2024 ᠣᠨ ᠤ ᠳᠡᠭᠡᠳᠦ ᠵᠡᠷᠭᠡ ᠶᠢᠨ ᠠᠵᠤ ᠠᠬᠤᠶᠢᠴᠢ ᠶᠢᠨ ᠮᠡᠷᠭᠡᠵᠢᠯ ᠤᠨ ᠴᠣᠯᠠ ᠶᠢᠨ ᠭᠤᠶᠤᠴᠢᠯᠠᠨ ᠮᠡᠳᠡᠭᠦᠯᠦᠭᠴᠢ ᠶᠢ ᠨᠡᠶᠢᠲᠡᠯᠡᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ ᠶᠢᠨ ᠮᠡᠳᠡᠭᠳᠡᠯ
ᠨᠡᠶᠢᠲᠡᠯᠡᠭᠰᠡᠨ ᠴᠠᠭ᠄
2024/7/4
  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ︽2024 ᠣᠨ ᠤ ᠥᠪᠡᠷᠲᠡᠭᠡᠨ ᠵᠠᠰᠠᠬᠤ ᠣᠷᠣᠨ ᠤ ᠳᠡᠭᠡᠳᠦ ᠵᠡᠷᠭᠡ ᠶᠢᠨ ᠠᠵᠤ ᠠᠬᠤᠶᠢᠴᠢ ᠶᠢᠨ ᠮᠡᠷᠭᠡᠵᠢᠯ ᠤᠨ ᠴᠣᠯᠠ ᠶᠢᠨ ᠬᠢᠨᠠᠨ ᠲᠣᠭᠲᠠᠭᠠᠬᠤ ᠮᠠᠲ᠋ᠧᠷᠢᠶᠠᠯ ᠭᠤᠶᠤᠴᠢᠯᠠᠨ ᠮᠡᠳᠡᠭᠦᠯᠬᠦ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ︵ᠥᠪᠥᠷ ᠮᠣᠩᠭᠤᠯ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠠᠯᠪᠠᠨ ᠲᠠᠷᠬᠠᠭᠠᠭᠰᠠᠨ ﹇2024 ﹈ 100 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ᠡᠳᠦᠭᠡ 2024 ᠣᠨ ᠤ ᠵᠢᠩᠬᠢᠨᠢ ᠳᠡᠭᠡᠳᠦ ᠵᠡᠷᠭᠡ ᠶᠢᠨ ᠠᠵᠤ ᠠᠬᠤᠶᠢᠴᠢ ᠶᠢᠨ ᠮᠡᠷᠭᠡᠵᠢᠯ ᠤᠨ ᠴᠣᠯᠠ ᠶᠢᠨ ᠭᠤᠶᠤᠴᠢᠯᠠᠨ ᠮᠡᠳᠡᠭᠦᠯᠦᠭᠴᠢ ᠶᠢ ᠨᠡᠶᠢᠲᠡᠯᠡᠪᠡ᠃ ᠨᠡᠶᠢᠲᠡᠯᠡᠯ ᠤᠨ ᠬᠤᠭᠤᠴᠠᠭ᠎ᠠ᠄ 2024 ᠣᠨ ᠤ 7 ᠳ᠋ᠤᠭᠠᠷ ᠰᠠᠷ᠎ᠠ ᠶᠢᠨ 4 ᠤ ᠡᠳᠦᠷ ᠠᠴᠠ 10 ᠤ ᠡᠳᠦᠷ ᠪᠣᠯᠲᠠᠯ᠎ᠠ᠃  ᠨᠡᠶᠢᠲᠡᠯᠡᠯ ᠤᠨ ᠬᠤᠭᠤᠴᠠᠭᠠᠨ ᠳᠤ᠂ ᠶᠠᠮᠠᠷᠪᠠ ᠨᠢᠭᠡᠴᠢ ᠪᠠ ᠬᠤᠪᠢ ᠬᠥᠮᠦᠨ ᠬᠡᠷᠪᠡ ᠭᠤᠶᠤᠴᠢᠯᠠᠨ ᠮᠡᠳᠡᠭᠦᠯᠦᠭᠴᠢ ᠳᠤ ᠮᠠᠳᠠᠭ ᠲᠠᠢ ᠪᠠᠶᠢᠪᠠᠯ᠂ ᠴᠥᠮ ᠤᠲᠠᠰᠤ ᠢᠷᠡᠭᠦᠯᠬᠦ᠂ ᠵᠠᠬᠢᠳᠠᠯ ᠢᠷᠡᠭᠦᠯᠬᠦ᠂ ᠰᠤᠷᠪᠤᠯᠵᠢᠯᠠᠬᠤ ᠪᠠᠷ ᠢᠷᠡᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠲᠣᠪᠴᠢᠶ᠎ᠠ ᠶᠢᠨ ᠠᠵᠢᠯᠲᠠᠨ ᠤ ᠶᠠᠪᠤᠳᠠᠯ ᠤᠨ ᠭᠠᠵᠠᠷ ᠲᠤ ᠠᠰᠠᠭᠤᠳᠠᠯ ᠢ ᠲᠤᠰᠬᠠᠵᠤ ᠪᠣᠯᠤᠨ᠎ᠠ᠃  ᠬᠠᠷᠢᠯᠴᠠᠬᠤ ᠤᠲᠠᠰᠤ᠄ 0471 - 4590021᠂ 4590029  ᠳᠠᠭᠠᠯᠳᠤᠭᠤᠯᠤᠯ᠄ 2024 ᠣᠨ ᠤ ᠳᠡᠭᠡᠳᠦ ᠵᠡᠷᠭᠡ ᠶᠢᠨ ᠠᠵᠤ ᠠᠬᠤᠶᠢᠴᠢ ᠶᠢ ᠭᠤᠶᠤᠴᠢᠯᠠᠨ ᠮᠡᠳᠡᠭᠦᠯᠦᠭᠴᠢ ᠶᠢᠨ ᠨᠡᠷ᠎ᠡ ᠶᠢᠨ ᠪᠦᠷᠢᠳᠬᠡᠯ  2024 ᠣᠨ ᠤ ᠳᠡᠭᠡᠳᠦ ᠵᠡᠷᠭᠡ ᠶᠢᠨ ᠠᠵᠤ ᠠᠬᠤᠶᠢᠴᠢ ᠶᠢ ᠭᠤᠶᠤᠴᠢᠯᠠᠨ ᠮᠡᠳᠡᠭᠦᠯᠦᠭᠴᠢ ᠶᠢᠨ ᠨᠡᠷ᠎ᠡ ᠶᠢᠨ  ᠪᠦᠷᠢᠳᠬᠡᠯ.docxᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠷᠠᠳᠢᠣ᠋ ᠲᠧᠯᠸᠢᠰ ᠤᠨ ᠲᠤᠪᠴᠢᠶ᠎ᠠ2024 ᠣᠨ ᠤ 7 ᠳ᠋ᠤᠭᠠᠷ ᠰᠠᠷ᠎ᠠ ᠶᠢᠨ 3 ᠤ ᠡᠳᠦᠷ

 

 

ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠷᠠᠳᠢᠤ᠋ ᠲᠧᠯᠸᠢᠰ ᠤᠨ ᠲᠤᠪᠴᠢᠶ᠎ᠠ