2024 ᠣᠨ ᠤ ᠫᠠᠷᠢᠰ ᠤᠨ ᠣᠯᠢᠮᠫᠢᠺ ᠤᠨ ᠲᠠᠮᠢᠷ ᠤᠨ ᠴᠤᠭᠯᠠᠭᠠᠨ ᠳᠠᠬᠢ ᠡᠯ᠎ᠡ ᠤᠯᠤᠰ ᠤᠨ ᠦᠵᠡᠵᠦ ᠰᠣᠨᠣᠰᠬᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠦᠭᠰᠡᠨ ᠬᠡᠷᠡᠭᠯᠡᠯᠲᠡ
ᠨᠡᠶᠢᠲᠡᠯᠡᠭᠰᠡᠨ ᠴᠠᠭ᠄
2024/8/12
  ᠦᠵᠡᠵᠦ ᠰᠣᠨᠣᠰᠬᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷᠭᠦᠯᠵᠢᠯᠡᠨ ᠳᠠᠰ ᠳᠡᠪᠰᠢᠵᠦ᠂ 2024 ᠣᠨ ᠤ ᠫᠠᠷᠢᠰ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠦᠪᠡᠳᠡᠭᠰᠢ ᠴᠤᠭᠯᠠᠭᠠᠨ ᠨᠢ ᠨᠡᠩ ᠲᠣᠭᠠᠵᠢᠭᠤᠯᠤᠭᠰᠠᠨ᠂ ᠨᠡᠩ ᠣᠶᠣᠨᠴᠢᠯᠠᠭᠰᠠᠨ᠂ ᠨᠡᠩ ᠪᠣᠬᠢᠷᠲᠤᠯ ᠦᠭᠡᠢ ᠳᠦᠷᠰᠦ ᠪᠠᠶᠢᠳᠠᠯ ᠢᠶᠠᠷ ᠬᠦᠯᠢᠶᠡᠨ ᠠᠪᠤᠭᠴᠢᠳ ᠲᠤ ᠢᠯᠡᠷᠡᠵᠡᠢ᠃ ᠳᠤᠮᠳᠠᠳᠤ ᠤᠯᠤᠰ ᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ ᠠᠬᠤᠶᠢᠯᠠᠯ᠂ ᠦᠵᠡᠵᠦ ᠰᠤᠨᠤᠰᠬᠤ ᠪᠠᠶᠢᠭᠤᠯᠭ᠎ᠠ ᠣᠯᠢᠮᠫᠢᠺ ᠤᠨ ᠤᠷᠤᠯᠳᠤᠭᠠᠨ ᠢ ᠵᠣᠬᠢᠶᠠᠨ ᠪᠠᠶᠢᠭᠤᠯᠬᠤ ᠪᠣᠯᠤᠨ ᠳᠠᠮᠵᠢᠭᠤᠯᠤᠨ ᠨᠡᠪᠲᠡᠷᠡᠭᠦᠯᠬᠦ ᠶᠠᠪᠤᠴᠠ ᠳᠤ ᠴᠤ ᠢᠯᠡᠭᠦᠦ ᠲᠣᠪᠤᠶᠢᠮ᠎ᠠ ᠦᠢᠯᠡᠳᠦᠯ ᠦᠵᠡᠭᠦᠯᠪᠡ᠃  ᠨᠢᠭᠡ᠂ ᠡᠭᠦᠯᠡᠨ ᠪᠤᠳᠤᠯᠲᠠ ᠣᠯᠢᠮᠫᠢᠺ ᠤᠨ ᠲᠠᠮᠢᠷ ᠤᠨ ᠴᠤᠭᠯᠠᠭᠠᠨ ᠤ ᠰᠢᠨ᠎ᠡ ᠴᠠᠭ ᠦᠶ᠎ᠡ ᠶᠢ ᠨᠡᠬᠡᠬᠡᠪᠡ  2024 ᠣᠨ ᠤ ᠫᠠᠷᠢᠰ ᠤᠨ ᠣᠯᠢᠮᠫᠢᠺ ᠤᠨ ᠲᠠᠮᠢᠷ ᠤᠨ ᠴᠤᠭᠯᠠᠭᠠᠨ ᠳᠤ᠂ ᠡᠭᠦᠯᠡᠨ ᠳᠠᠮᠵᠢᠭᠤᠯᠤᠨ ᠨᠡᠪᠲᠡᠷᠡᠭᠦᠯᠭᠡ ᠨᠢ ᠠᠩᠬ᠎ᠠ ᠤᠳᠠᠭ᠎ᠠ ᠳᠠᠭᠠᠭᠤᠯᠢ ᠣᠳᠣ ᠶᠢ ᠳᠠᠪᠠᠵᠤ ᠤᠯᠢᠮᠫᠢᠺ ᠤᠨ ᠰᠢᠭᠤᠳ ᠨᠡᠪᠲᠡᠷᠡᠭᠦᠯᠬᠦ ᠳᠣᠬᠢᠶ᠎ᠠ ᠶᠢ ᠲᠠᠷᠬᠠᠭᠠᠬᠤ ᠭᠤᠣᠯ ᠠᠷᠭ᠎ᠠ ᠬᠡᠯᠪᠡᠷᠢ ᠪᠣᠯᠵᠠᠢ᠃ ᠣᠯᠢᠮᠫᠢᠺ ᠤᠨ ᠷᠠᠳᠢᠣ᠋ ᠨᠡᠪᠲᠡᠷᠡᠭᠦᠯᠭᠡ ᠶᠢᠨ ᠦᠢᠯᠡᠴᠢᠯᠡᠭᠡᠨ ᠤ ᠺᠣᠮᠫᠠᠨᠢ ︵OBS︶ ᠢᠯᠡᠷᠬᠡᠶᠢᠯᠡᠬᠦ ᠳᠤ ᠪᠠᠨ᠂ ᠣᠳᠣᠬᠠᠨ ᠳᠤ ᠨᠢᠭᠡᠨᠲᠡ 54 ᠡᠷᠬᠡ ᠠᠳᠬᠤᠵᠤ ᠳᠠᠮᠵᠢᠭᠤᠯᠤᠨ ᠨᠡᠪᠲᠡᠷᠡᠭᠦᠯᠬᠦ ᠪᠠᠶᠢᠭᠤᠯᠤᠮᠵᠢ ᠡᠭᠦᠯᠡᠨ ᠪᠤᠳᠤᠯᠲᠠ ᠪᠠᠷ ᠰᠢᠭᠤᠳ ᠨᠡᠪᠲᠡᠷᠡᠭᠦᠯᠬᠦ ᠳᠣᠬᠢᠶ᠎ᠠ ᠬᠤᠪᠢᠶᠠᠨ ᠲᠠᠷᠬᠠᠭᠠᠵᠤ᠂ 2022 ᠣᠨ ᠤ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ 22 ᠲᠠᠢ ᠬᠠᠷᠢᠴᠠᠭᠤᠯᠪᠠᠯ 2 ᠳᠠᠬᠢᠨ ᠳᠡᠭᠡᠭᠰᠢᠯᠡᠪᠡ︔ ᠬᠠᠷᠢᠴᠠᠯ ᠤᠨ ᠲᠠᠯ᠎ᠠ ᠠᠴᠠ ᠠᠪᠴᠤ ᠦᠵᠡᠪᠡᠯ᠂ ᠤᠷᠢᠳᠴᠢᠯᠠᠨ ᠲᠣᠭᠲᠠᠭᠠᠭᠰᠠᠨ ᠠᠯᠤᠰ ᠡᠵᠡᠮᠰᠢᠯᠲᠦ ᠦᠢᠯᠡᠴᠢᠯᠡᠭᠡᠨ ᠤ ᠳᠣᠲᠣᠷ᠎ᠠ ᠭᠤᠷᠪᠠᠨ ᠤ ᠬᠤᠶᠠᠷ ᠬᠤᠪᠢ ᠨᠢ ᠡᠭᠦᠯᠡᠨ ᠪᠤᠳᠤᠯᠲᠠ ᠶᠢᠨ ᠠᠷᠭ᠎ᠠ ᠬᠡᠯᠪᠡᠷᠢ ᠪᠠᠷ ᠳᠠᠮᠵᠢᠭᠤᠯᠵᠠᠢ᠂ ᠲᠤᠬᠠᠶᠢᠯᠠᠪᠠᠯ ᠠ ᠯᠢ ᠶᠦᠨ ᠬᠢᠭᠡᠳ OBS ᠤᠨ ᠬᠠᠮᠲᠤ ᠪᠠᠷ ᠪᠠᠶᠢᠭᠤᠯᠤᠭᠰᠠᠨ OBS Live Cloud ᠪᠣᠯᠤᠨ᠎ᠠ᠃  ᠤᠯᠠᠮᠵᠢᠯᠠᠯᠲᠤ ᠳᠠᠭᠠᠭᠤᠯᠢ ᠣᠳᠣ ᠪᠠ ᠭᠡᠷᠡᠯᠯᠢᠭ ᠳᠡᠭᠡᠰᠦ ᠶᠢ ᠳᠠᠮᠵᠢᠭᠤᠯᠤᠨ ᠨᠡᠪᠲᠡᠷᠡᠭᠦᠯᠬᠦ ᠲᠠᠢ ᠬᠠᠷᠢᠴᠠᠭᠤᠯᠪᠠᠯ᠂ ᠡᠭᠦᠯᠡᠨ ᠳᠠᠮᠵᠢᠭᠤᠯᠤᠨ ᠨᠡᠪᠲᠡᠷᠡᠭᠦᠯᠭᠡ ᠶᠢᠨ ᠠᠷᠭ᠎ᠠ ᠵᠠᠮ ᠤᠨ ᠪᠠᠭᠲᠠᠭᠠᠮᠵᠢ ᠨᠢ ᠨᠡᠩ ᠶᠡᠭᠡ᠂ ᠥᠪᠡᠷ ᠤᠨ ᠥᠷᠲᠡᠭ ᠤᠨ ᠦᠷ᠎ᠡ ᠠᠰᠢᠭ ᠨᠢ ᠨᠡᠩ ᠥᠨᠳᠥᠷ ᠪᠠᠶᠢᠳᠠᠭ᠃ ᠨᠢᠭᠡ ᠲᠠᠯ᠎ᠠ ᠪᠠᠷ᠂ ᠲᠡᠷᠡ ᠨᠠᠩ ᠪᠠᠶᠠᠯᠢᠭ᠂ ᠨᠠᠩ ᠴᠢᠨᠠᠷ ᠰᠠᠶᠢᠲᠠᠶ ᠰᠢᠭᠤᠳ ᠨᠡᠪᠲᠡᠷᠡᠭᠦᠯᠭᠡ ᠶᠢᠨ ᠠᠭᠤᠯᠭ᠎ᠠ ᠶᠢ ᠲᠣᠭᠲᠠᠭᠤᠨ ᠢᠶᠠᠷ ᠳᠠᠮᠵᠢᠭᠤᠯᠵᠤ ᠴᠢᠳᠠᠨ᠎ᠠ᠃ 2024 ᠣᠨ ᠤ ᠫᠠᠷᠢᠰ ᠤᠨ ᠣᠯᠢᠮᠫᠢᠺ ᠤᠨ ᠲᠠᠮᠢᠷ ᠤᠨ ᠴᠤᠭᠯᠠᠭᠠᠨ ᠨᠢ 11000 ᠭᠠᠷᠤᠢ ᠴᠠᠭ ᠤᠨ ᠰᠢᠭᠤᠳ ᠨᠡᠪᠲᠡᠷᠡᠭᠦᠯᠭᠡ ᠶᠢᠨ ᠠᠭᠤᠯᠭ᠎ᠠ ᠶᠢ ᠭᠠᠷᠭᠠᠵᠤ᠂ UHD ︵ᠬᠡᠳᠦ ᠥᠨᠳᠥᠷ ᠲᠤᠳᠤᠷᠠᠴᠠᠲᠤ︶᠂ HDR ︵ᠥᠨᠳᠥᠷ ᠬᠥᠳᠡᠯᠦᠩᠭᠦᠢ ᠬᠡᠪᠴᠢᠶ᠎ᠡ︶᠂ 8K ᠵᠡᠷᠭᠡ ᠡᠯ᠎ᠡ ᠲᠥᠷᠥᠯ ᠤᠨ ᠬᠡᠯᠪᠡᠷᠢ ᠮᠠᠶ᠋ᠢᠭ᠂ ᠬᠥᠨᠳᠡᠯᠡᠨ ᠳᠡᠯᠭᠡᠴᠡ᠂ ᠪᠣᠰᠤᠭ᠎ᠠ ᠳᠡᠯᠭᠡᠴᠡ ᠵᠡᠷᠭᠡ ᠡᠯ᠎ᠡ ᠲᠥᠷᠥᠯ ᠤᠨ ᠬᠡᠯᠪᠡᠷᠢ ᠶᠢ ᠬᠡᠷᠡᠭᠯᠡᠵᠦ᠂ ᠲᠤᠤᠺᠢᠤ᠋ ᠶᠢᠨ ᠣᠯᠢᠮᠫᠢᠺ ᠤᠨ ᠲᠠᠮᠢᠷ ᠤᠨ ᠴᠤᠭᠯᠠᠭᠠᠨ ᠠᠴᠠ ᠪᠠᠷᠤᠭ ᠬᠤᠶᠠᠷ ᠬᠤᠪᠢ ᠨᠡᠮᠡᠭᠳᠡᠵᠦ᠂ ᠡᠴᠦᠰ ᠲᠤ ᠪᠠᠨ ᠪᠣᠳᠠᠲᠠᠢ ᠦᠢᠯᠡᠳᠬᠦ ᠬᠡᠮᠵᠢᠶ᠎ᠡ ᠨᠢ ᠴᠢᠨᠠᠭᠰᠢᠯᠠᠪᠠᠯ 40% ᠬᠦᠷᠲᠡᠯ᠎ᠡ ᠨᠡᠮᠡᠭᠳᠡᠵᠦ᠂ ᠲᠡᠦᠬᠡᠨ ᠳᠡᠭᠡᠷᠡᠬᠢ ᠬᠠᠮᠤᠭ ᠤᠨ ᠶᠡᠭᠡ ᠬᠡᠪᠴᠢᠶᠡᠨ ᠤ ᠣᠯᠢᠮᠫᠢᠺ ᠤᠨ ᠲᠠᠮᠢᠷ ᠤᠨ ᠴᠤᠭᠯᠠᠭᠠᠨ ᠤ ᠳᠠᠮᠵᠢᠭᠤᠯᠤᠨ ᠨᠡᠪᠲᠡᠷᠡᠭᠦᠯᠭᠡ ᠪᠣᠯᠤᠨ᠎ᠠ᠃ ᠨᠥᠭᠦᠭᠡ ᠲᠠᠯ᠎ᠠ ᠪᠠᠷ᠂ ᠲᠡᠷᠡ ᠨᠢ ᠲᠤᠬᠠᠢ ᠶᠢᠨ ᠲᠠᠯᠠᠪᠤᠷ ᠤᠨ ᠲᠥᠬᠦᠭᠡᠷᠦᠮᠵᠢ᠂ ᠠᠵᠢᠯᠲᠠᠨ ᠤ ᠲᠤᠭ᠎ᠠ ᠪᠠ ᠡᠨᠧᠷᠭᠢ ᠶᠢᠨ ᠬᠤᠷᠣᠭᠳᠠᠯ ᠢ ᠶᠡᠭᠡ ᠪᠠᠷ ᠪᠠᠭᠠᠰᠬᠠᠵᠤ ᠴᠢᠳᠠᠨ᠎ᠠ᠃ 2024 ᠣᠨ ᠤ ᠫᠠᠷᠢᠰ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠣᠯᠠᠨ ᠤᠯᠤᠰ ᠤᠨ ᠳᠠᠮᠵᠢᠭᠤᠯᠤᠨ ᠨᠡᠪᠲᠡᠷᠡᠭᠦᠯᠬᠦ ᠲᠥᠪ ︵IBC︶ ᠤᠨ ᠲᠠᠯᠠᠪᠠᠢ ᠨᠢ 2020 ᠣᠨ ᠤ ᠲᠤᠤᠺᠢᠤ᠋ ᠶᠢᠨ ᠣᠯᠢᠮᠫᠢᠺ ᠤᠨ ᠲᠠᠮᠢᠷ ᠤᠨ ᠴᠤᠭᠯᠠᠭᠠᠨ᠂ 2016 ᠣᠨ ᠤ ᠷᠢᠦ᠋ ᠳᠢ ᠿᠧᠨ᠋ᠸᠢ ᠢᠷᠦ᠋ ᠶᠢᠨ ᠣᠯᠢᠮᠫᠢᠺ ᠤᠨ ᠲᠠᠮᠢᠷ ᠤᠨ ᠴᠤᠭᠯᠠᠭᠠᠨ ᠠᠴᠠ ᠲᠤᠰ ᠲᠤᠰ 13%᠂ 23% ᠪᠠᠷ ᠪᠠᠭᠠᠰᠴᠤ᠂ ᠵᠣᠬᠢᠶᠠᠨ ᠪᠠᠢᠭᠤᠯᠬᠤ ᠺᠣᠮᠢᠰ ᠨᠢ IBC ᠳᠤ ᠴᠠᠬᠢᠯᠭᠠᠨ ᠬᠦᠴᠦ ᠬᠠᠩᠭᠠᠯᠭ᠎ᠠ ᠨᠢ ᠲᠤᠰ ᠲᠤᠰ 44%᠂ 72% ᠢᠶᠠᠷ ᠪᠠᠭᠠᠰᠪᠠ᠃ ᠡᠭᠦᠨ ᠠᠴᠠ ᠭᠠᠳᠠᠨ᠎ᠠ᠂ ᠡᠭᠦᠯᠡᠨ ᠳᠠᠮᠵᠢᠭᠤᠯᠤᠨ ᠨᠡᠪᠲᠡᠷᠡᠭᠦᠯᠬᠦ ᠳᠤ AI ᠮᠡᠷᠭᠡᠵᠢᠯ ᠢ ᠨᠡᠩ ᠰᠠᠶᠢᠨ ᠬᠡᠷᠡᠭᠯᠡᠵᠦ ᠪᠣᠯᠣᠨ᠎ᠠ᠃ ᠠ ᠯᠢ ᠡᠭᠦᠯᠡᠨ AI ᠶᠢᠨ ᠮᠡᠷᠭᠡᠵᠢᠯ ᠢᠶᠠᠨ ᠴᠢᠩᠭᠠᠳᠬᠠᠬᠤ ᠶᠢ ᠨᠢᠭᠡᠨᠲᠡ 14 ᠲᠠᠯᠠᠪᠤᠷ ᠣᠷᠳᠣᠨ ᠳᠤ ᠪᠠᠶᠢᠷᠢᠯᠠᠭᠤᠯᠵᠤ᠂ ᠵᠥᠪᠬᠡᠨ ᠬᠡᠳᠦᠨ ᠰᠧᠺᠦ᠋ᠨ᠋ᠳ᠋ ᠲᠤ ︽ᠰᠤᠮᠤᠨ ᠤ ᠴᠠᠭ︾᠂ ︽ᠴᠠᠭ ᠬᠤᠭᠤᠴᠠᠭ᠎ᠠ᠂ ᠣᠷᠣᠨ ᠵᠠᠢ︾ ᠵᠡᠷᠭᠡ ᠴᠢᠳᠠᠮᠵᠢ ᠶᠢ ᠰᠢᠭᠤᠳ ᠨᠡᠪᠲᠡᠷᠡᠭᠦᠯᠬᠦ ᠳᠣᠬᠢᠶ᠎ᠠ ᠳᠣᠲᠣᠷ᠎ᠠ ᠬᠡᠷᠡᠭᠯᠡᠵᠦ ᠪᠣᠯᠤᠨ᠎ᠠ᠃  ᠬᠤᠶᠠᠷ᠂ 5G ᠨᠢ ᠭᠡᠷ ᠤᠨ ᠭᠠᠳᠠᠨᠠᠬᠢ ᠡᠬᠢᠯᠡᠯᠲᠡ ᠶᠢᠨ ᠶᠣᠰᠣᠯᠠᠯ ᠤᠨ ᠰᠢᠭᠤᠳ ᠨᠡᠪᠲᠡᠷᠡᠭᠦᠯᠭᠡ ᠪᠠᠷ ᠠᠶᠠᠯᠠᠯ ᠬᠠᠮᠠᠭᠠᠯᠠᠪᠠ  2024 ᠣᠨ ᠤ ᠫᠠᠷᠢᠰ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠡᠬᠢᠯᠡᠯᠲᠡ ᠶᠢᠨ ᠶᠣᠰᠣᠯᠠᠯ ᠪᠣᠯ ᠣᠳᠣ ᠦᠶ᠎ᠡ ᠶᠢᠨ ᠣᠯᠢᠮᠫᠢᠺ ᠤᠨ ᠲᠠᠮᠢᠷ ᠤᠨ ᠴᠤᠭᠯᠠᠭᠠᠨ ᠤ ᠲᠡᠦᠬᠡᠨ ᠳᠡᠭᠡᠷ᠎ᠡ ᠠᠩᠬ᠎ᠠ ᠤᠳᠠᠭ᠎ᠠ ᠪᠡᠶ᠎ᠡ ᠶᠢᠨ ᠲᠠᠮᠢᠷ ᠤᠨ ᠲᠠᠯᠠᠪᠠᠢ ᠶᠢᠨ ᠭᠠᠳᠠᠨ᠎ᠠ ᠨᠡᠭᠡᠭᠡᠯᠲᠡ ᠬᠢᠭᠰᠡᠨ ᠬᠤᠲᠠ ᠶᠢᠨ ᠣᠷᠣᠨ ᠵᠠᠢ ᠳᠤ ᠶᠠᠪᠤᠭᠳᠠᠭᠰᠠᠨ ᠡᠬᠢᠯᠡᠯᠲᠡ ᠶᠢᠨ ᠶᠣᠰᠣᠯᠠᠯ ᠪᠣᠯᠤᠨ᠎ᠠ᠃ ᠲᠡᠷᠡ ᠨᠢ ᠫᠠᠷᠢᠰ ᠤᠨ ᠪᠦᠬᠦᠶᠢᠯᠡ ᠬᠤᠲᠠ ᠶᠢ ᠲᠠᠪᠴᠠᠩ᠂ ᠰᠠᠢ ᠨᠠ ᠭᠤᠣᠯ ᠢᠶᠠᠷ ᠭᠦᠶᠦᠯᠲᠡ ᠶᠢᠨ ᠵᠠᠮ᠂ ᠭᠠᠷᠠᠮ ᠤᠨ ᠵᠣᠭᠰᠣᠭᠠᠯ ᠪᠣᠯᠭᠠᠵᠤ᠂ ᠨᠢᠭᠡ ᠤᠳᠠᠭᠠᠨ ᠤ ᠰᠢᠨ᠎ᠡ ᠡᠭᠦᠳᠦᠯᠲᠡ ᠬᠢᠭᠡᠳ ᠷᠣᠮᠠᠨᠲ᠋ᠢᠭ ᠰᠦᠯᠵᠢᠯᠳᠦᠭᠰᠡᠨ᠂ ᠣᠳᠣ ᠦᠶ᠎ᠡ ᠪᠠ ᠤᠯᠠᠮᠵᠢᠯᠠᠯᠲᠤ ᠠᠭᠤᠰᠤᠯᠴᠠᠭᠰᠠᠨ ᠬᠤᠲᠠ ᠶᠢᠨ ᠰᠢ ᠵᠦᠴᠦᠭᠡ ᠶᠢ ᠳᠡᠯᠭᠡᠨ ᠦᠵᠡᠭᠦᠯᠵᠦ᠂ ᠡᠭᠦᠨ ᠤ ᠬᠠᠮᠲᠤ᠂ ᠤᠯᠠᠮᠵᠢᠯᠠᠯᠲᠤ ᠲᠧᠯᠸᠢᠰ ᠤᠨ ᠰᠢᠭᠤᠳ ᠨᠡᠪᠲᠡᠷᠡᠭᠦᠯᠭᠡ ᠳᠤ ᠥᠷᠢᠰᠥᠯᠳᠦᠭᠡᠨ ᠠᠪᠴᠢᠷᠠᠪᠠ᠃ 5G ᠶᠢᠨ ᠮᠡᠷᠭᠡᠵᠢᠯ ᠨᠢ ᠡᠨᠡ ᠤᠳᠠᠭᠠᠨ ᠤ ᠵᠠᠭᠤᠴᠢᠯᠠᠭᠤᠷ ᠤᠨ ᠦᠪᠡᠳᠡᠭᠰᠢ ᠶᠣᠰᠣᠯᠠᠯ ᠢ ᠲᠤᠯᠭᠠᠭᠤᠷᠢᠯᠠᠬᠤ ᠳᠤ ᠳᠤᠲᠠᠭᠳᠠᠵᠤ ᠪᠣᠯᠤᠰᠢ ᠦᠭᠡᠢ ᠰᠦᠯᠵᠢᠶᠡᠨ ᠤ ᠰᠠᠭᠤᠷᠢ ᠪᠣᠯᠪᠠ᠃  ᠲᠤᠬᠠᠢ ᠶᠢᠨ ᠭᠠᠵᠠᠷ ᠤᠨ ᠴᠠᠭ ᠢᠶᠠᠷ 7 ᠳ᠋ᠤᠭᠠᠷ ᠰᠠᠷ᠎ᠠ ᠶᠢᠨ 26 ᠤ ᠡᠳᠦᠷ 4 ᠴᠠᠭ ᠤᠨ ᠬᠤᠭᠤᠴᠠᠭ᠎ᠠ ᠲᠠᠢ ᠡᠬᠢᠯᠡᠯᠲᠡ ᠶᠢᠨ ᠶᠣᠰᠣᠯᠠᠯ ᠤᠨ ᠰᠢᠭᠤᠳ ᠨᠡᠪᠲᠡᠷᠡᠭᠦᠯᠬᠦ ᠠᠵᠢᠯᠯᠠᠭ᠎ᠠ ᠳᠤ᠂ 85 ᠣᠩᠭᠤᠴᠠ ᠳᠡᠯᠡᠬᠡᠢ ᠶᠢᠨ ᠡᠯ᠎ᠡ ᠭᠠᠵᠠᠷ ᠠᠴᠠ ᠢᠷᠡᠭᠰᠡᠨ 200 ᠭᠠᠷᠤᠢ ᠲᠥᠯᠥᠭᠡᠯᠡᠭᠴᠢᠳ ᠤᠨ ᠪᠦᠯᠬᠦᠮ ᠤᠨ 6800 ᠲᠠᠮᠢᠷᠴᠢᠨ ᠢ ᠰᠠᠢ ᠨᠠ ᠭᠤᠣᠯ ᠤᠨ 6 ᠺᠢᠯᠣᠮᠧᠲᠷ ᠤᠷᠲᠤ ᠭᠤᠣᠯ ᠤᠨ ᠬᠡᠰᠡᠭ ᠲᠤ ᠵᠢᠭᠰᠠᠭᠠᠯ ᠶᠠᠪᠤᠭᠤᠯᠵᠠᠢ᠃ ᠬᠡᠮᠵᠢᠶ᠎ᠡ ᠶᠡᠭᠡ᠂ ᠥᠪᠡᠷ ᠤᠨ ᠦᠷᠳᠡᠭ ᠥᠨᠳᠥᠷ ᠪᠠ ᠵᠠᠮ ᠱᠤᠭᠤᠮ ᠤᠨ ᠪᠠᠶᠢᠷᠢᠯᠠᠭᠤᠯᠤᠯᠲᠠ ᠬᠦᠴᠢᠷᠳᠡᠯ ᠵᠡᠷᠭᠡ ᠰᠢᠯᠲᠠᠭᠠᠨ ᠠᠴᠠ ᠪᠤᠯᠵᠤ᠂ ᠲᠠᠮᠢᠷᠴᠢᠨ ᠣᠩᠭᠤᠴᠠᠨ ᠤ ᠰᠡᠭᠦᠳᠡᠷᠯᠡᠬᠦ ᠮᠠᠰᠢᠨ ᠨᠢ ᠤᠯᠠᠮᠵᠢᠯᠠᠯᠲᠤ ᠷᠠᠳᠢᠣ᠋ ᠲᠧᠯᠸᠢᠰ ᠤᠨ ᠲᠡᠰ ᠤᠨ ᠳᠦᠷᠰᠦ ᠰᠢᠩᠭᠡᠭᠡᠬᠦ ᠮᠠᠰᠢᠨ ᠢ ᠬᠡᠷᠡᠭᠯᠡᠬᠦ ᠶᠢᠨ ᠠᠷᠭ᠎ᠠ ᠦᠭᠡᠢ ᠪᠠᠶᠢᠵᠤ᠂ ᠣᠯᠢᠮᠫᠢᠺ ᠤᠨ ᠵᠣᠬᠢᠶᠠᠨ ᠪᠠᠶᠢᠭᠤᠯᠬᠤ ᠺᠣᠮᠢᠰ ᠨᠢ ᠡᠴᠦᠰ ᠲᠤ ᠪᠠᠨ ︽5G ᠶᠢᠨ ᠲᠤᠰᠬᠠᠢ ᠰᠦᠯᠵᠢᠶ᠎ᠡ + ᠤᠶᠤᠨᠲᠤ ᠭᠠᠷ ᠤᠲᠠᠰᠤᠨ ᠤ ᠰᠡᠭᠦᠳᠡᠷᠯᠡᠬᠦ ᠮᠠᠰᠢᠨ︾ ᠤ ᠰᠢᠢᠳᠪᠦᠷᠢᠯᠡᠬᠦ ᠲᠥᠰᠦᠯ ᠢ ᠬᠡᠷᠡᠭᠯᠡᠪᠡ᠃ ᠹᠷᠠᠨᠼᠢ ᠶᠢᠨ ᠴᠠᠬᠢᠯᠭᠠᠨ ᠬᠤᠯᠪᠣᠭᠠᠨ ᠤ ᠡᠵᠡᠩᠨᠡᠯᠲᠡ ᠶᠢᠨ ᠬᠤᠳᠠᠯᠳᠤᠭᠠᠴᠢᠨ Orange ᠰᠠᠢ ᠨᠠ ᠭᠤᠣᠯ ᠤᠨ 6 ᠺᠢᠯᠣᠮᠧᠲᠷ ᠤᠷᠲᠤ ᠭᠤᠣᠯ ᠤᠨ ᠬᠡᠰᠡᠭ ᠲᠤ 5G ᠲᠤᠰᠬᠠᠢ ᠰᠦᠯᠵᠢᠶ᠎ᠡ ᠶᠢ ᠪᠠᠶᠢᠭᠤᠯᠵᠤ᠂ ᠣᠯᠠᠨ ᠨᠡᠶᠢᠲᠡ ᠶᠢᠨ ᠰᠦᠯᠵᠢᠶ᠎ᠡ ᠠᠴᠠ ᠪᠦᠷᠢᠮᠦᠰᠦᠨ ᠰᠠᠯᠭᠠᠵᠤ᠂ 5G ᠰᠦᠯᠵᠢᠶ᠎ᠡ ᠶᠢ ᠴᠠᠭ ᠬᠤᠶᠢᠰᠢᠯᠠᠭᠤᠯᠬᠤ ᠨᠢ ᠳᠣᠣᠷ᠎ᠠ᠂ ᠪᠠᠭᠲᠠᠭᠠᠮᠵᠢ ᠨᠢ ᠶᠡᠭᠡ᠂ ᠪᠦᠷᠬᠦᠴᠡ ᠨᠢ ᠥᠷᠭᠡᠨ᠂ ᠥᠷᠭᠡᠳᠭᠡᠵᠦ ᠪᠣᠯᠬᠤ ᠵᠡᠷᠭᠡ ᠮᠡᠷᠭᠡᠵᠢᠯ ᠤᠨ ᠣᠨᠴᠠᠯᠢᠭ ᠢ ᠭᠦᠢᠴᠡᠳ ᠠᠰᠢᠭᠯᠠᠵᠤ᠂ ᠣᠩᠭᠤᠴᠠ ᠳᠡᠭᠡᠷᠡᠬᠢ ᠣᠶᠤᠨᠴᠢ ᠭᠠᠷ ᠤᠲᠠᠰᠤᠨ ᠤ ᠳᠦᠷᠰᠦ ᠰᠢᠩᠭᠡᠭᠡᠬᠦ ᠮᠠᠰᠢᠨ ᠢ ᠴᠠᠭ ᠲᠤᠬᠠᠢ ᠳᠤ ᠨᠢ᠂ ᠲᠣᠭᠲᠠᠪᠤᠷᠢᠲᠠᠢ ᠪᠠᠷ ᠲᠧᠯᠸᠢᠰ ᠤᠨ ᠦᠢᠯᠡᠳᠬᠦ ᠲᠥᠪ ︵TV production center︶ ᠲᠤ ᠳᠠᠮᠵᠢᠭᠤᠯᠵᠤ᠂ ᠳᠡᠯᠡᠬᠡᠢ ᠶᠢᠨ ᠡᠯ᠎ᠡ ᠭᠠᠵᠠᠷ ᠤᠨ ᠦᠵᠡᠭᠴᠢᠳ ᠲᠤ ᠰᠣᠭᠲᠤᠭᠤᠷᠠᠮᠠᠯ ᠠᠬᠤᠢ ᠲᠠᠯᠠᠪᠠᠢ ᠶᠢᠨ ᠳᠦᠷᠰᠦ ᠰᠢᠩᠭᠡᠭᠡᠯᠲᠡ ᠶᠢ ᠬᠠᠩᠭᠠᠪᠠ᠃ ᠡᠭᠦᠨ ᠠᠴᠠ ᠭᠠᠳᠠᠨ᠎ᠠ᠂ 5G ᠲᠤᠰᠬᠠᠶ ᠰᠦᠯᠵᠢᠶ᠎ᠡ ᠲᠡᠭᠦᠰᠬᠦ ᠶᠣᠰᠣᠯᠠᠯ ᠤᠨ ᠠᠵᠢᠯᠯᠠᠭ᠎ᠠ᠂ ᠹᠷᠠᠨᠼᠢ ᠶᠢᠨ ᠪᠡᠶ᠎ᠡ ᠶᠢᠨ ᠲᠠᠮᠢᠷ ᠤᠨ ᠲᠠᠯᠠᠪᠠᠢ᠂ ᠪᠧᠶᠢᠰᠢ ᠶᠢᠨ ᠤᠷᠤᠯᠳᠤᠭᠠᠨ ᠤ ᠲᠠᠯᠠᠪᠠᠢ ᠪᠣᠯᠤᠨ ᠫᠠᠷᠢᠰ ᠤᠨ ᠯᠠ ᠳ᠋ᠧ ᠹᠠᠩ ᠰᠧ ᠮᠡᠷᠭᠡᠵᠢᠯ ᠤᠨ ᠲᠠᠯᠠᠪᠠᠢ ᠳᠤ ᠪᠠᠰᠠ ᠪᠠᠶᠢᠷᠢᠯᠠᠭᠤᠯᠤᠯᠲᠠ ᠬᠢᠵᠡᠶ᠃  ᠭᠤᠷᠪᠠ᠂ ᠣᠨᠴᠠ ᠥᠨᠳᠥᠷ ᠲᠤᠳᠤᠷᠠᠴᠠᠲᠤ ᠲᠧᠯᠸᠢᠰ ᠤᠨ ᠲᠣᠮᠣ ᠳᠡᠯᠭᠡᠴᠡ ᠶᠢᠨ ᠤᠷᠤᠯᠳᠤᠭᠠᠨ ᠤ ᠪᠡᠶᠡᠴᠢᠯᠡᠨ ᠣᠶᠢᠯᠠᠭᠠᠯᠲᠠ ᠶᠢ ᠳᠡᠭᠡᠭᠰᠢᠯᠡᠭᠦᠯᠬᠦ ᠪᠠᠷ ᠬᠦᠴᠦᠯᠡᠨ ᠴᠢᠷᠮᠠᠶᠢᠨ᠎ᠠ  ᠣᠯᠢᠮᠫᠢᠺ ᠤᠨ ᠲᠠᠮᠢᠷ ᠤᠨ ᠴᠤᠭᠯᠠᠭᠠᠨ ᠪᠣᠯ ᠪᠦᠬᠦ ᠳᠡᠯᠡᠬᠡᠢ ᠶᠢᠨ ᠠᠷᠠᠳ ᠲᠦᠮᠡᠨ ᠤ ᠬᠠᠮᠲᠤ ᠪᠠᠷ ᠡᠳ᠋ᠯᠡᠬᠦ ᠪᠡᠶ᠎ᠡ ᠶᠢᠨ ᠲᠠᠮᠢᠷ ᠤᠨ ᠦᠪᠡᠳᠡᠭᠰᠢ ᠴᠤᠭᠯᠠᠭᠠᠨ ᠪᠣᠯᠣᠨ᠎ᠠ᠂ ᠲᠠᠮᠢᠷᠴᠢᠳ ᠤᠨ ᠤᠷᠤᠯᠳᠤᠭᠠᠨ ᠤ ᠲᠠᠯᠠᠪᠤᠷ ᠪᠣᠯᠬᠤ ᠪᠠᠷ ᠪᠠᠷᠠᠬᠤ ᠦᠭᠡᠢ ᠪᠠᠰᠠ ᠦᠵᠡᠵᠦ ᠰᠣᠨᠣᠰᠬᠤ ᠵᠠᠭᠤᠴᠢᠯᠠᠭᠤᠷ ᠤᠨ ᠪᠠᠶᠢᠭᠤᠯᠤᠮᠵᠢ ᠨᠤᠭᠤᠳ ᠤᠨ ᠤᠷᠤᠯᠳᠤᠭᠠᠨ ᠤ ᠲᠠᠯᠠᠪᠤᠷ ᠪᠣᠯᠤᠨ᠎ᠠ᠃ 2024 ᠣᠨ ᠤ ᠫᠠᠷᠢᠰ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠭᠤᠣᠯ ᠳᠠᠮᠵᠢᠭᠤᠯᠤᠨ ᠨᠡᠪᠲᠡᠷᠡᠭᠦᠯᠬᠦ ᠬᠤᠳᠠᠯᠳᠤᠭᠠᠴᠢᠨ OBS ᠪᠦᠬᠦ ᠪᠥᠮᠪᠥᠷᠴᠡᠭ ᠤᠨ ᠣᠯᠠᠨ ᠨᠡᠶᠢᠲᠡ ᠶᠢᠨ ᠳᠣᠬᠢᠶ᠎ᠠ ᠦᠢᠯᠡᠳᠬᠦ ᠶᠠᠪᠤᠴᠠ ᠳᠤ 4K HDR ᠪᠠ 5.1.4 ᠳᠤ ᠪᠦᠬᠦ ᠦᠵᠡᠮᠵᠢ ᠶᠢᠨ ᠳᠠᠭᠤᠨ ᠤ ᠬᠡᠯᠪᠡᠷᠢ ᠶᠢ ᠬᠡᠷᠡᠭᠯᠡᠵᠦ᠂ ᠡᠯ᠎ᠡ ᠡᠷᠬᠡ ᠲᠠᠢ ᠳᠠᠮᠵᠢᠭᠤᠯᠤᠨ ᠨᠡᠪᠲᠡᠷᠡᠭᠦᠯᠬᠦ ᠬᠤᠳᠠᠯᠳᠤᠭᠠᠴᠢᠨ ᠬᠡᠳᠦ ᠥᠨᠳᠥᠷ ᠢᠯᠭᠠᠮᠵᠢ ᠲᠠᠢ ᠤᠷᠤᠯᠳᠤᠭᠠᠨ ᠤ ᠠᠭᠤᠯᠭ᠎ᠠ ᠶᠢ ᠳᠠᠮᠵᠢᠭᠤᠯᠤᠨ ᠨᠡᠪᠲᠡᠷᠡᠭᠦᠯᠬᠦ ᠲᠠᠯ᠎ᠠ ᠪᠠᠷ ᠭᠤᠣᠯᠳᠠᠭᠤ ᠲᠧᠯᠸᠢᠰ ᠤᠨ ᠲᠣᠮᠣ ᠳᠡᠯᠭᠡᠴᠡᠨ ᠳᠤ ᠲᠥᠪᠯᠡᠷᠡᠭᠦᠯᠵᠦ᠂ ᠤᠲᠠᠰᠤᠲᠤ᠂ ᠤᠲᠠᠰᠤ ᠦᠭᠡᠢ᠂ ᠳᠠᠭᠠᠭᠤᠯᠢ ᠣᠳᠣ ᠵᠡᠷᠭᠡ ᠬᠡᠯᠪᠡᠷᠢ ᠪᠠᠷ 1 ᠠᠴᠠ 2 ᠲᠧᠯᠸᠢᠰ ᠤᠨ ᠰᠤᠪᠠᠭ ᠢᠶᠠᠷ ᠳᠠᠮᠵᠢᠭᠤᠯᠤᠨ ᠳᠠᠮᠵᠢᠭᠤᠯᠵᠤ᠂ ᠬᠡᠷᠡᠭᠯᠡᠭᠴᠢᠳ ᠲᠤ ᠨᠡᠩ ᠰᠠᠶᠢᠨ ᠰᠠᠶᠢᠬᠠᠨ᠂ ᠨᠡᠩ ᠰᠤᠭᠲᠤᠭᠤᠷᠠᠮᠠᠯ ︽ᠣᠯᠢᠮᠫᠢᠺ ᠤᠨ ᠲᠠᠮᠢᠷ ᠤᠨ ᠴᠤᠭᠯᠠᠭᠠᠨ ᠤ ᠴᠠᠭ︾ ᠢ ᠡᠭᠦᠳᠴᠦ ᠥᠭᠭᠦᠨ᠎ᠡ᠃  ᠲᠥᠪ ᠤᠨ ᠷᠠᠳᠢᠤ᠋ ᠲᠧᠯᠸᠢᠰ ᠤᠨ ᠶᠡᠷᠦᠩᠬᠡᠢ ᠬᠤᠷᠢᠶ᠎ᠠ 2024 ᠣᠨ ᠤ ᠫᠠᠷᠢᠰ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠣᠯᠠᠨ ᠤᠯᠤᠰ ᠤᠨ ᠨᠡᠶᠢᠲᠡ ᠶᠢᠨ ᠳᠣᠬᠢᠶ᠎ᠠ ᠦᠢᠯᠡᠳᠬᠦ ᠪᠠᠶᠢᠭᠤᠯᠤᠮᠵᠢ ᠶᠢᠨ ᠨᠢᠭᠡ ᠪᠣᠯᠤᠭᠰᠠᠨ ᠤ ᠬᠤᠪᠢ ᠳᠤ᠂ ᠬᠦᠨᠳᠦ ᠬᠥᠩᠭᠡᠨ ᠲᠠᠮᠢᠷ ᠤᠨ ᠤᠷᠤᠯᠳᠤᠭᠠᠨ ᠪᠠ ᠲᠡᠭᠦᠰᠬᠦ ᠶᠣᠰᠣᠯᠠᠯ ᠤᠨ 8K ᠬᠡᠳᠦ ᠥᠨᠳᠥᠷ ᠲᠤᠳᠤᠷᠠᠴᠠᠲᠤ ᠲᠧᠯᠸᠢᠰ ᠦᠢᠯᠡᠳᠬᠦ ᠣᠯᠠᠨ ᠨᠡᠶᠢᠲᠡ ᠶᠢᠨ ᠳᠣᠬᠢᠶ᠎ᠠ ᠵᠣᠬᠢᠶᠠᠭᠰᠠᠨ ᠢᠶᠠᠷ ᠪᠠᠷᠠᠬᠤ ᠦᠭᠡᠢ ᠪᠠᠰᠠ ᠶᠡᠷᠦᠩᠬᠡᠢ ᠬᠤᠷᠢᠶ᠎ᠠ 8K ᠬᠡᠳᠦ ᠥᠨᠳᠥᠷ ᠲᠤᠳᠤᠷᠠᠴᠠᠲᠤ ᠰᠤᠪᠠᠭ ᠪᠠ ︽ᠵᠠᠭᠤᠨ ᠬᠤᠲᠠ ᠮᠢᠩᠭᠠᠨ ᠳᠡᠯᠭᠡᠴᠡ︾ ᠪᠠᠷ ᠳᠠᠮᠵᠢᠭᠤᠯᠤᠨ ᠮᠠᠨ ᠤ ᠤᠯᠤᠰ ᠤᠨ ᠦᠵᠡᠭᠴᠢᠳ ᠲᠤ 8K ᠤᠷᠤᠯᠳᠤᠭᠠᠨ ᠤ ᠵᠢᠷᠤᠭ ᠢ ᠬᠠᠩᠭᠠᠪᠠ᠃ ᠠᠮᠧᠷᠢᠺᠠ ᠶᠢᠨ NBC Universal ᠤᠨ ᠳᠣᠣᠷᠠᠬᠢ ᠤᠲᠠᠰᠤᠲᠤ ᠲᠧᠯᠸᠢᠰ ᠤᠨ ᠰᠤᠪᠠᠭ ᠤᠨ USA Network ᠨᠢ ᠫᠠᠷᠢᠰ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠬᠤᠭᠤᠴᠠᠭᠠᠨ ᠳᠤ ᠪᠦᠬᠦᠯᠢ ᠡᠳᠦᠷ ᠤᠨ 4K ᠬᠡᠳᠦ ᠥᠨᠳᠥᠷ ᠢᠯᠭᠠᠮᠵᠢ ᠲᠠᠢ ᠤᠷᠤᠯᠳᠤᠭᠠᠨ ᠤ ᠠᠭᠤᠯᠭ᠎ᠠ ᠶᠢᠨ ᠦᠢᠯᠡᠴᠢᠯᠡᠭᠡ ᠬᠠᠩᠭᠠᠵᠤ᠂ ᠶᠡᠷᠦᠩᠬᠡᠢ ᠴᠠᠭ ᠨᠢ ᠪᠠᠷᠤᠭ 400 ᠭᠠᠷᠤᠢ ᠴᠠᠭ ᠪᠠᠶᠢᠪᠠ᠃ ᠹᠷᠠᠨᠽᠢ 2᠂ 3 ᠰᠠᠭᠤᠷᠢ ᠭᠠᠵᠠᠷ ᠤᠨ ᠭᠠᠳᠠᠷᠭᠤ ᠶᠢᠨ ᠲᠧᠯᠸᠢᠰ ︵DTT︶ ᠢᠶᠠᠷ ᠲᠠᠮᠵᠢᠭᠤᠯᠤᠨ ᠣᠯᠢᠮᠫᠢᠺ ᠤᠨ ᠴᠤᠭᠯᠠᠭᠠᠨ ᠤ ᠬᠡᠲᠦ ᠦᠨᠲᠦᠷ ᠲᠤᠳᠤᠷᠠᠴᠠᠲᠤ ᠠᠭᠤᠯᠭ᠎ᠠ ᠶᠢ ᠬᠠᠩᠭᠠᠵᠤ᠂ ᠹᠷᠠᠨᠼᠢ ᠶᠢᠨ ᠬᠦᠮᠦᠨ ᠠᠮᠠ ᠶᠢᠨ ᠳᠦᠷᠪᠡᠨ ᠤ ᠭᠤᠷᠪᠠ ᠶᠢ ᠪᠦᠲᠤᠮᠵᠢᠲᠠᠢ ᠬᠠᠮᠢᠶᠠᠷᠴᠤ ᠴᠢᠳᠠᠨ᠎ᠠ᠃ ᠭᠧᠷᠮᠠᠨ ᠤ ᠬᠡᠳᠦ ᠥᠨᠳᠥᠷ ᠢᠯᠭᠠᠮᠵᠢ ᠲᠠᠢ ᠳᠠᠭᠠᠭᠤᠯᠢ ᠣᠳᠣᠨ ᠤ ᠲᠠᠪᠴᠠᠩ ᠤᠨ HD + ᠪᠣᠯᠤᠨ ᠧᠦ᠋ᠷᠣᠫᠠ ᠲᠢᠪ ᠤᠨ ᠡᠷᠬᠡ ᠠᠳᠬᠤᠵᠤ ᠳᠠᠮᠵᠢᠭᠤᠯᠤᠨ ᠨᠡᠪᠲᠡᠷᠡᠭᠦᠯᠬᠦ ᠬᠤᠳᠠᠯᠳᠤᠭᠠᠴᠢᠨ Eurosport ᠲᠠᠢ ᠬᠠᠮᠲᠤᠷᠠᠨ ᠠᠵᠢᠯᠯᠠᠵᠤ᠂ HD + UHD1 ᠰᠤᠪᠠᠭ ᠨᠢ ᠭᠧᠷᠮᠠᠨ ᠤ Astra ᠳᠠᠭᠠᠭᠤᠯᠢ ᠣᠳᠣ ᠪᠠᠷ ᠭᠡᠷ ᠪᠦᠯᠢ ᠶᠢᠨ ᠵᠠᠬᠢᠶᠠᠯᠠᠭ᠎ᠠ ᠶᠢᠨ ᠬᠡᠷᠡᠭᠯᠡᠭᠴᠢᠳ ᠲᠤ ᠬᠡᠳᠦ ᠥᠨᠳᠥᠷ ᠲᠤᠳᠤᠷᠠᠴᠠᠲᠤ ᠣᠯᠢᠮᠫᠢᠺ ᠤᠨ ᠲᠠᠮᠢᠷ ᠤᠨ ᠴᠤᠭᠯᠠᠭᠠᠨ ᠤ ᠤᠷᠤᠯᠳᠤᠭᠠᠨ ᠤ ᠠᠭᠤᠯᠭ᠎ᠠ ᠶᠢ ᠬᠠᠩᠭᠠᠵᠤ᠂ ᠶᠡᠷᠦᠩᠬᠡᠢ ᠴᠠᠭ ᠤᠨ ᠤᠷᠲᠤ ᠨᠢ ᠪᠠᠷᠤᠭ 200 ᠭᠠᠷᠤᠢ ᠴᠠᠭ ᠪᠠᠶᠢᠪᠠ᠃ ᠡᠭᠦᠨ ᠠᠴᠠ ᠭᠠᠲᠠᠨ᠎ᠠ᠂ ᠬᠡᠰᠡᠭ ᠵᠠᠭᠤᠴᠢᠯᠠᠭᠤᠷ ᠤᠨ ᠪᠠᠶᠢᠭᠤᠯᠤᠮᠵᠢ ᠨᠢ ᠤᠯᠢᠮᠫᠢᠺ ᠤᠨ ᠲᠠᠮᠢᠷ ᠤᠨ ᠴᠤᠭᠯᠠᠭᠠᠨ ᠤ ᠤᠷᠤᠯᠲᠤᠭᠠᠨ ᠤ ᠰᠢᠭᠤᠳ ᠨᠡᠪᠲᠡᠷᠡᠭᠦᠯᠭᠡ ᠪᠠ ᠬᠦᠷᠢᠶᠡᠨ ᠤ ᠰᠦᠯᠵᠢᠶᠠᠨ ᠤ ᠠᠵᠢᠯ ᠤᠨ ᠠᠭᠢᠴᠠ ᠶᠢ ᠬᠠᠶᠢᠨ ᠰᠦᠪᠡᠭᠴᠢᠯᠠᠵᠤ ᠡᠭᠢᠯᠡᠪᠡ᠃ ᠡᠭᠦᠨ ᠳᠤ᠂ ᠶᠡᠷᠦᠩᠬᠡᠢ ᠬᠤᠷᠢᠶ᠎ᠠ ᠪᠣᠯᠤᠨ ᠳᠤᠮᠳᠠᠳᠤ ᠤᠯᠤᠰ ᠤᠨ ᠺᠢᠨᠣ᠋ ᠶᠢᠨ ᠺᠣᠮᠫᠠᠨᠢ ᠪᠦᠬᠦ ᠤᠯᠤᠰ ᠤᠨ ᠬᠡᠳᠦᠨ ᠵᠠᠭᠤᠨ ᠺᠢᠨᠣ᠋ ᠶᠢᠨ ᠬᠤᠲᠠ ᠳᠤ ᠣᠯᠢᠮᠫᠢᠺ ᠤᠨ ᠲᠠᠮᠢᠷ ᠤᠨ ᠴᠤᠭᠯᠠᠭᠠᠨ ᠤ ᠡᠬᠢᠯᠡᠯᠲᠡ ᠶᠢᠨ ᠶᠣᠰᠣᠯᠠᠯ ᠪᠠ ᠤᠷᠤᠯᠳᠤᠭᠠᠨ ᠤ ᠰᠢᠭᠤᠳ ᠨᠡᠪᠲᠡᠷᠡᠭᠦᠯᠭᠡ ᠶᠢ ᠥᠷᠨᠢᠭᠦᠯᠪᠡ︔ ᠠᠮᠧᠷᠢᠺᠠ ᠶᠢᠨ ᠪᠦᠬᠦ ᠤᠯᠤᠰ ᠤᠨ ᠷᠠᠳᠢᠣ᠋ ᠨᠡᠪᠲᠡᠷᠡᠭᠦᠯᠭᠡ ᠶᠢᠨ ᠺᠣᠮᠫᠠᠨᠢ ︵NBC︶  ᠨᠢ 150 ᠭᠠᠷᠤᠢ IMAX ᠺᠢᠨᠣ᠋ ᠶᠢᠨ ᠣᠷᠳᠣᠨ ᠳᠤ 2024 ᠣᠨ ᠤ ᠫᠠᠷᠢᠰ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠡᠬᠢᠯᠡᠯᠲᠡ ᠶᠢᠨ ᠶᠣᠰᠣᠯᠠᠯ ᠢ ᠰᠢᠭᠤᠳ ᠨᠡᠪᠲᠡᠷᠡᠭᠦᠯᠵᠦ᠂ ᠪᠠᠷᠤᠭ 160 AMC ᠺᠢᠨᠣ᠋ ᠶᠢᠨ ᠣᠷᠳᠣᠨ ᠳᠤ ᠣᠯᠢᠮᠫᠢᠺ ᠤᠨ ᠲᠠᠮᠢᠷ ᠤᠨ ᠴᠤᠭᠯᠠᠭᠠᠨ ᠤ ᠣᠬᠢ ᠰᠢᠯᠢᠳᠡᠭ ᠤᠷᠤᠯᠳᠤᠭᠠᠨ ᠢ ᠰᠢᠭᠤᠳ ᠨᠡᠪᠲᠡᠷᠡᠭᠦᠯᠵᠦ᠂ ᠬᠡᠷᠡᠭᠯᠡᠭᠴᠢᠳ ᠲᠤ ᠥᠪᠡᠷᠮᠢᠴᠡ ᠣᠨᠴᠠᠯᠢᠭ ᠲᠠᠢ᠂ ᠦᠨᠡᠨ ᠬᠦ ᠣᠯᠢᠮᠫᠢᠺ ᠤᠨ ᠲᠠᠮᠢᠷ ᠤᠨ ᠴᠤᠭᠯᠠᠭᠠᠨ ᠤ ᠵᠦᠴᠦᠭᠡ ᠶᠢᠨ ᠲᠠᠯᠠᠪᠠᠢ ᠳᠤ ᠪᠡᠶ᠎ᠡ ᠪᠠᠷ ᠢᠶᠠᠨ ᠪᠠᠶᠢᠬᠤ ᠰᠢᠭ᠋ ᠪᠡᠶᠡᠴᠢᠯᠡᠨ ᠣᠶᠢᠯᠠᠭᠠᠯᠲᠠ ᠶᠢ ᠮᠡᠳᠡᠷᠡᠭᠦᠯᠪᠡ᠃  ᠳᠥᠷᠪᠡ᠂ ᠵᠣᠬᠢᠶᠠᠮᠠᠯ ᠣᠶᠤᠨ ᠨᠢ ᠬᠡᠷᠡᠭᠯᠡᠭᠴᠢᠳ ᠲᠤ ᠥᠪᠡᠷᠮᠢᠴᠡ ᠣᠨᠴᠠᠯᠢᠭ ᠲᠠᠢ ᠣᠯᠢᠮᠫᠢᠺ ᠤᠨ ᠲᠠᠮᠢᠷ ᠤᠨ ᠴᠤᠭᠯᠠᠭᠠᠨ ᠢ ᠪᠡᠶᠡᠴᠢᠯᠡᠨ ᠣᠶᠢᠯᠠᠭᠠᠯᠲᠠ ᠶᠢ ᠮᠡᠳᠡᠷᠡᠭᠦᠯᠦᠨ᠎ᠡ  ᠵᠣᠬᠢᠶᠠᠮᠠᠯ ᠣᠶᠤᠨ ᠤ ᠦᠳᠲᠡᠷ ᠲᠦᠷᠭᠡᠨ ᠬᠥᠭᠵᠢᠬᠦ ᠶᠢ ᠳᠠᠭᠠᠯᠳᠤᠨ᠂ 2024 ᠣᠨ ᠤ ᠫᠠᠷᠢᠰ ᠤᠨ ᠣᠯᠢᠮᠫᠢᠺ ᠤᠨ ᠲᠠᠮᠢᠷ ᠤᠨ ᠴᠤᠭᠯᠠᠭᠠᠨ ᠨᠢ ᠪᠠᠰᠠ ᠵᠣᠬᠢᠶᠠᠮᠠᠯ ᠣᠶᠤᠨ ᠢ ᠢᠳᠡᠪᠬᠢᠲᠡᠢ ᠬᠡᠷᠡᠭᠯᠡᠵᠦ᠂ ᠡᠭᠦᠨ ᠳᠤ ᠣᠯᠠᠨ ᠤᠯᠤᠰ ᠤᠨ ᠣᠯᠢᠮᠫᠢᠺ ᠤᠨ ᠵᠥᠪᠯᠡᠯ ᠤᠨ ᠠᠩᠬᠠᠳᠠᠭᠴᠢ ︽ᠣᠯᠢᠮᠫᠢᠺ ᠤᠨ AI ᠶᠢᠨ ᠵᠥᠪᠯᠡᠬᠦ ᠵᠦᠢᠯ︾ ᠵᠡᠷᠭᠡ ᠶᠢ ᠨᠡᠶᠢᠲᠡᠯᠡᠵᠦ᠂ AI ᠬᠢᠨᠠᠨ ᠬᠡᠮᠵᠢᠬᠦ ᠰᠢᠰᠲ᠋ᠧᠮ ︵AI – powered monitoring system︶᠂ ᠲᠠᠮᠢᠷᠴᠢᠨ ᠤ 365 ᠲᠠᠪᠴᠠᠩ ︵Athlete 365 Platform︶᠂ ᠲᠠᠯᠠᠪᠠᠢ ᠣᠷᠳᠣᠨ ᠤ ᠬᠤᠣᠰ ᠲᠤᠭ᠎ᠠ ᠵᠡᠷᠭᠡ ᠶᠢ ᠡᠬᠢᠯᠡᠨ ᠬᠡᠷᠡᠭᠯᠡᠵᠦ᠂ ᠲᠠᠮᠢᠷᠴᠢᠨ ᠪᠣᠯᠤᠨ ᠤᠷᠤᠯᠳᠤᠭᠠᠨ ᠤ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠪᠡ᠃ ᠡᠯ᠎ᠡ ᠡᠷᠬᠡ ᠲᠠᠢ ᠳᠠᠮᠵᠢᠭᠤᠯᠤᠨ ᠨᠡᠪᠲᠡᠷᠡᠭᠦᠯᠬᠦ ᠬᠤᠳᠠᠯᠳᠤᠭᠠᠴᠢᠨ ᠤᠷᠤᠯᠳᠤᠭᠠᠨ ᠤ ᠳᠤᠮᠳᠠ ᠪᠠᠰᠠ ᠳᠠᠭᠤ ᠳᠦᠷᠰᠦ ᠰᠢᠩᠭᠡᠭᠡᠯᠲᠡ ᠶᠢᠨ ᠣᠶᠤᠨᠴᠢ ᠪᠣᠶ ᠪᠣᠯᠬᠤ᠂ ᠵᠢᠱᠢᠮᠡᠭ ᠰᠤᠷᠪᠤᠯᠵᠢᠯᠠᠭᠴᠢ᠂ ᠣᠯᠠᠨ ᠬᠠᠷᠠᠭᠠᠰᠤ ᠵᠡᠷᠭᠡ ᠮᠡᠷᠭᠡᠵᠢᠯ ᠢ ᠢᠳᠡᠪᠬᠢᠲᠡᠶ ᠬᠡᠷᠡᠭᠯᠡᠵᠦ᠂ ᠬᠡᠷᠡᠭᠯᠡᠭᠴᠢᠳ ᠲᠤ ᠨᠠᠩ ᠥᠪᠡᠷᠮᠢᠴᠡ ᠣᠨᠴᠠᠯᠢᠭ ᠲᠠᠢ ᠦᠵᠡᠵᠦ ᠰᠣᠨᠣᠰᠬᠤ ᠦᠢᠯᠡᠴᠢᠯᠡᠭᠡ ᠶᠢ ᠬᠠᠩᠭᠠᠪᠠ᠃  ᠲᠥᠪ ᠤᠨ ᠷᠠᠳᠢᠤ᠋ ᠲᠧᠯᠸᠢᠰ ᠤᠨ ᠶᠡᠷᠦᠩᠬᠡᠢ ᠬᠤᠷᠢᠶ᠎ᠠ AI ᠮᠡᠷᠭᠡᠵᠢᠯ ᠢ ᠬᠡᠷᠡᠭᠯᠡᠨ 2024 ᠣᠨ ᠤ ᠫᠠᠷᠢᠰ ᠤᠨ ᠣᠯᠢᠮᠫᠢᠺ ᠤᠨ ᠤᠷᠤᠯᠳᠤᠭᠠᠨ ᠤ ᠮᠡᠳᠡᠭᠡᠯᠡᠯ  ᠤᠨ ᠦᠷ᠎ᠡ ᠪᠦᠲᠦᠮᠵᠢ ᠶᠢ ᠨᠡᠮᠡᠭᠳᠡᠭᠦᠯᠵᠦ ᠂ CMG ᠵᠠᠭᠤᠴᠢᠯᠠᠭᠤᠷ ᠤᠨ ᠡᠭᠦᠯᠡᠨ AI ᠲᠤᠰᠠᠯᠠᠬᠤ ᠫᠷᠤᠭ᠍ᠷᠠᠮ ᠤᠨ ᠦᠢᠯᠡᠳᠬᠡᠯ᠂ ᠣᠶᠤᠨᠴᠢᠯᠠᠭᠰᠠᠨ ᠦᠢᠯᠡᠳᠬᠦᠨ ᠤ ︽AI ᠤᠷᠤᠯᠳᠤᠭᠠᠨ ᠤ ᠮᠡᠳᠡᠭᠡᠯᠡᠯ︾ ᠤᠨ ᠬᠡᠷᠡᠭᠯᠡᠯᠲᠡ᠂ ᠡᠭᠦᠯᠡᠨ ᠪᠣᠳᠣᠯᠲᠠ ᠶᠢᠨ ᠬᠡᠶᠢᠰᠪᠦᠷᠢ ᠨᠡᠪᠲᠡᠷᠡᠭᠦᠯᠭᠡ ᠶᠢᠨ ᠣᠷᠣᠨ ᠢ ᠪᠠᠶᠢᠭᠤᠯᠬᠤ ᠵᠡᠷᠭᠡ ᠶᠢ ᠪᠠᠭᠲᠠᠭᠠᠪᠠ᠃ ᠳᠤᠮᠳᠠᠳᠤ ᠤᠯᠤᠰ ᠤᠨ ᠰᠢᠯᠵᠢᠮᠡᠯ ᠬᠤᠯᠪᠣᠭᠠᠨ ᠤ ᠮᠢ ᠭᠦ᠋ AI ᠳᠤᠮᠳᠠᠳᠤ ᠤᠯᠤᠰ ᠤᠨ ᠴᠠᠭ ᠦᠶ᠎ᠡ᠂ AI ᠤᠷᠤᠯᠳᠤᠭᠠᠨ ᠤ ᠴᠡᠭ ᠢ ᠢᠯᠭᠠᠨ ᠲᠠᠨᠢᠬᠤ᠂ AI ᠣᠶᠤᠨᠲᠤ ᠲᠠᠶᠢᠯᠪᠤᠷᠢᠯᠠᠯᠲᠠ᠂ AI ᠪᠦᠮᠪᠦᠷᠴᠡᠭ ᠤᠨ ᠭᠢᠯᠠᠰ ᠴᠡᠭ᠂ AI ᠸᠢᠳᠢᠣ᠋ ᠶᠢ ᠴᠢᠩᠭᠠᠳᠬᠠᠬᠤ ᠵᠡᠷᠭᠡ ᠰᠢᠷᠢᠰ ᠴᠢᠳᠠᠮᠵᠢ ᠶᠢ ᠭᠠᠷᠭᠠᠵᠤ ᠂ ᠦᠵᠡᠭᠴᠢᠳ ᠲᠤ ᠴᠣ ᠰᠢᠨ᠎ᠡ ᠤᠷᠤᠯᠳᠤᠭᠠᠨ ᠤ ᠪᠡᠶᠡᠴᠢᠯᠡᠨ ᠣᠶᠢᠯᠠᠭᠠᠯᠲᠠ ᠶᠢ ᠠᠪᠴᠢᠷᠠᠪᠠ᠃ ᠠᠮᠧᠷᠢᠺᠠ ᠶᠢᠨ Peacock ᠤᠨ ᠵᠠᠭᠤᠴᠢᠯᠠᠭᠤᠷ ᠤᠨ ᠲᠠᠪᠴᠠᠩ ᠨᠢ ᠠᠢ ᠮᠧᠢ ᠱᠠᠩᠨᠠᠯ ᠬᠦᠷᠲᠡᠭᠴᠢ᠂ ᠨᠡᠷᠡᠲᠦ ᠬᠥᠮᠦᠨ ᠤ ᠲᠠᠩᠬᠢᠮ ᠤᠨ ᠨᠡᠪᠲᠡᠷᠡᠭᠦᠯᠦᠭᠴᠢ Al Michaels ᠲᠠᠢ ᠬᠠᠮᠲᠤᠷᠠᠨ ᠠᠵᠢᠯᠯᠠᠵᠤ᠂ ᠡᠭᠦᠰᠦᠮᠡᠯ ᠬᠡᠯᠪᠡᠷᠢ ᠶᠢᠨ ᠵᠣᠬᠢᠶᠠᠮᠠᠯ ᠣᠶᠤᠨ ᠤ ᠮᠡᠷᠭᠡᠵᠢᠯ ᠪᠠ ᠵᠣᠬᠢᠶᠠᠮᠠᠯ ᠣᠶᠤᠨ ᠤ ᠠᠪᠢᠶ᠎ᠠ ᠲᠠᠭᠠᠷᠠᠭᠤᠯᠬᠤ ᠮᠡᠷᠭᠡᠵᠢᠯ ᠢ ᠠᠰᠢᠭᠯᠠᠨ ︽ᠡᠳᠦᠷ ᠪᠦᠷᠢ ᠶᠢᠨ ᠣᠯᠢᠮᠫᠢᠺ ᠤᠨ ᠲᠠᠮᠢᠷ ᠤᠨ ᠴᠤᠭᠯᠠᠭᠠᠨ ᠤ ᠡᠷᠭᠢᠴᠡᠭᠦᠯᠦᠯ︾ ︵Your Daily Olympic Recapon Peacock︶ ᠫᠷᠦᠭᠷᠠᠮ ᠢ ᠭᠠᠷᠭᠠᠵᠤ᠂ ᠬᠡᠷᠡᠭᠯᠡᠭᠴᠢᠳ ᠲᠤ ᠥᠪᠡᠷᠮᠢᠴᠡᠴᠢᠯᠡᠭᠰᠡᠨ᠂ ᠲᠣᠭᠲᠠᠭᠠᠭᠰᠠᠨ ᠭᠤᠶᠢᠲᠠ ᠰᠠᠶᠢᠬᠠᠨ ᠤᠷᠤᠯᠳᠤᠭᠠᠨ ᠤ ᠬᠡᠰᠡᠭ ᠤᠨ ᠡᠮᠬᠢᠳᠭᠡᠯ ᠢ ᠬᠠᠩᠭᠠᠪᠠ᠃ ᠡᠭᠦᠨ ᠠᠴᠠ ᠭᠠᠳᠠᠨ᠎ᠠ᠂ Peacock ᠤᠨ ᠰᠢᠨ᠎ᠡ ᠭᠠᠷᠭᠠᠭᠰᠠᠨ Discovery Multiview ᠤᠨ ᠴᠢᠳᠠᠮᠵᠢ ᠨᠢ ᠬᠡᠷᠡᠭᠯᠡᠭᠴᠢᠳ ᠢ ᠨᠢᠭᠡ ᠬᠡᠰᠡᠭ ᠳᠡᠯᠭᠡᠴᠡ ᠳᠡᠭᠡᠷ᠎ᠡ ᠳᠥᠷᠪᠡᠨ ᠲᠠᠯᠠᠪᠤᠷ ᠣᠯᠢᠮᠫᠢᠺ ᠤᠨ ᠣᠷᠤᠯᠳᠤᠭᠠᠨ ᠢ ᠬᠠᠮᠲᠤ ᠳᠤ ᠨᠢ ᠰᠣᠨᠢᠷᠬᠠᠭᠤᠯᠵᠤ ᠴᠢᠳᠠᠨ᠎ᠠ᠂ ᠠᠯᠢ ᠴᠤ ᠤᠳᠠᠭᠠᠨ ᠤ ᠬᠦᠰᠡᠵᠦ ᠪᠠᠶᠢᠭᠰᠠᠨ ᠠᠭᠤᠯᠭ᠎ᠠ ᠶᠢ ᠠᠯᠳᠠᠬᠤ ᠦᠭᠡᠢ᠂ Live Actions ᠨᠢ ᠬᠡᠷᠡᠭᠯᠡᠭᠴᠢᠳ ᠢ ᠬᠠᠪᠰᠤᠷᠤᠨ ᠤᠷᠤᠯᠳᠤᠭᠠᠨ ᠤ ᠰᠢᠭᠤᠳ ᠨᠡᠪᠲᠡᠷᠡᠭᠦᠯᠭᠡ ᠶᠢᠨ ︽ᠰᠢᠵᠢᠷ ᠠᠯᠲᠠᠨ ᠪᠣᠯᠤᠩ︾ ᠤᠨ ᠫᠷᠤᠭ᠍ᠷᠠᠮ ︵Gold Zone︶ ᠪᠣᠯᠤᠨ ᠣᠨᠴᠠ ᠲᠣᠭᠲᠠᠭᠰᠠᠨ ᠤᠷᠤᠯᠳᠤᠭᠠᠨ ᠤ ᠰᠢᠭᠤᠳ ᠨᠡᠪᠲᠡᠷᠡᠭᠦᠯᠭᠡ ᠶᠢᠨ ᠳᠤᠮᠳᠠ ᠴᠢᠯᠥᠭᠡᠲᠡᠢ ᠰᠣᠯᠢᠵᠤ ᠪᠣᠯᠤᠨ᠎ᠠ᠃ ᠰᠦᠢᠳᠭᠡᠯ ᠲᠤᠰᠢᠶᠠᠬᠤ ᠲᠧᠯᠸᠢᠰ ᠤᠨ ᠰᠦᠯᠵᠢᠶ᠎ᠡ Eurosport ᠨᠢ ᠰᠢᠨ᠎ᠡ ᠶᠢ ᠡᠭᠦᠳᠴᠦ ᠬᠡᠶᠢᠰᠪᠦᠷᠢ ᠰᠤᠷᠪᠤᠯᠵᠢᠯᠠᠭᠴᠢ ᠲᠦ᠋ ᠪᠠ ᠭᠧ ︵Bugs Bunny᠂ ᠬᠤᠸᠠ ᠨᠠ ᠠᠬ᠎ᠠ ᠳᠡᠭᠦᠦ ᠺᠣᠮᠫᠠᠨᠢ ᠶᠢᠨ ᠰᠣᠩᠭᠤᠳᠠᠭ IP ᠳᠦᠷᠢ︶ ᠣᠯᠢᠮᠫᠢᠺ ᠤᠨ ᠲᠠᠮᠢᠷ ᠤᠨ ᠴᠤᠭᠯᠠᠭᠠᠨ ᠤ ᠤᠷᠤᠯᠳᠤᠭᠠᠨ ᠤ ᠮᠡᠳᠡᠭᠡᠯᠡᠯ ᠳᠤ ᠣᠷᠣᠯᠴᠠᠵᠤ᠂ ᠫᠷᠤᠭ᠍ᠷᠠᠮ ᠨᠢ ᠭᠤᠣᠯᠳᠠᠭᠤ ᠧᠦ᠋ᠷᠣᠫᠠ ᠣᠷᠣᠨ ᠢ ᠪᠦᠷᠬᠦᠪᠡ᠃ 
ᠢᠷᠡᠯᠲᠡ᠄ ᠤᠯᠤᠰ ᠤᠨ ᠷᠠᠳᠢᠣ᠋ ᠲᠧᠯᠸᠢᠰ ᠤᠨ ᠤᠶᠤᠨ ᠤ ᠬᠦᠮᠦᠷᠭᠡ