ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠦᠷᠦ ᠶᠢᠨ ᠶᠠᠪᠤᠳᠠᠯ ᠤᠨ ᠬᠤᠷᠢᠶ᠎ᠠ ᠶᠢᠨ 33 ᠳ᠋ᠤᠭᠠᠷ ᠬᠤᠭᠤᠴᠠᠭᠠᠨ ᠤ ᠣᠯᠢᠮᠫᠢᠺ ᠤᠨ ᠲᠠᠮᠢᠷ ᠤᠨ ᠴᠤᠭᠯᠠᠭᠠᠨ ᠤ ᠳᠤᠮᠳᠠᠳᠤ ᠤᠯᠤᠰ ᠤᠨ ᠪᠡᠶ᠎ᠡ ᠶᠢᠨ ᠲᠠᠮᠢᠷ ᠤᠨ ᠲᠥᠯᠥᠭᠡᠯᠡᠭᠴᠢᠳ ᠤᠨ ᠪᠦᠯᠭᠦᠮ ᠳᠤ ᠢᠯᠡᠭᠡᠭᠰᠡᠨ ᠪᠠᠶᠠᠷ ᠤᠨ ᠴᠠᠭᠢᠯᠭᠠᠨ ᠴᠢᠮᠡᠭᠡ
ᠨᠡᠶᠢᠲᠡᠯᠡᠭᠰᠡᠨ ᠴᠠᠭ᠄
2024/8/12
ᠳᠤᠮᠳᠠᠳᠤ ᠤᠯᠤᠰ ᠤᠨ ᠪᠡᠶ᠎ᠡ ᠶᠢᠨ ᠲᠠᠮᠢᠷ ᠤᠨ ᠲᠥᠯᠥᠭᠡᠯᠡᠭᠴᠢᠳ ᠤᠨ ᠪᠦᠯᠭᠦᠮ ᠳᠤ᠄  33 ᠳ᠋ᠤᠭᠠᠷ ᠬᠤᠭᠤᠴᠠᠭᠠᠨ ᠤ ᠵᠣᠨ ᠤ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠳᠤ ᠂ ᠮᠠᠨ ᠤ ᠤᠯᠤᠰ ᠤᠨ ᠲᠠᠮᠢᠷᠴᠢᠳ ᠰᠢᠷᠭᠠᠭᠤ ᠬᠠᠲᠠᠭᠤᠵᠢᠯᠲᠠᠢ ᠲᠡᠮᠡᠴᠡᠵᠦ ᠂ ᠲᠡᠷᠢᠭᠦᠨ ᠳᠤ ᠣᠷᠣᠬᠤ ᠪᠠᠷ ᠡᠷᠡᠯᠬᠡᠭᠯᠡᠨ ᠴᠢᠷᠮᠠᠶᠢᠵᠤ ᠂ ᠡᠭᠦᠷᠭᠡ ᠬᠠᠷᠢᠭᠤᠴᠠᠯᠭ᠎ᠠ ᠪᠠᠨ ᠥᠯᠥ ᠬᠥᠰᠡᠷᠳᠡᠭᠦᠯᠵᠦ ᠂ 40 ᠠᠯᠲᠠᠨ ᠮᠧᠳᠠᠯ ᠂ 27 ᠮᠥᠩᠭᠦᠨ ᠮᠧᠳᠠᠯ ᠂ 24 ᠬᠦᠷᠡᠯ ᠮᠧᠳᠠᠯ ᠣᠯᠵᠤ ᠂ ᠲᠠᠮᠢᠷ ᠤᠨ ᠬᠥᠳᠡᠯᠭᠡᠭᠡᠨ ᠤ ᠬᠢᠷᠢ ᠪᠦᠲᠦᠮᠵᠢ ᠪᠠ ᠣᠶᠤᠨ ᠤ ᠪᠣᠯᠪᠠᠰᠤᠨ ᠤ ᠬᠤᠣᠰ ᠡᠯᠪᠡᠭ ᠬᠤᠷᠢᠶᠠᠯᠲᠠ ᠶᠢ ᠪᠡᠶᠡᠯᠡᠭᠦᠯᠵᠦ ᠂ ᠡᠬᠡ ᠤᠯᠤᠰ ᠪᠠ ᠠᠷᠠᠳ ᠲᠦᠮᠡᠨ ᠳᠡᠭᠡᠨ ᠢᠷᠠᠭᠤ ᠠᠯᠳᠠᠷ ᠠᠪᠴᠢᠷᠠᠭᠰᠠᠨ ᠪᠠᠶᠢᠨ᠎ᠠ ᠃ ᠨᠠᠮ ᠤᠨ ᠲᠥᠪ ᠬᠤᠷᠢᠶ᠎ᠠ ᠪᠣᠯᠣᠨ ᠳᠦᠷᠦ ᠶᠢᠨ ᠶᠠᠪᠤᠳᠠᠯ ᠤᠨ ᠬᠤᠷᠢᠶ᠎ᠠ ᠲᠠ ᠨᠠᠷ ᠲᠤ ᠬᠠᠯᠠᠭᠤᠨ ᠪᠠᠶᠠᠷ ᠬᠦᠷᠭᠡᠬᠦ ᠶᠢᠨ ᠬᠠᠮᠲᠤ ᠳᠣᠲᠣᠨᠣ ᠪᠠᠷ ᠲᠣᠬᠤᠨᠢᠭᠤᠯᠵᠤ ᠪᠠᠶᠢᠨ᠎ᠠ ︕  ᠲᠤᠰ ᠬᠤᠭᠤᠴᠠᠭᠠᠨ ᠤ ᠣᠯᠢᠮᠫᠢᠺ ᠤᠨ ᠲᠠᠮᠢᠷ ᠤᠨ ᠴᠤᠭᠯᠠᠭᠠᠨ ᠳᠤ ᠂ ᠲᠠ ᠨᠠᠷ ᠢᠮᠠᠭᠲᠠ ᠨᠠᠮ ᠪᠠ ᠠᠷᠠᠳ ᠲᠦᠮᠡᠨ ᠤ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ ᠂ ᠳᠤᠮᠳᠠᠳᠤ ᠶᠢᠨ ᠪᠡᠶ᠎ᠡ ᠶᠢᠨ ᠲᠠᠮᠢᠷ ᠤᠨ ᠵᠣᠷᠢᠭ ᠰᠠᠨᠠᠭ᠎ᠠ ᠪᠠ ᠣᠯᠢᠮᠫᠢᠺ ᠤᠨ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠤᠨ ᠂ ᠶᠣᠰᠣ ᠰᠤᠷᠲᠠᠬᠤᠨ ᠤ ᠠᠯᠲᠠᠨ ᠮᠧᠳᠠᠯ ᠂ ᠬᠡᠪ ᠨᠠᠮᠪᠠ ᠶᠢᠨ ᠠᠯᠲᠠᠨ ᠮᠧᠳᠠᠯ ᠂ ᠴᠡᠪᠡᠷ ᠠᠷᠢᠭᠤᠨ ᠤ ᠠᠯᠲᠠᠨ ᠮᠧᠳᠠᠯ ᠣᠯᠬᠤ ᠶᠢ ᠪᠠᠷᠢᠮᠲᠠᠯᠠᠵᠤ ᠂ ᠴᠤᠭ ᠪᠠᠳᠠᠷᠠᠩᠭᠤᠢ ᠲᠡᠮᠡᠴᠡᠯ ᠤᠨ ᠵᠣᠷᠢᠭ ᠂ ᠡᠷᠡᠰ ᠬᠠᠲᠠᠭᠤ ᠬᠡᠪ ᠰᠤᠷᠲᠠᠯ ᠂ ᠬᠡᠲᠦᠶᠢᠳᠦᠭᠰᠡᠨ ᠤᠷ᠎ᠠ ᠴᠢᠳᠠᠪᠤᠷᠢ ᠪᠠᠷ ᠢᠶᠠᠨ ᠳᠤᠮᠳᠠᠳᠤ ᠤᠯᠤᠰ ᠤᠨ ᠪᠡᠶ᠎ᠡ ᠶᠢᠨ ᠲᠠᠮᠢᠷ ᠤᠨ ᠵᠢᠪᠬᠤᠭ᠎ᠠ ᠲᠡᠭᠦᠯᠳᠡᠷ ᠡᠷᠡᠯᠬᠡᠭᠯᠡᠨ ᠤᠷᠤᠭᠰᠢᠯᠠᠬᠤ ᠴᠣ ᠰᠢᠨ᠎ᠡ ᠬᠠᠭᠤᠳᠠᠰᠤ ᠶᠢ ᠪᠢᠴᠢᠭᠯᠡᠵᠦ ᠂ ᠪᠡᠶ᠎ᠡ ᠶᠢᠨ ᠲᠠᠮᠢᠷ ᠤᠨ ᠹᠷᠣᠨᠲ ᠤᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠂ ᠡᠷᠡᠯᠬᠡᠭᠯᠡᠨ ᠤᠷᠤᠭᠰᠢᠯᠠᠬᠤ ᠴᠠᠭ ᠦᠶ᠎ᠡ ᠶᠢᠨ ᠳᠦᠷᠰᠦ ᠪᠠᠶᠢᠳᠠᠯ ᠢ ᠢᠯᠡᠷᠡᠭᠦᠯᠪᠡ ᠃ ᠲᠠ ᠨᠠᠷ ︽ ᠨᠡᠩ ᠲᠦᠷᠭᠡᠨ ᠂ ᠨᠡᠩ ᠥᠨᠳᠥᠷ ᠂ ᠨᠡᠩ ᠬᠦᠴᠦᠷᠬᠡᠭ — ᠨᠡᠩ ᠪᠦᠯᠬᠦᠮᠳᠡᠯ ᠲᠠᠢ ︾ ᠣᠯᠢᠮᠫᠢᠺ ᠤᠨ ᠰᠡᠴᠡᠯᠡᠯ ᠢ ᠢᠳᠡᠪᠬᠢᠲᠡᠢ ᠦᠢᠯᠡᠳᠦᠯᠭᠡᠵᠢᠭᠦᠯᠵᠦ ᠂ ᠳᠡᠯᠡᠬᠡᠢ ᠶᠢᠨ ᠡᠯ᠎ᠡ ᠤᠯᠤᠰ ᠡᠯ᠎ᠡ ᠭᠠᠵᠠᠷ ᠣᠷᠣᠨ ᠤ ᠲᠠᠮᠢᠷᠴᠢᠳ ᠲᠠᠢ ᠡᠷᠬᠡ ᠲᠡᠭᠰᠢ ᠪᠠᠷ ᠥᠷᠢᠰᠦᠯᠳᠦᠵᠦ ᠂ ᠨᠥᠭᠦᠷᠰᠡᠭ ᠢᠶᠠᠷ ᠰᠣᠯᠢᠯᠴᠠᠵᠤ ᠂ ᠤᠷ᠎ᠠ ᠴᠢᠳᠠᠪᠤᠷᠢ ᠪᠠᠨ ᠨᠡᠮᠡᠭᠳᠡᠭᠦᠯᠵᠦ ᠂ ᠨᠥᠬᠦᠷᠯᠡᠯ ᠢᠶᠠᠨ ᠵᠤᠵᠠᠭᠠᠳᠬᠠᠵᠤ ᠂ ᠳᠡᠯᠡᠬᠡᠢ ᠳ᠋ᠠᠬᠢᠨ ᠳᠤ ᠳᠤᠮᠳᠠᠳᠤ ᠤᠯᠤᠰ ᠤᠨ ᠬᠦᠴᠦᠨ ᠴᠢᠳᠠᠯ ᠪᠣᠯᠣᠨ ᠳᠤᠮᠳᠠᠳᠤ ᠤᠯᠤᠰ ᠤᠨ ᠳᠦᠷᠢ ᠲᠥᠷᠬᠦ ᠶᠢ ᠭᠠᠶᠢᠬᠠᠭᠤᠯᠵᠤ ᠂ ᠳᠤᠮᠳᠠᠳᠤ ᠤᠯᠤᠰ ᠤᠨ ᠲᠠᠭᠤᠨ ᠪᠣᠯᠣᠨ ᠳᠤᠮᠳᠠᠳᠤ ᠤᠯᠤᠰ ᠤᠨ ᠵᠣᠷᠢᠭ ᠰᠠᠨᠠᠭ᠎ᠠ ᠶᠢ ᠤᠯᠠᠮᠵᠢᠯᠠᠪᠠ ᠃ ᠲᠠ ᠨᠠᠷ ᠤᠨ ᠣᠯᠣᠭᠰᠠᠨ ᠰᠢᠯᠢᠳᠡᠭ ᠬᠢᠷᠢ ᠪᠦᠲᠦᠮᠵᠢ ᠪᠠ ᠭᠠᠷᠮᠠᠭᠠᠢ ᠢᠯᠡᠷᠡᠯ ᠤᠯᠤᠰ ᠤᠨ ᠳᠣᠲᠣᠭᠠᠳᠤ ᠭᠠᠳᠠᠭᠠᠳᠤ ᠶᠢᠨ ᠳᠤᠮᠳᠠᠳᠤ ᠶᠢᠨ ᠬᠥᠪᠡᠭᠦᠳ ᠥᠬᠢᠳ ᠤᠨ ᠡᠬᠡ ᠣᠷᠣᠨᠴᠢ ᠬᠠᠯᠠᠭᠤᠨ ᠰᠡᠳᠬᠢᠯᠭᠡ ᠶᠢ ᠤᠯᠠᠮ ᠬᠥᠭᠵᠢᠭᠡᠵᠦ ᠂ ᠦᠨᠳᠦᠰᠦᠲᠡᠨ ᠤ ᠵᠣᠷᠢᠭ ᠰᠠᠨᠠᠭ᠎ᠠ ᠶᠢ ᠤᠯᠠᠮ ᠬᠥᠭᠵᠢᠭᠡᠨ ᠂ ᠡᠷᠡᠯᠬᠡᠭᠯᠡᠨ ᠤᠷᠤᠭᠰᠢᠯᠠᠬᠤ ᠬᠦᠴᠦᠨ ᠢ ᠤᠯᠠᠮ ᠨᠢᠭᠲᠠᠷᠠᠭᠤᠯᠤᠭᠰᠠᠨ ᠶᠤᠮ ᠃  ᠲᠠ ᠨᠠᠷ ᠤᠨ ᠰᠢ  ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠂ ᠭᠤᠷᠪᠠᠳᠤᠭᠠᠷ ᠪᠦᠭᠦᠳᠠ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠪᠡᠶ᠎ᠡ ᠶᠢᠨ ᠲᠠᠮᠢᠷ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠬᠠᠷᠠᠯᠲᠠ ᠶᠢ ᠣᠨᠢᠯᠠᠵᠤ ᠂ ᠤᠯᠤᠰ ᠣᠷᠣᠨ ᠳᠠᠭᠠᠨ ᠢᠷᠠᠭᠤ ᠠᠯᠳᠠᠷ ᠣᠯᠭᠤᠬᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ ᠂ ᠥᠷᠢᠰᠦᠯᠳᠦᠭᠡᠨᠲᠦ ᠪᠡᠶ᠎ᠡ ᠶᠢᠨ ᠲᠠᠮᠢᠷ ᠤᠨ ᠰᠢᠨ᠎ᠡ ᠨᠣᠶᠠᠨ ᠤᠷᠭᠢᠯ ᠳᠤ ᠲᠠᠰᠤᠷᠠᠯᠳᠠ ᠦᠭᠡᠢ ᠠᠪᠠᠷᠢᠵᠤ ᠂ ᠤᠯᠠᠨ ᠲᠦᠮᠡᠨᠴᠢ ᠪᠡᠶ᠎ᠡ ᠶᠢᠨ ᠲᠠᠮᠢᠷ ᠂ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠥᠷᠨᠢᠭᠦᠨ ᠬᠥᠭᠵᠢᠯᠲᠡ ᠶᠢ ᠲᠠᠶᠢᠴᠢᠯᠠᠵᠤ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠳᠤ ᠰᠢᠨ᠎ᠡ ᠬᠤᠪᠢ ᠨᠡᠮᠡᠷᠢ ᠦᠵᠡᠭᠦᠯᠭᠦ ᠶᠢ ᠬᠦᠰᠡᠵᠦ ᠪᠠᠶᠢᠨ᠎ᠠ ᠃ ᠡᠬᠡ ᠤᠯᠤᠰ ᠪᠣᠯᠣᠨ ᠠᠷᠠᠳ ᠲᠦᠮᠡᠨ ᠴᠢᠨᠢ ᠲᠠ ᠨᠠᠷ ᠤᠨ ᠢᠯᠠᠯᠲᠠ ᠲᠠᠢ ᠪᠠᠷ ᠪᠤᠴᠠᠵᠤ ᠢᠷᠡᠬᠦ ᠶᠢ ᠬᠦᠰᠡᠨ ᠬᠦᠯᠢᠶᠡᠵᠦ ᠪᠠᠶᠢᠨ᠎ᠠ ︕    ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ  ᠲᠥᠷᠥ ᠶᠢᠨ ᠶᠠᠪᠤᠳᠠᠯ ᠤᠨ ᠬᠤᠷᠢᠶ᠎ᠠ   2024 ᠣᠨ ᠤ 8 ᠰᠠᠷ᠎ᠠ ᠶᠢᠨ 11 ᠤ ᠡᠳᠦᠷ   
ᠢᠷᠡᠯᠲᠡ᠄ ᠥᠪᠥᠷ ᠮᠤᠩᠭᠤᠯ ᠤᠨ ᠵᠠᠰᠠᠭ ᠤᠨ ᠣᠷᠳᠤᠨ