7 ᠳ᠋ᠤᠭᠠᠷ ᠰᠠᠷ᠎ᠠ ᠶᠢᠨ 5 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 103 ᠵᠢᠯ ᠤᠨ ᠤᠢ ᠶᠢ ᠪᠡᠯᠭᠡᠯᠡᠵᠦ᠂ ᠨᠠᠮ ᠤᠨ ᠵᠣᠬᠢᠶᠠᠨ | ᠪᠠᠶᠢᠭᠤᠯᠤᠯᠲᠠ ᠶᠢᠨ ᠨᠢᠭᠲᠠᠷᠠᠯ ᠤᠨ ᠬᠦᠴᠦᠨ ᠪᠠ ᠳᠠᠶᠢᠴᠢᠨ ᠬᠦᠴᠦᠨ ᠢ ᠤᠯᠠᠮ ᠨᠢᠭᠡ ᠠᠯᠬᠤᠮ ᠴᠢᠩᠭᠠᠳᠬᠠᠵᠤ᠂ ᠨᠠᠮ ᠤᠨ ᠭᠡᠰᠢᠭᠦᠨ ᠺᠠᠳ᠋ᠷᠴᠤᠳ ᠢ ᠬᠥᠲᠥᠯᠥᠨ | ᠳᠠᠭᠠᠭᠤᠯᠵᠤ ᠪᠠᠶᠢᠭᠠᠳ ᠤᠭ ᠰᠠᠨᠠᠭ᠎ᠠ ᠪᠠᠨ ᠪᠠᠲᠤ ᠰᠠᠬᠢᠵᠤ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠨ᠂ ᠡᠷᠡᠯᠬᠡᠭᠯᠡᠨ ᠤᠷᠤᠭᠰᠢᠯᠠᠵᠤ᠂ ᠤᠯᠠᠭᠠᠨᠬᠦᠦ ᠶᠢᠨ ᠰᠠᠭᠤᠷᠢ | ᠮᠥᠩᠭᠦᠨ ᠤ ᠨᠡᠶᠢᠭᠡᠮᠯᠢᠭ ᠤᠨ ᠠᠯᠪᠠᠨ ᠭᠡᠷ ᠤᠨ ᠨᠠᠮ ᠤᠨ ᠡᠭᠦᠷ ︽ᠬᠤᠪᠢᠰᠬᠠᠯ ᠤᠨ ᠵᠣᠷᠢᠭ ᠰᠠᠨᠠᠭᠠᠨ ᠤ ᠭᠡᠷᠡᠯ ᠭᠢᠯᠪᠠᠭ᠎ᠠ ᠪᠠᠨ ᠰᠠᠴᠤᠷᠠᠭᠤᠯᠤᠨ ᠂ ᠰᠢᠨ᠎ᠡ ᠠᠶᠠᠨ ᠳᠤ ᠪᠠᠨ | ᠡᠷᠡᠮᠡᠬᠡᠶᠢᠯᠡᠨ ᠤᠷᠤᠭᠰᠢᠯᠠᠬᠤ ︾ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠥᠷᠨᠢᠭᠦᠯᠪᠡ᠃ | | ᠨᠠᠮ ᠤᠨ ᠡᠭᠦᠷ ᠤᠨ ᠭᠡᠰᠢᠭᠦᠳ ᠳᠠᠯᠠᠨ ᠬᠠᠷ᠎ᠠ ᠠᠭᠤᠯᠠ ᠶᠢᠨ ᠶᠠᠫᠣᠨ ᠢ ᠡᠰᠡᠷᠭᠦᠴᠡᠬᠦ ᠫᠠᠷᠲ᠋ᠢᠽᠠᠨ ᠲᠠᠶᠢᠨ ᠤ ᠰᠠᠭᠤᠷᠢᠨ ᠭᠠᠵᠠᠷ ᠤᠨ ᠦᠵᠡᠭᠦᠯᠭᠡ ᠶᠢᠨ ᠣᠷᠳᠣᠨ ᠢᠶᠠᠷ | ᠲᠤᠭᠤᠷᠢᠵᠤ ᠂ ᠦᠵᠡᠭᠦᠯᠭᠡ ᠶᠢᠨ ᠣᠷᠳᠣᠨ ᠨᠢ ᠲᠡᠤᠬᠡ ᠶᠢᠨ ᠮᠠᠲ᠋ᠧᠷᠢᠶᠠᠯ ᠪᠣᠯᠤᠨ ᠲᠡᠦᠬᠡ ᠶᠢᠨ ᠳᠤᠷᠠᠰᠬᠠᠯᠲᠤ ᠵᠦᠢᠯᠡᠰ᠂ ᠵᠢᠷᠤᠭ ᠬᠡᠪᠯᠡᠯ ᠪᠣᠯᠤᠨ ᠪᠣᠳᠠᠲᠤ ᠦᠵᠡᠮᠵᠢ ᠶᠢ | ᠤᠶᠠᠯᠳᠤᠭᠤᠯᠬᠤ ᠬᠡᠯᠪᠡᠷᠢ ᠪᠠᠷ ᠳᠠᠮᠵᠢᠭᠤᠯᠤᠨ᠂ ᠶᠠᠫᠣᠨ ᠢ ᠡᠰᠡᠷᠭᠦᠴᠡᠬᠦ ᠳᠠᠶᠢᠨ ᠤ ᠦᠶ᠎ᠡ ᠶᠢᠨ ᠤᠯᠠᠭᠠᠨᠬᠦᠦ᠂ ᠯᠢ ᠵᠢᠩ ᠴᠢᠤᠸᠠᠨ᠂ ᠶᠣᠣ ᠵᠧ ᠵᠡᠷᠭᠡ ᠠᠬᠠᠮᠠᠳ ᠨᠢᠭᠡ | ᠦᠶ᠎ᠡ ᠶᠢᠨ ᠦᠭᠡᠶᠢᠭᠦᠦ ᠠᠩᠭᠢ ᠶᠢᠨ ᠬᠤᠪᠢᠰᠬᠠᠯᠴᠢᠳ ᠴᠡᠷᠢᠭ ᠠᠷᠠᠳ ᠢᠶᠠᠨ ᠳᠠᠭᠠᠭᠤᠯᠤᠨ ᠶᠠᠫᠣᠨ ᠢ ᠡᠰᠡᠷᠭᠦᠴᠡᠭᠰᠡᠨ ᠪᠠᠶᠢᠳᠠᠯ ᠢ ᠲᠠᠬᠢᠨ ᠢᠯᠡᠷᠡᠭᠦᠯᠪᠡ᠃ | ᠦᠵᠡᠰᠬᠦᠯᠡᠩ ᠤᠨ ᠣᠷᠳᠣᠨ ᠤ ᠪᠣᠳᠠᠲᠤ ᠪᠠᠶᠢᠳᠠᠯ ᠤᠨ ᠬᠤᠷᠠᠯ ᠤᠨ ᠲᠠᠩᠬᠢᠮ ᠳᠤ᠂ ᠪᠦᠬᠦ ᠨᠠᠮ ᠤᠨ ᠭᠡᠰᠢᠭᠦᠨ ᠨᠠᠮ ᠤᠨ ᠲᠤᠭ ᠲᠤ ᠬᠠᠨᠳᠤᠵᠤ᠂ ᠪᠠᠷᠠᠭᠤᠨ ᠨᠢᠳᠤᠷᠭ᠎ᠠ ᠪᠠᠨ | ᠥᠨᠳᠥᠷ ᠡᠷᠭᠦᠵᠦ ᠨᠠᠮ ᠳᠤ ᠣᠷᠣᠬᠤ ᠲᠠᠩᠭᠠᠷᠢᠭ ᠤᠨ ᠦᠭᠡᠰ ᠢᠶᠠᠨ ᠲᠠᠬᠢᠨ ᠰᠠᠨᠠᠭᠠᠯᠵᠠᠪᠠ ᠃ ᠳᠠᠷᠠᠭ᠎ᠠ ᠨᠢ ᠳᠠᠯᠠᠨ ᠬᠠᠷ᠎ᠠ ᠠᠭᠤᠯᠠ ᠶᠢᠨ ᠶᠠᠫᠣᠨ ᠢ ᠡᠰᠡᠷᠭᠦᠴᠡᠬᠦ ᠫᠠᠷᠲ᠋ᠢᠽᠠᠨ | ᠠᠩᠭᠢ ᠶᠢᠨ ᠰᠠᠯᠪᠤᠷᠢ ᠠᠩᠭᠢ ᠶᠢᠨ ᠰᠧᠯᠢᠩᠪᠦ᠋ ᠶᠢᠨ ᠪᠠᠭᠤᠷᠢ ᠳᠤ ᠬᠦᠷᠴᠦ ᠲᠣᠭᠤᠷᠢᠨ ᠂ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠤᠨ ᠳᠠᠯᠠᠨ ᠬᠠᠷ᠎ᠠ ᠠᠭᠤᠯᠠ ᠶᠢᠨ | ᠶᠠᠫᠣᠨ ᠢ ᠡᠰᠡᠷᠭᠦᠴᠡᠬᠦ ᠫᠠᠷᠲ᠋ᠢᠽᠠᠨ ᠲᠠᠶᠢᠨ ᠤ ᠰᠠᠭᠤᠷᠢᠨ ᠭᠠᠵᠠᠷ ᠢ ᠡᠭᠦᠳᠦᠨ ᠪᠠᠶᠢᠭᠤᠯᠤᠭᠰᠠᠨ ᠵᠢᠴᠢ ᠪᠠᠶᠢᠯᠳᠤᠭᠠᠨ ᠳᠤ ᠦᠵᠡᠭᠦᠯᠦᠭᠰᠡᠨ ᠭᠠᠷᠮᠠᠭᠠᠢ ᠬᠤᠪᠢ ᠨᠡᠮᠡᠷᠢ ᠶᠢ ᠨᠢ | ᠨᠠᠷᠢᠨ ᠣᠶᠢᠯᠠᠭᠠᠪᠠ᠃ | ᠨᠠᠮ ᠤᠨ ᠭᠡᠰᠢᠭᠦᠨ ᠺᠠᠳ᠋ᠷᠴᠤᠳ᠂ ᠤᠭ ᠰᠠᠨᠠᠭ᠎ᠠ ᠪᠠᠨ ᠦᠯᠦ ᠮᠠᠷᠲᠠᠵᠤ᠂ ᠡᠷᠡᠮᠡᠬᠡᠶᠢᠯᠡᠨ ᠤᠷᠤᠭᠰᠢᠯᠠᠵᠤ᠂ ᠪᠡᠶ᠎ᠡ ᠪᠠᠷ ᠢᠶᠠᠨ ᠬᠡᠪ ᠳᠠᠭᠤᠷᠢᠶᠠᠯ ᠪᠣᠯᠬᠤ᠂ ᠰᠢᠷᠭᠠᠭᠤ | ᠬᠠᠲᠠᠭᠤᠵᠢᠯᠲᠠᠶ ᠲᠡᠮᠡᠴᠡᠬᠦ ᠬᠤᠪᠢᠰᠬᠠᠯᠲᠤ ᠵᠣᠷᠢᠭ ᠰᠠᠨᠠᠭ᠎ᠠ ᠶᠢ ᠲᠤᠬᠠᠶᠢᠯᠠᠭᠰᠠᠨ ᠠᠵᠢᠯ ᠢᠶᠠᠨ ᠰᠠᠶᠢᠲᠤᠷ ᠬᠢᠬᠦ ᠳᠣᠲᠣᠭᠠᠳᠤ ᠬᠥᠳᠡᠯᠭᠡᠬᠦ ᠬᠦᠴᠦᠨ ᠪᠣᠯᠭᠠᠵᠤ᠂ ᠳᠤᠮᠳᠠᠳᠤ | ᠤᠯᠤᠰ ᠤᠨ ᠡᠪ ᠬᠠᠮᠲᠤᠴᠤᠳ ᠤᠨ ᠲᠡᠷᠢᠭᠦᠨ ᠤ ᠴᠢᠨᠠᠷ ᠪᠣᠯᠤᠨ ᠬᠥᠲᠥᠯᠥᠨ ᠳᠠᠭᠠᠭᠤᠯᠵᠤ ᠵᠢᠱᠢᠶ᠎ᠡ ᠦᠵᠡᠭᠦᠯᠬᠦ ᠦᠢᠯᠡᠳᠦᠯ ᠢ ᠰᠠᠶᠢᠲᠤᠷ ᠪᠠᠳᠠᠷᠠᠭᠤᠯᠤᠨ᠎ᠠ ᠭᠡᠵᠦ | ᠢᠯᠡᠳᠬᠡᠵᠡᠭᠡᠪᠡ᠃ | ︵ᠤᠯᠠᠭᠠᠨᠬᠦᠦ ᠶᠢᠨ ᠰᠠᠭᠤᠷᠢ ᠮᠥᠩᠭᠦᠨ ᠤ ᠨᠡᠶᠢᠭᠡᠮᠯᠢᠭ ᠤᠨ ᠠᠯᠪᠠᠨ ᠭᠡᠷ︶ | | |