ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠨᠢ ᠾᠧᠨᠠᠨ ᠤ ᠣᠳᠣᠨ ᠲᠧᠯᠸᠢᠰ ᠤᠨ ᠦᠰᠦᠷᠦᠯᠲᠡ ᠮᠠᠶ᠋ᠢᠭ ᠤᠨ ᠬᠥᠭᠵᠢᠯᠲᠡ ᠶᠢ ᠠᠬᠢᠭᠤᠯᠪᠠ
ᠨᠡᠶᠢᠲᠡᠯᠡᠭᠰᠡᠨ ᠴᠠᠭ᠄
2024/8/14
  ᠾᠧᠨᠠᠨ ᠤ ᠣᠳᠣᠨ ᠲᠧᠯᠸᠢᠰ ᠨᠢ ᠳᠤᠮᠳᠠᠳᠤ ᠤᠯᠤᠰ ᠤᠨ ᠪᠠᠶᠠᠷ ᠤᠨ ᠡᠳᠦᠷ ᠤᠨ ᠰᠢᠷᠢᠰ ᠫᠷᠦᠭᠷᠠᠮ ᠢ ᠢᠳᠡᠪᠬᠢᠲᠡᠶ ᠰᠦᠪᠡᠭᠴᠢᠯᠡᠨ᠂ ᠬᠠᠮ ᠵᠠᠭᠤᠴᠢᠯᠠᠭᠤᠷ ᠤᠨ ᠮᠡᠷᠭᠡᠵᠢᠯ ᠤᠨ ᠲᠠᠯ᠎ᠠ ᠪᠠᠷ ᠵᠣᠷᠢᠭᠲᠠᠢ ᠲᠤᠷᠰᠢᠨ᠂ ᠰᠢᠨ᠎ᠡ ᠡᠵᠡᠩᠨᠡᠯᠲᠡ ᠶᠢᠨ ᠬᠡᠯᠪᠡᠷᠢ ᠰᠢᠨ᠎ᠡ ᠠᠵᠤ ᠠᠬᠤᠢ ᠶᠢᠨ ᠨᠡᠮᠡᠭᠳᠡᠯ ᠤᠨ ᠴᠡᠭ ᠢ ᠨᠠᠷᠢᠨ ᠨᠢᠮᠪᠠᠢ ᠪᠤᠶᠢᠵᠢᠭᠤᠯᠪᠠ᠂ ᠪᠢᠳᠡ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠪᠣᠯ ᠷᠠᠳᠢᠣ᠋ ᠲᠧᠯᠸᠢᠰ ᠤᠨ ᠦᠢᠯᠡᠰ ᠤᠨ ᠬᠥᠭᠵᠢᠯᠲᠡ ᠶᠢ ᠠᠬᠢᠭᠤᠯᠬᠤ ᠠᠬᠢᠭᠤᠯᠤᠭᠴᠢ ᠮᠥᠨ᠂ ᠷᠠᠳᠢᠣ᠋ ᠲᠧᠯᠸᠢᠰ ᠤᠨ ᠦᠢᠯᠡᠰ ᠤᠨ ᠤᠷᠤᠭᠰᠢᠯᠠᠯᠲᠠ ᠶᠢᠨ ᠰᠢᠨ᠎ᠡ ᠬᠥᠳᠡᠯᠭᠡᠬᠦ ᠬᠦᠴᠦᠨ ᠮᠥᠨ ᠭᠡᠳᠡᠭ ᠢ ᠭᠦᠨᠵᠡᠭᠡᠢ ᠣᠶᠢᠯᠠᠭᠠᠪᠠ᠃ᠨᠢᠬᠡ᠂ ᠾᠧᠨᠠᠨ ᠤ ᠤᠲᠤᠨ ᠲᠧᠯᠸᠢᠰ ᠤᠨ ᠴᠠᠭᠠᠨ ᠰᠠᠷ᠎ᠠ ᠶᠢᠨ ᠦᠲᠡᠰᠢᠯᠡᠭᠡ ᠶᠢᠨ ᠭᠠᠳᠠᠭᠰᠢ ᠭᠠᠷᠤᠭᠰᠠᠨ ᠨᠢ ︽ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ︾ ᠤ ᠷᠠᠳᠢᠣ᠋ ᠲᠧᠯᠸᠢᠰ ᠤᠨ ᠤᠬᠠᠭᠤᠯᠭ᠎ᠠ ᠶᠢᠨ ᠲᠠᠯ᠎ᠠ ᠪᠠᠷ ᠬᠢ ᠰᠢᠪᠲᠤᠯᠤᠯᠲᠠ ᠮᠦᠨ  ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠪᠣᠯ ᠰᠢᠨ᠎ᠡ ᠬᠥᠭᠵᠢᠯᠲᠡ ᠶᠢᠨ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠵᠠᠮ ᠨᠡᠭᠡᠭᠡᠭᠴᠢ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠬᠡᠷᠡᠭᠵᠢᠭᠦᠯᠦᠭᠴᠢ᠂ ᠴᠢᠨᠠᠷ ᠰᠠᠶᠢᠲᠠᠶ ᠬᠥᠭᠵᠢᠯᠲᠡ ᠶᠢᠨ ᠳᠠᠭᠠᠭᠤᠯᠤᠭᠴᠢ ᠮᠥᠨ᠃ ᠭᠡᠲᠡᠯ᠎ᠡ ᠮᠠᠨ ᠤ ᠷᠠᠳᠢᠣ᠋ ᠲᠧᠯᠸᠢᠰ ᠤᠨ ᠠᠵᠢᠯ ᠲᠦᠷᠦᠯ ᠳᠤ ᠠᠪᠴᠤ ᠬᠡᠯᠡᠪᠡᠯ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠬᠡᠷᠡᠭᠯᠡᠯᠲᠡ ᠨᠢ ᠰᠢᠨ᠎ᠡ ᠬᠡᠯᠪᠡᠷᠢ ᠶᠢᠨ ᠫᠷᠤᠭ᠍ᠷᠠᠮ ᠢ ᠡᠭᠦᠳᠬᠦ᠂ ᠠᠭᠤᠯᠭ᠎ᠠ ᠶᠢᠨ ᠲᠠᠯ᠎ᠠ ᠪᠠᠷ ᠰᠢᠨ᠎ᠡ ᠶᠢ ᠡᠭᠦᠳᠬᠦ ᠰᠢᠪᠲᠤᠯᠤᠯᠲᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠷᠡᠭᠯᠡᠯᠲᠡ᠂ ᠠᠵᠤ ᠠᠬᠤᠢ ᠶᠢᠨ ᠪᠠᠶᠢᠭᠤᠯᠤᠯᠲᠠ ᠶᠢᠨ ᠳᠠᠭᠠᠭᠤᠯᠭ᠎ᠠ ᠳᠤ ᠨᠡᠩ ᠤᠯᠠᠨ ᠲᠥᠪᠯᠡᠷᠡᠵᠦ ᠪᠠᠶᠢᠨ᠎ᠠ᠃ 2021 ᠣᠨ ᠤ ᠾᠧᠨᠠᠨ ᠤ ᠣᠳᠣᠨ ᠲᠧᠯᠸᠢᠰ ᠤᠨ ᠴᠠᠭᠠᠨ ᠰᠠᠷ᠎ᠠ ᠶᠢᠨ ᠦᠳᠡᠰᠢᠯᠡᠭᠡ ᠶᠢᠨ ᠭᠠᠷᠭᠠᠭᠰᠠᠨ ︽ᠲᠠᠩ ᠤᠯᠤᠰ ᠤᠨ ᠣᠷᠳᠣᠨ ᠤ ᠰᠦᠨᠢ ᠶᠢᠨ ᠳᠠᠶᠢᠯᠠᠯᠭ᠎ᠠ︾ ᠠᠴᠠ ᠡᠬᠢᠯᠡᠨ᠂ ᠣᠳᠣᠬᠠᠨ ᠳᠤ ᠪᠣᠯᠲᠠᠯ᠎ᠠ ᠾᠧᠨᠠᠨ ᠤ ᠣᠳᠣᠨ ᠲᠧᠯᠸᠢᠰ ᠨᠢᠭᠡᠨᠲᠡ ᠳᠥᠷᠪᠡᠨ ᠵᠢᠯ ᠢ ᠥᠩᠭᠡᠷᠡᠭᠡᠵᠦ᠂ ᠳᠤᠮᠳᠠᠳᠤ ᠤᠯᠤᠰ ᠤᠨ ᠪᠠᠶᠠᠷ ᠤᠨ ᠡᠳᠦᠷ ᠤᠨ ᠰᠢᠷᠢᠰ ᠫᠷᠤᠭ᠍ᠷᠠᠮ ᠢ ᠪᠦᠷᠢᠯᠳᠦᠭᠦᠯᠵᠦ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠣᠨᠴᠠᠯᠢᠭ ᠲᠠᠢ ᠬᠠᠷᠢᠴᠠᠭᠤᠯᠵᠤ᠂ ᠾᠧᠨᠠᠨ ᠤ ᠣᠳᠣᠨ ᠲᠧᠯᠸᠢᠰ ᠤᠨ ᠬᠢᠬᠦ ᠠᠷᠭ᠎ᠠ ᠨᠢ ᠳᠣᠣᠷᠠᠬᠢ ᠮᠡᠲᠦ ᠬᠡᠳᠦᠨ ᠲᠠᠯ᠎ᠠ ᠪᠠᠷ ᠰᠢᠪᠲᠤᠯᠤᠯᠲᠠ ᠭᠠᠷᠭᠠᠵᠠᠢ᠃  ︵ᠨᠢᠭᠡ︶ ᠢᠯᠡᠳᠭᠡᠬᠦ ᠠᠷᠭ᠎ᠠ ᠶᠢᠨ ᠡᠵᠡᠩᠨᠡᠯᠲᠡ ᠶᠢᠨ ᠪᠠᠶᠢᠳᠠᠯ ᠲᠦᠯᠦᠪ ᠳᠤ ᠰᠢᠪᠲᠤᠯᠤᠯᠲᠠ ᠭᠠᠷᠭᠠᠪᠠ  2021 ᠣᠨ ᠤ ᠴᠠᠭᠠᠨ ᠰᠠᠷ᠎ᠠ ᠳᠤ᠂ ᠰᠢᠨ᠎ᠡ ᠵᠢᠯ ᠢ ᠤᠭᠲᠤᠬᠤ ᠶᠢᠨ ᠲᠥᠯᠥᠭᠡ᠂ ᠾᠧᠨᠠᠨ ᠤ ᠣᠳᠣᠨ ᠲᠧᠯᠸᠢᠰ ᠨᠢ ᠤᠯᠠᠮᠵᠢᠯᠠᠯᠲᠤ ᠠᠷᠭ᠎ᠠ ᠪᠠᠷᠢᠯ ᠢᠶᠠᠨ ᠠᠰᠢᠭᠯᠠᠨ ᠤᠷᠠᠨ ᠰᠠᠶᠢᠬᠠᠨ ᠤ ᠦᠳᠡᠰᠢᠯᠡᠭᠡ ᠶᠢ ᠵᠣᠬᠢᠶᠠᠨ ᠪᠦᠲᠦᠭᠡᠵᠦ᠂ ᠬᠢᠨᠠᠨ ᠰᠢᠯᠭᠠᠬᠤ ᠦᠶ᠎ᠡ ᠳᠤ ᠬᠠᠮᠢᠶ᠎ᠠ ᠪᠦᠬᠦᠢ ᠤᠳᠤᠷᠢᠳᠤᠯᠭ᠎ᠠ ᠪᠦᠲᠦᠭᠡᠯᠴᠢ ᠰᠠᠨᠠᠭ᠎ᠠ ᠳᠤᠲᠠᠮᠠᠭ ᠭᠡᠵᠦ ᠰᠠᠨᠠᠯ ᠨᠢᠭᠡᠲᠡᠢ ᠦᠵᠡᠵᠡᠭᠡᠪᠡ᠃ ᠣᠬᠤᠷᠬᠠᠨ ᠳᠣᠯᠣᠭᠠᠨ ᠡᠳᠦᠷ ᠤᠨ ᠲᠤᠷᠰᠢ ᠾᠧᠨᠠᠨ ᠤ ᠣᠳᠣᠨ ᠲᠧᠯᠸᠢᠰ ︽ᠳᠠᠩ ᠤᠯᠤᠰ ᠤᠨ ᠣᠷᠳᠣᠨ ᠤ ᠰᠥᠨᠢ ᠶᠢᠨ ᠳᠠᠶᠢᠯᠠᠯᠭ᠎ᠠ︾ ᠪᠠᠷ ᠲᠥᠯᠦᠭᠡᠯᠡᠭᠦᠯᠦᠭᠰᠡᠨ ᠴᠠᠭᠠᠨ ᠰᠠᠷ᠎ᠠ ᠶᠢᠨ ᠦᠳᠡᠰᠢᠯᠡᠭᠡ ᠶᠢ ᠨᠡᠪᠲᠡᠷᠡᠭᠦᠯᠵᠡᠶ᠃ ᠡᠨᠡ ᠦᠳᠡᠰᠢᠯᠡᠭᠡ ᠬᠥᠲᠥᠯᠥᠭᠴᠢ ᠶᠢ ᠲᠠᠶᠠᠭᠳᠠᠵᠤ᠂ ᠠᠩᠬ᠎ᠠ ᠤᠳᠠᠭ᠎ᠠ ︽ᠰᠦᠯᠵᠢᠶᠡᠨ ᠤ ᠵᠦᠴᠦᠭᠡ + ᠰᠦᠯᠵᠢᠶᠡᠨ ᠤ ᠶᠡᠷᠦᠩᠬᠡᠶᠢᠯᠡᠭᠰᠡᠨ ᠤᠷᠠᠯᠢᠭ︾ ᠤᠨ ᠬᠤᠯᠪᠣᠯᠳᠤᠭᠤᠯᠤᠨ ᠢᠯᠡᠳᠬᠡᠬᠦ ᠬᠡᠯᠪᠡᠷᠢ ᠶᠢ ᠠᠪᠴᠤ᠂ ᠥᠷᠭᠡᠨ ᠣᠯᠠᠨ ᠦᠵᠡᠭᠴᠢᠳ ᠲᠤ ᠠᠳᠠᠯᠢ ᠪᠣᠰᠤ ᠤᠯᠠᠮᠵᠢᠯᠠᠯᠲᠤ ᠰᠤᠶᠤᠯ ᠢ ᠬᠠᠷᠠᠭᠤᠯᠵᠤ᠂ ᠢᠩᠭᠢᠭᠰᠡᠨ ᠢᠶᠠᠷ ᠢᠶᠠᠨ ᠤᠯᠠᠨ ᠳᠤ ᠲᠠᠨᠢᠭᠳᠠᠵᠤ ᠭᠠᠳᠠᠭᠰᠢ ᠲᠠᠷᠬᠠᠭᠠᠭᠳᠠᠪᠠ᠃  ᠳᠠᠷᠠᠭ᠎ᠠ ᠨᠢ ᠾᠧᠨᠠᠨ ᠤ ᠣᠳᠣᠨ ᠲᠧᠯᠸᠢᠰ ᠨᠢ ᠡᠨᠡ ᠬᠦ ᠵᠠᠭᠪᠤᠷ ᠢᠶᠠᠷ ᠥᠯᠵᠡᠶᠢᠲᠦ ᠡᠳᠦᠷ᠂ ᠬᠠᠩᠰᠢ ᠶᠢᠨ ᠡᠳᠦᠷ᠂ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ᠂ ᠶᠢᠰᠦᠨ ᠰᠠᠷ᠎ᠠ ᠶᠢᠨ ᠶᠢᠰᠦᠨ ᠵᠡᠷᠭᠡ ᠭᠠᠶᠢᠬᠠᠮᠰᠢᠭᠲᠤ ᠠᠶᠠᠯᠠᠯ ᠵᠢᠭᠤᠯᠴᠢᠯᠠᠯ ᠤᠨ ᠲᠥᠰᠦᠪᠯᠡᠬᠦ ᠫᠷᠤᠭ᠍ᠷᠠᠮ ᠵᠣᠬᠢᠶᠠᠵᠤ᠂ ᠳᠤᠮᠳᠠᠳᠤ ᠶᠢᠨ ᠤᠯᠠᠮᠵᠢᠯᠠᠯᠲᠤ ᠪᠠᠶᠠᠷ ᠳᠤᠷᠠᠰᠬᠠᠯ ᠤᠨ ᠡᠳᠦᠷ ᠢᠶᠠᠷ ᠲᠡᠩᠭᠡᠯᠢᠭ ᠪᠣᠯᠭᠠᠭᠰᠠᠨ ᠤᠷᠠᠨ ᠰᠠᠶᠢᠬᠠᠨ ᠤ ᠲᠣᠭᠯᠠᠯᠲᠠ ᠶᠢ ᠭᠠᠷᠭᠠᠪᠠ᠃ ᠳᠥᠷᠪᠡᠨ ᠵᠢᠯ ᠤᠨ ᠲᠤᠷᠰᠢ᠂ ︽ᠳᠤᠮᠳᠠᠳᠤ ᠶᠢᠨ ᠪᠠᠶᠠᠷ ᠳᠤᠷᠠᠰᠬᠠᠯ ᠤᠨ ᠡᠳᠦᠷ︾ ᠤᠨ ᠰᠢᠷᠢᠰ ᠫᠷᠦᠭᠷᠠᠮ ᠢ ᠨᠢᠭᠡᠨᠲᠡ ᠭᠤᠴᠢᠭᠠᠳ ᠬᠤᠭᠤᠴᠠᠭ᠎ᠠ ᠦᠢᠯᠡᠳᠪᠡ᠃ ᠡᠨᠡ ᠵᠢᠯ ᠤᠨ 2 ᠳ᠋ᠤᠭᠠᠷ ᠰᠠᠷ᠎ᠠ ᠳᠤ ᠾᠧᠨᠠᠨ ᠤ ᠴᠠᠭᠠᠨ ᠰᠠᠷ᠎ᠠ ᠶᠢᠨ ᠦᠳᠡᠰᠢᠯᠡᠭᠡ ᠳᠡᠭᠡᠷ᠎ᠡ ᠭᠠᠷᠭᠠᠭᠰᠠᠨ ︽ᠭᠠᠷᠤᠳᠢ ᠳᠣᠩᠭᠤᠳᠴᠤ ᠥᠷᠯᠦᠭᠡ ᠶᠢᠨ ᠨᠠᠷᠠᠨ ᠮᠠᠨᠳᠤᠨ᠎ᠠ︾ ︽ᠯᠣᠤ ᠶᠢᠨ ᠪᠥᠵᠢᠭ︾ ᠵᠡᠷᠭᠡ ᠨᠢ ᠰᠦᠯᠵᠢᠶ᠎ᠡ ᠪᠠᠷ ᠳᠠᠬᠢᠨᠲᠠ ᠬᠠᠯᠠᠭᠤᠷᠠᠵᠤ᠂ ᠦᠵᠡᠭᠰᠡᠨ ᠬᠡᠮᠵᠢᠶ᠎ᠡ ᠶᠢᠰᠦᠨ ᠵᠠᠭᠤ ᠭᠠᠷᠤᠶ ᠳ᠋ᠦᠩᠰᠢᠭᠤᠷ ᠤᠳᠠᠭ᠎ᠠ ᠳᠤ ᠬᠦᠷᠴᠡᠢ᠃  ︵ᠬᠤᠶᠠᠷ︶ ᠳᠡᠭᠡᠳᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠢᠯᠡᠳᠬᠦ ᠠᠷᠭ᠎ᠠ ᠪᠠᠷᠢᠯ ᠤᠨ ᠮᠡᠷᠭᠡᠵᠢᠯ ᠳᠤ ᠰᠢᠪᠲᠤᠯᠤᠯᠲᠠ ᠭᠠᠷᠭᠠᠪᠠ  2020 ᠣᠨ ᠳᠤ᠂ ᠾᠧᠨᠠᠨ ᠤ ᠣᠳᠣᠨ ᠲᠧᠯᠸᠢᠰ ᠳᠣᠲᠣᠭᠠᠳᠤ ᠳᠤ ᠪᠠᠨ ᠡᠮᠬᠢᠯᠡᠨ ᠨᠡᠶᠢᠯᠡᠭᠦᠯᠵᠦ᠂ ᠡᠯ᠎ᠡ ᠠᠵᠢᠯᠯᠠᠬᠤ ᠲᠠᠰᠤᠭ ᠶᠠᠭ ᠯᠡ ᠬᠤᠷ᠎ᠠ ᠶᠢᠨ ᠳᠠᠷᠠᠭᠠᠬᠢ ᠬᠤᠯᠤᠰᠤᠨ ᠰᠦᠶ᠎ᠡ ᠰᠢᠭ ᠴᠣᠬᠤᠶᠢᠨ ᠭᠠᠷᠴᠤ᠂ ᠡᠭᠦᠨ ᠳᠤ ᠸᠢᠳᠢᠣ᠋ ᠦᠢᠯᠡᠳᠬᠦ ᠠᠵᠢᠯᠯᠠᠬᠤ ᠲᠠᠰᠤᠭ ᠨᠢ ᠬᠠᠮᠤᠭ ᠲᠣᠪᠣᠶᠢᠮ᠎ᠠ ᠪᠠᠶᠢᠪᠠ᠃ 2021 ᠣᠨ ᠤ 2 ᠳ᠋ᠤᠭᠠᠷ ᠰᠠᠷ᠎ᠠ ᠳᠤ᠂ ︽ᠲᠠᠩ ᠤᠯᠤᠰ ᠤᠨ ᠣᠷᠳᠣᠨ ᠤ ᠰᠥᠨᠢ ᠶᠢᠨ ᠳᠠᠶᠢᠯᠠᠯᠭ᠎ᠠ︾ ᠨᠢ ︽ᠪᠣᠳᠠᠲᠤ ᠦᠵᠡᠮᠵᠢ + AR᠂ VR︾ ᠵᠡᠷᠭᠡ ᠺᠢᠨᠣ᠋ ᠲᠧᠯᠸᠢᠰ ᠤᠨ ᠮᠡᠷᠭᠡᠵᠢᠯ ᠢ ᠠᠰᠢᠭᠯᠠᠨ ᠮᠡᠷᠭᠡᠵᠢᠯ ᠤᠨ ᠰᠢᠨ᠎ᠡ ᠶᠢ ᠡᠭᠦᠳᠦᠭᠰᠡᠨ ᠤ ᠳᠠᠷᠠᠭ᠎ᠠ᠂ ᠸᠢᠳᠢᠣ᠋ ᠠᠵᠢᠯᠯᠠᠬᠤ ᠲᠠᠰᠤᠭ ᠤᠨ ᠦᠢᠯᠡᠳᠦᠭᠰᠡᠨ ᠫᠷᠤᠭ᠍ᠷᠠᠮ ᠤᠨ ᠦᠷ᠎ᠡ ᠪᠦᠲᠦᠮᠵᠢ ᠨᠢ ᠦᠵᠡᠭᠴᠢᠳ ᠢ ᠨᠢᠭᠡ ᠯᠡ ᠳᠡᠭᠡᠷ᠎ᠡ ᠰᠡᠳᠭᠢᠯ ᠬᠥᠳᠡᠯᠭᠡᠵᠦ᠂ ᠦᠵᠡᠭᠴᠢᠳ ᠲᠤ ᠠᠳᠠᠯᠢ ᠪᠤᠰᠤ ᠦᠢᠯᠡᠳᠬᠡᠯ ᠤᠨ ᠠᠷᠭ᠎ᠠ ᠪᠠᠷᠢᠯ ᠢ ᠬᠠᠷᠠᠭᠤᠯᠪᠠ᠃ ᠡᠨᠡ ᠵᠢᠯ ᠤᠨ ᠴᠠᠭᠠᠨ ᠰᠠᠷ᠎ᠠ ᠶᠢᠨ ᠦᠳᠡᠰᠢᠯᠡᠭᠡ ᠶᠢᠨ ᠫᠷᠤᠭ᠍ᠷᠠᠮ ᠦᠢᠯᠡᠳᠬᠦ ᠶᠠᠪᠤᠴᠠ ᠳᠤ᠂ ᠾᠧᠨᠠᠨ ᠤ ᠣᠳᠣᠨ ᠲᠧᠯᠸᠢᠰ ᠤᠨ ᠴᠠᠭᠠᠨ ᠰᠠᠷ᠎ᠠ ᠶᠢᠨ ᠦᠳᠡᠰᠢᠯᠡᠭᠡ ᠶᠢᠨ ᠤᠳᠤᠷᠢᠳᠤᠭᠴᠢ ᠶᠢᠨ ᠪᠦᠯᠬᠦᠮ ᠨᠢ ᠶᠠᠩ ᠯᠢ ᠫᠢᠩ ᠤᠨ ᠪᠦᠯᠬᠦᠮ ᠲᠠᠢ ᠬᠠᠮᠲᠤᠷᠠᠨ ᠠᠵᠢᠯᠯᠠᠵᠤ᠂ ᠳᠡᠭᠡᠳᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠷᠭ᠎ᠠ ᠪᠠᠷᠢᠯ ᠢᠶᠠᠷ ᠦᠢᠯᠡᠳᠦᠭᠰᠡᠨ ︽ ᠭᠠᠷᠤᠳᠢ ᠳᠣᠩᠭᠤᠳᠴᠤ ᠥᠷᠯᠦᠭᠡ ᠶᠢᠨ ᠨᠠᠷᠠᠨ ᠮᠠᠨᠳᠤᠨ᠎ᠠ ︾ ᠶᠢᠨ ᠣᠨᠴᠠ ᠦᠷ᠎ᠡ ᠪᠦᠲᠦᠮᠵᠢ ᠨᠢ ᠨᠡᠩ ᠴᠤ ᠬᠡᠯᠡᠬᠦ ᠶᠢᠨ ᠠᠷᠭ᠎ᠠ ᠦᠭᠡᠢ ᠭᠤᠶᠣ ᠪᠠᠶᠢᠯ᠎ᠠ᠃ ᠮᠡᠷᠭᠡᠵᠢᠯ ᠤᠨ ᠰᠢᠨ᠎ᠡ ᠡᠭᠦᠳᠦᠯᠲᠡ ᠨᠢ ᠾᠧᠨᠠᠨ ᠤ ᠣᠳᠣᠨ ᠲᠧᠯᠸᠢᠰ ᠵᠠᠯᠠᠭᠤ ᠨᠢᠭᠡ ᠦᠶ᠎ᠡ ᠶᠢᠨ ᠬᠢᠨ ᠤ ᠰᠡᠳᠭᠢᠴᠡ ᠶᠢ ᠠᠳᠬᠤᠵᠤ᠂ ᠭᠤᠸ᠎ᠠ ᠵᠦᠢ ᠶᠢᠨ ᠰᠡᠳᠭᠢᠬᠦᠢ᠂ ᠤᠷᠤᠰᠬᠠᠯ ᠤᠨ ᠰᠡᠳᠭᠢᠬᠦᠢ᠂ ᠣᠨᠴᠠ ᠮᠡᠷᠭᠡᠵᠢᠯ ᠤᠨ ᠰᠡᠳᠭᠢᠬᠦᠢ᠂ AI ᠮᠡᠷᠭᠡᠵᠢᠯ ᠵᠡᠷᠭᠡ ᠶᠢ ᠦᠳᠡᠰᠢᠯᠡᠭᠡ ᠶᠢᠨ ᠫᠷᠤᠭ᠍ᠷᠠᠮ ᠳᠤ ᠣᠷᠣᠭᠤᠯᠵᠤ᠂ ᠦᠵᠡᠭᠴᠢᠳ ᠲᠤ ᠪᠡᠶ᠎ᠡ ᠪᠠᠷ ᠢᠶᠠᠨ ᠣᠶᠢᠷᠠᠲᠤᠭᠰᠠᠨ ᠮᠡᠲᠦ ᠶᠢᠨ ᠪᠡᠶᠡᠴᠢ ᠣᠶᠢᠯᠠᠭᠠᠯᠲᠠ ᠶᠢᠨ ᠰᠡᠳᠭᠢᠯᠭᠡ ᠶᠢ ᠪᠣᠢ ᠪᠣᠯᠭᠠᠵᠤ᠂ ᠦᠯᠢᠭᠡᠷ ᠢᠶᠠᠷ ᠳᠠᠮᠵᠢᠭᠤᠯᠤᠨ ᠶᠣᠭᠲᠠ ᠤᠳᠭ᠎ᠠ ᠶᠢ ᠢᠯᠡᠳᠭᠡᠵᠦ ᠂ ᠰᠠᠨᠠᠭᠠᠨ ᠳᠤ ᠣᠷᠣᠮ᠎ᠠ ᠦᠭᠡᠢ ᠳᠠᠮᠵᠢᠭᠤᠯᠭ᠎ᠠ ᠶᠢᠨ ᠦᠷ᠎ᠡ ᠪᠦᠲᠦᠮᠵᠢ ᠶᠢ ᠣᠯᠣᠭᠰᠠᠨ ᠪᠠᠶᠢᠨ᠎ᠠ ᠃  ︵ᠭᠤᠷᠪᠠ︶ ᠬᠠᠮ ᠳᠠᠮᠵᠢᠭᠤᠯᠭ᠎ᠠ ᠶᠢᠨ ᠵᠢᠭᠰᠠᠭᠠᠯ ᠳᠤ ᠰᠢᠪᠲᠤᠯᠤᠯᠲᠠ ᠭᠠᠷᠭᠠᠪᠠ  ᠣᠯᠠᠨ ᠲᠠᠰ ᠳᠠᠪᠬᠤᠷᠭ᠎ᠠ ᠶᠢᠨ ᠳᠠᠮᠵᠢᠭᠤᠯᠭ᠎ᠠ ᠶᠢᠨ ᠲᠠᠪᠴᠠᠩ ᠳᠡᠭᠡᠷ᠎ᠡ᠂ ᠬᠡᠷᠬᠢᠨ ︽ᠠᠭᠤᠰᠤᠯᠴᠠᠯ︾ ᠢ ᠨᠡᠪᠲᠡᠷᠡᠭᠦᠯᠬᠦ ᠪᠣᠶ︖ ᠬᠡᠷᠬᠢᠨ ᠰᠢᠨ᠎ᠡ ᠵᠠᠭᠤᠴᠢᠯᠠᠭᠤᠷ ᠤᠨ ᠵᠢᠭᠰᠠᠭᠠᠯ ᠢ ᠠᠰᠢᠭᠯᠠᠨ ᠤᠷᠢᠳᠴᠢᠯᠠᠨ ᠪᠡᠯᠡᠳᠭᠡᠬᠦ ᠪᠣᠢ︖ ᠾᠧᠨᠠᠨ ᠤ ᠣᠳᠣᠨ ᠲᠧᠯᠸᠢᠰ ᠴᠠᠭᠠᠨ ᠰᠠᠷ᠎ᠠ ᠶᠢᠨ ᠦᠳᠡᠰᠢᠯᠡᠭᠡ ᠶᠢᠨ ᠲᠥᠰᠦᠪᠯᠡᠯ ᠠᠴᠠ ᠡᠬᠢᠯᠡᠨ᠂ ᠰᠡᠭᠦᠯᠴᠢ ᠶᠢᠨ ᠬᠤᠭᠤᠴᠠᠭᠠᠨ ᠤ ᠤᠬᠠᠭᠤᠯᠤᠨ ᠲᠠᠷᠬᠠᠭᠠᠬᠤ ᠠᠵᠢᠯ ᠤᠨ ᠤᠭᠲᠤᠪᠤᠷᠢ᠂ ᠲᠦᠰᠦᠪᠯᠡᠯ ᠤᠨ ᠰᠢᠩᠭᠡᠭᠡᠯᠲᠡ ᠶᠢᠨ ᠶᠠᠪᠤᠴᠠ ᠳᠤ ᠫᠷᠦᠭᠷᠠᠮ ᠶᠠᠮᠠᠷ ᠦᠶ᠎ᠡ ᠳᠤ ᠲᠣᠮᠣ ᠳᠡᠯᠭᠡᠴᠡᠨ ᠳᠤ ᠲᠣᠬᠢᠷᠠᠬᠤ᠂ ᠶᠠᠮᠠᠷ ᠦᠶ᠎ᠡ ᠳᠤ ᠵᠢᠵᠢᠭ ᠳᠡᠯᠭᠡᠴᠡᠨ ᠳᠤ ᠲᠣᠬᠢᠷᠠᠬᠤ᠂ ᠶᠠᠮᠠᠷ ᠦᠶ᠎ᠡ ᠳᠤ ᠫᠷᠦᠭᠷᠠᠮ ᠤᠨ ᠡᠮᠦᠨᠡᠳᠭᠡᠯ ᠢ ᠲᠠᠷᠬᠠᠭᠠᠬᠤ ᠵᠡᠷᠭᠡ ᠨᠢ ᠪᠦᠷ ᠡᠮᠬᠢ ᠵᠠᠮᠪᠠᠷᠠᠭ᠎ᠠ ᠲᠠᠢ ᠲᠥᠯᠥᠪᠯᠡᠭᠡ ᠳᠤ ᠪᠠᠶᠢᠨ᠎ᠠ᠃ ᠾᠧᠨᠠᠨ ᠤ ᠬᠤᠷᠢᠶ᠎ᠠ ᠶᠢᠨ ᠳᠣᠲᠣᠭᠠᠳᠤ ᠶᠢᠨ ᠪᠦᠷᠢᠳᠬᠡᠯ ᠢ ᠦᠨᠳᠦᠰᠦᠯᠡᠪᠡᠯ᠂ ᠬᠤᠷᠢᠶᠠᠨ ᠳᠤ ᠨᠡᠶᠢᠲᠡ 560 ᠭᠠᠷᠤᠶ ᠰᠢᠨ᠎ᠡ ᠵᠠᠭᠤᠴᠢ ᠶᠢᠨ ᠳᠠᠩᠰᠠᠨ ᠤ ᠳ᠋ᠤᠭᠠᠷ ᠪᠠᠶᠢᠵᠤ᠂ ᠮᠢᠩᠭ᠎ᠠ ᠲᠦᠮᠡᠨ ᠳᠡᠰ ᠤᠨ ᠰᠦᠯᠵᠢᠶᠡᠨ ᠤ ᠲᠣᠮᠣ ᠣᠳᠣ 8 ᠪᠠᠶᠢᠨ᠎ᠠ᠃ ᠾᠧᠨᠠᠨ ᠤ ᠣᠳᠣᠨ ᠲᠧᠯᠸᠢᠰ ᠤᠨ ᠳᠤᠮᠳᠠᠳᠤ ᠶᠢᠨ ᠪᠠᠶᠠᠷ ᠳᠤᠷᠠᠰᠬᠠᠯ ᠤᠨ ᠡᠳᠦᠷ ᠤᠨ ᠰᠢᠷᠢᠰ ᠫᠷᠦᠭᠷᠠᠮ ᠨᠢ ᠵᠢᠩᠬᠢᠨᠢ ᠨᠡᠶᠢᠲᠡᠯᠡᠭᠳᠡᠭᠡ ᠦᠭᠡᠢ ᠪᠠᠷ ᠰᠦᠯᠵᠢᠶᠡᠨ ᠳᠡᠭᠡᠷ᠎ᠡ ᠨᠢᠭᠡᠨᠲᠡ ᠬᠠᠯᠠᠭᠤᠷᠠᠵᠤ᠂ ᠦᠵᠡᠭᠴᠢᠳ ᠤᠨ ᠰᠣᠨᠢᠷᠬᠠᠯ ᠢ ᠲᠠᠲᠠᠪᠠ᠃ ᠡᠭᠦᠠ ᠤ ᠵᠠᠷᠭᠡ ᠳᠤ ᠡᡁᠧᠨᠠᠨ ᠤ ᠬᠤᠷᠢᠶ᠎ᠠ ᠨᠢ ᠪᠠᠰᠠ ᠳᠦᠷᠤ ᠶᠢᠨ ᠶᠠᠪᠤᠲᠠᠯ ᠤᠨ ᠬᠤᠷᠢᠶᠠᠨ ᠤ ᠭᠠᠲᠠᠭᠠᠲᠤ ᠣᠬᠠᠭᠤᠯᠭ᠎ᠠ ᠶᠢᠨ ᠠᠯᠪᠠᠨ ᠬᠡᠷ ᠲᠠᠢ ᠬᠠᠷᠢᠯᠴᠠᠵᠤ᠂ ᠰᠢᠨᠬᠤᠸᠠ ᠬᠤᠷᠢᠶ᠎ᠡ᠂ ᠠᠷᠠᠣᠠ ᠤᠨ ᠡᠳᠦᠷ ᠤᠨ ᠰᠣᠨᠢᠠ ᠤ ᠬᠤᠷᠢᠶ᠎ᠡ ᠵᠠᠷᠭᠡ ᠤᠯᠤᠰ ᠤᠨ ᠲᠠᠰ ᠤᠨ ᠰᠢᠨ᠎ᠠ ᠵᠠᠭᠤᠴᠢᠯᠠᠭᠤᠷ ᠲᠠᠢ ᠵᠣᠭᠢᠴᠠᠭᠤᠯᠣᠠ ᠣᠢᠷᠭᠦᠯᠵᠢᠯᠠᠨ ᠲᠠᠭᠠᠵᠤ᠂ ᠭᠠᠲᠠᠭᠠᠲᠤ ᠳᠤ ᠰᠠᠭᠤᠭ᠎ᠠ ᠡᠯᠴᠢᠠ ᠰᠠᠶᠢᠣᠠ ᠤᠨ ᠶᠠᠮᠣᠠ ᠨᠢ ᠭᠠᠲᠠᠭᠠᠲᠤ ᠳᠤ ᠵᠣᠷᠢᠭᠤᠯᠣᠠ ᠣᠬᠠᠭᠤᠯᠵᠤ ᠪᠠᠶᠢᠨ᠎ᠠ᠃ᠬᠤᠶᠠᠷ᠂ ᠾᠧᠨᠠᠨ ᠤ ᠣᠳᠣᠨ ᠲᠧᠯᠸᠢᠰ ᠤᠨ ᠬᠠᠮ ᠵᠠᠭᠤᠴᠢᠯᠠᠭᠤᠷ ᠤᠨ ᠳᠠᠪᠴᠠᠩ ᠳᠡᠭᠡᠷᠡᠬᠢ ᠪᠦᠳᠦᠭᠡᠨ ᠪᠠᠶᠢᠭᠤᠯᠤᠯᠳᠠ ᠪᠤᠯ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠷᠠᠳᠢᠣ᠋ ᠲᠧᠯᠸᠢᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠯ᠎ᠠ ᠶᠢᠨ ᠰᠢᠪᠳᠤᠯᠤᠯᠳᠠ ᠮᠥᠨ  ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠪᠣᠯ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠭᠤᠣᠯ ᠬᠦᠴᠦᠨ ᠵᠦᠢᠯ ᠮᠥᠨ᠃ ᠶᠡᠷᠦᠩᠬᠡᠢ ᠱᠦᠵᠢ ᠰᠢ ᠶᠢᠨ ᠫᠢᠩ ᠠᠴᠠ᠂ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠪᠣᠯ ᠰᠢᠨ᠎ᠡ ᠠᠵᠤ ᠦᠢᠯᠡᠰ᠂ ᠰᠢᠨ᠎ᠡ ᠬᠡᠪ ᠵᠠᠭᠪᠤᠷ᠂ ᠰᠢᠨ᠎ᠡ ᠬᠥᠳᠡᠯᠭᠡᠭᠦ ᠬᠦᠴᠦᠨ ᠢ ᠪᠣᠶ ᠪᠣᠯᠭᠠᠵᠤ ᠴᠢᠳᠠᠬᠤ ᠪᠥᠭᠡᠳ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠭᠤᠣᠯ ᠬᠦᠴᠦᠨ ᠵᠦᠢᠯ ᠪᠣᠯᠣᠨ᠎ᠠ︾ ᠭᠡᠵᠦ ᠵᠢᠭᠠᠵᠤ ᠭᠠᠷᠭᠠᠪᠠ᠃ ᠾᠧᠨᠠᠨ ᠤ ᠳ᠋ᠠ ᠰᠢᠶᠠᠩ ᠬᠠᠮ ᠵᠠᠭᠤᠴᠢᠯᠠᠭᠤᠷ ᠤᠨ ᠮᠡᠷᠭᠡᠵᠢᠯ ᠤᠨ ᠺᠣᠮᠫᠠᠨᠢ ᠪᠣᠯ ᠾᠧᠨᠠᠨ ᠤ ᠬᠤᠷᠢᠶ᠎ᠠ᠂ ᠲᠠᠪᠴᠠᠩ ᠤᠨ ᠬᠠᠮᠢᠶᠠᠷᠤᠯᠲᠠ᠂ ᠲᠠᠪᠴᠠᠩ ᠤᠨ ᠡᠵᠡᠮᠳᠡᠯ ᠤᠨ ᠠᠵᠤ ᠠᠬᠤᠶᠢᠯᠠᠯ ᠮᠥᠨ᠂ ᠾᠧᠨᠠᠨ ᠤ ᠣᠳᠣᠨ ᠲᠧᠯᠸᠢᠰ ᠤᠨ ᠨᠢᠭᠡ ᠴᠣᠭᠴᠠᠵᠢᠭᠰᠠᠨ ᠡᠵᠡᠩᠨᠡᠯᠲᠡ ᠶᠢᠨ ᠲᠥᠪ ᠤᠨ ᠰᠢᠭᠤᠳ ᠬᠠᠮᠢᠶᠠᠷᠤᠯᠲᠠ ᠬᠦᠷᠦᠭᠰᠡᠨ ᠠᠵᠤ ᠠᠬᠤᠶᠢᠯᠠᠯ ᠮᠥᠨ᠂ ᠲᠡᠷᠡ ᠨᠢ ᠬᠠᠮ ᠵᠠᠭᠤᠴᠢᠯᠠᠭᠤᠷ ᠤᠨ ᠮᠡᠷᠭᠡᠵᠢᠯ ᠤᠨ ᠲᠠᠯ᠎ᠠ ᠪᠠᠷ ᠰᠢᠨ᠎ᠡ ᠶᠢ ᠡᠭᠦᠳᠴᠦ᠂ ᠠᠵᠢᠯ ᠲᠥᠷᠥᠯ ᠤᠨ ᠤᠷᠤᠭᠰᠢᠯᠠᠬᠤ ᠶᠢ ᠬᠥᠲᠥᠯᠥᠨ ᠳᠠᠭᠠᠭᠤᠯᠪᠠ᠃  2018 ᠣᠨ ᠳᠤ᠂ ᠾᠧᠨᠠᠨ ᠮᠤᠵᠢ ᠤᠯᠤᠰ ᠤᠨ ︽ᠨᠢᠭᠡ ᠮᠤᠵᠢ ᠨᠢᠭᠡ ᠲᠠᠪᠴᠠᠩ︾ ︽ᠨᠢᠭᠡ ᠰᠢᠶᠠᠨ ᠨᠢᠭᠡ ᠦᠵᠦᠭᠦᠷ︾ ᠤᠨ ᠱᠠᠭᠠᠷᠳᠠᠯᠭ᠎ᠠ ᠶᠣᠰᠣᠭᠠᠷ ᠰᠢᠶᠠᠨ ᠤ ᠱᠠᠲᠤᠨ ᠤ ᠬᠠᠮ ᠵᠠᠭᠤᠴᠢᠯᠠᠭᠤᠷ ᠤᠨ ᠲᠥᠪ ᠪᠠᠶᠢᠭᠤᠯᠬᠤ ᠶᠢ ᠨᠡᠶᠢᠲᠡᠯᠡᠪᠡ᠃ ᠲᠤᠰᠬᠠᠶ ᠮᠡᠷᠭᠡᠵᠢᠯᠲᠡᠨ ᠤ ᠮᠡᠷᠭᠡᠵᠢᠯ ᠤᠨ ᠰᠢᠯᠭᠠᠷᠠᠭᠤᠯᠤᠯᠲᠠ ᠪᠠᠷ ᠳᠡᠮᠵᠢᠨ᠂ ᠲᠣᠰ ᠲᠥᠷᠥᠯ ᠵᠦᠢᠯ ᠢ ᠾᠧᠨᠠᠨ ᠤ ᠣᠳᠣᠨ ᠲᠧᠯᠸᠢᠰ ᠤᠨ ᠨᠢᠭᠡ ᠴᠣᠭᠴᠠᠵᠢᠭᠰᠠᠨ ᠡᠵᠡᠩᠨᠡᠯᠲᠡ ᠶᠢᠨ ᠲᠥᠪ᠂ ᠾᠧᠨᠠᠨ ᠤ ᠳ᠋ᠠ ᠰᠢᠶᠠᠩ ᠬᠠᠮ ᠵᠠᠭᠤᠴᠢᠯᠠᠭᠤᠷ ᠤᠨ ᠮᠡᠷᠭᠡᠵᠢᠯ ᠤᠨ ᠬᠢᠵᠠᠭᠠᠷᠲᠤ ᠺᠣᠮᠫᠠᠨᠢ ᠳᠤ ᠲᠤᠰᠢᠶᠠᠨ ᠥᠭᠴᠦ ᠬᠡᠷᠡᠭᠵᠢᠭᠦᠯᠵᠡᠶ᠃  ᠬᠤᠶᠠᠷ ᠵᠢᠯ ᠤᠨ ᠴᠢᠷᠮᠠᠶᠢᠯᠭ᠎ᠠ ᠪᠠᠷ ᠳᠠᠮᠵᠢᠨ᠂ ᠾᠧᠨᠠᠨ ᠮᠤᠵᠢ ᠶᠢᠨ 17 ᠲᠤᠰᠬᠠᠶ ᠣᠷᠣᠨ ᠤ ᠲᠠᠰ ᠤᠨ ᠬᠤᠲᠠ᠂ 103 ᠰᠢᠶᠠᠨ ᠤ ᠱᠠᠲᠤᠨ ᠤ ᠬᠤᠲᠠ ᠶᠢᠨ ᠬᠠᠮ ᠵᠠᠭᠤᠴᠢᠯᠠᠭᠤᠷ ᠤᠨ ᠲᠥᠪ ᠲᠠᠪᠴᠠᠩ ᠤᠨ ᠪᠠᠶᠢᠭᠤᠯᠤᠯᠲᠠ ᠶᠢ ᠪᠡᠶᠡᠯᠡᠭᠦᠯᠵᠦ᠂ ᠭᠤᠤᠯ ᠪᠡᠯᠡᠳᠬᠡᠯ ᠬᠤᠤᠰ ᠰᠦᠯᠵᠢᠶ᠎ᠡ ᠶᠢᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ ᠪᠡᠶᠡᠯᠡᠭᠦᠯᠪᠡ᠃ ᠮᠤᠵᠢ ᠶᠢᠨ ᠱᠠᠲᠤᠨ ᠤ ᠲᠠᠪᠴᠠᠩ ᠨᠢ 2020 ᠣᠨ ᠳᠤ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ ᠲᠤᠰᠬᠠᠶ ᠮᠡᠷᠭᠡᠵᠢᠯᠲᠡᠨ ᠤ ᠳᠤᠭᠤᠶᠢᠯᠠᠩ ᠤᠨ ᠲᠤᠬᠠᠶ ᠶᠢᠨ ᠭᠠᠵᠠᠷ ᠤᠨ ᠰᠢᠯᠭᠠᠨ ᠪᠠᠶᠢᠴᠠᠭᠠᠯᠲᠠ ᠶᠢ ᠥᠩᠭᠡᠷᠡᠭᠡᠵᠦ᠂ ᠤᠯᠤᠰ ᠤᠨ ᠪᠠᠷᠢᠮᠵᠢᠶ᠎ᠠ ᠶᠢᠨ ᠰᠢᠯᠭᠠᠨ ᠪᠠᠶᠢᠴᠠᠭᠠᠯᠲᠠ ᠶᠢ ᠳᠠᠮᠵᠢᠭᠰᠠᠨ ᠤᠯᠤᠰ ᠤᠨ ᠲᠠᠰ ᠤᠨ ᠠᠩᠬᠠᠳᠠᠭᠴᠢ ᠮᠤᠵᠢ ᠶᠢᠨ ᠱᠠᠲᠤᠨ ᠤ ᠮᠡᠷᠭᠡᠵᠢᠯ ᠤᠨ ᠲᠠᠪᠴᠠᠩ ᠪᠣᠯᠤᠭᠰᠠᠨ ᠪᠠᠶᠢᠨ᠎ᠠ᠃  ᠾᠧᠨᠠᠨ ᠤ ᠣᠳᠣᠨ ᠲᠧᠯᠸᠢᠰ ᠤᠨ ᠨᠢᠭᠡ ᠴᠣᠭᠴᠠᠵᠢᠭᠰᠠᠨ ᠡᠵᠡᠩᠨᠡᠯᠲᠡ ᠶᠢᠨ ᠲᠥᠪ ᠢᠶᠠᠷ ᠭᠤᠣᠯᠯᠠᠭᠤᠯᠤᠭᠰᠠᠨ ᠪᠦᠬᠦ ᠮᠤᠵᠢ ᠶᠢᠨ ᠬᠠᠮ ᠵᠠᠭᠤᠴᠢᠯᠠᠭᠤᠷ ᠤᠨ ᠮᠡᠷᠭᠡᠵᠢᠯ ᠤᠨ ᠲᠠᠪᠴᠠᠩ ᠨᠢ ᠶᠠᠷᠢᠶ᠎ᠠ ᠬᠡᠯᠡᠯᠴᠡᠭᠡᠨ ᠤ ᠪᠠᠶᠢᠳᠠᠯ ᠢ ᠵᠠᠳᠠᠯᠬᠤ᠂ ᠳᠠᠭᠤ ᠳᠦᠷᠰᠦ ᠰᠢᠩᠭᠡᠭᠡᠯᠲᠡ ᠶᠢ ᠰᠢᠩᠭᠡᠭᠡᠨ ᠴᠤᠭᠯᠠᠭᠤᠯᠬᠤ᠂ ᠡᠭᠦᠯᠡᠨ ᠬᠤᠭᠤᠯᠠᠶ ᠶᠢᠨ ᠵᠥᠭᠡᠯᠡᠨ ᠲᠣᠨᠤᠭ᠂ ᠰᠣᠨᠢᠨ ᠮᠡᠳᠡᠭᠡᠨ ᠤ ᠵᠢᠯᠣᠭᠤᠳᠬᠤ ᠰᠢᠰᠲ᠋ᠧᠮ᠂ ᠸᠢᠴᠠᠲ ᠪᠢᠴᠢᠯ ᠪᠦᠷᠭᠡ ᠶᠢᠨ ᠰᠢᠰᠲ᠋ᠧᠮ᠂ ᠵᠢᠷᠤᠭ ᠪᠢᠴᠢᠭ ᠤᠨ ᠨᠠᠶᠢᠷᠠᠭᠤᠯᠤᠨ ᠵᠢᠭᠰᠠᠭᠠᠬᠤ ᠰᠢᠰᠲ᠋ᠧᠮ ᠵᠡᠷᠭᠡ ᠴᠢᠳᠠᠮᠵᠢ ᠶᠢ ᠪᠡᠶᠡᠯᠡᠭᠦᠯᠵᠦ᠂ ᠪᠦᠬᠦ ᠮᠤᠵᠢ ᠶᠢᠨ ᠵᠠᠭᠤᠴᠢᠯᠠᠭᠤᠷ ᠨᠢ ᠨᠢᠭᠡ ᠰᠦᠯᠵᠢᠶ᠎ᠡ ᠪᠠᠷ ᠪᠦᠷᠢᠯᠳᠦᠵᠦ᠂ ᠣᠯᠠᠨ ᠵᠦᠢᠯ ᠢᠶᠠᠷ ᠪᠦᠷᠢᠯᠳᠦᠵᠦ᠂ ᠣᠯᠠᠨ ᠡᠰᠢᠵᠢᠭᠦᠯᠦᠨ ᠳᠠᠮᠵᠢᠭᠤᠯᠬᠤ︾ ᠶᠢ ᠪᠡᠶᠡᠯᠡᠭᠦᠯᠵᠦ᠂ ᠵᠠᠭᠤᠴᠢᠯᠠᠭᠤᠷ ᠤᠨ ᠳᠠᠮᠵᠢᠭᠤᠯᠭ᠎ᠠ ᠶᠢ ᠭᠠᠭᠴᠠ ᠴᠢᠭᠯᠡᠯ ᠠᠴᠠ ᠣᠯᠠᠨ ᠴᠢᠭᠯᠡᠯ ᠲᠡᠶᠢᠰᠢ ᠬᠤᠪᠢᠷᠠᠭᠤᠯᠵᠤ ᠂ ᠰᠠᠨᠠᠭᠠᠴᠢᠯᠠᠭᠠᠲᠤ ᠪᠤᠰᠤ ᠶᠢ ᠰᠠᠨᠠᠭᠠᠴᠢᠯᠠᠭ᠎ᠠ ᠲᠠᠢ ᠪᠣᠯᠭᠠᠵᠤ᠂ ᠬᠥᠮᠦᠨ ᠨᠡᠮᠡᠬᠦ ᠦᠭᠡᠢ ᠪᠠᠶᠢᠬᠤ ᠶᠢᠨ ᠵᠡᠷᠭᠡ ᠳᠤ ᠬᠠᠮ ᠵᠠᠭᠤᠴᠢᠯᠠᠭᠤᠷ ᠤᠨ ᠦᠢᠯᠡᠳᠪᠦᠷᠢᠯᠡᠯ ᠪᠠ ᠨᠡᠶᠢᠲᠡᠯᠡᠬᠦ ᠦᠷ᠎ᠡ ᠪᠦᠲᠦᠮᠵᠢ ᠶᠢ ᠶᠡᠭᠡ ᠪᠠᠷ ᠳᠡᠭᠡᠭᠰᠢᠯᠡᠭᠦᠯᠪᠡ᠃  ᠲᠦᠷᠦᠭᠦᠬᠡᠨ᠂ ᠾᠧᠨᠠᠨ ᠮᠤᠵᠢ ᠶᠢᠨ ᠰᠢᠶᠠᠨ ᠤ ᠱᠠᠲᠤᠨ ᠤ ᠬᠠᠮ ᠵᠠᠭᠤᠴᠢᠯᠠᠭᠤᠷ ᠤᠨ ᠲᠥᠪ ᠪᠠᠰᠠ ᠾᠧᠨᠠᠨ ᠤ ᠣᠳᠣᠨ ᠲᠧᠯᠸᠢᠰ ᠤᠨ ᠵᠢᠯᠣᠭᠤᠳᠣᠯᠭ᠎ᠠ ᠳᠣᠤᠷ᠎ᠠ᠂ ᠲᠠᠪᠴᠠᠩ ᠢ ᠲᠠᠰ ᠳᠡᠪᠰᠢᠭᠦᠯᠦᠨ ᠥᠭᠡᠷᠡᠴᠢᠯᠡᠵᠦ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠲᠡᠭᠦᠯᠳᠡᠷᠵᠢᠭᠦᠯᠦᠨ ᠳᠡᠭᠡᠭᠰᠢᠯᠡᠭᠦᠯᠵᠦ᠂ ᠰᠢᠨ᠎ᠡ ᠨᠢᠭᠡ ᠦᠶ᠎ᠡ ᠶᠢᠨ ᠮᠡᠳᠡᠭᠡ ᠵᠠᠩᠭᠢ ᠶᠢᠨ ᠰᠠᠭᠤᠷᠢ ᠪᠡᠯᠡᠳᠬᠡᠮᠵᠢ ᠶᠢᠨ ᠬᠡᠷᠡᠭᠯᠡᠯᠲᠡ ᠶᠢ ᠳᠥᠯᠭᠢᠨ ᠠᠬᠢᠭᠤᠯᠵᠤ᠂ ᠲᠡᠭᠦᠨ ᠤ ᠳᠣᠲᠣᠷᠠᠬᠢ ︽ᠰᠣᠨᠢᠨ ᠮᠡᠳᠡᠭᠡᠨ ᠤ ᠡᠯᠧᠺᠲᠷᠣᠨ ᠬᠤᠳᠠᠯᠳᠤᠭ᠎ᠠ︾ ᠶᠢᠨ ᠬᠡᠰᠡᠭ ᠲᠤ ᠤᠯᠠᠮ ᠨᠢᠭᠡ ᠠᠯᠬᠤᠮ ᠲᠤᠷᠰᠢᠨ ᠲᠠᠰ ᠳᠡᠪᠰᠢᠭᠦᠯᠵᠡᠶ᠃ ᠣᠳᠣᠬᠠᠨ ᠳᠤ ᠪᠣᠯᠲᠠᠯ᠎ᠠ᠂ ᠡᠭᠦᠯᠡᠨ ᠳᠡᠭᠡᠷᠡᠬᠢ APP ᠰᠢᠷᠢᠰ ᠠᠴᠢᠶᠠᠯᠠᠪᠤᠷᠢ ᠶᠢᠨ ᠬᠡᠮᠵᠢᠶ᠎ᠡ ᠨᠢ ᠪᠠᠷᠤᠭ 1600 ᠲᠦᠮᠡᠨ ᠤᠳᠠᠭ᠎ᠠ ᠪᠠᠶᠢᠵᠤ᠂ ᠬᠡᠷᠡᠭᠯᠡᠭᠴᠢ ᠶᠢᠨ ᠳᠠᠩᠰᠠᠯᠠᠭᠤᠯᠤᠭᠰᠠᠨ ᠬᠡᠮᠵᠢᠶ᠎ᠡ ᠨᠢ ᠪᠠᠷᠤᠭ 1900 ᠲᠦᠮᠡᠨ ᠤᠳᠠᠭ᠎ᠠ ᠳᠤ ᠬᠦᠷᠴᠦ᠂ ᠨᠡᠶᠢᠲᠡᠯᠡᠭᠰᠡᠨ ᠬᠡᠮᠵᠢᠶ᠎ᠡ ᠨᠢ 31 ᠲᠦᠮᠡᠨ ᠬᠤᠪᠢ ᠳᠤ ᠬᠦᠷᠴᠦ᠂ ᠰᠠᠷ᠎ᠠ ᠪᠦᠷᠢ ᠶᠢᠨ ᠢᠳᠡᠪᠬᠢ ᠬᠡᠷᠡᠭᠯᠡᠭᠴᠢ ᠶᠢᠨ ᠶᠡᠷᠦᠩᠬᠡᠶ ᠬᠡᠮᠵᠢᠶ᠎ᠡ ᠨᠢ ᠪᠠᠷᠤᠭ 51 ᠲᠦᠮᠡᠨ ᠬᠥᠮᠦᠨ ᠤᠳᠠᠭ᠎ᠠ ᠳᠤ ᠬᠦᠷᠴᠦ᠂ ᠡᠳᠦᠷ ᠪᠦᠷᠢ ᠶᠢᠨ ᠢᠳᠡᠪᠬᠢ ᠬᠡᠷᠡᠭᠯᠡᠭᠴᠢ ᠶᠢᠨ ᠶᠡᠷᠦᠩᠬᠡᠶ ᠬᠡᠮᠵᠢᠶ᠎ᠡ ᠨᠢ ᠪᠠᠷᠤᠭ 16.7 ᠲᠦᠮᠡᠨ ᠬᠥᠮᠦᠨ ᠤᠳᠠᠭ᠎ᠠ ᠳᠤ ᠬᠦᠷᠴᠡᠶ᠃  ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠭᠤᠣᠯᠳᠠᠯᠭ᠎ᠠ ᠪᠣᠯ ᠮᠡᠷᠭᠡᠵᠢᠯ ᠤᠨ ᠲᠦᠯᠬᠢᠴᠡ ᠬᠦᠴᠦᠨ ᠮᠥᠨ᠂ ᠮᠡᠷᠭᠡᠵᠢᠯ ᠤᠨ ᠰᠤᠳᠤᠯᠤᠨ ᠨᠡᠭᠡᠭᠡᠯᠲᠡ ᠪᠠ ᠬᠡᠷᠡᠭᠯᠡᠯᠲᠡ ᠶᠢ ᠴᠢᠩᠭᠠᠷᠠᠭᠤᠯᠵᠤ᠂ ᠷᠠᠳᠢᠣ᠋ ᠲᠧᠯᠸᠢᠰ ᠤᠨ ᠠᠭᠤᠯᠭ᠎ᠠ ᠶᠢᠨ ᠳᠠᠮᠵᠢᠭᠤᠯᠭ᠎ᠠ ᠶᠢᠨ ᠬᠦᠴᠦᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠾᠧᠨᠠᠨ ᠤ ᠣᠳᠣᠨ ᠲᠧᠯᠸᠢᠰ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠪᠠᠷ ᠭᠤᠤᠯ ᠰᠢᠵᠢᠮ ᠪᠣᠯᠭᠠᠵᠤ᠂ ᠳ᠋ᠠ ᠰᠢᠶᠠᠩ ᠬᠠᠮ ᠵᠠᠭᠤᠴᠢᠯᠠᠭᠤᠷ ᠢᠶᠠᠷ ᠨᠡᠭᠡᠭᠡᠨ ᠪᠠᠶᠢᠭᠤᠯᠵᠤ ᠪᠥᠲᠥᠭᠡᠨ ᠪᠠᠶᠢᠭᠤᠯᠵᠤ᠂ ᠳᠠᠮᠵᠢᠭᠤᠯᠬᠤ ᠬᠡᠯᠬᠢᠶ᠎ᠡ ᠶᠢᠨ ᠬᠥᠨᠳᠡᠯᠡᠨ ᠢᠶᠠᠷ ᠥᠷᠭᠡᠳᠬᠡᠬᠦ ᠪᠠ ᠭᠤᠯᠳᠤ ᠪᠠᠷ ᠭᠦᠨᠵᠡᠭᠡᠶᠢᠷᠡᠬᠦ ᠶᠢ ᠪᠡᠶᠡᠯᠡᠭᠦᠯᠵᠦ᠂ ᠵᠠᠭᠤᠴᠢᠯᠠᠭᠤᠷ ᠤᠨ ᠠᠭᠤᠰᠤᠯᠴᠠᠨ ᠬᠥᠭᠵᠢᠬᠦ ᠶᠢ ᠲᠦᠷᠭᠡᠳᠬᠡᠪᠡ᠃ᠭᠤᠷᠪᠠ᠂ ᠠᠵᠤ ᠦᠢᠯᠡᠰ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠵᠦ᠂ ᠾᠧᠨᠠᠨ ᠤ ᠣᠳᠣᠨ ᠲᠧᠯᠸᠢᠰ ᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠵᠦ ᠰᠢᠨ᠎ᠡ ᠠᠵᠤ ᠠᠬᠤᠢ ᠶᠢᠨ ᠬᠥᠳᠡᠯᠭᠡᠭᠴᠢ ᠬᠦᠴᠦᠨ ᠤ ᠲᠠᠯ᠎ᠠ ᠪᠠᠷ ᠰᠢᠨ᠎ᠡ ᠰᠢᠪᠲᠤᠯᠤᠯᠲᠠ ᠶᠢ ᠪᠡᠶᠡᠯᠡᠭᠦᠯᠪᠡ  ᠾᠧᠨᠠᠨ ᠤ ᠣᠳᠣᠨ ᠲᠧᠯᠸᠢᠰ ᠯᠢ ᠶᠤᠸᠠᠨ ᠴᠦᠨ᠂ ᠦ᠋ ᠯᠢᠨ ᠹᠧᠩ᠂ ᠬᠤᠸᠠ ᠢᠦᠶ ᡁᠢ ᠮᠧᠨ ᠵᠡᠷᠭᠡ ᠭᠤᠷᠪᠠᠨ ᠶᠡᠭᠡ ᠤᠯᠠᠮᠵᠢᠯᠠᠯᠲᠤ ᠪᠣᠯᠣᠩ ᠪᠠᠶᠢᠵᠤ᠂ ᠡᠳᠡᠭᠡᠷ ᠪᠤᠯᠤᠩ ᠤᠨ ᠨᠥᠯᠥᠭᠡᠯᠡᠬᠦ ᠬᠦᠴᠦᠨ ᠶᠡᠭᠡ᠂ ᠬᠦᠯᠢᠶᠡᠨ ᠠᠪᠴᠤ ᠦᠵᠡᠬᠦ ᠦᠷ᠎ᠡ ᠪᠦᠲᠦᠮᠵᠢ ᠨᠢ ᠰᠠᠶᠢᠨ ᠪᠠᠶᠢᠪᠠ᠃ 2004 ᠣᠨ ᠤ ᠣᠷᠴᠢᠮ᠂ ᠤᠯᠤᠰ ᠤᠨ ᠷᠠᠳᠢᠣ᠋ ᠲᠧᠯᠧᠢᠰ ᠤᠨ ᠶᠡᠷᠦᠩᠬᠡᠶ ᠲᠣᠪᠴᠢᠶᠠᠨ ᠤ ᠳᠡᠮᠵᠢᠯᠭᠡ ᠳᠣᠣᠷ᠎ᠠ᠂ ᠾᠧᠨᠠᠨ ᠤ ᠷᠠᠳᠢᠣ᠋ ᠲᠧᠯᠧᠢᠰ ᠬᠤᠷᠢᠶ᠎ᠠ ᠤᠷᠢᠳ ᠬᠤᠵᠢᠳ ᠯᠢ ᠶᠤᠸᠠᠨ᠂ ᠵᠡᠪᠰᠡᠭ ᠤᠨ ᠡᠷᠳᠡᠮ ᠤᠨ ᠶᠢᠷᠲᠢᠨᠴᠦ᠂ ᠲᠡᠦᠬᠡ ᠶᠢᠨ ᠳᠤᠷᠠᠰᠬᠠᠯᠲᠤ ᠵᠦᠢᠯ ᠡᠷᠳᠡᠨᠢ ᠶᠢᠨ ᠬᠥᠮᠥᠷᠭᠡ ᠵᠡᠷᠭᠡ ᠪᠥᠬᠦ ᠤᠯᠤᠰ ᠲᠤ ᠬᠠᠨᠳᠤᠭᠤᠯᠤᠭᠰᠠᠨ ᠲᠣᠭᠠᠴᠢᠯᠠᠭᠰᠠᠨ ᠲᠧᠯᠸᠢᠰ ᠤᠨ ᠰᠦᠢᠳᠬᠡᠯ ᠲᠤᠰᠢᠶᠠᠬᠤ ᠰᠤᠪᠠᠭ ᠢ ᠨᠡᠭᠡᠭᠡᠵᠡᠶ᠃ ᠡᠵᠡᠩᠨᠡᠯᠲᠡ ᠶᠢᠨ ᠦᠵᠡᠯᠲᠡ ᠨᠢ ᠬᠤᠴᠤᠷᠤᠩᠭᠤᠢ ᠪᠣᠯᠬᠤᠷ ᠡᠳᠡᠭᠡᠷ ᠰᠤᠪᠠᠭ ᠨᠢᠭᠡ ᠦᠶ᠎ᠡ ᠠᠯᠳᠠᠭᠳᠠᠯ ᠲᠠᠢ ᠪᠠᠶᠢᠳᠠᠯ ᠭᠠᠷᠴᠠᠢ᠃ ᠾᠧᠨᠠᠨ ᠤ ᠣᠳᠣᠨ ᠲᠧᠯᠸᠢᠰ ᠨᠡᠪᠲᠡᠷᠡᠵᠦ᠂ ᠭᠤᠷᠪᠠᠨ ᠰᠤᠪᠠᠭ ᠢ ᠨᠡᠪᠲᠡᠷᠡᠭᠦᠯᠦᠨ᠂ ᠭᠤᠷᠪᠠᠨ ᠨᠡᠷᠡᠲᠦ ᠪᠤᠯᠤᠩ ᠤᠨ ᠬᠠᠮᠢᠶᠠᠷᠤᠯᠲᠠ ᠳᠤ ᠣᠷᠣᠭᠤᠯᠬᠤ ᠪᠠᠷ ᠡᠷᠡᠰ ᠰᠢᠢᠳᠴᠦ᠂ ᠲᠡᠳᠡ ᠪᠠᠰᠠ ᠲᠣᠣᠷ ᠲᠤ ᠣᠷᠣᠭᠰᠠᠨ IPTV ᠪᠣᠯᠣᠨ ᠥᠨᠳᠥᠷ ᠲᠤᠳᠤᠷᠠᠴᠠᠲᠤ ᠶᠢᠨ ᠲᠣᠬᠢᠶᠠᠯ ᠢ ᠠᠮᠵᠢᠵᠤ᠂ ᠠᠯᠲᠠᠭᠳᠠᠯ ᠢᠶᠠᠨ ᠲᠦᠷᠭᠡᠨ ᠬᠤᠪᠢᠷᠠᠭᠤᠯᠵᠤ ᠠᠰᠢᠭ ᠣᠯᠣᠭᠰᠠᠨ ᠪᠠᠶᠢᠨ᠎ᠠ᠃  ᠣᠳᠣᠬᠠᠨ ᠳᠤ᠂ ᠾᠧᠨᠠᠨ ᠤ ᠷᠠᠳᠢᠣ᠋ ᠲᠧᠯᠧᠢᠰ ᠶᠠᠭ ᠨᠠᠢᠮᠠᠳᠤᠭᠠᠷ ᠨᠡᠪᠲᠡᠷᠡᠭᠦᠯᠭᠡ ᠶᠢᠨ ᠲᠢᠩᠬᠢᠮ ᠢ ᠳᠡᠰ ᠳᠡᠪᠰᠢᠭᠦᠯᠦᠨ ᠥᠭᠡᠷᠡᠴᠢᠯᠡᠬᠦ ᠪᠠᠷ ᠲᠥᠯᠥᠪᠯᠡᠵᠦ ᠪᠠᠶᠢᠨ᠎ᠠ᠃ ᠡᠨᠡ ᠬᠦ ᠲᠥᠷᠥᠯ ᠵᠦᠢᠯ ᠨᠢ ᠨᠢᠭᠡᠨᠲᠡ ᠮᠤᠵᠢ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠲᠥᠷᠥᠯ ᠵᠦᠢᠯ ᠲᠣᠭᠲᠠᠭᠠᠵᠤ᠂ ᠵᠢᠱᠢᠯᠲᠡ ᠪᠠᠷ ᠠᠷᠪᠠᠨ ᠲᠠᠪᠤᠨ ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠴᠤᠭᠯᠠᠭᠤᠯᠵᠤ᠂ ᠵᠧᠩᠵᠧᠦ ᠶᠢᠨ ᠬᠤᠶᠢᠲᠤ ᠲᠡᠭᠦᠷᠭᠡ ᠳᠤ ᠨᠢᠭᠡᠨ ᠰᠢᠨ᠎ᠡ ᠵᠠᠭᠤᠴᠢᠯᠠᠭᠤᠷ ᠤᠨ ᠰᠣᠶᠣᠯ ᠤᠨ ᠡᠭᠦᠳᠦᠯᠲᠡ ᠶᠢᠨ ᠰᠤᠳᠤᠯᠭᠠᠨ ᠤ ᠰᠠᠭᠤᠷᠢᠨ ᠭᠠᠵᠠᠷ ᠢ ᠪᠠᠶᠢᠭᠤᠯᠬᠤ ᠪᠣᠯᠣᠨ᠎ᠠ᠃ᠳᠥᠷᠪᠡ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠾᠧᠨᠠᠨ ᠤ ᠣᠳᠣᠨ ᠲᠧᠯᠸᠢᠰ ᠤᠨ ᠦᠰᠦᠷᠦᠯᠲᠡ ᠮᠠᠶ᠋ᠢᠭ ᠤᠨ ᠬᠥᠭᠵᠢᠯᠲᠡ ᠶᠢ ᠠᠬᠢᠭᠤᠯᠪᠠ  2023 ᠣᠨ ᠳᠤ ᠾᠧᠨᠠᠨ ᠤ ᠣᠳᠣᠨ ᠲᠧᠯᠸᠢᠰ ︽ᠦᠵᠡᠵᠦ ᠰᠣᠨᠣᠰᠬᠤ IP + ᠰᠣᠶᠣᠯ ᠵᠢᠭᠤᠯᠴᠢᠯᠠᠯ + ᠬᠠᠮᠲᠤ ᠪᠠᠷ ᠣᠯᠠᠨ ᠬᠡᠮᠵᠢᠯᠳᠦ ᠲᠥᠷᠥᠯ ᠵᠦᠢᠯ ᠢ ᠡᠭᠦᠳᠬᠦ︾ ᠠᠵᠤ ᠦᠢᠯᠡᠰ ᠤᠨ ᠨᠡᠭᠡᠭᠡᠨ ᠬᠥᠭᠵᠢᠭᠦᠯᠬᠦ ᠰᠢᠨ᠎ᠡ ᠪᠠᠶᠢᠷᠢᠰᠢᠯ ᠢ ᠪᠠᠶᠢᠭᠤᠯᠵᠤ᠂ ᠵᠢᠯ ᠤᠨ ᠣᠷᠣᠯᠭ᠎ᠠ ᠠᠷᠪᠠᠨ ᠳ᠋ᠦᠩᠰᠢᠭᠤᠷ ᠲᠥᠭᠦᠷᠢᠭ ᠢ ᠳᠠᠪᠠᠵᠤ᠂ ᠬᠢᠵᠢᠭ ᠤᠨ ᠪᠠᠶᠢᠳᠠᠯ ᠠᠴᠠ ᠡᠮᠦᠨᠡᠬᠢ ᠠᠵᠤ ᠠᠬᠤᠶ ᠶᠢᠨ ᠬᠡᠪᠴᠢᠶ᠎ᠡ ᠶᠢ ᠡᠩ ᠲᠡᠷᠢᠭᠦᠨ ᠳᠤ ᠰᠡᠷᠭᠦᠭᠡᠪᠡ᠃ ᠰᠣᠨᠢᠨ ᠭᠠᠶᠢᠬᠠᠮᠰᠢᠭᠲᠤ ᠵᠢᠭᠤᠯᠴᠢᠯᠠᠯ ᠤᠨ ᠫᠷᠦᠭᠷᠠᠮ ᠬᠠᠯᠠᠭᠤᠷᠠᠵᠤ ᠂ ᠾᠧᠨᠠᠨ ᠤ ᠣᠳᠣᠨ ᠲᠧᠯᠸᠢᠰ ᠴᠦ ᠡᠭᠦᠨ ᠠᠴᠠ ᠡᠬᠢᠯᠡᠨ ᠥᠪᠡᠷ ᠤᠨ ᠮᠡᠳᠡᠯᠭᠡ ᠶᠢᠨ ᠥᠮᠴᠢᠯᠡᠯ ᠤᠨ ᠡᠷᠬᠡ ᠲᠠᠢ ᠾᠧᠨᠠᠨ ᠤ ᠳᠠᠩ ᠬᠦᠩ ᠰᠣᠶᠣᠯ ᠤᠨ ᠡᠭᠦᠳᠦᠯᠲᠡ ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠣᠮᠫᠠᠨᠢ ᠲᠠᠢ ᠪᠣᠯᠵᠠᠢ᠃ ᠰᠣᠶᠣᠯ ᠤᠨ IP ᠶᠢᠨ ᠡᠷᠬᠡ ᠣᠯᠭᠤᠭᠰᠠᠨ ᠪᠠ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠢᠶᠠᠷ ᠳᠠᠮᠵᠢᠭᠤᠯᠤᠨ᠂ ᠵᠠᠬ᠎ᠠ ᠳᠡᠯᠭᠡᠭᠦᠷ ᠲᠤ ᠢᠳᠡᠪᠬᠢᠲᠡᠶ ᠠᠭᠤᠰᠤᠯᠴᠠᠵᠤ᠂ ᠣᠳᠣᠬᠠᠨ ᠳᠤ ᠨᠢᠭᠡᠨᠲᠡ ᠤᠯᠤᠰ ᠤᠨ ᠳᠣᠲᠣᠭᠠᠳᠤ ᠭᠠᠳᠠᠭᠠᠳᠤ ᠶᠢᠨ 200 ᠲᠡᠷᠢᠭᠦᠨ ᠨᠠᠷᠠᠲᠤ ᠲᠥᠷᠥᠯ ᠲᠡᠮᠳᠡᠭᠲᠦ ᠪᠠ ᠪᠠᠶᠢᠭᠤᠯᠤᠮᠵᠢ ᠲᠠᠢ ᠬᠠᠮᠲᠤᠷᠠᠯᠴᠠᠵᠤ᠂ IP ᠬᠠᠮᠲᠤᠷᠠᠯᠴᠠᠭᠠᠨ ᠤ ᠠᠵᠤ ᠠᠬᠤᠶᠢᠯᠠᠯ ᠤᠨ ᠪᠣᠷᠣᠯᠠᠭᠤᠯᠤᠯᠲᠠ 7 ᠳ᠋ᠦᠩᠰᠢᠭᠤᠷ ᠲᠥᠭᠦᠷᠢᠭ ᠢ ᠳᠠᠪᠠᠵᠤ᠂ ᠨᠠᠷᠠᠲᠤ ᠲᠥᠷᠥᠯ ᠲᠡᠮᠳᠡᠭᠲᠦ ᠶᠢᠨ ᠢᠯᠡᠴᠢᠯᠡᠯᠲᠡ 500 ᠳ᠋ᠦᠩᠰᠢᠭᠤᠷ ᠤᠳᠠᠭ᠎ᠠ ᠶᠢ ᠳᠠᠪᠠᠵᠤ᠂ ᠦᠢᠯᠡᠳᠬᠦᠨ ᠤ ᠲᠥᠷᠥᠯ ᠵᠦᠢᠯ ᠨᠢ 100 ᠵᠦᠢᠯ ᠢ ᠳᠠᠪᠠᠵᠤ᠂ SKU ᠨᠢ 300 ᠭᠠᠷᠤᠢ ᠶᠢ ᠳᠠᠪᠠᠵᠤ᠂ ᠭᠡᠷ᠎ᠡ ᠲᠣᠭᠲᠠᠭᠰᠠᠨ ᠲᠣᠭᠠᠨ ᠤ ᠠᠵᠤ ᠠᠬᠤᠶᠢᠯᠠᠯ 50 ᠪᠣᠶ᠃ ᠪᠣᠷᠣᠯᠠᠭᠤᠯᠤᠭᠰᠠᠨ ᠲᠠᠸᠠᠷ ᠬᠡᠷᠡᠭᠯᠡᠭᠴᠢᠳ ᠤᠨ ᠬᠦᠷᠢᠶᠡᠯᠡᠯ ᠢ ᠣᠯᠵᠤ᠂ ᠵᠢᠱᠢᠶᠡᠯᠡᠪᠡᠯ ᠾᠧᠨᠠᠨ ᠤ ᠴᠠᠭᠠᠨ ᠰᠠᠷ᠎ᠠ ᠶᠢᠨ ᠦᠳᠡᠰᠢᠯᠡᠭᠡ ᠶᠢᠨ ᠶᠠᠮᠠᠷ ᠨᠢᠭᠡᠨ ᠨᠡᠷᠡᠲᠦ ᠲᠡᠮᠳᠡᠭᠲᠦ ᠳᠡᠭᠡᠳᠦ ᠳᠡᠰ ᠤᠨ ᠲᠣᠷᠭᠠᠨ ᠠᠯᠴᠢᠭᠤᠷ ᠵᠠᠬ᠎ᠠ ᠳᠡᠯᠭᠡᠭᠦᠷ ᠲᠤ ᠭᠠᠷᠤᠮᠠᠭᠴᠠ ᠪᠤᠷᠤᠯᠠᠭᠤᠯᠤᠭᠠᠳ ᠪᠠᠷᠠᠵᠠᠢ᠃  ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠪᠠᠰᠠ ᠾᠧᠨᠠᠨ ᠤ ᠣᠳᠣᠨ ᠲᠧᠯᠸᠢᠰ ᠤᠨ ᠲᠡᠪᠲᠦᠮᠡᠯ ᠬᠡᠯᠪᠡᠷᠢ ᠶᠢᠨ ᠪᠣᠳᠠᠲᠤ ᠦᠵᠡᠮᠵᠢ ᠶᠢᠨ ᠲᠣᠭᠯᠠᠯᠲᠠ ᠶᠢᠨ ᠠᠵᠤ ᠠᠬᠤᠶ ᠶᠢ ᠪᠣᠶ ᠪᠣᠯᠭᠠᠵᠤ᠂ ᠤᠯᠤᠰ ᠤᠨ ᠬᠡᠪ ᠨᠠᠮᠪᠠ ᠤᠯᠤᠰ ᠤᠨ ᠤᠷᠤᠰᠬᠠᠯ ᠤᠨ ᠬᠡᠯᠪᠡᠷᠢ ᠪᠠᠷ ᠣᠳᠣᠨ ᠲᠧᠯᠸᠢᠰ ᠤᠨ ᠳᠦᠷᠢ ᠲᠥᠷᠬᠦ ᠶᠢ ᠰᠢᠨᠡᠴᠢᠯᠡᠵᠦ᠂ ᠰᠣᠶᠣᠯ ᠤᠨ ᠤᠯᠠᠮᠵᠢᠯᠠᠯ ᠪᠠ ᠠᠵᠤ ᠦᠢᠯᠡᠰ ᠤᠨ ᠬᠥᠭᠵᠢᠯᠲᠡ ᠶᠢᠨ ᠬᠠᠷᠢᠯᠴᠠᠨ ᠲᠤᠯᠭᠠᠭᠤᠷᠢᠯᠠᠯ ᠢ ᠪᠦᠷᠢᠯᠳᠦᠭᠦᠯᠵᠦ᠂ ᠰᠢᠨ᠎ᠡ ᠴᠠᠭ ᠦᠶ᠎ᠡ ᠶᠢᠨ ᠰᠢᠨ᠎ᠡ ᠰᠣᠶᠣᠯ ᠳᠤ ᠬᠥᠳᠡᠯᠭᠡᠬᠦ ᠬᠦᠴᠦᠨ ᠪᠠ ᠳᠠᠯᠳᠠ ᠬᠦᠴᠦᠨ ᠢ ᠨᠡᠮᠡᠷᠢᠯᠡᠭᠰᠡᠨ ᠪᠠᠶᠢᠨ᠎ᠠ᠃  2024 ᠣᠨ ᠳᠤ ᠾᠧᠨᠠᠨ ᠤ ᠣᠳᠣᠨ ᠲᠧᠯᠸᠢᠰ AI ᠮᠡᠷᠭᠡᠵᠢᠯ ᠤᠨ ᠨᠡᠭᠡᠭᠡᠨ ᠠᠰᠢᠭᠯᠠᠯᠲᠠ ᠶᠢ ᠡᠳᠦᠷ ᠲᠤᠲᠤᠮ ᠤᠨ ᠵᠥᠪᠯᠡᠬᠦ ᠵᠦᠢᠯ ᠳᠤ ᠪᠠᠨ ᠣᠷᠣᠭᠤᠯᠪᠠ᠃ ᠾᠧ ᠳ᠋ᠠ ᠸᠧᠢ AI ᠲᠠᠪᠴᠠᠩ᠂ ᠾᠧ ᠳ᠋ᠠ ᠸᠧᠢ AI ᠠᠵᠢᠯ ᠤᠨ ᠭᠦᠢᠯᠭᠡᠭᠡᠨ ᠤ ᠰᠢᠰᠲ᠋ᠧᠮ ᠢ ᠨᠡᠭᠡᠭᠡᠨ ᠬᠥᠭᠵᠢᠭᠦᠯᠬᠦ᠂ ᠭᠤᠣᠯ ᠤᠨ ᠳ᠋ᠠ ᠸᠧᠢ ᠵᠢᠵᠢᠭ ᠫᠷᠤᠭ᠍ᠷᠠᠮ ᠢ ᠨᠡᠭᠡᠭᠡᠨ ᠬᠥᠭᠵᠢᠭᠦᠯᠬᠦ ᠪᠠ ᠰᠢᠯᠢᠳᠡᠭᠵᠢᠭᠦᠯᠬᠦ᠂ ᠾᠧ ᠰᠢᠩ ᠯᠢᠨ ᠵᠡᠷᠭᠡ AI ᠵᠢᠵᠢᠭ ᠫᠷᠤᠭ᠍ᠷᠠᠮ ᠢ ᠨᠡᠭᠡᠭᠡᠨ ᠬᠥᠭᠵᠢᠭᠦᠯᠬᠦ ᠠᠵᠢᠯ ᠨᠢᠭᠡᠨᠲᠡ ᠠᠩᠬ᠎ᠠ ᠠᠯᠬᠤᠮ ᠪᠦᠷᠢᠯᠳᠦᠵᠦ᠂ ᠢᠷᠡᠭᠡᠳᠦᠢ ᠳᠤ ᠾᠧᠨᠠᠨ ᠤ ᠣᠳᠣᠨ ᠲᠧᠯᠸᠢᠰ ᠰᠢᠨ᠎ᠡ ᠶᠢ ᠡᠭᠦᠳᠬᠦ ᠵᠠᠮ ᠢ ᠬᠠᠶᠢᠨ ᠰᠦᠪᠡᠭᠴᠢᠯᠡᠬᠦ ᠵᠠᠮ ᠳᠡᠭᠡᠷ᠎ᠡ ᠨᠡᠩ ᠣᠮᠤᠭ ᠲᠡᠭᠦᠯᠳᠡᠷ ᠤᠷᠤᠭᠰᠢᠯᠠᠬᠤ ᠪᠣᠯᠤᠨ᠎ᠠ᠃ 
ᠢᠷᠡᠯᠲᠡ᠄ ᠤᠯᠤᠰ ᠤᠨ ᠷᠠᠳᠢᠣ᠋ ᠲᠧᠯᠸᠢᠰ ᠤᠨ ᠤᠶᠤᠨ ᠤ ᠬᠦᠮᠦᠷᠭᠡ