ᠲᠧᠯᠸᠢᠰ ᠤᠨ ᠳᠠᠪᠲᠠᠨ ᠰᠦᠢᠳᠬᠡᠯ ᠬᠤᠷᠢᠶᠠᠬᠤ ᠪᠠ ᠪᠤᠳᠤᠯᠢᠶᠠᠨᠲᠤ ᠠᠵᠢᠯᠯᠠᠭᠠᠨ ᠤ ᠠᠵᠢᠯ ᠤᠨ ᠵᠠᠰᠠᠯᠲᠠ ᠶᠢᠨ ᠱᠠᠲᠤ ᠦᠶ᠎ᠡ ᠶᠢᠨ ᠴᠢᠨᠠᠷᠲᠠᠶ ᠳ᠋ᠦᠩᠨᠡᠨ ᠪᠠᠶᠢᠷᠢᠯᠠᠭᠤᠯᠬᠤ ᠠᠵᠢᠯ ᠢ ᠠᠬᠢᠭᠤᠯᠬᠤ ᠬᠤᠷᠠᠯ ᠪᠡᠭᠡᠵᠢᠩ ᠳᠤ ᠬᠤᠷᠠᠯᠳᠤᠪᠠ
ᠨᠡᠶᠢᠲᠡᠯᠡᠭᠰᠡᠨ ᠴᠠᠭ᠄
2024/8/1
  7 ᠳ᠋ᠤᠭᠠᠷ ᠰᠠᠷ᠎ᠠ ᠶᠢᠨ 29 ᠤ ᠡᠳᠦᠷ᠂ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠲᠥᠪ ᠤᠨ ᠤᠬᠠᠭᠤᠯᠬᠤ ᠬᠡᠯᠲᠡᠰ᠂ ᠲᠥᠪ ᠤᠨ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠬᠡᠷ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ᠂ ᠬᠤᠳᠠᠯᠳᠤᠭᠠᠨ ᠤ ᠶᠠᠪᠤᠳᠠᠯ ᠤᠨ ᠶᠠᠮᠤᠨ᠂ ᠰᠣᠶᠣᠯ ᠪᠠ ᠵᠢᠭᠤᠯᠴᠢᠯᠠᠯ ᠤᠨ ᠶᠠᠮᠤᠨ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ᠂ ᠲᠥᠪ ᠤᠨ ᠷᠠᠳᠢᠣ᠋ ᠲᠧᠯᠸᠢᠰ ᠤᠨ ᠶᠡᠷᠦᠩᠬᠡᠶ ᠬᠤᠷᠢᠶ᠎ᠠ᠂ ᠳᠤᠮᠳᠠᠳᠤ ᠤᠯᠤᠰ ᠤᠨ ᠬᠡᠷᠡᠭᠯᠡᠭᠴᠢᠳ ᠤᠨ ᠨᠡᠶᠢᠭᠡᠮᠯᠢᠭ ᠵᠡᠷᠭᠡ ᠰᠠᠯᠠᠭ᠎ᠠ ᠮᠥᠴᠢᠷ ᠨᠢᠭᠡᠴᠢ ᠲᠠᠢ ᠬᠠᠮᠲᠤᠷᠠᠨ᠂ ᠲᠧᠯᠸᠢᠰ ᠤᠨ ᠳᠠᠪᠲᠠᠨ ᠰᠦᠢᠳᠭᠡᠯ ᠬᠤᠷᠢᠶᠠᠬᠤ ᠪᠠ ᠪᠤᠳᠤᠯᠢᠶᠠᠨᠲᠤ ᠠᠵᠢᠯᠯᠠᠭᠠᠨ ᠤ ᠠᠵᠢᠯ ᠢ ᠳ᠋ᠦᠩᠨᠡᠨ ᠪᠠᠶᠢᠷᠢᠯᠠᠭᠤᠯᠵᠤ ᠠᠬᠢᠭᠤᠯᠬᠤ ᠬᠤᠷᠠᠯ ᠬᠤᠷᠠᠯᠳᠤᠭᠤᠯᠪᠠ᠃  ᠬᠤᠷᠠᠯ ᠠᠴᠠ ᠲᠧᠯᠸᠢᠰ ᠤᠨ ᠳᠠᠪᠲᠠᠨ ᠰᠦᠢᠳᠬᠡᠯ ᠬᠤᠷᠢᠶᠠᠬᠤ ᠪᠠ ᠪᠤᠳᠤᠯᠢᠶᠠᠨᠲᠤ ᠠᠵᠢᠯᠯᠠᠭᠠᠨ ᠤ ᠠᠵᠢᠯ ᠤᠨ ᠬᠤᠶᠠᠳᠤᠭᠠᠷ ᠱᠠᠲᠤᠨ ᠤ ᠠᠵᠢᠯ ᠤᠨ ᠠᠬᠢᠴᠠ ᠶᠢᠨ ᠪᠠᠶᠢᠳᠠᠯ ᠪᠠ ᠦᠷ᠎ᠡ ᠪᠦᠲᠦᠮᠵᠢ ᠶᠢ ᠵᠠᠷᠯᠠᠨ ᠮᠡᠳᠡᠭᠳᠡᠪᠡ᠃ ᠡᠨᠡ ᠵᠢᠯ ᠤᠨ ᠳᠡᠭᠡᠳᠦ ᠬᠠᠭᠠᠰ ᠵᠢᠯ ᠳᠤ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠬᠦᠴᠦ ᠪᠠᠨ ᠬᠠᠮᠲᠤᠳᠬᠠᠨ ᠬᠠᠮᠲᠤᠷᠠᠯᠴᠠᠵᠤ᠂ ᠵᠠᠰᠠᠯᠲᠠ ᠶᠢᠨ ᠬᠡᠯᠬᠢᠶ᠎ᠡ ᠳᠡᠭᠡᠷᠡᠬᠢ ᠡᠯ᠎ᠡ ᠲᠥᠷᠥᠯ ᠤᠨ ᠭᠤᠣᠯ ᠴᠣᠭᠴᠠ ᠪᠦᠬᠦ ᠬᠦᠴᠦᠨ ᠢᠶᠠᠷ ᠢᠶᠠᠨ ᠴᠢᠷᠮᠠᠶᠢᠵᠤ᠂ ᠬᠤᠶᠠᠳᠤᠭᠠᠷ ᠱᠠᠲᠤᠨ ᠤ ᠬᠠᠷᠠᠯᠲᠠ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠪᠡ᠃ 6 ᠳ᠋ᠤᠭᠠᠷ ᠰᠠᠷ᠎ᠠ ᠶᠢᠨ 30 ᠤ ᠡᠳᠦᠷ ᠪᠣᠯᠲᠠᠯ᠎ᠠ᠂ ᠪᠥᠬᠦ ᠤᠯᠤᠰ ᠤᠨ ᠨᠠᠮ ᠵᠠᠰᠠᠭ ᠤᠨ ᠪᠠᠶᠢᠭᠤᠯᠭ᠎ᠠ ᠶᠢᠨ ᠬᠤᠷᠠᠯ ᠤᠨ ᠲᠣᠭᠲᠠᠭᠰᠠᠨ ᠴᠡᠭ ᠤᠨ ᠪᠠᠭᠤᠳᠠᠯ᠂ ᠭᠤᠷᠪᠠᠨ ᠣᠳᠣᠨ ᠲᠠᠰ ᠵᠢᠴᠢ ᠲᠡᠭᠦᠨ ᠠᠴᠠ ᠳᠡᠭᠡᠭᠰᠢᠬᠢ ᠪᠠᠭᠤᠳᠠᠯ᠂ 7 ᠲᠤᠷᠰᠢᠯᠲᠠ ᠶᠢᠨ ᠮᠤᠵᠢ ᠬᠤᠲᠠ ᠶᠢᠨ ᠵᠣᠴᠢᠳ ᠤᠨ ᠪᠠᠭᠤᠳᠠᠯ ᠳᠤ ᠵᠥᠭᠡᠯᠡᠨ ᠲᠣᠨᠤᠭ ᠢ ᠲᠠᠰ ᠳᠡᠪᠰᠢᠭᠦᠯᠬᠦ ᠨᠥᠬᠦᠴᠡᠯ ᠢ ᠪᠦᠷᠢᠯᠳᠦᠭᠦᠯᠦᠭᠰᠡᠨ 1.62 ᠲᠦᠮᠡᠨ ᠵᠣᠴᠢᠳ ᠤᠨ ᠪᠠᠭᠤᠳᠠᠯ᠂ ᠴᠡᠭᠴᠡᠯᠡᠨ ᠵᠠᠰᠠᠬᠤ ᠠᠵᠢᠯ ᠢ ᠪᠦᠬᠦᠨ ᠢ ᠪᠡᠶᠡᠯᠡᠭᠦᠯᠵᠦ᠂ 252 ᠲᠦᠮᠡᠨ ᠲᠠᠰᠤᠯᠭ᠎ᠠ ᠵᠣᠴᠢᠳ ᠤᠨ ᠪᠠᠭᠤᠳᠠᠯ ᠤᠨ ᠵᠣᠴᠢᠨ ᠤ ᠥᠷᠥᠭᠡ ᠳᠤ ᠳᠥᠭᠦᠮ ᠳᠥᠲᠡ ᠲᠧᠯᠸᠢᠰ ᠦᠵᠡᠬᠦ ᠶᠢ ᠪᠡᠶᠡᠯᠡᠭᠦᠯᠪᠡ᠃ ᠳᠤᠮᠳᠠᠳᠤ ᠤᠯᠤᠰ ᠤᠨ ᠬᠡᠷᠡᠭᠯᠡᠭᠴᠢᠳ ᠤᠨ ᠨᠡᠶᠢᠭᠡᠮᠯᠢᠭ ᠤᠨ ᠪᠠᠶᠢᠴᠠᠭᠠᠨ ᠦᠨᠡᠯᠡᠬᠦ ᠮᠡᠳᠡᠭᠦᠯᠦᠯᠲᠡ ᠠᠴᠠ ᠦᠵᠡᠬᠦ ᠳᠤ᠂ 97.9% ᠶᠢᠨ ᠬᠡᠷᠡᠭᠯᠡᠭᠴᠢ ᠵᠣᠴᠢᠳ ᠪᠠᠭᠤᠳᠠᠯ ᠤᠨ ᠲᠧᠯᠧᠢᠰ ᠤᠨ ᠠᠵᠢᠯᠯᠠᠭ᠎ᠠ ᠶᠡᠷᠦᠩᠬᠡᠢ ᠳᠤ ᠪᠠᠨ ᠳᠥᠬᠦᠮ ᠪᠣᠯᠪᠠ ᠭᠡᠵᠦ ᠦᠵᠡᠪᠡ᠃ ᠰᠢᠨ᠎ᠡ ᠪᠠᠷ ᠨᠡᠮᠡᠭᠳᠡᠭᠰᠡᠨ 117 ᠨᠢᠰᠬᠡᠯ ᠤᠨ ᠪᠠᠭᠤᠳᠠᠯ᠂ ᠲᠧᠯᠸᠢᠰ ᠰᠤᠪᠠᠭ ᠢᠶᠠᠷ ᠨᠡᠪᠲᠡᠷᠡᠭᠦᠯᠬᠦ ᠦᠢᠯᠡᠴᠢᠯᠡᠭᠡᠨ ᠤ ᠶᠡᠷᠦᠩᠬᠡᠶ ᠲᠤᠭ᠎ᠠ ᠨᠢ 215 ᠪᠣᠯᠵᠤ᠂ ᠪᠦᠬᠦ ᠤᠯᠤᠰ ᠤᠨ ᠨᠢᠰᠬᠡᠯ ᠤᠨ ᠪᠠᠭᠤᠳᠠᠯ ᠤᠨ ᠶᠡᠷᠦᠩᠬᠡᠶ ᠲᠣᠭᠠᠨ ᠤ 78.8% ᠶᠢ ᠡᠵᠡᠯᠡᠪᠡ᠃ ᠢᠨᠲ᠋ᠧᠷ ᠰᠦᠯᠵᠢᠶᠡᠨ ᠤ ᠲᠧᠯᠸᠢᠰ ᠤᠨ ᠨᠡᠪᠲᠡᠷᠡᠭᠦᠯᠭᠡ ᠶᠢ ᠡᠵᠡᠮᠳᠡᠬᠦ ᠬᠠᠮᠢᠶᠠᠷᠤᠯᠲᠠ ᠶᠢ ᠰᠢᠯᠢᠳᠡᠭᠵᠢᠭᠦᠯᠦᠨ ᠴᠢᠩᠭᠠᠳᠬᠠᠵᠤ᠂ 7 ᠢᠨᠲ᠋ᠧᠷ ᠰᠦᠯᠵᠢᠶᠡᠨ ᠤ ᠲᠧᠯᠸᠢᠰ ᠤᠨ ᠬᠤᠷᠠᠮᠠᠯ ᠲᠠᠪᠴᠠᠩ ᠲᠠᠢ ᠬᠠᠮᠲᠤᠷᠠᠨ 20 ᠭᠠᠷᠤᠶ ᠭᠤᠤᠯ ᠤᠷᠤᠰᠬᠠᠯ ᠤᠨ ᠲᠧᠯᠸᠢᠰ ᠤᠨ ᠦᠵᠦᠭᠦᠷ ᠤᠨ ᠦᠢᠯᠡᠳᠪᠦᠷᠢ ᠲᠠᠢ ᠬᠤᠯᠪᠣᠭᠠᠯᠠᠨ ᠴᠡᠭᠴᠡᠯᠡᠨ ᠰᠠᠶᠢᠵᠢᠷᠠᠭᠤᠯᠵᠤ᠂ 2.812 ᠳ᠋ᠦᠩᠰᠢᠭᠤᠷ ᠰᠦᠯᠵᠢᠶᠡᠨ ᠤ ᠲᠧᠯᠸᠢᠰ ᠤᠨ ᠦᠵᠦᠭᠦᠷ ᠲᠤ ᠬᠤᠯᠪᠣᠭᠳᠠᠵᠠᠢ᠃ 2 ᠳ᠋ᠦᠩᠰᠢᠭᠤᠷ ᠭᠠᠷᠤᠢ ᠤᠲᠠᠰᠤᠲᠤ ᠲᠧᠯᠸᠢᠰ ᠪᠠ IPTV ᠬᠡᠷᠡᠭᠯᠡᠭᠴᠢ ᠠᠯᠤᠰ ᠡᠵᠡᠮᠰᠢᠭᠦᠷ ᠢᠶᠠᠷ ᠲᠧᠯᠸᠢᠰ ᠦᠵᠡᠬᠦ ᠶᠢ ᠰᠤᠷᠤᠯᠴᠠᠵᠤ᠂ ᠠᠯᠤᠰ ᠡᠵᠡᠮᠰᠢᠭᠦᠷ ᠢᠶᠠᠷ ᠲᠧᠯᠸᠢᠰ ᠦᠵᠡᠬᠦ ᠶᠢ ᠠᠩᠬ᠎ᠠ ᠠᠯᠬᠤᠮ ᠪᠡᠶᠡᠯᠡᠭᠦᠯᠪᠡ︔ ᠬᠡᠳᠦ ᠤᠯᠠᠭᠠᠨ ᠤ ᠭᠠᠳᠠᠨᠠᠬᠢ᠂ ᠬᠥᠬᠡ ᠰᠢᠳᠦ ᠪᠠ ᠣᠳᠣᠨ ᠭᠢᠯᠪᠠᠭᠠᠨ ᠰᠢᠨ᠎ᠡ ᠬᠡᠯᠪᠡᠷᠢ ᠶᠢᠨ ᠭᠤᠷᠪᠠᠨ ᠵᠠᠭᠪᠤᠷ ᠤᠨ ᠨᠡᠶᠢᠳᠡᠮ ᠬᠡᠷᠡᠭᠯᠡᠬᠦ ᠠᠯᠤᠰ ᠡᠵᠡᠮᠰᠢᠯ ᠳᠤ ᠰᠠᠭᠤᠷᠢᠯᠠᠭᠰᠠᠨ ᠪᠥᠭᠡᠳ 6 ᠮᠣᠵᠢ ᠶᠢᠨ ᠤᠲᠠᠰᠤᠲᠤ ᠲᠧᠯᠸᠢᠰ ᠪᠠ IPTV ᠡᠵᠡᠩᠨᠡᠯᠲᠡ ᠶᠢᠨ ᠬᠤᠳᠠᠯᠳᠤᠭᠠᠴᠢᠨ ᠳᠤ ᠬᠡᠮᠵᠢᠨ ᠲᠤᠷᠰᠢᠵᠤ ᠰᠢᠯᠭᠠᠨ ᠪᠠᠲᠤᠯᠠᠬᠤ ᠶᠢ ᠵᠣᠬᠢᠶᠠᠨ ᠪᠠᠶᠢᠭᠤᠯᠪᠠ︔ ᠡᠭᠦᠨ ᠤ ᠬᠠᠮᠲᠤ᠂ ᠭᠠᠷ ᠤᠲᠠᠰᠤᠨ ᠤ ᠠᠯᠤᠰ ᠡᠵᠡᠮᠰᠢᠯ  ᠢ ᠢᠳᠡᠪᠬᠢᠲᠡᠢ ᠲᠡᠭᠦᠯᠳᠡᠷᠵᠢᠭᠦᠯᠪᠡ᠃ ᠳᠤᠮᠳᠠᠳᠤ ᠤᠯᠤᠰ ᠤᠨ ᠬᠡᠷᠡᠭᠯᠡᠭᠴᠢᠳ ᠤᠨ ᠨᠡᠶᠢᠭᠡᠮᠯᠢᠭ ᠤᠨ ᠪᠠᠶᠢᠴᠠᠭᠠᠨ ᠦᠨᠡᠯᠡᠬᠦ ᠮᠡᠳᠡᠭᠦᠯᠦᠯᠲᠡ ᠳᠤ᠂ ᠨᠢᠭᠡᠨᠲᠡ ᠨᠠᠢᠮᠠᠨ ᠬᠤᠪᠢ ᠶᠢ ᠳᠠᠪᠠᠭᠰᠠᠨ ᠬᠡᠷᠡᠭᠯᠡᠭᠴᠢ ᠤᠯᠠᠭᠠᠨ ᠤ ᠭᠠᠳᠠᠨᠠᠬᠢ ᠠᠯᠤᠰ ᠡᠵᠡᠮᠰᠢᠭᠦᠷ ᠤᠨ ᠰᠤᠷᠤᠯᠴᠠᠯᠭ᠎ᠠ ᠶᠢ ᠪᠡᠶᠡᠯᠡᠭᠦᠯᠵᠦ᠂ ᠬᠡᠷᠡᠭᠯᠡᠭᠴᠢᠳ ᠤᠨ ᠬᠡᠷᠡᠭᠯᠡᠬᠦ ᠳᠤ ᠰᠡᠳᠭᠢᠯ ᠬᠠᠨᠤᠮᠵᠢᠲᠠᠢ ᠪᠠᠶᠢᠬᠤ ᠬᠡᠮᠵᠢᠶ᠎ᠡ 9 ᠬᠤᠪᠢ ᠶᠢ ᠳᠠᠪᠠᠪᠠ᠃ 8 ᠲᠥᠷᠥᠯ ᠤᠨ ᠰᠢᠭᠢᠳᠭᠡᠯ ᠮᠠᠶ᠋ᠢᠭ ᠤᠨ ᠪᠢᠴᠢᠯ ᠬᠡᠯᠪᠡᠷᠢ ᠶᠢᠨ ᠲᠸᠢᠸᠢᠰ ᠤᠨ ᠳᠠᠪᠲᠠᠮᠵᠢ ᠬᠤᠷᠢᠶᠠᠭᠤᠷ ᠪᠠ 3 ᠵᠦᠢᠯ ᠤᠨ ᠤᠲᠠᠰᠤᠲᠤ ᠲᠧᠯᠸᠢᠰ ᠤᠨ ᠳᠠᠩ ᠴᠢᠭᠯᠡᠯ ᠲᠠᠢ ᠰᠦᠯᠵᠢᠶᠡᠨ ᠤ ᠪᠣᠭᠤᠮᠲᠠ ᠶᠢ ᠠᠮᠵᠢᠯᠲᠠ ᠲᠠᠢ ᠰᠤᠳᠤᠯᠤᠨ ᠨᠡᠭᠡᠭᠡᠵᠦ᠂ ᠲᠧᠯᠸᠢᠰ ᠤᠨ ᠳᠠᠮᠲᠠᠮᠵᠢ ᠬᠤᠷᠢᠶᠠᠭᠤᠷ ᠢ ᠵᠢᠵᠢᠭ ᠬᠡᠯᠪᠡᠷᠢᠵᠢᠭᠦᠯᠬᠦ᠂ ᠨᠢᠭᠤᠨ ᠳᠠᠯᠳᠠᠯᠠᠬᠤ ᠬᠠᠷᠠᠯᠲᠠ ᠶᠢ ᠪᠡᠶᠡᠯᠡᠭᠦᠯᠵᠦ᠂ ᠶᠠᠭ 6 ᠮᠣᠵᠢ ᠶᠢᠨ ᠤᠲᠠᠰᠤᠲᠤ ᠲᠧᠯᠸᠢᠰ ᠪᠠ IPTV ᠡᠵᠡᠩᠨᠡᠯᠲᠡ ᠶᠢᠨ ᠠᠷᠠᠯᠵᠢᠶᠠᠴᠢᠨ ᠳᠤ ᠲᠤᠬᠠᠶᠢᠯᠠᠭᠰᠠᠨ ᠠᠵᠢᠯ ᠤᠨ ᠲᠣᠬᠢᠷᠠᠭᠤᠯᠤᠯᠲᠠ ᠪᠠ ᠰᠢᠯᠭᠠᠯᠲᠠ ᠶᠢ ᠬᠢᠵᠦ ᠪᠠᠶᠢᠨ᠎ᠠ᠃ ᠲᠥᠪ ᠪᠠ ᠮᠤᠵᠢ ᠶᠢᠨ ᠱᠠᠲᠤᠨ ᠤ ᠤᠲᠠᠰᠤᠲᠤ ᠲᠧᠯᠸᠢᠰ ᠪᠠ IPTV ᠲᠧᠯᠸᠢᠰ ᠤᠨ ᠰᠢᠭᠤᠳ ᠨᠡᠪᠲᠡᠷᠡᠭᠦᠯᠭᠡ ᠶᠢᠨ ᠰᠤᠪᠠᠭ ᠢ 7 ᠡᠳᠦᠷ ᠠᠴᠠ ᠳᠤᠲᠠᠭᠤ ᠦᠭᠡᠶ ᠪᠠᠶᠢᠯᠭᠠᠬᠤ ᠶᠢ ᠦᠨᠳᠦᠰᠦᠨ ᠳᠡᠭᠡᠨ ᠪᠡᠶᠡᠯᠡᠭᠦᠯᠪᠡ᠃ ᠡᠭᠦᠨ ᠤ ᠬᠠᠮᠲᠤ᠂ ᠬᠤᠲᠠ ᠶᠢᠨ ᠱᠠᠲᠤᠨ ᠤ ᠰᠤᠪᠠᠭ ᠢ ᠡᠷᠭᠢᠨ ᠦᠵᠡᠬᠦ ᠪᠠ ᠰᠣᠨᠢᠨ ᠮᠡᠳᠡᠭᠡᠨ ᠤ ᠲᠤᠰᠬᠠᠶ ᠣᠷᠣᠨ ᠬᠠᠩᠭᠠᠬᠤ ᠶᠢ ᠵᠣᠷᠢᠭᠵᠢᠭᠤᠯᠪᠠ᠃ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ ᠭᠠᠷᠠᠭ ᠪᠦᠷᠢ ᠶᠢᠨ ᠵᠠᠰᠠᠯᠲᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠶ ᠬᠢᠨᠠᠨ ᠬᠡᠮᠵᠢᠯᠲᠡ ᠶᠢᠨ ᠢᠯᠡᠷᠡᠭᠦᠯᠦᠭᠰᠡᠨ ᠢᠶᠠᠷ᠂ ᠲᠧᠯᠸᠢᠰ ᠤᠨ ᠳᠠᠪᠲᠠᠨ ᠰᠦᠢᠳᠬᠡᠯ ᠬᠤᠷᠢᠶᠠᠬᠤ ᠲᠠᠯ᠎ᠠ ᠪᠠᠷ᠂ ᠡᠯ᠎ᠡ ᠭᠦᠢᠴᠡᠳᠬᠡᠯ ᠲᠤᠭ᠎ᠠ ᠶᠢᠨ ᠬᠢᠷᠢ ᠲᠡᠩᠴᠡᠭᠰᠡᠨ ᠨᠣᠷᠮ᠎ᠠ ᠨᠢ ᠴᠥᠮ 96% ᠶᠢ ᠳᠠᠪᠠᠪᠠ᠂ ᠡᠭᠦᠨ ᠳᠤ ᠰᠦᠢᠳᠬᠡᠯ ᠬᠤᠷᠢᠶᠠᠬᠤ ᠶᠢ ᠳᠠᠭᠠᠭᠠᠴᠢᠯᠠᠬᠤ᠂ ᠰᠦᠢᠳᠬᠡᠯ ᠲᠤᠰᠢᠶᠠᠬᠤ ᠬᠠᠭᠤᠳᠠᠰᠤ ᠬᠡᠰᠡᠭ ᠤᠨ ᠲᠤᠭ᠎ᠠ ᠬᠡᠮᠵᠢᠶ᠎ᠡ ᠵᠡᠷᠭᠡ ᠵᠠᠩᠭᠢᠯᠠᠭ᠎ᠠ ᠶᠢᠨ ᠭᠦᠢᠴᠡᠳᠬᠡᠯ ᠲᠤᠭ᠎ᠠ ᠶᠢᠨ ᠬᠢᠷᠢ ᠲᠡᠩᠴᠡᠭᠰᠡᠨ ᠨᠣᠷᠮ᠎ᠠ ᠨᠢ ᠨᠢᠭᠡᠨᠲᠡ 100% ᠳᠤ ᠬᠦᠷᠴᠡᠶ︔ ᠪᠤᠳᠤᠯᠢᠶᠠᠨᠲᠤ ᠠᠵᠢᠯᠯᠠᠭᠠᠨ ᠤ ᠲᠠᠯ᠎ᠠ ᠪᠠᠷ᠂ ᠮᠠᠰᠢᠨ ᠢᠶᠠᠷ ᠰᠢᠭᠤᠳ ᠨᠡᠪᠲᠡᠷᠡᠭᠦᠯᠭᠡ ᠶᠢ ᠦᠵᠡᠬᠦ᠂ ᠮᠠᠰᠢᠨ ᠨᠡᠭᠡᠭᠡᠬᠦ ᠴᠠᠭ ᠣᠷᠳᠣ᠂ ᠨᠡᠬᠡᠬᠡᠬᠦ ᠦᠶ᠎ᠡ ᠶᠢᠨ ᠵᠠᠷ ᠮᠡᠳᠡᠭᠡ ᠵᠡᠷᠭᠡ ᠭᠦᠢᠴᠡᠳᠬᠡᠯ ᠲᠤᠭ᠎ᠠ ᠨᠢ ᠴᠥᠮ ᠲᠣᠭᠲᠠᠭᠠᠯ ᠠᠴᠠ ᠵᠥᠷᠢᠴᠡᠭᠰᠡᠨ ᠪᠠᠶᠢᠳᠠᠯ ᠢ ᠣᠯᠵᠤ ᠮᠡᠳᠡᠭᠰᠡᠨ ᠦᠭᠡᠢ᠃ ᠵᠠᠰᠠᠬᠤ ᠠᠵᠢᠯ ᠢ ᠥᠷᠨᠢᠭᠦᠯᠬᠦ ᠶᠢᠨ ᠵᠡᠷᠭᠡᠴᠡᠭᠡ ᠪᠠᠷ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠠᠴᠠ ᠲᠧᠯᠸᠢᠰ ᠤᠨ ᠶᠡᠭᠡ ᠳᠡᠯᠭᠡᠴᠡ ᠶᠢ ᠪᠠᠶᠠᠯᠢᠭᠵᠢᠭᠤᠯᠬᠤ᠂ ᠲᠣᠮᠣ ᠳᠡᠯᠭᠡᠴᠡ ᠪᠠᠭ᠎ᠠ ᠳᠡᠯᠭᠡᠴᠡ ᠪᠠᠷ ᠬᠠᠷᠢᠯᠴᠠᠨ ᠴᠢᠳᠠᠪᠤᠷᠢ ᠣᠯᠭᠤᠬᠤ ᠶᠢ ᠠᠬᠢᠭᠤᠯᠬᠤ ᠠᠯᠢ ᠤᠯᠠᠨ ᠠᠷᠭ᠎ᠠ ᠬᠡᠮᠵᠢᠶ᠎ᠡ ᠶᠢ ᠠᠯᠢ ᠤᠯᠠᠨ ᠭᠠᠷᠭᠠᠵᠤ᠂ ᠲᠥᠪ ᠤᠨ ᠷᠠᠳᠢᠣ᠋ ᠲᠧᠯᠸᠢᠰ ᠤᠨ ᠶᠡᠷᠦᠩᠬᠡᠢ ᠬᠤᠷᠢᠶ᠎ᠠ ᠪᠣᠯᠤᠨ ᠣᠷᠣᠨ ᠨᠤᠲᠤᠭ ᠤᠨ ᠬᠤᠷᠢᠶᠠᠨ ᠤ ᠰᠢᠯᠢᠳᠡᠭ ᠠᠭᠤᠯᠭ᠎ᠠ ᠨᠢ ᠭᠤᠶᠢᠳᠠ ᠰᠠᠶᠢᠬᠠᠨ ᠪᠠᠶᠢᠵᠤ᠂ ᠤᠯᠠᠨ ᠲᠦᠮᠡᠨ ᠤ ᠭᠦᠢᠴᠡᠳ ᠨᠤᠲᠠᠯᠠᠯᠲᠠ ᠶᠢ ᠣᠯᠵᠤ᠂ ᠲᠧᠯᠸᠢᠰ ᠤᠨ ᠲᠣᠮᠣ ᠳᠡᠯᠭᠡᠴᠡ ᠪᠠᠷ ᠬᠦᠯᠢᠶᠡᠨ ᠠᠪᠤᠭᠰᠠᠨ ᠢᠳᠡᠪᠬᠢᠲᠡᠢ ᠨᠥᠯᠥᠭᠡ ᠨᠢ ᠦᠷᠭᠦᠯᠵᠢᠯᠡᠨ ᠢᠯᠡᠷᠡᠵᠡᠢ᠃ ᠡᠨᠡ ᠵᠢᠯ ᠤᠨ 6 ᠳ᠋ᠤᠭᠠᠷ ᠰᠠᠷ᠎ᠠ ᠳᠤ᠂ ᠲᠧᠯᠸᠢᠰ ᠤᠨ ᠲᠣᠮᠣ ᠳᠡᠯᠭᠡᠴᠡ ᠶᠢᠨ ᠰᠢᠭᠤᠳ ᠨᠡᠪᠲᠡᠷᠡᠭᠦᠯᠭᠡ ᠶᠢᠨ ᠬᠡᠷᠡᠭᠯᠡᠭᠴᠢ ᠶᠢᠨ ᠡᠳᠦᠷ ᠤᠨ ᠳᠤᠮᠳᠠᠴᠢ ᠢᠳᠡᠪᠬᠢᠵᠢᠯ ᠤᠨ ᠨᠣᠷᠮ᠎ᠠ ᠨᠢ ᠣᠶᠢᠷ᠎ᠠ ᠶᠢᠨ 3 ᠵᠢᠯ ᠤᠨ ᠠᠳᠠᠯᠢ ᠬᠤᠭᠤᠴᠠᠭᠠᠨ ᠤ ᠬᠠᠮᠤᠭ ᠤᠨ ᠥᠨᠳᠥᠷ ᠪᠣᠯᠪᠠ᠃  ᠬᠤᠷᠠᠯ ᠠᠴᠠ᠂ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠥᠭᠡᠷᠡᠴᠢᠯᠡᠯᠲᠡ ᠶᠢᠨ ᠵᠣᠷᠢᠭ ᠰᠠᠨᠠᠭ᠎ᠠ ᠪᠠᠷ ᠵᠠᠰᠠᠯᠲᠠ ᠶᠢ ᠡᠷᠡᠰ ᠭᠤᠶᠢᠪᠢᠰᠢ ᠦᠭᠡᠢ ᠭᠦᠨᠵᠡᠭᠡᠶᠢᠷᠡᠭᠦᠯᠵᠦ᠂ ᠵᠠᠰᠠᠯᠲᠠ ᠶᠢᠨ ᠪᠦᠷᠬᠦᠴᠡ ᠶᠢ ᠴᠢᠨᠠᠭᠰᠢᠳᠠ ᠥᠷᠭᠡᠳᠬᠡᠵᠦ᠂ ᠦᠨᠳᠦᠰᠦᠨ ᠠᠴᠠ ᠨᠢ ᠵᠠᠰᠠᠬᠤ ᠠᠵᠢᠯ ᠢ ᠴᠢᠨᠠᠭᠰᠢᠳᠠ ᠴᠢᠩᠭᠠᠷᠠᠭᠤᠯᠵᠤ᠂ ᠦᠢᠯᠡᠴᠢᠯᠡᠭᠡᠨ ᠤ ᠲᠡᠰ ᠳᠡᠪᠰᠢᠬᠦ ᠶᠢ ᠴᠢᠨᠠᠭᠰᠢᠳᠠ ᠠᠬᠢᠭᠤᠯᠵᠤ᠂ ᠬᠦᠯᠢᠶᠡᠨ ᠠᠪᠴᠤ ᠦᠵᠡᠬᠦ ᠪᠡᠶᠡᠴᠢᠯᠡᠨ ᠣᠶᠢᠯᠠᠭᠠᠯᠲᠠ ᠶᠢ ᠳᠡᠭᠡᠭᠰᠢᠯᠡᠭᠦᠯᠵᠦ᠂ ᠣᠳᠣᠬᠠᠨ ᠤ ᠡᠵᠡᠩᠨᠡᠯᠲᠡ ᠪᠣᠯᠤᠨ ᠮᠡᠷᠭᠡᠵᠢᠯ ᠤᠨ ᠬᠡᠰᠡᠭ ᠪᠤᠰᠠᠭᠴᠢᠯᠠᠭᠰᠠᠨ ᠣᠳᠣᠬᠢ ᠪᠠᠶᠢᠳᠠᠯ ᠢ ᠦᠨᠡᠨ ᠬᠦ ᠬᠤᠪᠢᠷᠠᠭᠤᠯᠵᠤ᠂ ᠠᠵᠢᠯ ᠲᠦᠷᠦᠯ ᠤᠨ ᠨᠢᠭᠡ ᠴᠣᠭᠴᠠᠵᠢᠭᠰᠠᠨ ᠪᠠᠷᠢᠮᠵᠢᠶᠠᠵᠢᠯᠲᠠ ᠬᠡᠪᠴᠢᠶᠡᠵᠢᠯ ᠢ ᠦᠨᠡᠨ ᠬᠦ ᠠᠬᠢᠭᠤᠯᠵᠤ᠂ ᠠᠷᠠᠳ ᠤᠯᠠᠨ ᠤ ᠬᠦᠯᠢᠶᠡᠨ ᠠᠪᠴᠤ ᠦᠵᠡᠬᠦ ᠡᠷᠬᠡ ᠠᠰᠢᠭ ᠢ ᠦᠨᠡᠨ ᠬᠦ ᠰᠠᠶᠢᠲᠤᠷ ᠬᠠᠮᠠᠭᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃  ᠬᠤᠷᠠᠯ ᠠᠴᠠ ᠡᠨᠡ ᠵᠢᠯ ᠤᠨ ᠳᠣᠣᠷᠠᠳᠤ ᠬᠠᠭᠠᠰ ᠵᠢᠯ ᠤᠨ ᠵᠠᠰᠠᠯᠲᠠ ᠶᠢᠨ ᠠᠵᠢᠯ ᠤᠨ ᠭᠤᠤᠯᠳᠠᠯᠭ᠎ᠠ ᠲᠠᠢ ᠡᠭᠦᠷᠭᠡ ᠶᠢ ᠪᠠᠶᠢᠷᠢᠯᠠᠭᠤᠯᠪᠠ᠃ ᠨᠢᠭᠡ ᠳᠤ᠂ ᠪᠠᠭᠤᠳᠠᠯ ᠤᠨ ᠲᠧᠯᠸᠢᠰ ᠤᠨ ᠵᠠᠰᠠᠯᠲᠠ ᠶᠢ ᠪᠥᠬᠦ ᠲᠠᠯ᠎ᠠ ᠪᠠᠷ ᠪᠡᠶᠡᠯᠡᠭᠦᠯᠪᠡ᠃ 9 ᠳ᠋ᠦ᠋ᠭᠡᠷ ᠰᠠᠷ᠎ᠠ ᠶᠢᠨ 30 ᠤ ᠡᠳᠦᠷ ᠠᠴᠠ ᠡᠮᠦᠨ᠎ᠡ ᠪᠥᠬᠦ ᠤᠯᠤᠰ ᠤᠨ ᠵᠣᠴᠢᠳ ᠤᠨ ᠪᠠᠭᠤᠳᠠᠯ ᠤᠨ ᠵᠠᠰᠠᠯᠲᠠ ᠶᠢ ᠦᠨᠳᠦᠰᠦᠨ ᠳᠤ ᠪᠠᠨ ᠪᠡᠶᠡᠯᠡᠭᠦᠯᠵᠦ᠂ ᠵᠢᠯ ᠤᠨ ᠳᠣᠲᠣᠷ᠎ᠠ 1400 ᠲᠦᠮᠡᠨ ᠲᠠᠰᠤᠯᠭ᠎ᠠ ᠶᠢᠨ ᠳᠥᠭᠦᠮ ᠳᠥᠲᠡ ᠲᠧᠯᠸᠢᠰ ᠦᠵᠡᠬᠦ ᠶᠢ ᠪᠡᠶᠡᠯᠡᠭᠦᠯᠦᠨ᠎ᠡ᠃ ᠪᠠᠭᠤᠳᠠᠯ ᠤᠨ ᠲᠧᠯᠸᠢᠰ ᠦᠵᠦᠭᠦᠷ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠠᠬᠢᠭᠤᠯᠵᠤ᠂ ᠨᠢᠰᠬᠡᠯ ᠤᠨ ᠪᠠᠭᠤᠳᠠᠯ᠂ ᠳᠡᠭᠡᠳᠦ ᠬᠤᠷᠳᠤᠴᠠᠲᠤ ᠲᠡᠮᠦᠷ ᠵᠠᠮ ᠵᠡᠷᠭᠡ ᠲᠠᠯᠠᠪᠤᠷ ᠭᠠᠵᠠᠷ ᠲᠤ ᠲᠧᠯᠸᠢᠰ ᠤᠨ ᠰᠢᠭᠤᠳ ᠨᠡᠪᠲᠡᠷᠡᠭᠦᠯᠭᠡ ᠶᠢᠨ ᠰᠤᠪᠠᠭ ᠤᠨ ᠦᠢᠯᠡᠴᠢᠯᠡᠭᠡ ᠬᠠᠩᠭᠠᠬᠤ ᠶᠢ ᠦᠷᠭᠦᠯᠵᠢᠯᠡᠨ ᠠᠬᠢᠭᠤᠯᠵᠤ᠂ ᠠᠶᠠᠨᠴᠢᠳ ᠤᠨ ᠪᠡᠶᠡᠴᠢᠯᠡᠨ ᠣᠶᠢᠯᠠᠭᠠᠯᠲᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠬᠤᠶᠠᠷ ᠲᠤ᠂ ᠨᠢᠭᠡ ᠠᠯᠤᠰ ᠡᠵᠡᠮᠰᠢᠭᠦᠷ ᠢᠶᠠᠷ ᠲᠧᠯᠸᠢᠰ ᠦᠵᠡᠬᠦ ᠶᠢ ᠪᠦᠬᠦ ᠲᠠᠯ᠎ᠠ ᠪᠠᠷ ᠪᠡᠶᠡᠯᠡᠭᠦᠯᠦᠨ᠎ᠡ᠃ ᠪᠠᠷᠢᠮᠵᠢᠶ᠎ᠠ ᠶᠢ ᠰᠤᠳᠤᠯᠤᠨ ᠦᠢᠯᠡᠳᠬᠦ ᠶᠢ ᠴᠢᠩᠭᠠᠳᠬᠠᠵᠤ᠂ ᠬᠠᠳᠠᠭᠠᠯᠠᠯᠲᠠ ᠶᠢᠨ ᠬᠡᠮᠵᠢᠶ᠎ᠡ ᠪᠠ ᠨᠡᠮᠡᠭᠳᠡᠯ ᠤᠨ ᠬᠡᠮᠵᠢᠶ᠎ᠡ ᠶᠢ ᠨᠢᠭᠡᠳᠦᠯᠲᠡᠶ ᠲᠥᠯᠥᠪᠯᠡᠨ᠂ ᠭᠤᠷᠪᠠᠨ ᠵᠠᠭᠪᠤᠷ ᠤᠨ ᠨᠡᠶᠢᠳᠡᠮ ᠬᠡᠷᠡᠭᠯᠡᠬᠦ ᠠᠯᠤᠰ ᠡᠵᠡᠮᠰᠢᠭᠦᠷ ᠤᠨ ᠲᠤᠷᠰᠢᠯᠲᠠ ᠶᠢᠨ ᠴᠡᠭ ᠪᠠ ᠳᠡᠯᠭᠡᠷᠡᠭᠦᠯᠬᠦ ᠠᠵᠢᠯ ᠢ ᠰᠠᠶᠢᠲᠤᠷ ᠬᠢᠵᠦ᠂ ᠤᠶᠤᠨᠲᠤ ᠠᠪᠢᠶ᠎ᠠ᠂ ᠭᠠᠷ ᠤᠲᠠᠰᠤ ᠵᠡᠷᠭᠡ ᠠᠯᠤᠰ ᠡᠵᠡᠮᠰᠢᠯ ᠤᠨ ᠠᠷᠭ᠎ᠠ ᠬᠡᠯᠪᠡᠷᠢ ᠶᠢ ᠰᠢᠯᠢᠳᠡᠭᠵᠢᠭᠦᠯᠦᠨ ᠳᠡᠯᠭᠡᠷᠡᠭᠦᠯᠵᠦ᠂ ᠣᠯᠠᠨ ᠲᠦᠮᠡᠨ ᠳᠤ ᠲᠧᠯᠸᠢᠰ ᠦᠵᠡᠬᠦ ᠳᠤ ᠨᠠᠩ ᠲᠥᠬᠦᠮ ᠪᠣᠯᠭᠠᠨ᠎ᠠ᠃ ᠭᠤᠷᠪᠠ ᠳᠤ᠂ ᠲᠧᠯᠸᠢᠰ ᠤᠨ ᠳᠠᠪᠲᠠᠮᠵᠢ ᠬᠤᠷᠢᠶᠠᠭᠤᠷ ᠢ ᠨᠢᠭᠡ ᠴᠣᠭᠴᠠᠵᠢᠭᠤᠯᠬᠤ ᠶᠢ ᠲᠦᠷᠭᠡᠳᠬᠡᠨ ᠪᠡᠶᠡᠯᠡᠭᠦᠯᠦᠨ᠎ᠡ᠃ ᠰᠢᠭᠢᠳᠭᠡᠯ ᠮᠠᠶ᠋ᠢᠭ ᠤᠨ ᠪᠢᠴᠢᠯ ᠬᠡᠯᠪᠡᠷᠢ ᠶᠢᠨ ᠳᠠᠪᠲᠠᠮᠵᠢ ᠬᠤᠷᠢᠶᠠᠭᠤᠷ ᠤᠨ ᠲᠤᠷᠰᠢᠯᠲᠠ ᠶᠢᠨ ᠴᠡᠭ ᠪᠣᠯᠣᠨ ᠪᠥᠭᠡᠮ ᠪᠠᠶᠢᠷᠢᠯᠠᠭᠤᠯᠤᠯᠲᠠ ᠵᠡᠷᠭᠡ ᠶᠢ ᠠᠬᠢᠭᠤᠯᠤᠨ᠎ᠠ᠃ ᠬᠠᠮᠵᠢᠯᠴᠠᠨ ᠰᠤᠳᠤᠯᠬᠤ ᠪᠠᠨ ᠴᠢᠩᠭᠠᠳᠬᠠᠵᠤ᠂ ᠵᠢᠯ ᠤᠨ ᠳᠣᠲᠣᠷ᠎ᠠ ᠲᠧᠯᠸᠢᠰ ᠤᠨ ᠳᠠᠪᠲᠠᠮᠵᠢ ᠬᠤᠷᠢᠶᠠᠭᠤᠷ ᠤᠨ ᠳᠣᠲᠣᠷ᠎ᠠ ᠲᠧᠯᠸᠢᠰ ᠰᠤᠳᠤᠯᠤᠨ ᠦᠢᠯᠡᠳᠬᠦ ᠶᠢᠨ ᠬᠠᠮᠲᠤ ᠲᠤᠷᠰᠢᠯᠲᠠ ᠬᠢᠬᠦ ᠶᠢ ᠪᠡᠶᠡᠯᠡᠭᠦᠯᠦᠨ᠎ᠡ᠃ ᠲᠦᠷᠪᠡ ᠳᠤ᠂ ᠵᠠᠰᠠᠯᠲᠠ ᠶᠢᠨ ᠦᠷ᠎ᠡ ᠪᠦᠲᠦᠭᠡᠯ ᠢᠶᠠᠨ ᠪᠠᠬᠢᠵᠢᠭᠦᠯᠵᠦ᠂ ᠤᠷᠳᠤ ᠬᠤᠭᠤᠴᠠᠭᠠᠨ ᠤ ᠪᠦᠲᠦᠮᠵᠢᠲᠡᠢ ᠵᠣᠬᠢᠴᠠᠮᠵᠢ ᠶᠢ ᠪᠠᠶᠢᠭᠤᠯᠤᠨ᠎ᠠ᠃ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ᠂ ᠪᠠᠷᠢᠮᠵᠢᠶ᠎ᠠ ᠵᠢᠷᠤᠮᠵᠢᠯ᠂ ᠬᠢᠨᠠᠨ ᠬᠠᠮᠢᠶᠠᠷᠬᠤ ᠠᠷᠭ᠎ᠠ ᠪᠠᠷᠢᠯ᠂ ᠪᠠᠶᠢᠭᠤᠯᠤᠯ ᠵᠣᠬᠢᠴᠠᠮᠵᠢ ᠶᠢ ᠲᠡᠭᠦᠯᠳᠡᠷᠵᠢᠭᠦᠯᠵᠦ᠂ ᠦᠨᠳᠦᠰᠦ ᠠᠴᠠ ᠨᠢ ᠵᠠᠰᠠᠬᠤ ᠬᠠᠷᠠᠯᠲᠠ ᠶᠢ ᠪᠡᠶᠡᠯᠡᠭᠦᠯᠦᠨ᠎ᠡ᠃ ᠣᠶᠤᠨᠴᠢ ᠲᠧᠯᠸᠢᠰ ︽ᠳᠥᠭᠦᠮ ᠳᠥᠲᠡ ᠲᠧᠯᠸᠢᠰ ᠦᠵᠡᠬᠦ︾ ᠪᠠᠷᠢᠮᠵᠢᠶ᠎ᠠ ᠶᠢᠨ ᠵᠢᠷᠤᠮᠵᠢᠯ ᠢ ᠲᠣᠭᠲᠠᠭᠠᠵᠤ᠂ ᠵᠠᠩᠭᠢᠯᠠᠭ᠎ᠠ ᠶᠢᠨ ᠭᠤᠭᠴᠤᠭ᠎ᠠ᠂ ᠦᠵᠦᠭᠦᠷ᠋ ᠤᠨ ᠲᠥᠬᠦᠭᠡᠷᠦᠮᠵᠢ ᠶᠢ ᠬᠠᠮᠤᠷᠤᠭᠰᠠᠨ ᠨᠢᠭᠡᠳᠦᠯᠲᠡᠶ ᠮᠡᠷᠭᠡᠵᠢᠯ ᠤᠨ ᠪᠠᠷᠢᠮᠵᠢᠶ᠎ᠠ ᠪᠠ ᠵᠢᠷᠤᠮᠵᠢᠯ ᠢ ᠲᠦᠷᠭᠡᠳᠬᠡᠨ ᠲᠡᠭᠦᠯᠳᠡᠷᠵᠢᠭᠦᠯᠦᠨ᠎ᠡ᠃ ᠬᠢᠨᠠᠨ ᠬᠠᠮᠢᠶᠠᠷᠬᠤ ᠠᠷᠭ᠎ᠠ ᠪᠠᠷᠢᠯ ᠢ ᠲᠡᠭᠦᠯᠳᠡᠷᠵᠢᠭᠦᠯᠵᠦ᠂ ᠥᠷᠭᠡᠨ ᠪᠦᠷᠬᠦᠴᠡ ᠲᠠᠢ᠂ ᠠᠷᠭ᠎ᠠ ᠪᠠᠷᠢᠯ ᠢᠶᠠᠷ ᠲᠡᠷᠢᠭᠦᠨ ᠤ ᠬᠢᠨᠠᠨ ᠬᠡᠮᠵᠢᠵᠦ ᠬᠢᠨᠠᠨ ᠬᠠᠮᠢᠶᠠᠷᠬᠤ ᠮᠡᠷᠭᠡᠵᠢᠯ ᠤᠨ ᠰᠢᠰᠲ᠋ᠧᠮ ᠢ ᠪᠠᠶᠢᠭᠤᠯᠵᠤ᠂ ᠬᠢᠨᠠᠨ ᠬᠠᠮᠢᠶᠠᠷᠬᠤ ᠴᠢᠳᠠᠪᠤᠷᠢ ᠪᠠᠨ ᠳᠡᠭᠡᠭᠰᠢᠯᠡᠭᠦᠯᠦᠨ᠎ᠡ᠃ ᠤᠲᠠᠰᠤᠲᠤ ᠲᠧᠯᠸᠢᠰ᠂ IPTV ᠪᠠ ᠢᠨᠲ᠋ᠧᠷ ᠰᠦᠯᠵᠢᠶᠡᠨ ᠤ ᠲᠧᠯᠸᠢᠰ ᠵᠡᠷᠭᠡ ᠭᠤᠷᠪᠠᠨ ᠲᠤᠬᠠᠶᠢᠯᠠᠭᠰᠠᠨ ᠠᠵᠢᠯ ᠤᠨ ᠲᠣᠭᠲᠠᠯᠴᠠᠭ᠎ᠠ ᠶᠢᠨ ᠡᠯ᠎ᠡ ᠲᠥᠷᠥᠯ ᠤᠨ ᠭᠤᠤᠯ ᠴᠣᠭᠴᠠ ᠶᠢᠨ ᠵᠢᠷᠤᠮᠵᠢᠭᠤᠯᠤᠨ ᠡᠵᠡᠩᠨᠡᠬᠦ ᠶᠢ ᠠᠬᠢᠭᠤᠯᠵᠤ᠂ ᠦᠢᠯᠡᠴᠢᠯᠡᠭᠡᠨ ᠤ ᠶᠠᠰᠤ ᠴᠢᠨᠠᠷ ᠪᠠ ᠬᠠᠮᠢᠶᠠᠷᠤᠯᠲᠠ ᠶᠢᠨ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠢᠨᠲ᠋ᠧᠷ ᠰᠦᠯᠵᠢᠶᠡᠨ ᠤ ᠲᠤᠬᠠᠶᠢᠯᠠᠭᠰᠠᠨ ᠠᠵᠢᠯ ᠳᠤ ᠵᠥᠪᠰᠢᠶᠡᠷᠡᠨ ᠣᠷᠣᠭᠤᠯᠬᠤ ᠪᠠ ᠪᠤᠴᠠᠭᠠᠨ ᠭᠠᠷᠭᠠᠬᠤ ᠵᠣᠬᠢᠴᠠᠮᠵᠢ  ᠶᠢ ᠪᠠᠶᠢᠭᠤᠯᠤᠨ᠎ᠠ᠃ ᠲᠣᠭᠲᠠᠭᠠᠯ ᠠᠴᠠ ᠵᠥᠷᠢᠴᠡᠭᠰᠡᠨ ᠢᠨᠲ᠋ᠧᠷ ᠰᠦᠯᠵᠢᠶᠡᠨ ᠤ ᠲᠧᠯᠸᠢᠰ ᠤᠨ ᠰᠢᠭᠤᠳ ᠨᠡᠪᠲᠡᠷᠡᠭᠦᠯᠭᠡ ᠶᠢᠨ ᠲᠤᠬᠠᠶᠢᠯᠠᠭᠰᠠᠨ ᠠᠵᠢᠯ ᠤᠨ ᠨᠡᠮᠡᠭᠳᠡᠯ ᠤᠨ ᠬᠡᠮᠵᠢᠶ᠎ᠡ ᠶᠢ ᠡᠷᠡᠰ ᠬᠤᠷᠢᠭᠯᠠᠬᠤ ᠶᠢᠨ ᠬᠠᠮᠲᠤ᠂ ᠬᠠᠳᠠᠭᠠᠯᠠᠯᠲᠠ ᠶᠢᠨ ᠬᠡᠮᠵᠢᠶ᠎ᠡ ᠶᠢ ᠵᠠᠰᠠᠬᠤ ᠶᠢ ᠠᠬᠢᠭᠤᠯᠵᠤ᠂ ᠲᠣᠭᠲᠠᠭᠠᠯ ᠳᠤ ᠨᠡᠶᠢᠴᠡᠭᠦᠯᠦᠨ ᠬᠤᠪᠢᠷᠠᠭᠤᠯᠬᠤ ᠶᠢ ᠲᠦᠷᠭᠡᠳᠬᠡᠨ ᠪᠡᠶᠡᠯᠡᠭᠦᠯᠦᠨ᠎ᠡ᠃ ᠦᠵᠡᠯ ᠰᠠᠨᠠᠭ᠎ᠠ ᠪᠠᠨ ᠴᠢᠯᠥᠭᠡᠯᠡᠵᠦ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠴᠦ᠂ ᠲᠧᠯᠸᠢᠰ ᠤᠨ ᠳᠠᠪᠲᠠᠨ ᠰᠦᠢᠳᠭᠡᠯ ᠬᠤᠷᠢᠶᠠᠬᠤ ᠪᠠ ᠪᠤᠳᠤᠯᠢᠶᠠᠨᠲᠤ ᠠᠵᠢᠯᠯᠠᠭᠠᠨ ᠤ ᠠᠵᠢᠯ ᠤᠨ ᠶᠡᠷᠦᠩᠬᠡᠶᠢᠯᠡᠭᠰᠡᠨ ᠦᠷ᠎ᠡ ᠠᠰᠢᠭ ᠢ ᠦᠷᠭᠦᠯᠵᠢᠯᠡᠨ ᠪᠠᠬᠢᠵᠢᠭᠦᠯᠦᠨ ᠲᠠᠰᠤᠷᠠᠯᠲᠠ ᠥᠬᠡᠶ ᠶᠡᠬᠡᠰᠬᠡᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠠᠵᠢᠯ ᠲᠥᠷᠥᠯ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ᠂ ᠴᠢᠨᠠᠷ ᠰᠠᠶᠢᠲᠠᠶ ᠬᠥᠭᠵᠢᠯᠲᠡ ᠶᠢ ᠬᠥᠲᠥᠯᠦᠨ ᠳᠠᠭᠠᠭᠤᠯᠬᠤ ᠶᠢ ᠴᠢᠩᠭᠠᠳᠬᠠᠵᠤ᠂ ᠳᠡᠭᠡᠳᠦ ᠲᠠᠰ ᠤᠨ ᠪᠥᠬᠦ ᠬᠡᠯᠬᠢᠶ᠎ᠡ ᠳᠤ ᠬᠦᠷᠴᠦ ᠰᠢᠨ᠎ᠡ ᠶᠢ ᠡᠭᠦᠳᠦᠨ ᠬᠥᠭᠵᠢᠬᠦ ᠶᠢ ᠲᠦᠷᠭᠡᠳᠬᠡᠨ ᠠᠬᠢᠭᠤᠯᠵᠤ᠂ ᠠᠷᠠᠳ ᠣᠯᠠᠨ ᠳᠤ ᠨᠠᠩ ᠪᠠᠶᠠᠯᠢᠭ᠂ ᠨᠠᠩ ᠰᠢᠯᠢᠳᠡᠭ᠂ ᠨᠠᠩ ᠳᠥᠭᠦᠮ ᠳᠥᠲᠡ ᠦᠵᠡᠵᠦ ᠰᠣᠨᠣᠰᠬᠤ ᠪᠡᠶᠡᠴᠢᠯᠡᠨ ᠣᠶᠢᠯᠠᠭᠠᠯᠲᠠ ᠶᠢ ᠬᠠᠩᠭᠠᠨ᠎ᠠ᠃  ᠲᠥᠪ ᠤᠨ ᠤᠬᠠᠭᠤᠯᠬᠤ ᠬᠡᠯᠲᠡᠰ᠂ ᠲᠥᠪ ᠤᠨ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ᠂ ᠬᠤᠳᠠᠯᠳᠤᠭᠠᠨ ᠤ ᠶᠠᠪᠤᠳᠠᠯ ᠤᠨ ᠶᠠᠮᠤᠨ᠂ ᠰᠣᠶᠣᠯ ᠪᠠ ᠵᠢᠭᠤᠯᠴᠢᠯᠠᠯ ᠤᠨ ᠶᠠᠮᠤᠨ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ᠂ ᠲᠥᠪ ᠤᠨ ᠷᠠᠳᠢᠣ᠋ ᠲᠧᠯᠸᠢᠰ ᠤᠨ ᠶᠡᠷᠦᠩᠬᠡᠢ ᠬᠤᠷᠢᠶ᠎ᠠ᠂ ᠳᠤᠮᠳᠠᠳᠤ ᠤᠯᠤᠰ ᠤᠨ ᠬᠡᠷᠡᠭᠯᠡᠭᠴᠢᠳ ᠤᠨ ᠨᠡᠶᠢᠭᠡᠮᠯᠢᠭ ᠵᠡᠷᠭᠡ ᠰᠠᠯᠠᠭ᠎ᠠ ᠮᠥᠴᠢᠷ ᠤᠳ ᠤᠨ ᠬᠠᠷᠢᠭᠤᠴᠠᠯᠭᠠᠲᠠᠳ᠂ ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ᠂ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠤ ᠷᠠᠳᠢᠣ᠋ ᠲᠧᠯᠸᠢᠰ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠂ ᠬᠤᠳᠠᠯᠳᠤᠭᠠᠨ ᠤ ᠶᠠᠪᠤᠳᠠᠯ᠂ ᠰᠣᠶᠣᠯ ᠪᠠ ᠵᠢᠭᠤᠯᠴᠢᠯᠠᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠤᠳ ᠤᠨ ᠬᠠᠷᠢᠭᠤᠴᠠᠯᠭᠠᠲᠠᠳ᠂ ᠱᠧᠨᠵᠧᠨ ᠤ ᠷᠠᠳᠢᠣ᠋ ᠲᠧᠯᠸᠢᠰ ᠤᠨ ᠰᠠᠯᠠᠭ᠎ᠠ ᠮᠥᠴᠢᠷ ᠤᠨ ᠬᠠᠷᠢᠭᠤᠴᠠᠯᠭᠠᠲᠠᠳ᠂ ᠷᠠᠳᠢᠣ᠋ ᠲᠧᠯᠸᠢᠰ ᠬᠤᠷᠢᠶ᠎ᠠ᠂ ᠷᠠᠳᠢᠣ᠋ ᠲᠧᠯᠸᠢᠰ ᠤᠨ ᠰᠦᠯᠵᠢᠶ᠎ᠡ᠂ ᠴᠠᠬᠢᠯᠭᠠᠨ ᠬᠤᠯᠪᠣᠭᠠᠨ ᠤ ᠡᠵᠡᠩᠨᠡᠯᠲᠡ ᠶᠢᠨ ᠬᠤᠳᠠᠯᠳᠤᠭᠠᠴᠢᠨ᠂ IPTV ᠬᠤᠷᠠᠮᠠᠯ ᠨᠡᠪᠲᠡᠷᠡᠭᠦᠯᠭᠡ ᠶᠢᠨ ᠡᠵᠡᠮᠳᠡᠬᠦ ᠲᠠᠪᠴᠠᠩ᠂ ᠢᠨᠲ᠋ᠧᠷ ᠰᠦᠯᠵᠢᠶᠡᠨ ᠤ ᠲᠧᠯᠸᠢᠰ ᠤᠨ ᠬᠤᠷᠠᠮᠠᠯ ᠲᠠᠪᠴᠠᠩ᠂ ᠠᠭᠤᠯᠭ᠎ᠠ ᠬᠠᠩᠭᠠᠬᠤ ᠲᠠᠯ᠎ᠠ᠂ ᠪᠠᠭᠤᠳᠠᠯ ᠤᠨ ᠬᠠᠮᠢᠶᠠᠷᠤᠯᠲᠠ ᠶᠢᠨ ᠪᠦᠯᠦᠭᠯᠡᠯ ᠵᠢᠴᠢ ᠲᠧᠯᠸᠢᠰ᠂ ᠲᠧᠯᠸᠢᠰ ᠤᠨ ᠳᠠᠪᠲᠠᠮᠵᠢ ᠬᠤᠷᠢᠶᠠᠭᠤᠷ᠂ ᠠᠯᠤᠰ ᠡᠵᠡᠮᠰᠢᠭᠦᠷ  ᠤᠨ ᠮᠠᠰᠢᠨ ᠤ ᠦᠢᠯᠡᠳᠪᠦᠷᠢ ᠵᠡᠷᠭᠡ ᠲᠠᠯ᠎ᠠ ᠶᠢᠨ ᠬᠠᠷᠢᠭᠤᠴᠠᠯᠭᠠᠲᠠᠳ ᠬᠤᠷᠠᠯ ᠳᠤ ᠣᠷᠣᠯᠴᠠᠪᠠ᠃ 
ᠢᠷᠡᠯᠲᠡ᠄ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠢ ᠲᠣᠪᠴᠢᠶ᠎ᠠ