠴᠢᠬᠤᠯᠠ ᠬᠠᠮᠲᠤᠷᠠᠯᠴᠠᠭᠠᠨ ᠤ ᠬᠠᠨᠢᠲᠠᠨ ᠢᠶᠠᠷ ᠦᠵᠡᠵᠦ᠂ ᠳᠤᠮᠳᠠᠳᠤ | ᠺᠠᠽᠠᠬᠰᠲ᠋ᠠᠨ ᠤ ᠬᠠᠷᠢᠯᠴᠠᠭ᠎ᠠ ᠶᠢ ᠰᠠᠶᠢᠲᠤᠷ ᠬᠠᠮᠠᠭᠠᠯᠠᠬᠤ᠂ ᠰᠠᠶᠢᠲᠤᠷ ᠬᠥᠭᠵᠢᠭᠦᠯᠬᠦ ᠳᠤᠮᠳᠠᠳᠤ ᠤᠯᠤᠰ ᠤᠨ ᠬᠦᠰᠡᠯ ᠵᠣᠷᠢᠯᠲᠠ ᠪᠠ ᠡᠷᠴᠢ ᠵᠣᠷᠢᠭ ᠡᠷᠡᠰ ᠭᠤᠶᠢᠪᠢᠰᠢ ᠦᠭᠡᠢ | ᠪᠠᠶᠢᠵᠤ᠂ ᠲᠦᠷ ᠴᠠᠭ ᠤᠨ ᠬᠡᠷᠡᠭ ᠶᠠᠪᠤᠳᠠᠯ ᠪᠤᠶᠤ ᠳᠡᠯᠡᠬᠡᠢ ᠶᠢᠨ ᠤᠷᠪᠠᠭᠠᠨ ᠬᠥᠷᠪᠡᠭᠡᠨ ᠠᠴᠠ ᠪᠣᠯᠵᠤ ᠬᠤᠪᠢᠷᠠᠬᠤ ᠦᠭᠡᠢ ᠶᠤᠮ᠃ ᠳᠤᠮᠳᠠᠳᠤ ᠤᠯᠤᠰ ᠪᠣᠯ ᠺᠠᠽᠠᠬᠰᠲ᠋ᠠᠨ ᠤ | ᠥᠨᠢ ᠡᠭᠦᠷᠢᠳᠡ ᠬᠦᠨᠳᠦᠳᠬᠡᠨ ᠲᠦᠰᠢᠭᠯᠡᠵᠦ ᠪᠤᠯᠬᠤ ᠰᠠᠶᠢᠨ ᠬᠥᠷᠰᠢ ᠰᠠᠶᠢᠨ ᠬᠠᠨᠢᠲᠠᠨ ᠮᠥᠨ᠃ ᠳᠤᠮᠳᠠᠳᠤ ᠤᠯᠤᠰ ᠳᠤᠷᠠᠲᠠᠶ᠎ᠠ ᠺᠠᠽᠠᠬᠰᠲ᠋ᠠᠨ ᠤ ᠬᠢᠨ ᠲᠠᠢ ᠪᠠᠶᠢᠭᠠᠯᠢ ᠶᠢᠨ | ᠰᠢᠲᠠᠮᠠᠬᠠᠢ ᠬᠡᠢ ᠵᠡᠷᠭᠡ ᠤᠯᠠᠮᠵᠢᠯᠠᠯᠲᠤ ᠡᠨᠧᠷᠭᠢ ᠶᠢᠨ ᠬᠠᠮᠲᠤᠷᠠᠯᠴᠠᠭ᠎ᠠ ᠪᠠᠨ ᠦᠷᠭᠦᠯᠵᠢᠯᠡᠨ ᠴᠢᠩᠭᠠᠳᠬᠠᠵᠤ᠂ ᠭᠡᠷᠡᠯᠴᠢ ᠴᠡᠨᠡᠭ᠂ ᠰᠠᠯᠬᠢᠨ ᠬᠦᠴᠦᠨ ᠤ ᠴᠠᠭᠢᠯᠭᠠᠨ ᠵᠡᠷᠭᠡ | ᠰᠢᠨ᠎ᠡ ᠡᠨᠧᠷᠭᠢ ᠶᠢᠨ ᠬᠠᠮᠲᠤᠷᠠᠯᠴᠠᠭ᠎ᠠ ᠪᠠᠨ ᠥᠷᠭᠡᠳᠬᠡᠵᠦ᠂ ᠨᠠᠩ ᠣᠯᠠᠨ ᠳᠤᠮᠳᠠᠳᠤ ᠤᠯᠤᠰ ᠤᠨ ᠠᠵᠤ ᠠᠬᠤᠶᠢᠯᠠᠯ ᠤᠨ ᠺᠠᠽᠠᠬᠰᠲ᠋ᠠᠨ ᠳᠤ ᠬᠦᠷᠴᠦ ᠪᠡᠯᠡ ᠣᠷᠣᠭᠤᠯᠬᠤ ᠶᠢ | ᠳᠡᠮᠵᠢᠵᠦ᠂ ᠺᠠᠽᠠᠬᠰᠲ᠋ᠠᠨ ᠤ ᠬᠢᠨ ᠤ ᠡᠬᠢ ᠪᠠᠶᠠᠯᠢᠭ ᠤᠨ ᠳᠠᠪᠠᠭᠤᠯᠢᠭ ᠢᠶᠠᠨ ᠬᠥᠭᠵᠢᠯᠲᠡ ᠶᠢᠨ ᠴᠢᠳᠠᠪᠤᠷᠢ ᠪᠣᠯᠭᠠᠨ ᠬᠤᠪᠢᠷᠠᠭᠤᠯᠵᠤ᠂ ᠪᠣᠬᠢᠷᠳᠤᠯ ᠦᠭᠡᠢ᠂ ᠪᠠᠭ᠎ᠠ | ᠨᠡᠭᠦᠷᠡᠰᠦᠲᠥ᠋ᠷᠥᠭᠴᠢᠲᠦ᠂ ᠦᠷᠭᠦᠯᠵᠢᠯᠡᠬᠦ ᠬᠥᠭᠵᠢᠯᠲᠡ ᠶᠢ ᠪᠡᠶᠡᠯᠡᠭᠦᠯᠬᠦ ᠶᠢ ᠲᠠᠮᠵᠢᠨ᠎ᠠ ᠭᠡᠵᠦ ᠵᠢᠭᠠᠵᠤ ᠭᠠᠷᠭᠠᠪᠠ᠃ | ᠲᠦᠸᠧᠺᠠᠶᠧᠹ᠂ ᠲᠡᠷᠢᠭᠦᠯᠡᠭᠴᠢ ᠰᠢ ᠶᠢᠨ ᠫᠢᠩ ᠺᠠᠽᠠᠬᠰᠲ᠋ᠠᠨ ᠳᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠭᠰᠡᠨ ᠨᠢ ᠺᠠᠽᠠᠬᠰᠲ᠋ᠠᠨ ᠳᠤᠮᠳᠠᠳᠤ ᠶᠢᠨ | ᠬᠠᠷᠢᠯᠴᠠᠭᠠᠨ ᠤ ᠬᠥᠭᠵᠢᠯᠲᠡ ᠳᠤ ᠲᠡᠦᠬᠡᠲᠦ ᠴᠢᠨᠠᠷᠲᠠᠢ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠳᠤᠮᠳᠠᠳᠤ ᠤᠯᠤᠰ ᠪᠣᠯ ᠺᠠᠽᠠᠬᠰᠲ᠋ᠠᠨ ᠤ ᠨᠥᠭᠦᠷᠰᠡᠭ ᠬᠥᠷᠰᠢ᠂ | ᠳᠣᠲᠣᠨᠣ ᠨᠠᠶᠢᠵᠠ ᠪᠠ ᠴᠢᠬᠤᠯᠠ ᠪᠠᠶᠢᠯᠳᠤᠬᠤ ᠪᠣᠳᠣᠯᠭ᠎ᠠ ᠶᠢᠨ ᠬᠠᠨᠢᠲᠠᠨ ᠮᠥᠨ᠂ ᠺᠠᠽᠠᠬᠰᠲ᠋ᠠᠨ ᠳᠤᠮᠳᠠᠳᠤ ᠶᠢᠨ ᠬᠠᠷᠢᠯᠴᠠᠭ᠎ᠠ ᠪᠠᠲᠤ ᠪᠠᠬᠢ ᠡᠶᠡᠯᠳᠡᠭ ᠬᠥᠷᠰᠢ ᠶᠢᠨ | ᠨᠥᠬᠦᠷᠯᠡᠯ ᠪᠠ ᠡᠷᠡᠰ ᠪᠠᠲᠤ ᠬᠠᠷᠢᠯᠴᠠᠨ ᠳᠡᠮᠵᠢᠯᠭᠡ ᠳᠤ ᠰᠠᠭᠤᠷᠢᠯᠠᠵᠤ᠂ ᠤᠷᠢᠳ ᠡᠮᠦᠨ᠎ᠡ ᠪᠠᠶᠢᠭ᠎ᠠ ᠦᠭᠡᠢ ᠰᠠᠶᠢᠨ ᠰᠠᠶᠢᠬᠠᠨ ᠬᠥᠭᠵᠢᠯᠲᠡ ᠶᠢᠨ ᠬᠠᠨᠳᠤᠰᠢ ᠢᠯᠡᠷᠡᠵᠦ᠂ | ᠠᠷᠠᠯᠵᠢᠶ᠎ᠠ᠂ ᠡᠨᠧᠷᠭᠢ᠂ ᠬᠥᠳᠡᠭᠡ ᠠᠵᠤ ᠠᠬᠤᠢ᠂ ᠠᠭᠤᠷᠬᠠᠢ ᠶᠢᠨ ᠭᠠᠷᠤᠯᠲᠠ ᠵᠡᠷᠭᠡ ᠬᠦᠷᠢᠶᠡᠨ ᠤ ᠬᠠᠮᠲᠤᠷᠠᠯᠴᠠᠭ᠎ᠠ ᠴᠢᠬᠤᠯᠠ ᠦᠷ᠎ᠡ ᠪᠦᠲᠦᠭᠡᠯ ᠣᠯᠵᠤ᠂ ᠬᠤᠶᠠᠷ | ᠤᠯᠤᠰ ᠤᠨ ᠠᠷᠠᠳ ᠲᠦᠮᠡᠨ ᠳᠤ ᠪᠤᠶᠠᠨ ᠦᠢᠯᠡᠳᠴᠦ᠂ ᠤᠯᠤᠰ ᠪᠣᠯᠣᠨ ᠤᠯᠤᠰ ᠤᠨ ᠬᠠᠷᠢᠯᠴᠠᠭᠠᠨ ᠤ ᠨᠡᠶᠢᠲᠡᠯᠢᠭ ᠵᠢᠱᠢᠶ᠎ᠡ ᠪᠣᠯᠵᠠᠢ᠃ ᠺᠠᠽᠠᠬᠰᠲ᠋ᠠᠨ ᠤ ᠬᠢᠨ ᠳᠤᠮᠳᠠᠳᠤ | ᠤᠯᠤᠰ ᠤᠨ ᠣᠯᠣᠭᠰᠠᠨ ᠪᠦᠭᠦ ᠲᠠᠯ᠎ᠠ ᠶᠢᠨ ᠲᠡᠦᠬᠡᠲᠦ ᠴᠢᠨᠠᠷᠲᠠᠢ ᠠᠮᠵᠢᠯᠲᠠ ᠪᠦᠲᠦᠮᠵᠢ ᠳᠤ ᠪᠠᠶᠠᠷ ᠬᠦᠷᠭᠡᠵᠦ ᠪᠠᠶᠢᠨ᠎ᠠ᠂ ᠲᠡᠷᠢᠭᠦᠯᠡᠭᠴᠢ ᠰᠢ ᠶᠢᠨ ᠫᠢᠩ ᠤᠨ ᠰᠣᠳᠣ ᠮᠡᠷᠭᠡᠨ | ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠵᠠᠮ ᠳᠡᠭᠡᠷ᠎ᠡ ᠯᠠᠪᠲᠠᠢ ᠨᠡᠩ ᠶᠡᠭᠡ | ᠰᠢᠨ᠎ᠡ ᠠᠮᠵᠢᠯᠲᠠ ᠣᠯᠬᠤ ᠶᠢ ᠢᠲᠡᠭᠡᠵᠦ ᠪᠠᠶᠢᠨ᠎ᠠ᠃ ᠺᠠᠽᠠᠬᠰᠲ᠋ᠠᠨ ᠤ ᠬᠢᠨ ᠳᠤᠷᠠᠲᠠᠶ᠎ᠠ ᠳᠤᠮᠳᠠᠳᠤ ᠤᠯᠤᠰ ᠲᠠᠢ ᠬᠠᠮᠲᠤ ᠪᠠᠷ᠂ ᠬᠤᠶᠠᠷ ᠤᠯᠤᠰ ᠤᠨ ᠡᠨᠧᠷᠭᠢ᠂ | ᠠᠭᠤᠷᠬᠠᠢ ᠶᠢᠨ ᠭᠠᠷᠤᠯᠲᠠ᠂ ᠰᠢᠨ᠎ᠡ ᠡᠨᠧᠷᠭᠢ᠂ ᠬᠤᠯᠪᠣᠯᠳᠤᠨ ᠨᠡᠪᠲᠡᠷᠡᠯᠴᠡᠬᠦ ᠵᠡᠷᠭᠡ ᠬᠦᠷᠢᠶᠡᠨ ᠳᠠᠬᠢ ᠬᠠᠮᠲᠤᠷᠠᠯᠴᠠᠭᠠᠨ ᠤ ᠲᠠᠯᠳᠠ ᠬᠦᠴᠦᠨ ᠢ ᠴᠢᠨᠠᠭᠰᠢᠳᠠ ᠠᠭᠤᠳᠠᠯᠵᠤ᠂ | ᠬᠤᠶᠠᠷ ᠤᠯᠤᠰ ᠤᠨ ᠬᠠᠷᠢᠯᠴᠠᠭ᠎ᠠ ᠶᠢᠨ ᠰᠢᠨ᠎ᠡ ᠥᠨᠳᠥᠷᠴᠡ ᠳᠤ ᠭᠦᠷᠲᠡᠯ᠎ᠡ ᠬᠥᠭᠵᠢᠬᠦ ᠶᠢ ᠠᠬᠢᠭᠤᠯᠤᠨ᠎ᠠ᠃ ᠺᠠᠽᠠᠬᠰᠲ᠋ᠠᠨ ᠤ ᠬᠢᠨ ᠳᠤᠮᠳᠠᠳᠤ ᠤᠯᠤᠰ ᠤᠨ ᠺᠠᠽᠠᠬᠰᠲ᠋ᠠᠨ ᠤ | ᠡᠷᠬᠡ ᠮᠡᠳᠡᠯ᠂ ᠲᠤᠰᠠᠭᠠᠷ ᠲᠣᠭᠲᠠᠨᠢᠯ᠂ ᠨᠤᠲᠤᠭ ᠳᠡᠪᠢᠰᠬᠡᠷ ᠤᠨ ᠪᠦᠷᠢᠨ ᠪᠦᠲᠦᠨ ᠪᠠᠶᠢᠬᠤ ᠶᠢ ᠡᠷᠡᠰ ᠳᠡᠮᠵᠢᠵᠦ ᠪᠠᠶᠢᠭ᠎ᠠ ᠳᠤ ᠲᠠᠯᠠᠷᠬᠠᠵᠤ ᠪᠠᠶᠢᠨ᠎ᠠ᠂ ᠨᠢᠭᠡ ᠳᠤᠮᠳᠠᠳᠤ | ᠤᠯᠤᠰ ᠪᠠᠶᠢᠬᠤ ᠵᠠᠷᠴᠢᠮ ᠢ ᠡᠷᠡᠰ ᠵᠢᠷᠤᠮᠯᠠᠵᠤ᠂ ︽ᠭᠤᠷᠪᠠᠨ ᠵᠦᠢᠯ ᠤᠨ ᠬᠦᠴᠦᠨ︾ ᠳᠤ ᠡᠷᠡᠰ ᠴᠣᠬᠢᠯᠲᠠ ᠥᠭᠴᠦ᠂ ᠬᠤᠶᠠᠷ ᠤᠯᠤᠰ ᠤᠨ ᠬᠠᠮᠲᠤ ᠶᠢᠨ ᠠᠮᠤᠷ | ᠲᠦᠪᠰᠢᠨ ᠢ ᠬᠠᠮᠠᠭᠠᠯᠠᠨ᠎ᠠ ᠭᠡᠵᠦ ᠢᠯᠡᠳᠬᠡᠪᠡ᠃ | ᠳᠠᠷᠠᠭ᠎ᠠ ᠨᠢ᠂ ᠬᠤᠶᠠᠷ ᠤᠯᠤᠰ ᠤᠨ ᠲᠡᠷᠢᠭᠦᠨ ᠶᠡᠭᠡ ᠬᠡᠪᠴᠢᠶᠡᠨ ᠤ ᠬᠡᠯᠡᠯᠴᠡᠭᠡ ᠬᠢᠪᠡ᠃ | ᠰᠢ ᠶᠢᠨ ᠫᠢᠩ᠂ ᠳᠤᠮᠳᠠᠳᠤ ᠺᠠᠽᠠᠬᠰᠲ᠋ᠠᠨ ᠤ ᠨᠥᠬᠦᠷᠯᠡᠯ ᠮᠢᠩᠭᠠᠨ ᠵᠢᠯ ᠦᠷᠭᠦᠯᠵᠢᠯᠡᠭᠰᠡᠨ ᠡᠷᠲᠡᠨ ᠤ ᠲᠣᠷᠭᠠᠨ ᠵᠠᠮ ᠳᠤ ᠦᠨᠳᠦᠰᠦᠯᠡᠵᠦ᠂ ᠪᠠᠰᠠ ᠭᠠᠳᠠᠭᠠᠳᠤ | ᠬᠠᠷᠢᠯᠴᠠᠭ᠎ᠠ ᠪᠠᠶᠢᠭᠤᠯᠤᠭᠰᠠᠨ 32 ᠵᠢᠯ ᠤᠨ ᠬᠠᠮᠲᠤᠷᠠᠯᠴᠠᠭᠠᠨ ᠤ ᠬᠤᠷᠠᠮᠳᠤᠯ ᠢ ᠥᠩᠭᠡᠷᠡᠭᠡᠵᠦ᠂ ᠥᠨᠢᠳᠡ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ | ᠥᠨᠳᠥᠷ ᠲᠦᠪᠰᠢᠨ ᠳᠤ ᠬᠦᠷᠴᠦ᠂ ᠦᠶ᠎ᠡ ᠶᠢᠨ ᠦᠶ᠎ᠡ ᠳᠡᠭᠡᠨ ᠨᠥᠭᠦᠷᠰᠡᠭ᠂ ᠳᠡᠭᠡᠳᠦ ᠬᠡᠮᠵᠢᠶ᠎ᠡ ᠪᠠᠷ ᠢᠲᠡᠭᠡᠯᠴᠡᠭᠰᠡᠨ᠂ ᠵᠢᠷᠭᠠᠯ ᠵᠣᠪᠠᠯᠠᠩ ᠢᠶᠠᠨ ᠬᠠᠮᠲᠤᠳᠬᠠᠭᠰᠠᠨ ᠨᠢ | ᠳᠤᠮᠳᠠᠳᠤ ᠺᠠᠽᠠᠬᠰᠲ᠋ᠠᠨ ᠤ ᠬᠠᠷᠢᠯᠴᠠᠭ᠎ᠠ ᠶᠢᠨ ᠭᠤᠣᠯ ᠭᠦᠭ ᠠᠶᠠᠰ ᠪᠣᠯᠪᠠ᠃ ᠳᠡᠯᠡᠬᠡᠢ ᠶᠢᠨ ᠪᠠᠶᠢᠳᠠᠯ ᠶᠠᠭᠠᠬᠢᠵᠤ ᠬᠤᠪᠢᠷᠠᠭᠰᠠᠨ ᠴᠤ᠂ ᠳᠤᠮᠳᠠᠳᠤ ᠤᠯᠤᠰ ᠤᠨ ᠳᠤᠮᠳᠠᠳᠤ | ᠺᠠᠽᠠᠬᠰᠲ᠋ᠠᠨ ᠤ ᠨᠥᠬᠦᠷᠯᠡᠯ ᠢ ᠬᠠᠮᠠᠭᠠᠯᠠᠬᠤ ᠤᠭ ᠰᠠᠨᠠᠭ᠎ᠠ ᠡᠷᠡᠰ ᠭᠤᠶᠢᠪᠢᠰᠢ ᠦᠭᠡᠢ᠂ ᠪᠦᠭᠦ ᠲᠠᠯ᠎ᠠ ᠶᠢᠨ ᠬᠠᠮᠲᠤᠷᠠᠯᠴᠠᠭ᠎ᠠ ᠶᠢ ᠠᠬᠢᠭᠤᠯᠬᠤ ᠬᠠᠳᠠᠨ ᠵᠣᠷᠢᠭ ᠡᠷᠡᠰ | ᠭᠤᠶᠢᠪᠢᠰᠢ ᠦᠭᠡᠢ᠂ ᠲᠤᠰ ᠲᠤᠰ ᠤᠨ ᠢᠶᠠᠨ ᠭᠤᠣᠯᠯᠠᠭᠴᠢ ᠠᠰᠢᠭ ᠲᠤᠰᠠ ᠶᠢᠨ ᠠᠰᠠᠭᠤᠳᠠᠯ ᠳᠡᠭᠡᠷ᠎ᠡ ᠬᠠᠷᠢᠯᠴᠠᠨ ᠳᠡᠮᠵᠢᠬᠦ ᠡᠷᠡᠰ ᠵᠣᠷᠢᠭ ᠡᠷᠡᠰ ᠭᠤᠶᠢᠪᠢᠰᠢ ᠦᠭᠡᠢ᠂ | ᠲᠤᠰ ᠲᠤᠰ ᠤᠨ ᠤᠯᠤᠰ ᠤᠨ ᠢᠶᠠᠨ ᠬᠥᠭᠵᠢᠯᠲᠡ ᠶᠢᠨ ᠬᠠᠷᠠᠯᠲᠠ ᠶᠢ ᠪᠡᠶᠡᠯᠡᠭᠦᠯᠬᠦ ᠢᠲᠡᠭᠡᠯ ᠡᠷᠡᠰ ᠭᠤᠶᠢᠪᠢᠰᠢ ᠦᠭᠡᠢ ᠶᠤᠮ᠃ ᠳᠤᠮᠳᠠᠳᠤ ᠤᠯᠤᠰ ᠳᠤᠷᠠᠲᠠᠶ᠎ᠠ | ᠺᠠᠽᠠᠬᠰᠲ᠋ᠠᠨ ᠤ ᠬᠢᠨ ᠲᠠᠢ ᠬᠠᠮᠲᠤ ᠪᠠᠷ᠂ ᠨᠡᠩ ᠪᠠᠶᠠᠯᠢᠭ ᠠᠭᠤᠯᠤᠭᠳᠠᠬᠤᠨ ᠪᠠ ᠠᠮᠢᠵᠢᠷᠠᠯ ᠤᠨ ᠬᠦᠴᠦᠨ ᠲᠠᠢ᠂ ᠳᠤᠮᠳᠠᠳᠤ ᠺᠠᠽᠠᠬᠰᠲ᠋ᠠᠨ ᠤ ᠬᠤᠪᠢ ᠵᠠᠶᠠᠭᠠᠨ ᠤ ᠬᠠᠮᠲᠤ ᠶᠢᠨ | ᠴᠣᠭᠴᠠ ᠶᠢ ᠭᠠᠷ ᠬᠤᠯᠪᠣᠯᠴᠠᠨ ᠪᠠᠶᠢᠭᠤᠯᠵᠤ᠂ ᠭᠠᠵᠠᠷ ᠣᠷᠣᠨ ᠴᠢᠨᠠᠭᠰᠢᠯᠠᠪᠠᠯ ᠳᠡᠯᠡᠬᠡᠢ ᠶᠢᠨ ᠬᠥᠭᠵᠢᠯᠲᠡ ᠲᠣᠭᠲᠠᠭᠤᠨ ᠳᠤ ᠨᠡᠩ ᠤᠯᠠᠨ ᠢᠳᠡᠪᠬᠢ ᠬᠦᠴᠦᠨ ᠨᠡᠮᠡᠷᠢᠯᠡᠨ᠎ᠡ | ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠳᠤᠮᠳᠠᠳᠤ ᠺᠠᠽᠠᠬᠰᠲ᠋ᠠᠨ ᠬᠤᠶᠠᠷ ᠤᠯᠤᠰ ᠪᠦᠷ ᠲᠤᠰ ᠲᠤᠰ ᠤᠨ ᠢᠶᠠᠨ ᠬᠥᠭᠵᠢᠯ ᠮᠠᠨᠳᠤᠯ ᠤᠨ ᠵᠠᠩᠭᠢᠯᠠᠭ᠎ᠠ ᠶᠢᠨ ᠱᠠᠲᠤᠨ ᠳᠤ ᠣᠷᠣᠰᠢᠵᠤ ᠪᠤᠢ᠂ | ᠬᠤᠶᠠᠷ ᠲᠠᠯ᠎ᠠ ᠪᠠᠷ ᠢᠶᠠᠨ ᠬᠤᠶᠠᠷ ᠤᠯᠤᠰ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠵᠣᠯᠭᠠᠯᠴᠠᠭ᠎ᠠ ᠪᠣᠯᠣᠨ ᠲᠦᠷᠦ ᠶᠢ ᠵᠠᠰᠠᠵᠤ ᠵᠠᠰᠠᠭ ᠢ ᠡᠷᠭᠢᠯᠡᠭᠦ | ᠲᠤᠷᠰᠢᠯᠭ᠎ᠠ ᠶᠢᠨ ᠰᠣᠯᠢᠯᠴᠠᠭ᠎ᠠ ᠪᠠᠨ ᠴᠢᠩᠭᠠᠳᠬᠠᠵᠤ᠂ ᠨᠡᠩ ᠤᠯᠠᠨ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠬᠠᠮᠲᠤᠷᠠᠯᠴᠠᠭᠠᠨ ᠤ ᠲᠦᠷᠦᠯ ᠵᠦᠢᠯ ᠢ | ᠬᠡᠷᠡᠭᠵᠢᠭᠦᠯᠵᠦ᠂ ᠲᠤᠰ ᠲᠤᠰ ᠤᠨ ᠢᠶᠠᠨ ᠬᠥᠭᠵᠢᠯᠲᠡ ᠳᠤ ᠬᠦᠴᠦᠨ ᠨᠡᠮᠡᠷᠢᠯᠡᠶ᠎ᠡ᠃ ᠳᠤᠮᠳᠠᠳᠤ ᠤᠯᠤᠰ ᠳᠤᠷᠠᠲᠠᠶ᠎ᠠ ᠺᠠᠽᠠᠬᠰᠲ᠋ᠠᠨ ᠤ ᠲᠠᠯ᠎ᠠ ᠲᠠᠢ ᠠᠵᠤ ᠠᠬᠤᠢ ᠠᠷᠠᠯᠵᠢᠶᠠᠨ ᠤ | ᠬᠠᠮᠲᠤᠷᠠᠯᠴᠠᠭᠠᠨ ᠤ ᠲᠦᠪᠰᠢᠨ ᠢᠶᠠᠨ ᠳᠡᠭᠡᠭᠰᠢᠯᠡᠭᠦᠯᠵᠦ᠂ ᠢᠷᠡᠭᠡᠳᠦᠢ ᠳᠤ ᠬᠤᠶᠠᠷ ᠲᠠᠯ᠎ᠠ ᠶᠢᠨ ᠠᠷᠠᠯᠵᠢᠶᠠᠨ ᠤ ᠬᠡᠮᠵᠢᠶ᠎ᠡ ᠶᠢ ᠬᠤᠶᠠᠷ ᠲᠠᠭᠢᠨ ᠪᠤᠯᠲᠠᠯ᠎ᠠ ᠨᠡᠮᠡᠭᠳᠡᠭᠦᠯᠬᠦ ᠰᠢᠨ᠎ᠡ | ᠬᠠᠷᠠᠯᠲᠠ ᠶᠢ ᠡᠷᠲᠡᠬᠡᠨ ᠪᠡᠶᠡᠯᠡᠭᠦᠯᠵᠦ᠂ ᠺᠠᠽᠠᠬᠰᠲ᠋ᠠᠨ ᠤ ᠴᠢᠨᠠᠷ ᠰᠠᠶᠢᠲᠠᠢ ᠲᠠᠸᠠᠷ ᠢ ᠣᠷᠣᠭᠤᠯᠬᠤ ᠶᠢ ᠴᠢᠨᠠᠭᠰᠢᠳᠠ ᠥᠷᠭᠡᠳᠬᠡᠵᠦ᠂ ᠡᠯᠧᠺᠲᠷᠣᠨ ᠬᠤᠳᠠᠯᠳᠤᠭ᠎ᠠ᠂ | ᠲᠣᠭᠠᠴᠢᠯᠠᠭᠰᠠᠨ ᠠᠵᠤ ᠠᠬᠤᠢ ᠵᠡᠷᠭᠡ ᠬᠠᠮᠲᠤᠷᠠᠯᠴᠠᠭᠠᠨ ᠤ ᠰᠢᠨ᠎ᠡ ᠨᠡᠮᠡᠭᠳᠡᠯ ᠤᠨ ᠴᠡᠭ ᠢ ᠪᠤᠢ ᠪᠣᠯᠭᠠᠨ᠎ᠠ᠃ ᠬᠤᠶᠠᠷ ᠲᠠᠯ᠎ᠠ ᠪᠠᠷ ᠢᠶᠠᠨ ᠦᠢᠯᠡᠳᠪᠦᠷᠢᠯᠡᠯ ᠤᠨ ᠴᠢᠳᠠᠪᠤᠷᠢ ᠶᠢᠨ | ᠪᠡᠯᠡ ᠣᠷᠣᠭᠤᠯᠤᠯᠲᠠ ᠶᠢᠨ ᠬᠠᠮᠲᠤᠷᠠᠯᠴᠠᠭᠠᠨ ᠤ ᠬᠡᠪᠴᠢᠶ᠎ᠡ ᠪᠠᠨ ᠥᠷᠭᠡᠳᠬᠡᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠬᠠᠮᠲᠤᠷᠠᠯᠴᠠᠭᠠᠨ ᠤ | ᠳᠠᠯᠳᠠ ᠬᠦᠴᠦᠨ ᠢᠶᠠᠨ ᠠᠭᠤᠳᠠᠯᠵᠤ᠂ ᠴᠠᠭᠢᠯᠭᠠᠨ ᠭᠦᠳᠡᠯᠭᠡᠭᠦᠷᠲᠦ ᠮᠠᠰᠢᠨ ᠲᠡᠷᠭᠡ᠂ ᠰᠢᠨ᠎ᠡ ᠡᠨᠧᠷᠭᠢ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ᠂ ᠳᠠᠭᠠᠭᠤᠯᠢ | ᠤᠳᠤᠨ ᠤ ᠴᠢᠮᠡᠭᠡ ᠬᠤᠯᠪᠤᠭ᠎ᠠ ᠵᠡᠷᠭᠡ ᠬᠦᠷᠢᠶᠡᠨ ᠤ ᠬᠠᠮᠲᠤᠷᠠᠯᠴᠠᠭ᠎ᠠ ᠪᠠᠨ ᠥᠷᠭᠡᠳᠬᠡᠶ᠎ᠡ᠃ ᠳᠤᠮᠳᠠᠳᠤ ᠤᠯᠤᠰ ᠳᠤᠷᠠᠲᠠᠶ᠎ᠠ ᠺᠠᠽᠠᠬᠰᠲ᠋ᠠᠨ ᠤ ᠬᠢᠨ ᠲᠠᠢ ᠺᠠᠰᠫᠢ ᠲᠠᠩᠭᠢᠰ ᠢ | ᠰᠤᠨᠳᠠᠯᠠᠭᠰᠠᠨ ᠤᠯᠠᠨ ᠤᠯᠤᠰ ᠤᠨ ᠲᠡᠭᠡᠭᠡᠪᠦᠷᠢ ᠶᠢᠨ ᠱᠤᠭᠤᠮ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ᠤᠯᠠᠨ ᠡᠰᠢᠵᠢᠭᠰᠡᠨ ᠪᠣᠰᠤᠭ᠎ᠠ ᠴᠣᠭᠴᠠᠲᠤ | ᠬᠤᠯᠪᠣᠯᠳᠤᠨ ᠨᠡᠪᠲᠡᠷᠡᠯᠴᠡᠬᠦ ᠪᠠᠶᠢᠷᠢᠰᠢᠯ ᠢ ᠪᠠᠶᠢᠭᠤᠯᠤᠨ᠎ᠠ᠃ ᠳᠤᠮᠳᠠᠳᠤ ᠤᠯᠤᠰ ᠢᠷᠡᠬᠦ ᠵᠢᠯ ᠺᠠᠽᠠᠬᠰᠲ᠋ᠠᠨ ᠳᠤ ︽ᠳᠤᠮᠳᠠᠳᠤ ᠤᠯᠤᠰ ᠤᠨ ᠵᠢᠭᠤᠯᠴᠢᠯᠠᠯ ᠤᠨ ᠣᠨ︾ | ᠡᠷᠭᠢᠯᠡᠭᠦ ᠶᠢ ᠳᠡᠮᠵᠢᠵᠦ᠂ ᠺᠠᠽᠠᠬᠰᠲ᠋ᠠᠨ ᠳᠤ ᠬᠤᠶᠠᠳᠠᠭᠢ ᠯᠦ ᠪᠠᠨ ᠤ ᠦᠢᠯᠡᠳᠬᠡᠯ ᠤᠨ ᠭᠠᠵᠠᠷ ᠪᠠᠶᠢᠭᠤᠯᠬᠤ ᠪᠠᠷ ᠲᠣᠭᠲᠠᠪᠠ᠃ ᠥᠴᠥᠭᠡᠳᠦᠷ ᠪᠢ ᠨᠢᠰᠬᠡᠯ ᠤᠨ ᠪᠠᠭᠤᠳᠠᠯ ᠳᠤ | ᠺᠠᠽᠠᠬᠰᠲ᠋ᠠᠨ ᠤ ᠪᠠᠭᠠᠴᠤᠳ ᠪᠠᠷᠢᠮᠵᠢᠶ᠎ᠠ ᠰᠠᠶᠢᠬᠠᠨ ᠬᠢᠲᠠᠳ ᠭᠡᠯᠡ ᠪᠠᠷ ︽ᠡᠬᠡ ᠤᠯᠤᠰ ᠢᠶᠠᠨ ᠮᠠᠭᠲᠠᠨ ᠳᠠᠭᠤᠯᠠᠶ᠎ᠠ︾ ᠭᠡᠬᠦ ᠳᠠᠭᠤᠤ ᠶᠢ ᠳᠠᠭᠤᠯᠠᠵᠤ ᠪᠠᠶᠢᠬᠤ ᠶᠢ | ᠰᠣᠨᠣᠰᠤᠭᠠᠳ ᠮᠠᠰᠢ ᠰᠡᠳᠬᠢᠯ ᠬᠥᠳᠡᠯᠪᠡ᠃ ᠵᠠᠯᠠᠭᠤᠴᠤᠳ ᠪᠣᠯ ᠳᠤᠮᠳᠠᠳᠤ ᠺᠠᠽᠠᠬᠰᠲ᠋ᠠᠨ ᠤ ᠦᠶ᠎ᠡ ᠶᠢᠨ ᠦᠶ᠎ᠡ ᠳᠡᠭᠡᠨ ᠨᠥᠭᠦᠷᠰᠡᠭ ᠪᠠᠶᠢᠬᠤ ᠶᠢᠨ ᠵᠠᠯᠭᠠᠮᠵᠢᠯᠠᠭᠴᠢ ᠮᠥᠨ᠃ | ᠬᠤᠶᠠᠷ ᠲᠠᠯ᠎ᠠ ᠪᠠᠷ ᠢᠶᠠᠨ ᠬᠤᠶᠠᠷ ᠤᠯᠤᠰ ᠤᠨ ᠰᠣᠶᠣᠯ ᠤᠨ ᠲᠥᠪ ᠪᠣᠯᠣᠨ ᠪᠡᠭᠡᠵᠢᠩ ᠤᠨ ᠦᠭᠡ ᠬᠡᠯᠡᠨ ᠤ ᠶᠡᠭᠡ ᠰᠤᠷᠭᠠᠭᠤᠯᠢ ᠶᠢᠨ ᠺᠠᠽᠠᠬᠰᠲ᠋ᠠᠨ ᠳᠠᠬᠢ ᠬᠤᠪᠢᠶᠠᠷᠢ | ᠰᠤᠷᠭᠠᠭᠤᠯᠢ ᠶᠢᠨ ᠦᠢᠯᠡᠳᠦᠯ ᠢᠶᠠᠨ ᠰᠠᠶᠢᠲᠤᠷ ᠪᠠᠳᠠᠷᠠᠭᠤᠯᠵᠤ᠂ ᠰᠣᠶᠣᠯ ᠢᠷᠭᠡᠨᠰᠢᠯ ᠤᠨ ᠰᠣᠯᠢᠯᠴᠠᠭ᠎ᠠ ᠪᠠᠨ ᠴᠢᠩᠭᠠᠳᠬᠠᠵᠤ᠂ ᠬᠤᠶᠠᠷ ᠤᠯᠤᠰ ᠤᠨ ᠠᠷᠠᠳ ᠤᠯᠠᠨ | ᠢᠯᠠᠩᠭᠤᠶ᠎ᠠ ᠵᠠᠯᠠᠭᠤ ᠨᠢᠭᠡ ᠦᠶ᠎ᠡ ᠶᠢᠨ ᠬᠢᠨ ᠤ ᠬᠠᠷᠢᠯᠴᠠᠨ ᠣᠶᠢᠯᠠᠭᠠᠯᠴᠠᠵᠤ ᠬᠠᠷᠢᠯᠴᠠᠨ ᠳᠣᠲᠣᠨᠣ ᠪᠠᠶᠢᠬᠤ ᠶᠢ ᠠᠬᠢᠭᠤᠯᠵᠤ᠂ ᠬᠤᠶᠠᠷ ᠤᠯᠤᠰ ᠤᠨ ᠪᠦᠭᠦ ᠲᠠᠯ᠎ᠠ ᠶᠢᠨ | ᠬᠠᠮᠲᠤᠷᠠᠯᠴᠠᠭᠠᠨ ᠤ ᠨᠡᠶᠢᠭᠡᠮ ᠤᠨ ᠠᠷᠠᠳ ᠤᠨ ᠰᠠᠨᠠᠭᠠᠨ ᠤ ᠰᠠᠭᠤᠷᠢ ᠶᠢ ᠪᠠᠬᠢᠵᠢᠭᠦᠯᠦᠶ᠎ᠡ ᠭᠡᠵᠦ ᠴᠢᠬᠤᠯᠠᠴᠢᠯᠠᠪᠠ᠃ | ᠰᠢ ᠶᠢᠨ ᠫᠢᠩ ᠺᠠᠽᠠᠬᠰᠲ᠋ᠠᠨ ᠤ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠵᠢᠵᠢᠭᠦᠷ ᠲᠡᠷᠢᠭᠦᠯᠡᠭᠴᠢ ᠤᠯᠤᠰ ᠤᠨ ᠲᠤᠰᠢᠶᠠᠯ ᠢ | ᠡᠭᠦᠷᠭᠡᠯᠡᠭᠰᠡᠨ ᠢ ᠳᠡᠭᠡᠳᠦ ᠬᠡᠮᠵᠢᠶ᠎ᠡ ᠪᠠᠷ ᠦᠨᠡᠯᠡᠵᠦ᠂ ᠺᠠᠽᠠᠬᠰᠲ᠋ᠠᠨ ᠤ ᠭᠤᠣᠯᠯᠠᠨ ᠡᠷᠭᠢᠯᠡᠭᠰᠡᠨ ᠠᠰᠲ᠋ᠠᠨᠠ ᠶᠢᠨ ᠲᠦᠷᠦᠭᠦᠴᠦᠳ ᠤᠨ ᠬᠤᠷᠠᠯ ᠲᠡᠭᠦᠰ ᠠᠮᠵᠢᠯᠲᠠ ᠣᠯᠬᠤ ᠶᠢ | ᠵᠥᠩᠨᠡᠪᠡ᠃ ᠰᠢ ᠶᠢᠨ ᠫᠢᠩ᠂ ᠠᠰᠲ᠋ᠠᠨᠠ ᠶᠢᠨ ᠲᠦᠷᠦᠭᠦᠴᠦᠳ ᠤᠨ ᠬᠤᠷᠠᠯ ᠤᠨ ᠳᠠᠷᠠᠭ᠎ᠠ ᠳᠤᠮᠳᠠᠳᠤ ᠤᠯᠤᠰ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ | ᠪᠠᠶᠢᠭᠤᠯᠤᠯᠲᠠ ᠶᠢᠨ ᠵᠢᠵᠢᠭᠦᠷ ᠲᠡᠷᠢᠭᠦᠯᠡᠭᠴᠢ ᠤᠯᠤᠰ ᠪᠤᠯᠬᠤ ᠪᠣᠯᠣᠨ᠎ᠠ᠂ ᠳᠤᠮᠳᠠᠳᠤ ᠤᠯᠤᠰ ᠳᠤᠷᠠᠲᠠᠶ᠎ᠠ ᠺᠠᠽᠠᠬᠰᠲ᠋ᠠᠨ ᠵᠡᠷᠭᠡ ᠪᠦᠷᠢᠯᠳᠦᠭᠦᠨ ᠤᠯᠤᠰ ᠯᠤᠭ᠎ᠠ ᠨᠡᠩ ᠨᠢᠭᠲᠠ | ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠬᠠᠮᠲᠤ ᠪᠠᠷ ᠪᠠᠶᠢᠭᠤᠯᠤᠨ᠎ᠠ᠃ ᠳᠤᠮᠳᠠᠳᠤ ᠤᠯᠤᠰ | ᠺᠠᠽᠠᠬᠰᠲ᠋ᠠᠨ ᠤ ᠬᠢᠨ ᠳᠠᠷᠠᠭ᠎ᠠ ᠵᠢᠯ ᠬᠤᠶᠠᠳᠤᠭᠠᠷ ᠬᠤᠭᠤᠴᠠᠭᠠᠨ ᠤ ᠳᠤᠮᠳᠠᠳᠤ ᠤᠯᠤᠰ — ᠳᠤᠮᠳᠠᠳᠤ ᠠᠽᠢᠶ᠎ᠠ ᠶᠢᠨ ᠤᠯᠤᠰ ᠤᠳ ᠤᠨ ᠲᠦᠷᠦᠭᠦᠴᠦᠳ ᠤᠨ ᠬᠤᠷᠠᠯ ᠢ | ᠡᠷᠭᠢᠯᠡᠭᠦ ᠶᠢ ᠳᠡᠮᠵᠢᠵᠦ᠂ ᠳᠤᠷᠠᠲᠠᠶ᠎ᠠ ᠺᠠᠽᠠᠬᠰᠲ᠋ᠠᠨ ᠵᠡᠷᠭᠡ ᠬᠤᠯᠪᠣᠭᠳᠠᠯ ᠪᠦᠬᠦᠢ ᠡᠯ᠎ᠡ ᠲᠠᠯ᠎ᠠ ᠶᠢᠨ ᠬᠢᠨ ᠲᠠᠢ ᠳᠤᠮᠳᠠᠳᠤ ᠤᠯᠤᠰ — ᠳᠤᠮᠳᠠᠳᠤ ᠠᠽᠢᠶ᠎ᠠ ᠶᠢᠨ ᠤᠯᠤᠰ | ᠤᠳ ᠤᠨ ᠲᠣᠭᠲᠠᠴᠠ ᠶᠢ ᠰᠢᠯᠢᠳᠡᠭᠵᠢᠭᠦᠯᠦᠨ ᠬᠦᠴᠦᠷᠬᠡᠭᠵᠢᠭᠦᠯᠵᠦ᠂ ᠳᠤᠮᠳᠠᠳᠤ ᠤᠯᠤᠰ ᠪᠣᠯᠣᠨ ᠳᠤᠮᠳᠠᠳᠤ ᠠᠽᠢᠶ᠎ᠠ ᠶᠢᠨ ᠬᠠᠮᠲᠤᠷᠠᠯᠴᠠᠭ᠎ᠠ ᠶᠢᠨ ᠨᠡᠩ ᠤᠯᠠᠨ ᠰᠢᠨ᠎ᠡ ᠦᠷ᠎ᠡ | ᠪᠦᠲᠦᠭᠡᠯ ᠣᠯᠬᠤ ᠶᠢ ᠠᠬᠢᠭᠤᠯᠤᠨ᠎ᠠ᠃ ᠳᠤᠮᠳᠠᠳᠤ ᠶᠢᠨ ᠲᠠᠯ᠎ᠠ ᠳᠤᠷᠠᠲᠠᠶ᠎ᠠ ᠺᠠᠽᠠᠬᠰᠲ᠋ᠠᠨ ᠤ ᠲᠠᠯ᠎ᠠ ᠲᠠᠢ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠵᠡᠷᠭᠡ ᠤᠯᠠᠨ | ᠲᠠᠯᠠᠲᠤ ᠵᠣᠬᠢᠶᠠᠨ ᠪᠠᠶᠢᠭᠤᠯᠤᠯᠲᠠ ᠶᠢᠨ ᠪᠣᠷᠣ ᠲᠥᠯᠥᠪ ᠤᠨ ᠳᠣᠲᠣᠷ᠎ᠠ ᠨᠢᠭᠲᠠ ᠬᠠᠮᠵᠢᠯᠴᠠᠵᠤ᠂ ᠵᠢᠩᠬᠢᠨᠢ ᠤᠯᠠᠨ ᠲᠠᠯᠠᠲᠤ ᠦᠵᠡᠯ ᠢ ᠦᠢᠯᠡᠳᠦᠯᠭᠡᠵᠢᠭᠦᠯᠵᠦ᠂ ᠬᠤᠶᠠᠷ | ᠤᠯᠤᠰ ᠵᠢᠴᠢ ᠥᠷᠭᠡᠨ ᠤᠯᠠᠨ ᠬᠥᠭᠵᠢᠵᠦ ᠪᠠᠶᠢᠭ᠎ᠠ ᠤᠯᠤᠰ ᠤᠨ ᠬᠠᠮᠲᠤ ᠶᠢᠨ ᠠᠰᠢᠭ ᠲᠤᠰᠠ ᠶᠢ ᠬᠠᠮᠠᠭᠠᠯᠠᠨ᠎ᠠ ᠭᠡᠵᠦ ᠢᠯᠡᠳᠬᠡᠪᠡ᠃ | ᠲᠦᠸᠧᠺᠠᠶᠧᠹ᠂ ᠲᠡᠷᠢᠭᠦᠯᠡᠭᠴᠢ ᠰᠢ ᠶᠢᠨ ᠫᠢᠩ ᠺᠠᠽᠠᠬᠰᠲ᠋ᠠᠨ ᠳᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠵᠦ᠂ ᠺᠠᠽᠠᠬᠰᠲ᠋ᠠᠨ ᠳᠤᠮᠳᠠᠳᠤ ᠬᠤᠶᠠᠷ | ᠲᠠᠯ᠎ᠠ ᠪᠠᠷ ᠢᠶᠠᠨ ᠴᠥᠮ ᠺᠠᠽᠠᠬᠰᠲ᠋ᠠᠨ ᠳᠤᠮᠳᠠᠳᠤ ᠶᠢᠨ ᠥᠨᠢᠳᠡ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢ ᠤᠯᠠᠮ ᠴᠢᠨᠠᠭᠰᠢᠳᠠ | ᠳᠡᠭᠡᠭᠰᠢᠯᠡᠭᠦᠯᠭᠦ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠬᠤ ᠪᠥᠭᠡᠳ ᠴᠢᠩᠭ᠎ᠠ ᠬᠦᠰᠡᠵᠦ ᠪᠠᠶᠢᠬᠤ ᠶᠢ ᠳᠠᠬᠢᠨᠲᠠ ᠭᠡᠷᠡᠴᠢᠯᠡᠪᠡ᠃ ᠺᠠᠽᠠᠬᠰᠲ᠋ᠠᠨ ᠳᠤᠮᠳᠠᠳᠤ ᠮᠢᠩᠭᠠᠨ | ᠵᠢᠯ ᠢ ᠠᠯᠤᠰᠯᠠᠭᠰᠠᠨ ᠪᠠᠲᠤ ᠪᠠᠬᠢ ᠨᠥᠬᠦᠷᠯᠡᠯ ᠲᠠᠢ᠂ ᠡᠯ᠎ᠡ ᠬᠦᠷᠢᠶᠡᠨ ᠤ ᠬᠠᠮᠲᠤᠷᠠᠯᠴᠠᠭ᠎ᠠ ᠡᠯᠪᠡᠭ ᠪᠠᠶᠠᠯᠢᠭ ᠦᠷ᠎ᠡ ᠪᠦᠲᠦᠭᠡᠯ ᠣᠯᠪᠠ᠃ ᠢᠯᠠᠩᠭᠤᠶ᠎ᠠ ᠣᠶᠢᠷ᠎ᠠ ᠶᠢᠨ | ᠵᠢᠯ ᠠᠴᠠ᠂ ᠲᠡᠷᠢᠭᠦᠯᠡᠭᠴᠢ ᠰᠢ ᠶᠢᠨ ᠫᠢᠩ ᠤᠨ ᠬᠠᠯᠠᠮᠵᠢᠯᠠᠯ ᠳᠠᠭᠠᠭᠤᠯᠭ᠎ᠠ ᠳᠣᠣᠷ᠎ᠠ᠂ ᠺᠠᠽᠠᠬᠰᠲ᠋ᠠᠨ ᠳᠤᠮᠳᠠᠳᠤ ᠶᠢᠨ ᠬᠠᠷᠢᠯᠴᠠᠭ᠎ᠠ ᠰᠢᠨ᠎ᠡ ︽ᠰᠢᠵᠢᠷ ᠠᠯᠳᠠᠨ ᠴᠠᠭ ᠦᠶ᠎ᠡ︾ | ᠳᠤ ᠣᠷᠣᠵᠤ᠂ ᠬᠤᠶᠠᠷ ᠤᠯᠤᠰ ᠤᠨ ᠴᠢᠬᠤᠯᠠ ᠶᠡᠭᠡ ᠬᠠᠮᠲᠤᠷᠠᠯᠴᠠᠭᠠᠨ ᠤ ᠲᠦᠷᠦᠯ ᠵᠦᠢᠯ ᠤᠷᠤᠭᠰᠢᠲᠠᠢ ᠠᠬᠢᠵᠤ᠂ ᠬᠥᠳᠡᠭᠡ ᠠᠵᠤ ᠠᠬᠤᠢ᠂ ᠪᠣᠬᠢᠷᠳᠤᠯ ᠦᠭᠡᠢ ᠡᠨᠧᠷᠭᠢ | ᠂ ᠰᠣᠶᠣᠯ ᠢᠷᠭᠡᠨᠰᠢᠯ ᠵᠡᠷᠭᠡ ᠬᠦᠷᠢᠶᠡᠨ ᠤ ᠬᠠᠮᠲᠤᠷᠠᠯᠴᠠᠭ᠎ᠠ ᠢᠳᠡᠪᠬᠢᠲᠡᠢ ᠦᠷ᠎ᠡ ᠪᠦᠲᠦᠭᠡᠯ ᠣᠯᠵᠤ᠂ ᠬᠤᠶᠠᠷ ᠤᠯᠤᠰ ᠤᠨ ᠠᠷᠠᠳ ᠲᠦᠮᠡᠨ ᠤ ᠪᠤᠶᠠᠨ ᠵᠢᠷᠭᠠᠯ ᠢ | ᠨᠡᠮᠡᠭᠳᠡᠭᠦᠯᠬᠦ ᠳᠤ ᠬᠤᠪᠢ ᠨᠡᠮᠡᠷᠢ ᠦᠵᠡᠭᠦᠯᠪᠡ᠃ ᠺᠠᠽᠠᠬᠰᠲ᠋ᠠᠨ ᠨᠢᠭᠡ ᠳᠤᠮᠳᠠᠳᠤ ᠤᠯᠤᠰ ᠪᠠᠶᠢᠬᠤ ᠵᠠᠷᠴᠢᠮ ᠢ ᠡᠷᠡᠰ ᠪᠠᠷᠢᠮᠲᠠᠯᠠᠨ᠎ᠠ᠂ ᠳᠤᠮᠳᠠᠳᠤ ᠤᠯᠤᠰ ᠤᠨ ᠢᠲᠡᠭᠡᠵᠦ | ᠪᠤᠯᠬᠤ ᠨᠠᠶᠢᠵᠠ ᠪᠠ ᠳᠣᠲᠣᠨᠣ ᠬᠠᠨᠢᠲᠠᠨ ᠪᠤᠯᠬᠤ ᠶᠤᠮ᠃ ᠳᠤᠮᠳᠠᠳᠤ ᠤᠯᠤᠰ ᠯᠤᠭ᠎ᠠ ᠶᠢᠨ ᠨᠥᠭᠦᠷᠰᠡᠭ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠪᠠᠨ | ᠭᠦᠨᠵᠡᠭᠡᠶᠢᠷᠡᠭᠦᠯᠬᠦ ᠪᠣᠯ ᠺᠠᠽᠠᠬᠰᠲ᠋ᠠᠨ ᠤ ᠡᠷᠡᠰ ᠭᠤᠶᠢᠪᠢᠰᠢ ᠦᠭᠡᠢ ᠪᠠᠶᠢᠯᠳᠤᠬᠤ ᠪᠣᠳᠣᠯᠭ᠎ᠠ ᠶᠢᠨ ᠲᠡᠷᠢᠭᠦᠨ ᠴᠢᠬᠤᠯᠠ ᠡᠭᠦᠷᠭᠡ ᠪᠣᠯᠣᠨ᠎ᠠ᠃ ᠺᠠᠽᠠᠬᠰᠲ᠋ᠠᠨ ᠤ ᠬᠢᠨ ᠳᠤᠮᠳᠠᠳᠤ | ᠤᠯᠤᠰ ᠤᠨ ᠪᠠᠷᠢᠮᠲᠠᠯᠠᠵᠤ ᠪᠠᠶᠢᠭ᠎ᠠ ᠨᠠᠶᠢᠷᠠᠮᠳᠠᠯ ᠤᠨ ᠭᠠᠳᠠᠭᠠᠳᠤ ᠬᠠᠷᠢᠯᠴᠠᠭᠠᠨ ᠤ ᠣᠶᠢᠯᠠᠭᠠᠭᠳᠠᠬᠤᠨ ᠵᠢᠴᠢ ᠲᠡᠷᠢᠭᠦᠯᠡᠭᠴᠢ ᠰᠢ ᠶᠢᠨ ᠫᠢᠩ ᠤᠨ ᠳᠤᠷᠠᠳᠤᠭᠰᠠᠨ ᠠᠯᠢ ᠤᠯᠠᠨ | ᠪᠦᠭᠦ ᠪᠥᠮᠪᠥᠷᠴᠡᠭ ᠤᠨ ᠰᠠᠨᠠᠭᠠᠴᠢᠯᠠᠭ᠎ᠠ ᠶᠢ ᠳᠡᠭᠡᠳᠦ ᠬᠡᠮᠵᠢᠶ᠎ᠡ ᠪᠠᠷ ᠮᠠᠭᠲᠠᠨ ᠰᠠᠶᠢᠰᠢᠶᠠᠵᠤ᠂ ᠳᠤᠮᠳᠠᠳᠤ ᠤᠯᠤᠰ ᠤᠨ ᠳᠡᠯᠡᠬᠡᠢ ᠶᠢᠨ ᠡᠩᠬᠡ ᠲᠠᠶᠢᠪᠤᠩ ᠪᠣᠯᠣᠨ ᠬᠥᠭᠵᠢᠯᠲᠡ ᠶᠢ | ᠠᠬᠢᠭᠤᠯᠬᠤ ᠳᠤ ᠦᠵᠡᠭᠦᠯᠦᠭᠰᠡᠨ ᠴᠢᠬᠤᠯᠠ ᠬᠤᠪᠢ ᠨᠡᠮᠡᠷᠢ ᠶᠢ ᠳᠡᠭᠡᠳᠦ ᠬᠡᠮᠵᠢᠶ᠎ᠡ ᠪᠠᠷ ᠦᠨᠡᠯᠡᠵᠦ᠂ ᠳᠤᠷᠠᠲᠠᠶ᠎ᠠ ᠳᠤᠮᠳᠠᠳᠤ ᠤᠯᠤᠰ ᠯᠤᠭ᠎ᠠ ᠬᠠᠮᠲᠤ ᠪᠠᠷ ᠴᠢᠷᠮᠠᠶᠢᠵᠤ | ᠪᠠᠶᠢᠭᠠᠳ ᠺᠠᠽᠠᠬᠰᠲ᠋ᠠᠨ ᠳᠤᠮᠳᠠᠳᠤ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠪᠣᠯᠣᠨ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ | ᠪᠠᠶᠢᠭᠤᠯᠬᠤ ᠶᠢ ᠠᠬᠢᠭᠤᠯᠤᠨ᠎ᠠ᠃ ᠺᠠᠽᠠᠬᠰᠲ᠋ᠠᠨ ᠤ ᠬᠢᠨ ᠳᠤᠮᠳᠠᠳᠤ ᠤᠯᠤᠰ ᠯᠤᠭ᠎ᠠ ᠲᠡᠷᠢᠭᠦᠯᠡᠭᠴᠢ ᠰᠢ ᠶᠢᠨ ᠫᠢᠩ ᠤᠨ ᠲᠤᠰ ᠤᠳᠠᠭ᠎ᠠ ᠶᠢᠨ ᠠᠶᠢᠯᠴᠢᠯᠠᠯᠲᠠ ᠶᠢᠨ ᠴᠢᠬᠤᠯᠠ | ᠦᠷ᠎ᠡ ᠪᠦᠲᠦᠭᠡᠯ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ︽ᠨᠢᠭᠡ ᠪᠦᠰᠡ ᠨᠢᠭᠡ ᠵᠠᠮ︾ ᠢ ᠦᠷᠭᠦᠯᠵᠢᠯᠡᠨ ᠴᠢᠨᠠᠷ ᠰᠠᠶᠢᠲᠠᠢ ᠬᠠᠮᠲᠤ ᠪᠠᠷ ᠪᠦᠲᠦᠭᠡᠨ ᠪᠠᠶᠢᠭᠤᠯᠵᠤ᠂ | ᠬᠤᠶᠠᠷ ᠲᠠᠯ᠎ᠠ ᠶᠢᠨ ᠠᠷᠠᠯᠵᠢᠶᠠᠨ ᠤ ᠲᠤᠭ᠎ᠠ ᠶᠢ ᠬᠤᠶᠠᠷ ᠲᠠᠭᠢᠨ ᠢᠶᠠᠷ ᠨᠡᠮᠡᠭᠳᠡᠭᠦᠯᠬᠦ ᠬᠠᠷᠠᠯᠲᠠ ᠶᠢ ᠪᠦᠭᠦ ᠬᠦᠴᠦ ᠪᠠᠷ ᠢᠶᠠᠨ ᠪᠡᠶᠡᠯᠡᠭᠦᠯᠵᠦ᠂ ᠬᠥᠳᠡᠭᠡ ᠠᠵᠤ ᠠᠬᠤᠢ᠂ ᠠᠵᠤ | ᠠᠬᠤᠢ ᠠᠷᠠᠯᠵᠢᠶ᠎ᠠ᠂ ᠰᠢᠨ᠎ᠡ ᠡᠨᠧᠷᠭᠢ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ᠂ ᠴᠠᠭᠢᠯᠭᠠᠨ ᠭᠦᠳᠡᠯᠭᠡᠭᠦᠷᠲᠦ ᠮᠠᠰᠢᠨ ᠲᠡᠷᠭᠡ ᠵᠡᠷᠭᠡ ᠬᠦᠷᠢᠶᠡᠨ ᠤ | ᠬᠠᠮᠲᠤᠷᠠᠯᠴᠠᠭ᠎ᠠ ᠪᠠᠨ ᠴᠢᠩᠭᠠᠳᠬᠠᠵᠤ᠂ ᠺᠠᠰᠫᠢ ᠲᠠᠩᠭᠢᠰ ᠢ ᠰᠤᠨᠳᠠᠯᠠᠭᠰᠠᠨ ᠤᠯᠠᠨ ᠤᠯᠤᠰ ᠤᠨ ᠲᠡᠭᠡᠭᠡᠪᠦᠷᠢ ᠶᠢᠨ ᠱᠤᠭᠤᠮ ᠤᠨ ᠪᠦᠲᠦᠭᠡᠨ ᠪᠠᠶᠢᠭᠤᠯᠤᠯᠲᠠ ᠶᠢ | ᠲᠦᠷᠭᠡᠳᠬᠡᠨ ᠠᠬᠢᠭᠤᠯᠬᠤ ᠶᠢ ᠬᠦᠰᠡᠵᠦ ᠪᠠᠶᠢᠨ᠎ᠠ᠃ ᠺᠠᠽᠠᠬᠰᠲ᠋ᠠᠨ ᠤ ᠬᠢᠨ ᠺᠠᠽᠠᠬᠰᠲ᠋ᠠᠨ ᠳᠤᠮᠳᠠᠳᠤ ᠶᠢᠨ ᠰᠣᠶᠣᠯ ᠤᠨ ᠲᠥᠪ ᠪᠣᠯᠣᠨ ᠯᠦ ᠪᠠᠨ ᠦᠢᠯᠡᠳᠬᠡᠯ ᠤᠨ ᠭᠠᠵᠠᠷ ᠢ | ᠪᠠᠶᠢᠭᠤᠯᠬᠤ ᠶᠢ ᠪᠠᠶᠠᠷᠯᠠᠨ ᠤᠭᠲᠤᠵᠤ᠂ ᠢᠷᠡᠬᠦ ᠵᠢᠯ ᠤᠨ ︽ᠳᠤᠮᠳᠠᠳᠤ ᠤᠯᠤᠰ ᠤᠨ ᠵᠢᠭᠤᠯᠴᠢᠯᠠᠯ ᠤᠨ ᠣᠨ︾ ᠢ ᠢᠳᠡᠪᠬᠢᠲᠡᠢ ᠰᠠᠶᠢᠲᠤᠷ ᠡᠷᠭᠢᠯᠡᠵᠦ᠂ ᠬᠤᠶᠠᠷ ᠤᠯᠤᠰ ᠤᠨ | ᠣᠷᠣᠨ ᠨᠤᠲᠤᠭ ᠤᠨ ᠬᠠᠮᠲᠤᠷᠠᠯᠴᠠᠭ᠎ᠠ ᠪᠣᠯᠣᠨ ᠰᠤᠷᠭᠠᠨ ᠬᠥᠮᠦᠵᠢᠯ᠂ ᠰᠣᠶᠣᠯ ᠵᠡᠷᠭᠡ ᠰᠣᠶᠣᠯ ᠢᠷᠭᠡᠨᠰᠢᠯ ᠤᠨ ᠬᠦᠷᠢᠶᠡᠨ ᠤ ᠰᠣᠯᠢᠯᠴᠠᠭ᠎ᠠ ᠬᠠᠮᠲᠤᠷᠠᠯᠴᠠᠭ᠎ᠠ ᠪᠠᠨ | ᠨᠢᠭᠲᠠᠷᠠᠭᠤᠯᠤᠨ᠎ᠠ᠃ ᠺᠠᠽᠠᠬᠰᠲ᠋ᠠᠨ ᠤ ᠬᠢᠨ ᠳᠤᠮᠳᠠᠳᠤ ᠤᠯᠤᠰ — ᠳᠤᠮᠳᠠᠳᠤ ᠠᠽᠢᠶ᠎ᠠ ᠶᠢᠨ ᠤᠯᠤᠰ ᠤᠳ ᠤᠨ ᠲᠣᠭᠲᠠᠴᠠ ᠶᠢᠨ ᠪᠠᠶᠢᠭᠤᠯᠤᠯᠲᠠ ᠳᠤ ᠦᠷᠭᠦᠯᠵᠢᠯᠡᠨ | ᠢᠳᠡᠪᠬᠢᠲᠡᠢ ᠣᠷᠣᠯᠴᠠᠵᠤ᠂ ᠳᠤᠮᠳᠠᠳᠤ ᠤᠯᠤᠰ ᠯᠤᠭ᠎ᠠ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ | ᠵᠡᠷᠭᠡ ᠤᠯᠠᠨ ᠲᠠᠯᠠᠲᠤ ᠪᠣᠷᠣ ᠲᠥᠯᠥᠪ ᠤᠨ ᠳᠣᠲᠣᠷᠠᠬᠢ ᠵᠣᠬᠢᠴᠠᠭᠤᠯᠭ᠎ᠠ ᠬᠠᠮᠵᠢᠯᠴᠠᠭ᠎ᠠ ᠪᠠᠨ ᠨᠢᠭᠲᠠᠷᠠᠭᠤᠯᠤᠨ᠎ᠠ ᠭᠡᠵᠦ ᠢᠯᠡᠳᠬᠡᠪᠡ᠃ | ᠬᠡᠯᠡᠯᠴᠡᠭᠡ ᠲᠡᠭᠦᠰᠦᠭᠰᠡᠨ ᠤ ᠳᠠᠷᠠᠭ᠎ᠠ᠂ ᠬᠤᠶᠠᠷ ᠤᠯᠤᠰ ᠤᠨ ᠲᠡᠷᠢᠭᠦᠨ ︽ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠪᠣᠯᠣᠨ ᠪᠦᠭᠦᠳᠠ ᠨᠠᠶᠢᠷᠠᠮᠳᠠᠬᠤ | ᠺᠠᠽᠠᠬᠰᠲ᠋ᠠᠨ ᠤᠯᠤᠰ ᠤᠨ ᠬᠠᠮᠲᠤᠷᠠᠭᠰᠠᠨ ᠢᠯᠡᠷᠬᠡᠶᠢᠯᠡᠯᠲᠡ︾ ᠳᠤ ᠬᠠᠮᠲᠤ ᠪᠠᠷ ᠭᠠᠷ ᠤᠨ ᠦᠰᠦᠭ ᠵᠢᠷᠤᠭᠰᠠᠨ ᠪᠥᠭᠡᠳ ᠠᠵᠤ ᠠᠬᠤᠢ ᠠᠷᠠᠯᠵᠢᠶ᠎ᠠ᠂ ᠬᠤᠯᠪᠣᠯᠳᠤᠨ | ᠨᠡᠪᠲᠡᠷᠡᠯᠴᠡᠬᠦ᠂ ᠠᠭᠠᠷ ᠤᠨ ᠠᠶᠠᠯᠠᠯ ᠰᠠᠨᠰᠠᠷ ᠤᠨ ᠠᠶᠠᠯᠠᠯ᠂ ᠰᠤᠷᠭᠠᠨ ᠬᠥᠮᠦᠵᠢᠯ᠂ ᠵᠠᠭᠤᠴᠢᠯᠠᠭᠤᠷ ᠵᠡᠷᠭᠡ ᠬᠦᠷᠢᠶᠡᠨ ᠤ ᠬᠡᠳᠦᠨ ᠠᠷᠪᠠᠨ ᠵᠦᠢᠯ ᠤᠨ ᠬᠤᠶᠠᠷ ᠲᠠᠯ᠎ᠠ ᠶᠢᠨ | ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠢ ᠰᠣᠯᠢᠯᠴᠠᠬᠤ ᠶᠢ ᠬᠠᠮᠲᠤ ᠪᠠᠷ ᠭᠡᠷᠡᠴᠢᠯᠡᠪᠡ᠃ | ᠲᠤᠰ ᠦᠳᠡ ᠳᠤ᠂ ᠰᠢ ᠶᠢᠨ ᠫᠢᠩ ᠶᠡᠷᠦᠩᠬᠡᠶᠢᠯᠡᠭᠴᠢ ᠲᠦᠸᠧᠺᠠᠶᠧᠹ ᠤᠨ ᠡᠷᠭᠢᠯᠡᠭᠰᠡᠨ ᠦᠪᠡᠳᠡᠭᠰᠢ ᠶᠡᠭᠡ ᠤᠭᠲᠤᠬᠤ ᠳᠠᠶᠢᠯᠠᠯᠭ᠎ᠠ ᠳᠤ ᠣᠷᠣᠯᠴᠠᠵᠠᠢ᠃ | ᠼᠠᠢ ᠴᠢ᠂ ᠸᠠᠩ ᠢ ᠨᠠᠷ ᠳᠡᠭᠡᠷᠡᠬᠢ ᠠᠵᠢᠯᠯᠠᠭ᠎ᠠ ᠳᠤ ᠣᠷᠣᠯᠴᠠᠪᠠ᠃ | |