ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ︽ᠲᠤᠯᠤᠭᠠᠨ ᠰᠠᠷ᠎ᠠ ᠶᠢᠨ ᠨᠢᠭᠡᠨ︾ ᠤ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2024/7/4
  7 ᠳ᠋ᠤᠭᠠᠷ ᠰᠠᠷ᠎ᠠ ᠶᠢᠨ 2 ᠤᠨ ᠡᠳᠦᠷ᠂ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ︽ᠲᠤᠯᠤᠭᠠᠨ ᠰᠠᠷ᠎ᠠ ᠶᠢᠨ ᠨᠢᠭᠡᠨ︾ ᠤ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠥᠷᠨᠢᠭᠦᠯᠪᠡ᠃ ᠲᠥᠪ ᠤᠨ ᠤᠬᠠᠭᠤᠯᠬᠤ ᠬᠡᠯᠲᠡᠰ ᠤᠨ ᠳᠡᠳ᠋ ᠳᠠᠷᠤᠭ᠎ᠠ᠂ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠼᠤᠤ ᠱᠤ᠋ ᠮᠢᠨ ︽ᠴᠢᠬᠤᠯᠠ ᠥᠭᠦᠯᠡᠯᠲᠡ ᠶᠢᠨ ᠰᠠᠬᠢᠯᠭ᠎ᠠ ᠪᠠᠲᠤ ᠶᠣᠰᠣ ᠲᠦᠷᠢᠮ ᠢ ᠪᠥᠬᠦ ᠲᠠᠯ᠎ᠠ ᠪᠠᠷ ᠴᠢᠩᠭᠠᠳᠬᠠᠵᠤ᠂ ᠨᠠᠮ ᠤᠨ ᠰᠠᠬᠢᠯᠭ᠎ᠠ ᠪᠠᠲᠤ ᠶᠢᠨ ᠪᠦᠲᠦᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ ᠷᠠᠳᠢᠣ᠋ ᠲᠧᠯᠸᠢᠰ ᠤᠨ ᠦᠵᠡᠵᠦ ᠰᠣᠨᠣᠰᠬᠤ ᠴᠢᠨᠠᠷ ᠰᠠᠶᠢᠲᠠᠶ ᠬᠥᠭᠵᠢᠯᠲᠡ ᠶᠢ ᠪᠠᠲᠤᠯᠠᠬᠤ︾ ᠭᠤᠤᠯ ᠰᠡᠳᠦᠪ ᠢᠶᠠᠷ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ ᠨᠠᠮ ᠤᠨ ᠭᠡᠰᠢᠭᠦᠨ᠂ ᠺᠠᠳ᠋ᠷᠴᠤᠳ ᠲᠤ ᠲᠤᠰᠬᠠᠶ ᠰᠡᠳᠦᠪᠲᠦ ᠨᠠᠮ ᠤᠨ ᠬᠢᠴᠢᠶᠡᠯ ᠣᠷᠣᠪᠠ᠃ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠵᠦ ᠶᠦᠩ ᠯᠸᠢ᠂ ᠶᠠᠩ ᠭᠦᠸᠧ ᠷᠦᠢ ᠬᠤᠷᠠᠯ ᠳᠤ ᠣᠷᠣᠯᠴᠠᠵᠠᠶ᠃  ᠲᠤᠰᠬᠠᠢ ᠰᠡᠳᠦᠪᠲᠦ ᠨᠠᠮ ᠤᠨ ᠬᠢᠴᠢᠶᠡᠯ ᠳᠡᠭᠡᠷ᠎ᠡ᠂ ᠼᠤᠤ ᠱᠤ᠋ ᠮᠢᠨ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢ ᠰᠢᠰᠲ᠋ᠧᠮ ᠲᠠᠢ ᠡᠮᠬᠢᠯᠡᠵᠦ᠂ ᠷᠠᠳᠢᠣ᠋ ᠲᠧᠯᠸᠢᠰ ᠤᠨ ᠶᠡᠷᠦᠩᠬᠡᠢ ᠲᠣᠪᠴᠢᠶ᠎ᠠ ᠶᠢᠨ ᠦᠢᠯᠡᠳᠦᠯᠭᠡ ᠪᠠ ᠰᠤᠷᠤᠯᠴᠠᠯᠭ᠎ᠠ ᠶᠢᠨ ᠲᠦᠷᠦᠭᠳᠡᠯ ᠲᠠᠢ ᠤᠶᠠᠯᠳᠤᠭᠤᠯᠵᠤ᠂ ︽ᠶᠠᠭᠤᠨ ᠳᠤ ᠰᠠᠬᠢᠯᠭ᠎ᠠ ᠪᠠᠲᠤ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ︾ ︽ᠶᠠᠮᠠᠷ ᠶᠠᠩᠵᠤ ᠶᠢᠨ ᠰᠠᠬᠢᠯᠭ᠎ᠠ ᠪᠠᠲᠤ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ︾ ᠪᠠ ︽ᠰᠠᠬᠢᠯᠭ᠎ᠠ ᠪᠠᠲᠤ ᠶᠢᠨ ᠪᠦᠲᠦᠭᠡᠨ ᠪᠠᠶᠢᠭᠤᠯᠤᠯᠲᠠ ᠶᠢ ᠬᠡᠷᠬᠢᠨ ᠴᠢᠩᠭᠠᠳᠬᠠᠬᠤ︾ ᠭᠤᠷᠪᠠᠨ ᠲᠠᠯ᠎ᠠ ᠠᠴᠠ ᠶᠡᠷᠦᠩᠬᠡᠢ ᠱᠦᠵᠢ ᠶᠢᠨ ᠴᠢᠬᠤᠯᠠ ᠥᠭᠦᠯᠡᠯᠲᠡ ᠶᠢᠨ ᠠᠯᠤᠰ ᠬᠡᠳᠦ ᠶᠢᠨ ᠵᠣᠷᠢᠯᠭ᠎ᠠ᠂ ᠪᠠᠶᠠᠯᠢᠭ ᠠᠭᠤᠯᠤᠭᠳᠠᠬᠤᠨ ᠪᠠ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠢ ᠲᠣᠳᠣᠷᠬᠠᠶᠢᠯᠠᠨ ᠥᠭᠦᠯᠡᠪᠡ᠃ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ ᠨᠠᠮ ᠤᠨ ᠭᠡᠰᠢᠭᠦᠨ᠂ ᠺᠠᠳ᠋ᠷᠴᠤᠳ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠪᠥᠬᠦ ᠲᠠᠯ᠎ᠠ ᠪᠠᠷ ᠰᠢᠰᠲ᠋ᠧᠮ ᠲᠠᠢ ᠰᠤᠷᠤᠯᠴᠠᠬᠤ᠂ ᠪᠣᠳᠠᠲᠠᠶ ᠲᠠᠢ ᠤᠶᠠᠯᠳᠤᠭᠤᠯᠤᠨ ᠰᠤᠷᠤᠯᠴᠠᠬᠤ ᠶᠢ ᠪᠠᠷᠢᠮᠲᠠᠯᠠᠵᠤ᠂ ᠳᠣᠲᠣᠭᠠᠳᠤ ᠬᠤᠪᠢᠷᠠᠭᠤᠯᠤᠯᠲᠠ ᠶᠢ ᠦᠷᠭᠦᠯᠵᠢᠯᠡᠨ ᠭᠦᠨᠵᠡᠭᠡᠶᠢᠷᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃  ᠼᠤᠤ ᠱᠤ᠋ ᠮᠢᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠭᠡᠯ ᠥᠭᠬᠦ ᠲᠦᠷᠢᠮ︾ ᠪᠣᠯᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ ᠰᠢᠰᠲ᠋ᠧᠮ ᠤᠨ ᠬᠠᠮᠢᠶ᠎ᠠ ᠪᠥᠬᠦᠶ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ᠨᠠᠮ ᠤᠨ ᠵᠢᠷᠭᠤᠭᠠᠨ ᠵᠦᠢᠯ ᠤᠨ ᠰᠠᠬᠢᠯᠭ᠎ᠠ ᠪᠠᠲᠤ ᠶᠢᠨ ᠭᠤᠤᠯ ᠵᠣᠷᠢᠯᠲᠠ ᠴᠢᠬᠤᠯᠠ ᠠᠭᠤᠯᠭ᠎ᠠ᠂ ᠲᠣᠭᠲᠠᠭᠠᠯ ᠤᠨ ᠱᠠᠭᠠᠷᠳᠠᠯᠭ᠎ᠠ ᠶᠢ ᠰᠠᠶᠢᠲᠤᠷ ᠡᠵᠡᠮᠳᠡᠬᠦ ᠲᠤᠬᠠᠶ ᠨᠠᠷᠢᠨ ᠲᠠᠶᠢᠯᠪᠤᠷᠢᠯᠠᠪᠠ᠃ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠶᠡᠷᠦᠩᠬᠡᠶ ᠱᠦᠵᠢ ᠶᠢᠨ ᠵᠢᠭᠠᠪᠤᠷᠢ ᠱᠠᠭᠠᠷᠳᠠᠯᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠲᠦᠷᠢᠮ︾ ᠢ ᠯᠠᠪᠳᠠᠭᠤᠨ ᠪᠠᠲᠤᠲᠠᠶ ᠭᠦᠨᠵᠡᠭᠡᠶ ᠰᠤᠷᠤᠯᠴᠠᠵᠤ᠂ ᠲᠡᠷᠡ ᠬᠡᠪ ᠢᠶᠠᠷ ᠨᠢ ᠰᠤᠷᠤᠯᠴᠠᠬᠤ᠂ ᠲᠦᠷᠢᠮ ᠲᠣᠭᠲᠠᠭᠠᠯ ᠶᠣᠰᠣᠭᠠᠷ ᠵᠤᠷᠪᠤᠰ ᠳᠠᠷᠠᠭᠠᠯᠠᠨ ᠰᠤᠷᠤᠯᠴᠠᠬᠤ᠂ ᠪᠣᠳᠠᠲᠠᠶ ᠲᠠᠢ ᠤᠶᠠᠯᠳᠤᠭᠤᠯᠤᠨ ᠰᠤᠷᠤᠯᠴᠠᠬᠤ ᠶᠢ ᠪᠠᠷᠢᠮᠲᠠᠯᠠᠵᠤ᠂ ᠨᠠᠮ ᠤᠨ ᠵᠢᠷᠭᠤᠭᠠᠨ ᠵᠦᠢᠯ ᠤᠨ ᠰᠠᠬᠢᠯᠭ᠎ᠠ ᠪᠠᠲᠤ ᠶᠢ ᠰᠡᠳᠬᠢᠯ ᠳᠤ ᠪᠠᠨ ᠬᠠᠳᠠᠩᠰᠢᠭᠤᠯᠵᠤ᠂ ᠲᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ ᠶᠢ ᠰᠡᠳᠬᠢᠯ ᠳᠤ ᠪᠠᠨ ᠬᠠᠳᠠᠩᠰᠢᠭᠤᠯᠵᠤ᠂ ᠡᠳᠦᠷ ᠲᠣᠲᠤᠮ ᠤᠨ ᠬᠡᠷᠡᠭᠯᠡᠭᠡᠨ ᠤ ᠰᠠᠨᠠᠮᠰᠠᠷ ᠥᠬᠡᠶ ᠦᠭᠡ ᠶᠠᠷᠢᠶ᠎ᠠ ᠦᠢᠯᠡ ᠠᠵᠢᠯᠯᠠᠭ᠎ᠠ ᠶᠢᠨ ᠪᠠᠷᠢᠮᠵᠢᠶ᠎ᠠ ᠪᠣᠯᠭᠠᠵᠤ ᠂ ᠢᠮᠠᠭᠲᠠ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ ᠶᠢ ᠪᠡᠶᠡᠯᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃  ᠼᠤᠤ ᠱᠤ᠋ ᠮᠢᠨ ᠂ ᠨᠠᠮ ᠤᠨ ᠰᠠᠬᠢᠯᠭ᠎ᠠ ᠪᠠᠲᠤ ᠶᠢᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠪᠠᠷ ᠴᠢᠬᠤᠯᠠ ᠪᠠᠲᠤᠯᠠᠭ᠎ᠠ ᠪᠣᠯᠭᠠᠵᠤ᠂ ᠷᠠᠳᠢᠣ᠋ ᠲᠧᠯᠸᠢᠰ ᠪᠣᠯᠤᠨ ᠰᠦᠯᠵᠢᠶᠡᠨ ᠤ ᠦᠵᠡᠵᠦ ᠰᠣᠨᠣᠰᠬᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ ᠨᠠᠮ ᠤᠨ ᠭᠡᠰᠢᠭᠦᠨ᠂ ᠺᠠᠳ᠋ᠷᠴᠤᠳ ᠥᠪᠡᠷ ᠢ ᠪᠠᠨ ᠪᠠᠶᠢᠴᠠᠭᠠᠬᠤ ᠳᠤᠮᠳᠠ ︽ᠪᠡᠶ᠎ᠡ ᠰᠡᠳᠬᠢᠯ ᠢᠶᠠᠨ ᠰᠠᠶᠢᠲᠤᠷ ᠬᠠᠮᠢᠶᠠᠷᠬᠤ︾ ᠮᠥᠷᠲᠡᠭᠡᠨ ᠪᠠᠰᠠ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠲᠠᠯ᠎ᠠ ᠪᠠᠷ ︽ᠭᠠᠷ ᠢᠶᠠᠨ ᠲᠠᠯᠪᠢᠵᠤ ︾᠂ ᠷᠠᠳᠢᠣ᠋ ᠲᠧᠯᠸᠢᠰ ᠤᠨ ᠠᠵᠢᠯ ᠤᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠣᠯᠤᠨ ᠷᠠᠳᠢᠣ᠋ ᠲᠧᠯᠸᠢᠰ ᠤᠨ ︽ᠬᠤᠶᠠᠷ ᠭᠤᠷᠪᠠ ᠳᠥᠷᠪᠡ︾ ᠠᠵᠢᠯ ᠤᠨ ᠪᠠᠶᠢᠷᠢ ᠲᠣᠭᠲᠠᠭᠠᠯᠲᠠ ᠶᠢ ᠪᠠᠲᠤ ᠡᠵᠡᠮᠳᠡᠵᠦ᠂ ᠷᠠᠳᠢᠣ᠋ ᠲᠧᠯᠸᠢᠰ ᠪᠣᠯᠤᠨ ᠰᠦᠯᠵᠢᠶᠡᠨ ᠤ ᠦᠵᠡᠵᠦ ᠰᠣᠨᠣᠰᠬᠤ ︽ᠬᠤᠶᠠᠷ ᠶᠡᠭᠡ ᠲᠤᠬᠠᠶᠢᠯᠠᠭᠰᠠᠨ ᠠᠵᠢᠯ︾ ᠢ ᠭᠦᠨᠵᠡᠭᠡᠶ ᠠᠭᠤᠰᠤᠯᠴᠠᠭᠤᠯᠵᠤ᠂ ᠬᠠᠮᠵᠢᠯᠴᠠᠨ ᠬᠥᠭᠵᠢᠭᠦᠯᠬᠦ ᠶᠢ ᠠᠬᠢᠭᠤᠯᠤᠨ ᠂ ᠴᠢᠨᠠᠷ ᠰᠠᠶᠢᠲᠠᠶ ᠠᠭᠤᠯᠭ᠎ᠠ᠂ ᠠᠭᠤᠰᠤᠯᠴᠠᠨ ᠳᠠᠮᠵᠢᠭᠤᠯᠬᠤ᠂ ᠮᠡᠷᠭᠡᠵᠢᠯ ᠢᠶᠠᠷ ᠬᠥᠲᠥᠯᠦᠨ ᠳᠠᠭᠠᠭᠤᠯᠬᠤ᠂ ᠠᠮᠤᠷ ᠲᠦᠪᠰᠢᠨ ᠤ ᠪᠠᠲᠤᠯᠠᠭ᠎ᠠ ᠵᠡᠷᠭᠡ ︽ᠳᠥᠷᠪᠡ ᠶᠢ ᠬᠦᠴᠦᠷᠬᠡᠭᠵᠢᠭᠦᠯᠬᠦ︾ ᠶᠢ ᠪᠡᠶᠡᠯᠡᠭᠦᠯᠵᠦ᠂ ᠴᠢᠩᠭ᠎ᠠ ᠰᠠᠬᠢᠯᠭ᠎ᠠ ᠪᠠᠲᠤ᠂ ᠴᠤᠭ ᠪᠠᠳᠠᠷᠠᠩᠭᠤᠶ ᠲᠡᠮᠡᠴᠡᠯ ᠤᠨ ᠵᠣᠷᠢᠭ᠂ ᠬᠦᠴᠦᠲᠡᠶ ᠠᠵᠢᠯᠯᠠᠭ᠎ᠠ ᠪᠠᠷ ᠷᠠᠳᠢᠣ᠋ ᠲᠧᠯᠸᠢᠰ ᠤᠨ ᠦᠵᠡᠵᠦ ᠰᠣᠨᠣᠰᠬᠤ ᠴᠢᠨᠠᠷ ᠰᠠᠶᠢᠲᠠᠶ ᠬᠥᠭᠵᠢᠯᠲᠡ ᠳᠤ ᠲᠠᠰᠤᠷᠠᠯᠲᠠ ᠥᠬᠡᠶ ᠰᠢᠨ᠎ᠡ ᠦᠷ᠎ᠡ ᠪᠦᠲᠦᠮᠵᠢ ᠣᠯᠵᠤ᠂ ᠰᠢᠨ᠎ᠡ ᠪᠠᠶᠢᠳᠠᠯ ᠢ ᠡᠭᠦᠳᠬᠦ ᠶᠢ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃  ᠨᠠᠮ ᠤᠨ ᠬᠢᠴᠢᠶᠡᠯ ᠠᠴᠠ ᠡᠮᠦᠨ᠎ᠡ᠂ ᠷᠠᠳᠢᠣ᠋ ᠲᠧᠯᠸᠢᠰ ᠤᠨ ᠶᠡᠷᠦᠩᠬᠡᠢ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ 2024 ᠣᠨ ᠤ ︽ᠨᠠᠮ ᠳᠤ ᠪᠠᠶᠢᠭᠰᠠᠨ ᠢᠷᠠᠭᠤ ᠠᠯᠳᠠᠷᠲᠤ 50 ᠵᠢᠯ ︾ ᠤᠨ ᠠᠬᠠᠮᠠᠳ ᠨᠠᠮ ᠤᠨ ᠭᠡᠰᠢᠭᠦᠨ ᠤ ᠲᠥᠯᠥᠭᠡᠯᠡᠭᠴᠢᠳ ᠲᠤ ᠳᠤᠷᠠᠰᠬᠠᠯ ᠤᠨ ᠲᠡᠮᠳᠡᠭ ᠭᠠᠷᠳᠠᠭᠤᠯᠪᠠ᠃ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠳᠤᠷᠠᠰᠬᠠᠯ ᠤᠨ ᠲᠡᠮᠳᠡᠭ ᠣᠯᠭᠤᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ 2021 ᠣᠨ ᠠᠴᠠ ᠤᠳᠤ ᠪᠣᠯᠲᠠᠯ᠎ᠠ ᠶᠡᠷᠦᠩᠬᠡᠢ ᠲᠣᠪᠴᠢᠶ᠎ᠠ ᠶᠢᠨ ᠰᠢᠰᠲ᠋ᠧᠮ ᠤᠨ ︽ ᠨᠠᠮ ᠳᠤ ᠪᠠᠶᠢᠭᠰᠠᠨ ᠢᠷᠠᠭᠤ ᠠᠯᠳᠠᠷᠲᠤ 50 ᠵᠢᠯ︾ ᠤᠨ ᠳᠤᠷᠠᠰᠬᠠᠯ ᠤᠨ ᠲᠡᠮᠳᠡᠭ ᠣᠯᠭᠤᠬᠤ ᠶᠣᠰᠣᠯᠠᠯ ᠢ ᠲᠦᠷᠪᠡᠨ ᠵᠢᠯ ᠳᠠᠷᠠᠭᠠᠯᠠᠨ ᠡᠷᠬᠢᠯᠡᠵᠦ᠂ ᠨᠡᠶᠢᠳᠡ 667 ᠠᠬᠠᠮᠠᠳ ᠨᠠᠮ ᠤᠨ ᠭᠡᠰᠢᠭᠦᠨ ᠳᠤ ᠳᠤᠷᠠᠰᠬᠠᠯ ᠤᠨ ᠲᠡᠮᠳᠡᠭ ᠭᠠᠷᠳᠠᠭᠤᠯᠵᠠᠢ᠃  ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠤᠯᠤᠰ ᠤᠨ ᠬᠢᠨᠠᠨ ᠪᠠᠶᠢᠴᠠᠭᠠᠬᠤ ᠵᠥᠪᠯᠡᠯ ᠤᠨ ᠲᠥᠪ ᠤᠨ ᠤᠬᠠᠭᠤᠯᠬᠤ ᠬᠡᠯᠲᠡᠰ ᠲᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠬᠠᠷᠢᠭᠤᠴᠠᠯᠭᠠᠲᠠᠳ᠂ ᠣᠶᠢᠷ᠎ᠠ ᠳᠤ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠤᠳᠤᠷᠢᠳᠤᠯᠭ᠎ᠠ ᠪᠣᠯᠤᠨ ᠠᠬᠠᠮᠠᠳ ᠤᠳᠤᠷᠢᠳᠤᠯᠭ᠎ᠠ᠂ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ ᠪᠠᠶᠢᠭᠤᠯᠭ᠎ᠠ ᠶᠢᠨ ᠪᠥᠬᠦ ᠠᠯᠪᠠᠲᠠᠨ᠂ ᠰᠢᠭᠤᠳ ᠬᠠᠷᠢᠶ᠎ᠠ ᠨᠢᠭᠡᠴᠢ ᠶᠢᠨ ᠵᠤᠷᠭᠠᠨ ᠲᠣᠪᠴᠢᠶ᠎ᠠ ᠶᠢᠨ ᠲᠠᠰ ᠤᠨ ᠤᠳᠤᠷᠢᠳᠬᠤ ᠺᠠᠳ᠋ᠷ᠂ ᠪᠠᠶᠢᠭᠤᠯᠭ᠎ᠠ ᠶᠢᠨ ᠠᠵᠢᠯ ᠠᠴᠠ ᠪᠠᠨ ᠰᠠᠯᠵᠤ ᠪᠠᠭᠤᠵᠤ ᠠᠮᠠᠷᠠᠭᠰᠠᠨ ᠪᠠ ᠠᠵᠢᠯ ᠠᠴᠠ ᠪᠠᠨ ᠰᠠᠯᠵᠤ ᠪᠠᠭᠤᠵᠤ ᠠᠮᠠᠷᠠᠭᠰᠠᠳ ᠤᠨ ᠨᠠᠮ ᠤᠨ ᠡᠭᠦᠷ ᠤᠨ ᠱᠦᠵᠢ ᠵᠡᠷᠭᠡ 300 ᠭᠠᠷᠤᠶ ᠬᠥᠮᠦᠨ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠳᠤ ᠣᠷᠣᠯᠴᠠᠪᠠ᠃ 
ᠢᠷᠡᠯᠲᠡ᠄ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠢ ᠲᠣᠪᠴᠢᠶ᠎ᠠ