ᠳᠠᠮᠵᠢᠭᠤᠯᠤᠨ ᠰᠠᠴᠤᠷᠠᠭᠤᠯᠬᠤ ᠲᠥᠪ ︽ᠠᠶᠤᠯᠭᠦᠢ ᠦᠢᠯᠡᠳᠪᠦᠷᠢᠯᠡᠯ ᠤᠨ ᠰᠠᠷ᠎ᠠ︾ ᠶᠢᠨ ᠰᠢᠷᠢᠰ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠪᠡ
ᠨᠡᠶᠢᠲᠡᠯᠡᠭᠰᠡᠨ ᠴᠠᠭ᠄
2024/7/9
  ᠶᠡᠷᠦᠩᠬᠡᠶ ᠱᠦᠵᠢ ᠰᠢ ᠶᠢᠨ ᠫᠢᠩ ᠤᠨ ᠠᠶᠤᠯᠭᠦᠶ ᠦᠢᠯᠡᠳᠪᠦᠷᠢᠯᠡᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠶᠢᠨ ᠲᠥᠯᠥᠭᠡ᠂ 23 ᠳ᠋ᠤᠭᠠᠷ ᠤᠳᠠᠭᠠᠨ ᠤ ᠪᠦᠬᠦ ᠤᠯᠤᠰ ᠤᠨ ︽ᠠᠶᠤᠯᠭᠦᠶ ᠦᠢᠯᠡᠳᠪᠦᠷᠢᠯᠡᠯ ᠤᠨ ᠰᠠᠷ᠎ᠠ︾ ᠶᠢᠨ ᠬᠤᠭᠤᠴᠠᠭᠠᠨ ᠳᠤ᠂ ᠳᠠᠮᠵᠢᠭᠤᠯᠤᠨ ᠰᠠᠴᠤᠷᠠᠭᠤᠯᠬᠤ ᠲᠥᠪ ᠨᠢ ᠺᠠᠳ᠋ᠷ ᠠᠵᠢᠯᠲᠠᠨ ᠠᠵᠢᠯᠴᠢᠨ ᠤ ᠠᠮᠤᠷ ᠲᠦᠪᠰᠢᠨ ᠤ ᠤᠬᠠᠮᠰᠠᠷ ᠪᠠ ᠪᠠᠴᠢᠮ ᠪᠠᠶᠢᠳᠠᠯ ᠢ ᠠᠷᠭᠠᠴᠠᠭᠠᠬᠤ ᠴᠢᠳᠠᠪᠤᠷᠢ ᠶᠢ ᠳᠡᠭᠡᠭᠰᠢᠯᠡᠭᠦᠯᠬᠦ ᠪᠠᠷ ᠬᠠᠷᠠᠯᠲᠠ ᠪᠣᠯᠭᠠᠵᠤ᠂ ᠡᠯ᠎ᠡ ᠬᠤᠪᠢᠶᠠᠷᠢ ᠰᠠᠯᠪᠤᠷᠢ ᠪᠠᠶᠢᠭᠤᠯᠤᠮᠵᠢ ᠶᠢ ᠵᠣᠬᠢᠶᠠᠨ ᠪᠠᠶᠢᠭᠤᠯᠵᠤ ︽ᠠᠶᠤᠯᠭᠦᠶ ᠦᠢᠯᠡᠳᠪᠦᠷᠢᠯᠡᠯ ᠤᠨ ᠰᠠᠷ᠎ᠠ︾ ᠶᠢᠨ ᠰᠢᠷᠢᠰ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠪᠡ᠃  ᠪᠠᠶᠢᠷᠢᠯᠠᠭᠤᠯᠤᠯᠲᠠ ᠳᠣᠬᠢᠷᠠᠭᠤᠯᠤᠯᠲᠠ  ᠶᠢ ᠨᠠᠷᠢᠨ ᠨᠢᠭᠲᠠᠵᠢᠭᠤᠯᠪᠠ ᠃ ᠲᠥᠬᠦᠭᠡᠷᠦᠮᠵᠢ ᠪᠡᠯᠡᠳᠭᠡᠮᠵᠢ ᠶᠢᠨ ᠠᠮᠤᠷ ᠲᠦᠪᠰᠢᠨ᠂ ᠭᠠᠯ ᠤᠨᠲᠠᠷᠠᠭᠠᠯᠲᠠ ᠶᠢᠨ ᠠᠮᠤᠷ ᠲᠦᠪᠰᠢᠨ᠂ ᠰᠦᠷᠳᠡᠭᠦᠯᠦᠯ ᠢ ᠡᠰᠡᠷᠭᠦᠴᠡᠵᠦ ᠬᠦᠴᠦᠷᠬᠡᠭᠯᠡᠯ ᠢ ᠰᠡᠷᠭᠡᠶᠢᠯᠡᠬᠦ᠂ ᠣᠨᠴᠠᠭᠠᠢ ᠴᠠᠭ ᠠᠭᠤᠷ ᠢ ᠰᠡᠷᠭᠡᠶᠢᠯᠡᠬᠦ ᠵᠡᠷᠭᠡ ᠲᠠᠯ᠎ᠠ ᠶᠢᠨ ᠠᠶᠤᠯᠭᠦᠢ ᠦᠢᠯᠡᠳᠪᠦᠷᠢᠯᠡᠯ ᠤᠨ ᠬᠠᠮᠢᠶ᠎ᠠ ᠪᠦᠬᠦᠢ ᠠᠭᠤᠯᠭ᠎ᠠ ᠶᠢ ᠲᠤᠬᠢᠷᠠᠭᠤᠯᠤᠨ ᠪᠠᠶᠢᠷᠢᠯᠠᠭᠤᠯᠵᠤ᠂ ᠡᠯ᠎ᠡ ᠰᠠᠯᠪᠤᠷᠢ ᠪᠠᠶᠢᠭᠤᠯᠤᠮᠵᠢ ᠠᠶᠤᠯᠭᠦᠢ ᠦᠢᠯᠡᠳᠪᠦᠷᠢᠯᠡᠯ ᠤᠨ ᠬᠤᠷᠠᠯ ᠢ ᠴᠠᠭ ᠲᠤᠬᠠᠢ ᠳᠤ ᠨᠢ ᠬᠤᠷᠠᠯᠳᠤᠭᠤᠯᠵᠤ᠂ ᠤᠢᠢᠷ᠎ᠠ ᠶᠢᠨ ᠬᠤᠭᠤᠴᠠᠭᠠᠨ ᠤ ᠠᠶᠤᠯᠭᠦᠢ ᠦᠢᠯᠡᠳᠪᠦᠷᠢᠯᠡᠯ ᠤᠨ ᠭᠤᠣᠯᠳᠠᠯᠭ᠎ᠠ ᠲᠠᠢ ᠠᠵᠢᠯ ᠢ ᠢᠳᠡᠪᠬᠢᠲᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭᠠᠲᠤ ᠰᠡᠳᠬᠢᠯᠭᠡ ᠪᠣᠯᠤᠨ ᠲᠤᠯᠭᠠᠮ ᠰᠡᠳᠬᠢᠯᠭᠡ ᠪᠠᠨ ᠲᠠᠰᠤᠷᠠᠯᠳᠡ ᠦᠭᠡᠢ ᠴᠢᠩᠭᠠᠳᠬᠠᠪᠠ᠃  ᠰᠣᠷᠬᠤ ᠪᠣᠯᠪᠠᠰᠤᠷᠠᠬᠤ ᠶᠢᠨ ᠤᠶᠠᠯᠳᠤᠯ ᠢ ᠪᠠᠷᠢᠮᠲᠠᠯᠠᠪᠠ ᠃ ᠡᠯ᠎ᠡ ᠰᠠᠯᠪᠤᠷᠢ ᠪᠠᠶᠢᠭᠤᠯᠤᠮᠵᠢ ᠠᠶᠤᠯᠭᠦᠢ ᠦᠢᠯᠡᠳᠪᠦᠷᠢᠯᠡᠯ ᠤᠨ ᠤᠨᠤᠯ ᠤᠨ ᠪᠣᠯᠪᠠᠰᠤᠷᠠᠯ ᠢ ᠥᠷᠨᠢᠭᠦᠯᠵᠦ ᠂ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ ᠦᠵᠡᠬᠦ᠂ ᠭᠡᠮ ᠰᠣᠭᠤᠭ ᠢ ᠵᠢᠭᠰᠠᠭᠠᠨ ᠪᠠᠶᠢᠴᠠᠭᠠᠬᠤ ᠪᠠ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠬᠢᠬᠦ ᠵᠡᠷᠭᠡ ᠡᠯ᠎ᠡ ᠲᠦᠷᠦᠯ ᠤᠨ ᠠᠵᠢᠯᠯᠠᠭ᠎ᠠ ᠶᠢ 265 ᠲᠠᠯᠠᠪᠠᠢ ᠤᠳᠠᠭ᠎ᠠ ᠥᠷᠨᠢᠭᠦᠯᠵᠦ᠂ ᠺᠠᠳ᠋ᠷ ᠠᠵᠢᠯᠳᠠᠨ ᠤ ᠠᠮᠤᠷ ᠲᠦᠪᠰᠢᠨ ᠤ ᠤᠨᠤᠯ ᠤᠨ ᠮᠡᠳᠡᠯᠭᠡ ᠶᠢ ᠦᠨᠡᠨ ᠬᠦ ᠪᠠᠶᠠᠯᠢᠭᠵᠢᠭᠤᠯᠵᠤ᠂ ᠠᠮᠤᠷ ᠲᠦᠪᠰᠢᠨ ᠤ ᠠᠳᠡᠯ ᠢ ᠰᠡᠷᠭᠡᠶᠢᠯᠡᠬᠦ ᠤᠬᠠᠮᠰᠠᠷ ᠪᠣᠯᠤᠨ ᠪᠠᠴᠢᠮ ᠪᠠᠶᠢᠳᠠᠯ ᠢ ᠠᠷᠭᠠᠴᠠᠭᠠᠬᠤ ᠪᠠᠶᠢᠳᠠᠯ ᠳᠣᠣᠷᠠᠬᠢ ᠥᠪᠡᠷ ᠢ ᠪᠠᠨ ᠠᠪᠤᠷᠠᠬᠤ ᠴᠢᠳᠠᠪᠤᠷᠢ ᠶᠢ ᠨᠢ ᠳᠡᠭᠡᠭᠰᠢᠯᠡᠭᠦᠯᠪᠡ᠃  ᠥᠷᠭᠡᠨ ᠢᠶᠠᠷ ᠤᠬᠠᠭᠤᠯᠤᠨ ᠳᠠᠶᠢᠴᠢᠯᠠᠪᠠ᠃ ᠡᠯ᠎ᠡ ᠰᠠᠭᠤᠭ᠎ᠠ ᠭᠠᠵᠠᠷ ᠥᠷᠲᠡᠭᠡ ᠠᠶᠤᠯᠭᠦᠶ ᠦᠢᠯᠡᠳᠪᠦᠷᠢᠯᠡᠯ ᠤᠨ ︽ᠲᠠᠪᠤ ᠶᠢ ᠣᠷᠣᠭᠤᠯᠬᠤ︾ ᠠᠵᠢᠯ ᠢ ᠢᠳᠡᠪᠬᠢᠲᠡᠶ ᠥᠷᠨᠢᠭᠦᠯᠵᠦ᠂ ᠲᠤᠬᠠᠶᠢᠯᠠᠪᠠᠯ ᠠᠵᠤ ᠠᠬᠤᠶᠢᠯᠠᠯ᠂ ᠮᠠᠯᠵᠢᠬᠤ ᠲᠠᠷᠢᠶᠠᠯᠠᠬᠤ ᠣᠷᠣᠨ᠂ ᠨᠡᠶᠢᠭᠡᠮ ᠲᠣᠭᠤᠷᠢᠭ᠂ ᠬᠡᠷ ᠪᠦᠯᠢ᠂ ᠰᠤᠷᠭᠠᠭᠤᠯᠢ ᠵᠡᠷᠭᠡ ᠲᠠᠯᠠᠪᠤᠷ ᠲᠤ ᠬᠦᠷᠴᠦ᠂ ᠬᠥᠨᠳᠡᠯᠡᠨ ᠪᠢᠴᠢᠭᠡᠰᠦ ᠡᠯᠭᠦᠬᠦ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠪᠠᠷ ᠳᠠᠮᠵᠢᠭᠤᠯᠤᠨ ᠥᠷᠭᠡᠨ ᠣᠯᠠᠨ ᠲᠦᠮᠡᠨ  ᠳᠤ ᠭᠠᠯ ᠬᠡᠷᠡᠭᠯᠡᠬᠦ᠂ ᠴᠠᠬᠢᠯᠭᠠᠨ ᠬᠡᠷᠡᠭᠯᠡᠬᠦ᠂ ᠬᠡᠶ ᠬᠡᠷᠡᠭᠯᠡᠬᠦ ᠵᠡᠷᠭᠡ ᠠᠮᠤᠷ ᠲᠦᠪᠰᠢᠨ ᠤ ᠮᠡᠳᠡᠯᠭᠡ ᠶᠢ ᠲᠦᠭᠡᠮᠡᠯᠵᠢᠭᠦᠯᠵᠦ᠂ ᠨᠡᠶᠢᠲᠡ 60 ᠭᠠᠷᠤᠶ ᠤᠳᠠᠭ᠎ᠠ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ 1647 ᠬᠥᠮᠦᠨ ᠣᠷᠣᠯᠴᠠᠵᠤ᠂ ᠰᠠᠭᠤᠭᠠᠯᠢ ᠠᠷᠠᠳ ᠣᠯᠠᠨ ᠢ ᠪᠥᠬᠦ ᠲᠠᠯ᠎ᠠ ᠪᠠᠷ ᠳᠠᠶᠢᠴᠢᠯᠠᠨ ᠲᠠᠭᠠᠯᠠᠮᠵᠢᠲᠠᠶ᠂ ᠠᠮᠤᠷ ᠲᠦᠪᠰᠢᠨ ᠠᠮᠢᠳᠤᠷᠠᠯ ᠤᠨ ᠣᠷᠴᠢᠨ ᠲᠣᠭᠤᠷᠢᠨ ᠢ ᠪᠣᠶ ᠪᠣᠯᠭᠠᠪᠠ᠃  ᠦᠶᠡᠷ ᠤᠨ ᠬᠤᠭᠤᠴᠠᠭᠠᠨ ᠤ ᠬᠠᠮᠢᠶᠠᠷᠤᠯᠲᠠ ᠶᠢ ᠴᠢᠩᠭᠠᠷᠠᠭᠤᠯᠪᠠ ᠃ ᠡᠯ᠎ᠡ ᠰᠠᠯᠪᠤᠷᠢ ᠪᠠᠶᠢᠭᠤᠯᠤᠮᠵᠢ ᠶᠢ ᠵᠣᠬᠢᠶᠠᠨ ᠪᠠᠶᠢᠭᠤᠯᠤᠨ ᠠᠮᠤᠷ ᠲᠦᠪᠰᠢᠨ ᠤ ᠳᠠᠯᠳᠠ ᠭᠡᠮ ᠢ ᠪᠦᠬᠦ ᠲᠠᠯ᠎ᠠ ᠪᠠᠷ ᠡᠮᠬᠢᠯᠡᠨ ᠲᠢᠭᠯᠡᠬᠦ ᠶᠢᠨ ᠬᠠᠮᠲᠤ ᠭᠠᠷᠴᠤ ᠮᠡᠳᠡᠬᠦ ᠪᠠᠶᠢᠭᠠᠯᠢ ᠶᠢᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠭᠠᠬᠤ ᠵᠣᠬᠢᠴᠠᠩᠭᠤᠶ ᠰᠣᠷᠢᠯᠲᠠ ᠪᠠ ᠡᠳ᠋ ᠪᠣᠳᠠᠰ ᠤᠨ ᠨᠥᠭᠡᠴᠡᠯᠡᠯᠲᠡ ᠶᠢ ᠰᠠᠶᠢᠲᠤᠷ ᠬᠢᠪᠡ︔ ᠵᠢᠵᠢᠭᠦᠷᠯᠡᠨ ᠰᠠᠬᠢᠬᠤ ᠳᠦᠷᠢᠮ ᠢ ᠴᠢᠩᠭ᠎ᠠ ᠬᠡᠷᠡᠭᠵᠢᠭᠦᠯᠵᠦ᠂ ᠲᠦᠢᠯ ᠤᠨ ᠴᠠᠭ ᠠᠭᠤᠷ ᠤᠨ ᠪᠠᠶᠢᠳᠠᠯ ᠭᠠᠷᠪᠠᠯ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠴᠠᠭ ᠲᠤᠬᠠᠶ ᠳᠤ ᠨᠢ ᠡᠬᠢᠯᠡᠭᠦᠯᠬᠦ ᠶᠢᠨ ᠬᠠᠮᠲᠤ ᠳᠡᠭᠡᠭᠰᠢ ᠮᠡᠳᠡᠭᠦᠯᠬᠦ ᠠᠵᠢᠯ ᠢ ᠰᠠᠶᠢᠲᠤᠷ ᠬᠢᠪᠡ ︔ ᠴᠠᠭ ᠠᠭᠤᠷ᠂ ᠤᠰᠤᠨ ᠰᠢᠨᠵᠢᠯᠡᠭᠡ᠂ ᠦᠶᠡᠷ ᠢ ᠰᠡᠷᠭᠡᠶᠢᠯᠡᠬᠦ ᠵᠡᠷᠭᠡ ᠰᠠᠯᠠᠭ᠎ᠠ ᠮᠥᠴᠢᠷ ᠤᠳ ᠲᠠᠢ ᠨᠡᠪᠲᠡᠷᠡᠯᠴᠡᠭᠡ ᠬᠠᠷᠢᠯᠴᠠᠭ᠎ᠠ ᠪᠠᠨ ᠴᠢᠩᠭᠠᠳᠬᠠᠵᠤ᠂ ᠪᠣᠷᠣᠭᠠᠨ ᠤ ᠪᠠᠶᠢᠳᠠᠯ᠂ ᠤᠰᠤᠨ ᠤ ᠪᠠᠶᠢᠳᠠᠯ᠂ ᠭᠠᠵᠠᠷ ᠤᠨ ᠭᠠᠶ ᠭᠠᠮᠰᠢᠭ ᠢ ᠲᠥᠰᠦᠭᠡᠯᠡᠵᠦ ᠤᠷᠢᠳᠴᠢᠯᠠᠨ ᠮᠡᠳᠡᠭᠡᠯᠡᠬᠦ ᠪᠠᠶᠢᠳᠠᠯ ᠢ ᠴᠠᠭ ᠲᠤᠬᠠᠶ ᠳᠤ ᠨᠢ ᠡᠵᠡᠮᠰᠢᠵᠦ᠂ ᠮᠡᠳᠡᠭᠡ ᠵᠠᠩᠭᠢ ᠶᠢᠨ ᠤᠷᠢᠳᠴᠢᠯᠠᠨ ᠰᠡᠷᠡᠮᠵᠢᠯᠡᠭᠦᠯᠬᠦ ᠨᠡᠪᠲᠡᠷᠡᠬᠦ ᠵᠠᠮ ᠢ ᠤᠯᠠᠮ ᠨᠢᠭᠡ ᠠᠯᠬᠤᠮ ᠰᠠᠭᠠᠳ ᠦᠭᠡᠢ ᠨᠡᠪᠲᠡᠷᠡᠭᠦᠯᠪᠡ ᠃  ᠳᠠᠮᠵᠢᠭᠤᠯᠤᠨ ᠰᠠᠴᠤᠷᠠᠭᠤᠯᠬᠤ ᠲᠥᠪ ᠤᠨ ᠬᠢᠨ ︽ᠠᠶᠤᠯᠭᠦᠢ ᠦᠢᠯᠡᠳᠪᠦᠷᠢᠯᠡᠯ ᠤᠨ ᠰᠠᠷ᠎ᠠ︾ ᠶᠢᠨ ᠰᠢᠷᠢᠰ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠠᠶᠤᠯᠭᠦᠢ ᠦᠢᠯᠡᠳᠪᠦᠷᠢᠯᠡᠯ ᠤᠨ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠵᠤ᠂ ᠪᠦᠬᠦ ᠠᠷᠠᠳ ᠢᠶᠠᠷ ᠢᠶᠠᠨ ᠠᠮᠤᠷ ᠲᠦᠪᠰᠢᠨ ᠢ ᠬᠠᠯᠠᠮᠵᠢᠯᠠᠬᠤ᠂ ᠠᠮᠤᠷ ᠲᠦᠪᠰᠢᠨ ᠢ ᠴᠢᠬᠤᠯᠠᠴᠢᠯᠠᠬᠤ ᠭᠦᠨ ᠵᠤᠵᠠᠭᠠᠨ ᠠᠭᠤᠷ ᠠᠮᠢᠰᠬᠤᠯ ᠢ ᠬᠦᠴᠦᠯᠡᠨ ᠪᠤᠢ ᠪᠣᠯᠭᠠᠨ᠎ᠠ᠃︵ᠳᠠᠮᠵᠢᠭᠤᠯᠤᠨ ᠰᠠᠴᠤᠷᠠᠭᠤᠯᠬᠤ ᠲᠥᠪ︶ 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠷᠠᠳᠢᠤ᠋ ᠲᠧᠯᠸᠢᠰ ᠤᠨ ᠲᠤᠪᠴᠢᠶ᠎ᠠ